ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠬᠠᠣᠯᠢ᠎ᠪᠠᠷ ᠵᠠᠰᠠᠬᠤ
ᠦᠢᠯᠡᠴᠢᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠬᠠᠣᠯᠢ᠎ᠪᠠᠷ ᠵᠠᠰᠠᠬᠤ   -   ᠬᠠᠣᠯᠢ᠎ᠪᠠᠷ ᠵᠠᠰᠠᠬᠤ ᠦᠪᠦᠷ ᠮᠣᠩᠭᠤᠯ
ᠦᠬᠠᠢ ᠬᠣᠲᠠ᠄ ᠬᠠᠤᠯᠢᠵᠢᠯ᠎ᠤᠨ ᠱᠠᠯᠠᠪᠳᠠᠭᠤᠯᠤᠨ ᠪᠠᠢ᠌ᠴᠠᠭ᠋ᠠᠯᠲᠠ᠎ᠨᠢ ᠬᠠᠤᠯᠢᠵᠢᠯ᠎ᠤᠨ ᠵᠠᠰᠠᠭ᠎ᠤᠨ ᠣᠷᠳᠣᠨ᠎ᠤ ᠪᠠᠢ᠌ᠭᠤᠯᠤᠯᠲᠠ᠎ᠳᠤ ᠬᠦᠴᠦᠷᠬᠡᠭ ᠶᠡᠬᠡ ᠬᠥᠳᠡᠯᠭᠡᠬᠦ ᠬᠦᠴᠦᠨ ᠨᠡᠮᠡᠷᠢᠯᠡᠵᠦ ᠪᠠᠢ᠌ᠨ᠎ᠠ
ᠨᠡᠶ᠋ᠢᠲᠡᠯᠡᠭᠰᠡᠨ ᠴᠠᠭ᠄ 2025-04-10

      ᠣᠢ᠌ᠷ᠎ᠠ ᠵᠢᠨ ᠵᠢᠯ᠎ᠠᠴᠠ᠂ ᠦᠬᠠᠢ ᠬᠤᠳᠠ  ᠰᠢ ᠵᠢᠨ ᠫᠢᠩ᠎ᠤᠨ ᠬᠠᠤᠯᠢᠵᠢᠯ᠎ᠤᠨ ᠦᠵᠡᠯ ᠰᠠᠨᠠᠭ᠎ᠠ ᠵᠢ ᠭᠦᠨᠵᠡᠭᠡᠢ  ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ ᠬᠠᠤᠯᠢᠵᠢᠯ᠎ᠤᠨ  ᠱᠠᠯᠠᠪᠳᠠᠭᠤᠯᠤᠨ  ᠪᠠᠢ᠌ᠴᠠᠭ᠋ᠠᠯᠲᠠ ᠵᠢ ᠬᠠᠤᠯᠢᠵᠢᠯ᠎ᠤᠨ ᠵᠠᠰᠠᠭ᠎ᠤᠨ ᠣᠷᠳᠣᠨ᠎ᠤ ᠪᠠᠢ᠌ᠭᠤᠯᠤᠯᠲᠠ ᠵᠢ ᠠᠬᠢᠭᠤᠯᠬᠤ 《ᠵᠠᠩᠭᠢᠯᠠᠭ᠎ᠠ ᠵᠢᠨ ᠠᠷᠭ᠎ᠠ》 ᠪᠣᠯᠭ᠋ᠠᠵᠤ᠂  ᠠᠰᠠᠭᠤᠳᠠᠯ ᠵᠶ᠋ᠠᠷ ᠤᠳᠤᠷᠢᠳᠤᠮᠵᠢ ᠪᠣᠯᠭ᠋ᠠᠬᠤ ᠵᠢ ᠪᠠᠷᠢᠮᠲᠠᠯᠠᠵᠤ᠂  ᠬᠠᠷᠠᠯᠲᠠ ᠵᠢᠨ ᠴᠢᠭᠯᠡᠯ ᠵᠶ᠋ᠡᠷ ᠬᠦᠴᠦᠯᠡᠵᠦ᠂ 《ᠨᠢᠭᠡᠳᠦᠯᠲᠡᠢ ᠲᠥᠯᠥᠪᠵᠢᠭᠦᠯᠬᠦ ᠵᠢ ᠴᠢᠩᠭ᠋ᠠᠳᠬᠠᠬᠤ᠂  ᠬᠦᠴᠢᠷ ᠠᠰᠠᠭᠤᠳᠠᠯ᠎ᠢ ᠰᠢᠢ᠍ᠳᠪᠦᠷᠢᠯᠡᠬᠦ᠂  ᠳᠡᠭᠡᠭᠰᠢᠯᠡᠭᠦᠯᠬᠦ ᠵᠢ ᠠᠬᠢᠭᠤᠯᠬᠤ》᠎ᠪᠠᠷ ᠭᠣᠣᠯ ᠰᠢᠵᠢᠮ ᠪᠣᠯᠭ᠋ᠠᠵᠤ᠂ 《ᠪᠦᠬᠦ ᠬᠡᠯᠬᠢᠶ᠎ᠡ᠎ᠪᠠᠷ  ᠱᠠᠯᠠᠪᠳᠠᠭᠤᠯᠤᠨ ᠪᠠᠢ᠌ᠴᠠᠭ᠋ᠠᠬᠤ᠂  ᠪᠦᠬᠦ ᠲᠠᠯ᠎ᠠ᠎ᠪᠠᠷ ᠴᠡᠭᠴᠡᠯᠡᠨ ᠰᠠᠢ᠌ᠵᠢᠷᠠᠭᠤᠯᠬᠤ᠂  ᠪᠦᠬᠦ ᠶᠠᠪᠤᠴᠠ᠎ᠳᠤ ᠦᠷ᠎ᠡ ᠪᠦᠲᠦᠮᠵᠢ ᠵᠢ ᠠᠰᠠᠭᠤᠬᠤ》 ᠠᠵᠢᠯ᠎ᠤᠨ ᠲᠣᠭᠲᠠᠴᠠ ᠵᠢ ᠪᠠᠢ᠌ᠭᠤᠯᠵᠤ᠂ ᠬᠠᠤᠯᠢᠵᠢᠯ᠎ᠤᠨ  ᠵᠠᠰᠠᠭ᠎ᠤᠨ ᠣᠷᠳᠣᠨ᠎ᠤ ᠪᠠᠢ᠌ᠭᠤᠯᠤᠯᠲᠠ ᠵᠢᠨ ᠶᠠᠰᠤ ᠴᠢᠨᠠᠷ ᠦᠷ᠎ᠡ ᠪᠦᠲᠦᠮᠵᠢ ᠵᠢ ᠢᠯᠡᠳᠲᠡ ᠳᠡᠭᠡᠭᠰᠢᠯᠡᠭᠦᠯᠪᠡ᠃ 

      ᠨᠢᠭᠡᠳᠦᠯᠲᠡᠢ ᠲᠥᠯᠥᠪᠯᠡᠨ ᠵᠣᠬᠢᠴᠠᠭᠤᠯᠬᠤ ᠵᠢ ᠴᠢᠩᠭ᠋ᠠᠳᠬᠠᠵᠤ ᠬᠠᠤᠯᠢᠵᠢᠯ᠎ᠤᠨ  ᠬᠠᠷᠢᠭᠤᠴᠠᠯᠭ᠎ᠠ ᠵᠢ ᠪᠣᠳᠠᠲᠠᠢ᠌ᠵᠢᠭᠤᠯᠵᠠᠢ 

      ᠨᠠᠮ᠎ᠤᠨ ᠬᠣᠷᠢᠶ᠎ᠠ ᠨᠢᠭᠡᠳᠦᠯᠲᠡᠢ ᠲᠥᠯᠥᠪᠯᠡᠬᠦ᠂  ᠳᠡᠭᠡᠳᠦ ᠳᠣᠣᠷᠠᠳᠤ ᠱᠠᠲᠤ᠎ᠪᠠᠷ ᠵᠶ᠋ᠠᠨ ᠬᠠᠮᠲᠤᠷᠠᠨ ᠬᠥᠳᠡᠯᠦᠯᠴᠡᠬᠦ ᠵᠢ ᠪᠠᠷᠢᠮᠲᠠᠯᠠᠵᠤ᠂  ᠬᠠᠤᠯᠢᠵᠢᠯ᠎ᠤᠨ ᠱᠠᠯᠠᠪᠳᠠᠭᠤᠯᠤᠨ  ᠪᠠᠢ᠌ᠴᠠᠭ᠋ᠠᠯᠲᠠ ᠵᠢ ᠪᠦᠬᠦ ᠲᠠᠯ᠎ᠠ᠎ᠪᠠᠷ ᠬᠠᠤᠯᠢ ᠶᠣᠰᠣᠭ᠋ᠠᠷ ᠬᠤᠳᠠ ᠵᠢ ᠵᠠᠰᠠᠬᠤ ᠣᠨ᠎ᠤ ᠭᠣᠣᠯᠳᠠᠯᠭ᠎ᠠ᠎ᠲᠠᠢ ᠡᠭᠦᠷᠭᠡ᠎ᠳᠤ ᠣᠷᠣᠭᠤᠯᠵᠤ᠂  ᠬᠤᠳᠠ ᠵᠢᠨ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ  ᠬᠠᠤᠯᠢᠵᠢᠯ᠎ᠤᠨ ᠱᠠᠯᠠᠪᠳᠠᠭᠤᠯᠤᠨ  ᠪᠠᠢ᠌ᠴᠠᠭ᠋ᠠᠯᠲᠠ ᠵᠢ ᠣᠨ᠎ᠤ  ᠱᠠᠯᠠᠪᠳᠠᠭᠤᠯᠤᠨ  ᠪᠠᠢ᠌ᠴᠠᠭ᠋ᠠᠬᠤ ᠲᠥᠯᠥᠪᠯᠡᠭᠡ ᠪᠠ ᠬᠠᠤᠯᠢ᠎ᠪᠠᠷ ᠵᠠᠰᠠᠬᠤ ᠵᠠᠰᠠᠭ᠎ᠤᠨ ᠣᠷᠳᠣᠨ᠎ᠤ ᠪᠠᠢ᠌ᠭᠤᠯᠤᠯᠲᠠ ᠵᠢᠨ ᠠᠵᠢᠯ᠎ᠤᠨ ᠲᠥᠯᠥᠪᠯᠡᠭᠡ᠎ᠳᠤ ᠣᠷᠣᠭᠤᠯᠵᠤ᠂  ᠬᠠᠤᠯᠢᠵᠢᠯ᠎ᠤᠨ ᠱᠠᠯᠠᠪᠳᠠᠭᠤᠯᠤᠨ  ᠪᠠᠢ᠌ᠴᠠᠭ᠋ᠠᠯᠲᠠ ᠵᠢ ᠪᠦᠬᠦ ᠬᠤᠳᠠ ᠵᠢᠨ ᠭᠣᠣᠯ ᠠᠵᠢᠯ᠎ᠲᠠᠢ ᠵᠡᠷᠭᠡ᠎ᠪᠠᠷ ᠪᠠᠢ᠌ᠷᠢᠯᠠᠭᠤᠯᠬᠤ᠂ ᠵᠡᠷᠭᠡ᠎ᠪᠠᠷ ᠨᠠᠢ᠌ᠳᠠᠪᠤᠷᠢᠵᠢᠭᠤᠯᠬᠤ᠂  ᠵᠡᠷᠭᠡ᠎ᠪᠠᠷ ᠪᠠᠢ᠌ᠴᠠᠭ᠋ᠠᠬᠤ᠂  ᠵᠡᠷᠭᠡ᠎ᠪᠠᠷ ᠬᠢᠨᠠᠨ ᠰᠢᠯᠭ᠋ᠠᠬᠤ ᠵᠢ ᠦᠨᠡᠨ ᠬᠦ᠌ ᠲᠦᠯᠬᠢᠨ  ᠠᠬᠢᠭᠤᠯᠵᠠᠢ᠃ 《ᠭᠣᠣᠯᠳᠠᠯᠭ᠎ᠠ᠎ᠲᠠᠢ  ᠱᠠᠯᠠᠪᠳᠠᠭᠤᠯᠤᠨ  ᠪᠠᠢ᠌ᠴᠠᠭ᠋ᠠᠬᠤ + ᠡᠳᠦᠷ ᠲᠤᠲᠤᠮ᠎ᠤᠨ ᠰᠢᠮᠳᠠᠭᠤᠯᠤᠨ ᠵᠢᠯᠤᠭᠣᠳᠬᠤ》  ᠲᠣᠭᠲᠠᠴᠠ ᠵᠢ ᠪᠠᠢ᠌ᠭᠤᠯᠵᠤ᠂  ᠢᠳᠡᠭᠡᠨ ᠪᠠ ᠡᠮ᠎ᠤᠨ ᠵᠦᠢ᠍ᠯ᠎ᠤᠨ ᠠᠮᠤᠷ ᠲᠦᠪᠰᠢᠨ᠂  ᠠᠮᠢ ᠠᠬᠤᠢ ᠵᠢᠨ ᠣᠷᠴᠢᠨ ᠲᠣᠭᠣᠷᠢᠨ᠂  ᠵᠠᠮ ᠬᠠᠷᠢᠯᠴᠠᠭ᠎ᠠ ᠵᠡᠷᠭᠡ ᠠᠷᠠᠳ᠎ᠤᠨ ᠠᠮᠢᠳᠤᠷᠠᠯ᠎ᠤᠨ ᠬᠦᠷᠢᠶ᠎ᠡ ᠴᠠᠷᠠᠭ᠎ᠠ ᠵᠢᠨ ᠲᠣᠭᠣᠷᠢᠨ᠎ᠳᠤ᠂  ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠂  ᠤᠬᠠᠭᠤᠯᠬᠤ ᠬᠡᠯᠲᠡᠰ᠂  ᠤᠯᠤᠰ ᠲᠥᠷᠥ ᠬᠠᠤᠯᠢ ᠴᠠᠭ᠋ᠠᠵᠠ ᠵᠢᠨ ᠵᠥᠪᠯᠡᠯ᠂  ᠬᠠᠤᠯᠢ ᠴᠠᠭ᠋ᠠᠵᠠ ᠵᠠᠰᠠᠭ ᠵᠠᠬᠢᠷᠭ᠎ᠠ ᠵᠡᠷᠭᠡ ᠰᠠᠯᠠᠭ᠎ᠠ ᠮᠥᠴᠢᠷ᠎ᠢ ᠵᠣᠬᠢᠶᠠᠨ ᠪᠠᠢ᠌ᠭᠤᠯᠤᠨ ᠶᠡᠷᠦᠩᠬᠡᠢ᠌ᠯᠡᠭᠰᠡᠨ ᠱᠠᠯᠠᠪᠳᠠᠭᠤᠯᠤᠨ ᠪᠠᠢ᠌ᠴᠠᠭ᠋ᠠᠬᠤ ᠠᠵᠢᠯ᠎ᠢ ᠬᠠᠮᠲᠤᠷᠠᠨ ᠥᠷᠨᠢᠭᠦᠯᠵᠦ᠂  ᠠᠰᠠᠭᠤᠳᠠᠯ᠎ᠤᠨ ᠨᠠᠷᠢᠨ ᠲᠠᠩᠰᠠ᠂  ᠬᠠᠷᠢᠭᠤᠴᠠᠯᠭ᠎ᠠ ᠵᠢᠨ ᠨᠠᠷᠢᠨ ᠲᠠᠩᠰᠠ᠂  ᠴᠡᠭᠴᠡᠯᠡᠨ ᠰᠠᠢ᠌ᠵᠢᠷᠠᠭᠤᠯᠬᠤ ᠨᠠᠷᠢᠨ ᠲᠠᠩᠰᠠ ᠵᠡᠷᠭᠡ 《ᠭᠤᠷᠪᠠᠨ ᠡᠬᠡ ᠲᠠᠩᠰᠠ》 ᠵᠢ ᠪᠣᠶ ᠪᠣᠯᠭ᠋ᠠᠵᠤ᠂  ᠳᠠᠷᠤᠯᠲᠠ ᠵᠢ ᠬᠥᠮᠥᠨ᠎ᠳᠤ ᠳᠠᠮᠵᠢᠭᠤᠯᠵᠤ᠂  ᠬᠠᠷᠢᠭᠤᠴᠠᠯᠭ᠎ᠠ ᠵᠢ ᠠᠵᠢᠯ᠎ᠤᠨ ᠪᠠᠢ᠌ᠷᠢ᠎ᠳᠤ ᠨᠠᠢ᠌ᠳᠠᠪᠤᠷᠢᠵᠢᠭᠤᠯᠬᠤ ᠵᠢ ᠦᠨᠡᠨᠬᠦ  ᠪᠠᠲᠤᠯᠠᠵᠠᠢ᠃ 

