ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠬᠠᠣᠯᠢ᠎ᠪᠠᠷ ᠵᠠᠰᠠᠬᠤ
ᠦᠢᠯᠡᠴᠢᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠬᠠᠣᠯᠢ᠎ᠪᠠᠷ ᠵᠠᠰᠠᠬᠤ   -   ᠬᠠᠣᠯᠢ᠎ᠪᠠᠷ ᠵᠠᠰᠠᠬᠤ ᠦᠪᠦᠷ ᠮᠣᠩᠭᠤᠯ
ᠲᠦᠩᠯᠢᠶᠣᠣ ᠬᠣᠲᠠ ᠣᠯᠠᠨ ᠵᠦᠢ᠍ᠯ᠎ᠤᠨ ᠠᠷᠭ᠎ᠠ ᠬᠡᠮᠵᠢᠶ᠎ᠡ ᠵᠢ ᠵᠡᠷᠭᠡ᠎ᠪᠠᠷ ᠬᠡᠷᠡᠭᠯᠡᠨ ᠬᠠᠤᠯᠢᠵᠢᠯ᠎ᠤᠨ ᠪᠠᠢ᠌ᠭᠤᠯᠤᠯᠲᠠ ᠵᠢᠨ ᠤᠯᠤᠰ ᠲᠥᠷᠥ ᠵᠢᠨ ᠡᠭᠦᠷᠭᠡ ᠬᠠᠷᠢᠭᠤᠴᠠᠯᠭ᠎ᠠ ᠵᠢ ᠴᠢᠩᠭ᠎ᠠ ᠪᠣᠳᠠᠲᠠᠢ᠌ᠵᠢᠭᠤᠯᠵᠤ ᠪᠣᠶ
ᠨᠡᠶ᠋ᠢᠲᠡᠯᠡᠭᠰᠡᠨ ᠴᠠᠭ᠄ 2025-04-03

      ᠣᠢ᠌ᠷ᠎ᠠ ᠵᠢᠨ ᠵᠢᠯ᠎ᠠᠴᠠ᠂  ᠲᠦᠩᠯᠢᠶᠣᠣ ᠬᠣᠲᠠ ᠵᠢᠨ  ᠨᠠᠮ᠎ᠤᠨ ᠬᠣᠷᠢᠶ᠎ᠠ᠂  ᠵᠠᠰᠠᠭ᠎ᠤᠨ ᠣᠷᠳᠣᠨ

ᠰᠢ ᠵᠢᠨ ᠫᠢᠩ ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠣᠳᠤᠯᠭ᠎ᠠ ᠪᠣᠯᠭ᠋ᠠᠬᠤ ᠵᠢ ᠪᠠᠷᠢᠮᠲᠠᠯᠠᠵᠤ᠂ ᠰᠢ ᠵᠢᠨ ᠫᠢᠩ᠎ᠤᠨ ᠬᠠᠤᠯᠢᠵᠢᠯ᠎ᠤᠨ ᠦᠵᠡᠯ ᠰᠠᠨᠠᠭ᠎ᠠ ᠵᠢ ᠭᠦᠨᠵᠡᠭᠡᠢ ᠰᠤᠷᠤᠯᠴᠠᠨ  ᠲᠤᠭᠤᠰᠢᠯᠠᠭᠤᠯᠵᠤ᠂  ᠨᠠᠮ᠎ᠤᠨ ᠬᠣᠷᠢᠳᠤᠭ᠋ᠠᠷ ᠶᠡᠬᠡ ᠬᠤᠷᠠᠯ ᠪᠣᠯᠣᠨ ᠬᠣᠷᠢᠳᠤᠭ᠋ᠠᠷ ᠬᠤᠭᠤᠴᠠᠭ᠋ᠠᠨ᠎ᠤ ᠲᠥᠪ ᠬᠣᠷᠢᠶᠠᠨ᠎ᠤ ᠬᠣᠶᠠᠳᠤᠭ᠋ᠠᠷ᠂  ᠭᠤᠷᠪᠠᠳᠤᠭ᠋ᠠᠷ ᠪᠦᠬᠦᠳᠡ ᠬᠤᠷᠠᠯ᠎ᠤᠨ ᠵᠣᠷᠢᠭ ᠰᠠᠨᠠᠭ᠎ᠠ ᠵᠢ ᠪᠦᠬᠦ ᠲᠠᠯ᠎ᠠ᠎ᠪᠠᠷ ᠨᠠᠢ᠌ᠳᠠᠪᠤᠷᠢᠵᠢᠭᠤᠯᠵᠤ᠂ 《ᠬᠣᠶᠠᠷ᠎ᠢ ᠬᠠᠮᠠᠭ᠋ᠠᠯᠠᠬᠤ》 ᠦᠨᠳᠦᠰᠦᠨ ᠡᠭᠦᠷᠭᠡ ᠵᠢ ᠪᠠᠲᠤ ᠡᠵᠡᠮᠳᠡᠵᠦ᠂  ᠬᠠᠤᠯᠢᠵᠢᠯ᠎ᠤᠨ ᠪᠠᠢ᠌ᠭᠤᠯᠤᠯᠲᠠ ᠵᠢ ᠨᠠᠮ᠎ᠤᠨ ᠲᠥᠪ ᠬᠣᠷᠢᠶᠠᠨ᠎ᠤ ᠴᠢᠬᠤᠯᠠ ᠶᠡᠬᠡ ᠰᠢᠢ᠍ᠳᠪᠦᠷᠢᠲᠦ ᠪᠣᠳᠣᠯᠭ᠎ᠠ ᠪᠠᠢ᠌ᠷᠢᠯᠠᠭᠤᠯᠤᠯᠲᠠ᠎ᠲᠠᠢ ᠵᠡᠷᠭᠡᠴᠡᠭᠦᠯᠪᠡ᠃ 《ᠤᠯᠤᠰ᠎ᠤᠨ  ᠶᠡᠬᠡ ᠶᠠᠪᠤᠳᠠᠯ》  ᠪᠠ ᠨᠠᠮ᠎ᠤᠨ ᠲᠥᠪ ᠬᠣᠷᠢᠶ᠎ᠠ᠂  ᠥᠪᠡᠷᠲᠡᠭᠡᠨ ᠵᠠᠰᠠᠬᠤ ᠣᠷᠣᠨ᠎ᠤ ᠭᠣᠣᠯᠳᠠᠯᠭ᠎ᠠ᠎ᠲᠠᠢ ᠠᠵᠢᠯ᠎ᠤᠨ ᠲᠣᠭᠣᠷᠢᠨ᠎ᠳᠤ᠂  ᠬᠠᠤᠯᠢᠵᠢᠯ ᠵᠶ᠋ᠠᠷ ᠴᠢᠨᠠᠷ ᠰᠠᠢ᠌ᠲᠠᠢ ᠬᠥᠭᠵᠢᠯᠲᠡ ᠵᠢ ᠬᠠᠮᠠᠭ᠋ᠠᠯᠠᠵᠤ᠂  ᠨᠠᠮ᠎ᠤᠨ ᠤᠳᠤᠷᠢᠳᠤᠯᠭ᠎ᠠ ᠵᠢ ᠬᠠᠤᠯᠢ ᠲᠣᠭᠲᠠᠭ᠋ᠠᠬᠤ᠂  ᠬᠠᠤᠯᠢ ᠬᠡᠷᠡᠭᠵᠢᠭᠦᠯᠬᠦ᠂  ᠬᠠᠤᠯᠢ ᠪᠠᠷᠢᠬᠤ᠂  ᠬᠠᠤᠯᠢ ᠵᠢ ᠰᠠᠬᠢᠬᠤ ᠡᠯ᠎ᠡ ᠭᠣᠭᠴᠣᠭ᠎ᠠ᠎ᠳᠤ ᠲᠤᠭᠤᠰᠢᠯᠠᠭᠤᠯᠵᠤ᠂  ᠬᠠᠤᠯᠢ᠎ᠪᠠᠷ ᠵᠠᠰᠠᠬᠤ ᠪᠠᠢ᠌ᠭᠤᠯᠤᠯᠲᠠ ᠵᠢᠨ ᠢᠮᠠᠭᠲᠠ ᠵᠥᠪ ᠴᠢᠭᠯᠡᠯ ᠵᠶ᠋ᠡᠷ ᠤᠷᠤᠭᠰᠢᠯᠠᠬᠤ ᠵᠢ ᠦᠨᠡᠨ ᠬᠦ᠌  ᠪᠠᠲᠤᠯᠠᠵᠠᠢ᠃ 

