2024 ᠣᠨ᠎ᠳᠤ᠂ ᠠᠯᠠᠱ᠌ᠠ ᠠᠢ᠌ᠮᠠᠭ ᠨᠠᠮ᠎ᠤᠨ ᠬᠣᠷᠢᠳᠤᠭ᠋ᠠᠷ ᠶᠡᠬᠡ ᠬᠤᠷᠠᠯ ᠪᠣᠯᠣᠨ ᠬᠣᠷᠢᠳᠤᠭ᠋ᠠᠷ ᠬᠤᠭᠤᠴᠠᠭ᠋ᠠᠨ᠎ᠤ ᠲᠥᠪ ᠬᠣᠷᠢᠶᠠᠨ᠎ᠤ ᠭᠤᠷᠪᠠᠳᠤᠭ᠋ᠠᠷ ᠪᠦᠬᠦᠳᠡ ᠬᠤᠷᠠᠯ᠎ᠤᠨ ᠵᠣᠷᠢᠭ ᠰᠠᠨᠠᠭ᠎ᠠ ᠵᠢ ᠨᠠᠷᠢᠨ ᠬᠢᠨᠠᠮᠠᠭ᠋ᠠᠢ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ ᠰᠢ ᠵᠢᠨ ᠫᠢᠩ᠎ᠤᠨ ᠬᠠᠤᠯᠢᠵᠢᠯ᠎ᠤᠨ ᠦᠵᠡᠯ ᠰᠠᠨᠠᠭ᠎ᠠ ᠵᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠬᠠᠤᠯᠢᠵᠢᠯ᠎ᠤᠨ ᠰᠠᠭᠤᠷᠢ ᠵᠢ ᠴᠣᠭᠴᠠᠯᠠᠵᠤ᠂ ᠬᠠᠤᠯᠢᠵᠢᠯ᠎ᠤᠨ ᠬᠦᠴᠦᠨ᠎ᠢ ᠪᠠᠳᠠᠷᠠᠭᠤᠯᠵᠤ᠂ ᠬᠠᠤᠯᠢᠵᠢᠯ᠎ᠤᠨ ᠬᠦᠴᠦᠨ᠎ᠢ ᠬᠤᠷᠠᠮᠳᠤᠭᠤᠯᠵᠤ᠂ ᠪᠦᠬᠦ ᠠᠢ᠌ᠮᠠᠭ᠎ᠤᠨ ᠬᠠᠤᠯᠢ ᠴᠠᠭ᠋ᠠᠵᠠ ᠵᠢᠨ ᠵᠠᠰᠠᠭ ᠵᠠᠬᠢᠷᠭ᠋ᠠᠨ᠎ᠤ ᠪᠠᠢ᠌ᠭᠤᠯᠭ᠎ᠠ ᠵᠢᠨ᠎ᠬᠢᠨ ᠬᠠᠷᠠᠯᠲᠠ ᠵᠢᠨ ᠴᠢᠭᠯᠡᠯ ᠵᠶ᠋ᠡᠷ ᠬᠦᠴᠦᠯᠡᠵᠦ᠂ ᠶᠡᠬᠡ ᠲᠠᠯ᠎ᠠ᠎ᠳᠤ ᠦᠢ᠍ᠯᠡᠴᠢᠯᠡᠵᠦ᠂ ᠠᠯᠠᠱ᠌ᠠ ᠵᠢᠨ ᠬᠠᠤᠯᠢᠵᠢᠯ᠎ᠤᠨ ᠵᠠᠰᠠᠭ᠎ᠤᠨ ᠣᠷᠳᠣᠨ᠎ᠤ ᠪᠠᠢ᠌ᠭᠤᠯᠤᠯᠲᠠ ᠵᠢᠨ ᠰᠢᠨ᠎ᠡ ᠬᠠᠭᠤᠳᠠᠰᠤ ᠵᠢ ᠵᠢᠷᠤᠭᠯᠠᠬᠤ᠎ᠪᠠᠷ ᠬᠦᠴᠦᠯᠡᠨ ᠴᠢᠷᠮᠠᠢ᠌ᠪᠠ᠃
ᠨᠢᠭᠡ᠂ 《ᠨᠢᠭᠲᠠᠷᠠᠯ᠎ᠤᠨ ᠬᠦᠴᠦᠨ》᠎ᠢ ᠰᠠᠢ᠌ᠲᠤᠷ ᠰᠤᠷᠤᠯᠴᠠᠨ ᠦᠢ᠍ᠯᠡᠳᠦᠯᠭᠡᠵᠢᠭᠦᠯᠵᠦ᠂ ᠰᠢ ᠵᠢᠨ ᠫᠢᠩ᠎ᠤᠨ ᠬᠠᠤᠯᠢᠵᠢᠯ᠎ᠤᠨ ᠦᠵᠡᠯ ᠰᠠᠨᠠᠭ᠎ᠠ᠎ᠪᠠᠷ ᠵᠢᠯᠣᠭᠣᠳᠤᠭᠤᠯᠵᠤ 《ᠰᠢᠨ᠎ᠡ ᠬᠠᠭᠤᠳᠠᠰᠤ ᠵᠢ ᠡᠷᠢᠯᠬᠢᠯᠡᠬᠦ》 ᠵᠢ ᠦᠢ᠍ᠯᠡᠳᠦᠯᠭᠡᠵᠢᠭᠦᠯᠵᠡᠢ᠃ ᠵᠣᠬᠢᠶᠠᠨ ᠪᠠᠢ᠌ᠭᠤᠯᠵᠤ ᠤᠳᠤᠷᠢᠳᠬᠤ᠎ᠳᠤ ᠠᠩᠬᠠᠷᠤᠯ ᠵᠶ᠋ᠠᠨ ᠲᠥᠪᠯᠡᠷᠡᠭᠦᠯᠵᠡᠢ᠃ ᠨᠠᠮ᠎ᠤᠨ ᠤᠳᠤᠷᠢᠳᠤᠯᠭ᠎ᠠ ᠵᠢ ᠬᠠᠤᠯᠢ᠎ᠪᠠᠷ ᠵᠠᠰᠠᠬᠤ ᠵᠠᠰᠠᠭ᠎ᠤᠨ ᠣᠷᠳᠣᠨ᠎ᠤ ᠪᠠᠢ᠌ᠭᠤᠯᠤᠯᠲᠠ ᠵᠢᠨ ᠪᠦᠬᠦ ᠶᠠᠪᠤᠴᠠ ᠵᠢᠨ ᠡᠯ᠎ᠡ ᠲᠠᠯ᠎ᠠ᠎ᠳᠤ ᠲᠤᠭᠤᠰᠢᠯᠠᠭᠤᠯᠬᠤ ᠵᠢ ᠪᠠᠷᠢᠮᠲᠠᠯᠠᠵᠤ᠂ ᠰᠢ ᠵᠢᠨ ᠫᠢᠩ᠎ᠤᠨ ᠬᠠᠤᠯᠢ᠎ᠪᠠᠷ ᠵᠠᠰᠠᠬᠤ ᠦᠵᠡᠯ ᠰᠠᠨᠠᠭ᠎ᠠ ᠵᠢ ᠬᠠᠤᠯᠢ᠎ᠪᠠᠷ ᠵᠠᠰᠠᠬᠤ ᠵᠠᠰᠠᠭ᠎ᠤᠨ ᠣᠷᠳᠣᠨ᠎ᠤ ᠪᠠᠢ᠌ᠭᠤᠯᠤᠯᠲᠠ ᠵᠢᠨ ᠠᠵᠢᠯ᠎ᠤᠨ ᠲᠥᠯᠥᠪᠯᠡᠭᠡ᠎ᠳᠤ ᠣᠷᠣᠭᠤᠯᠵᠤ᠂ ᠲᠤᠰᠬᠠᠢ ᠰᠡᠳᠦᠪᠲᠦ ᠬᠠᠪᠰᠤᠷᠤᠨ ᠵᠢᠯᠤᠭᠣᠳᠬᠤ ᠠᠩᠭᠢ᠂ ᠰᠤᠳᠤᠯᠤᠨ ᠶᠠᠷᠢᠯᠴᠠᠬᠤ ᠠᠩᠭᠢ᠂ ᠭᠣᠣᠯ ᠰᠡᠳᠦᠪᠲᠦ ᠨᠠᠮ᠎ᠤᠨ ᠬᠢᠴᠢᠶᠡᠯ ᠵᠡᠷᠭᠡ ᠵᠢ 150 ᠭᠠᠷᠤᠢ ᠲᠠᠯᠠᠪᠤᠷ ᠤᠳᠠᠭ᠎ᠠ ᠥᠷᠨᠢᠭᠦᠯᠪᠡ᠃ 《ᠵᠠᠩᠭᠢᠯᠠᠭ᠎ᠠ ᠵᠢᠨ ᠴᠥᠭᠡᠨ ᠲᠣᠭ᠋ᠠᠲᠠᠨ》᠎ᠳᠤ ᠠᠩᠬᠠᠷᠤᠯ ᠵᠶ᠋ᠠᠨ ᠲᠥᠪᠯᠡᠷᠡᠭᠦᠯᠵᠡᠢ᠃ ᠤᠳᠤᠷᠢᠳᠬᠤ ᠺᠠᠳ᠋ᠷ᠎ᠢ ᠲᠤᠰᠢᠶᠠᠯ᠎ᠳᠤ ᠲᠣᠮᠢᠯᠠᠬᠤ᠎ᠠᠴᠠ ᠡᠮᠦᠨᠡᠬᠢ ᠬᠠᠤᠯᠢ ᠴᠠᠭ᠋ᠠᠵᠠ ᠵᠢᠨ ᠮᠡᠳᠡᠯᠭᠡ ᠵᠢᠨ ᠰᠢᠯᠭ᠋ᠠᠯᠲᠠ ᠵᠢᠨ ᠠᠵᠢᠯ᠎ᠢ ᠪᠦᠬᠦ ᠲᠠᠯ᠎ᠠ᠎ᠪᠠᠷ ᠶᠠᠪᠤᠭᠤᠯᠵᠤ᠂ ᠭᠠᠵᠠᠷ᠎ᠤᠨ ᠲᠡᠰ᠎ᠲᠤ ᠳᠡᠪᠰᠢᠭᠦᠯᠦᠨ ᠲᠣᠮᠢᠯᠠᠬᠤ (ᠳᠡᠪᠰᠢᠭᠦᠯᠬᠦ)᠎ᠪᠠᠷ ᠪᠠᠢ᠌ᠭ᠎ᠠ 203 ᠬᠥᠮᠥᠨ᠂ ᠰᠠᠯᠠᠭ᠎ᠠ ᠲᠡᠰ᠎ᠤᠨ 914 ᠤᠳᠤᠷᠢᠳᠬᠤ ᠺᠠᠳ᠋ᠷ ᠲᠤᠰᠢᠶᠠᠯ᠎ᠳᠤ ᠲᠣᠮᠢᠯᠠᠬᠤ᠎ᠠᠴᠠ ᠡᠮᠦᠨᠡᠬᠢ 《ᠬᠠᠤᠯᠢ ᠴᠠᠭ᠋ᠠᠵᠠ ᠵᠢᠨ ᠰᠢᠯᠭ᠋ᠠᠯᠲᠠ》᠎ᠪᠠᠷ ᠳᠠᠮᠵᠢᠭ᠋ᠠᠳ ᠰᠢᠨ᠎ᠡ ᠠᠵᠢᠯ᠎ᠤᠨ ᠪᠠᠢ᠌ᠷᠢ᠎ᠳᠤ ᠭᠠᠷᠪᠠ᠃ ᠡᠭᠦᠷᠭᠡ ᠵᠢ ᠨᠠᠢ᠌ᠳᠠᠪᠤᠷᠢᠵᠢᠭᠤᠯᠬᠤ ᠳᠡᠭᠡᠷ᠎ᠡ ᠠᠩᠬᠠᠷᠤᠯ ᠵᠶ᠋ᠠᠨ ᠲᠥᠪᠯᠡᠷᠡᠭᠦᠯᠪᠡ᠃ ᠬᠠᠤᠯᠢᠵᠢᠯ᠎ᠤᠨ ᠪᠠᠢ᠌ᠭᠤᠯᠤᠯᠲᠠ ᠵᠢᠨ ᠬᠠᠷᠢᠭᠤᠴᠠᠯᠭ᠎ᠠ ᠵᠢ ᠨᠠᠢ᠌ᠳᠠᠪᠤᠷᠢᠵᠢᠭᠤᠯᠬᠤ ᠵᠢ ᠠᠢ᠌ᠮᠠᠭ᠎ᠤᠨ ᠨᠠᠮ᠎ᠤᠨ ᠬᠣᠷᠢᠶ᠎ᠠ ᠵᠢᠨ ᠵᠢᠷᠭᠤᠳᠤᠭ᠋ᠠᠷ᠂ ᠳᠣᠯᠣᠳᠤᠭ᠋ᠠᠷ ᠡᠭᠡᠯᠵᠢ ᠵᠢᠨ ᠲᠣᠭᠣᠷᠢᠨ ᠪᠠᠢ᠌ᠴᠠᠭ᠋ᠠᠬᠤ ᠭᠣᠣᠯᠳᠠᠯᠭ᠎ᠠ᠎ᠳᠤ ᠣᠷᠣᠭᠤᠯᠵᠤ᠂ 30 ᠰᠠᠯᠠᠭ᠎ᠠ ᠮᠥᠴᠢᠷ᠎ᠲᠤ ᠲᠣᠭᠣᠷᠢᠨ ᠪᠠᠢ᠌ᠴᠠᠭ᠋ᠠᠯᠲᠠ ᠬᠢᠵᠦ᠂ ᠪᠦᠬᠦ ᠠᠢ᠌ᠮᠠᠭ᠎ᠤᠨ 2024 ᠣᠨ᠎ᠤ ᠬᠠᠤᠯᠢᠵᠢᠯ᠎ᠤᠨ ᠪᠠᠢ᠌ᠭᠤᠯᠤᠯᠲᠠ ᠵᠢᠨ ᠭᠣᠣᠯᠳᠠᠯᠭ᠎ᠠ᠎ᠲᠠᠢ ᠡᠭᠦᠷᠭᠡ ᠵᠢ ᠨᠠᠢ᠌ᠳᠠᠪᠤᠷᠢᠵᠢᠭᠤᠯᠤᠭᠰᠠᠨ ᠪᠠᠢ᠌ᠳᠠᠯ᠎ᠳᠤ ᠱᠠᠯᠠᠪᠳᠠᠭᠤᠯᠤᠨ ᠪᠠᠢ᠌ᠴᠠᠭ᠋ᠠᠯᠲᠠ ᠵᠢᠯᠣᠭᠣᠳᠤᠯᠭ᠎ᠠ ᠬᠢᠵᠦ᠂ ᠬᠠᠤᠯᠢᠵᠢᠯ᠎ᠤᠨ ᠵᠠᠰᠠᠭ᠎ᠤᠨ ᠣᠷᠳᠣᠨ᠎ᠤ ᠪᠠᠢ᠌ᠭᠤᠯᠤᠯᠲᠠ ᠵᠢᠨ ᠶᠠᠰᠤ ᠴᠢᠨᠠᠷ᠎ᠢ ᠳᠡᠭᠡᠭᠰᠢᠯᠡᠭᠦᠯᠵᠦ ᠦᠷ᠎ᠡ ᠠᠰᠢᠭ᠎ᠢ ᠨᠡᠮᠡᠭᠳᠡᠭᠦᠯᠬᠦ ᠵᠢ ᠠᠬᠢᠭᠤᠯᠪᠠ᠃
