ᠨᠠᠮᠤᠨ ᠳᠣᠲᠣᠭ᠋ᠠᠳᠤ ᠵᠢᠨ ᠬᠢᠨᠠᠯᠲᠠ ᠲᠠᠯᠪᠢᠬᠤ ᠬᠠᠮᠲᠤᠷᠠᠯᠤᠨ ᠬᠦᠴᠦᠨᠢ ᠪᠦᠬᠦ ᠲᠠᠯᠠᠪᠠᠷ ᠨᠠᠮᠢ ᠴᠢᠩᠭᠠ ᠵᠠᠰᠠᠬᠤ ᠪᠠ ᠪᠦᠬᠦ ᠲᠠᠯᠠᠪᠠᠷ ᠬᠠᠤᠯᠢ ᠶᠣᠰᠣᠭ᠋ᠠᠷ ᠣᠷᠣᠨ ᠵᠶ᠋ᠠᠨ ᠵᠠᠰᠠᠬᠤ ᠵᠢ ᠣᠷᠭ᠋ᠠᠨᠢᠭ ᠵᠶ᠋ᠠᠷ ᠨᠢᠭᠡᠳᠬᠡᠨ᠂ ᠵᠣᠬᠢᠴᠠᠩᠭᠤᠢᠪᠠᠷ ᠠᠬᠢᠭᠤᠯᠬᠤ ᠪᠠᠢ᠌ᠳᠠᠯᠢ ᠪᠦᠷᠢᠯᠳᠦᠭᠦᠯᠬᠦ ᠵᠢᠨ ᠲᠦᠯᠦᠭᠡ᠂ ᠥᠪᠡᠷᠲᠡᠭᠡᠨ ᠵᠠᠰᠠᠬᠤ ᠣᠷᠣᠨᠤ ᠰᠠᠬᠢᠯᠭᠠ ᠪᠠᠲᠤ ᠪᠠᠢ᠌ᠴᠠᠭ᠋ᠠᠬᠤ ᠬᠣᠷᠢᠶᠠ ᠬᠢᠨᠠᠨ ᠪᠠᠢ᠌ᠴᠠᠭ᠋ᠠᠬᠤ ᠵᠥᠪᠯᠡᠯᠤᠨ ᠪᠠᠢ᠌ᠭᠤᠯᠭᠠ ᠪᠠ ᠥᠪᠡᠷᠲᠡᠭᠡᠨ ᠵᠠᠰᠠᠬᠤ ᠣᠷᠣᠨᠤ ᠨᠠᠮᠤᠨ ᠬᠣᠷᠢᠶᠠ ᠵᠢᠨ ᠬᠠᠤᠯᠢ ᠶᠣᠰᠣᠭ᠋ᠠᠷ ᠣᠷᠣᠨ ᠵᠶ᠋ᠠᠨ ᠵᠠᠰᠠᠬᠤ ᠠᠯᠪᠠᠨ ᠭᠡᠷᠤᠨ 《ᠬᠠᠤᠯᠢᠪᠠᠷ ᠵᠠᠰᠠᠬᠤ ᠬᠢᠨᠠᠨ ᠪᠠᠢ᠌ᠴᠠᠭ᠋ᠠᠬᠤ ᠪᠠ ᠰᠠᠬᠢᠯᠭᠠ ᠪᠠᠲᠤ ᠪᠠᠢ᠌ᠴᠠᠭ᠋ᠠᠬᠤ ᠬᠢᠨᠠᠨ ᠪᠠᠢ᠌ᠴᠠᠭ᠋ᠠᠬᠤ ᠬᠢᠨᠠᠯᠲᠠ ᠲᠠᠯᠪᠢᠬᠤ ᠬᠠᠮᠵᠢᠯᠴᠠᠬᠤ ᠲᠣᠭᠲᠠᠴᠠ ᠵᠢ ᠪᠠᠶ᠋ᠢᠭᠤᠯᠬᠤ ᠲᠤᠬᠠᠢ ᠬᠡᠷᠡᠭᠵᠢᠭᠦᠯᠬᠦ ᠰᠠᠨᠠᠯ》ᠤᠨ ᠵᠣᠷᠢᠭ ᠰᠠᠨᠠᠭᠠ ᠵᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨᠤ ᠨᠠᠮᠤᠨ ᠬᠣᠷᠢᠶᠠ ᠵᠢᠨ ᠬᠠᠤᠯᠢᠪᠠᠷ ᠣᠷᠣᠨ ᠵᠶ᠋ᠠᠨ ᠵᠠᠰᠠᠬᠤ ᠠᠯᠪᠠᠨ ᠭᠡᠷᠠᠴᠠ ᠥᠪᠡᠷᠲᠡᠭᠡᠨ ᠵᠠᠰᠠᠬᠤ ᠣᠷᠣᠨᠤ ᠨᠠᠮᠤᠨ ᠬᠣᠷᠢᠶᠠ ᠵᠢᠨ ᠲᠣᠭᠣᠷᠢᠨ ᠪᠠᠢ᠌ᠴᠠᠭ᠋ᠠᠬᠤ ᠠᠯᠪᠠᠨ ᠭᠡᠷ᠂ ᠠᠢ᠌ᠮᠠᠭ ᠬᠣᠲᠠ ᠵᠢᠨ ᠨᠠᠮᠤᠨ ᠬᠣᠷᠢᠶᠠ ᠵᠢᠨ ᠲᠣᠭᠣᠷᠢᠨ ᠪᠠᠢ᠌ᠴᠠᠭ᠋ᠠᠬᠤ ᠠᠯᠪᠠᠨ ᠭᠡᠷᠠᠴᠠ ᠬᠠᠤᠯᠢᠪᠠᠷ ᠵᠠᠰᠠᠬᠤ ᠪᠠᠢ᠌ᠭᠤᠯᠤᠯᠲᠠ ᠵᠢᠨ ᠠᠵᠢᠯᠢ ᠨᠠᠮᠤᠨ ᠬᠣᠷᠢᠶᠠ ᠵᠢᠨ ᠲᠣᠭᠣᠷᠢᠨ ᠪᠠᠢ᠌ᠴᠠᠭ᠋ᠠᠬᠤ ᠲᠣᠭᠣᠷᠢᠨ ᠪᠠᠢ᠌ᠴᠠᠭ᠋ᠠᠬᠤ ᠬᠡᠪᠴᠢᠶᠡᠨᠳᠤ ᠣᠷᠣᠭᠤᠯᠬᠤ ᠵᠢ ᠲᠦᠯᠬᠢᠨ ᠠᠬᠢᠭᠤᠯᠵᠤ᠂ ᠬᠠᠤᠯᠢᠪᠠᠷ ᠵᠠᠰᠠᠬᠤ ᠵᠢ ᠰᠢᠮᠳᠠᠭᠤᠯᠤᠨ ᠪᠠᠢ᠌ᠴᠠᠭ᠋ᠠᠬᠤ ᠪᠠ ᠨᠠᠮᠤᠨ ᠬᠣᠷᠢᠶᠠ ᠵᠢᠨ ᠲᠣᠭᠣᠷᠢᠨ ᠪᠠᠢ᠌ᠴᠠᠭ᠋ᠠᠬᠤ ᠲᠣᠭᠣᠷᠢᠨ ᠪᠠᠢ᠌ᠴᠠᠭ᠋ᠠᠬᠤ ᠵᠢ ᠬᠠᠷᠢᠯᠴᠠᠨ ᠵᠤᠯᠭ᠋ᠠᠭᠤᠯᠬᠤ ᠠᠵᠢᠯᠢ ᠪᠦᠬᠦᠨᠢ ᠪᠦᠷᠬᠦᠭᠦᠯᠦᠭᠡᠳ᠂ ᠬᠠᠤᠯᠢᠪᠠᠷ ᠵᠠᠰᠠᠬᠤ ᠥᠪᠥᠷ ᠮᠣᠩᠭᠣᠯᠤᠨ ᠪᠠᠢ᠌ᠭᠤᠯᠤᠯᠲᠠ ᠵᠢᠨ ᠬᠢᠷᠢ ᠲᠦᠪᠰᠢᠨᠢ ᠬᠦᠴᠦᠲᠡᠢ ᠳᠡᠭᠡᠭᠰᠢᠯᠡᠭᠦᠯᠪᠡ᠃
ᠨᠢᠭᠡ᠂ ᠳᠦᠷᠢᠮ ᠲᠣᠭᠲᠠᠭ᠋ᠠᠯ ᠲᠣᠭᠲᠠᠭ᠋ᠠᠵᠤ᠂ ᠬᠠᠷᠢᠯᠴᠠᠨ ᠬᠠᠮᠵᠢᠯᠴᠠᠵᠠᠢ᠃ ᠥᠪᠡᠷᠲᠡᠭᠡᠨ ᠵᠠᠰᠠᠬᠤ ᠣᠷᠣᠨᠤ ᠨᠠᠮᠤᠨ ᠬᠣᠷᠢᠶᠠ ᠵᠢᠨ ᠬᠠᠤᠯᠢᠪᠠᠷ ᠣᠷᠣᠨ ᠵᠶ᠋ᠠᠨ ᠵᠠᠰᠠᠬᠤ ᠠᠯᠪᠠᠨ ᠭᠡᠷ ᠰᠠᠨᠠᠭ᠋ᠠᠴᠢᠯᠠᠭᠠᠠᠴᠠᠪᠠᠨ ᠥᠪᠡᠷᠲᠡᠭᠡᠨ ᠵᠠᠰᠠᠬᠤ ᠣᠷᠣᠨᠤ ᠰᠠᠬᠢᠯᠭᠠ ᠪᠠᠲᠤ ᠪᠠᠢ᠌ᠴᠠᠭ᠋ᠠᠬᠤ ᠬᠣᠷᠢᠶᠠ ᠬᠢᠨᠠᠨ ᠪᠠᠢ᠌ᠴᠠᠭ᠋ᠠᠬᠤ ᠵᠥᠪᠯᠡᠯᠤᠨ ᠪᠠᠢ᠌ᠭᠤᠯᠭᠠ᠂ ᠨᠠᠮᠤᠨ ᠬᠣᠷᠢᠶᠠ ᠵᠢᠨ ᠲᠣᠭᠣᠷᠢᠨ ᠪᠠᠢ᠌ᠴᠠᠭ᠋ᠠᠬᠤ ᠠᠯᠪᠠᠨ ᠭᠡᠷᠯᠦᠭᠡ ᠵᠢᠨ ᠨᠡᠪᠲᠡᠷᠡᠯᠴᠡᠭᠡ ᠵᠣᠯᠭ᠋ᠠᠯᠴᠠᠭᠠ ᠵᠢ ᠴᠢᠩᠭ᠋ᠠᠳᠬᠠᠵᠤ᠂ ᠬᠠᠤᠯᠢᠪᠠᠷ ᠵᠠᠰᠠᠬᠤ ᠪᠠᠢ᠌ᠭᠤᠯᠤᠯᠲᠠ ᠵᠢᠨ ᠠᠵᠢᠯᠤᠨ ᠪᠠᠢ᠌ᠳᠠᠯᠢ ᠨᠠᠮᠤᠨ ᠬᠣᠷᠢᠶᠠ ᠵᠢᠨ ᠲᠣᠭᠣᠷᠢᠨ ᠪᠠᠢ᠌ᠴᠠᠭ᠋ᠠᠵᠤ ᠬᠢᠨᠠᠯᠲᠠ ᠲᠠᠯᠪᠢᠬᠤ ᠭᠣᠣᠯᠳᠠᠯᠭᠠᠲᠠᠢ ᠠᠭᠤᠯᠭᠠᠳᠤ ᠣᠷᠣᠭᠤᠯᠤᠨ᠂ ᠪᠥᠬᠥ ᠲᠠᠯᠠᠪᠠᠷ ᠬᠠᠤᠯᠢᠪᠠᠷ ᠣᠷᠣᠨ ᠵᠶ᠋ᠠᠨ ᠵᠠᠰᠠᠬᠤ ᠠᠷᠭᠠ ᠪᠠᠷᠢᠯᠢ ᠬᠠᠤᠯᠢᠪᠠᠷ ᠵᠠᠰᠠᠬᠤ ᠵᠢ ᠰᠢᠮᠳᠠᠭᠤᠯᠤᠨ ᠪᠠᠢ᠌ᠴᠠᠭ᠋ᠠᠬᠤ ᠵᠢᠨ 《ᠭᠠᠭᠴᠠᠭ᠋ᠠᠷ ᠲᠡᠮᠡᠴᠡᠬᠦ》ᠠᠴᠠ ᠨᠠᠮᠤᠨ ᠬᠣᠷᠢᠶᠠ ᠵᠢᠨ ᠲᠣᠭᠣᠷᠢᠨ ᠪᠠᠢ᠌ᠴᠠᠭ᠋ᠠᠬᠤᠲᠠᠢ 《ᠬᠠᠷᠢᠯᠴᠠᠨ ᠬᠠᠮᠵᠢᠯᠴᠠᠬᠤ》 ᠪᠣᠯᠭ᠋ᠠᠨ ᠬᠤᠪᠢᠷᠠᠭᠤᠯᠬᠤ ᠵᠢ ᠠᠬᠢᠭᠤᠯᠵᠤ᠂ ᠳᠠᠪᠠᠭᠤᠯᠢᠭ ᠵᠶ᠋ᠠᠨ ᠬᠠᠷᠢᠯᠴᠠᠨ ᠨᠥᠬᠥᠪᠦᠷᠢᠯᠡᠬᠦ ᠵᠢ ᠪᠡᠶᠡᠯᠡᠭᠦᠯᠦᠨ᠂ ᠬᠢᠨᠠᠯᠲᠠ ᠲᠠᠯᠪᠢᠬᠤ ᠨᠡᠢ᠌ᠯᠡᠮᠡᠯ ᠬᠦᠴᠦᠨᠢ ᠪᠦᠷᠢᠯᠳᠦᠭᠦᠯᠵᠡᠢ᠃ ᠡᠭᠦᠨᠤ ᠬᠠᠮᠲᠤ᠂ ᠡᠯᠡ ᠠᠢ᠌ᠮᠠᠭ ᠬᠣᠲᠠ ᠵᠢᠨ ᠨᠠᠮᠤᠨ ᠬᠣᠷᠢᠶᠠ ᠵᠢᠨ ᠬᠠᠤᠯᠢ ᠶᠣᠰᠣᠭ᠋ᠠᠷ ᠵᠠᠰᠠᠬᠤ ᠠᠢ᠌ᠮᠠᠭ ᠬᠣᠲᠠ ᠵᠢᠨ ᠠᠯᠪᠠᠨ ᠭᠡᠷᠢ ᠵᠢᠯᠤᠭᠣᠳᠴᠤ ᠪᠠᠢ᠌ᠭ᠋ᠠᠳ ᠲᠤᠬᠠᠢ ᠵᠢᠨ ᠭᠠᠵᠠᠷᠤᠨ ᠨᠠᠮᠤᠨ ᠬᠣᠷᠢᠶᠠ ᠵᠢᠨ ᠴᠠᠭᠳᠠᠨ ᠪᠠᠢ᠌ᠴᠠᠭ᠋ᠠᠬᠤ ᠠᠯᠪᠠᠨ ᠭᠡᠷᠲᠠᠢ ᠵᠣᠯᠭ᠋ᠠᠭᠤᠯᠬᠤ ᠵᠢ ᠰᠠᠢ᠌ᠲᠤᠷ ᠬᠢᠵᠦ᠂ ᠵᠡᠷᠭᠡᠪᠠᠷ ᠨᠠᠮᠤᠨ ᠬᠣᠷᠢᠶᠠ ᠵᠢᠨ ᠴᠠᠭᠳᠠᠨ ᠪᠠᠢ᠌ᠴᠠᠭ᠋ᠠᠬᠤᠲᠠᠢ ᠤᠶᠠᠯᠳᠤᠭᠤᠯᠤᠨ ᠬᠠᠤᠯᠢᠪᠠᠷ ᠵᠠᠰᠠᠬᠤ ᠵᠢ ᠰᠢᠮᠳᠠᠭᠤᠯᠤᠨ ᠪᠠᠢ᠌ᠴᠠᠭ᠋ᠠᠬᠤ ᠠᠵᠢᠯᠢ ᠥᠷᠨᠢᠭᠦᠯᠵᠦ᠂ ᠰᠢᠯᠭ᠋ᠠᠨ ᠬᠢᠨᠠᠵᠤ ᠰᠢᠯᠭ᠋ᠠᠨ ᠦᠨᠡᠯᠡᠬᠦ ᠵᠢ ᠪᠣᠳᠠᠲᠠᠢ ᠠᠳᠬᠤᠨ᠂ ᠨᠠᠮᠤᠨ ᠬᠣᠷᠢᠶᠠ ᠵᠢᠨ ᠴᠠᠭᠳᠠᠨ ᠪᠠᠢ᠌ᠴᠠᠭ᠋ᠠᠬᠤ ᠵᠢᠨ ᠬᠠᠤᠯᠢᠪᠠᠷ ᠵᠠᠰᠠᠬᠤ ᠪᠠᠢ᠌ᠭᠤᠯᠤᠯᠲᠠ ᠵᠢᠨ ᠬᠠᠷᠢᠭᠤᠴᠠᠯᠭᠠ ᠵᠢ ᠨᠠᠢ᠌ᠳᠠᠪᠤᠷᠢᠵᠢᠭᠤᠯᠬᠤ ᠵᠢ ᠰᠢᠪᠠᠳᠠᠨ ᠠᠬᠢᠭᠤᠯᠬᠤ ᠦᠢ᠍ᠯᠡᠳᠦᠯᠢ ᠭᠦᠢ᠍ᠴᠡᠳ ᠪᠠᠳᠠᠷᠠᠭᠤᠯᠵᠠᠢ᠃
ᠬᠣᠶᠠᠷ᠂ ᠠᠰᠠᠭᠤᠳᠠᠯᠳᠤ ᠠᠩᠬᠠᠷᠤᠯ ᠵᠶ᠋ᠠᠨ ᠲᠥᠪᠯᠡᠷᠡᠭᠦᠯᠵᠦ᠂ ᠨᠡᠢ᠌ᠯᠡᠮᠡᠯ ᠬᠦᠴᠦᠨᠢ ᠪᠦᠷᠢᠯᠳᠦᠭᠦᠯᠵᠡᠢ᠃ ᠡᠯᠡ ᠠᠢ᠌ᠮᠠᠭ ᠬᠣᠲᠠ ᠠᠰᠠᠭᠤᠳᠠᠯ ᠵᠶ᠋ᠠᠷ ᠤᠳᠤᠷᠢᠳᠤᠮᠵᠢ ᠪᠣᠯᠭ᠋ᠠᠬᠤ ᠵᠢ ᠪᠠᠷᠢᠮᠲᠠᠯᠠᠵᠤ᠂ ᠠᠯᠢ ᠣᠯᠠᠨ ᠢᠵᠢ ᠪᠦᠷᠢᠳᠦᠭᠰᠡᠨ ᠲᠣᠭᠲᠠᠴᠠ ᠪᠠ ᠠᠵᠢᠯᠤᠨ ᠴᠤᠪᠤᠷᠠᠯᠢ ᠰᠦᠪᠡᠭᠴᠢᠯᠡᠨ ᠪᠠᠢ᠌ᠭᠤᠯᠵᠤ᠂ ᠬᠠᠤᠯᠢᠪᠠᠷ ᠵᠠᠰᠠᠬᠤ ᠵᠢ ᠰᠢᠮᠳᠠᠭᠤᠯᠤᠨ ᠪᠠᠢ᠌ᠴᠠᠭ᠋ᠠᠬᠤ ᠪᠠ ᠨᠠᠮᠤᠨ ᠬᠣᠷᠢᠶᠠ ᠵᠢᠨ ᠲᠣᠭᠣᠷᠢᠨ ᠪᠠᠢ᠌ᠴᠠᠭ᠋ᠠᠬᠤ ᠠᠵᠢᠯᠤᠨ ᠭᠣᠣᠯᠳᠠᠯᠭᠠ ᠵᠢ ᠲᠣᠳᠣᠷᠬᠠᠢ᠌ᠯᠠᠨ᠂ ᠲᠣᠭᠣᠷᠢᠨ ᠪᠠᠢ᠌ᠴᠠᠭ᠋ᠠᠬᠤ ᠠᠭᠤᠯᠭᠠ ᠵᠢᠨ ᠨᠠᠷᠢᠨ ᠬᠠᠭᠤᠳᠠᠰᠤ ᠵᠢ ᠲᠣᠭᠲᠠᠭ᠋ᠠᠬᠤ᠂ ᠬᠢᠨᠠᠨ ᠰᠢᠯᠭ᠋ᠠᠬᠤ ᠭᠦᠢ᠍ᠴᠡᠳᠬᠡᠯ ᠲᠣᠭᠠ ᠵᠢ ᠨᠠᠷᠢᠯᠢᠭᠵᠢᠭᠤᠯᠬᠤ᠂ ᠲᠤᠰᠬᠠᠢ ᠪᠠᠢ᠌ᠴᠠᠭ᠋ᠠᠯᠲᠠ ᠥᠷᠨᠢᠭᠦᠯᠬᠦ᠂ ᠬᠥᠮᠥᠨ ᠲᠣᠮᠢᠯᠠᠨ ᠲᠣᠭᠣᠷᠢᠨ ᠪᠠᠢ᠌ᠴᠠᠭ᠋ᠠᠬᠤᠳᠤ ᠣᠷᠣᠯᠴᠠᠭᠤᠯᠬᠤ ᠵᠡᠷᠭᠡ ᠠᠷᠭᠠ ᠮᠠᠶᠢᠭ ᠵᠶ᠋ᠠᠷ ᠳᠠᠮᠵᠢᠭᠤᠯᠤᠨ᠂ ᠲᠣᠭᠣᠷᠢᠨ ᠪᠠᠢ᠌ᠴᠠᠭ᠋ᠠᠭᠳᠠᠵᠤ ᠪᠠᠢ᠌ᠭᠠ ᠭᠠᠵᠠᠷ ᠣᠷᠣᠨᠤ ᠨᠢᠭᠡᠴᠡ ᠵᠢᠨ 《ᠬᠠᠤᠯᠢᠪᠠᠷ ᠵᠠᠰᠠᠬᠤ ᠬᠡᠮ》ᠢ ᠣᠯᠠᠨ ᠲᠠᠯᠠᠠᠴᠠ ᠲᠣᠳᠣᠷᠬᠠᠢ ᠣᠢ᠌ᠯᠠᠭ᠋ᠠᠵᠤ᠂ 《1+1>2》ᠤᠨ ᠰᠠᠢ᠌ᠨ ᠦᠷᠡ ᠪᠦᠲᠦᠮᠵᠢ ᠵᠢ ᠪᠡᠶᠡᠯᠡᠭᠦᠯᠪᠡ᠃