      ᠠᠷᠠᠳ᠎ᠤᠨ ᠠᠮᠢᠳᠤᠷᠠᠯ᠎ᠤᠨ ᠬᠠᠯᠠᠮᠰᠢᠯ ᠠᠰᠠᠭᠤᠳᠠᠯ᠎ᠳᠤ ᠠᠩᠬᠠᠷᠤᠯ ᠵᠶ᠋ᠠᠨ ᠲᠥᠪᠯᠡᠷᠡᠭᠦᠯᠵᠦ  ᠬᠠᠤᠯᠢ ᠬᠡᠷᠡᠭᠵᠢᠭᠦᠯᠦᠯᠲᠡ ᠵᠢᠨ ᠬᠦᠴᠢᠷ ᠠᠰᠠᠭᠤᠳᠠᠯ᠎ᠢ ᠰᠢᠢ᠍ᠳᠪᠦᠷᠢᠯᠡᠪᠡ 

      ᠤᠯᠠᠨ ᠲᠦᠮᠡᠨ᠎ᠤ ᠲᠤᠰᠬᠠᠯ ᠶᠡᠬᠡᠲᠡᠢ ᠲᠣᠪᠣᠢ᠌ᠮ᠎ᠠ ᠠᠰᠠᠭᠤᠳᠠᠯ᠎ᠢ ᠴᠢᠩᠭ᠎ᠠ ᠠᠩᠬᠠᠷᠴᠤ᠂  ᠬᠠᠤᠯᠢ᠎ᠪᠠᠷ ᠵᠠᠰᠠᠬᠤ  ᠱᠠᠯᠠᠪᠳᠠᠭᠤᠯᠤᠨ ᠪᠠᠢ᠌ᠴᠠᠭ᠋ᠠᠯᠲᠠ ᠵᠢ ᠠᠷᠠᠳ᠎ᠤᠨ ᠲᠥᠯᠥᠭᠡ ᠪᠣᠳᠠᠲᠠᠢ ᠠᠵᠢᠯ ᠬᠢᠬᠦ᠎ᠲᠠᠢ  ᠤᠶᠠᠯᠳᠤᠭᠤᠯᠵᠠᠢ᠃  ᠬᠣᠲᠠ᠂  ᠲᠣᠭᠣᠷᠢᠭ᠂  ᠪᠠᠯᠭ᠋ᠠᠰᠤ ᠭᠤᠷᠪᠠᠨ ᠱᠠᠲᠤᠨ᠎ᠤ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠦᠯᠲᠡ᠎ᠳᠤ ᠬᠢᠨᠠᠯᠲᠠ ᠲᠠᠯᠪᠢᠬᠤ ᠰᠢᠰᠲ᠋ᠧᠮ᠎ᠢ ᠪᠠᠢ᠌ᠭᠤᠯᠵᠤ᠂  ᠬᠠᠭᠤᠷᠮᠠᠭ ᠮᠠᠭᠤ ᠮᠢᠬᠠᠨ᠎ᠤ  ᠪᠦᠲᠦᠭᠡᠭᠳᠡᠬᠦᠨ᠎ᠤ ᠶᠠᠯᠠᠲᠤ ᠠᠵᠢᠯᠯᠠᠭ᠎ᠠ᠎ᠳᠤ ᠲᠤᠰᠬᠠᠢ ᠴᠣᠬᠢᠯᠲᠠ ᠥᠭᠬᠦ᠂ 《ᠬᠠᠲᠤᠨ ᠭᠣᠣᠯ᠎ᠢ ᠬᠠᠮᠠᠭ᠋ᠠᠯᠠᠬᠤ》᠂ 《ᠨᠡᠭᠦᠳᠡᠯ᠎ᠤᠨ ᠰᠢᠪᠠᠭᠤ ᠵᠢ ᠬᠠᠮᠠᠭ᠋ᠠᠯᠠᠬᠤ ᠬᠠᠪᠤᠷ᠎ᠤᠨ ᠤᠯᠠᠷᠢᠯ᠎ᠤᠨ ᠠᠵᠢᠯᠯᠠᠭ᠎ᠠ》  ᠵᠡᠷᠭᠡ 《ᠠᠷᠠᠳ᠎ᠤᠨ ᠲᠥᠯᠥᠭᠡ ᠬᠠᠤᠯᠢ ᠬᠡᠷᠡᠭᠵᠢᠭᠦᠯᠬᠦ》  ᠲᠤᠰᠬᠠᠢ ᠠᠵᠢᠯᠯᠠᠭ᠎ᠠ ᠵᠢ ᠥᠷᠨᠢᠭᠦᠯᠵᠦ᠂  ᠬᠡᠷᠡᠭ᠎ᠤᠨ ᠡᠪᠬᠡᠮᠡᠯ᠎ᠢ ᠪᠠᠢ᠌ᠴᠠᠭ᠋ᠠᠨ ᠦᠵᠡᠬᠦ᠂  ᠤᠯᠠᠨ ᠲᠦᠮᠡᠨ᠎ᠢ ᠰᠤᠷᠪᠤᠯᠵᠢᠯᠠᠬᠤ᠂  ᠢᠯᠡ᠎ᠪᠠᠷ ᠪᠠᠢ᠌ᠴᠠᠭ᠋ᠠᠵᠤ ᠳᠠᠯᠳᠠᠭᠤᠷ ᠰᠤᠷᠪᠤᠯᠵᠢᠯᠠᠬᠤ ᠵᠡᠷᠭᠡ ᠠᠷᠭ᠎ᠠ ᠮᠠᠶᠢᠭ ᠵᠶ᠋ᠠᠷ ᠳᠠᠮᠵᠢᠭᠤᠯᠤᠨ᠂  ᠬᠠᠤᠯᠢ ᠬᠡᠷᠡᠭᠵᠢᠭᠦᠯᠬᠦ ᠵᠢᠷᠤᠮ᠎ᠤᠨ ᠦ ᠰᠡᠪ᠂  ᠲᠠᠰᠤᠯᠤᠯᠲᠠ ᠵᠢᠨ ᠡᠷᠬᠡ ᠨᠢᠭᠡᠳᠦᠯ ᠦᠭᠡᠢ ᠪᠠᠢ᠌ᠬᠤ ᠵᠡᠷᠭᠡ ᠨᠡᠢ᠌ᠲᠡᠴᠢ ᠴᠢᠨᠠᠷᠲᠠᠢ ᠠᠰᠠᠭᠤᠳᠠᠯ᠎ᠢ ᠡᠮᠬᠢᠯᠡᠨ ᠲᠢᠭᠯᠡᠵᠦ᠂ 《ᠦᠬᠠᠢ ᠬᠤᠲᠠ ᠵᠢᠨ ᠦᠢ᠍ᠯᠡᠴᠢᠯᠡᠭᠡᠨ᠎ᠤ ᠬᠡᠯᠪᠡᠷᠢ ᠵᠢᠨ ᠬᠠᠤᠯᠢ ᠬᠡᠷᠡᠭᠵᠢᠭᠦᠯᠬᠦ ᠠᠵᠢᠯ᠎ᠤᠨ ᠵᠢᠯᠣᠭᠣᠳᠤᠮᠵᠢ》 ᠵᠢ ᠨᠡᠢ᠌ᠲᠡᠯᠡᠵᠦ᠂  ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ᠎ᠤᠨ ᠬᠠᠤᠯᠢ ᠬᠡᠷᠡᠭᠵᠢᠭᠦᠯᠬᠦ ᠲᠠᠰᠤᠯᠤᠯᠲᠠ ᠵᠢᠨ ᠡᠷᠬᠡ ᠵᠢᠨ ᠰᠠᠭᠤᠷᠢ ᠪᠠᠷᠢᠮᠵᠢᠶ᠎ᠠ ᠵᠢ ᠲᠡᠭᠦᠯᠳᠡᠷᠵᠢᠭᠦᠯᠵᠦ᠂  ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ᠎ᠢ ᠵᠣᠬᠢᠶᠠᠨ ᠪᠠᠢ᠌ᠭᠤᠯᠤᠨ ᠲᠦᠷᠪᠡᠨ ᠵᠦᠢ᠍ᠯ᠎ᠤᠨ ᠠᠵᠢᠯ᠎ᠤᠨ ᠲᠣᠳᠣᠷᠬᠠᠢ ᠬᠠᠭᠤᠳᠠᠰᠤ ᠵᠢ ᠡᠮᠬᠢᠯᠡᠨ ᠲᠢᠭᠯᠡᠵᠦ᠂  ᠪᠦᠬᠦ ᠬᠤᠲᠠ ᠵᠢᠨ 1044 ᠵᠦᠢ᠍ᠯ᠎ᠤᠨ 《ᠲᠣᠷᠭ᠋ᠠᠭᠤᠯᠢ᠎ᠠᠴᠠ ᠬᠡᠯᠲᠦᠷᠢᠭᠦᠯᠬᠦ》᠂ 《ᠬᠥᠩᠭᠡᠨ ᠲᠣᠷᠭ᠋ᠠᠭᠤᠯᠢ》 ᠵᠢᠨ ᠵᠦᠢ᠍ᠯᠡᠰ᠎ᠤᠨ ᠲᠣᠳᠣᠷᠬᠠᠢ ᠬᠠᠭᠤᠳᠠᠰᠤ ᠵᠢ ᠪᠦᠷᠢᠯᠳᠦᠭᠦᠯᠪᠡ᠃ 

      ᠴᠡᠭᠴᠡᠯᠡᠨ ᠥᠭᠡᠷᠡᠴᠢᠯᠡᠵᠦ ᠨᠠᠢ᠌ᠳᠠᠪᠤᠷᠢᠵᠢᠭᠤᠯᠬᠤ ᠵᠢ ᠴᠢᠩᠭ᠎ᠠ ᠠᠳᠬᠤᠵᠤ  ᠱᠠᠯᠠᠪᠳᠠᠭᠤᠯᠤᠨ  ᠪᠠᠢ᠌ᠴᠠᠭ᠋ᠠᠬᠤ ᠶᠠᠰᠤ ᠴᠢᠨᠠᠷ ᠦᠷ᠎ᠡ ᠪᠦᠲᠦᠮᠵᠢ ᠵᠢ  ᠳᠡᠭᠡᠭᠰᠢᠯᠡᠭᠦᠯᠵᠡᠢ

