ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠬᠠᠣᠯᠢ᠎ᠪᠠᠷ ᠵᠠᠰᠠᠬᠤ
ᠦᠢᠯᠡᠴᠢᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠬᠠᠣᠯᠢ᠎ᠪᠠᠷ ᠵᠠᠰᠠᠬᠤ   -   ᠬᠠᠣᠯᠢ᠎ᠪᠠᠷ ᠵᠠᠰᠠᠬᠤ ᠦᠪᠦᠷ ᠮᠣᠩᠭᠤᠯ
ᠬᠢᠩᠭ᠋ᠠᠨ ᠠᠢ᠌ᠮᠠᠭ᠄ ᠬᠠᠤᠯᠢᠵᠢᠯ᠎ᠤᠨ ᠵᠣᠷᠢᠭ ᠰᠠᠨᠠᠭ᠎ᠠ ᠵᠢ ᠪᠠᠷᠢᠮᠲᠠᠯᠠᠨ ᠬᠥᠭᠵᠢᠯᠲᠡ ᠵᠢᠨ ᠰᠠᠭᠤᠷᠢ ᠵᠢ ᠴᠣᠭᠴᠠᠯᠠᠵᠤ ᠡᠷᠡᠮᠡᠬᠡᠢ᠌ᠯᠡᠨ ᠤᠷᠤᠭᠰᠢᠯᠠᠵᠤ ᠬᠠᠤᠯᠢᠵᠢᠯ ᠬᠢᠩᠭ᠋ᠠᠨ ᠠᠢ᠌ᠮᠠᠭ᠎ᠤᠨ ᠰᠢᠨ᠎ᠡ ᠬᠠᠭᠤᠳᠠᠰᠤ ᠵᠢ ᠵᠢᠷᠤᠭᠯᠠᠨ᠎ᠠ
ᠨᠡᠶ᠋ᠢᠲᠡᠯᠡᠭᠰᠡᠨ ᠴᠠᠭ᠄ 2025-03-04

      2024 ᠣᠨ᠎ᠠᠴᠠ  ᠨᠠᠭ᠋ᠠᠰᠢ᠂  ᠬᠢᠩᠭ᠋ᠠᠨ ᠠᠢ᠌ᠮᠠᠭ᠎ᠤᠨ᠎ᠬᠢᠨ ᠢᠮᠠᠭᠲᠠ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠣᠳᠤᠯᠭ᠎ᠠ ᠪᠣᠯᠭ᠋ᠠᠬᠤ ᠵᠢ ᠪᠠᠷᠢᠮᠲᠠᠯᠠᠵᠤ᠂  ᠬᠠᠤᠯᠢᠵᠢᠯ᠎ᠤᠨ ᠵᠠᠰᠠᠭ᠎ᠤᠨ ᠣᠷᠳᠣᠨ᠎ᠤ ᠪᠠᠢ᠌ᠭᠤᠯᠤᠯᠲᠠ ᠵᠢᠨ ᠡᠯ᠎ᠡ ᠵᠦᠢ᠍ᠯ᠎ᠤᠨ ᠠᠵᠢᠯ᠎ᠢ ᠯᠠᠪᠳᠠᠭᠤᠨ ᠪᠠᠲᠤᠲᠠᠢ ᠠᠬᠢᠭᠤᠯᠵᠤ᠂  ᠵᠠᠰᠠᠭ ᠵᠠᠬᠢᠷᠭ᠋ᠠᠨ᠎ᠤ ᠰᠢᠢ᠍ᠳᠪᠦᠷᠢᠲᠦ ᠪᠣᠳᠣᠯᠭ᠎ᠠ ᠨᠡᠩ ᠬᠠᠤᠯᠢ ᠶᠣᠰᠣᠭ᠋ᠠᠷ ᠰᠢᠨᠵᠢᠯᠡᠬᠦ ᠤᠬᠠᠭ᠋ᠠᠨᠴᠢ ᠪᠣᠯᠵᠤ᠂  ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠲᠦᠪᠰᠢᠨ ᠲᠠᠰᠤᠷᠠᠯᠳᠡ ᠦᠭᠡᠢ ᠳᠡᠭᠡᠭᠰᠢᠯᠡᠵᠦ᠂  ᠬᠠᠤᠯᠢᠵᠢᠯ᠎ᠤᠨ ᠡᠵᠡᠩᠨᠡᠯᠲᠡ ᠵᠢᠨ ᠣᠷᠴᠢᠨ ᠲᠣᠭᠣᠷᠢᠨ ᠦᠷᠭᠦᠯᠵᠢᠯᠡᠨ ᠰᠢᠯᠢᠳᠡᠭᠵᠢᠵᠦ᠂  ᠨᠡᠢ᠌ᠭᠡᠮ᠎ᠤᠨ ᠬᠠᠤᠯᠢᠵᠢᠯ᠎ᠤᠨ ᠤᠬᠠᠮᠰᠠᠷ ᠦᠷᠭᠦᠯᠵᠢᠯᠡᠨ ᠴᠢᠩᠭ᠋ᠠᠷᠠᠵᠤ᠂  ᠬᠠᠤᠯᠢᠵᠢᠯ᠎ᠤᠨ ᠬᠢᠩᠭ᠋ᠠᠨ᠎ᠤ ᠰᠢᠨ᠎ᠡ ᠬᠠᠭᠤᠳᠠᠰᠤ ᠵᠢ ᠵᠢᠷᠤᠭᠯᠠᠵᠠᠢ᠃ 

