ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠬᠠᠣᠯᠢ᠎ᠪᠠᠷ ᠵᠠᠰᠠᠬᠤ
ᠦᠢᠯᠡᠴᠢᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠬᠠᠣᠯᠢ᠎ᠪᠠᠷ ᠵᠠᠰᠠᠬᠤ   -   ᠬᠠᠣᠯᠢ᠎ᠪᠠᠷ ᠵᠠᠰᠠᠬᠤ ᠦᠪᠦᠷ ᠮᠣᠩᠭᠤᠯ
ᠣᠷᠳᠣᠰ ᠬᠣᠲᠠ᠄ ᠬᠠᠤᠯᠢ᠎ᠪᠠᠷ ᠵᠠᠰᠠᠬᠤ ᠰᠡᠳᠬᠢᠬᠦᠢ ᠵᠢ ᠪᠠᠲᠤ ᠪᠣᠶ ᠪᠣᠯᠭ᠋ᠠᠵᠤ ᠬᠠᠤᠯᠢ᠎ᠪᠠᠷ ᠵᠠᠰᠠᠬᠤ ᠴᠢᠳᠠᠪᠤᠷᠢ ᠵᠢ ᠳᠡᠭᠡᠭᠰᠢᠯᠡᠭᠦᠯᠵᠦ ᠥᠨᠳᠥᠷ ᠬᠢᠷᠢ ᠲᠦᠪᠰᠢᠨ ᠪᠦᠬᠦᠢ ᠬᠠᠤᠯᠢ᠎ᠪᠠᠷ ᠵᠠᠰᠠᠬᠤ ᠵᠠᠰᠠᠭ᠎ᠤᠨ ᠣᠷᠳᠣᠨ᠎ᠤ ᠪᠠᠢ᠌ᠭᠤᠯᠤᠯᠲᠠ᠎ᠪᠠᠷ ᠴᠢᠨᠠᠷ ᠰᠠᠢ᠌ᠲᠠᠢ ᠬᠥᠭᠵᠢᠯᠲᠡ ᠵᠢ ᠬᠠᠮᠠᠭ᠋ᠠᠯᠠᠨ᠎ᠠ
ᠨᠡᠶ᠋ᠢᠲᠡᠯᠡᠭᠰᠡᠨ ᠴᠠᠭ᠄ 2025-02-17

      2024 ᠣᠨ᠎ᠳᠤ᠂  ᠣᠷᠳᠣᠰ  ᠬᠣᠲᠠ ᠨᠠᠮ᠎ᠤᠨ ᠬᠣᠷᠢᠳᠤᠭ᠋ᠠᠷ ᠬᠤᠭᠤᠴᠠᠭ᠋ᠠᠨ᠎ᠤ ᠲᠥᠪ ᠬᠣᠷᠢᠶᠠᠨ᠎ᠤ ᠭᠤᠷᠪᠠᠳᠤᠭ᠋ᠠᠷ ᠪᠥᠬᠥᠳᠡ ᠬᠤᠷᠠᠯ᠎ᠤᠨ ᠵᠣᠷᠢᠭ ᠰᠠᠨᠠᠭ᠎ᠠ ᠵᠢ ᠭᠦᠨᠵᠡᠭᠡᠢ ᠰᠤᠷᠤᠯᠴᠠᠨ  ᠲᠤᠭᠤᠰᠢᠯᠠᠭᠤᠯᠵᠤ᠂ 

ᠰᠢ ᠵᠢᠨ ᠫᠢᠩ᠎ᠤᠨ ᠬᠠᠤᠯᠢᠵᠢᠯ᠎ᠤᠨ ᠦᠵᠡᠯ ᠰᠠᠨᠠᠭ᠎ᠠ᠎ᠪᠠᠷ ᠵᠢᠯᠣᠭᠣᠳᠤᠯᠭ᠎ᠠ ᠪᠣᠯᠭ᠋ᠠᠨ᠂  ᠬᠠᠤᠯᠢ᠎ᠪᠠᠷ ᠵᠠᠰᠠᠬᠤ ᠵᠠᠰᠠᠭ᠎ᠤᠨ ᠣᠷᠳᠣᠨ᠎ᠤ ᠪᠠᠢ᠌ᠭᠤᠯᠤᠯᠲᠠ ᠵᠢᠨ ᠬᠢᠷᠢ ᠲᠦᠪᠰᠢᠨ᠎ᠢ ᠪᠥᠬᠥ ᠲᠠᠯ᠎ᠠ᠎ᠪᠠᠷ ᠳᠡᠭᠡᠭᠰᠢᠯᠡᠭᠦᠯᠵᠦ᠂  ᠴᠢᠨᠠᠷ ᠰᠠᠢ᠌ᠲᠠᠢ ᠬᠥᠭᠵᠢᠯᠲᠡ ᠵᠢ ᠬᠠᠮᠠᠭ᠋ᠠᠯᠠᠨ ᠰᠢᠨ᠎ᠡ ᠦᠷ᠎ᠡ ᠪᠦᠲᠦᠮᠵᠢ ᠣᠯᠪᠠ᠃ 

      ᠤᠯᠤᠰ ᠲᠦᠷᠦ ᠵᠢᠨ ᠵᠢᠯᠣᠭᠣᠳᠤᠯᠭ᠎ᠠ ᠵᠢ ᠴᠢᠩᠭ᠋ᠠᠳᠬᠠᠵᠤ᠂ ᠬᠠᠤᠯᠢ᠎ᠪᠠᠷ ᠵᠠᠰᠠᠬᠤ ᠵᠠᠰᠠᠭ᠎ᠤᠨ ᠣᠷᠳᠣᠨ᠎ᠤ ᠪᠠᠢ᠌ᠭᠤᠯᠤᠯᠲᠠ ᠵᠢᠨ 《ᠥᠨᠳᠥᠷᠴᠡ》  ᠵᠢ  ᠳᠡᠭᠡᠭᠰᠢᠯᠡᠭᠦᠯᠵᠡᠢ᠃  ᠰᠤᠷᠤᠯᠴᠠᠨ ᠣᠢ᠌ᠯᠠᠭ᠋ᠠᠬᠤ ᠵᠢ ᠠᠳᠬᠤᠪᠠ᠃  ᠣᠨ᠎ᠤ ᠬᠠᠤᠯᠢ ᠰᠤᠷᠤᠯᠴᠠᠬᠤ ᠲᠥᠯᠥᠪᠯᠡᠭᠡ ᠵᠢ ᠲᠣᠭᠲᠠᠭ᠋ᠠᠵᠤ᠂  ᠬᠤᠳᠠ ᠵᠢᠨ ᠵᠠᠰᠠᠭ᠎ᠤᠨ ᠣᠷᠳᠣᠨ᠎ᠤ ᠪᠠᠢ᠌ᠩᠭᠤ ᠵᠢᠨ ᠬᠤᠷᠠᠯ᠂  ᠨᠠᠮ᠎ᠤᠨ ᠤᠳᠤᠷᠢᠳᠬᠤ ᠳᠤᠭᠤᠢ᠌ᠯᠠᠩ᠎ᠤᠨ ᠤᠨᠤᠯ ᠰᠤᠷᠤᠯᠴᠠᠬᠤ ᠭᠣᠣᠯ ᠳᠤᠭᠤᠢ᠌ᠯᠠᠩ 10 ᠤᠳᠠᠭ᠎ᠠ ᠰᠤᠷᠤᠯᠴᠠᠵᠤ᠂  ᠪᠦᠬᠦ ᠬᠤᠳᠠ ᠵᠢᠨ ᠡᠯ᠎ᠡ ᠱᠠᠲᠤᠨ᠎ᠤ᠎ᠬᠢᠨ ᠤᠳᠤᠷᠢᠳᠬᠤ ᠺᠠᠳ᠋ᠷᠴᠤᠳ᠎ᠤᠨ ᠰᠢ ᠵᠢᠨ ᠫᠢᠩ᠎ᠤᠨ  ᠬᠠᠤᠯᠢᠵᠢᠯ᠎ᠤᠨ ᠦᠵᠡᠯ ᠰᠠᠨᠠᠭ᠎ᠠ ᠵᠢ ᠰᠤᠷᠤᠯᠴᠠᠨ  ᠲᠤᠭᠤᠰᠢᠯᠠᠭᠤᠯᠬᠤ ᠵᠡᠷᠭᠡ ᠬᠠᠤᠯᠢ᠎ᠪᠠᠷ ᠵᠠᠰᠠᠬᠤ ᠪᠣᠯᠪᠠᠰᠤᠷᠠᠯ᠎ᠢ 110 ᠬᠤᠭᠤᠴᠠᠭ᠎ᠠ ᠡᠷᠬᠢᠯᠡᠪᠡ᠃  ᠵᠠᠩᠭᠢᠯᠠᠭ᠎ᠠ ᠵᠢᠨ ᠴᠥᠭᠡᠨ ᠲᠣᠭ᠋ᠠᠲᠠᠨ᠎ᠢ ᠠᠳᠬᠤᠪᠠ᠃  ᠨᠠᠮ ᠵᠠᠰᠠᠭ᠎ᠤᠨ ᠭᠣᠣᠯ ᠬᠠᠷᠢᠭᠤᠴᠠᠯᠭ᠋ᠠᠲᠠᠨ᠎ᠤ ᠬᠠᠤᠯᠢ ᠴᠠᠭ᠋ᠠᠵᠠ ᠵᠢᠨ ᠲᠣᠭ᠋ᠠᠴᠢᠯᠲᠠ ᠵᠢᠨ ᠳᠦᠷᠢᠮ᠎ᠢ ᠪᠥᠬᠥ ᠲᠠᠯ᠎ᠠ᠎ᠪᠠᠷ ᠨᠠᠢ᠌ᠳᠠᠪᠤᠷᠢᠵᠢᠭᠤᠯᠵᠤ᠂  ᠣᠨ᠎ᠤ ᠬᠠᠤᠯᠢ ᠴᠠᠭ᠋ᠠᠵᠠ ᠵᠢᠨ ᠲᠣᠭ᠋ᠠᠴᠢᠯᠲᠠ ᠵᠢ ᠨᠡᠢ᠌ᠳᠡᠮ ᠬᠡᠷᠡᠭᠵᠢᠭᠦᠯᠬᠦ ᠵᠢ ᠪᠡᠶᠡᠯᠡᠭᠦᠯᠦᠨ᠂  ᠬᠣᠰᠢᠭᠤ ᠲᠣᠭᠣᠷᠢᠭ ᠪᠠ ᠬᠣᠲᠠ ᠵᠢᠨ ᠰᠢᠭᠤᠳ ᠬᠠᠷᠢᠶ᠎ᠠ ᠰᠠᠯᠠᠭ᠎ᠠ ᠮᠥᠴᠢᠷ᠎ᠤᠨ ᠬᠠᠷᠢᠭᠤᠴᠠᠯᠭ᠋ᠠᠲᠠᠨ᠎ᠤ ᠬᠠᠤᠯᠢ ᠴᠠᠭ᠋ᠠᠵᠠ ᠵᠢᠨ ᠲᠣᠭ᠋ᠠᠴᠢᠯᠲᠠ ᠵᠢ ᠪᠦᠬᠦᠨ᠎ᠢ 《ᠣᠷᠳᠣᠰ᠎ᠤᠨ ᠡᠳᠦᠷ᠎ᠤᠨ ᠰᠣᠨᠢᠨ》᠎ᠳᠤ ᠢᠯᠡ  ᠪᠣᠯᠭ᠋ᠠᠵᠠᠢ᠃ 《ᠨᠢᠭᠡᠳᠦᠭᠡᠷ ᠭᠠᠷ ᠬᠠᠤᠯᠢ᠎ᠪᠠᠷ ᠵᠠᠰᠠᠬᠤ ᠵᠢ ᠶᠠᠷᠢᠯᠴᠠᠬᠤ》  ᠠᠵᠢᠯᠯᠠᠭ᠎ᠠ ᠵᠢ ᠥᠷᠨᠢᠭᠦᠯᠵᠦ᠂  ᠬᠣᠰᠢᠭᠤ ᠣᠷᠣᠨ᠎ᠤ ᠰᠠᠯᠠᠭ᠎ᠠ ᠮᠥᠴᠢᠷ᠎ᠤᠨ ᠤᠳᠤᠷᠢᠳᠬᠤ ᠪᠠᠭ᠎ᠤᠨ ᠪᠦᠷᠢᠯᠳᠦᠭᠦᠨ᠎ᠢ ᠵᠣᠬᠢᠶᠠᠨ ᠪᠠᠢ᠌ᠭᠤᠯᠤᠨ ᠵᠠᠰᠠᠭ ᠵᠠᠬᠢᠷᠭ᠋ᠠᠨ᠎ᠤ ᠵᠠᠷᠭᠤ ᠵᠢᠨ ᠬᠡᠷᠡᠭ᠎ᠤᠨ ᠲᠢᠩᠬᠢᠮ᠎ᠤᠨ ᠰᠢᠭᠦᠯᠲᠡ ᠵᠢ ᠰᠤᠯᠠ ᠰᠣᠨᠣᠰᠤᠭᠤᠯᠪᠠ᠃  ᠡᠭᠦᠷᠭᠡ ᠵᠢᠨ ᠨᠠᠢ᠌ᠳᠠᠪᠤᠷᠢᠵᠢᠭᠤᠯᠤᠯᠲᠠ ᠵᠢ ᠠᠳᠬᠤᠪᠠ᠃  ᠬᠠᠤᠯᠢ᠎ᠪᠠᠷ ᠵᠠᠰᠠᠬᠤ ᠵᠠᠰᠠᠭ᠎ᠤᠨ ᠣᠷᠳᠣᠨ᠎ᠤ ᠪᠠᠢ᠌ᠭᠤᠯᠤᠯᠲᠠ ᠵᠢᠨ ᠦᠷ᠎ᠡ ᠪᠦᠲᠦᠮᠵᠢ ᠵᠢ ᠬᠢᠨᠠᠨ ᠰᠢᠯᠭ᠋ᠠᠵᠤ ᠦᠨᠡᠯᠡᠬᠦ ᠨᠠᠷᠢᠨ ᠳᠦᠷᠢᠮ᠎ᠢ ᠲᠣᠭᠲᠠᠭ᠋ᠠᠵᠤ᠂  ᠬᠤᠳᠠ ᠵᠢᠨ ᠵᠠᠰᠠᠭ᠎ᠤᠨ ᠣᠷᠳᠣᠨ᠎ᠤ ᠪᠠᠢ᠌ᠩᠭᠤ ᠵᠢᠨ ᠬᠤᠷᠠᠯ᠎ᠠᠴᠠ ᠬᠠᠤᠯᠢ᠎ᠪᠠᠷ ᠵᠠᠰᠠᠬᠤ ᠪᠠᠢ᠌ᠭᠤᠯᠤᠯᠲᠠ ᠵᠢᠨ ᠠᠵᠢᠯ᠎ᠢ 11 ᠤᠳᠠᠭ᠎ᠠ ᠰᠤᠳᠤᠯᠵᠤ᠂ 《ᠨᠢᠭᠡ ᠲᠥᠯᠦᠪᠵᠢᠭᠦᠯᠭᠡ ᠬᠣᠶᠠᠷ 

ᠬᠥᠲᠥᠯᠪᠦᠷᠢ》 ᠵᠢᠨ ᠳᠤᠮᠳᠠ ᠬᠤᠭᠤᠴᠠᠭ᠋ᠠᠨ᠎ᠤ ᠦᠨᠡᠯᠡᠨ ᠵᠢᠱ᠌ᠢᠯᠲᠡ ᠪᠠ ᠬᠠᠤᠯᠢ᠎ᠪᠠᠷ ᠵᠠᠰᠠᠬᠤ ᠵᠠᠰᠠᠭ᠎ᠤᠨ ᠣᠷᠳᠣᠨ᠎ᠤ ᠪᠠᠢ᠌ᠭᠤᠯᠤᠯᠲᠠ ᠵᠢᠨ ᠶᠡᠷᠦᠩᠬᠡᠢ᠌ᠯᠡᠭᠰᠡᠨ ᠰᠢᠪᠠᠳᠠᠨ ᠪᠠᠢ᠌ᠴᠠᠭ᠋ᠠᠯᠲᠠ ᠵᠢ ᠥᠷᠨᠢᠭᠦᠯᠵᠦ᠂  ᠡᠯ᠎ᠡ ᠵᠦᠢ᠍ᠯ᠎ᠤᠨ ᠡᠭᠦᠷᠭᠡ ᠵᠢᠨ ᠨᠠᠢ᠌ᠳᠠᠪᠤᠷᠢᠵᠢᠭᠤᠯᠤᠯᠲᠠ ᠵᠢ ᠨᠠᠷᠢᠯᠢᠭ ᠨᠠᠢ᠌ᠳᠠᠪᠤᠷᠢᠵᠢᠭᠤᠯᠬᠤ ᠵᠢ ᠲᠦᠯᠬᠢᠨ ᠠᠬᠢᠭᠤᠯᠪᠠ᠃

      ᠬᠠᠤᠯᠢ᠎ᠪᠠᠷ ᠵᠠᠰᠠᠬᠤ ᠪᠠᠢ᠌ᠷᠢᠰᠢᠯ᠎ᠢ ᠰᠢᠯᠢᠳᠡᠭᠵᠢᠭᠦᠯᠵᠦ᠂  ᠬᠠᠤᠯᠢ᠎ᠪᠠᠷ ᠵᠠᠰᠠᠬᠤ ᠵᠠᠰᠠᠭ᠎ᠤᠨ ᠣᠷᠳᠣᠨ᠎ᠤ ᠪᠠᠢ᠌ᠭᠤᠯᠤᠯᠲᠠ ᠵᠢᠨ 《ᠡᠷᠴᠢᠮ》᠎ᠢ  ᠴᠢᠩᠭ᠋ᠠᠷᠠᠭᠤᠯᠵᠠᠢ᠃  ᠬᠠᠤᠯᠢ ᠲᠣᠭᠲᠠᠭ᠋ᠠᠯᠲᠠ ᠵᠢᠨ ᠬᠠᠩᠭ᠋ᠠᠯᠭ᠎ᠠ ᠵᠢ ᠴᠢᠩᠭ᠋ᠠᠳᠬᠠᠪᠠ᠃  ᠬᠣᠶᠠᠷ ᠶᠡᠬᠡ ᠶᠠᠪᠤᠳᠠᠯ᠎ᠢ ᠰᠠᠢ᠌ᠲᠤᠷ ᠬᠢᠬᠦ᠎ᠳᠤ ᠠᠩᠬᠠᠷᠤᠯ ᠵᠶ᠋ᠠᠨ ᠲᠥᠪᠯᠡᠷᠡᠭᠦᠯᠵᠦ᠂  ᠴᠢᠨᠠᠷ ᠰᠠᠢ᠌ᠲᠠᠢ ᠬᠥᠭᠵᠢᠯᠲᠡ᠎ᠳᠤ ᠦᠢ᠍ᠯᠡᠴᠢᠯᠡᠵᠦ᠂ 《ᠠᠮᠤᠷ ᠲᠦᠪᠰᠢᠨ᠎ᠤ ᠪᠦᠲᠦᠭᠡᠨ ᠪᠠᠢ᠌ᠭᠤᠯᠤᠯᠲᠠ ᠵᠢᠨ ᠳᠦᠷᠢᠮ》᠂ 《ᠠᠶᠤᠯᠲᠠᠢ ᠬᠢᠮᠢ ᠵᠢᠨ ᠪᠣᠳᠠᠰ᠎ᠤᠨ ᠠᠮᠤᠷ ᠲᠦᠪᠰᠢᠨ᠎ᠤ ᠬᠠᠮᠢᠶᠠᠷᠤᠯᠲᠠ ᠵᠢᠨ ᠳᠦᠷᠢᠮ》᠂ 《ᠲᠡᠷᠭᠡᠨ ᠵᠣᠭᠰᠣᠭ᠋ᠠᠯ᠎ᠤᠨ ᠪᠦᠲᠦᠭᠡᠨ ᠪᠠᠢ᠌ᠭᠤᠯᠤᠯᠲᠠ ᠵᠢᠨ ᠬᠠᠮᠢᠶᠠᠷᠤᠯᠲᠠ ᠵᠢᠨ ᠳᠦᠷᠢᠮ》᠎ᠢ ᠲᠣᠭᠲᠠᠭ᠋ᠠᠬᠤ ᠵᠢ ᠠᠬᠢᠭᠤᠯᠵᠤ᠂  ᠪᠣᠬᠢᠷᠲᠤᠯ ᠦᠭᠡᠢ ᠠᠭᠤᠷᠬᠠᠢ ᠵᠢᠨ ᠪᠦᠲᠦᠭᠡᠨ ᠪᠠᠢ᠌ᠭᠤᠯᠤᠯᠲᠠ ᠵᠡᠷᠭᠡ 5 ᠣᠷᠣᠨ ᠨᠤᠲᠤᠭ᠎ᠤᠨ ᠴᠢᠨᠠᠷᠲᠠᠢ ᠬᠠᠤᠯᠢ ᠲᠣᠭᠲᠠᠭ᠋ᠠᠯ᠎ᠳᠤ ᠵᠠᠰᠠᠪᠤᠷᠢ ᠣᠷᠣᠭᠤᠯᠵᠤ᠂  ᠰᠠᠢ᠌ᠨ ᠬᠠᠤᠯᠢ᠎ᠪᠠᠷ ᠰᠠᠢ᠌ᠨ ᠵᠶ᠋ᠠᠷ ᠵᠠᠰᠠᠬᠤ ᠵᠢ   ᠠᠬᠢᠭᠤᠯᠵᠠᠢ᠃  ᠬᠠᠤᠯᠢ ᠶᠣᠰᠣᠭ᠋ᠠᠷ ᠰᠢᠢ᠍ᠳᠪᠦᠷᠢᠲᠦ ᠪᠣᠳᠣᠯᠭ᠎ᠠ ᠲᠣᠭᠲᠠᠭ᠋ᠠᠬᠤ ᠵᠢ  ᠴᠢᠩᠭ᠋ᠠᠳᠬᠠᠪᠠ᠃  ᠴᠢᠬᠤᠯᠠ ᠶᠡᠬᠡ ᠵᠠᠰᠠᠭ ᠵᠠᠬᠢᠷᠭ᠋ᠠᠨ᠎ᠤ ᠰᠢᠢ᠍ᠳᠪᠦᠷᠢᠲᠦ ᠪᠣᠳᠣᠯᠭ᠎ᠠ ᠵᠢ ᠮᠥᠷᠳᠡᠨ ᠦᠨᠡᠯᠡᠨ ᠵᠢᠱ᠌ᠢᠬᠦ᠂  ᠣᠯᠠᠨ ᠨᠡᠶ᠋ᠢᠲᠡ᠎ᠪᠠᠷ ᠵᠶ᠋ᠡᠨ ᠣᠷᠣᠯᠴᠠᠬᠤ ᠵᠡᠷᠭᠡ ᠬᠠᠮᠢᠶᠠᠷᠤᠯᠲᠠ ᠵᠢᠨ ᠠᠷᠭ᠎ᠠ ᠵᠢ ᠳᠠᠷᠤᠮᠠᠯᠯᠠᠨ ᠲᠠᠷᠬᠠᠭ᠋ᠠᠵᠤ ᠬᠡᠷᠡᠭᠵᠢᠭᠦᠯᠦᠨ᠂  ᠵᠢᠷᠤᠮᠵᠢᠯ᠎ᠤᠨ ᠴᠢᠨᠠᠷᠲᠠᠢ ᠪᠢᠴᠢᠭ ᠮᠠᠲ᠋ᠧᠷᠢᠶᠠᠯ᠎ᠤᠨ ᠬᠠᠤᠯᠢ ᠶᠣᠰᠣᠴᠢ ᠴᠢᠨᠠᠷ᠎ᠤᠨ ᠬᠢᠨᠠᠨ ᠬᠠᠷᠭᠤᠭᠤᠯᠤᠯᠲᠠ ᠵᠢ ᠴᠢᠩᠭ᠎ᠠ ᠥᠷᠨᠢᠭᠦᠯᠵᠦ᠂  ᠴᠢᠬᠤᠯᠠ ᠶᠡᠬᠡ ᠵᠠᠰᠠᠭ ᠵᠠᠬᠢᠷᠭ᠋ᠠᠨ᠎ᠤ ᠰᠢᠢ᠍ᠳᠪᠦᠷᠢᠲᠦ ᠪᠣᠳᠣᠯᠭ᠎ᠠ ᠵᠢᠨ ᠬᠠᠤᠯᠢ ᠴᠠᠭ᠋ᠠᠵᠠ ᠵᠢᠨ ᠵᠥᠪᠯᠡᠭᠴᠢ ᠵᠢᠨ ᠬᠠᠤᠯᠢ ᠬᠡᠷᠡᠭᠵᠢᠭᠦᠯᠬᠦ ᠬᠢᠨᠠᠯᠲᠠ ᠬᠠᠮᠢᠶᠠᠷᠤᠯᠲᠠ ᠵᠢ   ᠵᠢᠷᠤᠮᠵᠢᠭᠤᠯᠵᠠᠢ᠃ 《ᠠᠩᠬ᠎ᠠ ᠵᠥᠷᠢᠴᠡᠭᠰᠡᠨ᠎ᠢ ᠦᠯᠦ  ᠰᠢᠢ᠍ᠳᠬᠡᠬᠦ》  ᠲᠣᠭᠲᠠᠭ᠋ᠠᠯ ᠪᠠ 《ᠬᠣᠶᠠᠷ᠎ᠢ ᠬᠥᠩᠭᠡᠨ ᠨᠢᠭᠡ ᠵᠢ ᠬᠡᠯᠲᠦᠷᠢᠭᠦᠯᠬᠦ》  ᠲᠣᠳᠣᠷᠬᠠᠢ ᠬᠠᠭᠤᠳᠠᠰᠤ ᠵᠢᠨ ᠳᠦᠷᠢᠮ᠎ᠢ ᠪᠦᠬᠦ ᠲᠠᠯ᠎ᠠ᠎ᠪᠠᠷ ᠨᠠᠢ᠌ᠳᠠᠪᠤᠷᠢᠵᠢᠭᠤᠯᠵᠤ᠂  ᠵᠠᠰᠠᠭ ᠵᠠᠬᠢᠷᠭ᠋ᠠᠨ᠎ᠤ  ᠰᠢᠢ᠍ᠳᠬᠡᠯ᠎ᠢ ᠦᠯᠦ  ᠰᠢᠢ᠍ᠳᠬᠡᠬᠦ᠂  ᠬᠥᠩᠭᠡᠨ ᠵᠶ᠋ᠡᠷ  ᠰᠢᠢ᠍ᠳᠬᠡᠬᠦ᠂  ᠬᠥᠩᠭᠡᠷᠡᠭᠦᠯᠬᠦ᠂  ᠠᠯᠪᠠᠳᠠᠯᠭ᠎ᠠ ᠵᠢᠨ ᠠᠷᠭ᠎ᠠ ᠬᠡᠮᠵᠢᠶ᠎ᠡ᠎ᠠᠴᠠ ᠬᠡᠯᠲᠦᠷᠢᠭᠦᠯᠬᠦ 469 ᠵᠦᠢ᠍ᠯ᠎ᠤᠨ ᠵᠦᠢ᠍ᠯᠡᠰ᠎ᠢ ᠡᠮᠬᠢᠯᠡᠨ ᠨᠠᠢ᠌ᠳᠠᠪᠤᠷᠢᠵᠢᠭᠤᠯᠪᠠ᠃ 

      ᠥᠭᠡᠷᠡᠴᠢᠯᠡᠯᠲᠡ ᠬᠢᠵᠦ ᠰᠢᠨ᠎ᠡ ᠵᠢ ᠡᠭᠦᠳᠬᠦ ᠵᠢ ᠭᠦᠨᠵᠡᠭᠡᠢ᠌ᠷᠡᠭᠦᠯᠦᠨ᠂  ᠬᠠᠤᠯᠢ᠎ᠪᠠᠷ ᠵᠠᠰᠠᠬᠤ ᠵᠠᠰᠠᠭ᠎ᠤᠨ ᠣᠷᠳᠣᠨ᠎ᠤ ᠪᠠᠢ᠌ᠭᠤᠯᠤᠯᠲᠠ ᠵᠢᠨ 《ᠬᠠᠯᠠᠭᠤᠨ ᠳᠤᠯᠠᠭ᠋ᠠᠨ》᠎ᠢ  ᠢᠯᠡᠷᠡᠭᠦᠯᠵᠡᠢ᠃  ᠬᠠᠤᠯᠢ᠎ᠪᠠᠷ ᠵᠠᠰᠠᠬᠤ ᠪᠠᠢ᠌ᠳᠠᠯ᠎ᠤᠨ ᠳᠣᠣᠷ᠎ᠠ ᠥᠭᠡᠷᠡᠴᠢᠯᠡᠯᠲᠡ ᠵᠢ ᠲᠦᠯᠬᠢᠨ ᠠᠬᠢᠭᠤᠯᠬᠤ ᠵᠢ ᠪᠠᠷᠢᠮᠲᠠᠯᠠᠵᠤ᠂  ᠥᠭᠡᠷᠡᠴᠢᠯᠡᠯᠲᠡ ᠵᠢᠨ ᠳᠤᠮᠳᠠ ᠬᠠᠤᠯᠢ᠎ᠪᠠᠷ ᠵᠠᠰᠠᠬᠤ ᠵᠢ  ᠲᠡᠭᠦᠯᠳᠡᠷᠵᠢᠭᠦᠯᠵᠡᠢ᠃ 《ᠦᠨᠡᠨᠴᠢ ᠢᠲᠡᠭᠡᠮᠵᠢᠲᠡᠢ᠎ᠪᠠᠷ ᠬᠣᠲᠠ ᠵᠢ ᠳᠤᠯᠠᠭ᠋ᠠᠯᠠᠬᠤ》  ᠨᠠᠷᠠᠲᠤ ᠲᠥᠷᠥᠯ ᠲᠡᠮᠳᠡᠭᠲᠦ ᠵᠢ ᠬᠦᠴᠦᠯᠡᠨ ᠪᠣᠶ  ᠪᠣᠯᠭ᠋ᠠᠵᠠᠢ᠃  ᠦᠨᠡᠨᠴᠢ ᠢᠲᠡᠭᠡᠮᠵᠢ ᠵᠢᠨ ᠪᠠᠢ᠌ᠭᠤᠯᠤᠯᠲᠠ ᠵᠢᠨ ᠢᠨᠵᠧᠨᠧᠷᠢᠩ᠎ᠲᠠᠢ ᠤᠶᠠᠯᠳᠤᠭᠤᠯᠤᠨ᠂  ᠵᠠᠰᠠᠭ᠎ᠤᠨ ᠣᠷᠳᠣᠨ᠎ᠤ ᠢᠲᠡᠭᠡᠯ ᠠᠯᠳᠠᠭᠰᠠᠨ ᠠᠵᠢᠯᠯᠠᠭ᠎ᠠ ᠵᠢ  ᠶᠡᠬᠡ᠎ᠪᠠᠷ ᠵᠢᠭᠰᠠᠭ᠋ᠠᠨ ᠪᠠᠢ᠌ᠴᠠᠭ᠋ᠠᠵᠤ ᠶᠡᠬᠡ᠎ᠪᠠᠷ ᠡᠬᠢᠯᠡᠯᠲᠡ᠎ᠲᠠᠢ ᠪᠣᠯᠭ᠋ᠠᠬᠤ ᠪᠠ ᠭᠣᠣᠯᠳᠠᠯᠭ᠎ᠠ᠎ᠲᠠᠢ ᠬᠦᠷᠢᠶ᠎ᠡ ᠴᠠᠷᠠᠭ᠎ᠠ ᠵᠢᠨ ᠢᠲᠡᠭᠡᠯ ᠠᠯᠳᠠᠭᠰᠠᠨ ᠠᠵᠢᠯᠯᠠᠭ᠎ᠠ ᠵᠢ ᠴᠡᠭᠴᠡᠯᠡᠨ ᠵᠠᠰᠠᠬᠤ᠂  ᠭᠦᠢ᠍ᠴᠡᠳᠬᠡᠬᠦ ᠪᠣᠭᠣᠮᠲᠠ ᠰᠢᠪᠲᠤᠯᠬᠤ ᠭᠤᠷᠪᠠᠨ ᠶᠡᠬᠡ ᠠᠵᠢᠯᠯᠠᠭ᠎ᠠ ᠵᠢ ᠲᠥᠪᠯᠡᠷᠡᠭᠦᠯᠦᠨ ᠥᠷᠨᠢᠭᠦᠯᠵᠦ᠂  ᠠᠵᠤ ᠠᠬᠤᠢ᠌ᠯᠠᠯ᠎ᠳᠤ ᠥᠷᠢᠲᠦᠵᠦ ᠪᠠᠢ᠌ᠭ᠎ᠠ ᠵᠥᠷᠢᠯᠳᠦᠭᠡᠨ ᠦᠭᠡᠢ ᠲᠠᠩᠰᠠᠨ ᠵᠣᠭᠣᠰ᠎ᠢ ᠬᠥᠳᠡᠯᠦᠩᠭᠦᠢ᠎ᠪᠠᠷ ᠴᠡᠪᠡᠷᠯᠡᠬᠦ ᠵᠢ  ᠪᠠᠲᠤᠯᠠᠵᠠᠢ᠃ 《ᠢᠲᠡᠭᠡᠮᠵᠢ +》  ᠬᠡᠷᠡᠭᠯᠡᠭᠡᠨ᠎ᠤ ᠪᠠᠢ᠌ᠳᠠᠯ᠎ᠢ ᠪᠠᠶᠠᠯᠢᠭᠵᠢᠭᠤᠯᠤᠨ ᠥᠷᠭᠡᠳᠬᠡᠵᠦ᠂  ᠬᠣᠲᠠ ᠵᠢᠨ ᠢᠲᠡᠭᠡᠮᠵᠢ ᠵᠢᠨ ᠬᠢᠨᠠᠨ ᠬᠡᠮᠵᠢᠯᠲᠡ ᠵᠢᠨ ᠨᠡᠷᠡᠰ᠎ᠤᠨ ᠵᠢᠭᠰᠠᠭ᠋ᠠᠯᠲᠠ ᠪᠥᠬᠥ ᠤᠯᠤᠰ᠎ᠤᠨ 23 ᠳ᠋ᠤᠭ᠋ᠠᠷ᠎ᠲᠤ ᠣᠷᠣᠪᠠ᠃  ᠲᠡᠷᠢᠭᠦᠨ ᠵᠡᠷᠭᠡ ᠵᠢᠨ ᠵᠠᠰᠠᠭ᠎ᠤᠨ ᠶᠠᠪᠤᠳᠠᠯ᠎ᠤᠨ ᠣᠷᠴᠢᠨ ᠨᠥᠬᠥᠴᠡᠯ᠎ᠢ ᠬᠦᠴᠦᠯᠡᠨ ᠡᠵᠡᠩᠨᠡᠯᠲᠡ ᠵᠢᠨ ᠣᠷᠴᠢᠨ ᠲᠣᠭᠣᠷᠢᠨ᠎ᠢ ᠰᠢᠯᠢᠳᠡᠭᠵᠢᠭᠦᠯᠬᠦ 5.0 ᠬᠡᠪᠯᠡᠯ᠎ᠢ ᠲᠠᠬᠢᠨ ᠳᠠᠪᠲᠠᠨ ᠨᠡᠢ᠌ᠲᠡᠯᠡᠵᠦ᠂  ᠬᠤᠳᠠ ᠵᠢ ᠳᠤᠯᠠᠭ᠋ᠠᠯᠠᠬᠤ 《ᠰᠢᠨ᠎ᠡ ᠬᠤᠳᠠ ᠵᠢᠨ ᠠᠷᠠᠳ》 0477 ᠰᠢᠷᠢᠰ ᠠᠷᠭ᠎ᠠ ᠬᠡᠮᠵᠢᠶ᠎ᠡ ᠵᠢ ᠨᠡᠢ᠌ᠲᠡᠯᠡᠵᠦ᠂ 《AI ᠤᠷᠢᠳᠴᠢᠯᠠᠨ ᠬᠢᠨᠠᠬᠤ + ᠬᠥᠮᠥᠨ᠎ᠤ ᠬᠦᠴᠦ᠎ᠪᠠᠷ ᠲᠠᠬᠢᠨ ᠬᠢᠨᠠᠬᠤ》 ᠵᠡᠷᠭᠡ ᠬᠢᠨᠠᠨ ᠵᠥᠪᠰᠢᠶᠡᠷᠡᠬᠦ ᠰᠢᠨ᠎ᠡ ᠵᠠᠭᠪᠤᠷ᠎ᠢ ᠬᠡᠷᠡᠭᠵᠢᠭᠦᠯᠵᠦ᠂  ᠪᠦᠬᠦ ᠣᠷᠣᠨ᠎ᠤ ᠠᠩᠬᠠᠳᠠᠭᠴᠢ 《ᠭᠡᠷᠡᠴᠢᠯᠡᠯ ᠦᠭᠡᠢ ᠬᠤᠳᠠ》 ᠵᠢᠨ ᠲᠤᠷᠰᠢᠯᠲᠠ ᠵᠢ ᠡᠭᠦᠳᠦᠨ ᠪᠠᠢ᠌ᠭᠤᠯᠵᠤ᠂  ᠲᠥᠪ᠎ᠤᠨ ᠬᠠᠤᠯᠢ ᠶᠣᠰᠣᠭ᠋ᠠᠷ ᠤᠯᠤᠰ ᠵᠶ᠋ᠠᠨ ᠵᠠᠰᠠᠬᠤ ᠠᠯᠪᠠᠨ ᠭᠡᠷ᠎ᠤᠨ 《ᠬᠣᠲᠠ ᠰᠢᠶᠠᠨ᠎ᠤ ᠬᠠᠤᠯᠢᠵᠢᠯ᠎ᠤᠨ ᠪᠠᠢ᠌ᠭᠤᠯᠤᠯᠲᠠ ᠵᠢᠨ ᠬᠡᠷᠡᠭ᠎ᠤᠨ ᠵᠢᠱ᠌ᠢᠶ᠎ᠡ ᠵᠢᠨ ᠰᠣᠩᠭᠣᠮᠠᠯ》᠎ᠳᠤ ᠰᠣᠩᠭᠣᠭᠳᠠᠪᠠ᠃ 《ᠨᠢᠭᠤᠷ ᠵᠣᠯᠭ᠋ᠠᠬᠤ ᠦᠭᠡᠢ᠎ᠪᠠᠷ ᠳᠠᠭ᠋ᠠᠭ᠋ᠠᠴᠢᠯᠠᠯᠲᠠ ᠨᠡᠢ᠌ᠲᠡᠯᠡᠬᠦ》  ᠰᠢᠰᠲ᠋ᠧᠮ᠎ᠢ ᠤᠷᠢᠳᠠᠪᠠᠷ ᠨᠡᠭᠡᠭᠡᠨ ᠠᠵᠢᠯᠯᠠᠭᠤᠯᠵᠤ᠂ 《ᠵᠠᠰᠠᠭ᠎ᠤᠨ ᠶᠠᠪᠤᠳᠠᠯ᠎ᠤᠨ ᠲᠣᠭ᠎ᠠ ᠪᠠᠷᠢᠮᠲᠠ ᠵᠢ ᠬᠠᠮᠵᠢᠯᠴᠠᠨ ᠬᠢᠨᠠᠨ ᠵᠥᠪᠰᠢᠶᠡᠷᠡᠬᠦ ᠬᠠᠮᠢᠶᠠᠷᠤᠯᠲᠠ ᠵᠢᠨ ᠲᠠᠪᠴᠠᠩ ᠵᠶ᠋ᠠᠷ ᠠᠵᠤ ᠠᠬᠤᠢ᠌ᠯᠠᠯ᠎ᠳᠤ ᠠᠰᠢᠭ ᠬᠦᠷᠲᠡᠭᠡᠵᠦ ᠠᠷᠠᠳ᠎ᠲᠤ ᠠᠰᠢᠭ ᠬᠦᠷᠲᠡᠭᠡᠬᠦ ᠵᠢ ᠳᠡᠮᠵᠢᠬᠦ》  ᠵᠢ ᠪᠥᠬᠥ ᠤᠯᠤᠰ᠎ᠤᠨ ᠲᠣᠭ᠋ᠠᠴᠢᠯᠠᠭᠰᠠᠨ ᠵᠠᠰᠠᠭ᠎ᠤᠨ ᠣᠷᠳᠣᠨ᠎ᠤ ᠰᠢᠨ᠎ᠡ ᠵᠢ ᠡᠭᠦᠳᠦᠭᠰᠡᠨ ᠦᠷ᠎ᠡ ᠪᠦᠲᠦᠭᠡᠯ ᠪᠠ ᠦᠢ᠍ᠯᠡᠳᠦᠯᠭᠡ ᠵᠢᠨ ᠬᠡᠷᠡᠭ᠎ᠤᠨ ᠵᠢᠱ᠌ᠢᠶ᠎ᠡ᠎ᠪᠠᠷ ᠰᠣᠩᠭᠣᠪᠠ᠃ 

