ᠰᠢᠯᠢ ᠵᠢᠨ ᠭᠣᠣᠯ ᠠᠢ᠌ᠮᠠᠭ ᠰᠢ ᠵᠢᠨ ᠫᠢᠩ᠎ᠤᠨ ᠬᠠᠤᠯᠢᠵᠢᠯ᠎ᠤᠨ ᠦᠵᠡᠯ ᠰᠠᠨᠠᠭ᠎ᠠ ᠵᠢ ᠭᠦᠨᠵᠡᠭᠡᠢ ᠦᠢ᠍ᠯᠡᠳᠦᠯᠭᠡᠵᠢᠭᠦᠯᠵᠦ᠂ ᠬᠠᠤᠯᠢ ᠶᠣᠰᠣᠭ᠋ᠠᠷ ᠵᠠᠰᠠᠭ ᠶᠠᠪᠤᠭᠤᠯᠬᠤ ᠵᠢ ᠭᠠᠵᠠᠷ ᠣᠷᠣᠨ᠎ᠤ ᠵᠠᠰᠠᠯᠲᠠ ᠵᠢᠨ ᠴᠢᠳᠠᠪᠤᠷᠢ ᠪᠣᠯᠣᠨ ᠵᠠᠰᠠᠯᠲᠠ ᠵᠢᠨ ᠲᠦᠪᠰᠢᠨ᠎ᠤ ᠣᠳᠣᠬᠢᠴᠢᠯᠠᠯᠲᠠ ᠵᠢ ᠳᠡᠭᠡᠭᠰᠢᠯᠡᠭᠦᠯᠬᠦ ᠴᠢᠬᠤᠯᠠ ᠭᠠᠷᠳᠠᠴᠠ ᠪᠣᠯᠭ᠋ᠠᠵᠤ᠂ ᠨᠢᠭᠡᠳᠦᠯᠲᠡᠢ ᠲᠥᠯᠥᠪᠵᠢᠭᠦᠯᠦᠨ ᠨᠡᠢ᠍ᠢ᠍ᠳᠡ᠎ᠳᠤᠨᠢ ᠬᠠᠷᠠᠭ᠋ᠠᠯᠵᠠᠵᠤ᠂ ᠭᠣᠣᠯᠳᠠᠯᠭ᠎ᠠ ᠵᠢ ᠲᠣᠪᠤᠢ᠌ᠯᠭ᠋ᠠᠨ᠂ ᠶᠡᠷᠦᠩᠬᠡᠢ᠌ᠯᠡᠭᠰᠡᠨ ᠠᠷᠭ᠎ᠠ ᠪᠣᠳᠣᠯᠭ᠎ᠠ ᠵᠢ ᠬᠡᠷᠡᠭᠵᠢᠭᠦᠯᠵᠦ᠂ ᠪᠦᠬᠦ ᠠᠢ᠌ᠮᠠᠭ᠎ᠤᠨ ᠬᠠᠤᠯᠢᠵᠢᠯ᠎ᠤᠨ ᠵᠠᠰᠠᠭ᠎ᠤᠨ ᠣᠷᠳᠣᠨ᠂ ᠬᠠᠤᠯᠢᠵᠢᠯ᠎ᠤᠨ ᠨᠡᠢ᠌ᠭᠡᠮ᠎ᠤᠨ ᠪᠠᠢ᠌ᠭᠤᠯᠤᠯᠲᠠ ᠰᠢᠨ᠎ᠡ ᠦᠷ᠎ᠡ ᠪᠦᠲᠦᠮᠵᠢ ᠣᠯᠪᠠ᠃
ᠨᠠᠮ ᠵᠠᠰᠠᠭ᠎ᠤᠨ ᠭᠣᠣᠯ ᠬᠠᠷᠢᠭᠤᠴᠠᠯᠭ᠋ᠠᠲᠠᠨ᠎ᠤ ᠬᠠᠤᠯᠢᠵᠢᠯ᠎ᠤᠨ ᠪᠠᠢ᠌ᠭᠤᠯᠤᠯᠲᠠ ᠵᠢ ᠭᠦᠢ᠍ᠴᠡᠳᠬᠡᠬᠦ ᠪᠠ ᠲᠦᠯᠬᠢᠨ ᠠᠬᠢᠭᠤᠯᠬᠤ ᠪᠡᠶᠡᠴᠢ ᠴᠣᠭᠴᠠ ᠵᠢᠨ ᠬᠠᠷᠢᠭᠤᠴᠠᠯᠭ᠎ᠠ ᠵᠢᠨ ᠰᠢᠰᠲ᠋ᠧᠮ᠎ᠢ ᠲᠡᠭᠦᠯᠳᠡᠷᠵᠢᠭᠦᠯᠵᠦ᠂ ᠥᠨᠳᠥᠷ ᠬᠢᠷᠢ ᠲᠦᠪᠰᠢᠨ ᠪᠦᠬᠦᠢ ᠬᠠᠤᠯᠢ᠎ᠪᠠᠷ ᠵᠠᠰᠠᠬᠤ ᠵᠠᠰᠠᠭ᠎ᠤᠨ ᠣᠷᠳᠣᠨ᠎ᠢ ᠪᠦᠬᠦ ᠲᠠᠯ᠎ᠠ᠎ᠪᠠᠷ ᠨᠠᠮ᠎ᠤᠨ ᠪᠦᠬᠦ ᠲᠠᠯ᠎ᠠ ᠵᠢᠨ ᠤᠳᠤᠷᠢᠳᠤᠯᠭ᠎ᠠ ᠵᠢ ᠪᠠᠷᠢᠮᠲᠠᠯᠠᠨ ᠴᠢᠩᠭ᠋ᠠᠳᠬᠠᠵᠠᠢ᠃ ᠠᠢ᠌ᠮᠠᠭ᠎ᠤᠨ ᠨᠠᠮ᠎ᠤᠨ ᠬᠣᠷᠢᠶ᠎ᠠ ᠪᠦᠬᠦ ᠲᠠᠯ᠎ᠠ᠎ᠪᠠᠷ ᠬᠠᠤᠯᠢ᠎ᠪᠠᠷ ᠠᠢ᠌ᠮᠠᠭ᠎ᠢ ᠵᠠᠰᠠᠬᠤ ᠵᠥᠪᠯᠡᠯ᠎ᠤᠨ ᠵᠢᠷᠭᠤᠳᠤᠭ᠋ᠠᠷ ᠤᠳᠠᠭ᠎ᠠ ᠵᠢᠨ ᠬᠤᠷᠠᠯ᠎ᠢ ᠬᠤᠷᠠᠯᠳᠤᠭᠤᠯᠵᠤ᠂ ᠵᠠᠬᠢᠷᠭ᠎ᠠ᠎ᠠᠴᠠ ᠨᠠᠮ᠎ᠤᠨ ᠤᠳᠤᠷᠢᠳᠬᠤ ᠳᠤᠭᠤᠢ᠌ᠯᠠᠩ᠎ᠤᠨ ᠬᠤᠷᠠᠯ᠂ ᠪᠠᠢ᠌ᠩᠭᠤ ᠵᠢᠨ ᠬᠤᠷᠠᠯ᠂ ᠬᠠᠤᠯᠢᠵᠢᠯ᠎ᠤᠨ ᠵᠠᠰᠠᠭ᠎ᠤᠨ ᠣᠷᠳᠣᠨ᠎ᠤ ᠪᠠᠢ᠌ᠭᠤᠯᠤᠯᠲᠠ ᠵᠢᠨ ᠠᠵᠢᠯ᠎ᠤᠨ ᠬᠤᠷᠠᠯ ᠵᠡᠷᠭᠡ ᠵᠢ ᠬᠤᠷᠠᠯᠳᠤᠭᠤᠯᠵᠤ᠂ ᠬᠠᠤᠯᠢᠵᠢᠯ᠎ᠤᠨ ᠪᠠᠢ᠌ᠭᠤᠯᠤᠯᠲᠠ ᠵᠢᠨ ᠭᠣᠣᠯᠳᠠᠯᠭ᠎ᠠ᠎ᠲᠠᠢ ᠡᠭᠦᠷᠭᠡ ᠵᠢ ᠰᠤᠳᠤᠯᠤᠨ ᠪᠠᠢ᠌ᠷᠢᠯᠠᠭᠤᠯᠪᠠ᠃ ᠭᠣᠣᠯᠳᠠᠯᠭ᠎ᠠ᠎ᠲᠠᠢ ᠡᠭᠦᠷᠭᠡ ᠪᠠ ᠵᠠᠩᠭᠢᠯᠠᠭ᠎ᠠ ᠵᠢᠨ ᠭᠣᠭᠴᠣᠭ᠎ᠠ᠎ᠳᠤ ᠵᠠᠰᠠᠭ ᠵᠠᠬᠢᠷᠭ᠋ᠠᠨ᠎ᠤ ᠪᠠᠢ᠌ᠭᠤᠯᠭ᠎ᠠ ᠵᠢᠨ ᠬᠠᠤᠯᠢ ᠶᠣᠰᠣᠭ᠋ᠠᠷ ᠲᠤᠰᠢᠶᠠᠯ ᠬᠠᠷᠢᠭᠤᠴᠠᠯᠭ᠎ᠠ᠎ᠪᠠᠨ ᠭᠦᠢ᠍ᠴᠡᠳᠬᠡᠬᠦ ᠵᠢ ᠠᠬᠢᠭᠤᠯᠬᠤ᠂ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠴᠢᠳᠠᠪᠤᠷᠢ ᠵᠢ ᠳᠡᠭᠡᠭᠰᠢᠯᠡᠭᠦᠯᠬᠦ ᠶᠠᠷᠢᠯᠴᠠᠬᠤ ᠬᠤᠷᠠᠯ᠎ᠢ ᠬᠤᠷᠠᠯᠳᠤᠭᠤᠯᠵᠤ᠂ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠠᠵᠢᠯ᠎ᠢ ᠲᠤᠰᠬᠠᠢ ᠰᠡᠳᠦᠪ ᠵᠶ᠋ᠡᠷ ᠰᠤᠳᠤᠯᠪᠠ᠃ ᠭᠣᠣᠯ ᠴᠣᠭᠴᠠ ᠵᠢᠨ ᠬᠠᠷᠢᠭᠤᠴᠠᠯᠭ᠎ᠠ ᠵᠢ ᠪᠣᠳᠠᠲᠠᠢ᠌ᠵᠢᠭᠤᠯᠬᠤ᠎ᠳᠤ ᠴᠢᠩᠭ᠎ᠠ ᠲᠦᠰᠢᠭᠯᠡᠵᠡᠢ᠃ ᠠᠢ᠌ᠮᠠᠭ᠎ᠤᠨ ᠱᠠᠲᠤᠨ᠎ᠤ ᠤᠳᠤᠷᠢᠳᠤᠯᠭ᠎ᠠ᠎ᠠᠴᠠ ᠪᠦᠯᠬᠦᠮ ᠳᠠᠭ᠋ᠠᠭᠤᠯᠵᠤ᠂ 24 ᠭᠠᠵᠠᠷ ᠣᠷᠣᠨ᠂ ᠰᠠᠯᠠᠭ᠎ᠠ ᠮᠥᠴᠢᠷ᠎ᠲᠤ ᠭᠦᠨᠵᠡᠭᠡᠢ᠌ᠷᠡᠨ ᠬᠠᠤᠯᠢ᠎ᠪᠠᠷ ᠵᠠᠰᠠᠬᠤ ᠪᠠᠢ᠌ᠭᠤᠯᠤᠯᠲᠠ ᠵᠢᠨ ᠲᠤᠬᠠᠢ ᠵᠢᠨ ᠭᠠᠵᠠᠷ᠎ᠲᠤᠨᠢ ᠰᠢᠮᠳᠠᠭᠤᠯᠤᠨ ᠪᠠᠢ᠌ᠴᠠᠭ᠋ᠠᠬᠤ ᠠᠵᠢᠯ᠎ᠢ ᠥᠷᠨᠢᠭᠦᠯᠵᠦ᠂ ᠬᠠᠷᠢᠭᠤ ᠲᠤᠰᠬᠠᠭᠰᠠᠨ ᠰᠠᠨᠠᠯ᠎ᠢ ᠳᠠᠷᠤᠮᠠᠯᠯᠠᠨ ᠲᠠᠷᠬᠠᠭ᠋ᠠᠵᠤ ᠬᠤᠭᠤᠴᠠᠭ᠎ᠠ ᠲᠣᠭᠲᠠᠭ᠋ᠠᠨ ᠴᠡᠭᠴᠡᠯᠡᠨ ᠥᠭᠡᠷᠡᠴᠢᠯᠡᠵᠡᠢ᠃
ᠥᠨᠳᠥᠷ ᠪᠦᠲᠦᠮᠵᠢᠲᠡᠶ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠰᠢᠰᠲ᠋ᠧᠮ᠎ᠢ ᠪᠦᠷᠢᠨᠰᠢᠭᠦᠯᠵᠦ᠂ ᠬᠠᠤᠯᠢᠵᠢᠯ᠎ᠤᠨ ᠬᠤᠳᠠᠯᠳᠤᠭ᠎ᠠ ᠡᠵᠡᠩᠨᠡᠬᠦ ᠣᠷᠴᠢᠨ ᠨᠥᠬᠥᠴᠡᠯ᠎ᠢ ᠦᠷᠭᠦᠯᠵᠢᠯᠡᠨ ᠰᠢᠯᠢᠳᠡᠭᠵᠢᠭᠦᠯᠬᠦ ᠵᠢ ᠲᠦᠯᠬᠢᠨ ᠠᠬᠢᠭᠤᠯᠵᠠᠢ᠃ ᠬᠠᠤᠯᠢ ᠶᠣᠰᠣᠭ᠋ᠠᠷ ᠵᠠᠰᠠᠭ ᠶᠠᠪᠤᠭᠤᠯᠬᠤ ᠵᠢ ᠯᠠᠪᠳᠠᠭᠤᠨ ᠵᠶ᠋ᠠᠷ ᠲᠦᠯᠬᠢᠨ ᠠᠬᠢᠭᠤᠯᠵᠠᠢ᠃ 5300 ᠵᠦᠢ᠍ᠯ᠎ᠤᠨ ᠡᠷᠬᠡ ᠬᠠᠷᠢᠭᠤᠴᠠᠯᠭ᠎ᠠ ᠵᠢᠨ ᠨᠠᠷᠢᠨ ᠲᠠᠩᠰᠠ ᠵᠢ ᠡᠮᠬᠢᠯᠡᠨ ᠳᠢᠭᠯᠡᠵᠦ᠂ 412 ᠵᠦᠢ᠍ᠯ᠎ᠢ ᠬᠦᠴᠦᠨ ᠦᠭᠡᠢ ᠪᠣᠯᠭ᠋ᠠᠵᠤ᠂ ᠬᠠᠤᠯᠢ ᠬᠡᠷᠡᠭᠵᠢᠭᠦᠯᠬᠦ ᠭᠣᠣᠯᠳᠠᠯᠭ᠎ᠠ ᠵᠢ ᠳᠣᠷᠣᠭᠰᠢ ᠪᠠᠭᠤᠯᠭ᠋ᠠᠵᠤ 254 ᠵᠦᠢ᠍ᠯ᠎ᠢ ᠰᠢᠯᠵᠢᠭᠦᠯᠪᠡ᠃ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠵᠦᠢ᠍ᠯᠡᠰ᠎ᠢ ᠶᠡᠬᠡᠪᠡᠷ ᠥᠷᠭᠡᠳᠬᠡᠵᠡᠢ᠃ 《ᠮᠸᠩ ᠰᠦ᠍ᠪᠠᠨ》᠎ᠤ ᠨᠡᠭᠦᠳᠡᠯ ᠦᠵᠦᠭᠦᠷ᠎ᠢ ᠣᠨᠴᠠᠯᠢᠭᠲᠤ ᠬᠡᠷᠡᠭᠯᠡᠭᠡᠨ᠎ᠳᠤ 782 ᠵᠦᠢ᠍ᠯ᠎ᠢ ᠵᠠᠯᠭ᠋ᠠᠨ ᠣᠷᠣᠭᠤᠯᠵᠤ᠂ ᠪᠥᠬᠥ ᠣᠷᠣᠨ᠎ᠳᠤ ᠬᠣᠶᠠᠳᠤᠭ᠋ᠠᠷ᠎ᠲᠤ ᠣᠷᠣᠪᠠ᠃ ᠰᠦᠯᠵᠢᠶᠡᠨ ᠳᠡᠭᠡᠷ᠎ᠡ ᠡᠷᠭᠢᠯᠡᠵᠦ ᠪᠣᠯᠬᠤ ᠨᠣᠷᠮ᠎ᠠ᠂ ᠪᠥᠬᠥ ᠶᠠᠪᠤᠴᠠ ᠵᠢᠨ ᠰᠦᠯᠵᠢᠶᠡᠨ ᠳᠡᠭᠡᠷ᠎ᠡ ᠡᠷᠭᠢᠯᠡᠵᠦ ᠪᠣᠯᠬᠤ ᠨᠣᠷᠮ᠎ᠠ ᠲᠣᠰ ᠲᠣᠰ 99% ᠪᠠ 90%᠎ᠳᠤ ᠬᠥᠷᠪᠡ᠃ 《ᠠᠵᠤ ᠠᠬᠤᠢ᠌ᠯᠠᠯ᠎ᠤᠨ
ᠭᠡᠷ》᠎ᠤᠨ ᠦᠢ᠍ᠯᠡᠴᠢᠯᠡᠭᠡᠨ᠎ᠤ ᠲᠤᠰᠬᠠᠢ ᠣᠷᠣᠨ᠎ᠢ ᠪᠠᠢ᠌ᠭᠤᠯᠵᠤ᠂ 2 ᠲᠦᠮᠡ ᠭᠠᠷᠤᠢ ᠵᠦᠢ᠍ᠯ᠎ᠢ ᠡᠷᠬᠢᠯᠡᠪᠠ᠃ ᠦᠨᠡᠨᠴᠢ ᠢᠲᠡᠭᠡᠮᠵᠢ ᠵᠢᠨ ᠪᠠᠢ᠌ᠭᠤᠯᠤᠯᠲᠠ ᠵᠢᠨ ᠢᠨᠵᠧᠨᠧᠷᠢᠩ᠎ᠢ ᠭᠦᠨᠵᠡᠭᠡᠢ ᠥᠷᠨᠢᠭᠦᠯᠵᠡᠢ᠃ 《ᠬᠣᠶᠠᠷ ᠵᠦᠢ᠍ᠯ᠎ᠢ ᠬᠠᠮᠲᠤᠳᠤᠨᠢ ᠭᠦᠢ᠍ᠴᠡᠳᠬᠡᠬᠦ》 ᠲᠣᠭᠲᠠᠴᠠ ᠵᠢ ᠪᠥᠬᠥ ᠣᠷᠣᠨ᠎ᠳᠤ ᠤᠷᠢᠳᠠᠪᠠᠷ ᠬᠡᠷᠡᠭᠵᠢᠭᠦᠯᠵᠦ᠂ 13 《ᠥᠨᠳᠥᠷ ᠪᠦᠲᠦᠮᠵᠢᠲᠡᠶ᠎ᠪᠠᠷ ᠨᠢᠭᠡ ᠶᠠᠪᠤᠳᠠᠯ᠎ᠢ ᠪᠦᠲᠦᠭᠡᠵᠦ》 ᠠᠵᠤ ᠠᠬᠤᠢ᠌ᠯᠠᠯ ᠪᠠ ᠣᠯᠠᠨ ᠲᠦᠮᠡᠨ᠎ᠳᠤ ᠦᠢ᠍ᠯᠡᠴᠢᠯᠡᠪᠡ᠃
ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠠᠵᠢᠯ᠎ᠤᠨ ᠰᠢᠰᠲ᠋ᠧᠮ᠎ᠢ ᠲᠡᠭᠦᠯᠳᠡᠷᠵᠢᠭᠦᠯᠵᠦ᠂ ᠴᠢᠩᠭ᠎ᠠ ᠵᠢᠷᠤᠮᠵᠢᠭᠤᠨ ᠲᠥᠪ ᠭᠣᠣᠯᠴᠢ ᠪᠣᠯᠪᠠᠰᠤᠨ ᠵᠶ᠋ᠠᠷ ᠬᠠᠤᠯᠢ ᠬᠡᠷᠡᠭᠵᠢᠭᠦᠯᠬᠦ ᠵᠢ ᠲᠦᠯᠬᠢᠨ ᠠᠬᠢᠭᠤᠯᠵᠠᠢ᠃ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠪᠠᠢ᠌ᠭᠤᠯᠤᠯ᠎ᠤᠨ ᠥᠭᠡᠷᠡᠴᠢᠯᠡᠯᠲᠡ ᠵᠢ ᠭᠦᠨᠵᠡᠭᠡᠢ᠌ᠷᠡᠨ ᠠᠬᠢᠭᠤᠯᠪᠠ᠃ ᠪᠥᠬᠥ ᠠᠢ᠌ᠮᠠᠭ᠎ᠤᠨ ᠬᠠᠤᠯᠢ ᠬᠡᠷᠡᠭᠵᠢᠭᠦᠯᠬᠦ ᠡᠩᠨᠡᠭᠡ ᠵᠢ196 ᠪᠠᠢ᠌ᠭᠰᠠᠨ᠎ᠠᠴᠠ163 ᠪᠣᠯᠭ᠋ᠠᠨ ᠴᠣᠮᠬᠠᠳᠬᠠᠪᠠ᠃ ᠠᠢ᠌ᠮᠠᠭ᠎ᠤᠨ ᠲᠣᠰ ᠱᠠᠲᠤᠨ᠎ᠤ 30 ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠨᠢᠭᠡᠴᠡ ᠴᠢᠯᠦᠭᠡᠲᠡᠢ ᠲᠠᠰᠤᠯᠤᠯᠲᠠ ᠵᠢᠨ ᠡᠷᠬᠡ᠎ᠪᠠᠨ ᠪᠦᠬᠦᠨ᠎ᠢ ᠢᠯᠡ ᠪᠣᠯᠭ᠋ᠠᠪᠠ᠃ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠦᠯᠲᠡ ᠵᠢᠨ ᠶᠠᠰᠤ ᠴᠢᠨᠠᠷ ᠦᠷᠭᠦᠯᠵᠢᠯᠡᠨ ᠳᠡᠭᠡᠭᠰᠢᠯᠡᠪᠡ᠃ 6 ᠭᠣᠣᠯᠳᠠᠯᠭ᠎ᠠ᠎ᠲᠠᠢ ᠬᠦᠷᠢᠶᠡᠨ᠎ᠤ 13 ᠰᠠᠯᠠᠭ᠎ᠠ ᠮᠥᠴᠢᠷ᠎ᠲᠤ ᠲᠤᠬᠠᠢ ᠵᠢᠨ ᠲᠠᠯᠠᠪᠤᠷ᠎ᠤᠨ ᠬᠠᠤᠯᠢ ᠬᠡᠷᠡᠭᠵᠢᠭᠦᠯᠦᠯᠲᠡ᠎ᠳᠤ 《ᠰᠢᠭᠢᠳᠬᠡᠯᠳᠦ ᠮᠠᠶᠢᠭ》᠎ᠤᠨ ᠬᠢᠨᠠᠯᠲᠠ ᠲᠠᠯᠪᠢᠵᠤ᠂ ᠠᠵᠤ ᠠᠬᠤᠢ᠌ᠯᠠᠯ᠎ᠳᠤ ᠬᠣᠯᠪᠣᠭᠳᠠᠭᠰᠠᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠦᠯᠲᠡ ᠵᠢᠨ ᠲᠣᠪᠣᠢ᠌ᠮ᠎ᠠ ᠠᠰᠠᠭᠤᠳᠠᠯ᠎ᠤᠨ ᠲᠣᠳᠣᠷᠬᠠᠢ ᠬᠠᠭᠤᠳᠠᠰᠤ ᠵᠢ ᠪᠠᠶ᠋ᠢᠭᠤᠯᠬᠤ ᠵᠢᠨ ᠬᠠᠮᠲᠤ ᠪᠦᠬᠦᠨ᠎ᠢ ᠴᠡᠭᠴᠡᠯᠡᠨ ᠰᠠᠢ᠌ᠵᠢᠷᠠᠭᠤᠯᠪᠠ᠃ ᠬᠠᠤᠯᠢᠵᠢᠯ᠎ᠤᠨ ᠤᠬᠠᠭᠤᠯᠭ᠎ᠠ ᠬᠥᠮᠦᠵᠢᠯ᠎ᠢ ᠪᠦᠲᠦᠮᠵᠢᠲᠡᠶ᠎ᠪᠠᠷ ᠬᠠᠮᠤᠷᠪᠠ᠃ ᠭᠣᠣᠯ ᠰᠡᠳᠦᠪᠲᠦ ᠤᠬᠠᠭᠤᠯᠭ᠎ᠠ ᠵᠢᠨ ᠠᠵᠢᠯᠯᠠᠭ᠎ᠠ ᠵᠢ 189 ᠤᠳᠠᠭ᠎ᠠ ᠥᠷᠨᠢᠭᠦᠯᠪᠡ᠃ ᠬᠣᠶᠠᠷ ᠵᠢᠯ ᠳᠠᠷᠠᠭ᠋ᠠᠯᠠᠨ 《ᠵᠠᠭᠤᠨ ᠬᠠᠤᠯᠢᠴᠢ ᠵᠠᠭᠤᠨ ᠰᠤᠷᠭ᠋ᠠᠭᠤᠯᠢ᠎ᠲᠠᠢ ᠬᠣᠯᠪᠣᠭ᠋ᠠᠯᠠᠬᠤ》 ᠠᠵᠢᠯᠯᠠᠭ᠎ᠠ ᠵᠢ ᠥᠷᠨᠢᠭᠦᠯᠵᠦ᠂ ᠳᠤᠮᠳᠠᠳᠤ ᠪᠠᠭ᠎ᠠ ᠰᠤᠷᠭ᠋ᠠᠭᠤᠯᠢ ᠵᠢ ᠪᠦᠬᠦᠨ᠎ᠢ ᠬᠠᠮᠤᠷᠤᠨ ᠬᠣᠯᠪᠣᠭ᠋ᠠᠯᠠᠬᠤ ᠵᠢ ᠪᠡᠶᠡᠯᠡᠭᠦᠯᠵᠦ᠂ 340 ᠲᠠᠯᠠᠪᠤᠷ ᠤᠳᠠᠭ᠎ᠠ ᠠᠵᠢᠯᠯᠠᠭ᠎ᠠ ᠡᠷᠬᠢᠯᠡᠵᠦ᠂ 21 ᠲᠦᠮᠡ ᠭᠠᠷᠤᠢ ᠪᠠᠭᠰᠢ ᠰᠤᠷᠤᠭᠴᠢᠳ᠎ᠲᠤ ᠣᠷᠣᠯᠴᠠᠪᠠ᠃
ᠵᠠᠰᠠᠭ ᠵᠠᠬᠢᠷᠭ᠋ᠠᠨ᠎ᠤ ᠡᠷᠬᠡ ᠵᠢᠨ ᠬᠢᠨᠠᠯᠲᠠ ᠬᠢᠵᠠᠭ᠋ᠠᠷᠯᠠᠯ᠎ᠤᠨ ᠰᠢᠰᠲ᠋ᠧᠮ᠎ᠢ ᠲᠡᠭᠦᠯᠳᠡᠷᠵᠢᠭᠦᠯᠵᠦ᠂ ᠬᠢᠨᠠᠯᠲᠠ ᠵᠢᠨ ᠬᠠᠨᠳᠤᠯᠭ᠋ᠠᠲᠤ ᠴᠢᠨᠠᠷ᠂ ᠪᠣᠳᠠᠲᠤ ᠪᠦᠲᠦᠮᠵᠢᠲᠦ ᠴᠢᠨᠠᠷ᠎ᠢ ᠴᠢᠩᠭ᠋ᠠᠳᠬᠠᠵᠠᠢ᠃ ᠵᠠᠰᠠᠭ ᠵᠠᠬᠢᠷᠭ᠋ᠠᠨ᠎ᠤ ᠵᠢᠷᠤᠮᠵᠢᠯ᠎ᠤᠨ ᠴᠢᠨᠠᠷᠲᠠᠢ ᠪᠢᠴᠢᠭ ᠮᠠᠲ᠋ᠧᠷᠢᠶᠠᠯ᠎ᠢ ᠳᠠᠩᠰᠠᠯᠠᠵᠤ ᠬᠢᠨᠠᠨ ᠪᠠᠢ᠌ᠴᠠᠭ᠋ᠠᠬᠤ ᠡᠷᠴᠢᠮ᠎ᠢ 《ᠠᠢ᠌ᠮᠠᠭ᠎ᠤᠨ ᠰᠢᠭᠤᠳ ᠬᠠᠷᠢᠶ᠎ᠠ ᠰᠠᠯᠠᠭ᠎ᠠ ᠮᠥᠴᠢᠷ ᠨᠢᠭᠡᠴᠡ ᠵᠢᠨ ᠨᠠᠮ᠎ᠤᠨ ᠳᠣᠲᠣᠭ᠋ᠠᠳᠤ ᠵᠢᠨ ᠬᠠᠤᠯᠢ ᠲᠣᠭᠲᠠᠭ᠋ᠠᠯ ᠪᠠ ᠵᠢᠷᠤᠮᠵᠢᠯ᠎ᠤᠨ ᠴᠢᠨᠠᠷᠲᠠᠢ ᠪᠢᠴᠢᠭ ᠮᠠᠲ᠋ᠧᠷᠢᠶᠠᠯ᠎ᠢ ᠬᠡᠷᠡᠭᠵᠢᠭᠦᠯᠬᠦ ᠬᠠᠷᠢᠭᠤᠴᠠᠯᠭ᠎ᠠ ᠵᠢᠨ ᠨᠠᠷᠢᠨ ᠲᠠᠩᠰᠠ》 ᠵᠢ ᠤᠷᠢᠳᠠᠪᠠᠷ ᠨᠡᠢ᠌ᠲᠡᠯᠡᠵᠡᠢ᠃ ᠤᠷᠢᠳᠠᠪᠠᠷ ᠬᠢᠨᠠᠨ ᠬᠠᠷᠭᠤᠭᠤᠯᠤᠭᠰᠠᠨ ᠠᠢ᠌ᠮᠠᠭ᠎ᠤᠨ ᠨᠠᠮ᠎ᠤᠨ ᠬᠣᠷᠢᠶᠠᠨ᠎ᠤ ᠵᠢᠷᠤᠮᠵᠢᠯ᠎ᠤᠨ ᠴᠢᠨᠠᠷᠲᠠᠢ ᠪᠢᠴᠢᠭ ᠮᠠᠲ᠋ᠧᠷᠢᠶᠠᠯ 39 ᠬᠤᠪᠢ ᠪᠠᠢ᠌ᠵᠤ᠂ ᠡᠯ᠎ᠡ ᠭᠠᠵᠠᠷ ᠡᠯ᠎ᠡ ᠰᠠᠯᠠᠭ᠎ᠠ ᠮᠥᠴᠢᠷ᠎ᠤᠨ 298 ᠬᠤᠪᠢ ᠪᠢᠴᠢᠭ ᠮᠠᠲ᠋ᠧᠷᠢᠶᠠᠯ᠎ᠢ ᠭᠥᠯᠢᠶᠡᠨ ᠠᠪᠴᠤ ᠬᠢᠨᠠᠨ ᠪᠠᠢ᠌ᠴᠠᠭ᠋ᠠᠪᠠ᠃ ᠵᠠᠰᠠᠭ ᠵᠠᠬᠢᠷᠭ᠋ᠠᠨ᠎ᠤ ᠵᠢᠷᠤᠮᠵᠢᠯ᠎ᠤᠨ ᠴᠢᠨᠠᠷᠲᠠᠢ ᠪᠢᠴᠢᠭ ᠮᠠᠲ᠋ᠧᠷᠢᠶᠠᠯ᠎ᠢ ᠤᠯᠠᠷᠢᠯ ᠵᠶ᠋ᠠᠷ ᠨᠡᠪᠲᠡᠷᠡᠭᠦᠯᠬᠦ ᠲᠣᠭᠲᠠᠴᠠ ᠵᠢ ᠪᠠᠢ᠌ᠭᠤᠯᠪᠠ᠃ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠦᠯᠲᠡ᠎ᠳᠤ ᠬᠢᠨᠠᠯᠲᠠ ᠲᠠᠯᠪᠢᠬᠤ ᠮᠡᠳᠡᠭᠳᠡᠯ᠎ᠤᠨ ᠪᠢᠴᠢᠭ᠎ᠢ 2 ᠬᠤᠪᠢ ᠪᠠᠭᠤᠯᠭ᠋ᠠᠵᠤ᠂ ᠲᠤᠬᠠᠢ ᠵᠢᠨ ᠭᠠᠵᠠᠷ᠎ᠲᠤᠨᠢ 14 ᠤᠳᠠᠭ᠎ᠠ ᠰᠢᠮᠳᠠᠭᠤᠯᠤᠨ ᠪᠠᠢ᠌ᠴᠠᠭ᠋ᠠᠬᠤ ᠵᠢ ᠥᠷᠨᠢᠭᠦᠯᠪᠡ᠃ ᠡᠯ᠎ᠡ ᠲᠦᠷᠦᠯ᠎ᠤᠨ ᠬᠢᠨᠠᠯᠲᠠ ᠵᠢᠨ ᠴᠢᠬᠤᠯᠠ ᠦᠢ᠍ᠯᠡᠳᠦᠯ᠎ᠢ ᠭᠦᠢ᠍ᠴᠡᠳ ᠪᠠᠳᠠᠷᠠᠭᠤᠯᠪᠠ᠃ ᠠᠢ᠌ᠮᠠᠭ᠎ᠤᠨ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠠᠵᠢᠯᠯᠠᠬᠤ ᠵᠥᠪᠯᠡᠯ᠎ᠤᠨ ᠬᠤᠷᠠᠯ᠎ᠠᠴᠠ ᠵᠠᠬᠢᠷᠭ᠎ᠠ ᠵᠢᠨ ᠬᠠᠤᠯᠢ᠎ᠪᠠᠷ ᠵᠠᠰᠠᠬᠤ ᠵᠠᠰᠠᠭ᠎ᠤᠨ ᠣᠷᠳᠣᠨ᠎ᠤ ᠪᠠᠢ᠌ᠭᠤᠯᠤᠯᠲᠠ ᠵᠢᠨ ᠪᠠᠢ᠌ᠳᠠᠯ᠎ᠤᠨ ᠬᠠᠷᠢᠭᠤ ᠮᠡᠳᠡᠭᠦᠯᠦᠯᠲᠡ ᠵᠢ ᠰᠣᠨᠣᠰᠬᠤ ᠵᠢᠨ ᠬᠠᠮᠲᠤ ᠰᠠᠨᠠᠯ ᠳᠤᠷᠠᠳᠪᠠ᠃