      ᠭᠦᠨᠵᠡᠭᠡᠢ ᠰᠤᠷᠤᠯᠴᠠᠵᠤ ᠦᠨᠡᠨᠴᠢ ᠰᠢᠳᠤᠷᠭᠤ᠎ᠪᠠᠷ ᠬᠡᠷᠡᠭᠵᠢᠭᠦᠯᠬᠦ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠬᠠᠤᠯᠢᠵᠢᠯ᠎ᠤᠨ 《ᠰᠦᠭ ᠰᠦᠨᠡᠰᠦ》 ᠵᠢ ᠪᠠᠲᠤ ᠪᠤᠢ ᠪᠣᠯᠭ᠋ᠠᠵᠤ᠂  ᠨᠠᠮ᠎ᠤᠨ ᠬᠠᠤᠯᠢᠵᠢᠯ᠎ᠤᠨ ᠪᠠᠢ᠌ᠭᠤᠯᠤᠯᠲᠠ᠎ᠳᠠᠬᠢ ᠤᠳᠤᠷᠢᠳᠤᠯᠭ᠎ᠠ ᠵᠢ ᠪᠦᠬᠦ ᠲᠠᠯ᠎ᠠ᠎ᠪᠠᠷ ᠴᠢᠩᠭ᠋ᠠᠳᠬᠠᠪᠠ᠃  ᠠᠢ᠌ᠮᠠᠭ᠎ᠤᠨ ᠨᠠᠮ᠎ᠤᠨ ᠬᠣᠷᠢᠶ᠎ᠠ᠂  ᠵᠠᠬᠢᠷᠭ᠎ᠠ ᠵᠢᠨ ᠭᠣᠣᠯ ᠤᠳᠤᠷᠢᠳᠬᠤ ᠨᠥᠬᠥᠳ ᠬᠠᠤᠯᠢ᠎ᠪᠠᠷ ᠵᠠᠰᠠᠬᠤ ᠪᠠᠢ᠌ᠭᠤᠯᠤᠯᠲᠠ ᠵᠢᠨ ᠨᠢᠭᠡᠳᠦᠭᠡᠷ ᠬᠠᠷᠢᠭᠤᠴᠠᠯᠭ᠋ᠠᠲᠠᠨ᠎ᠤ ᠡᠭᠦᠷᠭᠡ ᠬᠠᠷᠢᠭᠤᠴᠠᠯᠭ᠎ᠠ᠎ᠪᠠᠨ ᠨᠠᠷᠢᠨ ᠬᠢᠨᠠᠮᠠᠭ᠋ᠠᠢ ᠭᠦᠢ᠍ᠴᠡᠳᠬᠡᠵᠦ᠂  ᠬᠤᠷᠠᠯ᠎ᠢ ᠡᠷᠭᠢᠯᠡᠨ ᠬᠤᠷᠠᠯᠳᠤᠭᠤᠯᠵᠤ ᠬᠠᠤᠯᠢ᠎ᠪᠠᠷ ᠵᠠᠰᠠᠬᠤ ᠪᠠᠢ᠌ᠭᠤᠯᠤᠯᠲᠠ ᠵᠢᠨ ᠠᠵᠢᠯ᠎ᠢ ᠰᠤᠳᠤᠯᠤᠨ ᠪᠠᠢ᠌ᠷᠢᠯᠠᠭᠤᠯᠵᠤ᠂ 7 ᠤᠳᠠᠭ᠎ᠠ ᠴᠣᠬᠣᠯᠠᠪᠤᠷᠢ ᠥᠭᠪᠡ᠃ 

ᠰᠢ ᠵᠢᠨ ᠫᠢᠩ᠎ᠤᠨ  ᠬᠠᠤᠯᠢᠵᠢᠯ᠎ᠤᠨ ᠦᠵᠡᠯ ᠰᠠᠨᠠᠭ᠎ᠠ ᠵᠢ ᠨᠠᠮ᠎ᠤᠨ ᠤᠳᠤᠷᠢᠳᠬᠤ ᠳᠤᠭᠤᠢ᠌ᠯᠠᠩ᠎ᠤᠨ ᠤᠨᠤᠯ᠎ᠤᠨ ᠭᠣᠣᠯ ᠳᠤᠭᠤᠢ᠌ᠯᠠᠩ᠎ᠤᠨ ᠲᠥᠯᠥᠪᠯᠡᠭᠡ ᠪᠠ ᠨᠠᠮ᠎ᠤᠨ ᠰᠤᠷᠭ᠋ᠠᠭᠤᠯᠢ ᠵᠢᠨ ᠭᠣᠣᠯ ᠴᠣᠭᠴᠠ ᠵᠢᠨ ᠠᠩᠭᠢ ᠵᠢᠨ ᠪᠣᠯᠪᠠᠰᠤᠷᠠᠯ᠎ᠤᠨ ᠠᠭᠤᠯᠭ᠎ᠠ᠎ᠳᠤ ᠣᠷᠣᠭᠤᠯᠵᠤ᠂ 19 ᠬᠤᠭᠤᠴᠠᠭ᠎ᠠ ᠪᠣᠯᠪᠠᠰᠤᠷᠠᠯ᠎ᠢ ᠡᠷᠬᠢᠯᠡᠪᠡ᠃ 《ᠦᠨᠳᠦᠰᠦᠲᠡᠨ᠎ᠤ ᠪᠦᠯᠬᠦᠮᠳᠡᠯ ᠬᠠᠤᠯᠢᠵᠢᠯ᠎ᠤᠨ ᠦᠢ᠍ᠯᠡᠴᠢᠯᠡᠭᠡᠨ᠎ᠤ ᠰᠢᠭᠤᠳ ᠨᠡᠪᠲᠡᠷᠡᠬᠦ ᠲᠡᠷᠭᠡ》 ᠵᠢᠨ ᠬᠠᠤᠯᠢ ᠲᠦᠭᠡᠮᠡᠯᠵᠢᠭᠦᠯᠬᠦ ᠤᠬᠠᠭᠤᠯᠭ᠎ᠠ ᠵᠢᠨ  ᠨᠡᠷᠡᠲᠦ ᠲᠦᠷᠦᠯ  ᠲᠡᠮᠳᠡᠭᠲᠦ ᠵᠢ ᠡᠭᠦᠳᠴᠦ᠂  ᠪᠦᠬᠦ ᠤᠯᠤᠰ᠎ᠤᠨ ᠬᠣᠶᠠᠳᠤᠭ᠋ᠠᠷ ᠬᠤᠭᠤᠴᠠᠭ᠋ᠠᠨ᠎ᠤ ᠬᠠᠤᠯᠢᠵᠢᠯ᠎ᠤᠨ ᠴᠠᠭ ᠦᠶ᠎ᠡ ᠵᠢᠨ ᠶᠠᠷᠢᠶᠠᠨ᠎ᠤ ᠲᠠᠪᠴᠠᠩ᠎ᠤᠨ ᠨᠡᠢ᠌ᠲᠡᠯᠢᠭ ᠵᠢᠱ᠌ᠢᠶ᠎ᠡ᠎ᠪᠠᠷ ᠦᠨᠡᠯᠡᠭᠳᠡᠪᠡ᠃ 《ᠰᠦᠯᠵᠢᠶᠡᠨ ᠳᠡᠭᠡᠷ᠎ᠡ》  ᠬᠠᠤᠯᠢ  ᠲᠦᠭᠡᠮᠡᠯᠵᠢᠭᠦᠯᠬᠦ ᠲᠠᠯ᠎ᠠ᠎ᠪᠠᠷ ᠰᠢᠨ᠎ᠡ ᠵᠢ ᠡᠭᠦᠳᠴᠦ᠂  ᠬᠠᠤᠯᠢ ᠴᠠᠭ᠋ᠠᠵᠠ ᠵᠢᠨ ᠮᠡᠳᠡᠯᠭᠡ ᠵᠢᠨ ᠥᠷᠢᠰᠦᠯᠳᠦᠨ ᠬᠠᠷᠢᠭᠤᠯᠬᠤ ᠤᠯᠠᠨ ᠨᠡᠶ᠋ᠢᠲᠡ ᠵᠢᠨ ᠲᠠᠪᠴᠠᠩ᠎ᠢ ᠪᠠᠢ᠌ᠭᠤᠯᠪᠠ᠃ 《ᠦᠨᠳᠦᠰᠦᠲᠡᠨ᠎ᠤ ᠲᠦᠷᠦ ᠵᠢᠨ ᠪᠣᠳᠣᠯᠭ᠎ᠠ ᠵᠢᠨ ᠤᠬᠠᠭᠤᠯᠭ᠎ᠠ ᠵᠢᠨ ᠰᠠᠷ᠎ᠠ》 ᠵᠡᠷᠭᠡ ᠠᠵᠢᠯᠯᠠᠭ᠎ᠠ ᠵᠢ 580 ᠭᠠᠷᠤᠢ ᠤᠳᠠᠭ᠎ᠠ ᠥᠷᠨᠢᠭᠦᠯᠵᠦ᠂  ᠬᠦᠯᠢᠶᠡᠨ ᠠᠪᠤᠭᠴᠢᠳ᠎ᠤᠨ ᠲᠣᠭ᠎ᠠ 15.7 ᠲᠦᠮᠡ ᠭᠠᠷᠤᠢ᠎ᠳᠤ ᠬᠦᠷᠴᠡᠢ᠃ 

      ᠬᠠᠤᠯᠢ ᠶᠣᠰᠣᠭ᠋ᠠᠷ ᠵᠠᠰᠠᠭ ᠶᠠᠪᠤᠭᠤᠯᠬᠤ᠎ᠳᠤ ᠠᠩᠬᠠᠷᠤᠯ ᠵᠶ᠋ᠠᠨ ᠲᠥᠪᠯᠡᠷᠡᠭᠦᠯᠵᠦ᠂  ᠬᠠᠤᠯᠢ᠎ᠪᠠᠷ ᠵᠠᠰᠠᠬᠤ ᠵᠢᠨ 《ᠦᠢ᠍ᠯᠡᠳᠦᠯ》᠎ᠢ ᠴᠢᠩᠭ᠋ᠠᠳᠬᠠᠵᠤ᠂  ᠵᠠᠰᠠᠭ᠎ᠤᠨ ᠣᠷᠳᠣᠨ᠎ᠤ ᠵᠠᠰᠠᠯᠲᠠ ᠵᠢᠨ ᠴᠢᠳᠠᠪᠤᠷᠢ ᠵᠢᠨ ᠬᠢᠷᠢ ᠲᠦᠪᠰᠢᠨ᠎ᠢ ᠲᠠᠰᠤᠷᠠᠯᠳᠠ ᠦᠭᠡᠢ ᠳᠡᠭᠡᠭᠰᠢᠯᠡᠭᠦᠯᠪᠡ᠃  ᠠᠢ᠌ᠮᠠᠭ᠎ᠤᠨ ᠲᠣᠰ ᠱᠠᠲᠤᠨ᠎ᠤ 6519 ᠵᠦᠢ᠍ᠯ᠎ᠤᠨ ᠡᠷᠬᠡ ᠬᠠᠷᠢᠭᠤᠴᠠᠯᠭ᠎ᠠ ᠵᠢᠨ ᠨᠠᠷᠢᠨ ᠲᠠᠩᠰᠠ ᠵᠢ ᠲᠣᠭᠲᠠᠭ᠋ᠠᠨ ᠲᠠᠷᠬᠠᠭ᠋ᠠᠵᠤ᠂  ᠦᠢ᠍ᠯᠡᠴᠢᠯᠡᠭᠡᠨ᠎ᠤ ᠵᠦᠢ᠍ᠯᠡᠰ᠎ᠢ ᠬᠡᠯᠡᠵᠦ ᠠᠮᠠᠯᠠᠭᠤᠯᠬᠤ ᠳᠦᠷᠢᠮ ᠪᠠ ᠭᠥᠯᠢᠶᠡᠨ ᠠᠪᠴᠤ ᠰᠢᠢ᠍ᠳᠪᠦᠷᠢᠯᠡᠬᠦ ᠦᠢ᠍ᠯᠡᠴᠢᠯᠡᠭᠡ ᠵᠢ ᠪᠠᠭᠲᠠᠭ᠋ᠠᠬᠤ ᠵᠢ ᠬᠡᠷᠡᠭᠵᠢᠭᠦᠯᠦᠨ᠂ 《ᠣᠷᠣᠨ ᠨᠤᠲᠤᠭ᠎ᠤᠨ ᠣᠨᠴᠠᠯᠢᠭ᠎ᠲᠠᠢ ᠨᠢᠭᠡ ᠶᠠᠪᠤᠳᠠᠯ》᠎ᠢ 3 