      ᠴᠢᠳᠠᠪᠤᠷᠢ ᠵᠢᠨ ᠳᠡᠭᠡᠭᠰᠢᠯᠡᠯᠲᠡ ᠵᠢ ᠴᠢᠩᠭ᠋ᠠᠳᠬᠠᠵᠤ᠂  ᠬᠠᠤᠯᠢ᠎ᠪᠠᠷ ᠵᠠᠰᠠᠬᠤ ᠵᠠᠰᠠᠭ᠎ᠤᠨ ᠣᠷᠳᠣᠨ᠎ᠤ ᠪᠠᠢ᠌ᠭᠤᠯᠤᠯᠲᠠ ᠵᠢᠨ 《ᠠᠰᠢᠭᠯᠠᠮᠵᠢ》 ᠵᠢ  ᠴᠢᠩᠭ᠋ᠠᠳᠬᠠᠵᠠᠢ᠃  ᠡᠬᠢ ᠡᠭᠦᠰᠦᠯ᠎ᠠᠴᠠ᠎ᠨᠢ ᠵᠠᠰᠠᠬᠤ ᠴᠢᠳᠠᠪᠤᠷᠢ ᠵᠢ   ᠳᠡᠭᠡᠭᠰᠢᠯᠡᠭᠦᠯᠵᠡᠢ᠃  ᠵᠠᠬᠢᠳᠠᠯ ᠰᠣᠷᠪᠤᠯᠵᠢᠯᠠᠭ᠎ᠠ ᠵᠢ ᠣᠷᠣᠯᠠᠨ ᠰᠢᠢ᠍ᠳᠪᠦᠷᠢᠯᠡᠬᠦ ᠳᠦᠷᠢᠮ᠂ 《ᠭᠤᠷᠪᠠᠨ ᠬᠤᠪᠢ᠎ᠪᠠᠷ ᠰᠣᠷᠣᠨ ᠨᠠᠭ᠋ᠠᠯᠳᠤᠭᠤᠯᠬᠤ ᠠᠷᠭ᠎ᠠ》᠂ 《ᠤᠯᠠᠨ ᠦᠨᠡᠯᠡᠯᠲᠡ ᠬᠢᠬᠦ》  ᠵᠡᠷᠭᠡ ᠵᠠᠰᠠᠯᠲᠠ ᠵᠢᠨ ᠵᠠᠭᠪᠤᠷ᠎ᠢ ᠳᠡᠯᠭᠡᠷᠡᠭᠦᠯᠵᠦ᠂ 《ᠬᠤᠪᠢ ᠬᠤᠷᠠᠮᠳᠤᠭᠤᠯᠬᠤ ᠳᠦᠷᠢᠮ᠎ᠤᠨ ᠦᠨᠳᠦᠰᠦᠨ ᠱᠠᠲᠤᠨ᠎ᠤ ᠨᠡᠢ᠌ᠭᠡᠮ᠎ᠤᠨ ᠵᠠᠰᠠᠯᠲᠠ ᠵᠢᠨ ᠲᠣᠭ᠋ᠠᠨ᠎ᠤ ᠲᠠᠪᠴᠠᠩ᠎ᠤᠨ ᠪᠠᠢ᠌ᠭᠤᠯᠤᠯᠲᠠ ᠵᠢᠨ ᠵᠢᠷᠤᠮᠵᠢᠯ》᠂ 《ᠵᠥᠷᠢᠴᠡᠯ ᠵᠢᠭᠤᠷᠠᠯᠳᠤᠭ᠋ᠠᠨ᠎ᠢ ᠲᠡᠰ ᠬᠤᠪᠢᠶᠠᠨ ᠲᠦᠷᠦᠯ ᠬᠤᠪᠢᠶᠠᠵᠤ ᠤᠯᠠᠨ ᠡᠰᠢᠵᠢᠭᠦᠯᠦᠨ ᠰᠢᠢ᠍ᠳᠪᠦᠷᠢᠯᠡᠬᠦ ᠵᠢᠷᠤᠮᠵᠢᠯ》  ᠵᠡᠷᠭᠡ ᠣᠷᠣᠨ ᠨᠤᠲᠤᠭ᠎ᠤᠨ ᠪᠠᠷᠢᠮᠵᠢᠶ᠎ᠠ ᠵᠢ ᠨᠡᠢ᠌ᠲᠡᠯᠡᠵᠦ᠂  ᠵᠥᠷᠢᠴᠡᠯ ᠵᠢᠭᠤᠷᠠᠯᠳᠤᠭ᠋ᠠᠨ᠎ᠢ ᠡᠶᠡᠳᠡᠭᠦᠯᠦᠭᠰᠡᠨ ᠨᠤᠷᠮ᠎ᠠ 99.3%  ᠪᠣᠯᠵᠤ᠂  ᠵᠠᠬᠢᠳᠠᠯ ᠰᠣᠷᠪᠤᠯᠵᠢᠯᠠᠭ᠎ᠠ ᠵᠢᠨ ᠶᠡᠷᠦᠩᠬᠡᠢ ᠬᠡᠮᠵᠢᠶ᠎ᠡ 39.9% ᠎ᠪᠠᠷ ᠪᠠᠭᠤᠷᠠᠪᠠ᠃  ᠬᠠᠤᠯᠢ ᠴᠠᠭ᠋ᠠᠵᠠ ᠵᠢᠨ ᠦᠢ᠍ᠯᠡᠴᠢᠯᠡᠬᠦ ᠴᠢᠳᠠᠪᠤᠷᠢ ᠵᠢ  ᠳᠡᠭᠡᠭᠰᠢᠯᠡᠭᠦᠯᠵᠡᠢ᠃ 《ᠣᠷᠳᠣᠰ᠎ᠤᠨ ᠬᠠᠤᠯᠢ ᠴᠠᠭ᠋ᠠᠵᠠ ᠵᠢᠨ ᠮᠡᠳᠡᠯᠭᠡ ᠵᠢ ᠲᠦᠭᠡᠮᠡᠯᠵᠢᠭᠦᠯᠬᠦ