ᠬᠣᠶᠠᠷ᠂ ᠬᠠᠤᠯᠢ ᠶᠣᠰᠣᠭ᠋ᠠᠷ ᠵᠠᠰᠠᠭ ᠶᠠᠪᠤᠭᠤᠯᠬᠤ᠎ᠳᠤ 《ᠪᠣᠳᠠᠲᠠᠢ ᠠᠷᠭ᠎ᠠ ᠬᠡᠮᠵᠢᠶ᠎ᠡ》 ᠭᠠᠷᠭ᠋ᠠᠵᠤ᠂ ᠬᠠᠤᠯᠢᠵᠢᠯ᠎ᠤᠨ ᠰᠠᠢ᠌ᠨ ᠠᠷᠭ᠎ᠠ᠎ᠪᠠᠷ ᠦᠨᠳᠦᠰᠦᠨ ᠱᠠᠲᠤᠨ᠎ᠤ ᠵᠠᠰᠠᠯᠲᠠ ᠵᠢᠨ 《ᠵᠠᠩᠭᠢᠯᠠᠭ᠎ᠠ ᠵᠢᠨ ᠰᠡᠳᠦᠪ》᠎ᠢ ᠰᠢᠢ᠍ᠳᠪᠦᠷᠢᠯᠡᠵᠡᠢ᠃ ᠵᠠᠰᠠᠭ ᠵᠠᠬᠢᠷᠭ᠋ᠠᠨ᠎ᠤ ᠳᠠᠬᠢᠨ ᠵᠥᠪᠯᠡᠵᠦ ᠵᠠᠰᠠᠭ ᠵᠠᠬᠢᠷᠭ᠋ᠠᠨ᠎ᠤ ᠮᠠᠷᠭᠤᠯᠳᠤᠭ᠋ᠠᠨ᠎ᠢ ᠠᠷᠢᠯᠭ᠋ᠠᠬᠤ ᠭᠣᠣᠯ ᠠᠷᠭ᠎ᠠ ᠵᠠᠮ᠎ᠤᠨ ᠦᠢ᠍ᠯᠡᠳᠦᠯ᠎ᠢ ᠪᠠᠳᠠᠷᠠᠭᠤᠯᠵᠠᠢ᠃ ᠵᠠᠰᠠᠭ ᠵᠠᠬᠢᠷᠭ᠋ᠠᠨ᠎ᠤ ᠮᠠᠷᠭᠤᠯᠳᠤᠭ᠋ᠠᠨ᠎ᠢ ᠡᠶᠡᠳᠡᠭᠦᠯᠬᠦ ᠲᠥᠪ᠎ᠢ ᠪᠠᠢ᠌ᠭᠤᠯᠵᠤ᠂ ᠠᠩᠬᠠᠳᠤᠭ᠋ᠠᠷ ᠬᠤᠭᠤᠴᠠᠭ᠋ᠠᠨ᠎ᠤ ᠨᠢᠭᠡ ᠲᠠᠩᠬᠢᠮ᠎ᠤᠨ ᠪᠣᠯᠪᠠᠰᠤᠷᠠᠯ᠎ᠢ ᠡᠷᠬᠢᠯᠡᠵᠦ᠂ ᠵᠠᠰᠠᠭ ᠵᠠᠬᠢᠷᠭ᠋ᠠᠨ᠎ᠤ ᠪᠠᠢ᠌ᠭᠤᠯᠭ᠎ᠠ ᠵᠢᠨ ᠬᠠᠷᠢᠭᠤᠴᠠᠯᠭ᠋ᠠᠲᠠᠨ᠎ᠤ ᠰᠢᠭᠦᠯᠲᠡ᠎ᠳᠤ ᠣᠷᠣᠯᠴᠠᠨ ᠵᠠᠷᠭᠤ ᠬᠦᠯᠢᠶᠡᠬᠦ ᠵᠢ ᠰᠠᠨᠠᠭᠤᠯᠤᠨ ᠮᠡᠳᠡᠭᠳᠡᠬᠦ ᠳᠦᠷᠢᠮ᠎ᠢ ᠨᠠᠢ᠌ᠳᠠᠪᠤᠷᠢᠵᠢᠭᠤᠯᠵᠤ᠂ 95 ᠬᠤᠪᠢ ᠰᠠᠨᠠᠭᠤᠯᠤᠮᠵᠢ ᠵᠢᠨ ᠵᠠᠬᠢᠳᠠᠯ᠎ᠢ ᠵᠣᠬᠢᠶᠠᠨ ᠲᠠᠷᠬᠠᠭ᠋ᠠᠵᠤ᠂ ᠰᠢᠭᠦᠯᠲᠡ᠎ᠳᠤ ᠣᠷᠣᠯᠴᠠᠨ ᠵᠠᠷᠭᠤ ᠬᠦᠯᠢᠶᠡᠭᠰᠡᠨ ᠨᠤᠷᠮ᠎ᠠ ᠵᠢ 100% ᠪᠠᠷ ᠨᠡᠢ᠌ᠲᠡᠯᠡᠪᠡ᠃ ᠰᠢᠨ᠎ᠡ ᠴᠠᠭ ᠦᠶ᠎ᠡ ᠵᠢᠨ ᠹᠸᠩᠴᠢᠶᠤᠤ ᠵᠢᠨ ᠲᠤᠷᠰᠢᠯᠭ᠎ᠠ ᠵᠢ ᠪᠠᠷᠢᠮᠲᠠᠯᠠᠨ ᠬᠥᠭᠵᠢᠭᠦᠯᠵᠡᠢ᠃ 《ᠨᠢᠭᠡ ᠰᠡᠳᠬᠢᠯ ᠬᠣᠶᠠᠷ ᠦᠵᠦᠭᠦᠷ ᠭᠤᠷᠪᠠᠨ ᠳᠡᠰ᠎ᠤᠨ ᠫᠢᠷᠠᠮᠢᠳ᠋ ᠰᠤᠪᠤᠷᠭ᠎ᠠ ᠵᠢ ᠠᠷᠢᠯᠭ᠋ᠠᠬᠤ》 ᠵᠠᠭᠪᠤᠷ᠎ᠤᠨ ᠰᠢᠨ᠎ᠡ ᠵᠢ ᠡᠭᠦᠳᠴᠦ᠂ 《ᠳᠥᠷᠪᠡᠨ ᠭᠠᠵᠠᠷ ᠨᠢᠭᠡ ᠲᠢᠩᠬᠢᠮ》᠎ᠤᠨ ᠬᠣᠯᠪᠤᠭ᠋ᠠᠯᠠᠨ ᠬᠥᠳᠡᠯᠦᠯᠴᠡᠬᠦ ᠲᠣᠭᠲᠠᠴᠠ ᠵᠢ ᠭᠦᠨᠵᠡᠭᠡᠢ᠌ᠷᠡᠭᠦᠯᠦᠨ᠂ ᠵᠥᠷᠢᠴᠡᠯ ᠵᠢᠭᠤᠷᠠᠯᠳᠤᠭ᠋ᠠᠨ᠎ᠢ ᠳᠠᠷᠠᠭ᠋ᠠᠯᠠᠨ ᠪᠠᠢ᠌ᠴᠠᠭ᠋ᠠᠨ ᠰᠢᠢ᠍ᠳᠪᠦᠷᠢᠯᠡᠵᠦ᠂ ᠵᠠᠬᠢᠳᠠᠯ ᠰᠣᠷᠪᠤᠯᠵᠢᠯᠠᠭ᠎ᠠ ᠵᠢᠨ ᠠᠵᠢᠯ᠎ᠤᠨ ᠬᠠᠥᠯᠢᠵᠢᠭᠤᠯᠤᠯᠲᠠ ᠵᠢ ᠦᠷᠭᠦᠯᠵᠢᠯᠡᠨ ᠠᠬᠢᠭᠤᠯᠵᠤ᠂ ᠪᠥᠬᠥ ᠠᠢ᠌ᠮᠠᠭ᠎ᠤᠨ ᠵᠠᠬᠢᠳᠠᠯ ᠰᠣᠷᠪᠤᠯᠵᠢᠯᠠᠭ᠎ᠠ ᠵᠢᠨ ᠶᠡᠷᠦᠩᠬᠡᠢ ᠬᠡᠮᠵᠢᠶ᠎ᠡ ᠠᠳᠠᠯᠢ ᠬᠤᠭᠤᠴᠠᠭ᠋ᠠᠨ᠎ᠤ᠎ᠬᠢ᠎ᠠᠴᠠ 44.5%᠎ᠪᠠᠷ ᠪᠠᠭᠤᠷᠠᠪᠠ᠃ ᠦᠨᠳᠦᠰᠦᠨ ᠱᠠᠲᠤᠨ᠎ᠤ ᠵᠠᠰᠠᠯᠲᠠ ᠵᠢ ᠦᠷᠭᠦᠯᠵᠢᠯᠡᠨ ᠴᠢᠩᠭ᠋ᠠᠳᠬᠠᠪᠠ᠃ 《ᠭᠡᠭᠡᠨ ᠰᠠᠷᠠᠭᠤᠯ ᠢᠨᠵᠧᠨᠧᠷᠢᠩ + ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ ᠵᠶ᠋ᠡᠷ ᠵᠠᠮ ᠬᠠᠮᠠᠭ᠋ᠠᠯᠠᠬᠤ + ᠣᠶᠤᠨᠯᠢᠭ ᠵᠶ᠋ᠠᠷ ᠮᠠᠯ ᠬᠠᠷᠢᠭᠤᠯᠬᠤ + ᠬᠢᠯᠢ ᠬᠢᠵᠠᠭ᠋ᠠᠷ᠎ᠤᠨ ᠨᠢᠭᠡ ᠰᠦᠯᠵᠢᠶ᠎ᠡ》 ᠵᠢᠨ ᠰᠠᠭᠤᠷᠢ ᠲᠠᠪᠴᠠᠩ᠎ᠢ ᠪᠠᠢ᠌ᠭᠤᠯᠵᠤ᠂ ᠭᠣᠣᠯᠳᠠᠯᠭ᠎ᠠ᠎ᠲᠠᠢ ᠭᠠᠵᠠᠷ ᠣᠷᠣᠨ᠂ ᠪᠣᠭᠣᠮᠲᠠ ᠵᠢ ᠪᠦᠬᠦᠨ᠎ᠢ ᠬᠠᠮᠤᠷᠬᠤ ᠵᠢ ᠪᠡᠶᠡᠯᠡᠭᠦᠯᠵᠡᠢ᠃ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠪᠠᠴᠢᠮ ᠪᠠᠢ᠌ᠳᠠᠯ᠎ᠢ ᠠᠷᠭ᠋ᠠᠴᠠᠵᠤ ᠠᠪᠤᠷᠠᠨ ᠲᠤᠰᠠᠯᠠᠬᠤ ᠲᠤᠰᠬᠠᠢ ᠡᠩᠨᠡᠭᠡ ᠵᠢ 4 ᠰᠢᠨ᠎ᠡ᠎ᠪᠠᠷ ᠪᠠᠢ᠌ᠭᠤᠯᠵᠤ᠂ ᠠᠯᠠᠱ᠌ᠠ ᠠᠢ᠌ᠮᠠᠭ᠎ᠤᠨ ᠪᠠᠴᠢᠮ ᠪᠠᠢ᠌ᠳᠠᠯ᠎ᠢ ᠠᠷᠭ᠋ᠠᠴᠠᠬᠤ ᠵᠢᠯᠤᠭᠣᠳᠬᠤ ᠲᠥᠪ᠎ᠢ ᠪᠠᠢ᠌ᠭᠤᠯᠤᠨ᠂ ᠦᠬᠠᠢ ᠬᠣᠲᠠ ᠵᠢᠨ ᠪᠠᠴᠢᠮ ᠪᠠᠢ᠌ᠳᠠᠯ᠎ᠢ ᠠᠷᠭ᠋ᠠᠴᠠᠬᠤ ᠲᠣᠪᠴᠢᠶ᠎ᠠ᠎ᠯᠤᠭ᠎ᠠ 《ᠣᠷᠣᠨ ᠪᠦᠰᠡ ᠠᠯᠤᠰᠯᠠᠭᠰᠠᠨ ᠪᠠᠴᠢᠮ ᠪᠠᠢ᠌ᠳᠠᠯ᠎ᠢ ᠠᠷᠭ᠋ᠠᠴᠠᠵᠤ ᠠᠪᠤᠷᠠᠨ ᠲᠤᠰᠠᠯᠠᠬᠤ ᠬᠠᠮᠲᠤᠷᠠᠯᠴᠠᠭ᠋ᠠᠨ᠎ᠤ ᠵᠥᠪᠯᠡᠯᠴᠡᠭᠡᠷ》᠎ᠢ ᠲᠣᠭᠲᠠᠪᠠ᠃
ᠭᠤᠷᠪᠠ᠂ ᠦᠢ᠍ᠯᠡᠴᠢᠯᠡᠭᠡ᠎ᠪᠠᠷ 《ᠪᠣᠳᠠᠲᠠᠢ ᠶᠠᠪᠤᠳᠠᠯ ᠬᠢᠬᠦ》 ᠵᠢ ᠲᠡᠭᠡᠭᠰᠢᠯᠡᠭᠦᠯᠵᠦ᠂ ᠰᠢᠨ᠎ᠡ ᠵᠢ ᠡᠭᠦᠳᠬᠦ ᠰᠡᠳᠬᠢᠬᠦᠢ᠎ᠪᠠᠷ ᠬᠦᠴᠢᠷᠳᠡᠯ᠎ᠢ ᠰᠢᠢ᠍ᠳᠪᠦᠷᠢᠯᠡᠵᠦ ᠬᠦᠴᠢᠷᠳᠡᠯ᠎ᠢ ᠠᠷᠢᠯᠭ᠋ᠠᠬᠤ 《ᠰᠢᠨ᠎ᠡ ᠵᠠᠮ》᠎ᠢ ᠪᠠᠢ᠌ᠭᠤᠯᠵᠠᠢ᠃ ᠬᠦᠴᠦᠨ ᠵᠶ᠋ᠡᠨ ᠲᠥᠪᠯᠡᠷᠡᠭᠦᠯᠦᠨ 《ᠲᠠᠯᠪᠢᠬᠤ ᠬᠠᠮᠢᠶᠠᠷᠬᠤ ᠦᠢ᠍ᠯᠡᠴᠢᠯᠡᠬᠦ》 ᠥᠭᠡᠷᠡᠴᠢᠯᠡᠯᠲᠡ ᠬᠢᠪᠡ᠃ ᠪᠥᠬᠥ ᠠᠢ᠌ᠮᠠᠭ᠎ᠤᠨ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠳᠥᠷᠪᠡᠨ ᠱᠠᠲᠤ ᠵᠢ ᠬᠠᠮᠤᠷᠬᠤ ᠵᠢ ᠪᠡᠶᠡᠯᠡᠭᠦᠯᠵᠦ᠂ ᠵᠠᠰᠠᠭ᠎ᠤᠨ ᠶᠠᠪᠤᠳᠠᠯ᠎ᠤᠨ ᠵᠦᠢ᠍ᠯᠡᠰ᠎ᠢ ᠨᠡᠶ᠋ᠢᠲᠡ 1.4 ᠲᠦᠮᠡ ᠭᠠᠷᠤᠢ ᠨᠡᠢ᠌ᠲᠡᠯᠡᠵᠦ᠂ ᠰᠦᠯᠵᠢᠶᠡᠨ᠎ᠤ ᠠᠯᠪᠠᠨ ᠭᠡᠷ᠎ᠤᠨ ᠬᠠᠷᠢᠴᠠᠯ 98.73% ᠪᠠᠢ᠌ᠵᠤ᠂ 315 ᠵᠦᠢ᠍ᠯ᠎ᠤᠨ 《ᠨᠢᠭᠡ ᠶᠠᠪᠤᠳᠠᠯ》 ᠭᠣᠣᠯ ᠰᠡᠳᠦᠪᠲᠦ ᠢᠵᠢ ᠦᠢ᠍ᠯᠡᠴᠢᠯᠡᠭᠡ ᠵᠢ ᠭᠠᠷᠭ᠋ᠠᠵᠤ᠂ ᠡᠭᠦᠨ᠎ᠳᠤ 3 ᠵᠦᠢ᠍ᠯ᠎ᠤᠨ ᠣᠨᠴᠠᠯᠢᠭᠲᠤ 《ᠨᠢᠭᠡ ᠶᠠᠪᠤᠳᠠᠯ》 ᠨᠢ ᠪᠥᠬᠥ ᠤᠯᠤᠰ᠎ᠤᠨ ᠳᠥᠷᠪᠡᠳᠦᠭᠡᠷ ᠬᠤᠭᠤᠴᠠᠭ᠋ᠠᠨ᠎ᠤ ᠲᠣᠭ᠋ᠠᠴᠢᠯᠠᠭᠰᠠᠨ ᠵᠠᠰᠠᠭ᠎ᠤᠨ ᠶᠠᠪᠤᠳᠠᠯ᠎ᠤᠨ ᠬᠥᠭᠵᠢᠯᠲᠡ ᠵᠢᠨ ᠣᠨ᠎ᠤ ᠬᠤᠷᠠᠯ᠎ᠤᠨ 《ᠥᠨᠳᠥᠷ ᠪᠦᠲᠦᠮᠵᠢᠲᠡᠶ᠎ᠪᠠᠷ ᠨᠢᠭᠡ ᠶᠠᠪᠤᠳᠠᠯ᠎ᠢ ᠪᠦᠲᠦᠭᠡᠬᠦ》 ᠵᠢ ᠲᠦᠯᠬᠢᠨ ᠠᠬᠢᠭᠤᠯᠬᠤ ᠬᠡᠪᠴᠢᠶ᠎ᠡ ᠵᠢ ᠥᠷᠭᠡᠳᠬᠡᠭᠰᠡᠨ ᠴᠢᠨᠠᠷ ᠴᠢᠨᠰᠠᠭ᠎ᠠ ᠦᠷ᠎ᠡ ᠪᠦᠲᠦᠮᠵᠢ᠎ᠲᠠᠢ ᠨᠡᠢ᠌ᠲᠡᠯᠢᠭ ᠬᠡᠷᠡᠭ᠎ᠤᠨ ᠵᠢᠱ᠌ᠢᠶ᠎ᠡ᠎ᠳᠤ ᠠᠮᠵᠢᠯᠲᠠ᠎ᠲᠠᠢ᠎ᠪᠠᠷ ᠰᠣᠩᠭᠣᠭᠳᠠᠪᠠ᠃ 《ᠦᠨᠡᠨᠴᠢ ᠢᠲᠡᠭᠡᠮᠵᠢᠲᠡᠢ ᠠᠯᠠᠱ᠌ᠠ》 ᠵᠢᠨ ᠪᠦᠲᠦᠭᠡᠨ ᠪᠠᠢ᠌ᠭᠤᠯᠤᠯᠲᠠ᠎ᠳᠤ ᠬᠦᠴᠦ᠎ᠪᠠᠨ ᠲᠥᠪᠯᠡᠷᠡᠭᠦᠯᠵᠡᠢ᠃ ᠠᠢ᠌ᠮᠠᠭ᠎ᠤᠨ ᠵᠠᠬᠢᠷᠭ᠎ᠠ ᠵᠢᠨ ᠭᠣᠣᠯ ᠤᠳᠤᠷᠢᠳᠬᠤ ᠨᠥᠬᠥᠳ ᠥᠪᠡᠷᠲᠡᠭᠡᠨ ᠵᠠᠰᠠᠬᠤ ᠣᠷᠣᠨ᠎ᠤ ᠦᠨᠡᠨᠴᠢ ᠢᠲᠡᠭᠡᠮᠵᠢ ᠵᠢᠨ ᠰᠣᠷᠪᠤᠯᠵᠢᠯᠠᠭ᠎ᠠ ᠵᠢᠨ ᠪᠤᠯᠤᠩ᠎ᠳᠤ ᠣᠷᠣᠯᠴᠠᠪᠠ᠃ ᠵᠢᠷᠭᠤᠳᠤᠭ᠋ᠠᠷ ᠬᠤᠭᠤᠴᠠᠭ᠋ᠠᠨ᠎ᠤ ᠳᠤᠮᠳᠠᠳᠤ ᠤᠯᠤᠰ᠎ᠤᠨ ᠬᠣᠲᠠ ᠵᠢᠨ ᠢᠲᠡᠭᠡᠮᠵᠢ ᠵᠢᠨ ᠪᠠᠢ᠌ᠭᠤᠯᠤᠯᠲᠠ ᠵᠢᠨ ᠲᠦᠷᠦᠭᠦᠴᠦᠳ᠎ᠤᠨ ᠶᠠᠷᠢᠶᠠᠨ᠎ᠤ ᠲᠠᠪᠴᠠᠩ᠎ᠳᠤ ᠤᠷᠢᠭᠳᠠᠨ ᠣᠷᠣᠯᠴᠠᠵᠤ᠂ ᠠᠯᠠᠱ᠌ᠠ ᠪᠠᠷᠠᠭᠤᠨ ᠬᠣᠰᠢᠭᠤᠨ᠎ᠤ ᠤᠯᠤᠰ ᠲᠥᠷᠥ ᠬᠠᠤᠯᠢ ᠴᠠᠭ᠋ᠠᠵᠠ ᠵᠢᠨ ᠵᠥᠪᠯᠡᠯ (ᠬᠠᠤᠯᠢ ᠴᠠᠭ᠋ᠠᠵᠠ ᠵᠢᠨ ᠲᠣᠪᠴᠢᠶ᠎ᠠ)᠎ᠤᠨ ᠪᠢᠴᠢᠯ ᠸᠸᠳᠢᠤ᠋ 《ᠦᠨᠡᠨᠴᠢ ᠢᠲᠡᠭᠡᠮᠵᠢ》 ᠨᠢ ᠵᠢᠷᠭᠤᠳᠤᠭ᠋ᠠᠷ ᠬᠤᠭᠤᠴᠠᠭ᠋ᠠᠨ᠎ᠤ 《ᠰᠢᠨᠬᠤᠸᠠ ᠢᠲᠡᠭᠡᠮᠵᠢ ᠬᠤᠨᠳᠠᠭ᠋ᠠᠲᠤ》 ᠪᠥᠬᠥ ᠤᠯᠤᠰ᠎ᠤᠨ ᠰᠢᠯᠢᠳᠡᠭ ᠢᠲᠡᠭᠡᠮᠵᠢ ᠵᠢᠨ ᠬᠡᠷᠡᠭᠯᠡᠭᠡᠨ᠎ᠤ ᠪᠢᠴᠢᠯ ᠸᠸᠳᠢᠤ᠋ ᠵᠢᠨ ᠬᠠᠮᠤᠭ᠎ᠤᠨ ᠰᠠᠢ᠌ᠨ ᠦᠨᠡᠨᠴᠢ ᠢᠲᠡᠭᠡᠮᠵᠢ ᠵᠢᠨ ᠰᠣᠶᠣᠯ᠎ᠤᠨ ᠱᠠᠩᠨᠠᠯ᠎ᠢ ᠭᠥᠷᠳᠡᠵᠦ᠂ ᠰᠢᠨᠬᠤᠸᠠ ᠢᠲᠡᠭᠡᠮᠵᠢ ᠵᠢᠨ ᠰᠦᠯᠵᠢᠶ᠎ᠡ ᠵᠢᠨ ᠥᠪᠥᠷ ᠮᠣᠩᠭᠣᠯ᠎ᠤᠨ ᠢᠲᠡᠭᠡᠮᠵᠢ ᠵᠢᠨ ᠪᠠᠢ᠌ᠭᠤᠯᠤᠯᠲᠠ ᠵᠢᠨ ᠢᠨᠵᠧᠨᠧᠷᠢᠩ᠎ᠤᠨ ᠲᠤᠰᠬᠠᠢ ᠪᠤᠯᠤᠩ᠎ᠳᠤ ᠪᠥᠬᠥ ᠠᠢ᠌ᠮᠠᠭ᠎ᠤᠨ ᠦᠨᠡᠨᠴᠢ ᠢᠲᠡᠭᠡᠮᠵᠢ ᠵᠢᠨ ᠤᠬᠠᠭᠤᠯᠭ᠎ᠠ ᠵᠢᠨ 265 ᠡᠬᠡ ᠪᠢᠴᠢᠭ᠎ᠢ ᠨᠡᠢ᠌ᠲᠡᠯᠡᠵᠦ᠂ ᠪᠥᠬᠥ ᠣᠷᠣᠨ᠎ᠤ ᠲᠡᠷᠢᠭᠦᠨ᠎ᠳᠤ ᠣᠷᠣᠪᠠ᠃ ᠬᠦᠴᠦᠨ ᠵᠶ᠋ᠡᠨ ᠲᠥᠪᠯᠡᠷᠡᠭᠦᠯᠦᠨ ᠬᠠᠤᠯᠢᠵᠢᠯ᠎ᠤᠨ ᠡᠵᠡᠩᠨᠡᠯᠲᠡ ᠵᠢᠨ ᠣᠷᠴᠢᠨ ᠲᠣᠭᠣᠷᠢᠨ᠎ᠤ ᠬᠥᠳᠡᠯᠭᠡᠬᠦ ᠬᠦᠴᠦᠨ᠎ᠢ ᠨᠡᠮᠡᠭᠳᠡᠭᠦᠯᠵᠡᠢ᠃ 《ᠬᠣᠶᠠᠷ᠎ᠢ ᠵᠠᠷᠯᠠᠨ ᠨᠡᠢ᠌ᠲᠡᠯᠡᠬᠦ》 ᠵᠢ 《ᠠᠷᠪᠠ ᠵᠢ ᠵᠠᠷᠯᠠᠨ ᠨᠡᠢ᠌ᠲᠡᠯᠡᠬᠦ》 ᠪᠣᠯᠲᠠᠯ᠎ᠠ ᠥᠷᠭᠡᠳᠬᠡᠵᠦ᠂ 《ᠬᠣᠶᠠᠷ ᠪᠢᠴᠢᠭ᠎ᠢ
ᠬᠠᠮᠲᠤᠳᠤᠨᠢ ᠬᠦᠷᠭᠡᠬᠦ》 ᠲᠣᠭᠲᠠᠴᠠ ᠵᠢ ᠬᠡᠷᠡᠭᠵᠢᠭᠦᠯᠦᠨ᠂ ᠢᠲᠡᠭᠡᠮᠵᠢ ᠵᠢ ᠰᠡᠷᠭᠦᠭᠡᠬᠦ ᠠᠵᠢᠯ᠎ᠢ ᠰᠦᠯᠵᠢᠶᠡᠨ ᠳᠡᠭᠡᠷ᠎ᠡ ᠬᠢᠬᠦ ᠠᠯᠪᠠᠨ ᠭᠡᠷ᠎ᠢ ᠨᠡᠭᠡᠭᠡᠵᠦ᠂ ᠡᠵᠡᠩᠨᠡᠯᠲᠡ ᠵᠢᠨ ᠪᠡᠶᠡᠴᠢ ᠴᠣᠭᠴᠠ ᠵᠢᠨ ᠬᠡᠪ᠎ᠤᠨ ᠪᠠᠢ᠌ᠳᠠᠯ᠎ᠢ 9458 ᠡᠷᠦᠬᠡ ᠰᠡᠷᠭᠦᠭᠡᠵᠦ᠂ ᠮᠥᠩᠭᠥᠨ ᠭᠦᠢ᠍ᠯᠭᠡᠭᠡᠨ᠎ᠤ ᠦᠢ᠍ᠯᠡᠳᠬᠦᠨ᠎ᠢ 70 ᠬᠤᠪᠢ ᠨᠡᠢ᠌ᠲᠡᠯᠡᠵᠦ᠂ 《ᠬᠠᠤᠯᠢ᠎ᠪᠠᠷ ᠬᠠᠮᠠᠭ᠋ᠠᠯᠠᠬᠤ ᠬᠤᠳᠠᠯᠳᠤᠭ᠎ᠠ》 ᠵᠢᠨ ᠬᠠᠤᠯᠢᠴᠢ ᠵᠢᠨ ᠦᠢ᠍ᠯᠡᠴᠢᠯᠡᠭᠡᠨ᠎ᠤ ᠪᠦᠯᠬᠦᠮ᠎ᠢ ᠵᠣᠬᠢᠶᠠᠨ ᠪᠠᠢ᠌ᠭᠤᠯᠵᠤ᠂ 《ᠬᠠᠤᠯᠢᠵᠢᠯ᠎ᠤᠨ
ᠪᠡᠶ᠎ᠡ ᠵᠢᠨ ᠪᠠᠢ᠌ᠴᠠᠭ᠋ᠠᠯᠲᠠ》 ᠵᠢᠨ ᠲᠣᠳᠣᠷᠬᠠᠢ ᠬᠠᠭᠤᠳᠠᠰᠤ ᠵᠢ ᠲᠣᠭᠲᠠᠭ᠋ᠠᠪᠠ᠃ ᠳᠤᠮᠳᠠᠳᠤ ᠤᠯᠤᠰ᠎ᠤᠨ ᠨᠡᠢ᠌ᠭᠡᠮ᠎ᠤᠨ ᠰᠢᠨᠵᠢᠯᠡᠬᠦ ᠤᠬᠠᠭ᠋ᠠᠨ᠎ᠤ ᠬᠦᠷᠢᠶᠡᠯᠡᠩ᠎ᠤᠨ ᠬᠠᠤᠯᠢ ᠵᠢᠨ ᠤᠬᠠᠭ᠋ᠠᠨ᠎ᠤ ᠰᠤᠳᠤᠯᠭ᠋ᠠᠨ᠎ᠤ ᠭᠠᠵᠠᠷ᠂ ᠨᠡᠢ᠌ᠭᠡᠮ᠎ᠤᠨ ᠰᠢᠨᠵᠢᠯᠡᠬᠦ ᠤᠬᠠᠭ᠋ᠠᠨ᠎ᠤ ᠲᠤᠯᠭᠤᠷ ᠪᠢᠴᠢᠭ᠎ᠤᠨ ᠬᠡᠪᠯᠡᠯ᠎ᠤᠨ ᠬᠣᠷᠢᠶ᠎ᠠ ᠵᠢᠨ ᠬᠠᠮᠲᠤᠷᠠᠨ ᠡᠷᠭᠢᠯᠡᠭᠰᠡᠨ 《2024 ᠣᠨ᠎ᠤ 〈ᠬᠠᠤᠯᠢ᠎ᠪᠠᠷ ᠵᠠᠰᠠᠬᠤ ᠬᠥᠬᠡ ᠭᠠᠳᠠᠷᠲᠤ ᠪᠢᠴᠢᠭ〉᠎ᠢ ᠨᠡᠢ᠌ᠲᠡᠯᠡᠬᠦ ᠬᠤᠷᠠᠯ》 ᠳᠡᠭᠡᠷ᠎ᠡ 《ᠣᠷᠣᠨ ᠨᠤᠲᠤᠭ᠎ᠤᠨ ᠬᠠᠤᠯᠢᠵᠢᠯ᠎ᠤᠨ ᠬᠥᠭᠵᠢᠯᠲᠡ ᠵᠢᠨ ᠮᠡᠳᠡᠭᠦᠯᠦᠯᠲᠡ》 ᠵᠢ ᠨᠡᠢ᠌ᠲᠡᠯᠡᠵᠦ᠂ ᠠᠯᠠᠱ᠌ᠠ ᠠᠢ᠌ᠮᠠᠭ ᠪᠥᠬᠥ ᠤᠯᠤᠰ᠎ᠤᠨ 333 ᠲᠤᠰᠬᠠᠢ ᠣᠷᠣᠨ᠎ᠤ ᠲᠠᠰ᠎ᠤᠨ ᠬᠣᠲᠠ ᠵᠢᠨ ᠵᠠᠰᠠᠭ᠎ᠤᠨ ᠣᠷᠳᠣᠨ᠎ᠤ ᠰᠦᠯᠵᠢᠶ᠎ᠡ ᠵᠢᠨ ᠦᠨᠡᠯᠡᠨ ᠵᠢᠱ᠌ᠢᠭᠰᠡᠨ ᠨᠡᠷᠡᠰ᠎ᠤᠨ ᠵᠢᠭᠰᠠᠭ᠋ᠠᠯᠲᠠ᠎ᠳᠤ 15 ᠳ᠋ᠤᠭ᠋ᠠᠷ᠎ᠲᠤ ᠵᠢᠭᠰᠠᠭ᠋ᠠᠭᠳᠠᠵᠤ᠂ ᠪᠥᠬᠥ ᠣᠷᠣᠨ᠎ᠳᠤ ᠨᠢᠭᠡᠳᠦᠭᠡᠷ᠎ᠲᠤ ᠵᠢᠭᠰᠠᠭ᠋ᠠᠭᠳᠠᠵᠠᠢ᠃
ᠳᠥᠷᠪᠡ᠂ ᠠᠷᠠᠳ᠎ᠤᠨ ᠲᠥᠯᠥᠭᠡ ᠬᠠᠤᠯᠢ᠎ᠪᠠᠷ ᠵᠠᠰᠠᠬᠤ᠎ᠳᠤ 《ᠪᠣᠳᠠᠲᠤ ᠦᠷ᠎ᠡ ᠪᠦᠲᠦᠮᠵᠢ ᠭᠠᠷᠭ᠋ᠠᠵᠤ》᠂ ᠬᠠᠤᠯᠢ ᠴᠠᠭ᠋ᠠᠵᠠ ᠵᠢᠨ ᠰᠢᠯᠢᠳᠡᠭ ᠦᠢ᠍ᠯᠡᠴᠢᠯᠡᠭᠡ᠎ᠪᠠᠷ ᠠᠷᠠᠳ ᠤᠯᠠᠨ᠎ᠤ 《ᠰᠢᠨ᠎ᠡ ᠬᠦᠰᠡᠯ ᠡᠷᠡᠮᠡᠯᠵᠡᠯ》᠎ᠢ ᠬᠠᠩᠭ᠋ᠠᠵᠠᠢ᠃ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠦᠯᠲᠡ᠎ᠳᠤ ᠬᠢᠨᠠᠯᠲᠠ ᠲᠠᠯᠪᠢᠬᠤ ᠶᠠᠰᠤ ᠴᠢᠨᠠᠷ ᠦᠷ᠎ᠡ ᠪᠦᠲᠦᠮᠵᠢ ᠵᠢ ᠪᠥᠬᠥ ᠣᠷᠣᠨ᠎ᠳᠤ 《ᠨᠢᠭᠡ ᠤᠳᠠᠭ᠎ᠠ᠎ᠳᠤ ᠶᠡᠷᠦᠩᠬᠡᠢ᠌ᠯᠡᠨ ᠪᠠᠢ᠌ᠴᠠᠭ᠋ᠠᠬᠤ》 ᠬᠠᠮᠲᠤᠷᠠᠨ ᠬᠠᠤᠯᠢ ᠬᠡᠷᠡᠭᠵᠢᠭᠦᠯᠬᠦ ᠲᠣᠭᠲᠠᠴᠠ ᠵᠢ ᠤᠷᠢᠳᠠᠪᠠᠷ ᠬᠡᠷᠡᠭᠵᠢᠭᠦᠯᠵᠦ᠂ 13 《ᠬᠡᠷᠡᠭᠯᠡᠭᠡᠨ᠎ᠤ ᠦᠵᠡᠭᠳᠡᠯ》᠎ᠢ ᠬᠣᠶᠠᠷ ᠪᠦᠯᠦᠭ ᠤᠳᠠᠭ᠎ᠠ ᠨᠡᠢ᠌ᠲᠡᠯᠡᠵᠦ᠂ 405 ᠠᠵᠤ ᠠᠬᠤᠢ᠌ᠯᠠᠯ᠎ᠳᠤ 107 ᠤᠳᠠᠭ᠎ᠠ ᠬᠠᠮᠲᠤᠷᠠᠨ ᠬᠠᠤᠯᠢ ᠬᠡᠷᠡᠭᠵᠢᠭᠦᠯᠵᠦ᠂ ᠠᠵᠤ ᠠᠬᠤᠢ᠌ᠯᠠᠯ᠎ᠳᠤ ᠣᠷᠣᠵᠤ ᠪᠠᠢ᠌ᠴᠠᠭ᠋ᠠᠬᠤ ᠳᠠᠪᠲᠠᠮᠵᠢ ᠵᠢ 50% ᠠᠴᠠ ᠳᠡᠭᠡᠭᠰᠢ ᠪᠠᠭᠤᠷᠠᠭᠤᠯᠪᠠ᠃ ᠤᠯᠠᠨ ᠨᠡᠶ᠋ᠢᠲᠡ ᠵᠢᠨ ᠬᠠᠤᠯᠢ ᠴᠠᠭ᠋ᠠᠵᠠ ᠵᠢᠨ ᠦᠢ᠍ᠯᠡᠴᠢᠯᠡᠭᠡᠨ᠎ᠤ ᠦᠢ᠍ᠯᠡᠳᠦᠯ ᠠᠯᠪᠠᠨ ᠭᠡᠷᠡᠴᠢᠯᠡᠭᠡ ᠵᠢᠨ ᠦᠨᠡᠮᠯᠡᠯ᠎ᠢ ᠬᠠᠰᠤᠵᠤ ᠠᠷᠠᠳ᠎ᠲᠤ ᠲᠥᠬᠥᠮ ᠦᠵᠡᠭᠦᠯᠬᠦ ᠬᠤᠷᠳᠤᠴᠠ ᠵᠢ ᠳᠡᠭᠡᠭᠰᠢᠯᠡᠭᠦᠯᠬᠦ ᠶᠢᠰᠦᠨ ᠵᠦᠢ᠍ᠯ᠎ᠤᠨ ᠠᠷᠭ᠎ᠠ ᠬᠡᠮᠵᠢᠶ᠎ᠡ ᠵᠢ ᠨᠡᠢ᠌ᠲᠡᠯᠡᠨ ᠬᠡᠷᠡᠭᠵᠢᠭᠦᠯᠵᠦ᠂ 《ᠠᠢ᠌ᠮᠠᠭ᠎ᠤᠨ ᠬᠡᠪᠴᠢᠶᠡᠨ᠎ᠳᠤ ᠨᠡᠢ᠌ᠳᠡᠮ ᠭᠦᠢ᠍ᠴᠡᠳᠬᠡᠬᠦ》 ᠵᠢ ᠬᠡᠷᠡᠭᠵᠢᠭᠦᠯᠦᠨ᠂ 《ᠬᠠᠤᠯᠢ᠎ᠪᠠᠷ ᠳᠡᠮᠵᠢᠨ ᠠᠷᠠᠳ᠎ᠤᠨ ᠠᠮᠢᠳᠤᠷᠠᠯ᠎ᠳᠤ ᠠᠰᠢᠭ ᠬᠦᠷᠲᠡᠭᠡᠬᠦ》 ᠠᠵᠢᠯᠯᠠᠭ᠎ᠠ ᠵᠢ ᠥᠷᠨᠢᠭᠦᠯᠪᠡ᠃ ᠠᠢ᠌ᠮᠠᠭ᠎ᠤᠨ ᠬᠠᠤᠯᠢ ᠴᠠᠭ᠋ᠠᠵᠠ ᠵᠢᠨ ᠲᠤᠰᠠᠯᠠᠮᠵᠢ ᠵᠢᠨ