ᠵᠥᠷᠢᠴᠡᠯ ᠵᠢᠭᠤᠷᠠᠯᠳᠤᠭ᠋ᠠᠨ᠎ᠢ ᠤᠯᠠᠨ ᠡᠰᠢᠵᠢᠭᠦᠯᠦᠨ ᠰᠢᠢ᠍ᠳᠪᠦᠷᠢᠯᠡᠬᠦ ᠰᠢᠰᠲ᠋ᠧᠮ᠎ᠢ ᠲᠡᠭᠦᠯᠳᠡᠷᠵᠢᠭᠦᠯᠵᠦ᠂ ᠨᠡᠢ᠌ᠭᠡᠮ᠎ᠤᠨ ᠵᠠᠰᠠᠯᠲᠠ ᠵᠢᠨ ᠬᠠᠤᠯᠢ᠎ᠪᠠᠷ ᠵᠠᠰᠠᠬᠤ ᠬᠢᠷᠢ ᠲᠦᠪᠰᠢᠨ᠎ᠢ ᠳᠡᠭᠡᠭᠰᠢᠯᠡᠭᠦᠯᠵᠡᠢ᠃ ᠰᠢᠨ᠎ᠡ ᠴᠠᠭ ᠦᠶ᠎ᠡ ᠵᠢᠨ 《ᠹᠸᠩᠴᠢᠶᠤᠤ ᠵᠢᠨ ᠲᠤᠷᠰᠢᠯᠭ᠎ᠠ》 ᠵᠢ ᠪᠠᠷᠢᠮᠲᠠᠯᠠᠨ ᠬᠥᠭᠵᠢᠭᠦᠯᠵᠡᠢ᠃ ᠬᠣᠰᠢᠭᠤ ᠰᠢᠶᠠᠨ ᠬᠣᠲᠠ (ᠲᠣᠭᠣᠷᠢᠭ)᠂ ᠰᠤᠮᠤ ᠰᠢᠶᠠᠩ (ᠪᠠᠯᠭ᠋ᠠᠰᠤ)᠎ᠨᠢ ᠴᠥᠮ 《ᠨᠢᠭᠡ ᠥᠷᠲᠡᠭᠡ ᠮᠠᠶᠢᠭ》᠎ᠤᠨ ᠵᠥᠷᠢᠴᠡᠯ ᠵᠢᠭᠤᠷᠠᠯᠳᠤᠭ᠋ᠠᠨ᠎ᠢ ᠣᠯᠠᠨ ᠡᠰᠢᠵᠢᠭᠦᠯᠦᠨ ᠰᠢᠢ᠍ᠳᠪᠦᠷᠢᠯᠡᠬᠦ ᠲᠠᠪᠴᠠᠩ᠎ᠢ ᠪᠠᠢ᠌ᠭᠤᠯᠵᠤ᠂ 14074 ᠬᠤᠪᠢ ᠵᠢᠭᠤᠷᠠᠯᠳᠤᠭ᠋ᠠᠨ᠎ᠢ ᠡᠶᠡᠳᠡᠭᠦᠯᠵᠦ᠂ ᠡᠶᠡᠳᠡᠭᠦᠯᠦᠭᠡᠳ ᠠᠮᠵᠢᠯᠲᠠ ᠣᠯᠣᠭᠰᠠᠨ ᠨᠣᠷᠮ᠎ᠠ 99.99%᠎ᠳᠤ ᠬᠥᠷᠪᠡ᠃ ᠵᠠᠰᠠᠭ ᠵᠠᠬᠢᠷᠭ᠋ᠠᠨ᠎ᠤ ᠮᠠᠷᠭᠤᠯᠳᠤᠭ᠋ᠠᠨ᠎ᠢ ᠤᠯᠠᠨ ᠡᠰᠢᠵᠢᠭᠦᠯᠦᠨ ᠰᠢᠢ᠍ᠳᠪᠦᠷᠢᠯᠡᠬᠦ ᠵᠢ ᠵᠠᠰᠠᠭ ᠵᠠᠬᠢᠷᠭ᠋ᠠᠨ ᠵᠶ᠋ᠠᠷ ᠳᠠᠬᠢᠨ ᠵᠥᠪᠯᠡᠭᠦᠯᠬᠦ ᠬᠡᠷᠡᠭ᠎ᠢ 662 ᠬᠤᠪᠢ ᠰᠢᠢ᠍ᠳᠪᠦᠷᠢᠯᠡᠵᠦ᠂ ᠡᠨᠡ᠎ᠨᠢ 1.67 ᠲᠠᠬᠢᠨ ᠵᠶ᠋ᠠᠷ ᠨᠡᠮᠡᠭᠳᠡᠵᠦ᠂ ᠵᠠᠰᠠᠭ ᠵᠠᠬᠢᠷᠭ᠋ᠠᠨ᠎ᠤ ᠪᠠᠢ᠌ᠭᠤᠯᠭ᠎ᠠ ᠵᠢᠨ ᠬᠠᠷᠢᠭᠤᠴᠠᠯᠭ᠋ᠠᠲᠠᠨ᠎ᠤ ᠰᠢᠭᠦᠯᠲᠡ᠎ᠳᠤ ᠣᠷᠣᠯᠴᠠᠵᠤ ᠵᠠᠷᠭᠤ ᠬᠦᠯᠢᠶᠡᠭᠰᠡᠨ ᠨᠤᠷᠮ᠎ᠠ ᠵᠢ ᠦᠷᠭᠦᠯᠵᠢᠯᠡᠨ 100%᠎ᠪᠠᠷ ᠪᠠᠲᠤᠯᠠᠪᠠ᠃