     《ᠠᠰᠠᠭᠤᠳᠠᠯ᠎ᠤᠨ ᠨᠣᠮᠧᠷ᠎ᠢ ᠬᠠᠰᠤᠬᠤ ᠬᠠᠮᠢᠶᠠᠷᠤᠯᠲᠠ》 ᠵᠢ ᠬᠡᠷᠡᠭᠵᠢᠭᠦᠯᠵᠦ᠂ ᠱᠠᠯᠠᠪᠳᠠᠨ ᠪᠠᠢ᠌ᠴᠠᠭ᠋ᠠᠬᠤ᠎ᠳᠤ ᠢᠯᠡᠷᠡᠭᠦᠯᠦᠭᠰᠡᠨ ᠠᠰᠠᠭᠤᠳᠠᠯ᠎ᠳᠤ ᠴᠡᠭᠴᠡᠯᠡᠨ ᠰᠠᠢ᠌ᠵᠢᠷᠠᠭᠤᠯᠬᠤ ᠴᠠᠭ ᠬᠤᠭᠤᠴᠠᠭ᠎ᠠ᠂  ᠬᠠᠷᠢᠭᠤᠴᠠᠯᠭ᠋ᠠᠲᠤ ᠨᠢᠭᠡᠴᠡ ᠪᠣᠯᠣᠨ ᠰᠢᠯᠭ᠋ᠠᠨ ᠠᠪᠬᠤ ᠪᠠᠷᠢᠮᠵᠢᠶ᠎ᠠ ᠵᠢ ᠨᠢᠭᠡᠳ ᠨᠢᠭᠡ᠎ᠪᠠᠷ ᠲᠣᠳᠣᠷᠬᠠᠢ᠌ᠯᠠᠵᠤ᠂  ᠠᠰᠠᠭᠤᠳᠠᠯ᠎ᠢ ᠴᠡᠭᠴᠡᠯᠡᠨ ᠰᠠᠢ᠌ᠵᠢᠷᠠᠭᠤᠯᠬᠤ 《ᠡᠷᠬᠢᠨ ᠬᠠᠷᠠᠬᠤ》 ᠠᠵᠢᠯ᠎ᠢ ᠴᠠᠭ᠎ᠲᠤᠨᠢ ᠲᠣᠬᠢᠷᠠᠭᠤᠯᠤᠨ ᠵᠣᠬᠢᠶᠠᠨ ᠪᠠᠢ᠌ᠭᠤᠯᠵᠤ᠂   ᠴᠡᠭᠴᠡᠯᠡᠨ ᠰᠠᠢ᠌ᠵᠢᠷᠠᠭᠤᠯᠬᠤ ᠬᠠᠷᠢᠭᠤᠴᠠᠯᠭ᠎ᠠ ᠵᠢ ᠨᠠᠢ᠌ᠳᠠᠪᠤᠷᠢᠵᠢᠭᠤᠯᠤᠭᠰᠠᠨ ᠦᠭᠡᠢ᠂ ᠴᠡᠭᠴᠡᠯᠡᠨ ᠰᠠᠢ᠌ᠵᠢᠷᠠᠭᠤᠯᠬᠤ ᠠᠬᠢᠴᠠ ᠤᠳᠠᠭ᠋ᠠᠨ᠂  ᠴᠡᠭᠴᠡᠯᠡᠨ ᠰᠠᠢ᠌ᠵᠢᠷᠠᠭᠤᠯᠬᠤ ᠠᠵᠢᠯ ᠲᠤᠢ᠌ᠯᠪᠤᠷᠢᠲᠠᠢ ᠪᠢᠰᠢ ᠪᠥᠭᠡᠳ ᠲᠤᠭᠤᠰᠢᠲᠠᠢ ᠨᠠᠢ᠌ᠳᠠᠪᠤᠷᠢᠵᠢᠭᠤᠯᠤᠭᠰᠠᠨ ᠦᠭᠡᠢ ᠵᠡᠷᠭᠡ ᠪᠠᠢ᠌ᠳᠠᠯ᠎ᠳᠤ ᠭᠣᠣᠯ ᠬᠠᠷᠢᠭᠤᠴᠠᠯᠭ᠋ᠠᠲᠠᠨ᠎ᠲᠠᠢ ᠪᠣᠯᠵᠣᠨ ᠶᠠᠷᠢᠯᠴᠠᠬᠤ᠂  ᠫᠠᠢ᠌ᠰᠠ ᠡᠯᠭᠦᠨ  ᠱᠠᠯᠠᠪᠳᠠᠨ ᠭᠦᠢ᠍ᠴᠡᠳᠬᠡᠭᠦᠯᠬᠦ ᠵᠡᠷᠭᠡ ᠠᠷᠭ᠎ᠠ ᠬᠡᠮᠵᠢᠶ᠎ᠡ ᠠᠪᠴᠤ᠂  ᠦᠨᠡᠨᠬᠦ ᠰᠠᠢ᠌ᠵᠢᠷᠠᠭᠤᠯᠵᠤ ᠪᠣᠳᠠᠲᠠᠢ ᠰᠠᠢ᠌ᠵᠢᠷᠠᠭᠤᠯᠬᠤ ᠵᠢ ᠠᠬᠢᠭᠤᠯᠪᠠ᠃ 2022 ᠣᠨ ᠎ᠠᠴᠠ  ᠨᠠᠭ᠋ᠠᠰᠢ᠂  ᠪᠥᠬᠥ ᠬᠣᠲᠠ᠎ᠳᠤ ᠬᠠᠤᠯᠢ᠎ᠪᠠᠷ ᠵᠠᠰᠠᠬᠤ  ᠱᠠᠯᠠᠪᠳᠠᠭᠤᠯᠤᠨ ᠪᠠᠢ᠌ᠴᠠᠭ᠋ᠠᠯᠲᠠ ᠵᠢ ᠨᠡᠶ᠋ᠢᠲᠡ 14 ᠤᠳᠠᠭ᠎ᠠ ᠥᠷᠨᠢᠭᠦᠯᠵᠦ᠂  ᠪᠥᠬᠥ ᠬᠣᠲᠠ ᠵᠢᠨ 85% ᠵᠢᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ᠎ᠢ ᠬᠠᠮᠤᠷᠴᠤ᠂ 134 ᠠᠰᠠᠭᠤᠳᠠᠯ᠎ᠢ ᠴᠡᠭᠴᠡᠯᠡᠨ ᠰᠠᠢ᠌ᠵᠢᠷᠠᠭᠤᠯᠬᠤ ᠵᠢ ᠲᠦᠯᠬᠢᠨ ᠠᠬᠢᠭᠤᠯᠪᠠ᠃  ᠦᠷ᠎ᠡ ᠳ᠋ᠦᠩ᠎ᠤᠨ ᠬᠡᠷᠡᠭᠯᠡᠯᠲᠡ ᠵᠢ ᠭᠦᠨᠵᠡᠭᠡᠢ᠌ᠷᠡᠭᠦᠯᠵᠦ᠂  ᠬᠠᠤᠯᠢᠵᠢᠯ᠎ᠤᠨ ᠱᠠᠯᠠᠪᠳᠠᠭᠤᠯᠤᠨ  ᠪᠠᠢ᠌ᠴᠠᠭ᠋ᠠᠭᠰᠠᠨ ᠦᠷ᠎ᠡ ᠳ᠋ᠦᠩ᠎ᠢ ᠪᠥᠬᠥ ᠲᠠᠯ᠎ᠠ᠎ᠪᠠᠷ ᠬᠠᠤᠯᠢ ᠶᠣᠰᠣᠭ᠋ᠠᠷ ᠬᠣᠲᠠ ᠵᠢ ᠵᠠᠰᠠᠬᠤ ᠵᠢ ᠰᠢᠯᠭ᠋ᠠᠨ ᠬᠢᠨᠠᠬᠤ ᠰᠢᠰᠲ᠋ᠧᠮᠵᠢ᠎ᠳᠤ ᠣᠷᠣᠭᠤᠯᠤᠨ᠂  ᠰᠢᠯᠭ᠋ᠠᠨ ᠬᠢᠨᠠᠬᠤ 《ᠳᠣᠬᠢᠭᠤᠷ》 ᠵᠶ᠋ᠠᠷ ᠡᠯ᠎ᠡ ᠲᠣᠭᠣᠷᠢᠭ ᠡᠯ᠎ᠡ ᠰᠠᠯᠠᠭ᠎ᠠ ᠮᠥᠴᠢᠷ᠎ᠤᠨ ᠬᠢᠨᠠᠯᠲᠠ ᠵᠢ ᠤᠬᠠᠮᠰᠠᠷ᠎ᠠᠴᠠ᠎ᠪᠠᠨ ᠬᠦᠯᠢᠶᠡᠬᠦ᠂  ᠡᠭᠦᠷᠭᠡ ᠬᠠᠷᠢᠭᠤᠴᠠᠯᠭ᠎ᠠ᠎ᠪᠠᠨ ᠴᠢᠩᠭ᠎ᠠ ᠭᠦᠢ᠍ᠴᠡᠳᠬᠡᠬᠦ᠂  ᠬᠠᠤᠯᠢ᠎ᠠᠴᠠ ᠵᠥᠷᠢᠴᠡᠭᠰᠡᠨ ᠦᠢᠯᠡ ᠠᠵᠢᠯᠯᠠᠭ᠎ᠠ ᠵᠢ ᠰᠠᠨᠠᠭ᠋ᠠᠴᠢᠯᠠᠭ᠎ᠠ᠎ᠠᠴᠠ᠎ᠪᠠᠨ ᠵᠠᠯᠠᠷᠠᠭᠤᠯᠬᠤ ᠵᠢ  ᠠᠬᠢᠭᠤᠯᠵᠠᠢ᠃  ᠬᠠᠮᠵᠢᠯᠴᠠᠨ ᠬᠠᠮᠵᠢᠯᠴᠠᠬᠤ ᠵᠢ ᠴᠢᠩᠭ᠋ᠠᠳᠬᠠᠵᠤ᠂  ᠬᠠᠤᠯᠢ᠎ᠪᠠᠷ ᠵᠠᠰᠠᠬᠤ ᠵᠢ ᠬᠢᠨᠠᠨ ᠪᠠᠢ᠌ᠴᠠᠭ᠋ᠠᠬᠤ ᠪᠠ ᠰᠠᠬᠢᠯᠭ᠎ᠠ ᠪᠠᠲᠤ ᠪᠠᠢ᠌ᠴᠠᠭ᠋ᠠᠬᠤ ᠬᠢᠨᠠᠨ ᠪᠠᠢ᠌ᠴᠠᠭ᠋ᠠᠬᠤ᠂  ᠵᠣᠬᠢᠶᠠᠨ ᠪᠠᠶ᠋ᠢᠭᠤᠯᠬᠤ ᠠᠵᠢᠯᠲᠠᠨ᠎ᠤ ᠶᠠᠪᠤᠳᠠᠯ ᠵᠡᠷᠭᠡ ᠰᠠᠯᠠᠭ᠎ᠠ ᠮᠥᠴᠢᠷ᠎ᠤᠨ ᠮᠡᠳᠡᠭᠡ ᠵᠠᠩᠭᠢ ᠵᠢ ᠬᠠᠮᠲᠤ᠎ᠪᠠᠷ ᠡᠳ᠋ᠯᠡᠬᠦ ᠪᠠ ᠬᠠᠮᠵᠢᠯᠴᠠᠬᠤ ᠲᠣᠭᠲᠠᠴᠠ ᠵᠢ ᠪᠠᠢ᠌ᠭᠤᠯᠵᠤ᠂ ᠪᠦᠬᠦ ᠲᠠᠯ᠎ᠠ ᠵᠢᠨ᠂  ᠤᠯᠠᠨ ᠲᠡᠰ ᠳᠠᠪᠬᠤᠷᠭ᠎ᠠ ᠵᠢᠨ ᠬᠢᠨᠠᠯᠲᠠ ᠲᠠᠯᠪᠢᠬᠤ ᠰᠢᠰᠲ᠋ᠧᠮ᠎ᠢ ᠪᠤᠢ  ᠪᠣᠯᠭ᠋ᠠᠵᠠᠢ᠃ 