ᠭᠤᠷᠪᠠ᠂ ᠴᠡᠭᠴᠡᠯᠡᠨ ᠰᠠᠢ᠌ᠵᠢᠷᠠᠭᠤᠯᠬᠤ ᠵᠢ ᠪᠣᠳᠠᠲᠠᠢᠪᠠᠷ ᠠᠳᠬᠤᠵᠤ᠂ ᠦᠷᠡ ᠪᠦᠲᠦᠮᠵᠢ ᠵᠢ ᠴᠢᠬᠤᠯᠠᠴᠢᠯᠠᠵᠠᠢ᠃ ᠡᠯᠡ ᠠᠢ᠌ᠮᠠᠭ ᠬᠤᠳᠠ ᠨᠠᠮᠤᠨ ᠬᠣᠷᠢᠶᠠᠨᠤ ᠲᠣᠭᠣᠷᠢᠨ ᠪᠠᠢ᠌ᠴᠠᠭ᠋ᠠᠬᠤ ᠠᠯᠪᠠᠨ ᠭᠡᠷᠲᠠᠢ ᠵᠣᠯᠭ᠋ᠠᠭᠤᠯᠤᠨ ᠠᠭᠤᠰᠤᠯᠴᠠᠭᠤᠯᠬᠤ᠂ ᠦᠷᠡ ᠪᠦᠲᠦᠭᠡᠯᠢ ᠬᠠᠮᠲᠤᠪᠠᠷ ᠡᠳ᠋ᠯᠡᠬᠦ ᠵᠢ ᠦᠷᠭᠦᠯᠵᠢᠯᠡᠨ ᠴᠢᠩᠭ᠋ᠠᠳᠬᠠᠵᠤ᠂ ᠲᠣᠭᠣᠷᠢᠨ ᠪᠠᠢ᠌ᠴᠠᠭ᠋ᠠᠭᠳᠠᠬᠤ ᠭᠠᠵᠠᠷ ᠣᠷᠣᠨᠤ ᠨᠢᠭᠡᠴᠡ ᠵᠢᠨ ᠬᠠᠤᠯᠢᠵᠢᠯᠤᠨ ᠪᠠᠢ᠌ᠭᠤᠯᠤᠯᠲᠠ ᠵᠢᠨ ᠬᠦᠷᠢᠶᠡᠨᠳᠤ ᠣᠷᠣᠰᠢᠵᠤ ᠪᠠᠢ᠌ᠭᠠ ᠠᠰᠠᠭᠤᠳᠠᠯᠢ ᠭᠦᠨᠵᠡᠭᠡᠢ ᠵᠠᠳᠠᠯᠤᠨ ᠰᠢᠨᠵᠢᠯᠡᠬᠦ᠂ ᠰᠢᠨᠵᠢᠯᠡᠬᠦ ᠤᠬᠠᠭ᠋ᠠᠨᠴᠢᠪᠠᠷ ᠰᠤᠳᠤᠯᠤᠨ ᠮᠠᠭ᠋ᠠᠳᠯᠠᠬᠤ ᠵᠢ ᠴᠠᠭ ᠲᠤᠬᠠᠢᠳᠤᠨᠢ ᠱᠠᠯᠠᠪᠳᠠᠭᠤᠯᠵᠤ᠂ ᠴᠡᠭᠴᠡᠯᠡᠨ ᠰᠠᠢ᠌ᠵᠢᠷᠠᠭᠤᠯᠬᠤ ᠴᠠᠭᠤᠨ ᠬᠢᠵᠠᠭ᠋ᠠᠷᠢ ᠲᠣᠳᠣᠷᠬᠠᠢ᠌ᠯᠠᠵᠤ᠂ ᠳᠠᠷᠤᠢ᠌ᠬᠠᠨ ᠮᠡᠳᠡᠮᠡᠭᠴᠡ ᠬᠠᠯᠠᠨ ᠰᠠᠢ᠌ᠵᠢᠷᠠᠭᠤᠯᠵᠤ᠂ ᠳᠠᠷᠤᠢ᠌ᠬᠠᠨ ᠬᠡᠷᠡᠭᠵᠢᠭᠦᠯᠵᠦ ᠳᠠᠷᠤᠢ᠌ᠬᠠᠨ ᠬᠠᠯᠠᠨ ᠰᠠᠢ᠌ᠵᠢᠷᠠᠭᠤᠯᠬᠤ ᠵᠢ ᠱᠠᠯᠠᠪᠳᠠᠭᠤᠯᠪᠠ᠃ ᠡᠭᠦᠨᠤ ᠬᠠᠮᠲᠤ᠂ ᠲᠣᠭᠣᠷᠢᠨ ᠪᠠᠢ᠌ᠴᠠᠭ᠋ᠠᠵᠤ ᠬᠠᠷᠢᠭᠤ ᠲᠤᠰᠬᠠᠭᠰᠠᠨ ᠠᠰᠠᠭᠤᠳᠠᠯᠢ ᠴᠡᠭᠴᠡᠯᠡᠨ ᠰᠠᠢ᠌ᠵᠢᠷᠠᠭᠤᠯᠤᠭᠰᠠᠨ ᠪᠠᠢ᠌ᠳᠠᠯᠢ ᠬᠢᠨᠠᠨ ᠰᠢᠯᠭ᠋ᠠᠵᠤ ᠰᠢᠯᠭ᠋ᠠᠨ ᠦᠨᠡᠯᠡᠬᠦ ᠰᠢᠰᠲ᠋ᠧᠮᠳᠤ ᠣᠷᠣᠭᠤᠯᠵᠤ᠂ ᠠᠰᠠᠭᠤᠳᠠᠯᠢ ᠴᠡᠭᠴᠡᠯᠡᠨ ᠰᠠᠢ᠌ᠵᠢᠷᠠᠭᠤᠯᠤᠭᠰᠠᠨ ᠦᠷᠡ ᠪᠦᠲᠦᠮᠵᠢ ᠵᠢ ᠪᠦᠲᠦᠮᠵᠢᠲᠡᠢ ᠰᠢᠯᠭ᠋ᠠᠨ ᠪᠠᠢ᠌ᠴᠠᠭ᠋ᠠᠵᠤ᠂ 《ᠬᠠᠤᠯᠢᠵᠢᠯᠤᠨ ᠱᠠᠯᠠᠪᠳᠠᠭᠤᠯᠤᠨ ᠪᠠᠢ᠌ᠴᠠᠭ᠋ᠠᠯᠲᠠ + ᠨᠠᠮᠤᠨ ᠬᠣᠷᠢᠶᠠ ᠵᠢᠨ ᠲᠣᠭᠣᠷᠢᠨ ᠪᠠᠢ᠌ᠴᠠᠭ᠋ᠠᠯᠲᠠ》 ᠵᠢᠨ ᠵᠠᠭᠪᠤᠷᠢ ᠭᠦᠨᠵᠡᠭᠡᠢ᠌ᠷᠡᠭᠦᠯᠦᠨ ᠪᠣᠳᠠᠲᠠᠢ᠌ᠵᠢᠭᠤᠯᠬᠤ ᠵᠢ ᠠᠬᠢᠭᠤᠯᠪᠠ᠃ (ᠬᠠᠤᠯᠢᠪᠠᠷ ᠵᠠᠰᠠᠬᠤ ᠵᠢ ᠰᠢᠮᠳᠠᠭᠤᠯᠤᠨ ᠪᠠᠢ᠌ᠴᠠᠭ᠋ᠠᠬᠤ ᠭᠠᠵᠠᠷ 24.04. 07)