ᠲᠥᠪ᠎ᠨᠢ ᠪᠥᠬᠥ ᠤᠯᠤᠰ᠎ᠤᠨ ᠵᠠᠯᠠᠭᠤᠴᠤᠳ ᠪᠠᠭ᠋ᠠᠴᠤᠳ᠎ᠤᠨ ᠡᠷᠬᠡ ᠠᠰᠢᠭ᠎ᠢ ᠬᠠᠮᠠᠭ᠋ᠠᠯᠠᠬᠤ ᠠᠵᠢᠯ᠎ᠤᠨ ᠪᠠᠢ᠌ᠷᠢ ᠵᠢ ᠡᠭᠦᠳᠦᠨ ᠪᠠᠶ᠋ᠢᠭᠤᠯᠬᠤ ᠨᠢᠭᠡᠴᠡ ᠪᠠ ᠪᠥᠬᠥ ᠣᠷᠣᠨ᠎ᠤ ᠯᠧᠢ ᠹᠧᠩ᠎ᠠᠴᠠ ᠰᠤᠷᠤᠯᠴᠠᠬᠤ ᠠᠵᠢᠯᠯᠠᠭ᠎ᠠ ᠵᠢᠨ ᠵᠢᠱ᠌ᠢᠶ᠎ᠡ ᠦᠵᠡᠭᠦᠯᠬᠦ ᠴᠡᠭ ᠵᠶ᠋ᠡᠷ ᠬᠠᠤᠯᠢᠵᠢᠯ᠎ᠤᠨ ᠤᠬᠠᠭᠤᠯᠭ᠎ᠠ ᠬᠥᠮᠦᠵᠢᠯ᠎ᠢ ᠳᠡᠭᠡᠭᠰᠢᠯᠡᠭᠦᠯᠵᠡᠢ᠃ 《ᠲᠦᠸᠸ ᠰᠢᠶᠤᠤ ᠰᠸ》 ᠬᠠᠤᠯᠢ ᠲᠦᠭᠡᠮᠡᠯᠵᠢᠭᠦᠯᠬᠦ ᠺᠠᠷᠲ᠋ᠣᠨ᠎ᠤ ᠬᠥᠮᠥᠰ᠎ᠢ ᠰᠦᠯᠵᠢᠶᠡᠨ᠎ᠳᠤ ᠣᠷᠣᠭᠤᠯᠵᠤ᠂ ᠠᠢ᠌ᠮᠠᠭ᠂ ᠬᠣᠰᠢᠭᠤᠨ᠎ᠤ ᠤᠳᠤᠷᠢᠳᠤᠯᠭ᠎ᠠ ᠵᠢᠴᠢ ᠮᠠᠯᠵᠢᠬᠤ ᠲᠠᠷᠢᠶᠠᠯᠠᠬᠤ ᠣᠷᠣᠨ᠎ᠤ ᠬᠠᠤᠯᠢ ᠰᠤᠷᠤᠯᠴᠠᠵᠤ ᠬᠠᠤᠯᠢ ᠬᠡᠷᠡᠭᠯᠡᠬᠦ ᠵᠢᠱ᠌ᠢᠶ᠎ᠡ ᠦᠵᠡᠭᠦᠯᠬᠦ ᠡᠷᠦᠬᠡ ᠵᠢᠨ 《ᠠᠷᠠᠳ ᠢᠷᠭᠡᠳ᠎ᠤᠨ ᠬᠠᠤᠯᠢ᠎ᠪᠠᠷ ᠵᠠᠰᠠᠬᠤ ᠬᠡᠪ ᠪᠣᠯᠪᠠᠰᠤᠷᠠᠯ᠎ᠢ ᠳᠡᠭᠡᠭᠰᠢᠯᠡᠭᠦᠯᠦᠶ᠎ᠡ — 〈ᠨᠠᠢ᠍ᠮᠠᠳᠤᠭ᠋ᠠᠷ ᠲᠠᠪᠤᠨ ᠵᠢᠯ〉᠎ᠤᠨ ᠬᠠᠤᠯᠢ ᠲᠦᠭᠡᠮᠡᠯᠵᠢᠭᠦᠯᠬᠦ ᠶᠠᠷᠢᠯᠴᠠᠭ᠋ᠠᠨ》 ᠰᠢᠷᠢᠰ ᠰᠣᠷᠪᠤᠯᠵᠢᠯᠠᠭ᠎ᠠ᠎ᠳᠤ ᠣᠷᠣᠯᠴᠠᠬᠤ ᠵᠢ ᠲᠦᠯᠬᠢᠨ ᠠᠬᠢᠭᠤᠯᠪᠠ᠃ 《ᠰᠠᠢ᠌ᠨ ᠬᠠᠤᠯᠢ᠎ᠪᠠᠷ ᠴᠢᠳᠠᠮᠠᠭ᠋ᠠᠢ ᠵᠠᠰᠠᠬᠤ᠎ᠪᠠᠷ ᠲᠡᠮᠡᠭᠡᠨ ᠨᠤᠲᠤᠭ᠎ᠢ ᠰᠢᠮᠡᠵᠢᠭᠦᠯᠬᠦ》᠎ᠪᠠᠷ ᠬᠦᠴᠦᠯᠡᠬᠦ ᠴᠡᠭ ᠪᠣᠯᠭ᠋ᠠᠵᠤ᠂ 《ᠤᠮᠠᠷᠠᠲᠤ ᠬᠢᠯᠢ ᠵᠢᠨ ᠬᠠᠤᠯᠢ ᠴᠠᠭ᠋ᠠᠵᠠ ᠵᠢᠨ ᠲᠦᠭᠡᠮᠡᠯᠵᠢᠭᠦᠯᠦᠯᠲᠡ ᠵᠢᠨ ᠲᠦᠮᠡᠨ ᠭᠠᠵᠠᠷ᠎ᠤᠨ ᠠᠶᠠᠯᠠᠯ》᠎ᠤᠨ ᠰᠢᠷᠢᠰ ᠠᠵᠢᠯᠯᠠᠭ᠎ᠠ ᠵᠢ ᠥᠷᠨᠢᠭᠦᠯᠵᠦ᠂ ᠰᠦᠯᠵᠢᠶᠡᠨ ᠳᠡᠭᠡᠷᠡᠬᠢ ᠪᠠ ᠰᠦᠯᠵᠢᠶᠡᠨ᠎ᠠᠴᠠ ᠭᠠᠳᠠᠭᠤᠷᠬᠢ ᠭᠥᠯᠢᠶᠡᠨ ᠠᠪᠤᠭᠴᠢᠳ 18 ᠲᠦᠮᠡ ᠭᠠᠷᠤᠢ ᠬᠥᠮᠥᠨ ᠤᠳᠠᠭ᠎ᠠ᠎ᠳᠤ ᠬᠦᠷᠴᠦ᠂ ᠬᠠᠤᠯᠢ ᠴᠠᠭ᠋ᠠᠵᠠ ᠵᠢᠨ ᠲᠦᠭᠡᠮᠡᠯᠵᠢᠭᠦᠯᠦᠯᠲᠡ ᠵᠢᠨ ᠡᠩᠨᠡᠭᠡ ᠲᠠᠰᠤᠷᠠᠯᠲᠠ ᠦᠭᠡᠢ ᠪᠠᠷᠢᠮᠵᠢᠶ᠎ᠠ᠎ᠪᠠᠨ ᠳᠡᠭᠡᠭᠰᠢᠯᠡᠭᠦᠯᠦᠨ ᠬᠡᠪᠴᠢᠶ᠎ᠡ᠎ᠪᠠᠨ ᠥᠷᠭᠡᠳᠬᠡᠪᠡ᠃