      ᠦᠬᠠᠢ ᠬᠣᠲᠠ ᠵᠢᠨ ᠨᠠᠮ᠎ᠤᠨ ᠬᠣᠷᠢᠶᠠᠨ᠎ᠤ ᠬᠠᠤᠯᠢ ᠶᠣᠰᠣᠭ᠋ᠠᠷ ᠬᠣᠲᠠ᠎ᠪᠠᠨ ᠵᠠᠰᠠᠬᠤ ᠠᠯᠪᠠᠨ ᠭᠡᠷ ᠬᠠᠤᠯᠢᠵᠢᠯ᠎ᠤᠨ  ᠪᠠᠢ᠌ᠭᠤᠯᠤᠯᠲᠠ ᠵᠢᠨ ᠭᠣᠣᠯ ᠱᠤᠭᠤᠮ᠎ᠢ ᠴᠢᠩᠭ᠎ᠠ ᠠᠳᠬᠤᠵᠤ᠂  ᠬᠠᠤᠯᠢᠵᠢᠯ᠎ᠤᠨ ᠪᠠᠢ᠌ᠭᠤᠯᠤᠯᠲᠠ ᠵᠢᠨ 《ᠨᠢᠭᠡ ᠲᠥᠯᠦᠪᠵᠢᠭᠦᠯᠭᠡ ᠬᠣᠶᠠᠷ ᠬᠥᠲᠥᠯᠪᠦᠷᠢ》 ᠵᠢᠨ ᠦᠬᠠᠢ ᠬᠤᠳᠠ ᠵᠢᠨ ᠲᠥᠰᠥᠯ ᠠᠷᠭ᠎ᠠ ᠬᠡᠮᠵᠢᠶ᠎ᠡ ᠵᠢ ᠨᠠᠢ᠌ᠳᠠᠪᠤᠷᠢᠵᠢᠭᠤᠯᠤᠭᠰᠠᠨ ᠪᠠᠢ᠌ᠳᠠᠯ᠂ 《ᠨᠠᠢ᠍ᠮᠠᠳᠤᠭ᠋ᠠᠷ ᠲᠠᠪᠤᠨ ᠵᠢᠯ》᠎ᠤᠨ ᠬᠠᠤᠯᠢ ᠲᠦᠭᠡᠮᠡᠯᠵᠢᠭᠦᠯᠬᠦ ᠲᠥᠯᠦᠪᠵᠢᠭᠦᠯᠭᠡ ᠵᠢ ᠨᠠᠢ᠌ᠳᠠᠪᠤᠷᠢᠵᠢᠭᠤᠯᠤᠭᠰᠠᠨ ᠪᠠᠢ᠌ᠳᠠᠯ᠂  ᠬᠠᠤᠯᠢᠵᠢᠯ᠎ᠤᠨ ᠡᠵᠡᠩᠨᠡᠯᠲᠡ ᠵᠢᠨ ᠣᠷᠴᠢᠨ ᠲᠣᠭᠣᠷᠢᠨ᠎ᠢ ᠰᠢᠯᠢᠳᠡᠭᠵᠢᠭᠦᠯᠬᠦ ᠵᠡᠷᠭᠡ ᠭᠣᠣᠯᠳᠠᠯᠭ᠎ᠠ᠎ᠲᠠᠢ ᠠᠵᠢᠯ᠎ᠳᠤ ᠠᠩᠬᠠᠷᠤᠯ ᠵᠶ᠋ᠠᠨ ᠲᠥᠪᠯᠡᠷᠡᠭᠦᠯᠦᠨ  ᠬᠠᠤᠯᠢᠵᠢᠯ᠎ᠤᠨ  ᠱᠠᠯᠠᠪᠳᠠᠭᠤᠯᠤᠨ  ᠪᠠᠢ᠌ᠴᠠᠭ᠋ᠠᠯᠲᠠ ᠵᠢ ᠥᠷᠨᠢᠭᠦᠯᠵᠦ᠂  ᠨᠡᠩ ᠥᠨᠳᠥᠷ ᠪᠠᠷᠢᠮᠵᠢᠶ᠎ᠠ᠂  ᠨᠡᠩ ᠪᠣᠳᠠᠲᠠᠢ ᠠᠷᠭ᠎ᠠ ᠬᠡᠮᠵᠢᠶ᠎ᠡ᠎ᠪᠠᠷ  ᠬᠠᠤᠯᠢᠵᠢᠯ᠎ᠤᠨ  ᠵᠠᠰᠠᠭ᠎ᠤᠨ ᠣᠷᠳᠣᠨ᠎ᠤ ᠪᠠᠢ᠌ᠭᠤᠯᠤᠯᠲᠠ ᠵᠢᠨ ᠶᠠᠰᠤ ᠴᠢᠨᠠᠷ᠎ᠢ ᠳᠡᠭᠡᠭᠰᠢᠯᠡᠭᠦᠯᠵᠦ ᠦᠷ᠎ᠡ ᠠᠰᠢᠭ᠎ᠢ ᠨᠡᠮᠡᠭᠳᠡᠭᠦᠯᠬᠦ ᠵᠢ ᠠᠬᠢᠭᠤᠯᠵᠤ᠂  ᠠᠵᠤ ᠠᠬᠤᠢ ᠨᠡᠢ᠌ᠭᠡᠮ᠎ᠤᠨ ᠬᠥᠭᠵᠢᠯᠲᠡ᠎ᠳᠤ ᠬᠠᠤᠯᠢᠵᠢᠯ᠎ᠤᠨ ᠰᠠᠭᠤᠷᠢ ᠵᠢ ᠪᠡᠬᠢᠵᠢᠭᠦᠯᠪᠡ᠃

ᠢᠷᠡᠯᠲᠡ᠄ᠦᠪᠦᠷ ᠮᠤᠩᠭᠤᠯ᠎ᠤᠨ ᠦᠪᠡᠷᠲᠡᠭᠡᠨ ᠵᠠᠰᠠᠬᠤ ᠤᠷᠤᠨ᠎ᠤ ᠬᠠᠤᠯᠢ ᠴᠠᠭ᠋ᠠᠵᠠ ᠵᠢᠨ ᠲᠢᠩᠬᠢᠮ
          
ᠬᠠᠮᠢᠶ᠎ᠡ ᠪᠦᠬᠦᠢ ᠰᠣᠨᠢᠨ
 
            