ᠲᠦᠩᠯᠢᠶᠣᠣ ᠬᠤᠳᠠ ᠵᠢᠨ᠎ᠬᠢᠨ ᠬᠠᠤᠯᠢᠵᠢᠯ᠎ᠤᠨ ᠪᠠᠢ᠌ᠭᠤᠯᠤᠯᠲᠠ ᠵᠢᠨ 《ᠨᠢᠭᠡ ᠲᠥᠯᠦᠪᠵᠢᠭᠦᠯᠭᠡ᠂ ᠬᠣᠶᠠᠷ ᠬᠥᠲᠥᠯᠪᠦᠷᠢ》᠎ᠲᠠᠢ ᠨᠢᠭᠲᠠ ᠤᠶᠠᠯᠳᠤᠭᠤᠯᠵᠤ᠂ ᠤᠯᠠᠨ ᠵᠦᠢ᠍ᠯ᠎ᠤᠨ ᠠᠷᠭ᠎ᠠ ᠬᠡᠮᠵᠢᠶ᠎ᠡ ᠵᠢ ᠵᠡᠷᠭᠡ᠎ᠪᠡᠷ ᠬᠡᠷᠡᠭᠵᠢᠭᠦᠯᠵᠦ ᠬᠠᠤᠯᠢ᠎ᠪᠠᠷ ᠵᠠᠰᠠᠬᠤ ᠵᠠᠰᠠᠭ᠎ᠤᠨ ᠣᠷᠳᠣᠨ᠎ᠤ ᠪᠠᠢ᠌ᠭᠤᠯᠤᠯᠲᠠ ᠵᠢ ᠪᠦᠬᠦ ᠬᠦᠴᠦᠨ ᠵᠶ᠋ᠡᠷ ᠵᠶ᠋ᠡᠨ ᠠᠬᠢᠭᠤᠯᠵᠤ᠂ ᠴᠢᠨᠠᠷ ᠰᠠᠢ᠌ᠲᠠᠢ ᠬᠥᠭᠵᠢᠯᠲᠡ᠎ᠳᠤ ᠪᠠᠲᠤ ᠪᠡᠬᠢ ᠬᠠᠤᠯᠢᠵᠢᠯ᠎ᠤᠨ ᠪᠠᠲᠤᠯᠠᠭ᠎ᠠ ᠬᠠᠩᠭ᠋ᠠᠵᠠᠢ᠃
ᠤᠯᠤᠰ ᠲᠦᠷᠦ᠎ᠪᠠᠷ ᠬᠥᠲᠥᠯᠥᠨ ᠳᠠᠭ᠋ᠠᠭᠤᠯᠬᠤ ᠵᠢ ᠪᠠᠷᠢᠮᠲᠠᠯᠠᠵᠤ᠂ ᠬᠠᠤᠯᠢ᠎ᠪᠠᠷ ᠵᠠᠰᠠᠬᠤ ᠪᠠᠢ᠌ᠭᠤᠯᠤᠯᠲᠠ᠎ᠳᠠᠬᠢ ᠨᠠᠮ᠎ᠤᠨ ᠤᠳᠤᠷᠢᠳᠤᠯᠭ᠎ᠠ ᠵᠢ ᠴᠢᠩᠭ᠋ᠠᠳᠬᠠᠵᠠᠢ᠃ ᠦᠵᠡᠯ ᠰᠠᠨᠠᠭ᠎ᠠ ᠵᠢ ᠶᠡᠷᠦᠩᠬᠡᠢ᠌ᠯᠡᠨ ᠵᠢᠯᠤᠭᠣᠳᠬᠤ ᠵᠢ ᠴᠢᠬᠤᠯᠠᠴᠢᠯᠠᠵᠠᠢ᠃ ᠰᠢ ᠵᠢᠨ ᠫᠢᠩ᠎ᠤᠨ ᠬᠠᠤᠯᠢᠵᠢᠯ᠎ᠤᠨ ᠦᠵᠡᠯ ᠰᠠᠨᠠᠭ᠎ᠠ ᠵᠢ ᠡᠯ᠎ᠡ ᠱᠠᠲᠤᠨ᠎ᠤ ᠬᠥᠮᠦᠵᠢᠯ ᠪᠣᠯᠪᠠᠰᠤᠷᠠᠯ᠎ᠳᠤ ᠣᠷᠣᠭᠤᠯᠵᠤ᠂ ᠤᠳᠤᠷᠢᠳᠬᠤ ᠺᠠᠳ᠋ᠷᠴᠤᠳ᠎ᠤᠨ ᠲᠦᠷᠦᠭᠦᠯᠡᠨ ᠬᠠᠤᠯᠢ ᠵᠢ ᠬᠦᠨᠳᠦᠳᠬᠡᠬᠦ ᠬᠠᠤᠯᠢ ᠵᠢ ᠰᠤᠷᠤᠯᠴᠠᠬᠤ ᠬᠠᠤᠯᠢ ᠵᠢ ᠰᠠᠬᠢᠬᠤ ᠬᠠᠤᠯᠢ ᠵᠢ ᠬᠡᠷᠡᠭᠯᠡᠬᠦ ᠵᠢ ᠲᠦᠯᠬᠢᠨ ᠠᠬᠢᠭᠤᠯᠵᠠᠢ᠃ ᠪᠥᠬᠥ ᠬᠣᠲᠠ᠎ᠳᠤ ᠲᠤᠰᠬᠠᠢ ᠰᠡᠳᠦᠪᠲᠦ ᠰᠤᠷᠤᠯᠴᠠᠯᠭ᠎ᠠ ᠵᠢᠨ ᠬᠤᠷᠠᠯ᠎ᠢ ᠨᠡᠶ᠋ᠢᠲᠡ 1900 ᠭᠠᠷᠤᠢ ᠤᠳᠠᠭ᠎ᠠ ᠬᠤᠷᠠᠯᠳᠤᠭᠤᠯᠵᠤ᠂ ᠬᠠᠤᠯᠢ᠎ᠪᠠᠷ ᠵᠠᠰᠠᠬᠤ ᠵᠠᠰᠠᠭ᠎ᠤᠨ ᠣᠷᠳᠣᠨ᠎ᠤ ᠪᠠᠢ᠌ᠭᠤᠯᠤᠯᠲᠠ ᠵᠢᠴᠢ ᠦᠨᠡᠨᠴᠢ ᠢᠲᠡᠭᠡᠮᠵᠢ ᠵᠢᠨ ᠪᠠᠢ᠌ᠭᠤᠯᠤᠯᠲᠠ ᠵᠢᠨ ᠢᠨᠵᠧᠨᠧᠷᠢᠩ᠎ᠤᠨ ᠴᠢᠳᠠᠪᠤᠷᠢ ᠵᠢ ᠳᠡᠭᠡᠭᠰᠢᠯᠡᠭᠦᠯᠬᠦ ᠪᠣᠯᠪᠠᠰᠤᠷᠠᠯ᠎ᠤᠨ ᠠᠩᠭᠢ ᠵᠢ 44 ᠬᠤᠭᠤᠴᠠᠭ᠎ᠠ ᠡᠷᠭᠢᠯᠡᠵᠦ᠂ 3 ᠲᠦᠮᠡ ᠭᠠᠷᠤᠢ ᠬᠥᠮᠥᠨ ᠤᠳᠠᠭ᠎ᠠ ᠣᠷᠣᠯᠴᠠᠵᠠᠢ᠃ ᠰᠢ ᠵᠢᠨ ᠫᠢᠩ᠎ᠤᠨ ᠬᠠᠤᠯᠢᠵᠢᠯ᠎ᠤᠨ ᠦᠵᠡᠯ ᠰᠠᠨᠠᠭ᠋ᠠᠨ᠎ᠤ ᠭᠣᠣᠯ ᠰᠡᠳᠦᠪᠲᠦ ᠬᠥᠮᠦᠵᠢᠯ᠎ᠤᠨ ᠦᠵᠡᠭᠦᠯᠭᠡ ᠵᠢᠨ ᠲᠢᠩᠬᠢᠮ᠎ᠢ ᠪᠠᠢ᠌ᠭᠤᠯᠵᠤ᠂ ᠤᠯᠤᠰ ᠲᠦᠷᠦ ᠬᠠᠤᠯᠢ ᠴᠠᠭ᠋ᠠᠵᠠ ᠵᠢᠨ ᠺᠠᠳ᠋ᠷᠴᠤᠳ᠎ᠤᠨ ᠰᠤᠷᠤᠯᠴᠠᠯᠭ᠎ᠠ ᠵᠢᠴᠢ ᠨᠠᠮ᠎ᠤᠨ ᠰᠤᠷᠭ᠋ᠠᠭᠤᠯᠢ ᠵᠢᠨ ᠲᠤᠬᠠᠢ ᠵᠢᠨ ᠲᠠᠯᠠᠪᠤᠷ᠎ᠤᠨ ᠵᠢᠭ᠋ᠠᠨ ᠰᠤᠷᠭ᠋ᠠᠯᠲᠠ ᠵᠢᠨ ᠴᠡᠭ ᠪᠣᠯᠤᠭᠰᠠᠨ᠎ᠤ ᠬᠤᠪᠢ᠎ᠳᠤ᠂ ᠨᠢᠭᠡᠨᠲᠡ 70 ᠭᠠᠷᠤᠢ ᠤᠳᠠᠭ᠎ᠠ ᠲᠣᠭᠣᠷᠢᠨ ᠦᠵᠡᠵᠦ ᠰᠤᠷᠤᠯᠴᠠᠵᠤ᠂ 2000 ᠭᠠᠷᠤᠢ ᠬᠥᠮᠥᠨ ᠬᠦᠯᠢᠶᠡᠨ ᠠᠪᠴᠠᠢ᠃ ᠬᠠᠷᠢᠭᠤᠴᠠᠯᠭ᠎ᠠ ᠡᠭᠦᠷᠭᠡᠯᠡᠬᠦ ᠵᠢ ᠴᠢᠩᠭ᠋ᠠᠳᠬᠠᠵᠠᠢ᠃ 《ᠲᠦᠩᠯᠢᠶᠣᠣ ᠬᠣᠲᠠ ᠵᠢᠨ ᠨᠠᠮ ᠵᠠᠰᠠᠭ᠎ᠤᠨ ᠭᠣᠣᠯ ᠬᠠᠷᠢᠭᠤᠴᠠᠯᠭ᠋ᠠᠲᠠᠨ᠎ᠤ ᠬᠠᠤᠯᠢ᠎ᠪᠠᠷ ᠵᠠᠰᠠᠬᠤ ᠪᠠᠢ᠌ᠭᠤᠯᠤᠯᠲᠠ ᠵᠢ ᠲᠦᠯᠬᠢᠨ ᠠᠬᠢᠭᠤᠯᠬᠤ ᠨᠢᠭᠡᠳᠦᠭᠡᠷ ᠬᠠᠷᠢᠭᠤᠴᠠᠯᠭ᠋ᠠᠲᠠᠨ᠎ᠤ ᠡᠭᠦᠷᠭᠡ ᠬᠠᠷᠢᠭᠤᠴᠠᠯᠭ᠎ᠠ ᠵᠢ ᠭᠦᠢ᠍ᠴᠡᠳᠬᠡᠭᠰᠡᠨ ᠨᠠᠷᠢᠨ ᠬᠠᠭᠤᠳᠠᠰᠤ (ᠲᠤᠷᠰᠢᠨ ᠬᠡᠷᠡᠭᠵᠢᠭᠦᠯᠬᠦ)》 ᠵᠢ ᠲᠣᠭᠲᠠᠭ᠋ᠠᠵᠤ᠂ ᠬᠠᠷᠢᠭᠤᠴᠠᠯᠭ᠎ᠠ ᠵᠢ ᠪᠣᠳᠠᠲᠠᠢ᠌ᠵᠢᠭᠤᠯᠵᠠᠢ᠃ ᠬᠣᠲᠠ ᠵᠢᠨ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ 16 ᠤᠳᠠᠭ᠎ᠠ ᠲᠤᠰᠬᠠᠢ ᠰᠡᠳᠦᠪᠲᠦ ᠬᠤᠷᠠᠯ ᠬᠤᠷᠠᠯᠳᠤᠭᠤᠯᠵᠤ᠂ ᠬᠠᠤᠯᠢ᠎ᠪᠠᠷ ᠵᠠᠰᠠᠬᠤ ᠵᠠᠰᠠᠭ᠎ᠤᠨ ᠣᠷᠳᠣᠨ᠎ᠤ ᠪᠠᠢ᠌ᠭᠤᠯᠤᠯᠲᠠ ᠵᠢᠨ ᠠᠵᠢᠯ᠎ᠢ ᠰᠤᠳᠤᠯᠤᠨ ᠪᠠᠢ᠌ᠷᠢᠯᠠᠭᠤᠯᠵᠤ᠂ ᠲᠣᠬᠢᠷᠠᠭᠤᠯᠤᠨ ᠠᠬᠢᠭᠤᠯᠪᠠ᠃
ᠥᠭᠡᠷᠡᠴᠢᠯᠡᠯᠲᠡ ᠵᠢ ᠭᠦᠨᠵᠡᠭᠡᠢ᠌ᠷᠡᠭᠦᠯᠵᠦ᠂ ᠦᠢ᠍ᠯᠡᠴᠢᠯᠡᠭᠡᠨ᠎ᠤ ᠬᠡᠯᠪᠡᠷᠢ ᠵᠢᠨ ᠵᠠᠰᠠᠭ᠎ᠤᠨ ᠣᠷᠳᠣᠨ᠎ᠤ ᠬᠠᠤᠯᠢ᠎ᠪᠠᠷ ᠵᠠᠰᠠᠬᠤ ᠡᠵᠡᠩᠨᠡᠯᠲᠡ ᠵᠢᠨ ᠣᠷᠴᠢᠨ ᠨᠥᠬᠥᠴᠡᠯ᠎ᠢ ᠰᠢᠯᠢᠳᠡᠭᠵᠢᠭᠦᠯᠵᠡᠢ᠃ ᠪᠥᠬᠥ ᠣᠷᠣᠨ᠎ᠳᠤ ᠡᠩ ᠲᠡᠷᠢᠭᠦᠨ᠎ᠳᠤ 《ᠲᠦᠩᠯᠢᠶᠣᠣ ᠬᠣᠲᠠ ᠵᠢᠨ ᠦᠨᠡᠨᠴᠢ ᠢᠲᠡᠭᠡᠮᠵᠢ ᠵᠢᠨ ᠪᠠᠢ᠌ᠭᠤᠯᠤᠯᠲᠠ ᠵᠢᠨ ᠢᠨᠵᠧᠨᠧᠷᠢᠩ᠎ᠤᠨ ᠬᠡᠷᠡᠭᠵᠢᠭᠦᠯᠬᠦ ᠲᠥᠰᠥᠯ》᠎ᠢ ᠨᠡᠢ᠌ᠲᠡᠯᠡᠵᠦ᠂ 63 ᠵᠦᠢ᠍ᠯ᠎ᠤᠨ ᠡᠭᠦᠷᠭᠡ ᠪᠠ 7 ᠲᠤᠰᠬᠠᠢ ᠠᠵᠢᠯᠯᠠᠭ᠎ᠠ ᠵᠢ ᠲᠣᠳᠣᠷᠬᠠᠢ᠌ᠯᠠᠵᠠᠢ᠃ 《ᠦᠨᠡᠨᠴᠢ ᠢᠲᠡᠭᠡᠮᠵᠢ ᠵᠢᠨ ᠲᠦᠩᠯᠢᠶᠣᠣ》 ᠵᠢᠨ ᠨᠠᠷᠠᠲᠤ ᠲᠥᠷᠥᠯ ᠲᠡᠮᠳᠡᠭᠲᠦ ᠵᠢᠨ ᠨᠡᠷ᠎ᠡ ᠵᠢᠨ ᠬᠠᠭᠤᠳᠠᠰᠤ ᠵᠢ ᠢᠯᠡ ᠲᠣᠳᠣ ᠪᠣᠯᠭ᠋ᠠᠵᠤ᠂ ᠵᠠᠰᠠᠭ᠎ᠤᠨ ᠣᠷᠳᠣᠨ᠎ᠤ ᠢᠲᠡᠭᠡᠯ ᠠᠯᠳᠠᠭᠰᠠᠨ ᠦᠢᠯᠡ ᠠᠵᠢᠯᠯᠠᠭ᠎ᠠ ᠵᠢ ᠶᠡᠬᠡᠪᠡᠷ ᠵᠢᠭᠰᠠᠭ᠋ᠠᠨ ᠪᠠᠢ᠌ᠴᠠᠭ᠋ᠠᠵᠤ᠂ ᠭᠣᠣᠯᠳᠠᠯᠭ᠎ᠠ᠎ᠲᠠᠢ ᠬᠦᠷᠢᠶ᠎ᠡ ᠴᠠᠷᠠᠭ᠎ᠠ ᠵᠢᠨ ᠢᠲᠡᠭᠡᠯ ᠠᠯᠳᠠᠭᠰᠠᠨ ᠦᠢᠯᠡ ᠠᠵᠢᠯᠯᠠᠭ᠎ᠠ ᠵᠢ ᠴᠡᠭᠴᠡᠯᠡᠨ ᠵᠠᠰᠠᠬᠤ ᠵᠢ ᠲᠥᠪᠯᠡᠷᠡᠭᠦᠯᠦᠨ ᠥᠷᠨᠢᠭᠦᠯᠵᠦ᠂ ᠲᠦᠩᠯᠢᠶᠣᠣ ᠬᠣᠲᠠ ᠵᠢᠨ ᠦᠨᠡᠨᠴᠢ ᠢᠲᠡᠭᠡᠮᠵᠢ ᠵᠢᠨ ᠪᠠᠢ᠌ᠭᠤᠯᠤᠯᠲᠠ ᠵᠢᠨ ᠢᠨᠵᠧᠨᠧᠷᠢᠩ᠎ᠢ ᠬᠡᠷᠡᠭᠵᠢᠭᠦᠯᠦᠨ ᠦᠷ᠎ᠡ ᠪᠦᠲᠦᠮᠵᠢ ᠣᠯᠵᠤ᠂ ᠬᠣᠲᠠ ᠵᠢᠨ ᠢᠲᠡᠭᠡᠮᠵᠢ ᠵᠢᠨ ᠪᠠᠢ᠌ᠴᠠᠭ᠋ᠠᠨ ᠬᠡᠮᠵᠢᠯᠲᠡ ᠵᠢᠨ ᠨᠡᠷᠡᠰ᠎ᠤᠨ ᠵᠢᠭᠰᠠᠭ᠋ᠠᠯᠲᠠ ᠪᠥᠬᠥ ᠤᠯᠤᠰ᠎ᠤᠨ ᠵᠠᠭᠤᠨ ᠬᠦᠴᠦᠷᠬᠡᠭ᠎ᠲᠤ ᠵᠢᠭᠰᠠᠭ᠋ᠠᠭᠳᠠᠪᠠ᠃ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡ ᠵᠢ ᠲᠡᠰ 1.2 ᠲᠦᠮᠡᠨ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠵᠦᠢ᠍ᠯᠡᠰ᠎ᠢ ᠰᠦᠯᠵᠢᠶᠡᠨ᠎ᠳᠤ ᠭᠠᠷᠭ᠋ᠠᠵᠤ᠂ 1101 ᠵᠦᠢ᠍ᠯ᠎ᠤᠨ ᠪᠥᠬᠥ ᠶᠠᠪᠤᠴᠠ ᠵᠢ ᠰᠦᠯᠵᠢᠶ᠎ᠡ᠎ᠪᠠᠷ ᠰᠢᠢ᠍ᠳᠪᠦᠷᠢᠯᠡᠵᠦ᠂ 985 ᠵᠦᠢ᠍ᠯ᠎ᠤᠨ ᠥᠨᠳᠥᠷ ᠳᠠᠪᠲᠠᠮᠵᠢᠲᠤ ᠵᠦᠢ᠍ᠯᠡᠰ᠎ᠢ ᠪᠥᠬᠥ ᠣᠷᠣᠨ᠎ᠤ ᠲᠡᠷᠢᠭᠦᠨ᠎ᠳᠤ ᠣᠷᠣᠪᠠ᠃ 《ᠪᠥᠬᠥ ᠴᠠᠭ᠎ᠤᠨ ᠰᠢᠭᠤᠳ ᠨᠡᠪᠲᠡᠷᠡᠭᠦᠯᠭᠡ᠎ᠪᠠᠷ ᠰᠢᠭᠤᠳ ᠰᠢᠢ᠍ᠳᠪᠦᠷᠢᠯᠡᠬᠦ》᠂ AI ᠲᠣᠭ᠋ᠠᠨ᠎ᠤ ᠬᠥᠮᠥᠨ᠎ᠤ ᠰᠢᠭᠤᠳ ᠨᠡᠪᠲᠡᠷᠡᠭᠦᠯᠭᠡ ᠵᠢᠨ ᠦᠢ᠍ᠯᠡᠴᠢᠯᠡᠭᠡ ᠵᠢ ᠰᠢᠨ᠎ᠡ ᠵᠢ ᠡᠭᠦᠳᠦᠨ ᠭᠠᠷᠭ᠋ᠠᠵᠤ᠂ 1.8 ᠲᠦᠮᠡᠨ ᠠᠰᠠᠭᠤᠳᠠᠯ᠎ᠢ ᠰᠢᠢ᠍ᠳᠪᠦᠷᠢᠯᠡᠵᠦ᠂ 1572 ᠬᠤᠪᠢ ᠵᠢ ᠬᠠᠪᠰᠤᠷᠤᠨ ᠭᠦᠢ᠍ᠴᠡᠳᠬᠡᠵᠦ ᠣᠷᠣᠯᠠᠨ ᠭᠦᠢ᠍ᠴᠡᠳᠬᠡᠪᠡ᠃ 《ᠲᠦᠩᠯᠢᠶᠣᠣ ᠬᠣᠲᠠ ᠵᠢᠨ 12345 ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠠᠷᠠᠳ᠎ᠲᠤ ᠲᠥᠬᠥᠮ ᠦᠵᠡᠭᠦᠯᠬᠦ ᠬᠠᠯᠠᠮᠰᠢᠯ ᠤᠲᠠᠰᠤᠨ᠎ᠤ ᠠᠵᠢᠯ᠎ᠤᠨ ᠳᠦᠷᠢᠮ》᠎ᠢ ᠨᠡᠢ᠌ᠲᠡᠯᠡᠵᠦ᠂ 36.35 ᠲᠦᠮᠡᠨ ᠬᠤᠪᠢ ᠬᠡᠷᠡᠭ᠎ᠢ ᠭᠥᠯᠢᠶᠡᠨ ᠠᠪᠴᠤ᠂ ᠡᠯ᠎ᠡ ᠵᠦᠢ᠍ᠯ᠎ᠤᠨ ᠬᠠᠨᠤᠮᠵᠢ ᠵᠢᠨ ᠨᠣᠷᠮ᠎ᠠ ᠵᠡᠷᠭᠡ᠎ᠨᠢ ᠴᠥᠮ 95% ᠵᠢ ᠳᠠᠪᠠᠪᠠ᠃ ᠵᠠᠰᠠᠭ᠎ᠤᠨ ᠶᠠᠪᠤᠳᠠᠯ᠎ᠢ ᠢᠯᠡ ᠪᠣᠯᠭ᠋ᠠᠬᠤ ᠵᠢ 380 ᠤᠳᠠᠭ᠋ᠠᠨ᠎ᠤ 《ᠵᠠᠰᠠᠭ᠎ᠤᠨ ᠣᠷᠳᠣᠨ᠎ᠤ ᠨᠡᠭᠡᠭᠡᠯᠲᠡ ᠵᠢᠨ ᠡᠳᠦᠷ》᠎ᠤᠨ ᠠᠵᠢᠯᠯᠠᠭ᠎ᠠ ᠵᠢ ᠥᠷᠨᠢᠭᠦᠯᠵᠦ᠂ 1300 ᠭᠠᠷᠤᠢ ᠵᠦᠢ᠍ᠯ᠎ᠤᠨ ᠰᠠᠨᠠᠯ᠎ᠢ ᠴᠤᠭᠯᠠᠭᠤᠯᠵᠤ᠂ 1000 ᠭᠠᠷᠤᠢ ᠵᠦᠢ᠍ᠯ᠎ᠢ ᠬᠦᠯᠢᠶᠡᠨ ᠠᠪᠤᠪᠠ᠃ ᠵᠠᠰᠠᠭ᠎ᠤᠨ ᠣᠷᠳᠣᠨ᠎ᠤ ᠰᠦᠯᠵᠢᠶ᠎ᠡ 19 ᠲᠦᠮᠡ ᠭᠠᠷᠤᠢ ᠮᠡᠳᠡᠭᠡ ᠵᠠᠩᠭᠢ ᠵᠢ ᠰᠢᠨᠡᠳᠬᠡᠵᠦ᠂ 733 ᠤᠳᠠᠭ᠎ᠠ ᠵᠢᠨ ᠲᠥᠷᠥ ᠵᠢᠨ ᠪᠣᠳᠣᠯᠭ᠎ᠠ ᠵᠢᠨ ᠲᠠᠢ᠌ᠯᠤᠮᠵᠢ ᠬᠢᠵᠦ᠂ 300 ᠲᠦᠮᠡᠨ ᠤᠳᠠᠭ᠎ᠠ ᠵᠢ ᠲᠣᠪᠴᠢᠳᠠᠪᠠ᠃
ᠰᠠᠢ᠌ᠨ ᠬᠠᠤᠯᠢ᠎ᠪᠠᠷ ᠴᠢᠳᠠᠮᠠᠭ᠋ᠠᠢ᠎ᠪᠠᠷ ᠵᠠᠰᠠᠬᠤ ᠵᠢ ᠲᠦᠯᠬᠢᠨ ᠠᠬᠢᠭᠤᠯᠵᠤ᠂ ᠬᠠᠤᠯᠢ ᠶᠣᠰᠣᠭ᠋ᠠᠷ ᠵᠠᠰᠠᠭ ᠶᠠᠪᠤᠭᠤᠯᠬᠤ ᠳᠦᠷᠢᠮ᠎ᠤᠨ ᠰᠢᠰᠲ᠋ᠧᠮ᠎ᠢ ᠲᠡᠭᠦᠯᠳᠡᠷᠵᠢᠭᠦᠯᠵᠡᠢ᠃ ᠣᠷᠣᠨ ᠨᠤᠲᠤᠭ᠎ᠤᠨ ᠬᠠᠤᠯᠢ ᠲᠣᠭᠲᠠᠭ᠋ᠠᠯᠲᠠ ᠵᠢ ᠪᠣᠳᠠᠲᠠᠢ᠎ᠪᠠᠷ ᠲᠥᠯᠥᠪᠯᠡᠭᠡ ᠶᠣᠰᠣᠭ᠋ᠠᠷ 2 ᠵᠦᠢ᠍ᠯ᠎ᠤᠨ ᠬᠠᠤᠯᠢ ᠲᠣᠭᠲᠠᠭ᠋ᠠᠯ᠎ᠤᠨ ᠬᠢᠨᠠᠨ ᠵᠥᠪᠯᠡᠬᠦ᠂ 2 ᠵᠦᠢ᠍ᠯ᠎ᠤᠨ ᠵᠠᠰᠠᠪᠤᠷᠢ ᠣᠷᠣᠭᠤᠯᠬᠤ ᠵᠢ ᠴᠢᠨᠠᠷ ᠰᠠᠢ᠌ᠲᠠᠢ ᠪᠡᠶᠡᠯᠡᠭᠦᠯᠵᠡᠢ᠂ ᠵᠢᠱ᠌ᠢᠶᠡᠯᠡᠪᠡᠯ 《ᠲᠦᠩᠯᠢᠶᠣᠣ ᠬᠣᠲᠠ ᠵᠢᠨ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠠᠷᠠᠳ᠎ᠲᠤ ᠲᠥᠬᠥᠮ ᠦᠵᠡᠭᠦᠯᠬᠦ ᠬᠠᠯᠠᠮᠰᠢᠯ ᠤᠲᠠᠰᠤ ᠵᠢᠨ ᠳᠦᠷᠢᠮ》 ᠵᠢᠴᠢ 3 ᠵᠦᠢ᠍ᠯ᠎ᠤᠨ ᠪᠠᠢ᠌ᠴᠠᠭ᠋ᠠᠨ ᠰᠤᠳᠤᠯᠬᠤ ᠲᠥᠷᠥᠯ ᠵᠦᠢ᠍ᠯ ᠵᠢᠱ᠌ᠢᠶᠡᠯᠡᠪᠡᠯ 《ᠲᠦᠩᠯᠢᠶᠣᠣ ᠬᠣᠲᠠ ᠵᠢᠨ ᠪᠣᠬᠢᠷᠲᠤᠯ ᠦᠭᠡᠢ ᠠᠭᠤᠷᠬᠠᠢ ᠵᠢᠨ ᠪᠦᠲᠦᠭᠡᠨ ᠪᠠᠢ᠌ᠭᠤᠯᠤᠯᠲᠠ ᠵᠢᠨ ᠬᠠᠮᠢᠶᠠᠷᠤᠯᠲᠠ ᠵᠢᠨ ᠳᠦᠷᠢᠮ》 ᠵᠡᠷᠭᠡ ᠪᠣᠯᠣᠨ᠎ᠠ᠃ ᠵᠢᠷᠤᠮᠵᠢᠯ᠎ᠤᠨ ᠴᠢᠨᠠᠷᠲᠠᠢ ᠪᠢᠴᠢᠭ ᠮᠠᠲ᠋ᠧᠷᠢᠶᠠᠯ᠎ᠢ ᠵᠢᠷᠤᠮᠵᠢᠭᠤᠯᠤᠨ ᠬᠠᠮᠢᠶᠠᠷᠴᠠᠢ᠃ 119 ᠬᠤᠪᠢ ᠪᠢᠴᠢᠭ ᠮᠠᠲ᠋ᠧᠷᠢᠶᠠᠯ᠎ᠤᠨ ᠬᠠᠤᠯᠢ ᠶᠣᠰᠣᠴᠢ ᠴᠢᠨᠠᠷ᠎ᠤᠨ ᠬᠢᠨᠠᠨ ᠬᠠᠷᠭᠤᠭᠤᠯᠤᠯᠲᠠ ᠵᠢ ᠪᠡᠶᠡᠯᠡᠭᠦᠯᠵᠦ᠂ 《ᠲᠦᠩᠯᠢᠶᠣᠣ ᠬᠣᠲᠠ ᠵᠢᠨ ᠵᠦᠢ ᠵᠣᠬᠢᠰ ᠦᠭᠡᠢ ᠵᠠᠬ᠎ᠠ ᠳᠡᠯᠭᠡᠭᠦᠷ᠎ᠲᠤ ᠭᠠᠷ ᠲᠦᠷᠦᠭᠦ ᠦᠢᠯᠡ ᠠᠵᠢᠯᠯᠠᠭ᠎ᠠ ᠵᠢ ᠰᠡᠷᠭᠡᠢ᠌ᠯᠡᠬᠦ ᠵᠦᠢ᠍ᠯᠡᠰ᠎ᠤᠨ ᠨᠠᠷᠢᠨ ᠲᠠᠩᠰᠠ》 ᠵᠢ ᠨᠡᠢ᠌ᠲᠡᠯᠡᠵᠦ᠂ ᠭᠣᠥᠯᠴᠢ ᠥᠷᠢᠰᠦᠯᠳᠦᠭᠡᠨ᠎ᠤ ᠬᠢᠨᠠᠨ ᠪᠠᠢ᠌ᠴᠠᠭ᠋ᠠᠯᠲᠠ ᠵᠢ ᠵᠢᠯᠣᠭᠣᠳᠤᠨ᠂ 231 ᠬᠤᠪᠢ ᠨᠡᠮᠡᠭᠳᠡᠭᠰᠡᠨ ᠪᠢᠴᠢᠭ ᠮᠠᠲ᠋ᠧᠷᠢᠶᠠᠯ᠎ᠢ ᠰᠤᠭᠤᠴᠢᠨ ᠪᠠᠢ᠌ᠴᠠᠭ᠋ᠠᠪᠠ᠃ ᠬᠠᠤᠯᠢ ᠴᠠᠭ᠋ᠠᠵᠠ ᠵᠢᠨ ᠵᠥᠪᠯᠡᠭᠴᠢ ᠵᠢ ᠪᠦᠬᠦᠨ᠎ᠢ ᠵᠠᠰᠠᠭ ᠵᠠᠬᠢᠷᠭ᠋ᠠᠨ᠎ᠤ ᠪᠠᠢ᠌ᠭᠤᠯᠭ᠎ᠠ ᠵᠢᠨ ᠬᠠᠤᠯᠢ ᠴᠠᠭ᠋ᠠᠵᠠ ᠵᠢᠨ ᠵᠥᠪᠯᠡᠭᠴᠢ ᠵᠢᠨ 《ᠪᠦᠬᠦᠨ᠎ᠢ ᠬᠠᠮᠤᠷᠬᠤ》 ᠠᠵᠢᠯ᠎ᠢ ᠬᠠᠤᠯᠢ ᠶᠣᠰᠣᠭ᠋ᠠᠷ ᠬᠣᠲᠠ ᠵᠢ ᠵᠠᠰᠠᠬᠤ ᠪᠠ ᠬᠠᠤᠯᠢ᠎ᠪᠠᠷ ᠵᠠᠰᠠᠬᠤ ᠵᠠᠰᠠᠭ᠎ᠤᠨ ᠣᠷᠳᠣᠨ᠎ᠤ ᠪᠠᠢ᠌ᠭᠤᠯᠤᠯᠲᠠ ᠵᠢᠨ ᠭᠣᠣᠯᠳᠠᠯᠭ᠎ᠠ ᠵᠢᠴᠢ ᠬᠢᠨᠠᠨ ᠰᠢᠯᠭ᠋ᠠᠯᠲᠠ᠎ᠳᠤ ᠣᠷᠣᠭᠤᠯᠵᠤ᠂ ᠪᠥᠬᠥ ᠬᠣᠲᠠ ᠵᠢᠨ 237 ᠵᠠᠰᠠᠭ ᠵᠠᠬᠢᠷᠭ᠋ᠠᠨ᠎ᠤ ᠪᠠᠢ᠌ᠭᠤᠯᠭ᠎ᠠ ᠵᠢᠨ ᠬᠠᠤᠯᠢ ᠴᠠᠭ᠋ᠠᠵᠠ ᠵᠢᠨ ᠵᠥᠪᠯᠡᠭᠴᠢ ᠵᠢᠨ ᠪᠦᠷᠬᠦᠴᠡ ᠵᠢᠨ ᠨᠣᠷᠮ᠎ᠠ 100%᠎ᠳᠤ ᠬᠦᠷᠴᠦ᠂ 6842 ᠬᠤᠪᠢ ᠦᠢ᠍ᠯᠡᠴᠢᠯᠡᠭᠡᠨ᠎ᠤ ᠬᠡᠷᠡᠭ᠎ᠲᠤ ᠦᠢ᠍ᠯᠡᠴᠢᠯᠡᠪᠡ᠃
ᠬᠠᠤᠯᠢ ᠶᠣᠰᠣᠭ᠋ᠠᠷ ᠵᠠᠰᠠᠭ ᠶᠠᠪᠤᠭᠤᠯᠬᠤ ᠵᠢ ᠪᠠᠷᠢᠮᠲᠠᠯᠠᠵᠤ᠂ ᠵᠠᠰᠠᠭ᠎ᠤᠨ ᠣᠷᠳᠣᠨ᠎ᠤ ᠡᠭᠦᠷᠭᠡ ᠲᠤᠰᠢᠶᠠᠯ ᠵᠶ᠋ᠠᠨ ᠭᠦᠢ᠍ᠴᠡᠳᠬᠡᠬᠦ ᠵᠢ ᠵᠢᠷᠤᠮᠵᠢᠭᠤᠯᠵᠠᠢ᠃ ᠬᠠᠤᠯᠢ ᠬᠡᠷᠡᠭᠵᠢᠭᠦᠯᠦᠯᠲᠡ᠎ᠳᠤ ᠬᠢᠨᠠᠯᠲᠠ ᠲᠠᠯᠪᠢᠬᠤ ᠲᠣᠭᠲᠠᠴᠠ ᠵᠢ ᠲᠡᠭᠦᠯᠳᠡᠷᠵᠢᠭᠦᠯᠪᠡ᠃ ᠰᠠᠬᠢᠯᠭ᠎ᠠ ᠪᠠᠲᠤ ᠪᠠᠢ᠌ᠴᠠᠭ᠋ᠠᠬᠤ ᠬᠢᠨᠠᠨ ᠪᠠᠢ᠌ᠴᠠᠭ᠋ᠠᠬᠤ ᠬᠢᠭᠡᠳ ᠬᠠᠤᠯᠢ᠎ᠪᠠᠷ ᠵᠠᠰᠠᠬᠤ ᠬᠢᠨᠠᠯᠲᠠ ᠵᠢ ᠨᠡᠪᠲᠡᠷᠡᠯᠴᠡᠭᠦᠯᠦᠨ ᠵᠣᠬᠢᠴᠠᠭᠤᠯᠬᠤ ᠲᠣᠭᠲᠠᠴᠠ ᠵᠢ ᠪᠠᠢ᠌ᠭᠤᠯᠵᠤ᠂ 《ᠰᠠᠬᠢᠯᠭ᠎ᠠ ᠪᠠᠲᠤ ᠪᠠᠢ᠌ᠴᠠᠭ᠋ᠠᠬᠤ ᠬᠢᠨᠠᠨ ᠪᠠᠢ᠌ᠴᠠᠭ᠋ᠠᠬᠤ ᠪᠠᠢ᠌ᠭᠤᠯᠭ᠎ᠠ ᠬᠢᠭᠡᠳ ᠬᠠᠤᠯᠢ ᠴᠠᠭ᠋ᠠᠵᠠ ᠵᠢᠨ ᠵᠠᠰᠠᠭ ᠵᠠᠬᠢᠷᠭ᠋ᠠᠨ᠎ᠤ ᠪᠠᠢ᠌ᠭᠤᠯᠭ᠎ᠠ ᠵᠢᠨ ᠬᠢᠨᠠᠯᠲᠠ ᠵᠢ ᠨᠡᠪᠲᠡᠷᠡᠯᠴᠡᠭᠦᠯᠦᠨ ᠬᠠᠮᠵᠢᠯᠴᠠᠭᠤᠯᠬᠤ ᠠᠵᠢᠯ᠎ᠤᠨ ᠠᠷᠭ᠎ᠠ (ᠲᠤᠷᠰᠢᠨ ᠬᠡᠷᠡᠭᠵᠢᠭᠦᠯᠬᠦ)》 ᠵᠢ ᠳᠠᠷᠤᠮᠠᠯᠯᠠᠨ ᠲᠠᠷᠬᠠᠭ᠋ᠠᠵᠤ᠂ 12 ᠵᠦᠢ᠍ᠯ᠎ᠤᠨ ᠬᠦᠨᠳᠦ ᠨᠣᠴᠢᠲᠠᠢ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠠᠵᠢᠯᠯᠠᠭ᠎ᠠ ᠵᠢ ᠰᠢᠯᠵᠢᠭᠦᠯᠦᠨ ᠬᠦᠷᠭᠡᠬᠦ ᠬᠡᠪᠴᠢᠶᠡᠨ᠎ᠳᠤ ᠣᠷᠣᠭᠤᠯᠵᠤ᠂ ᠬᠢᠨᠠᠯᠲᠠ ᠲᠠᠯᠪᠢᠬᠤ ᠬᠣᠶᠠᠷ ᠦᠷ᠎ᠡ ᠪᠦᠲᠦᠮᠵᠢ ᠵᠢ ᠨᠢᠭᠡᠳᠬᠡᠬᠦ ᠵᠢ ᠪᠡᠶᠡᠯᠡᠭᠦᠯᠪᠡ᠃ ᠠᠵᠤ ᠠᠬᠤᠢ᠌ᠯᠠᠯ᠎ᠳᠤ ᠬᠣᠯᠪᠣᠭᠳᠠᠬᠤ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠦᠯᠲᠡ᠎ᠳᠤ ᠬᠢᠨᠠᠯᠲᠠ 《ᠲᠦᠩᠯᠢᠶᠣᠣ ᠬᠣᠲᠠ ᠵᠢᠨ ᠠᠵᠤ ᠠᠬᠤᠢ᠌ᠯᠠᠯ᠎ᠳᠤ ᠬᠣᠯᠪᠣᠭᠳᠠᠬᠤ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠦᠢᠯᠡ ᠠᠵᠢᠯᠯᠠᠭ᠎ᠠ ᠵᠢᠨ ᠲᠤᠬᠠᠢ ᠲᠣᠭᠲᠠᠭ᠋ᠠᠯ᠎ᠤᠳ》᠎ᠢ ᠨᠡᠢ᠌ᠲᠡᠯᠡᠵᠦ᠂ 《ᠲᠦᠩᠯᠢᠶᠣᠣ ᠬᠣᠲᠠ ᠵᠢᠨ ᠠᠵᠤ ᠠᠬᠤᠢ᠌ᠯᠠᠯ᠎ᠳᠤ ᠬᠣᠯᠪᠣᠭᠳᠠᠬᠤ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠦᠯᠲᠡ ᠵᠢᠨ ᠳᠡᠩᠰᠡᠯᠡᠨ ᠲᠡᠮᠳᠡᠭᠯᠡᠬᠦ ᠠᠵᠢᠯᠯᠠᠭ᠎ᠠ ᠵᠢᠨ ᠵᠢᠯᠣᠭᠣᠳᠤᠮᠵᠢ》 ᠵᠢᠴᠢ 7 ᠵᠢᠷᠤᠮᠵᠢᠭᠰᠠᠨ ᠪᠢᠴᠢᠭ ᠬᠠᠷ᠎ᠠ ᠵᠢ ᠨᠠᠢ᠌ᠷᠠᠭᠤᠯᠤᠨ ᠪᠢᠴᠢᠵᠦ᠂ 《ᠭᠤᠷᠪᠠ ᠵᠢ ᠳᠡᠩᠰᠡᠯᠡᠵᠦ ᠨᠢᠭᠡ ᠵᠢ ᠨᠢᠭᠡᠳᠦᠯᠲᠡᠢ ᠲᠥᠯᠥᠪᠯᠡᠬᠦ》 ᠲᠣᠭᠲᠠᠴᠠ ᠵᠢ ᠪᠦᠷᠢᠨᠰᠢᠭᠦᠯᠵᠡᠢ᠃ ᠲᠣᠰ ᠱᠠᠲᠤᠨ᠎ᠤ ᠪᠥᠬᠥ ᠠᠵᠢᠯ ᠲᠥᠷᠥᠯ ᠵᠢᠴᠢ ᠭᠣᠣᠯᠳᠠᠯᠭ᠎ᠠ᠎ᠲᠠᠢ ᠬᠢᠨᠠᠨ ᠬᠠᠮᠢᠶᠠᠷᠬᠤ ᠵᠦᠢ᠍ᠯᠡᠰ᠎ᠤᠨ ᠨᠠᠷᠢᠨ ᠬᠠᠭᠤᠳᠠᠰᠤ ᠵᠢ ᠲᠣᠭᠲᠠᠭ᠋ᠠᠵᠤ᠂ ᠬᠥᠳᠡᠯᠦᠩᠭᠦᠢ᠎ᠪᠠᠷ ᠰᠢᠨᠡᠳᠬᠡᠬᠦ ᠲᠣᠭᠲᠠᠴᠠ ᠵᠢ ᠪᠣᠶ ᠪᠣᠯᠭ᠋ᠠᠵᠠᠢ᠃ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠦᠯᠲᠡ ᠵᠢ ᠵᠣᠬᠢᠴᠠᠭᠤᠯᠤᠨ ᠬᠢᠨᠠᠬᠤ ᠵᠠᠭᠪᠤᠷ᠎ᠤᠨ ᠰᠢᠨ᠎ᠡ ᠵᠢ 《ᠳᠠᠬᠢᠨ ᠵᠥᠪᠯᠡᠬᠦ + ᠬᠢᠨᠠᠯᠲᠠ ᠲᠠᠯᠪᠢᠬᠤ》᠂ 《ᠳᠠᠭ᠋ᠠᠯᠲᠠ ᠬᠡᠯᠪᠡᠷᠢ》 ᠵᠢᠨ ᠬᠠᠤᠯᠢ ᠬᠡᠷᠡᠭᠵᠢᠭᠦᠯᠬᠦ᠂ 《ᠡᠷᠡᠭᠦᠯᠵᠢᠭᠦᠯᠬᠦ ᠬᠡᠯᠪᠡᠷᠢ》 ᠵᠢᠨ ᠬᠠᠷᠢᠭᠤ ᠰᠤᠷᠪᠤᠯᠵᠢᠯᠠᠬᠤ᠂ 《ᠬᠠᠷᠢᠯᠴᠠᠨ ᠬᠢᠨᠠᠵᠤ ᠬᠠᠷᠢᠯᠴᠠᠨ ᠲᠣᠯᠢᠯᠠᠬᠤ》 ᠵᠡᠷᠭᠡ ᠬᠢᠨᠠᠯᠲᠠ ᠲᠠᠯᠪᠢᠵᠤ ᠪᠠᠢ᠌ᠴᠠᠭ᠋ᠠᠬᠤ ᠵᠠᠭᠪᠤᠷ᠎ᠢ ᠥᠷᠨᠢᠭᠦᠯᠵᠦ᠂ ᠬᠠᠤᠯᠢ ᠬᠡᠷᠡᠭᠵᠢᠭᠦᠯᠬᠦ ᠦᠢᠯᠡ ᠠᠵᠢᠯᠯᠠᠭ᠎ᠠ ᠵᠢ ᠵᠢᠷᠤᠮᠵᠢᠭᠤᠯᠵᠠᠢ᠃ 185 ᠤᠳᠠᠭ᠎ᠠ ᠵᠢᠨ 《ᠬᠠᠤᠯᠢᠵᠢᠯ᠎ᠤᠨ ᠪᠡᠶ᠎ᠡ ᠵᠢᠨ ᠪᠠᠢ᠌ᠴᠠᠭ᠋ᠠᠯᠲᠠ》᠂ 105 ᠤᠳᠠᠭ᠎ᠠ ᠵᠢᠨ 《ᠳᠠᠭ᠋ᠠᠯᠳᠤᠬᠤ ᠬᠡᠯᠪᠡᠷᠢ》 ᠵᠢᠨ ᠬᠠᠤᠯᠢ ᠬᠡᠷᠡᠭᠵᠢᠭᠦᠯᠦᠯᠲᠡ ᠵᠢ ᠬᠢᠵᠦ᠂ 90 ᠭᠠᠷᠤᠢ ᠬᠤᠪᠢ ᠰᠠᠨᠠᠭᠤᠯᠤᠮᠵᠢ ᠵᠢᠨ ᠵᠠᠬᠢᠳᠠᠯ ᠦᠢ᠍ᠯᠡᠳᠦᠨ ᠲᠠᠷᠬᠠᠭ᠋ᠠᠵᠤ᠂ 455 ᠬᠤᠪᠢ ᠲᠠᠬᠢᠨ ᠵᠥᠪᠯᠡᠭᠰᠡᠨ ᠬᠡᠷᠡᠭ᠎ᠢ ᠰᠢᠢ᠍ᠳᠪᠦᠷᠢᠯᠡᠪᠡ᠃
ᠦᠨᠳᠦᠰᠦᠨ ᠱᠠᠲᠤᠨ᠎ᠤ ᠵᠠᠰᠠᠯᠲᠠ᠎ᠳᠤ ᠴᠢᠳᠠᠪᠤᠷᠢ ᠣᠯᠭᠣᠵᠤ᠂ ᠤᠯᠠᠨ ᠲᠦᠮᠡᠨ᠎ᠤ ᠬᠠᠤᠯᠢᠵᠢᠯ᠎ᠤᠨ ᠬᠦᠷᠲᠡᠮᠵᠢ ᠵᠢᠨ ᠲᠥᠷᠥᠭᠳᠡᠯ᠎ᠢ ᠨᠡᠮᠡᠭᠳᠡᠭᠦᠯᠵᠡᠢ᠃ ᠰᠢᠨ᠎ᠡ ᠴᠠᠭ ᠦᠶ᠎ᠡ ᠵᠢᠨ 《ᠹᠸᠩᠴᠢᠶᠤᠤ ᠵᠢᠨ ᠲᠤᠷᠰᠢᠯᠭ᠎ᠠ》 ᠵᠢ ᠦᠢ᠍ᠯᠡᠳᠦᠯᠭᠡᠵᠢᠭᠦᠯᠵᠡᠢ᠃ 《ᠳᠥᠷᠪᠡᠨ ᠭᠠᠵᠠᠷ ᠨᠢᠭᠡ ᠲᠢᠩᠬᠢᠮ》᠎ᠤᠨ ᠬᠣᠯᠪᠤᠭ᠋ᠠᠯᠠᠨ ᠬᠥᠳᠡᠯᠦᠯᠴᠡᠬᠦ ᠵᠢ ᠠᠬᠢᠭᠤᠯᠵᠤ᠂ 117 《ᠠᠨᠠᠷ᠎ᠤᠨ ᠦᠷ᠎ᠡ》 ᠡᠶᠡᠳᠡᠭᠦᠯᠬᠦ ᠲᠠᠰᠤᠭ ᠪᠠ ᠠᠩᠬᠠᠳᠠᠭᠴᠢ ᠬᠣᠲᠠ ᠵᠢᠨ ᠲᠠᠰ᠎ᠤᠨ 《ᠪᠠᠢ᠌ᠴᠠᠭ᠋ᠠᠬᠤ ᠪᠠ ᠡᠶᠡᠳᠡᠭᠦᠯᠬᠦ ᠵᠢ ᠵᠣᠯᠭ᠋ᠠᠭᠤᠯᠬᠤ》 ᠠᠵᠢᠯ᠎ᠤᠨ ᠲᠠᠰᠤᠭ᠎ᠢ ᠪᠠᠢ᠌ᠭᠤᠯᠪᠠ᠃ ᠪᠦᠬᠦ ᠬᠤᠳᠠ ᠵᠢᠨ ᠡᠶᠡᠳᠡᠭᠦᠯᠦᠭᠰᠡᠨ ᠬᠡᠷᠡᠭ 12074 ᠬᠤᠪᠢ ᠬᠦᠷᠴᠡᠢ᠃ 《ᠠᠨᠠᠷ᠎ᠤᠨ ᠦᠷ᠎ᠡ》 ᠡᠶᠡᠳᠡᠭᠦᠯᠬᠦ ᠠᠵᠢᠯ᠎ᠤᠨ ᠬᠠᠤᠯᠢ ᠵᠢ ᠤᠷᠢᠳ ᠬᠣᠵᠢᠳ 《ᠬᠠᠤᠯᠢᠵᠢᠯ᠎ᠤᠨ ᠡᠳᠦᠷ᠎ᠤᠨ ᠰᠣᠨᠢᠨ》᠂ ᠬᠠᠤᠯᠢ ᠴᠠᠭ᠋ᠠᠵᠠ ᠵᠢᠨ ᠶᠠᠮᠤᠨ᠂ ᠠᠷᠠᠳ᠎ᠤᠨ ᠰᠦᠯᠵᠢᠶ᠎ᠡ᠂ ᠰᠢᠨᠬᠤᠸᠠ ᠰᠦᠯᠵᠢᠶ᠎ᠡ ᠵᠡᠷᠭᠡ ᠤᠯᠠᠨ ᠲᠠᠯ᠎ᠠ ᠵᠢᠨ ᠵᠠᠭᠤᠴᠢᠯᠠᠭᠤᠷ᠎ᠤᠨ᠎ᠬᠢᠨ ᠲᠤᠬᠠᠢ ᠵᠢᠨ ᠭᠠᠵᠠᠷ᠎ᠲᠤᠨᠢ ᠰᠤᠷᠪᠤᠯᠵᠢᠯᠠᠨ ᠮᠡᠳᠡᠭᠡᠯᠡᠪᠡ᠃ ᠵᠠᠰᠠᠭ ᠵᠠᠬᠢᠷᠭ᠋ᠠᠨ᠎ᠤ ᠮᠠᠷᠭᠤᠯᠳᠤᠭ᠋ᠠᠨ᠎ᠢ ᠠᠷᠢᠯᠭ᠋ᠠᠬᠤ ᠠᠵᠢᠯ᠎ᠢ 《ᠭᠤᠷᠪᠠᠨ ᠦᠵᠦᠭᠦᠷ》᠎ᠤᠨ ᠠᠵᠢᠯ᠎ᠤᠨ ᠠᠷᠭ᠎ᠠ ᠬᠢᠭᠡᠳ 《3+1》 ᠵᠢᠨ ᠠᠵᠢᠯ᠎ᠤᠨ ᠲᠣᠭᠲᠠᠴᠠ ᠵᠢᠨ ᠰᠢᠨ᠎ᠡ ᠵᠢ ᠡᠭᠦᠳᠴᠦ᠂ 《ᠳᠠᠬᠢᠨ ᠲᠣᠬᠢᠷᠠᠭᠤᠯᠬᠤ ᠵᠢ ᠵᠣᠯᠭ᠋ᠠᠭᠤᠯᠬᠤ》 ᠵᠡᠷᠭᠡ ᠣᠯᠠᠨ ᠡᠰᠢᠵᠢᠭᠰᠡᠨ ᠲᠠᠢ᠌ᠯᠪᠤᠷᠢ ᠵᠢᠨ ᠨᠠᠷᠠᠲᠤ ᠲᠥᠷᠥᠯ ᠲᠡᠮᠳᠡᠭᠲᠦ ᠵᠢ ᠪᠣᠶ ᠪᠣᠯᠭ᠋ᠠᠵᠠᠢ᠃ 《ᠵᠠᠰᠠᠭ᠎ᠤᠨ ᠣᠷᠳᠣᠨ ᠪᠠ ᠰᠢᠭᠦᠬᠦ ᠬᠣᠷᠢᠶ᠎ᠠ ᠬᠣᠯᠪᠤᠭ᠋ᠠᠯᠠᠨ ᠬᠥᠳᠡᠯᠦᠯᠴᠡᠭᠰᠡᠨ》 ᠨᠢ ᠪᠥᠬᠥ ᠤᠯᠤᠰ᠎ᠤᠨ ᠬᠠᠤᠯᠢ᠎ᠪᠠᠷ ᠵᠠᠰᠠᠬᠤ ᠰᠢᠨ᠎ᠡ ᠵᠢ ᠡᠭᠦᠳᠦᠭᠰᠡᠨ ᠬᠡᠷᠡᠭ᠎ᠤᠨ ᠵᠢᠱ᠌ᠢᠶ᠎ᠡ᠎ᠪᠠᠷ ᠦᠨᠡᠯᠡᠭᠳᠡᠵᠦ᠂ ᠵᠠᠰᠠᠭ ᠵᠠᠬᠢᠷᠭ᠋ᠠᠨ᠎ᠤ ᠳᠠᠬᠢᠨ ᠵᠥᠪᠯᠡᠬᠦ 《ᠭᠤᠷᠪᠠ ᠵᠢ ᠬᠢᠨᠠᠬᠤ》 ᠦᠢ᠍ᠯᠡᠴᠢᠯᠡᠭᠡᠨ᠎ᠤ ᠲᠣᠭᠣᠷᠢᠭ᠎ᠲᠤ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡ ᠬᠠᠤᠯᠢ᠎ᠪᠠᠷ ᠵᠠᠰᠠᠬᠤ ᠰᠢᠨ᠎ᠡ ᠵᠢ ᠡᠭᠦᠳᠦᠭᠰᠡᠨ ᠬᠡᠷᠡᠭ᠎ᠤᠨ ᠵᠢᠱ᠌ᠢᠶ᠎ᠡ᠎ᠪᠠᠷ ᠦᠨᠡᠯᠡᠭᠳᠡᠵᠦ᠂ ᠪᠥᠬᠥ ᠬᠣᠲᠠ᠎ᠳᠤ ᠨᠢᠭᠡᠨᠲᠡ 238 ᠬᠡᠷᠡᠭ᠎ᠢ ᠦᠨᠡᠨ ᠪᠣᠳᠠᠲᠠᠢ᠎ᠪᠠᠷ ᠰᠢᠢ᠍ᠳᠪᠦᠷᠢᠯᠡᠵᠦ᠂ ᠵᠠᠰᠠᠭ ᠵᠠᠬᠢᠷᠭ᠋ᠠᠨ᠎ᠤ ᠪᠠᠢ᠌ᠭᠤᠯᠭ᠎ᠠ ᠵᠢᠨ ᠬᠠᠷᠢᠭᠤᠴᠠᠯᠭ᠋ᠠᠲᠠᠨ᠎ᠤ ᠰᠢᠭᠦᠯᠲᠡ᠎ᠳᠤ ᠣᠷᠣᠯᠴᠠᠨ ᠵᠠᠷᠭᠤ ᠬᠦᠯᠢᠶᠡᠭᠰᠡᠨ ᠨᠣᠷᠮ᠎ᠠ 100%᠎ᠳᠤ ᠬᠥᠷᠪᠡ᠃ ᠤᠯᠠᠨ ᠨᠡᠶ᠋ᠢᠲᠡ ᠵᠢᠨ ᠬᠠᠤᠯᠢ ᠴᠠᠭ᠋ᠠᠵᠠ ᠵᠢᠨ ᠦᠢ᠍ᠯᠡᠴᠢᠯᠡᠭᠡᠨ᠎ᠤ ᠰᠢᠰᠲ᠋ᠧᠮ᠎ᠢ ᠲᠡᠭᠦᠯᠳᠡᠷᠵᠢᠭᠦᠯᠵᠡᠢ᠃ 《ᠵᠡᠭᠦᠨ ᠬᠣᠢ᠌ᠲᠤ ᠵᠢᠨ ᠲᠦᠷᠪᠡᠨ ᠮᠤᠵᠢ ᠣᠷᠣᠨ》᠎ᠤ ᠬᠥᠷᠰᠢ ᠵᠡᠷᠭᠡᠯᠡᠳᠡᠭᠡ ᠲᠦᠷᠪᠡᠨ ᠭᠠᠵᠠᠷ᠎ᠤᠨ ᠤᠯᠠᠨ ᠨᠡᠶ᠋ᠢᠲᠡ ᠵᠢᠨ ᠬᠠᠤᠯᠢ ᠴᠠᠭ᠋ᠠᠵᠠ ᠵᠢᠨ ᠦᠢ᠍ᠯᠡᠴᠢᠯᠡᠭᠡᠨ᠎ᠤ ᠮᠤᠵᠢ ᠠᠯᠤᠰᠯᠠᠨ ᠬᠠᠮᠵᠢᠯᠴᠠᠬᠤ ᠲᠤᠷᠰᠢᠯᠲᠠ ᠵᠢ ᠡᠬᠢᠯᠡᠭᠦᠯᠵᠦ᠂ 10650 ᠬᠤᠪᠢ ᠬᠡᠷᠡᠭ᠎ᠢ ᠰᠢᠢ᠍ᠳᠪᠦᠷᠢᠯᠡᠵᠦ᠂ 28.8% ᠪᠠᠷ ᠨᠡᠮᠡᠭᠳᠡᠪᠡ; ᠲᠦᠩᠯᠢᠶᠣᠣ ᠬᠣᠲᠠ ᠵᠢᠨ ᠬᠠᠤᠯᠢᠴᠢ ᠵᠢᠨ ᠨᠡᠢ᠌ᠭᠡᠮᠯᠢᠭ ᠬᠢᠭᠡᠳ ᠮᠣᠩᠭᠣᠯ ᠤᠯᠤᠰ᠎ᠤᠨ ᠨᠡᠢ᠌ᠰᠯᠡᠯ᠎ᠤᠨ ᠬᠠᠤᠯᠢᠴᠢ ᠵᠢᠨ ᠨᠡᠢ᠌ᠭᠡᠮᠯᠢᠭ᠎ᠤᠨ ᠬᠠᠮᠲᠤᠷᠠᠯᠴᠠᠭ᠋ᠠᠨ᠎ᠤ ᠰᠠᠨᠠᠭᠤᠯᠤᠮᠵᠢ᠎ᠳᠤ ᠭᠠᠷᠤᠨ ᠥᠰᠥᠭ ᠵᠢᠷᠤᠬᠤ ᠵᠢ ᠠᠬᠢᠭᠤᠯᠵᠤ᠂ ᠭᠠᠳᠠᠭ᠋ᠠᠳᠤ᠎ᠳᠤ ᠬᠣᠯᠪᠣᠭᠳᠠᠬᠤ ᠬᠠᠤᠯᠢ᠎ᠪᠠᠷ ᠵᠠᠰᠠᠬᠤ ᠦᠢ᠍ᠯᠡᠴᠢᠯᠡᠭᠡ ᠰᠢᠪᠲᠤᠯᠤᠯᠲᠠ᠎ᠲᠠᠢ ᠪᠣᠯᠵᠠᠢ᠃