ᠭᠠᠷᠭ᠋ᠠᠪᠠ᠃ 《ᠮᠤᠵᠢ ᠠᠯᠤᠰᠯᠠᠨ ᠨᠡᠢ᠌ᠳᠡᠮ ᠰᠢᠢ᠍ᠳᠪᠦᠷᠢᠯᠡᠬᠦ》  ᠵᠥᠪᠯᠡᠯᠴᠡᠭᠡᠷ ᠲᠣᠭᠲᠠᠵᠤ᠂  ᠬᠣᠶᠠᠷ ᠲᠠᠯ᠎ᠠ᠎ᠪᠠᠷ ᠵᠶ᠋ᠠᠨ ᠰᠢᠢ᠍ᠳᠪᠦᠷᠢᠯᠡᠵᠦ ᠪᠣᠯᠬᠤ 300 ᠭᠠᠷᠤᠢ ᠵᠦᠢ᠍ᠯᠡᠰ᠎ᠢ ᠪᠡᠶᠡᠯᠡᠭᠦᠯᠵᠦ᠂ 6 ᠲᠦᠮᠡ ᠭᠠᠷᠤᠢ ᠵᠦᠢ᠍ᠯ᠎ᠢ ᠰᠢᠢ᠍ᠳᠪᠦᠷᠢᠯᠡᠪᠡ᠃ 《ᠬᠤᠳᠠᠯᠳᠤᠭ᠎ᠠ ᠡᠵᠡᠩᠨᠡᠬᠦ ᠣᠷᠴᠢᠨ ᠨᠥᠬᠥᠴᠡᠯ᠎ᠢ ᠦᠷᠭᠦᠯᠵᠢᠯᠡᠨ ᠰᠢᠯᠢᠳᠡᠭᠵᠢᠭᠦᠯᠬᠦ ᠠᠵᠢᠯᠯᠠᠭ᠎ᠠ ᠵᠢᠨ ᠲᠥᠰᠥᠯ》᠎ᠢ ᠲᠣᠭᠲᠠᠭ᠋ᠠᠨ ᠲᠠᠷᠬᠠᠭ᠋ᠠᠵᠤ᠂ 6006 ᠡᠵᠡᠩᠨᠡᠯᠲᠡ ᠵᠢᠨ ᠪᠡᠶᠡᠴᠢ ᠴᠣᠭᠴᠠ᠎ᠳᠤ 《ᠢᠲᠡᠭᠡᠮᠵᠢ ᠵᠢᠨ ᠠᠶᠤᠯ ᠲᠦᠭᠰᠢᠭᠦᠷᠢ ᠵᠢ ᠲᠡᠰ ᠬᠤᠪᠢᠶᠠᠨ ᠲᠦᠷᠦᠯ ᠬᠤᠪᠢᠶᠠᠬᠤ》 + 《ᠬᠣᠶᠠᠷ᠎ᠢ ᠲᠣᠬᠢᠶᠠᠯᠳᠤᠯ ᠵᠶ᠋ᠠᠷ ᠬᠢᠬᠦ᠂  ᠨᠢᠭᠡ ᠵᠢ ᠢᠯᠡ ᠪᠣᠯᠭ᠋ᠠᠬᠤ》  ᠰᠠᠯᠠᠭ᠎ᠠ ᠮᠥᠴᠢᠷ᠎ᠢ ᠬᠠᠮᠲᠤᠷᠠᠨ ᠰᠤᠭᠤᠴᠢᠨ ᠪᠠᠢ᠌ᠴᠠᠭ᠋ᠠᠬᠤ ᠵᠢ ᠥᠷᠨᠢᠭᠦᠯᠪᠡ᠃  ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠶᠠᠰᠤ ᠴᠢᠨᠠᠷ᠎ᠢ ᠳᠡᠭᠡᠭᠰᠢᠯᠡᠭᠦᠯᠬᠦ ᠭᠤᠷᠪᠠᠨ ᠵᠢᠯ᠎ᠤᠨ ᠠᠵᠢᠯᠯᠠᠭ᠎ᠠ ᠵᠢ ᠥᠷᠨᠢᠭᠦᠯᠵᠦ᠂ 《ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠦᠭᠰᠡᠨ ᠨᠡᠢ᠌ᠲᠡᠯᠢᠭ ᠬᠡᠷᠡᠭ᠎ᠤᠨ ᠵᠢᠱ᠌ᠢᠶ᠎ᠡ ᠵᠢᠨ ᠡᠮᠬᠢᠳᠬᠡᠯ》᠎ᠢ ᠨᠠᠢ᠌ᠷᠠᠭᠤᠯᠤᠨ ᠬᠡᠪᠯᠡᠭᠦᠯᠬᠦ ᠲᠠᠯ᠎ᠠ᠎ᠪᠠᠷ ᠰᠢᠨ᠎ᠡ ᠵᠢ ᠡᠭᠦᠳᠪᠡ᠃ 《ᠬᠠᠤᠯᠢ ᠪᠠᠷᠢᠬᠤ  ᠴᠠᠭ᠋ᠠᠵᠠ ᠵᠢᠨ ᠵᠠᠬᠢᠷᠭ᠋ᠠᠨ᠎ᠤ ᠬᠢᠨᠠᠯᠲᠠ +》 ᠠᠵᠢᠯ᠎ᠤᠨ ᠵᠠᠭᠪᠤᠷ᠎ᠤᠨ ᠲᠠᠯ᠎ᠠ᠎ᠪᠠᠷ ᠰᠢᠨ᠎ᠡ ᠵᠢ ᠡᠭᠦᠳᠴᠦ᠂  ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠦᠯᠲᠡ ᠵᠢᠨ 《ᠬᠣᠶᠠᠷ᠎ᠢ ᠦᠨᠡᠯᠡᠬᠦ》  ᠠᠵᠢᠯ᠎ᠢ ᠥᠷᠨᠢᠭᠦᠯᠪᠡ᠃ 《ᠬᠢᠩᠭ᠋ᠠᠨ ᠠᠢ᠌ᠮᠠᠭ᠎ᠤᠨ ᠦᠨᠡᠨᠴᠢ ᠢᠲᠡᠭᠡᠮᠵᠢ ᠵᠢᠨ ᠪᠠᠢ᠌ᠭᠤᠯᠤᠯᠲᠠ ᠵᠢᠨ ᠢᠨᠵᠧᠨᠧᠷᠢᠩ᠎ᠤᠨ ᠬᠡᠷᠡᠭᠵᠢᠭᠦᠯᠬᠦ

ᠲᠥᠰᠥᠯ》᠎ᠢ ᠲᠣᠭᠲᠠᠭ᠋ᠠᠨ ᠲᠠᠷᠬᠠᠭ᠋ᠠᠵᠤ᠂ 6 ᠵᠦᠢ᠍ᠯ᠎ᠤᠨ ᠭᠣᠣᠯᠳᠠᠯᠭ᠎ᠠ᠎ᠲᠠᠢ ᠠᠷᠭ᠎ᠠ ᠬᠡᠮᠵᠢᠶ᠎ᠡ᠎ᠳᠤ ᠰᠢᠨ᠎ᠡ ᠵᠢ  ᠡᠭᠦᠳᠴᠡᠢ᠃  ᠠᠯᠪᠠᠨ ᠲᠤᠰᠢᠶᠠᠯᠲᠠᠨ᠎ᠤ ᠢᠲᠡᠭᠡᠮᠵᠢ ᠵᠢᠨ ᠲᠠᠩᠰᠠ ᠡᠪᠬᠡᠮᠡᠯ᠎ᠢ ᠪᠠᠢ᠌ᠭᠤᠯᠵᠤ᠂  ᠠᠯᠪᠠᠨ ᠲᠤᠰᠢᠶᠠᠯᠲᠠᠨ᠎ᠤ ᠢᠲᠡᠭᠡᠮᠵᠢ ᠵᠢ ᠬᠠᠷᠭᠤᠭᠤᠯᠤᠨ ᠪᠠᠢ᠌ᠴᠠᠭ᠋ᠠᠭᠰᠠᠨ ᠦᠷ᠎ᠡ ᠳ᠋ᠦᠩ᠎ᠢ ᠡᠯᠰᠡᠨ ᠬᠡᠷᠡᠭᠯᠡᠬᠦ᠂  ᠰᠢᠯᠭ᠋ᠠᠨ ᠬᠢᠨᠠᠬᠤ᠂  ᠰᠢᠯᠢᠨ ᠳᠡᠪᠰᠢᠭᠦᠯᠵᠦ ᠬᠡᠷᠡᠭᠯᠡᠬᠦ ᠵᠢᠨ ᠴᠢᠬᠤᠯᠠ ᠦᠨᠳᠦᠰᠦᠯᠡᠯ   ᠪᠣᠯᠭ᠋ᠠᠵᠠᠢ᠃ 

      ᠰᠢᠨᠵᠢᠯᠡᠬᠦ ᠤᠬᠠᠭ᠋ᠠᠨᠴᠢ᠎ᠪᠠᠷ ᠰᠢᠢ᠍ᠳᠪᠦᠷᠢᠲᠦ ᠪᠣᠳᠣᠯᠭ᠎ᠠ ᠲᠣᠭᠲᠠᠭ᠋ᠠᠬᠤ᠎ᠳᠤ ᠠᠩᠬᠠᠷᠤᠯ ᠵᠶ᠋ᠠᠨ ᠲᠥᠪᠯᠡᠷᠡᠭᠦᠯᠵᠦ᠂  ᠬᠠᠤᠯᠢ᠎ᠪᠠᠷ ᠵᠠᠰᠠᠬᠤ ᠵᠢᠨ 《ᠬᠦᠴᠦᠨ》᠎ᠢ ᠲᠥᠪᠯᠡᠷᠡᠭᠦᠯᠦᠨ᠂  ᠠᠵᠤ ᠠᠬᠤᠢ ᠵᠢᠨ ᠬᠥᠭᠵᠢᠯᠲᠡ ᠵᠢ ᠨᠡᠩ ᠬᠦᠴᠦᠲᠡᠢ ᠪᠣᠯᠭ᠋ᠠᠬᠤ᠎ᠳᠤ ᠦᠢ᠍ᠯᠡᠴᠢᠯᠡᠵᠦ  ᠪᠠᠲᠤᠯᠠᠵᠠᠢ᠃  ᠪᠥᠬᠥ ᠤᠯᠤᠰ᠂  ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠲᠠᠢ ᠬᠠᠮᠵᠢᠯᠴᠠᠨ ᠬᠠᠤᠯᠢ ᠲᠣᠭᠲᠠᠭ᠋ᠠᠬᠤ ᠪᠠᠢ᠌ᠴᠠᠭ᠋ᠠᠨ ᠰᠤᠳᠤᠯᠤᠯᠲᠠ ᠵᠢ 3 ᠤᠳᠠᠭ᠎ᠠ ᠥᠷᠨᠢᠭᠦᠯᠵᠦ᠂  ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠤᠨ ᠰᠠᠨᠠᠭᠤᠯᠭ᠎ᠠ ᠵᠢ 70 ᠭᠠᠷᠤᠢ ᠵᠤᠷᠪᠤᠰ ᠴᠤᠭᠯᠠᠭᠤᠯᠪᠠ᠃  ᠬᠣᠷᠴᠢᠨ ᠪᠠᠷᠠᠭᠤᠨ ᠭᠠᠷᠤᠨ ᠡᠮᠦᠨᠡᠲᠦ ᠬᠣᠰᠢᠭᠤᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠢ᠌ᠩᠭᠤ ᠵᠢᠨ ᠬᠣᠷᠢᠶ᠎ᠠ ᠵᠢ ᠪᠥᠬᠥ ᠣᠷᠣᠨ᠎ᠤ ᠴᠣᠷ᠎ᠤᠨ ᠭᠠᠭᠴᠠ ᠬᠣᠰᠢᠭᠤ ᠰᠢᠶᠠᠨ᠎ᠤ ᠱᠠᠲᠤᠨ᠎ᠤ ᠪᠥᠬᠥ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ  ᠦᠨᠳᠦᠰᠦᠨ ᠱᠠᠲᠤᠨ᠎ᠤ ᠬᠠᠤᠯᠢ ᠲᠣᠭᠲᠠᠭ᠋ᠠᠬᠤ ᠬᠣᠯᠪᠣᠭ᠋ᠠᠨ᠎ᠤ ᠴᠡᠭ ᠲᠣᠭᠲᠠᠭ᠋ᠠᠵᠠᠢ᠃  ᠴᠢᠬᠤᠯᠠ ᠶᠡᠬᠡ ᠵᠠᠰᠠᠭ ᠵᠠᠬᠢᠷᠭ᠋ᠠᠨ᠎ᠤ ᠰᠢᠢ᠍ᠳᠪᠦᠷᠢᠲᠦ ᠪᠣᠳᠣᠯᠭ᠎ᠠ ᠵᠢᠨ

ᠬᠠᠤᠯᠢ᠎ᠪᠠᠷ ᠲᠣᠭᠲᠠᠭ᠋ᠠᠭᠰᠠᠨ ᠲᠠᠰ ᠳᠠᠷᠠᠭ᠋ᠠᠯᠠᠯ᠎ᠢ ᠴᠢᠩᠭ᠎ᠠ ᠭᠦᠢ᠍ᠴᠡᠳᠬᠡᠵᠦ᠂  ᠠᠢ᠌ᠮᠠᠭ ᠬᠣᠰᠢᠭᠤ ᠬᠣᠶᠠᠷ ᠱᠠᠲᠤᠨ᠎ᠤ ᠵᠠᠰᠠᠭ᠎ᠤᠨ ᠣᠷᠳᠣᠨ 19 ᠬᠤᠪᠢ ᠴᠢᠬᠤᠯᠠ ᠶᠡᠬᠡ ᠵᠠᠰᠠᠭ ᠵᠠᠬᠢᠷᠭ᠋ᠠᠨ᠎ᠤ ᠰᠢᠢ᠍ᠳᠪᠦᠷᠢᠲᠦ ᠪᠣᠳᠣᠯᠭ᠎ᠠ ᠲᠣᠭᠲᠠᠭ᠋ᠠᠪᠠ᠃  ᠬᠠᠤᠯᠢᠴᠢ ᠵᠢᠨ ᠠᠵᠢᠯ ᠲᠦᠷᠦᠯ᠎ᠤᠨ 《ᠬᠣᠶᠠᠷ᠎ᠢ ᠠᠳᠬᠤᠵᠤ ᠬᠣᠶᠠᠷ᠎ᠢ ᠬᠣᠯᠪᠣᠭ᠋ᠠᠯᠠᠵᠤ ᠬᠣᠶᠠᠷ᠎ᠢ ᠠᠬᠢᠭᠤᠯᠵᠤ ᠬᠣᠶᠠᠷ᠎ᠢ ᠳᠡᠭᠡᠭᠰᠢᠯᠡᠭᠦᠯᠬᠦ》  ᠠᠵᠢᠯᠯᠠᠭ᠎ᠠ ᠵᠢ ᠰᠢᠨ᠎ᠡ ᠵᠢ ᠡᠭᠦᠳᠦᠨ ᠥᠷᠨᠢᠭᠦᠯᠵᠦ᠂  ᠬᠠᠤᠯᠢ ᠴᠠᠭ᠋ᠠᠵᠠ ᠵᠢᠨ ᠵᠥᠪᠯᠡᠭᠴᠢ ᠵᠢᠨ 《ᠪᠦᠯᠬᠦᠮ ᠪᠠᠢ᠌ᠭᠤᠯᠤᠨ ᠦᠢ᠍ᠯᠡᠴᠢᠯᠡᠬᠦ》  ᠵᠠᠭᠪᠤᠷ᠎ᠢ ᠬᠡᠷᠡᠭᠵᠢᠭᠦᠯᠵᠦ᠂ 749 ᠬᠠᠤᠯᠢ ᠴᠠᠭ᠋ᠠᠵᠠ ᠵᠢᠨ ᠰᠠᠨᠠᠯ ᠬᠠᠩᠭ᠋ᠠᠵᠤ᠂ 1175 ᠬᠤᠪᠢ ᠭᠡᠷ᠎ᠡ ᠵᠢ ᠬᠢᠨᠠᠨ ᠪᠠᠢ᠌ᠴᠠᠭ᠋ᠠᠪᠠ᠃  ᠪᠥᠬᠥ ᠠᠢ᠌ᠮᠠᠭ᠎ᠤᠨ ᠵᠢᠷᠤᠮᠵᠢᠯ᠎ᠤᠨ ᠴᠢᠨᠠᠷᠲᠠᠢ ᠪᠢᠴᠢᠭ ᠮᠠᠲ᠋ᠧᠷᠢᠶᠠᠯ᠎ᠤᠨ ᠳ᠋ᠠᠢ᠌ᠲ᠋ᠠ ᠵᠢᠨ ᠬᠥᠮᠥᠷᠭᠡ ᠵᠢ ᠪᠠᠢ᠌ᠭᠤᠯᠵᠤ᠂  ᠪᠥᠬᠥ ᠣᠷᠣᠨ᠎ᠤ ᠬᠠᠤᠯᠢ ᠲᠣᠭᠲᠠᠭ᠋ᠠᠯ ᠳᠦᠷᠢᠮ ᠲᠣᠭᠲᠠᠭ᠋ᠠᠯ᠎ᠤᠨ ᠵᠢᠷᠤᠮᠵᠢᠯ᠎ᠤᠨ ᠴᠢᠨᠠᠷᠲᠠᠢ ᠪᠢᠴᠢᠭ ᠮᠠᠲ᠋ᠧᠷᠢᠶᠠᠯ᠎ᠤᠨ ᠳ᠋ᠠᠢ᠌ᠲ᠋ᠠ ᠵᠢᠨ ᠬᠥᠮᠥᠷᠭᠡ᠎ᠳᠤ 126 ᠬᠤᠪᠢ ᠵᠢᠷᠤᠮᠵᠢᠯ᠎ᠤᠨ ᠴᠢᠨᠠᠷᠲᠠᠢ ᠪᠢᠴᠢᠭ ᠮᠠᠲ᠋ᠧᠷᠢᠶᠠᠯ᠎ᠢ ᠪᠢᠴᠢᠵᠦ ᠣᠷᠣᠭᠤᠯᠤᠨ᠂  ᠴᠠᠭ ᠲᠤᠬᠠᠢ᠎ᠳᠤᠨᠢ ᠮᠡᠳᠡᠭᠦᠯᠦᠨ ᠳᠠᠩᠰᠠᠯᠠᠭᠤᠯᠤᠭᠰᠠᠨ ᠨᠣᠷᠮ᠎ᠠ ᠪᠠ ᠵᠢᠷᠤᠮᠵᠢᠭᠤᠯᠤᠭᠰᠠᠨ ᠨᠣᠷᠮ᠎ᠠ ᠵᠢ ᠴᠥᠮ 100%᠎ᠳᠤ  ᠬᠦᠷᠴᠡᠢ᠃  ᠵᠢᠷᠤᠮᠵᠢᠯ᠎ᠤᠨ ᠴᠢᠨᠠᠷᠲᠠᠢ ᠪᠢᠴᠢᠭ  ᠮᠠᠲ᠋ᠧᠷᠢᠶᠠᠯ᠎ᠢ 8 ᠤᠳᠠᠭ᠎ᠠ ᠲᠤᠰᠬᠠᠢ ᠵᠦᠢ᠍ᠯ  ᠵᠢᠡᠷ ᠢᠯᠭ᠋ᠠᠷᠠᠭᠤᠯᠬᠤ ᠠᠵᠢᠯ᠎ᠢ ᠥᠷᠨᠢᠭᠦᠯᠵᠦ᠂ 62 ᠬᠤᠪᠢ ᠪᠢᠴᠢᠭ  ᠮᠠᠲ᠋ᠧᠷᠢᠶᠠᠯ᠎ᠢ ᠬᠦᠴᠦᠨ ᠦᠭᠡᠢ ᠪᠣᠯᠭ᠋ᠠᠭᠰᠠᠨ᠎ᠢ ᠨᠡᠢ᠌ᠲᠡᠯᠡᠪᠡ᠃ 

      ᠠᠷᠠᠳ᠎ᠤᠨ ᠲᠥᠯᠥᠭᠡ ᠵᠢᠳᠬᠦᠬᠦ ᠰᠡᠳᠬᠢᠯᠭᠡ᠎ᠳᠤ ᠠᠩᠬᠠᠷᠤᠯ ᠵᠶ᠋ᠠᠨ ᠲᠥᠪᠯᠡᠷᠡᠭᠦᠯᠵᠦ᠂  ᠬᠠᠤᠯᠢ᠎ᠪᠠᠷ ᠵᠠᠰᠠᠬᠤ ᠵᠢᠨ 《ᠰᠠᠭᠤᠷᠢ》 ᠵᠢ ᠪᠠᠲᠤᠳᠬᠠᠵᠤ᠂  ᠬᠠᠤᠯᠢ᠎ᠪᠠᠷ ᠵᠠᠰᠠᠬᠤ ᠨᠡᠢ᠌ᠭᠡᠮ᠎ᠤᠨ ᠪᠠᠢ᠌ᠭᠤᠯᠤᠯᠲᠠ ᠵᠢᠨ ᠰᠠᠭᠤᠷᠢ ᠵᠢ ᠪᠦᠲᠦᠮᠵᠢᠲᠡᠶ᠎ᠪᠠᠷ ᠪᠡᠬᠢᠵᠢᠭᠦᠯᠪᠡ᠃ 《ᠳᠥᠷᠪᠡᠨ ᠭᠠᠵᠠᠷ ᠨᠢᠭᠡ ᠲᠢᠩᠬᠢᠮ + N》᠎ᠤᠨ ᠬᠣᠯᠪᠤᠭ᠋ᠠᠯᠠᠨ ᠬᠥᠳᠡᠯᠦᠯᠴᠡᠬᠦ ᠪᠠ ᠠᠷᠠᠳ᠎ᠤᠨ ᠡᠶᠡᠳᠡᠭᠦᠯᠦᠭᠴᠢ ᠵᠢᠨ ᠬᠤᠪᠢ ᠬᠤᠷᠠᠮᠳᠤᠭᠤᠯᠬᠤ ᠳᠦᠷᠢᠮ᠎ᠤᠨ ᠬᠠᠮᠢᠶᠠᠷᠤᠯᠲᠠ ᠵᠢᠨ ᠠᠷᠭ᠎ᠠ ᠵᠢ ᠰᠢᠨ᠎ᠡ᠎ᠪᠠᠷ ᠡᠭᠦᠳᠦᠨ ᠬᠡᠷᠡᠭᠵᠢᠭᠦᠯᠵᠦ᠂  ᠪᠥᠬᠥ ᠣᠷᠣᠨ᠎ᠤ ᠠᠩᠬᠠᠳᠠᠭᠴᠢ ᠬᠠᠤᠯᠢ ᠴᠠᠭ᠋ᠠᠵᠠ ᠵᠢᠨ ᠲᠤᠰᠠᠯᠠᠮᠵᠢ ᠵᠢᠨ ᠭᠣᠣᠯ ᠰᠡᠳᠦᠪᠲᠦ ᠴᠡᠴᠡᠷᠯᠢᠭ᠎ᠢ  ᠪᠠᠢ᠌ᠭᠤᠯᠵᠠᠢ᠃  ᠷᠠᠰᠢᠶᠠᠨ ᠬᠣᠲᠠ ᠵᠢᠨ ᠢᠷᠱ᠌ᠢ ᠵᠢᠨ ᠬᠢᠯᠢ ᠵᠢᠨ ᠲᠣᠮᠢᠯᠠᠭᠰᠠᠨ ᠰᠠᠯᠪᠤᠷᠢ᠎ᠨᠢ ᠪᠥᠬᠥ ᠤᠯᠤᠰ᠎ᠤᠨ ᠭᠤᠷᠪᠠᠳᠤᠭ᠋ᠠᠷ ᠪᠦᠯᠦᠭ᠎ᠤᠨ 《ᠹᠸᠩᠴᠢᠶᠤᠤ ᠮᠠᠶᠢᠭ᠎ᠤᠨ ᠳᠣᠲᠣᠭ᠋ᠠᠳᠤ ᠵᠢ ᠬᠠᠮᠠᠭ᠋ᠠᠯᠠᠬᠤ ᠲᠣᠮᠢᠯᠠᠭᠰᠠᠨ ᠰᠠᠯᠪᠤᠷᠢ》᠎ᠪᠠᠷ ᠦᠨᠡᠯᠡᠭᠳᠡᠪᠡ᠃  ᠪᠥᠬᠥ ᠠᠢ᠌ᠮᠠᠭ᠎ᠤᠨ ᠵᠠᠰᠠᠭ ᠵᠠᠬᠢᠷᠭ᠋ᠠᠨ ᠵᠶ᠋ᠠᠷ ᠳᠠᠬᠢᠨ  ᠵᠥᠪᠯᠡᠬᠦ ᠪᠠ ᠵᠠᠷᠭᠤ ᠬᠦᠯᠢᠶᠡᠬᠦ ᠠᠵᠢᠯ᠎ᠤᠨ ᠴᠠᠭ᠋ᠠᠨ ᠭᠠᠳᠠᠷᠲᠤ ᠪᠢᠴᠢᠭ᠎ᠢ ᠦᠢ᠍ᠯᠡᠳᠦᠨ ᠲᠠᠷᠬᠠᠭ᠋ᠠᠵᠤ᠂  ᠵᠠᠰᠠᠭ ᠵᠠᠬᠢᠷᠭ᠋ᠠᠨ ᠵᠶ᠋ᠠᠷ ᠳᠠᠬᠢᠨ  ᠵᠥᠪᠯᠡᠬᠦ 1 ᠬᠡᠷᠡᠭ᠎ᠢ ᠬᠠᠤᠯᠢ ᠴᠠᠭ᠋ᠠᠵᠠ ᠵᠢᠨ ᠶᠠᠮᠤᠨ᠎ᠤ ᠨᠢᠭᠡᠳᠦᠭᠡᠷ ᠪᠦᠯᠦᠭ᠎ᠤᠨ ᠨᠡᠢ᠌ᠲᠡᠯᠢᠭ ᠬᠡᠷᠡᠭ᠎ᠤᠨ ᠵᠢᠱ᠌ᠢᠶ᠎ᠡ᠎ᠪᠠᠷ ᠰᠣᠩᠭᠣᠭᠰᠠᠨ ᠪᠥᠭᠡᠳ ᠬᠠᠤᠯᠢ ᠴᠠᠭ᠋ᠠᠵᠠ ᠵᠢᠨ ᠪᠢᠴᠢᠭ ᠬᠠᠷ᠎ᠠ ᠵᠢᠨ ᠭᠤᠷᠪᠠᠳᠤᠭ᠋ᠠᠷ ᠳᠡᠰ᠎ᠤᠨ ᠱᠠᠩᠨᠠᠯ ᠭᠥᠷᠳᠡᠵᠦ᠂  ᠪᠥᠬᠥ ᠣᠷᠣᠨ᠎ᠤ ᠴᠣᠷ᠎ᠤᠨ ᠭᠠᠭᠴᠠ ᠰᠣᠩᠭᠣᠭᠳᠠᠭᠰᠠᠨ ᠬᠡᠷᠡᠭ ᠪᠣᠯᠭ᠋ᠠᠪᠠ᠃ 《ᠭᠤᠷᠪᠠᠨ ᠦᠵᠦᠭᠦᠷ ᠵᠶ᠋ᠡᠷ ᠬᠦᠴᠦᠯᠡᠬᠦ》  ᠠᠵᠢᠯ᠎ᠤᠨ ᠠᠷᠭ᠎ᠠ ᠵᠢᠨ ᠰᠢᠨ᠎ᠡ ᠵᠢ ᠡᠭᠦᠳᠴᠦ᠂  ᠪᠥᠬᠥ ᠠᠢ᠌ᠮᠠᠭ᠎ᠤᠨ ᠰᠢᠭᠦᠯᠲᠡ᠎ᠳᠤ ᠣᠷᠣᠯᠴᠠᠨ ᠵᠠᠷᠭᠤ ᠬᠦᠯᠢᠶᠡᠭᠰᠡᠨ ᠨᠣᠷᠮ᠎ᠠ ᠬᠣᠶᠠᠷ ᠵᠢᠯ ᠳᠠᠷᠠᠭ᠋ᠠᠯᠠᠨ 100% ᠵᠢ ᠪᠠᠲᠤᠯᠠᠵᠤ᠂ 《12345 + N》  ᠣᠷᠣᠯᠠᠨ ᠭᠦᠢ᠍ᠴᠡᠳᠬᠡᠬᠦ ᠦᠢ᠍ᠯᠡᠴᠢᠯᠡᠭᠡᠨ᠎ᠤ ᠵᠠᠭᠪᠤᠷ᠎ᠢ ᠪᠠᠢ᠌ᠭᠤᠯᠤᠨ᠂  ᠵᠠᠬᠢᠳᠠᠯ ᠰᠣᠷᠪᠤᠯᠵᠢᠯᠠᠭ᠎ᠠ ᠵᠢᠨ ᠠᠵᠢᠯ᠎ᠤᠨ ᠬᠠᠤᠯᠢ᠎ᠪᠠᠷ ᠵᠠᠰᠠᠬᠤ ᠵᠢ ᠪᠥᠬᠥ ᠲᠠᠯ᠎ᠠ᠎ᠪᠠᠷ ᠠᠬᠢᠭᠤᠯᠪᠠ᠃

ᠢᠷᠡᠯᠲᠡ᠄ᠦᠪᠦᠷ ᠮᠤᠩᠭᠤᠯ᠎ᠤᠨ ᠦᠪᠡᠷᠲᠡᠭᠡᠨ ᠵᠠᠰᠠᠬᠤ ᠤᠷᠤᠨ᠎ᠤ ᠬᠠᠤᠯᠢ ᠴᠠᠭ᠋ᠠᠵᠠ ᠵᠢᠨ ᠲᠢᠩᠬᠢᠮ
          
ᠬᠠᠮᠢᠶ᠎ᠡ ᠪᠦᠬᠦᠢ ᠰᠣᠨᠢᠨ
 
            