ᠬᠣᠯᠪᠣᠭ᠎ᠠ》 ᠵᠢ ᠥᠷᠨᠢᠭᠦᠯᠵᠦ᠂  ᠬᠣᠲᠠ ᠵᠢ ᠳᠤᠯᠠᠭ᠋ᠠᠯᠠᠬᠤ ᠨᠡᠶ᠋ᠢᠲᠡ ᠵᠢᠨ ᠠᠰᠠᠷᠠᠮᠵᠢ ᠵᠢᠨ ᠬᠠᠤᠯᠢ ᠴᠠᠭ᠋ᠠᠵᠠ ᠵᠢᠨ ᠦᠢ᠍ᠯᠡᠴᠢᠯᠡᠭᠡᠨ᠎ᠤ ᠠᠵᠢᠯᠯᠠᠭ᠎ᠠ ᠵᠢ ᠬᠡᠷᠡᠭᠵᠢᠭᠦᠯᠦᠨ᠂  ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠵᠢ ᠨᠡᠢ᠌ᠯᠡᠭᠦᠯᠦᠭᠰᠡᠨ 《30 ᠮᠢᠨᠦ᠋ᠲ᠎ᠤᠨ ᠣᠯᠠᠨ ᠨᠡᠶ᠋ᠢᠲᠡ ᠵᠢᠨ ᠬᠠᠤᠯᠢ ᠴᠠᠭ᠋ᠠᠵᠠ ᠵᠢᠨ ᠦᠢ᠍ᠯᠡᠴᠢᠯᠡᠭᠡᠨ᠎ᠤ ᠲᠣᠭᠣᠷᠢᠭ》᠎ᠢ ᠪᠠᠢ᠌ᠭᠤᠯᠵᠤ᠂  ᠬᠠᠤᠯᠢ ᠴᠠᠭ᠋ᠠᠵᠠ ᠵᠢᠨ ᠲᠤᠰᠠᠯᠠᠮᠵᠢ ᠵᠢᠨ ᠬᠡᠷᠡᠭ᠎ᠢ 1949 ᠰᠢᠢ᠍ᠳᠪᠦᠷᠢᠯᠡᠵᠦ᠂  ᠬᠠᠤᠯᠢ ᠴᠠᠭ᠋ᠠᠵᠠ ᠵᠢᠨ ᠲᠤᠰᠠᠯᠠᠮᠵᠢ ᠵᠢᠨ 3 ᠬᠡᠷᠡᠭ᠎ᠢ ᠬᠠᠤᠯᠢ ᠴᠠᠭ᠋ᠠᠵᠠ ᠵᠢᠨ ᠶᠠᠮᠤᠨ ᠎ᠠᠴᠠ ᠰᠢᠯᠢᠳᠡᠭ ᠬᠡᠷᠡᠭ ᠵᠶ᠋ᠡᠷ ᠦᠨᠡᠯᠡᠪᠡ᠃  ᠬᠠᠤᠯᠢ ᠬᠡᠷᠡᠭᠵᠢᠭᠦᠯᠬᠦ ᠡᠩᠨᠡᠭᠡᠨ᠎ᠤ ᠴᠢᠳᠠᠪᠤᠷᠢ ᠵᠢ  ᠳᠡᠭᠡᠭᠰᠢᠯᠡᠭᠦᠯᠵᠡᠢ᠃  ᠶᠡᠷᠦᠩᠬᠡᠢ᠌ᠯᠡᠭᠰᠡᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠥᠭᠡᠷᠡᠴᠢᠯᠡᠯᠲᠡ ᠵᠢ ᠭᠦᠨᠵᠡᠭᠡᠢ᠌ᠷᠡᠭᠦᠯᠵᠦ᠂  ᠰᠤᠮᠤ ᠰᠢᠶᠠᠩ ᠪᠠᠯᠭ᠋ᠠᠰᠤ ᠵᠡᠭᠡᠯᠢ ᠭᠤᠳᠤᠮᠵᠢ ᠵᠢᠨ ᠶᠡᠷᠦᠩᠬᠡᠢ᠌ᠯᠡᠭᠰᠡᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠦᠯᠲᠡ᠎ᠳᠤ ᠬᠢᠨᠠᠯᠲᠠ ᠲᠠᠯᠪᠢᠬᠤ ᠵᠢ ᠪᠦᠬᠦᠨ᠎ᠢ ᠬᠠᠮᠤᠷᠬᠤ ᠵᠢ   ᠪᠡᠶᠡᠯᠡᠭᠦᠯᠵᠡᠢ᠃  ᠠᠵᠢᠯᠲᠠᠨ᠎ᠤ ᠣᠷᠣᠬᠤ ᠵᠥᠪᠰᠢᠶᠡᠷᠡᠯ᠎ᠤᠨ ᠬᠠᠮᠢᠶᠠᠷᠤᠯᠲᠠ ᠵᠢ ᠴᠢᠩᠳᠠᠯᠠᠵᠤ᠂  ᠡᠯ᠎ᠡ ᠱᠠᠲᠤᠨ᠎ᠤ ᠬᠠᠤᠯᠢ  ᠴᠠᠭ᠋ᠠᠵᠠ ᠵᠢᠨ ᠪᠠᠢ᠌ᠭᠤᠯᠭ᠎ᠠ 41 ᠳᠡᠭᠡᠳᠦ ᠲᠡᠰ᠎ᠤᠨ ᠴᠢᠳᠠᠪᠤᠷᠢᠲᠠᠨ᠎ᠢ ᠣᠷᠣᠭᠤᠯᠤᠨ ᠠᠪᠴᠢᠷᠠᠵᠤ᠂ ᠲᠤᠰᠬᠠᠢ ᠮᠡᠷᠭᠡᠵᠢᠯ᠎ᠤᠨ ᠠᠵᠢᠯᠲᠠᠨ᠎ᠤ ᠡᠵᠡᠯᠡᠬᠦ ᠬᠠᠷᠢᠴᠠᠯ᠎ᠢ 40%  ᠪᠣᠯᠲᠠᠯ᠎ᠠ ᠳᠡᠭᠡᠭᠰᠢᠯᠡᠭᠦᠯᠪᠡ᠃ 

ᠢᠷᠡᠯᠲᠡ᠄ᠦᠪᠦᠷ ᠮᠤᠩᠭᠤᠯ᠎ᠤᠨ ᠦᠪᠡᠷᠲᠡᠭᠡᠨ ᠵᠠᠰᠠᠬᠤ ᠤᠷᠤᠨ᠎ᠤ ᠬᠠᠤᠯᠢ ᠴᠠᠭ᠋ᠠᠵᠠ ᠵᠢᠨ ᠲᠢᠩᠬᠢᠮ
          
ᠬᠠᠮᠢᠶ᠎ᠡ ᠪᠦᠬᠦᠢ ᠰᠣᠨᠢᠨ
 
            