      ᠤᠯᠤᠰ ᠲᠥᠷᠥ᠎ᠪᠠᠷ ᠬᠥᠲᠥᠯᠥᠨ ᠵᠢᠯᠤᠭᠣᠳᠬᠤ ᠵᠢ ᠴᠢᠩᠭ᠋ᠠᠳᠬᠠᠵᠤ᠂  ᠬᠠᠤᠯᠢ᠎ᠪᠠᠷ ᠵᠠᠰᠠᠬᠤ ᠪᠠᠢ᠌ᠭᠤᠯᠤᠯᠲᠠ ᠵᠢᠨ ᠴᠢᠭᠯᠡᠯ᠎ᠢ ᠣᠨᠣᠪᠴᠢᠲᠠᠶ  ᠡᠵᠡᠮᠳᠡᠵᠡᠢ 

      ᠲᠦᠩᠯᠢᠶᠣᠣ ᠬᠤᠲᠠ ᠵᠢᠨ ᠡᠯ᠎ᠡ ᠱᠠᠲᠤᠨ᠎ᠤ ᠡᠯ᠎ᠡ ᠰᠠᠯᠠᠭ᠎ᠠ ᠮᠥᠴᠢᠷ᠎ᠤᠨ᠎ᠬᠢᠨ  ᠰᠢ ᠵᠢᠨ ᠫᠢᠩ᠎ᠤᠨ ᠬᠠᠤᠯᠢᠵᠢᠯ᠎ᠤᠨ ᠦᠵᠡᠯ ᠰᠠᠨᠠᠭ᠎ᠠ ᠵᠢ ᠭᠦᠨᠵᠡᠭᠡᠢ ᠰᠤᠷᠤᠯᠴᠠᠨ ᠤᠬᠠᠭᠤᠯᠵᠤ  ᠲᠤᠭᠤᠰᠢᠯᠠᠭᠤᠯᠬᠤ ᠵᠢ ᠲᠡᠷᠢᠭᠦᠨ ᠴᠢᠬᠤᠯᠠ ᠡᠭᠦᠷᠭᠡ᠎ᠪᠠᠨ ᠪᠣᠯᠭ᠋ᠠᠵᠤ᠂  ᠰᠤᠷᠤᠯᠴᠠᠨ ᠣᠢ᠌ᠯᠠᠭ᠋ᠠᠬᠤ᠂  ᠨᠡᠪᠳᠡᠷᠡᠳᠡᠯ᠎ᠠ ᠡᠵᠡᠮᠰᠢᠬᠦ᠂  ᠨᠠᠢ᠌ᠳᠠᠪᠤᠷᠢᠵᠢᠭᠤᠯᠬᠤ ᠎ᠳᠤ ᠦᠷᠭᠦᠯᠵᠢᠯᠡᠨ ᠬᠦᠴᠦ  ᠣᠷᠣᠭᠤᠯᠵᠠᠢ᠃ 《ᠰᠢ ᠵᠢᠨ ᠫᠢᠩ᠎ᠤᠨ  ᠬᠠᠤᠯᠢᠵᠢᠯ᠎ᠤᠨ  ᠦᠵᠡᠯ ᠰᠠᠨᠠᠭ᠎ᠠ ᠵᠢ  ᠲᠤᠭᠤᠰᠢᠯᠠᠭᠤᠯᠤᠨ ᠨᠠᠢ᠌ᠳᠠᠪᠤᠷᠢᠵᠢᠭᠤᠯᠬᠤ ᠡᠭᠦᠷᠭᠡ ᠵᠢ  ᠭᠦᠨᠵᠡᠭᠡᠢ ᠰᠤᠷᠤᠯᠴᠠᠵᠤ ᠤᠬᠠᠭᠤᠯᠵᠤ ᠰᠤᠳᠤᠯᠬᠤ  ᠲᠣᠳᠣᠷᠬᠠᠢ᠌ᠯᠠᠨ ᠲᠠᠢ᠌ᠯᠪᠤᠷᠢᠯᠠᠬᠤ ᠲᠤᠬᠠᠢ ᠠᠷᠭ᠎ᠠ ᠬᠡᠮᠵᠢᠶ᠎ᠡ》 ᠵᠢ ᠳᠠᠷᠤᠮᠠᠯᠯᠠᠨ ᠲᠠᠷᠬᠠᠭ᠋ᠠᠵᠤ᠂  ᠰᠢ ᠵᠢᠨ ᠫᠢᠩ᠎ᠤᠨ  ᠬᠠᠤᠯᠢᠵᠢᠯ᠎ᠤᠨ ᠦᠵᠡᠯ ᠰᠠᠨᠠᠭ᠎ᠠ ᠵᠢ ᠡᠯ᠎ᠡ ᠱᠠᠲᠤᠨ᠎ᠤ ᠨᠠᠮ᠎ᠤᠨ ᠬᠣᠷᠢᠶ᠎ᠠ (ᠨᠠᠮ᠎ᠤᠨ ᠤᠳᠤᠷᠢᠳᠬᠤ

ᠳᠤᠭᠤᠢ᠌ᠯᠠᠩ) ᠵᠢᠨ ᠤᠨᠤᠯ᠎ᠤᠨ ᠭᠣᠣᠯ ᠳᠤᠭᠤᠢ᠌ᠯᠠᠩ᠎ᠤᠨ ᠭᠣᠣᠯᠳᠠᠯᠭ᠎ᠠ᠎ᠲᠠᠢ ᠰᠤᠷᠤᠯᠴᠠᠬᠤ ᠠᠭᠤᠯᠭ᠎ᠠ᠂  ᠬᠤᠳᠠ ᠵᠢᠨ ᠨᠠᠮ᠎ᠤᠨ ᠬᠣᠷᠢᠶ᠎ᠠ ᠵᠢᠨ ᠨᠠᠮ᠎ᠤᠨ ᠰᠤᠷᠭ᠋ᠠᠭᠤᠯᠢ ᠵᠢᠨ ᠭᠣᠣᠯᠳᠠᠯᠭ᠎ᠠ᠎ᠲᠠᠢ ᠬᠢᠴᠢᠶᠡᠯ᠂  ᠡᠯ᠎ᠡ ᠱᠠᠲᠤᠨ᠎ᠤ ᠺᠠᠳ᠋ᠷ᠎ᠤᠨ ᠬᠥᠮᠦᠵᠢᠯ ᠪᠣᠯᠪᠠᠰᠤᠷᠠᠯ ᠎ᠤᠨ ᠲᠥᠯᠥᠪᠯᠡᠭᠡ ᠵᠢᠴᠢ ᠬᠠᠤᠯᠢ᠎ᠪᠠᠷ ᠬᠤᠳᠠ ᠵᠢ ᠵᠠᠰᠠᠬᠤ ᠣᠨ᠎ᠤ ᠬᠢᠨᠠᠨ ᠰᠢᠯᠭ᠋ᠠᠬᠤ ᠭᠦᠢ᠍ᠴᠡᠳᠬᠡᠯ ᠲᠣᠭ᠎ᠠ᠎ᠳᠤ ᠣᠷᠣᠭᠤᠯᠵᠤ᠂ 《ᠨᠠᠢ᠍ᠮᠠᠳᠤᠭ᠋ᠠᠷ ᠲᠠᠪᠤᠨ ᠵᠢᠯ》 ᠎ᠤᠨ ᠬᠠᠤᠯᠢ ᠲᠦᠭᠡᠮᠡᠯᠵᠢᠭᠦᠯᠬᠦ ᠤᠬᠠᠭᠤᠯᠭ᠎ᠠ ᠵᠢᠨ ᠭᠣᠣᠯᠳᠠᠯᠭ᠎ᠠ᠎ᠳᠤ ᠣᠷᠣᠭᠤᠯᠪᠠ᠃  ᠲᠤᠰᠬᠠᠢ ᠰᠡᠳᠦᠪᠲᠦ ᠲᠠᠢ᠌ᠯᠤᠮᠵᠢ ᠬᠢᠬᠦ᠂  ᠲᠥᠪᠯᠡᠷᠡᠭᠦᠯᠦᠨ ᠰᠤᠳᠤᠯᠤᠨ ᠶᠠᠷᠢᠯᠴᠠᠬᠤ ᠵᠡᠷᠭᠡ ᠬᠡᠯᠪᠡᠷᠢ᠎ᠪᠠᠷ ᠳᠠᠮᠵᠢᠭᠤᠯᠤᠨ᠂  ᠡᠯ᠎ᠡ ᠱᠠᠲᠤᠨ᠎ᠤ ᠨᠠᠮ᠎ᠤᠨ ᠬᠣᠷᠢᠶ᠎ᠠ (ᠨᠠᠮ᠎ᠤᠨ ᠤᠳᠤᠷᠢᠳᠬᠤ ᠳᠤᠭᠤᠢ᠌ᠯᠠᠩ) ᠵᠢ ᠵᠣᠬᠢᠶᠠᠨ ᠪᠠᠢ᠌ᠭᠤᠯᠤᠨ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ ᠪᠣᠯᠣᠨ ᠰᠢ ᠵᠢᠨ ᠫᠢᠩ᠎ᠤᠨ  ᠬᠠᠤᠯᠢᠵᠢᠯ᠎ᠤᠨ ᠦᠵᠡᠯ ᠰᠠᠨᠠᠭ᠎ᠠ ᠵᠢ ᠭᠦᠨᠵᠡᠭᠡᠢ ᠰᠤᠷᠤᠯᠴᠠᠨ ᠣᠢ᠌ᠯᠠᠭ᠋ᠠᠵᠤ᠂  ᠤᠳᠤᠷᠢᠳᠬᠤ ᠺᠠᠳ᠋ᠷᠴᠤᠳ᠎ᠤᠨ ᠬᠠᠤᠯᠢᠵᠢᠯ ᠎ᠤᠨ  ᠰᠡᠳᠬᠢᠬᠦᠢ ᠪᠠ ᠬᠠᠤᠯᠢᠵᠢᠯ᠎ᠤᠨ  ᠠᠷᠭ᠎ᠠ ᠮᠠᠶᠢᠭ ᠵᠶ᠋ᠠᠷ ᠠᠵᠢᠯ ᠵᠶ᠋ᠠᠨ ᠲᠦᠯᠬᠢᠨ ᠠᠬᠢᠭᠤᠯᠬᠤ᠂  ᠠᠰᠠᠭᠤᠳᠠᠯ᠎ᠢ ᠰᠢᠢ᠍ᠳᠪᠦᠷᠢᠯᠡᠬᠦ ᠴᠢᠳᠠᠪᠤᠷᠢ ᠵᠢ ᠲᠠᠰᠤᠷᠠᠯᠳᠠ ᠦᠭᠡᠢ  ᠳᠡᠭᠡᠭᠰᠢᠯᠡᠭᠦᠯᠵᠡᠢ᠃  ᠭᠤᠷᠪᠠᠨ ᠵᠢᠯ ᠳᠠᠷᠠᠭ᠋ᠠᠯᠠᠨ ᠡᠯ᠎ᠡ ᠬᠣᠰᠢᠭᠤ ᠰᠢᠶᠠᠨ ᠬᠣᠲᠠ ᠲᠣᠭᠣᠷᠢᠭ᠂  ᠬᠣᠲᠠ ᠵᠢᠨ ᠰᠢᠭᠤᠳ ᠬᠠᠷᠢᠶ᠎ᠠ ᠰᠠᠯᠠᠭ᠎ᠠ ᠮᠥᠴᠢᠷ᠎ᠤᠨ ᠬᠠᠤᠯᠢ᠎ᠪᠠᠷ ᠵᠠᠰᠠᠬᠤ ᠪᠠᠢ᠌ᠭᠤᠯᠤᠯᠲᠠ ᠵᠢᠨ ᠠᠵᠢᠯ᠎ᠤᠨ ᠭᠣᠣᠯ ᠬᠠᠷᠢᠭᠤᠴᠠᠯᠭ᠋ᠠᠲᠠᠨ᠂  ᠲᠤᠬᠠᠢ᠌ᠯᠠᠭᠰᠠᠨ ᠠᠵᠢᠯ᠎ᠤᠨ ᠬᠠᠷᠢᠭᠤᠴᠠᠯᠭ᠋ᠠᠲᠠᠨ ᠵᠢᠴᠢ ᠬᠠᠤᠯᠢ ᠴᠠᠭ᠋ᠠᠵᠠ ᠵᠢᠨ ᠵᠥᠪᠯᠡᠭᠴᠢ ᠵᠡᠷᠭᠡ᠎ᠳᠤ ᠲᠤᠰᠬᠠᠢ ᠰᠡᠳᠦᠪᠲᠦ  ᠪᠣᠯᠪᠠᠰᠤᠷᠠᠯ᠎ᠢ ᠥᠷᠨᠢᠭᠦᠯᠵᠦ᠂  ᠰᠤᠷᠤᠯᠴᠠᠯᠭ᠎ᠠ  ᠪᠣᠯᠪᠠᠰᠤᠷᠠᠯ᠎ᠤᠨ ᠪᠦᠷᠬᠦᠴᠡ ᠵᠢᠨ ᠨᠣᠷᠮ᠎ᠠ ᠵᠢ 100%᠎ᠪᠠᠷ ᠪᠡᠶᠡᠯᠡᠭᠦᠯᠵᠦ᠂  ᠬᠢᠴᠢᠶᠡᠯᠯᠡᠬᠦ᠎ᠪᠠᠷ ᠰᠤᠷᠤᠯᠴᠠᠯᠭ᠎ᠠ ᠵᠢ ᠠᠬᠢᠭᠤᠯᠵᠤ᠂  ᠰᠤᠷᠤᠯᠴᠠᠬᠤ᠎ᠪᠠᠷ ᠠᠵᠢᠯᠯᠠᠬᠤ ᠵᠢ ᠠᠬᠢᠭᠤᠯᠵᠤ᠂  ᠬᠠᠤᠯᠢ᠎ᠪᠠᠷ ᠵᠠᠰᠠᠬᠤ ᠣᠨᠣᠯᠵᠢᠬᠤᠨ᠎ᠢ ᠬᠥᠮᠥᠰ᠎ᠤᠨ ᠰᠡᠳᠬᠢᠯ᠎ᠳᠤ ᠬᠠᠳᠠᠩᠰᠢᠭᠤᠯᠵᠠᠢ᠃ 

      ᠬᠦᠦᠷᠨᠢᠨ ᠲᠣᠭ᠋ᠠᠴᠢᠬᠤ ᠠᠷᠭ᠎ᠠ᠎ᠪᠠᠷ ᠦᠨᠡᠯᠡᠬᠦ ᠵᠢ ᠪᠣᠳᠠᠲᠠᠢ᠎ᠪᠠᠷ ᠠᠳᠬᠤᠵᠤ᠂  ᠭᠣᠣᠯ ᠴᠣᠭᠴᠠ ᠵᠢᠨ ᠬᠠᠷᠢᠭᠤᠴᠠᠯᠭ᠎ᠠ ᠵᠢ ᠴᠢᠩᠭ᠎ᠠ ᠪᠣᠳᠠᠲᠠᠢ᠎ᠪᠠᠷ  ᠨᠠᠢ᠌ᠳᠠᠪᠤᠷᠢᠵᠢᠭᠤᠯᠵᠠᠢ 

      ᠲᠦᠩᠯᠢᠶᠣᠣ ᠬᠣᠲᠠ 《ᠵᠠᠩᠭᠢᠯᠠᠭ᠎ᠠ ᠵᠢᠨ ᠴᠥᠭᠡᠨ ᠲᠣᠭ᠋ᠠᠲᠠᠨ》᠎ᠤ 《ᠲᠦᠷᠦᠭᠦᠴᠢ ᠭᠠᠯᠠᠭᠤ ᠵᠢᠨ

ᠦᠢ᠍ᠯᠡᠳᠦᠯ》᠎ᠳᠤ ᠠᠩᠬᠠᠷᠤᠯ ᠵᠶ᠋ᠠᠨ ᠲᠥᠪᠯᠡᠷᠡᠭᠦᠯᠵᠦ᠂  ᠬᠠᠤᠯᠢ ᠵᠢᠨ ᠲᠣᠭ᠋ᠠᠴᠢᠯᠲᠠ ᠵᠢᠨ ᠳᠦᠷᠢᠮ᠎ᠢ ᠲᠠᠰᠤᠷᠠᠯᠲᠠ ᠦᠭᠡᠢ ᠪᠦᠷᠢᠨᠰᠢᠭᠦᠯᠦᠨ ᠲᠡᠭᠦᠯᠳᠡᠷᠵᠢᠭᠦᠯᠵᠦ᠂  ᠬᠠᠤᠯᠢ ᠵᠢᠨ ᠲᠣᠭ᠋ᠠᠴᠢᠯᠲᠠ ᠵᠢᠨ ᠬᠡᠯᠪᠡᠷᠢ ᠵᠢᠨ ᠰᠢᠨ᠎ᠡ ᠵᠢ ᠡᠭᠦᠳᠴᠦ᠂  ᠬᠠᠤᠯᠢ ᠵᠢᠨ ᠲᠣᠭ᠋ᠠᠴᠢᠯᠲᠠ ᠵᠢᠨ ᠡᠭᠦᠷᠭᠡ ᠵᠢ ᠪᠥᠬᠥ ᠲᠠᠯ᠎ᠠ᠎ᠪᠠᠷ ᠨᠠᠢ᠌ᠳᠠᠪᠤᠷᠢᠵᠢᠭᠤᠯᠪᠠ᠃  ᠬᠣᠲᠠ ᠵᠢᠨ ᠨᠠᠮ᠎ᠤᠨ ᠬᠣᠷᠢᠶ᠎ᠠ᠂  ᠬᠣᠲᠠ ᠵᠢᠨ ᠵᠠᠰᠠᠭ᠎ᠤᠨ ᠣᠷᠳᠣᠨ᠎ᠤ ᠭᠣᠣᠯ ᠤᠳᠤᠷᠢᠳᠬᠤ ᠬᠥᠮᠥᠰ ᠲᠦᠷᠦᠭᠦᠯᠡᠨ ᠬᠠᠤᠯᠢ ᠵᠢᠨ ᠮᠡᠳᠡᠭᠦᠯᠦᠯᠲᠡ ᠵᠢᠨ ᠮᠡᠳᠡᠭᠦᠯᠦᠯᠲᠡ ᠪᠢᠴᠢᠵᠦ᠂  ᠨᠠᠮ ᠵᠠᠰᠠᠭ᠎ᠤᠨ ᠭᠣᠣᠯ ᠬᠠᠷᠢᠭᠤᠴᠠᠯᠭ᠋ᠠᠲᠠᠨ᠎ᠤ ᠲᠤᠰᠢᠶᠠᠯ᠎ᠤᠨ ᠮᠡᠳᠡᠭᠦᠯᠦᠯᠲᠡ ᠬᠠᠤᠯᠢ ᠴᠠᠭ᠋ᠠᠵᠠ ᠵᠢᠨ ᠮᠡᠳᠡᠭᠦᠯᠦᠯᠲᠡ ᠵᠢᠨ ᠲᠤᠰᠬᠠᠢ ᠰᠡᠳᠦᠪᠲᠦ ᠬᠤᠷᠠᠯ᠎ᠢ ᠵᠣᠬᠢᠶᠠᠨ ᠪᠠᠢ᠌ᠭᠤᠯᠤᠨ ᠬᠤᠷᠠᠯᠳᠤᠭᠤᠯᠵᠤ᠂  ᠬᠣᠰᠢᠭᠤ ᠰᠢᠶᠠᠨ ᠬᠣᠲᠠ ᠲᠣᠭᠣᠷᠢᠭ᠂  ᠬᠣᠲᠠ ᠵᠢᠨ ᠰᠢᠭᠤᠳ ᠬᠠᠷᠢᠶ᠎ᠠ ᠰᠠᠯᠠᠭ᠎ᠠ ᠮᠥᠴᠢᠷ᠎ᠤᠨ ᠭᠣᠣᠯ ᠬᠠᠷᠢᠭᠤᠴᠠᠯᠭ᠋ᠠᠲᠠᠨ ᠲᠤᠬᠠᠢ ᠵᠢᠨ ᠲᠠᠯᠠᠪᠤᠷ᠎ᠲᠤ ᠬᠠᠤᠯᠢ ᠴᠠᠭ᠋ᠠᠵᠠ ᠵᠢᠨ ᠮᠡᠳᠡᠭᠦᠯᠦᠯᠲᠡ ᠬᠢᠵᠦ᠂  ᠬᠠᠤᠯᠢ᠎ᠪᠠᠷ ᠵᠠᠰᠠᠬᠤ ᠪᠠᠢ᠌ᠭᠤᠯᠤᠯᠲᠠ ᠵᠢᠨ ᠠᠵᠢᠯ᠎ᠤᠨ ᠪᠠᠢ᠌ᠳᠠᠯ ᠵᠶ᠋ᠠᠨ ᠬᠠᠷᠢᠭᠤ ᠮᠡᠳᠡᠭᠦᠯᠵᠦ᠂  ᠬᠣᠲᠠ ᠵᠢᠨ ᠨᠠᠮ᠎ᠤᠨ ᠬᠣᠷᠢᠶ᠎ᠠ ᠵᠢᠨ ᠪᠥᠬᠥ ᠲᠠᠯ᠎ᠠ᠎ᠪᠠᠷ ᠬᠠᠤᠯᠢ ᠶᠣᠰᠣᠭ᠋ᠠᠷ ᠬᠣᠲᠠ ᠵᠢ ᠵᠠᠰᠠᠬᠤ ᠬᠣᠷᠢᠶ᠎ᠠ ᠵᠢᠨ ᠭᠣᠣᠯ ᠬᠠᠷᠢᠭᠤᠴᠠᠯᠭ᠋ᠠᠲᠠᠨ᠎ᠤ ᠦᠨᠡᠯᠡᠯᠲᠡ ᠪᠠ ᠭᠡᠰᠢᠭᠦᠳ᠎ᠤᠨ ᠦᠨᠡᠯᠡᠯᠲᠡ ᠵᠢ ᠭᠥᠯᠢᠶᠡᠨ ᠠᠪᠴᠤ᠂ 《ᠵᠠᠩᠭᠢᠯᠠᠭ᠎ᠠ ᠵᠢᠨ ᠴᠥᠭᠡᠨ ᠲᠣᠭ᠋ᠠᠲᠠᠨ》᠎ᠢ

《ᠰᠠᠨᠠᠭ᠋ᠠᠴᠢᠯᠠᠭ᠎ᠠ᠎ᠠᠴᠠ᠎ᠪᠠᠨ ᠬᠠᠤᠯᠢ ᠴᠠᠭ᠋ᠠᠵᠠ ᠵᠢᠨ ᠮᠡᠳᠡᠭᠦᠯᠦᠯᠲᠡ》᠎ᠠᠴᠠ 《ᠰᠠᠨᠠᠭ᠋ᠠᠴᠢᠯᠠᠭ᠎ᠠ᠎ᠠᠴᠠ᠎ᠪᠠᠨ ᠬᠠᠷᠢᠭᠤᠴᠠᠯᠭ᠎ᠠ᠎ᠪᠠᠨ ᠭᠦᠢ᠍ᠴᠡᠳᠬᠡᠬᠦ》  ᠳᠠᠰᠢ ᠬᠤᠪᠢᠷᠠᠭᠤᠯᠬᠤ ᠵᠢ  ᠠᠬᠢᠭᠤᠯᠵᠠᠢ᠃ 《ᠲᠣᠭ᠋ᠠᠴᠢᠯᠲᠠ᠂  ᠦᠨᠡᠯᠡᠯᠲᠡ᠂  ᠬᠢᠨᠠᠯᠲᠠ᠂  ᠰᠢᠯᠭ᠋ᠠᠯᠲᠠ᠂  ᠬᠠᠷᠢᠭᠤᠴᠠᠯᠭ᠎ᠠ》 ᠵᠢᠨ ᠪᠦᠬᠦ ᠬᠡᠯᠬᠢᠶ᠎ᠡ ᠵᠢᠨ ᠲᠣᠭᠲᠠᠴᠠ ᠵᠢᠨ ᠰᠢᠨ᠎ᠡ ᠵᠢ ᠡᠭᠦᠳᠴᠦ᠂  ᠲᠣᠭ᠋ᠠᠴᠢᠯᠲᠠ ᠵᠢᠨ ᠬᠠᠤᠯᠢ ᠵᠢᠨ ᠦᠷ᠎ᠡ ᠳ᠋ᠦᠩ᠎ᠢ ᠺᠠᠳ᠋ᠷ᠎ᠢ ᠰᠢᠯᠢᠨ ᠳᠡᠪᠰᠢᠭᠦᠯᠵᠦ ᠲᠣᠮᠢᠯᠠᠨ ᠬᠡᠷᠡᠭᠯᠡᠬᠦ᠂  ᠣᠨ᠎ᠤ ᠬᠢᠨᠠᠨ ᠰᠢᠯᠭ᠋ᠠᠯᠲᠠ᠎ᠲᠠᠢ ᠬᠣᠯᠪᠣᠵᠤ᠂  ᠤᠳᠤᠷᠢᠳᠬᠤ ᠺᠠᠳ᠋ᠷ᠎ᠢ ᠭᠡᠳᠡᠷᠬᠦ  ᠰᠢᠮᠳᠠᠭᠤᠯᠤᠨ ᠬᠠᠤᠯᠢᠵᠢᠯ᠎ᠤᠨ  ᠰᠡᠳᠬᠢᠬᠦᠢ ᠵᠢ᠎ᠨᠢ ᠪᠠᠲᠤᠳᠬᠠᠵᠤ᠂  ᠬᠠᠤᠯᠢ᠎ᠪᠠᠷ ᠵᠠᠰᠠᠬᠤ ᠪᠠᠢ᠌ᠭᠤᠯᠤᠯᠲᠠ ᠵᠢᠨ 《ᠵᠥᠭᠡᠯᠡᠨ ᠡᠭᠦᠷᠭᠡ》᠎ᠠᠴᠠ 《ᠬᠠᠲᠠᠭᠤ ᠭᠦᠢ᠍ᠴᠡᠳᠬᠡᠬᠦ ᠲᠣᠭ᠎ᠠ》 ᠲᠡᠰᠢ ᠲᠡᠰ ᠳᠡᠪᠰᠢᠬᠦ ᠵᠢ  ᠠᠬᠢᠭᠤᠯᠵᠠᠢ᠃ 

      ᠬᠠᠤᠯᠢᠵᠢᠯ᠎ᠤᠨ  ᠱᠠᠯᠠᠪᠳᠠᠭᠤᠯᠤᠨ ᠪᠠᠢ᠌ᠴᠠᠭ᠋ᠠᠯᠲᠠ ᠵᠢ ᠭᠦᠨᠵᠡᠭᠡᠢ᠌ᠷᠡᠭᠦᠯᠵᠦ᠂  ᠬᠦᠴᠢᠷ ᠲᠦᠪᠡᠭᠲᠡᠢ ᠠᠰᠠᠭᠤᠳᠠᠯ᠎ᠢ  ᠰᠢᠢ᠍ᠳᠪᠦᠷᠢᠯᠡᠵᠡᠢ 

      ᠲᠦᠩᠯᠢᠶᠣᠣ ᠬᠣᠲᠠ ᠪᠥᠬᠥ ᠲᠠᠯ᠎ᠠ᠎ᠪᠠᠷ ᠬᠠᠤᠯᠢ᠎ᠪᠠᠷ ᠬᠣᠲᠠ ᠵᠢ ᠵᠠᠰᠠᠬᠤ ᠵᠥᠪᠯᠡᠯ ᠵᠢᠴᠢ ᠡᠯ᠎ᠡ ᠵᠣᠬᠢᠴᠠᠭᠤᠯᠬᠤ ᠳᠤᠭᠤᠢ᠌ᠯᠠᠩ᠎ᠤᠨ ᠨᠢᠭᠡᠳᠦᠯᠲᠡᠢ ᠲᠥᠯᠥᠪᠯᠡᠬᠦ ᠦᠢ᠍ᠯᠡᠳᠦᠯ᠎ᠢ ᠭᠦᠢ᠍ᠴᠡᠳ ᠪᠠᠳᠠᠷᠠᠭᠤᠯᠵᠤ᠂ 《6321》  ᠠᠵᠢᠯ᠎ᠤᠨ ᠵᠠᠭᠪᠤᠷ ᠵᠶ᠋ᠠᠷ ᠬᠠᠤᠯᠢᠵᠢᠯ᠎ᠤᠨ ᠱᠠᠯᠠᠪᠳᠠᠭᠤᠯᠤᠨ ᠪᠠᠢ᠌ᠴᠠᠭ᠋ᠠᠯᠳᠠ ᠵᠢ ᠭᠦᠨᠵᠡᠭᠡᠢ ᠠᠬᠢᠭᠤᠯᠪᠠ᠃  ᠱᠠᠯᠠᠪᠳᠠᠭᠤᠯᠤᠨ ᠪᠠᠢ᠌ᠴᠠᠭ᠋ᠠᠬᠤ ᠲᠡᠰ ᠳᠠᠷᠠᠭ᠋ᠠᠯᠠᠯ᠎ᠳᠤ ᠲᠥᠯᠥᠪᠯᠡᠭᠡ ᠵᠢ ᠮᠡᠳᠡᠭᠦᠯᠦᠨ ᠵᠥᠪᠰᠢᠶᠡᠷᠡᠭᠦᠯᠬᠦ᠂  ᠱᠠᠯᠠᠪᠳᠠᠭᠤᠯᠤᠨ ᠪᠠᠢ᠌ᠴᠠᠭ᠋ᠠᠬᠤ᠎ᠪᠠᠷ ᠪᠡᠯᠡᠳᠬᠡᠬᠦ᠂  ᠪᠣᠳᠠᠲᠠᠢ ᠭᠠᠵᠠᠷ᠎ᠲᠤᠨᠢ ᠱᠠᠯᠠᠪᠳᠠᠭᠤᠯᠤᠨ ᠪᠠᠢ᠌ᠴᠠᠭ᠋ᠠᠬᠤ᠂  ᠱᠠᠯᠠᠪᠳᠠᠭᠤᠯᠤᠨ ᠪᠠᠢ᠌ᠴᠠᠭ᠋ᠠᠵᠤ ᠬᠠᠷᠢᠭᠤ ᠲᠤᠰᠬᠠᠬᠤ᠂  ᠱᠠᠯᠠᠪᠳᠠᠭᠤᠯᠤᠨ ᠪᠠᠢ᠌ᠴᠠᠭ᠋ᠠᠵᠤ ᠴᠡᠭᠴᠡᠯᠡᠨ ᠰᠠᠢ᠌ᠵᠢᠷᠠᠭᠤᠯᠬᠤ᠂  ᠰᠢᠯᠭ᠋ᠠᠨ ᠠᠪᠴᠤ ᠦᠨᠡᠯᠡᠨ ᠵᠢᠱ᠌ᠢᠬᠦ ᠵᠢᠷᠭᠤᠭ᠋ᠠᠨ ᠭᠣᠭᠴᠣᠭ᠎ᠠ ᠵᠢ ᠪᠠᠭᠲᠠᠭ᠋ᠠᠬᠤ ᠵᠢ ᠲᠣᠳᠣᠷᠬᠠᠢ᠌ᠯᠠᠪᠠ; ᠪᠥᠬᠥ ᠲᠠᠯ᠎ᠠ᠎ᠪᠠᠷ ᠰᠢᠮᠳᠠᠭᠤᠯᠤᠨ ᠪᠠᠢ᠌ᠴᠠᠭ᠋ᠠᠬᠤ᠂  ᠲᠤᠰᠬᠠᠢ ᠵᠦᠢ᠍ᠯ ᠵᠶ᠋ᠡᠷ ᠰᠢᠮᠳᠠᠭᠤᠯᠤᠨ ᠪᠠᠢ᠌ᠴᠠᠭ᠋ᠠᠬᠤ ᠪᠠ ᠣᠨᠴᠠᠭ᠋ᠠᠶ ᠬᠡᠷᠡᠭ ᠵᠶ᠋ᠡᠷ ᠰᠢᠮᠳᠠᠭᠤᠯᠤᠨ ᠪᠠᠢ᠌ᠴᠠᠭ᠋ᠠᠬᠤ ᠭᠤᠷᠪᠠᠨ ᠵᠦᠢ᠍ᠯ᠎ᠤᠨ ᠠᠷᠭ᠎ᠠ ᠮᠠᠶᠢᠭ᠎ᠢ ᠬᠡᠷᠡᠭᠯᠡᠵᠡᠢ; ᠪᠢᠴᠢᠭ ᠵᠶ᠋ᠡᠷ ᠱᠠᠯᠠᠪᠳᠠᠭᠤᠯᠤᠨ ᠪᠠᠢ᠌ᠴᠠᠭ᠋ᠠᠬᠤ᠂  ᠪᠣᠳᠠᠲᠠᠢ ᠭᠠᠵᠠᠷ᠎ᠲᠤᠨᠢ ᠱᠠᠯᠠᠪᠳᠠᠭᠤᠯᠤᠨ ᠪᠠᠢ᠌ᠴᠠᠭ᠋ᠠᠬᠤ ᠬᠣᠶᠠᠷ ᠵᠦᠢ᠍ᠯ᠎ᠤᠨ ᠠᠷᠭ᠎ᠠ ᠵᠢ ᠬᠡᠷᠡᠭᠯᠡᠵᠦ᠂  ᠱᠠᠯᠠᠪᠳᠠᠭᠤᠯᠤᠨ ᠪᠠᠢ᠌ᠴᠠᠭ᠋ᠠᠬᠤ ᠠᠵᠢᠯ᠎ᠢ ᠪᠦᠬᠦ ᠲᠠᠯ᠎ᠠ᠎ᠪᠠᠷ ᠪᠦᠷᠬᠦᠭᠦᠯᠬᠦ᠂  ᠭᠣᠣᠯᠳᠠᠯᠭ᠎ᠠ᠎ᠲᠠᠢ ᠰᠢᠪᠲᠤᠯᠬᠤ᠂  ᠤᠨᠢᠨ ᠳᠡᠭᠡᠷ᠎ᠡ᠎ᠨᠢ ᠬᠦᠴᠦᠯᠡᠬᠦ ᠵᠢ  ᠪᠠᠲᠤᠯᠠᠵᠠᠢ᠃  ᠬᠠᠤᠯᠢ᠎ᠪᠠᠷ ᠵᠠᠰᠠᠬᠤ ᠵᠢ ᠱᠠᠯᠠᠪᠳᠠᠭᠤᠯᠤᠨ ᠪᠠᠢ᠌ᠴᠠᠭ᠋ᠠᠬᠤ᠎ᠪᠠᠷ ᠳᠠᠮᠵᠢᠭᠤᠯᠤᠨ᠂  ᠨᠠᠮ ᠵᠠᠰᠠᠭ᠎ᠤᠨ ᠭᠣᠣᠯ ᠬᠠᠷᠢᠭᠤᠴᠠᠯᠭ᠋ᠠᠲᠠᠨ᠎ᠤ ᠬᠠᠤᠯᠢ᠎ᠪᠠᠷ ᠵᠠᠰᠠᠬᠤ ᠪᠠᠢ᠌ᠭᠤᠯᠤᠯᠲᠠ ᠵᠢ ᠲᠦᠯᠬᠢᠨ ᠠᠬᠢᠭᠤᠯᠬᠤ ᠨᠢᠭᠡᠳᠦᠭᠡᠷ ᠬᠠᠷᠢᠭᠤᠴᠠᠯᠭ᠋ᠠᠲᠠᠨ᠎ᠤ ᠲᠤᠰᠢᠶᠠᠯ ᠬᠠᠷᠢᠭᠤᠴᠠᠯᠭ᠎ᠠ᠎ᠪᠠᠨ ᠦᠨᠡᠨ ᠬᠦ᠌ ᠭᠦᠢ᠍ᠴᠡᠳᠬᠡᠬᠦ ᠵᠢ ᠲᠦᠯᠬᠢᠨ ᠠᠬᠢᠭᠤᠯᠵᠤ᠂  ᠬᠠᠤᠯᠢ᠎ᠪᠠᠷ ᠵᠠᠰᠠᠬᠤ ᠪᠠᠢ᠌ᠭᠤᠯᠤᠯᠲᠠ ᠵᠢᠨ ᠳᠤᠮᠳᠠᠬᠢ ᠲᠣᠪᠣᠢ᠌ᠮ᠎ᠠ ᠠᠰᠠᠭᠤᠳᠠᠯ᠎ᠢ ᠴᠠᠭ ᠲᠤᠬᠠᠢ᠎ᠳᠤᠨᠢ ᠢᠯᠡᠷᠡᠭᠦᠯᠦᠨ ᠰᠢᠢ᠍ᠳᠪᠦᠷᠢᠯᠡᠵᠦ᠂  ᠬᠠᠤᠯᠢ᠎ᠪᠠᠷ ᠵᠠᠰᠠᠬᠤ ᠪᠠᠢ᠌ᠭᠤᠯᠤᠯᠲᠠ ᠵᠢᠨ ᠡᠯ᠎ᠡ ᠵᠦᠢ᠍ᠯ᠎ᠤᠨ ᠡᠭᠦᠷᠭᠡ ᠵᠢ ᠪᠣᠳᠠᠲᠠᠢ᠎ᠪᠠᠷ ᠨᠠᠢ᠌ᠳᠠᠪᠤᠷᠢᠵᠢᠭᠤᠯᠬᠤ ᠵᠢ ᠦᠨᠡᠨ ᠬᠦ᠌  ᠪᠠᠲᠤᠯᠠᠵᠠᠢ᠃ 

      ᠬᠢᠨᠠᠨ ᠰᠢᠯᠭ᠋ᠠᠬᠤ ᠲᠣᠭᠲᠠᠴᠠ ᠵᠢ ᠰᠢᠯᠢᠳᠡᠭᠵᠢᠭᠦᠯᠵᠦ᠂  ᠠᠵᠢᠯ᠎ᠤᠨ ᠨᠠᠢ᠌ᠳᠠᠪᠤᠷᠢᠵᠢᠭᠤᠯᠤᠯᠲᠠ ᠵᠢᠨ ᠶᠠᠰᠤ ᠴᠢᠨᠠᠷ ᠦᠷ᠎ᠡ ᠪᠦᠲᠦᠮᠵᠢ ᠵᠢ  ᠳᠡᠭᠡᠭᠰᠢᠯᠡᠭᠦᠯᠵᠡᠢ

      ᠲᠦᠩᠯᠢᠶᠣᠣ ᠬᠤᠳᠠ  ᠬᠠᠤᠯᠢᠵᠢᠯ᠎ᠤᠨ ᠪᠠᠢ᠌ᠭᠤᠯᠤᠯᠲᠠ ᠵᠢ ᠰᠢᠯᠭ᠋ᠠᠨ ᠦᠨᠡᠯᠡᠬᠦ ᠪᠠ ᠬᠠᠤᠯᠢᠵᠢᠯ᠎ᠤᠨ ᠱᠠᠯᠠᠪᠳᠠᠭᠤᠯᠤᠨ ᠪᠠᠢ᠌ᠴᠠᠭ᠋ᠠᠬᠤ ᠵᠢ ᠨᠢᠭᠲᠠ ᠤᠶᠠᠯᠳᠤᠭᠤᠯᠬᠤ ᠵᠢ ᠪᠠᠷᠢᠮᠲᠠᠯᠠᠵᠤ᠂  ᠬᠢᠨᠠᠯᠲᠠ ᠵᠢᠨ ᠶᠠᠰᠤ ᠴᠢᠨᠠᠷ ᠦᠷ᠎ᠡ ᠠᠰᠢᠭ᠎ᠢ ᠬᠠᠮᠤᠭ᠎ᠤᠨ ᠶᠡᠬᠡ ᠪᠣᠯᠭ᠋ᠠᠬᠤ ᠵᠢ ᠪᠡᠶᠡᠯᠡᠭᠦᠯᠬᠦ᠎ᠪᠠᠷ ᠴᠢᠷᠮᠠᠢ᠌ᠪᠠ᠃  ᠥᠪᠡᠷᠲᠡᠭᠡᠨ ᠵᠠᠰᠠᠬᠤ ᠣᠷᠣᠨ᠎ᠤ ᠬᠠᠤᠯᠢ᠎ᠪᠠᠷ ᠵᠠᠰᠠᠬᠤ ᠪᠠᠢ᠌ᠭᠤᠯᠤᠯᠲᠠ ᠵᠢᠨ 《ᠨᠢᠭᠡ ᠲᠥᠯᠦᠪᠵᠢᠭᠦᠯᠭᠡ ᠬᠣᠶᠠᠷ ᠬᠥᠲᠥᠯᠪᠦᠷᠢ》 ᠵᠢᠨ ᠰᠢᠮᠳᠠᠭᠤᠯᠤᠨ ᠪᠠᠢ᠌ᠴᠠᠭ᠋ᠠᠵᠤ ᠬᠠᠷᠢᠭᠤ ᠲᠤᠰᠬᠠᠭᠰᠠᠨ ᠠᠰᠠᠭᠤᠳᠠᠯ ᠪᠠ ᠬᠣᠲᠠ ᠵᠢᠨ ᠲᠣᠰ ᠱᠠᠲᠤᠨ᠎ᠤ ᠱᠠᠯᠠᠪᠳᠠᠭᠤᠯᠤᠨ   ᠪᠠᠢ᠌ᠴᠠᠭ᠋ᠠᠵᠤ ᠢᠯᠡᠷᠡᠭᠦᠯᠦᠭᠰᠡᠨ ᠠᠰᠠᠭᠤᠳᠠᠯ᠎ᠢ ᠦᠨᠳᠦᠰᠦᠯᠡᠨ᠂  ᠪᠥᠬᠥ ᠲᠠᠯ᠎ᠠ᠎ᠪᠠᠷ ᠬᠠᠤᠯᠢ ᠶᠣᠰᠣᠭ᠋ᠠᠷ ᠬᠣᠲᠠ ᠵᠢ ᠵᠠᠰᠠᠬᠤ ᠵᠢ ᠰᠢᠯᠭ᠋ᠠᠨ ᠦᠨᠡᠯᠡᠬᠦ ᠭᠦᠢ᠍ᠴᠡᠳᠬᠡᠯ ᠲᠣᠭ᠎ᠠ ᠵᠢ ᠲᠠᠰᠤᠷᠠᠯᠲᠠ ᠦᠭᠡᠢ ᠲᠡᠭᠦᠯᠳᠡᠷᠵᠢᠭᠦᠯᠵᠡᠢ᠃  ᠱᠠᠯᠠᠪᠳᠠᠭᠤᠯᠤᠨ ᠪᠠᠢ᠌ᠴᠠᠭ᠋ᠠᠬᠤ ᠠᠰᠠᠭᠤᠳᠠᠯ᠎ᠢ ᠴᠡᠭᠴᠡᠯᠡᠨ ᠰᠠᠢ᠌ᠵᠢᠷᠠᠭᠤᠯᠬᠤ ᠠᠵᠢᠯ᠎ᠤᠨ ᠦᠷ᠎ᠡ ᠪᠦᠲᠦᠮᠵᠢ ᠵᠢ ᠮᠥᠷᠳᠡᠨ ᠠᠰᠠᠭᠤᠬᠤ᠎ᠪᠠᠨ ᠴᠢᠩᠭ᠋ᠠᠳᠬᠠᠵᠤ᠂  ᠴᠡᠭᠴᠡᠯᠡᠨ ᠰᠠᠢ᠌ᠵᠢᠷᠠᠭᠤᠯᠤᠭᠰᠠᠨ ᠪᠠᠢ᠌ᠳᠠᠯ᠎ᠢ ᠬᠢᠨᠠᠨ ᠰᠢᠯᠭ᠋ᠠᠬᠤ ᠰᠢᠰᠲ᠋ᠧᠮ᠎ᠳᠤ ᠣᠷᠣᠭᠤᠯᠵᠤ᠂  ᠡᠯ᠎ᠡ ᠬᠣᠰᠢᠭᠤ ᠰᠢᠶᠠᠨ ᠬᠤᠳᠠ ᠲᠣᠭᠣᠷᠢᠭ᠂  ᠡᠯ᠎ᠡ ᠰᠠᠯᠠᠭ᠎ᠠ ᠮᠥᠴᠢᠷ᠎ᠤᠨ ᠬᠠᠤᠯᠢᠵᠢᠯ᠎ᠤᠨ ᠪᠠᠢ᠌ᠭᠤᠯᠤᠯᠲᠠ ᠵᠢᠨ ᠡᠭᠦᠷᠭᠡ ᠵᠢ ᠢᠳᠡᠪᠬᠢᠲᠡᠢ ᠨᠠᠢ᠌ᠳᠠᠪᠤᠷᠢᠵᠢᠭᠤᠯᠬᠤ ᠵᠢ ᠵᠣᠷᠢᠭᠵᠢᠭᠤᠯᠵᠤ᠂  ᠬᠠᠤᠯᠢᠵᠢᠯ᠎ᠤᠨ ᠬᠡᠪ ᠪᠣᠯᠪᠠᠰᠤᠷᠠᠯ᠂  ᠬᠠᠤᠯᠢᠵᠢᠯ᠎ᠤᠨ ᠴᠢᠳᠠᠪᠤᠷᠢ ᠵᠢ ᠴᠢᠬᠤᠯᠠᠴᠢᠯᠠᠬᠤ ᠬᠥᠮᠥᠨ ᠬᠡᠷᠡᠭᠯᠡᠬᠦ ᠤᠳᠤᠷᠢᠳᠤᠮᠵᠢ ᠵᠢ ᠪᠦᠷᠢᠯᠳᠦᠭᠦᠯᠬᠦ ᠵᠢ ᠠᠬᠢᠭᠤᠯᠵᠤ᠂  ᠡᠯ᠎ᠡ ᠱᠠᠲᠤᠨ᠎ᠤ ᠤᠳᠤᠷᠢᠳᠬᠤ ᠺᠠᠳ᠋ᠷ᠎ᠤᠨ ᠬᠠᠤᠯᠢ ᠶᠣᠰᠣᠭ᠋ᠠᠷ ᠡᠭᠦᠷᠭᠡ ᠲᠤᠰᠢᠶᠠᠯ ᠵᠶ᠋ᠠᠨ ᠭᠦᠢ᠍ᠴᠡᠳᠬᠡᠬᠦ ᠤᠬᠠᠮᠰᠠᠷᠲᠤ ᠴᠢᠨᠠᠷ ᠪᠣᠯᠣᠨ ᠰᠠᠨᠠᠭ᠋ᠠᠴᠢᠯᠠᠭ᠋ᠠᠲᠤ ᠴᠢᠨᠠᠷ᠎ᠢ ᠲᠠᠰᠤᠷᠠᠯᠲᠠ ᠦᠭᠡᠢ ᠳᠡᠭᠡᠭᠰᠢᠯᠡᠭᠦᠯᠵᠦ᠂  ᠪᠦᠬᠦ ᠬᠤᠳᠠ ᠵᠢᠨ ᠴᠢᠨᠠᠷ ᠰᠠᠢ᠌ᠲᠠᠢ ᠬᠥᠭᠵᠢᠯᠲᠡ᠎ᠳᠤ ᠴᠢᠩᠭ᠎ᠠ ᠬᠦᠴᠦᠲᠡᠢ ᠬᠠᠤᠯᠢᠵᠢᠯ᠎ᠤᠨ ᠬᠥᠳᠡᠯᠭᠡᠬᠦ ᠬᠦᠴᠦᠨ  ᠨᠡᠮᠡᠷᠢᠯᠡᠵᠡᠢ᠃

ᠢᠷᠡᠯᠲᠡ᠄ᠦᠪᠦᠷ ᠮᠤᠩᠭᠤᠯ᠎ᠤᠨ ᠦᠪᠡᠷᠲᠡᠭᠡᠨ ᠵᠠᠰᠠᠬᠤ ᠤᠷᠤᠨ᠎ᠤ ᠬᠠᠤᠯᠢ ᠴᠠᠭ᠋ᠠᠵᠠ ᠵᠢᠨ ᠲᠢᠩᠬᠢᠮ
          
ᠬᠠᠮᠢᠶ᠎ᠡ ᠪᠦᠬᠦᠢ ᠰᠣᠨᠢᠨ
 
            