ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ ᠥᠪᠡᠷᠲᠡᠭᠡᠨ ᠵᠠᠰᠠᠬᠤ ᠣᠷᠣᠨ᠎ᠤ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ᠎ᠪᠠᠷ ᠨᠠᠮ᠎ᠤᠨ ᠬᠣᠷᠢᠳᠤᠭ᠋ᠠᠷ ᠶᠡᠬᠡ ᠬᠤᠷᠠᠯ ᠪᠣᠯᠣᠨ ᠬᠣᠷᠢᠳᠤᠭ᠋ᠠᠷ ᠬᠤᠭᠤᠴᠠᠭ᠋ᠠᠨ᠎ᠤ ᠲᠥᠪ ᠬᠣᠷᠢᠶᠠᠨ᠎ᠤ ᠬᠣᠶᠠᠳᠤᠭ᠋ᠠᠷ᠂ ᠭᠤᠷᠪᠠᠳᠤᠭ᠋ᠠᠷ ᠪᠥᠬᠥᠳᠡ ᠬᠤᠷᠠᠯ᠎ᠤᠨ ᠵᠣᠷᠢᠭ ᠰᠠᠨᠠᠭ᠎ᠠ ᠵᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂
ᠰᠢ ᠵᠢᠨ ᠫᠢᠩ᠎ᠤᠨ ᠬᠠᠤᠯᠢᠵᠢᠯ᠎ᠤᠨ ᠦᠵᠡᠯ ᠰᠠᠨᠠᠭ᠎ᠠ ᠵᠢ ᠬᠢᠨᠠᠮᠠᠭ᠋ᠠᠢ ᠦᠢ᠍ᠯᠡᠳᠦᠯᠭᠡᠵᠢᠭᠦᠯᠦᠨ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠦᠵᠡᠯ ᠤᠬᠠᠮᠰᠠᠷ᠎ᠢ ᠪᠤᠢ ᠪᠣᠯᠭ᠋ᠠᠬᠤ᠎ᠪᠠᠷ ᠠᠵᠢᠯ᠎ᠤᠨ ᠭᠣᠣᠯ ᠰᠢᠵᠢᠮ ᠪᠣᠯᠭ᠋ᠠᠨ᠂ 《ᠬᠣᠶᠠᠷ ᠶᠡᠬᠡ ᠶᠠᠪᠤᠳᠠᠯ》᠎ᠢ ᠰᠠᠢ᠌ᠲᠤᠷ ᠬᠢᠬᠦ᠂ 《ᠵᠢᠷᠭᠤᠭ᠋ᠠᠨ ᠢᠨᠵᠧᠨᠧᠷᠢᠩ》᠎ᠢ ᠬᠡᠷᠡᠭᠵᠢᠭᠦᠯᠬᠦ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠠᠵᠢᠯ᠎ᠤᠨ ᠰᠡᠳᠬᠢᠴᠡ᠎ᠪᠠᠨ ᠰᠢᠨ᠎ᠡ᠎ᠪᠠᠷ ᠡᠭᠦᠳᠴᠦ᠂ ᠬᠠᠤᠯᠢ ᠵᠢᠨ ᠲᠣᠭ᠋ᠠᠴᠢᠯᠲᠠ᠎ᠪᠠᠷ ᠡᠭᠦᠷᠭᠡ ᠲᠤᠰᠢᠶᠠᠯ ᠵᠶ᠋ᠠᠨ ᠭᠦᠢ᠍ᠴᠡᠳᠬᠡᠬᠦ ᠵᠢ ᠠᠬᠢᠭᠤᠯᠵᠤ᠂ ᠬᠠᠤᠯᠢᠵᠢᠯ᠎ᠤᠨ ᠥᠪᠥᠷ ᠮᠣᠩᠭᠣᠯ᠎ᠤᠨ ᠪᠦᠲᠦᠭᠡᠨ ᠪᠠᠢ᠌ᠭᠤᠯᠤᠯᠲᠠ ᠵᠢᠨ ᠲᠠᠰᠤᠷᠠᠯᠳᠠ ᠦᠭᠡᠢ ᠰᠢᠨ᠎ᠡ ᠦᠷ᠎ᠡ ᠪᠦᠲᠦᠮᠵᠢ ᠣᠯᠬᠤ ᠵᠢ ᠲᠦᠯᠬᠢᠨ ᠠᠬᠢᠭᠤᠯᠵᠠᠢ᠃ ᠲᠥᠪ᠎ᠤᠨ ᠬᠠᠤᠯᠢ ᠶᠣᠰᠣᠭ᠋ᠠᠷ ᠤᠯᠤᠰ ᠵᠶ᠋ᠠᠨ ᠵᠠᠰᠠᠬᠤ ᠠᠯᠪᠠᠨ ᠭᠡᠷ᠎ᠤᠨ ᠬᠠᠤᠯᠢ ᠴᠠᠭ᠋ᠠᠵᠠ ᠵᠢᠨ ᠲᠣᠭ᠋ᠠᠴᠢᠯᠲᠠ ᠵᠢᠨ ᠠᠵᠢᠯ᠎ᠢ ᠥᠷᠨᠢᠭᠦᠯᠬᠦ ᠱᠠᠭ᠋ᠠᠷᠳᠠᠯᠭ᠎ᠠ ᠶᠣᠰᠣᠭ᠋ᠠᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠬᠠᠤᠯᠢ ᠶᠣᠰᠣᠭ᠋ᠠᠷ ᠣᠷᠣᠨ ᠵᠶ᠋ᠠᠨ ᠵᠠᠰᠠᠬᠤ ᠠᠯᠪᠠᠨ ᠭᠡᠷ ᠳᠥᠷᠪᠡᠨ ᠵᠢᠯ ᠳᠠᠷᠠᠭ᠋ᠠᠯᠠᠨ ᠪᠥᠬᠥ ᠣᠷᠣᠨ᠎ᠤ ᠣᠨ᠎ᠤ ᠬᠠᠤᠯᠢ ᠴᠠᠭ᠋ᠠᠵᠠ ᠵᠢᠨ ᠲᠣᠭ᠋ᠠᠴᠢᠯᠲᠠ ᠵᠢᠨ ᠠᠵᠢᠯ᠎ᠢ ᠨᠢᠭᠡᠳᠦᠯᠲᠡᠢ ᠪᠠᠢ᠌ᠷᠢᠯᠠᠭᠤᠯᠵᠤ᠂ ᠬᠠᠤᠯᠢ ᠴᠠᠭ᠋ᠠᠵᠠ ᠵᠢᠨ ᠲᠣᠭ᠋ᠠᠴᠢᠯᠲᠠ ᠵᠢᠨ ᠠᠵᠢᠯ᠎ᠢ ᠥᠷᠨᠢᠭᠦᠯᠦᠭᠰᠡᠨ᠎ᠠᠴᠠ ᠨᠠᠭ᠋ᠠᠰᠢ᠂ ᠪᠥᠬᠥ ᠣᠷᠣᠨ᠎ᠤ ᠬᠠᠤᠯᠢ ᠴᠠᠭ᠋ᠠᠵᠠ ᠵᠢᠨ ᠲᠣᠭ᠋ᠠᠴᠢᠯᠲᠠ ᠵᠢᠨ ᠬᠥᠮᠥᠨ᠎ᠤ ᠲᠣᠭ᠎ᠠ 3.3 ᠲᠦᠮᠡ ᠰᠢᠬᠠᠮ ᠬᠥᠮᠥᠨ᠎ᠳᠤ ᠬᠦᠷᠴᠡᠢ᠃
ᠨᠢᠭᠡ᠎ᠳᠤ᠂ ᠤᠯᠤᠰ ᠲᠦᠷᠦ ᠵᠢᠨ ᠬᠠᠷᠢᠭᠤᠴᠠᠯᠭ᠎ᠠ ᠵᠢ ᠪᠠᠲᠤ ᠡᠭᠦᠷᠭᠡᠯᠡᠵᠦ᠂ ᠬᠠᠤᠯᠢᠵᠢᠯ᠎ᠤᠨ ᠪᠠᠢ᠌ᠭᠤᠯᠤᠯᠲᠠ ᠵᠢᠨ ᠨᠢᠭᠡᠳᠦᠭᠡᠷ ᠬᠠᠷᠢᠭᠤᠴᠠᠯᠭ᠋ᠠᠲᠠᠨ᠎ᠤ ᠡᠭᠦᠷᠭᠡ ᠬᠠᠷᠢᠭᠤᠴᠠᠯᠭ᠎ᠠ ᠵᠢ ᠪᠦᠬᠦ ᠲᠠᠯ᠎ᠠ᠎ᠪᠠᠷ ᠭᠦᠢ᠍ᠴᠡᠳᠬᠡᠵᠡᠢ᠃ ᠰᠢ ᠵᠢᠨ ᠫᠢᠩ᠎ᠤᠨ ᠬᠠᠤᠯᠢᠵᠢᠯ᠎ᠤᠨ ᠦᠵᠡᠯ ᠰᠠᠨᠠᠭ᠎ᠠ ᠵᠢ ᠡᠯ᠎ᠡ ᠱᠠᠲᠤᠨ᠎ᠤ ᠨᠠᠮ᠎ᠤᠨ ᠬᠣᠷᠢᠶ᠎ᠠ (ᠨᠠᠮ᠎ᠤᠨ ᠤᠳᠤᠷᠢᠳᠬᠤ ᠳᠤᠭᠤᠢ᠌ᠯᠠᠩ) ᠵᠢᠨ ᠤᠨᠤᠯ ᠰᠤᠷᠤᠯᠴᠠᠬᠤ ᠭᠣᠣᠯ ᠳᠤᠭᠤᠢ᠌ᠯᠠᠩ᠎ᠤᠨ ᠰᠤᠷᠤᠯᠴᠠᠯᠭ᠎ᠠ ᠪᠠ ᠵᠠᠰᠠᠭ᠎ᠤᠨ ᠣᠷᠳᠣᠨ᠎ᠤ ᠪᠠᠢ᠌ᠩᠭᠤ ᠵᠢᠨ ᠬᠤᠷᠠᠯ᠎ᠤᠨ ᠬᠠᠤᠯᠢ ᠰᠤᠷᠬᠤ ᠵᠢᠨ ᠭᠣᠣᠯᠳᠠᠯᠭ᠎ᠠ᠎ᠲᠠᠢ ᠠᠭᠤᠯᠭ᠎ᠠ ᠪᠣᠯᠭ᠋ᠠᠵᠤ᠂ ᠡᠯ᠎ᠡ ᠱᠠᠲᠤᠨ᠎ᠤ ᠨᠠᠮ᠎ᠤᠨ ᠰᠤᠷᠭ᠋ᠠᠭᠤᠯᠢ (ᠵᠠᠰᠠᠭ ᠵᠠᠬᠢᠷᠭ᠋ᠠᠨ᠎ᠤ ᠳᠡᠭᠡᠳᠦ ᠰᠤᠷᠭ᠋ᠠᠭᠤᠯᠢ)᠎ᠳᠤ ᠬᠠᠤᠯᠢ᠎ᠪᠠᠷ ᠵᠠᠰᠠᠬᠤ ᠵᠠᠰᠠᠭ᠎ᠤᠨ ᠣᠷᠳᠣᠨ᠎ᠤ ᠪᠠᠢ᠌ᠭᠤᠯᠤᠯᠲᠠ ᠵᠢᠨ ᠲᠤᠰᠬᠠᠢ ᠰᠡᠳᠦᠪᠲᠦ ᠰᠤᠳᠤᠯᠤᠨ ᠶᠠᠷᠢᠯᠴᠠᠬᠤ ᠠᠩᠭᠢ ᠵᠢ ᠡᠷᠬᠢᠯᠡᠵᠤ᠂ ᠺᠠᠳ᠋ᠷᠴᠤᠳ᠎ᠤᠨ ᠰᠦᠯᠵᠢᠶᠡᠨ᠎ᠤ ᠳᠡᠭᠡᠳᠦ ᠰᠤᠷᠭ᠋ᠠᠭᠤᠯᠢ᠎ᠳᠤ 《ᠤᠳᠤᠷᠢᠳᠬᠤ ᠺᠠᠳ᠋ᠷᠴᠤᠳ᠎ᠤᠨ ᠮᠡᠳᠡᠪᠡᠯ ᠵᠣᠬᠢᠬᠤ ᠨᠠᠮ᠎ᠤᠨ ᠳᠣᠲᠣᠭ᠋ᠠᠳᠤ ᠵᠢᠨ ᠬᠠᠤᠯᠢ ᠲᠣᠭᠲᠠᠭ᠋ᠠᠯ ᠪᠠ ᠤᠯᠤᠰ᠎ᠤᠨ ᠬᠠᠤᠯᠢ ᠴᠠᠭ᠋ᠠᠵᠠ》 ᠵᠢᠨ ᠲᠤᠰᠬᠠᠢ ᠪᠤᠯᠤᠩ ᠭᠠᠷᠭ᠋ᠠᠪᠠ᠃ ᠪᠦᠬᠦ ᠣᠷᠣᠨ᠎ᠳᠤ ᠨᠠᠮ᠎ᠤᠨ ᠬᠣᠷᠢᠶ᠎ᠠ (ᠨᠠᠮ᠎ᠤᠨ ᠤᠳᠤᠷᠢᠳᠬᠤ ᠳᠤᠭᠤᠢ᠌ᠯᠠᠩ) ᠵᠢᠨ ᠤᠨᠤᠯ ᠰᠤᠷᠤᠯᠴᠠᠬᠤ ᠭᠣᠣᠯ ᠳᠤᠭᠤᠢ᠌ᠯᠠᠩ᠎ᠤᠨ ᠬᠠᠤᠯᠢ ᠵᠢ ᠰᠤᠷᠤᠯᠴᠠᠬᠤ ᠵᠢ 1.2 ᠲᠦᠮᠡᠨ ᠤᠳᠠᠭ᠎ᠠ ᠥᠷᠨᠢᠭᠦᠯᠵᠦ᠂ ᠤᠳᠤᠷᠢᠳᠬᠤ ᠺᠠᠳ᠋ᠷ᠎ᠤᠨ ᠬᠠᠤᠯᠢᠵᠢᠯ᠎ᠤᠨ ᠲᠠᠢ᠌ᠯᠤᠮᠵᠢ ᠵᠢ 5100 ᠭᠠᠷᠤᠢ ᠲᠠᠯᠠᠪᠠᠢ ᠥᠷᠨᠢᠭᠦᠯᠵᠡᠢ᠃ ᠥᠪᠡᠷᠲᠡᠭᠡᠨ ᠵᠠᠰᠠᠬᠤ ᠣᠷᠣᠨ᠎ᠤ ᠨᠠᠮ ᠵᠠᠰᠠᠭ᠎ᠤᠨ ᠭᠣᠣᠯ ᠬᠠᠷᠢᠭᠤᠴᠠᠯᠭ᠋ᠠᠲᠠᠨ ᠬᠠᠤᠯᠢ᠎ᠪᠠᠷ ᠵᠠᠰᠠᠬᠤ ᠪᠠᠢ᠌ᠭᠤᠯᠤᠯᠲᠠ ᠵᠢ ᠲᠦᠯᠬᠢᠨ ᠠᠬᠢᠭᠤᠯᠬᠤ ᠨᠢᠭᠡᠳᠦᠭᠡᠷ ᠬᠠᠷᠢᠭᠤᠴᠠᠯᠭ᠋ᠠᠲᠠᠨ᠎ᠤ ᠡᠭᠦᠷᠭᠡ ᠬᠠᠷᠢᠭᠤᠴᠠᠯᠭ᠎ᠠ᠎ᠪᠠᠨ ᠯᠠᠪᠳᠠᠭᠤᠨ ᠪᠠᠲᠤᠲᠠᠢ ᠭᠦᠢ᠍ᠴᠡᠳᠬᠡᠵᠦ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠪᠠᠢ᠌ᠩᠭᠤ ᠵᠢᠨ ᠬᠣᠷᠢᠶ᠎ᠠ ᠵᠢᠨ ᠬᠤᠷᠠᠯ᠂ ᠨᠠᠮ᠎ᠤᠨ ᠬᠣᠷᠢᠶ᠎ᠠ ᠵᠢᠨ ᠪᠥᠬᠥ ᠲᠠᠯ᠎ᠠ᠎ᠪᠠᠷ ᠬᠠᠤᠯᠢ᠎ᠪᠠᠷ ᠣᠷᠣᠨ ᠵᠶ᠋ᠠᠨ ᠵᠠᠰᠠᠬᠤ ᠬᠣᠷᠢᠶ᠎ᠠ ᠵᠢᠨ ᠬᠤᠷᠠᠯ᠂ ᠬᠠᠤᠯᠢ᠎ᠪᠠᠷ ᠵᠠᠰᠠᠬᠤ ᠵᠠᠰᠠᠭ᠎ᠤᠨ ᠣᠷᠳᠣᠨ᠎ᠤ ᠪᠠᠢ᠌ᠭᠤᠯᠤᠯᠲᠠ ᠵᠢᠨ ᠠᠵᠢᠯ᠎ᠤᠨ ᠬᠤᠷᠠᠯ᠎ᠢ ᠬᠤᠷᠠᠯᠳᠤᠭᠤᠯᠵᠤ᠂ ᠬᠠᠤᠯᠢ᠎ᠪᠠᠷ ᠵᠠᠰᠠᠬᠤ ᠪᠠᠢ᠌ᠭᠤᠯᠤᠯᠲᠠ ᠵᠢᠨ ᠠᠵᠢᠯ᠎ᠤᠨ ᠭᠣᠣᠯᠳᠠᠯᠭ᠎ᠠ᠎ᠲᠠᠢ ᠡᠭᠦᠷᠭᠡ ᠵᠢ ᠰᠤᠳᠤᠯᠤᠨ ᠪᠠᠢ᠌ᠷᠢᠯᠠᠭᠤᠯᠵᠤ᠂ ᠴᠢᠬᠤᠯᠠ ᠶᠡᠬᠡ ᠠᠰᠠᠭᠤᠳᠠᠯ᠎ᠢ ᠰᠢᠢ᠍ᠳᠪᠦᠷᠢᠯᠡᠬᠦ ᠵᠢ ᠠᠬᠢᠭᠤᠯᠵᠠᠢ᠃
ᠬᠣᠶᠠᠷ᠎ᠲᠤ᠂ ᠬᠠᠤᠯᠢ ᠵᠢᠨ ᠲᠣᠭ᠋ᠠᠴᠢᠯᠲᠠ ᠵᠢᠨ ᠶᠠᠰᠤ ᠴᠢᠨᠠᠷ ᠦᠷ᠎ᠡ ᠠᠰᠢᠭ᠎ᠢ ᠳᠡᠭᠡᠭᠰᠢᠯᠡᠭᠦᠯᠵᠦ᠂ 《ᠵᠠᠩᠭᠢᠯᠠᠭ᠎ᠠ ᠵᠢᠨ ᠴᠥᠭᠡᠨ ᠲᠣᠭ᠋ᠠᠲᠠᠨ》᠎ᠤ ᠵᠢᠱ᠌ᠢᠶ᠎ᠡ ᠦᠵᠡᠭᠦᠯᠵᠦ ᠬᠥᠲᠥᠯᠥᠨ ᠳᠠᠭ᠋ᠠᠭᠤᠯᠬᠤ ᠦᠢ᠍ᠯᠡᠳᠦᠯ᠎ᠢ ᠪᠠᠳᠠᠷᠠᠭᠤᠯᠵᠠᠢ᠃ 2025 ᠣᠨ᠎ᠤ 3 ᠰᠠᠷ᠎ᠠ ᠵᠢᠨ 24᠎ᠤ ᠡᠳᠦᠷ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠬᠤᠭᠤᠴᠠᠭ᠋ᠠᠨ᠎ᠤ ᠨᠠᠮ᠎ᠤᠨ ᠬᠣᠷᠢᠶ᠎ᠠ ᠵᠢᠨ ᠪᠦᠬᠦ ᠲᠠᠯ᠎ᠠ᠎ᠪᠠᠷ ᠬᠠᠤᠯᠢ᠎ᠪᠠᠷ ᠣᠷᠣᠨ ᠵᠶ᠋ᠠᠨ ᠵᠠᠰᠠᠬᠤ ᠬᠣᠷᠢᠶ᠎ᠠ ᠵᠢᠨ ᠲᠠᠪᠤᠳᠤᠭ᠋ᠠᠷ ᠬᠤᠷᠠᠯ᠎ᠢ ᠬᠤᠷᠠᠯᠳᠤᠭᠤᠯᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠪᠠᠢ᠌ᠩᠭᠤ ᠵᠢᠨ ᠭᠡᠰᠢᠭᠦᠨ᠂ ᠬᠥᠬᠡᠬᠣᠲᠠ ᠵᠢᠨ ᠨᠠᠮ᠎ᠤᠨ ᠬᠣᠷᠢᠶ᠎ᠠ ᠵᠢᠨ ᠱᠦᠵᠢ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠪᠠᠢ᠌ᠩᠭᠤ ᠵᠢᠨ ᠭᠡᠰᠢᠭᠦᠨ᠂ ᠪᠤᠭᠤᠲᠤ ᠬᠣᠲᠠ ᠵᠢᠨ ᠨᠠᠮ᠎ᠤᠨ ᠬᠣᠷᠢᠶ᠎ᠠ ᠵᠢᠨ ᠱᠦᠵᠢ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠪᠠᠢ᠌ᠩᠭᠤ ᠵᠢᠨ ᠭᠡᠰᠢᠭᠦᠨ᠂ ᠲᠦᠩᠯᠢᠶᠣᠣ ᠬᠣᠲᠠ ᠵᠢᠨ ᠨᠠᠮ᠎ᠤᠨ ᠬᠣᠷᠢᠶ᠎ᠠ ᠵᠢᠨ ᠱᠦᠵᠢ᠂ ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠤᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠱᠦᠵᠢ᠂ ᠲᠢᠩᠬᠢᠮ᠎ᠤᠨ ᠳᠠᠷᠤᠭ᠎ᠠ᠂ ᠥᠪᠡᠷᠲᠡᠭᠡᠨ ᠵᠠᠰᠠᠬᠤ ᠣᠷᠣᠨ᠎ᠤ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠥᠪᠯᠡᠯ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠱᠦᠵᠢ᠂ ᠡᠷᠬᠢᠯᠡᠭᠴᠢ ᠵᠢᠨ ᠬᠠᠤᠯᠢ᠎ᠪᠠᠷ ᠵᠠᠰᠠᠬᠤ ᠪᠠᠢ᠌ᠭᠤᠯᠤᠯᠲᠠ ᠵᠢ ᠲᠦᠯᠬᠢᠨ ᠠᠬᠢᠭᠤᠯᠬᠤ ᠨᠢᠭᠡᠳᠦᠭᠡᠷ ᠬᠠᠷᠢᠭᠤᠴᠠᠯᠭ᠋ᠠᠲᠠᠨ᠎ᠤ ᠡᠭᠦᠷᠭᠡ ᠬᠠᠷᠢᠭᠤᠴᠠᠯᠭ᠎ᠠ ᠵᠢᠨ ᠪᠠᠢ᠌ᠳᠠᠯ᠎ᠤᠨ ᠮᠡᠳᠡᠭᠦᠯᠦᠯᠲᠡ ᠵᠢ ᠬᠦᠯᠢᠶᠡᠨ ᠰᠣᠨᠣᠰᠴᠠᠢ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠬᠠᠤᠯᠢ᠎ᠪᠠᠷ ᠣᠷᠣᠨ ᠵᠶ᠋ᠠᠨ ᠵᠠᠰᠠᠬᠤ ᠠᠯᠪᠠᠨ ᠭᠡᠷ ᠬᠠᠤᠯᠢ ᠵᠢᠨ ᠮᠡᠳᠡᠭᠦᠯᠦᠯᠲᠡ ᠵᠢᠨ ᠤᠷᠢᠳᠴᠢᠯᠠᠨ ᠬᠢᠨᠠᠬᠤ ᠵᠠᠭᠪᠤᠷ᠎ᠢ ᠰᠦᠪᠡᠭᠴᠢᠯᠡᠵᠦ᠂ ᠪᠥᠬᠥ ᠣᠷᠣᠨ᠎ᠤ ᠨᠠᠮ ᠵᠠᠰᠠᠭ᠎ᠤᠨ ᠭᠣᠣᠯ ᠬᠠᠷᠢᠭᠤᠴᠠᠯᠭ᠋ᠠᠲᠠᠨ᠎ᠤ ᠬᠠᠤᠯᠢ ᠵᠢᠨ ᠮᠡᠳᠡᠭᠦᠯᠦᠯᠲᠡ ᠵᠢᠨ ᠪᠠᠢ᠌ᠳᠠᠯ᠎ᠢ ᠪᠢᠴᠢᠭ ᠵᠶ᠋ᠡᠷ ᠬᠢᠨᠠᠨ ᠵᠥᠪᠯᠡᠪᠡ᠃ ᠡᠭᠦᠨ᠎ᠤ ᠬᠠᠮᠲᠤ᠂ ᠪᠥᠬᠥ ᠣᠷᠣᠨ᠎ᠳᠤ ᠰᠦᠯᠵᠢᠶᠡᠨ ᠲᠡᠭᠡᠷᠡᠬᠢ ᠬᠠᠤᠯᠢ ᠵᠢᠨ ᠲᠤᠭ᠋ᠠᠴᠢᠯᠳᠠ ᠵᠢ ᠢᠳᠡᠪᠬᠢᠲᠡᠢ ᠥᠷᠨᠢᠭᠦᠯᠵᠦ᠂ ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭ᠋ᠠᠵᠠ ᠵᠢᠨ ᠲᠢᠩᠬᠢᠮ᠎ᠠᠴᠠ 《ᠠᠷᠠᠳ ᠢᠷᠭᠡᠳ᠎ᠤᠨ ᠬᠠᠤᠯᠢᠵᠢᠯ᠎ᠤᠨ ᠬᠡᠪ ᠪᠣᠯᠪᠠᠰᠤᠷᠠᠯ᠎ᠢ ᠳᠡᠭᠡᠭᠰᠢᠯᠡᠭᠦᠯᠦᠶ᠎ᠡ — 〈ᠨᠠᠢ᠍ᠮᠠᠳᠤᠭ᠋ᠠᠷ ᠲᠠᠪᠤᠨ ᠵᠢᠯ〉᠎ᠤᠨ ᠬᠠᠤᠯᠢ ᠲᠦᠭᠡᠮᠡᠯᠵᠢᠭᠦᠯᠬᠦ ᠶᠠᠷᠢᠯᠴᠠᠭ᠎ᠠ》 ᠭᠡᠬᠦ ᠰᠢᠷᠢᠰ ᠰᠢᠭᠤᠳ ᠨᠡᠪᠲᠡᠷᠡᠭᠦᠯᠭᠡ ᠵᠢᠨ ᠰᠣᠷᠪᠤᠯᠵᠢᠯᠠᠭ᠎ᠠ ᠵᠢᠨ ᠫᠷᠣᠭ᠌ᠷᠠᠮ᠎ᠢ ᠨᠡᠭᠡᠭᠡᠨ ᠡᠷᠭᠢᠯᠡᠵᠦ᠂ 12 ᠠᠢ᠌ᠮᠠᠭ ᠬᠣᠲᠠ᠂ 25 ᠬᠣᠰᠢᠭᠤ ᠰᠢᠶᠠᠨ (ᠬᠣᠲᠠ᠂ ᠲᠣᠭᠣᠷᠢᠭ)᠂ 12 ᠳᠡᠭᠡᠳᠦ ᠰᠤᠷᠭ᠋ᠠᠭᠤᠯᠢ᠂ 24 ᠠᠵᠤ ᠠᠬᠤᠢ᠌ᠯᠠᠯ᠎ᠤᠨ ᠬᠤᠪᠢᠳᠠᠨ ᠬᠠᠮᠢᠶᠠᠷᠴᠤ ᠪᠦᠬᠦᠢ ᠤᠳᠤᠷᠢᠳᠤᠯᠭ᠎ᠠ ᠬᠠᠮ ᠵᠠᠭᠤᠴᠢᠯᠠᠭᠤᠷ᠎ᠤᠨ ᠰᠢᠭᠤᠳ ᠨᠡᠪᠲᠡᠷᠡᠭᠦᠯᠭᠡ ᠵᠢᠨ ᠳᠤᠮᠳᠠ ᠬᠦᠷᠴᠦ ᠬᠠᠤᠯᠢ ᠵᠢ ᠶᠠᠷᠢᠵᠤ ᠬᠠᠤᠯᠢ ᠵᠢ ᠲᠣᠭ᠋ᠠᠴᠢᠪᠠ᠃ ᠬᠥᠯᠥᠨ ᠪᠣᠶ᠋ᠢᠷ ᠬᠣᠲᠠ᠂ ᠦᠬᠠᠢ ᠬᠣᠲᠠ ᠨᠢ ᠰᠦᠯᠵᠢᠶᠡᠨ ᠥᠷᠲᠡᠭᠡ᠂ ᠣᠯᠠᠨ ᠨᠡᠶ᠋ᠢᠲᠡ ᠵᠢᠨ ᠳ᠋ᠤᠭ᠋ᠠᠷ᠎ᠲᠤ ᠬᠠᠤᠯᠢ ᠴᠠᠭ᠋ᠠᠵᠠ ᠵᠢᠨ ᠲᠣᠭ᠋ᠠᠴᠢᠯᠲᠠ ᠵᠢᠨ ᠲᠤᠰᠬᠠᠢ ᠪᠤᠯᠤᠩ ᠭᠠᠷᠭ᠋ᠠᠵᠤ᠂ ᠬᠡᠰᠡᠭ ᠬᠣᠲᠠ ᠵᠢᠨ ᠰᠢᠭᠤᠳ ᠬᠠᠷᠢᠶ᠎ᠠ ᠰᠠᠯᠠᠭ᠎ᠠ ᠮᠥᠴᠢᠷ᠎ᠤᠨ ᠨᠠᠮ ᠵᠠᠰᠠᠭ᠎ᠤᠨ ᠭᠣᠣᠯ ᠬᠠᠷᠢᠭᠤᠴᠠᠯᠭ᠋ᠠᠲᠠᠨ᠎ᠤ ᠬᠠᠤᠯᠢ ᠴᠠᠭ᠋ᠠᠵᠠ ᠵᠢᠨ ᠲᠣᠭ᠋ᠠᠴᠢᠯᠲᠠ ᠵᠢᠨ ᠠᠵᠢᠯ᠎ᠤᠨ ᠮᠡᠳᠡᠭᠦᠯᠦᠯᠲᠡ ᠵᠢ ᠰᠣᠩᠭᠣᠨ 《ᠰᠦᠯᠵᠢᠶᠡᠨ ᠳᠡᠭᠡᠷ᠎ᠡ ᠢᠯᠡ ᠪᠣᠯᠭ᠋ᠠᠬᠤ + ᠨᠡᠢ᠌ᠭᠡᠮ᠎ᠤᠨ ᠦᠨᠡᠯᠡᠯᠲᠡ》 ᠬᠢᠪᠡ᠃ ᠣᠷᠳᠣᠰ ᠬᠣᠲᠠ 《ᠣᠷᠳᠣᠰ ᠬᠣᠲᠠ ᠵᠢᠨ ᠡᠳᠦᠷ᠎ᠤᠨ ᠰᠣᠨᠢᠨ》᠎ᠳᠤ ᠲᠤᠰᠬᠠᠢ ᠪᠤᠯᠤᠩ ᠭᠠᠷᠭ᠋ᠠᠵᠤ᠂ ᠬᠣᠲᠠ ᠵᠢᠨ ᠰᠢᠭᠤᠳ ᠬᠠᠷᠢᠶ᠎ᠠ ᠰᠠᠯᠠᠭ᠎ᠠ ᠮᠥᠴᠢᠷ ᠪᠣᠯᠣᠨ ᠡᠯ᠎ᠡ ᠬᠣᠰᠢᠭᠤ ᠲᠣᠭᠣᠷᠢᠭ᠎ᠤᠨ ᠬᠠᠤᠯᠢ ᠴᠠᠭ᠋ᠠᠵᠠ ᠵᠢᠨ ᠲᠣᠭ᠋ᠠᠴᠢᠯᠲᠠ ᠵᠢᠨ ᠠᠵᠢᠯ᠎ᠤᠨ ᠮᠡᠳᠡᠭᠦᠯᠦᠯᠲᠡ ᠵᠢ ᠵᠠᠯᠭ᠋ᠠᠭ᠎ᠠ᠎ᠪᠠᠷ ᠨᠡᠢ᠌ᠲᠡᠯᠡᠵᠦ᠂ ᠨᠡᠢ᠌ᠭᠡᠮ᠎ᠤᠨ ᠡᠯ᠎ᠡ ᠡᠲᠡᠭᠡᠳ᠎ᠤᠨ᠎ᠬᠢᠨ᠎ᠤ ᠬᠢᠨᠠᠯᠲᠠ ᠲᠠᠯᠪᠢᠬᠤ ᠵᠢ ᠬᠦᠯᠢᠶᠡᠪᠡ᠃
ᠭᠤᠷᠪᠠ᠎ᠳᠤ᠂ ᠦᠷ᠎ᠡ ᠪᠦᠲᠦᠭᠡᠯ᠎ᠤᠨ ᠬᠡᠷᠡᠭᠯᠡᠯᠲᠡ ᠵᠢ ᠲᠤᠪᠤᠢ᠍ᠢ᠍ᠯᠭ᠋ᠠᠵᠦ᠂ ᠬᠠᠤᠯᠢ ᠵᠢᠨ ᠲᠣᠭ᠋ᠠᠴᠢᠯᠲᠠ ᠵᠢᠨ ᠠᠵᠢᠯ ᠪᠣᠯᠣᠨ ᠬᠢᠨᠠᠨ ᠰᠢᠯᠭ᠋ᠠᠵᠤ ᠱᠠᠯᠠᠪᠳᠠᠭᠤᠯᠤᠨ ᠪᠠᠢ᠌ᠴᠠᠭ᠋ᠠᠬᠤ ᠵᠢ ᠪᠦᠲᠦᠮᠵᠢᠲᠡᠢ ᠵᠣᠯᠭ᠋ᠠᠭᠤᠯᠬᠤ ᠵᠢ ᠠᠬᠢᠭᠤᠯᠵᠠᠢ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠵᠣᠬᠢᠶᠠᠨ ᠪᠠᠶ᠋ᠢᠭᠤᠯᠬᠤ ᠬᠡᠯᠲᠡᠰ᠎ᠠᠴᠠ ᠬᠠᠤᠯᠢᠵᠢᠯ᠎ᠤᠨ ᠪᠠᠢ᠌ᠭᠤᠯᠤᠯᠲᠠ ᠵᠢᠨ ᠦᠷ᠎ᠡ ᠪᠦᠲᠦᠮᠵᠢ ᠵᠢ ᠡᠯ᠎ᠡ ᠱᠠᠲᠤᠨ᠎ᠤ ᠤᠳᠤᠷᠢᠳᠬᠤ ᠪᠠᠭ ᠪᠣᠯᠣᠨ ᠤᠳᠤᠷᠢᠳᠬᠤ ᠺᠠᠳ᠋ᠷ᠎ᠤᠨ ᠠᠵᠢᠯ᠎ᠤᠨ ᠪᠣᠳᠠᠲᠤ ᠠᠮᠵᠢᠯᠲᠠ ᠵᠢ ᠦᠨᠡᠯᠡᠬᠦ ᠴᠢᠬᠤᠯᠠ ᠠᠭᠤᠯᠭ᠎ᠠ ᠪᠣᠯᠭ᠋ᠠᠵᠤ᠂ ᠬᠠᠤᠯᠢᠵᠢᠯ᠎ᠤᠨ ᠪᠠᠢ᠌ᠭᠤᠯᠤᠯᠲᠠ ᠵᠢ ᠠᠬᠢᠭᠤᠯᠬᠤ ᠨᠢᠭᠡᠳᠦᠭᠡᠷ ᠬᠠᠷᠢᠭᠤᠴᠠᠯᠭ᠋ᠠᠲᠠᠨ᠎ᠤ ᠡᠭᠦᠷᠭᠡ ᠬᠠᠷᠢᠭᠤᠴᠠᠯᠭ᠎ᠠ ᠵᠢ ᠭᠦᠢ᠍ᠴᠡᠳᠬᠡᠭᠰᠡᠨ ᠪᠠᠢ᠌ᠳᠠᠯ᠎ᠢ ᠤᠳᠤᠷᠢᠳᠬᠤ ᠺᠠᠳ᠋ᠷ᠎ᠤᠨ ᠬᠤᠪᠢ ᠬᠥᠮᠥᠨ᠎ᠤ ᠲᠤᠰᠢᠶᠠᠯ᠎ᠤᠨ ᠮᠡᠳᠡᠭᠦᠯᠦᠯᠲᠡ ᠵᠢᠨ ᠡᠷᠬᠡᠪᠰᠢ ᠲᠣᠭ᠋ᠠᠴᠢᠬᠤ ᠠᠭᠤᠯᠭ᠎ᠠ᠎ᠳᠤ ᠣᠷᠣᠭᠤᠯᠪᠠ᠃ ᠡᠯ᠎ᠡ ᠱᠠᠲᠤᠨ᠎ᠤ ᠨᠠᠮ᠎ᠤᠨ ᠬᠣᠷᠢᠶ᠎ᠠ ᠬᠥᠮᠥᠨ ᠰᠣᠩᠭᠣᠨ ᠬᠡᠷᠡᠭᠯᠡᠬᠦ ᠲᠠᠯ᠎ᠠ᠎ᠪᠠᠷ 《ᠬᠠᠤᠯᠢᠵᠢᠯ᠎ᠤᠨ ᠤᠳᠤᠷᠢᠳᠤᠮᠵᠢ》 ᠵᠢ ᠠᠯᠬᠤᠮ ᠠᠯᠬᠤᠮ ᠵᠶ᠋ᠠᠷ ᠪᠦᠷᠢᠯᠳᠦᠭᠦᠯᠵᠦ᠂ ᠠᠯᠠᠱ᠌ᠠ ᠠᠢ᠌ᠮᠠᠭ᠎ᠤᠨ 《ᠨᠠᠮ ᠵᠠᠰᠠᠭ᠎ᠤᠨ ᠭᠣᠣᠯ ᠬᠠᠷᠢᠭᠤᠴᠠᠯᠭ᠋ᠠᠲᠠᠨ᠎ᠤ ᠬᠠᠤᠯᠢᠵᠢᠯ᠎ᠤᠨ ᠪᠠᠢ᠌ᠭᠤᠯᠤᠯᠲᠠ ᠵᠢ ᠠᠬᠢᠭᠤᠯᠬᠤ ᠨᠢᠭᠡᠳᠦᠭᠡᠷ ᠬᠠᠷᠢᠭᠤᠴᠠᠯᠭ᠋ᠠᠲᠠᠨ᠎ᠤ ᠡᠭᠦᠷᠭᠡ ᠬᠠᠷᠢᠭᠤᠴᠠᠯᠭ᠎ᠠ ᠵᠢ ᠭᠦᠢ᠍ᠴᠡᠳᠬᠡᠬᠦ ᠲᠣᠭᠲᠠᠭ᠋ᠠᠯ》᠎ᠢ ᠤᠳᠤᠷᠢᠳᠬᠤ ᠺᠠᠳ᠋ᠷ᠎ᠤᠨ ᠲᠤᠰᠢᠶᠠᠯ᠎ᠳᠤ ᠲᠣᠮᠢᠯᠠᠬᠤ᠎ᠠᠴᠠ ᠡᠮᠦᠨᠡᠬᠢ ᠬᠠᠤᠯᠢ ᠴᠠᠭ᠋ᠠᠵᠠ ᠵᠢᠨ ᠮᠡᠳᠡᠯᠭᠡ ᠵᠢᠨ ᠰᠢᠯᠭ᠋ᠠᠯᠲᠠ ᠵᠢᠨ ᠠᠭᠤᠯᠭ᠎ᠠ᠎ᠳᠤ ᠣᠷᠣᠭᠤᠯᠵᠤ᠂ 2024 ᠣᠨ᠎ᠳᠤ ᠨᠡᠢ᠍ᠢ᠍ᠲᠡ 203 ᠨᠡᠷᠡᠰ ᠭᠠᠵᠠᠷ᠎ᠤᠨ ᠳᠡᠰ᠎ᠤᠨ ᠤᠳᠤᠷᠢᠳᠬᠤ ᠺᠠᠳ᠋ᠷ᠎ᠢ ᠲᠤᠰᠢᠶᠠᠯ᠎ᠳᠤ ᠳᠡᠪᠰᠢᠭᠦᠯᠬᠦ (ᠳᠡᠪᠰᠢᠭᠦᠯᠬᠦ)᠎ᠪᠠᠷ ᠪᠠᠢ᠌ᠭ᠎ᠠ ᠭᠠᠵᠠᠷ᠎ᠤᠨ ᠳᠡᠰ᠎ᠤᠨ ᠤᠳᠤᠷᠢᠳᠬᠤ ᠺᠠᠳ᠋ᠷ᠎ᠢ ᠲᠤᠰᠢᠶᠠᠯ᠎ᠳᠤ ᠲᠣᠮᠢᠯᠠᠬᠤ᠎ᠠᠴᠠ ᠡᠮᠦᠨᠡᠬᠢ 《ᠰᠢᠯᠭ᠋ᠠᠯᠲᠠ ᠵᠢᠨ ᠠᠷᠭ᠎ᠠ》 ᠵᠢ ᠪᠠᠲᠤᠯᠠᠵᠠᠢ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠬᠠᠤᠯᠢ᠎ᠪᠠᠷ ᠣᠷᠣᠨ ᠵᠶ᠋ᠠᠨ ᠵᠠᠰᠠᠬᠤ ᠠᠯᠪᠠᠨ ᠭᠡᠷ ᠬᠠᠤᠯᠢ ᠵᠢᠨ ᠮᠡᠳᠡᠭᠦᠯᠦᠯᠲᠡ ᠬᠢᠭᠡᠳ ᠬᠠᠤᠯᠢ᠎ᠪᠠᠷ ᠵᠠᠰᠠᠬᠤ ᠪᠠᠢ᠌ᠭᠤᠯᠤᠯᠲᠠ ᠵᠢᠨ ᠱᠠᠯᠠᠪᠳᠠᠭᠤᠯᠤᠨ ᠪᠠᠢ᠌ᠴᠠᠭ᠋ᠠᠬᠤ ᠵᠢ ᠬᠠᠮᠵᠢᠯᠴᠠᠨ ᠠᠬᠢᠭᠤᠯᠬᠤ ᠵᠢ ᠪᠠᠷᠢᠮᠲᠠᠯᠠᠵᠤ᠂ ᠬᠠᠤᠯᠢ ᠵᠢᠨ ᠮᠡᠳᠡᠭᠦᠯᠦᠯᠲᠡ ᠵᠢ ᠥᠷᠨᠢᠭᠦᠯᠦᠭᠰᠡᠨ ᠪᠠᠢ᠌ᠳᠠᠯ᠎ᠢ ᠣᠨ᠎ᠤ ᠬᠠᠤᠯᠢ᠎ᠪᠠᠷ ᠵᠠᠰᠠᠬᠤ ᠪᠠᠢ᠌ᠭᠤᠯᠤᠯᠲᠠ ᠵᠢᠨ ᠰᠢᠮᠳᠠᠭᠤᠯᠤᠨ ᠪᠠᠢ᠌ᠴᠠᠭ᠋ᠠᠬᠤ ᠭᠣᠣᠯᠳᠠᠯᠭ᠎ᠠ᠎ᠳᠤ ᠵᠢᠭᠰᠠᠭ᠋ᠠᠨ ᠣᠷᠣᠭᠤᠯᠵᠤ᠂ ᠵᠢᠯ ᠪᠦᠷᠢ ᠲᠤᠬᠠᠢ ᠵᠢᠨ ᠭᠠᠵᠠᠷ᠎ᠲᠤᠨᠢ ᠱᠠᠯᠠᠪᠳᠠᠭᠤᠯᠤᠨ ᠪᠠᠢ᠌ᠴᠠᠭ᠋ᠠᠬᠤ ᠵᠢ ᠥᠷᠨᠢᠭᠦᠯᠵᠡᠢ᠃ ᠲᠦᠩᠯᠢᠶᠣᠣ ᠬᠣᠲᠠ᠂ ᠣᠷᠳᠣᠰ ᠬᠣᠲᠠ᠂ ᠦᠬᠠᠢ ᠬᠣᠲᠠ ᠳᠡᠭᠡᠷ᠎ᠡ ᠵᠢᠯ᠎ᠤᠨ ᠬᠠᠤᠯᠢ ᠵᠢᠨ ᠲᠣᠭ᠋ᠠᠴᠢᠯᠲᠠ ᠵᠢᠨ ᠠᠵᠢᠯ᠎ᠳᠤ ᠲᠣᠪᠣᠢ᠌ᠮ᠎ᠠ ᠠᠰᠠᠭᠤᠳᠠᠯ ᠣᠷᠣᠰᠢᠵᠤ ᠪᠠᠢ᠌ᠭ᠎ᠠ ᠨᠢᠭᠡᠴᠡ ᠵᠢ ᠵᠠᠷᠯᠠᠨ ᠮᠡᠳᠡᠭᠳᠡᠬᠦ ᠵᠢᠨ ᠬᠠᠮᠲᠤ ᠴᠡᠭᠴᠡᠯᠡᠨ ᠰᠠᠢ᠌ᠵᠢᠷᠠᠭᠤᠯᠤᠭᠰᠠᠨ ᠪᠠᠢ᠌ᠳᠠᠯ᠎ᠢ ᠴᠢᠩᠭ᠎ᠠ ᠬᠢᠨᠠᠨ ᠪᠠᠢ᠌ᠴᠠᠭ᠋ᠠᠪᠠ᠃
ᠲᠠᠷᠠᠭ᠋ᠠᠴᠢ ᠵᠢᠨ ᠠᠯᠬᠤᠮ᠎ᠳᠤ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ ᠲᠣᠭ᠋ᠠᠴᠢᠯᠲᠠ ᠵᠢᠨ ᠠᠷᠭ᠎ᠠ ᠵᠢᠨ 《ᠰᠡᠭᠦᠯᠴᠢ ᠵᠢᠨ ᠬᠠᠭ᠋ᠠᠰ ᠵᠣᠬᠢᠶᠠᠯ》᠎ᠢ ᠦᠷᠭᠦᠯᠵᠢᠯᠡᠨ ᠰᠠᠢ᠌ᠲᠤᠷ ᠬᠢᠵᠦ᠂ 《ᠲᠣᠭ᠋ᠠᠴᠢᠯᠲᠠ᠂ ᠰᠢᠯᠭ᠋ᠠᠯᠲᠠ᠂ ᠦᠨᠡᠯᠡᠯᠲᠡ᠂ ᠬᠢᠨᠠᠯᠲᠠ᠂ ᠬᠠᠷᠢᠭᠤᠴᠠᠯᠭ᠎ᠠ》 ᠵᠢᠨ ᠡᠯ᠎ᠡ ᠭᠣᠭᠴᠣᠭ᠎ᠠ ᠵᠢ ᠵᠣᠯᠭ᠋ᠠᠭᠤᠯᠤᠨ ᠬᠣᠯᠪᠣᠯᠳᠤᠭᠤᠯᠬᠤ ᠵᠢ ᠠᠬᠢᠭᠤᠯᠤᠨ᠎ᠠ᠃ ᠨᠢᠭᠡ᠎ᠳᠤ ᠬᠠᠤᠯᠢ ᠵᠢᠨ ᠲᠣᠭ᠋ᠠᠴᠢᠯᠲᠠ ᠵᠢᠨ ᠠᠵᠢᠯ᠎ᠤᠨ ᠵᠢᠷᠤᠮᠵᠢᠯᠳᠤ ᠴᠢᠨᠠᠷ᠎ᠢ ᠤᠯᠠᠮ ᠨᠢᠭᠡ ᠠᠯᠬᠤᠮ ᠠᠭᠤᠯᠭ᠎ᠠ ᠪᠠ ᠬᠡᠯᠪᠡᠷᠢ ᠵᠢᠨ ᠲᠠᠯ᠎ᠠ᠎ᠪᠠᠷ ᠬᠣᠶᠠᠷ ᠲᠠᠯ᠎ᠠ ᠵᠢ ᠵᠡᠷᠭᠡ᠎ᠪᠠᠷ ᠠᠳᠬᠤᠵᠤ᠂ ᠨᠠᠷᠢᠨ ᠲᠣᠳᠣᠷᠬᠠᠢ᠂ ᠰᠢᠨᠵᠢᠯᠡᠬᠦ ᠤᠬᠠᠭ᠋ᠠᠨᠴᠢ ᠲᠣᠭ᠋ᠠᠴᠢᠯᠲᠠ ᠵᠢᠨ ᠠᠭᠤᠯᠭ᠎ᠠ ᠵᠢᠨ ᠪᠣᠷᠣ ᠲᠥᠯᠥᠪ᠎ᠢ ᠲᠣᠭᠲᠠᠭ᠋ᠠᠵᠤ᠂ ᠲᠣᠭ᠋ᠠᠴᠢᠯᠲᠠ ᠵᠢᠨ ᠠᠭᠤᠯᠭ᠎ᠠ ᠵᠢᠨ ᠦᠨᠡᠨ ᠪᠣᠳᠠᠲᠠᠢ᠂ ᠪᠦᠬᠦ ᠲᠠᠯ᠎ᠠ ᠵᠢᠨ᠂ ᠭᠦᠨᠴᠡ᠎ᠲᠠᠢ ᠪᠠᠢ᠌ᠬᠤ ᠵᠢ ᠦᠨᠡᠨᠬᠦ ᠪᠠᠲᠤᠯᠠᠨ᠎ᠠ᠃ ᠬᠣᠶᠠᠷ᠎ᠲᠤ ᠬᠠᠤᠯᠢ ᠵᠢᠨ ᠲᠣᠭ᠋ᠠᠴᠢᠯᠲᠠ ᠵᠢᠨ ᠠᠵᠢᠯ᠎ᠤᠨ ᠰᠢᠨ᠎ᠡ ᠵᠠᠭᠪᠤᠷ᠎ᠢ ᠤᠯᠠᠮ ᠨᠢᠭᠡ ᠠᠯᠬᠤᠮ ᠬᠠᠢ᠌ᠨ ᠰᠦᠪᠡᠭᠴᠢᠯᠡᠨ᠎ᠡ᠃ ᠰᠦᠯᠵᠢᠶᠡᠨ ᠳᠡᠭᠡᠷ᠎ᠡ ᠨᠡᠢ᠌ᠲᠡᠯᠡᠬᠦ᠂ ᠲᠤᠬᠠᠢ ᠵᠢᠨ ᠲᠠᠯᠠᠪᠤᠷ᠎ᠲᠤ ᠲᠣᠭ᠋ᠠᠴᠢᠬᠤ᠂ ᠠᠷᠠᠳᠴᠢᠯᠠᠯ ᠵᠶ᠋ᠠᠷ ᠰᠢᠯᠭ᠋ᠠᠬᠤ᠂ ᠤᠳᠤᠷᠢᠳᠤᠯᠭ᠎ᠠ ᠵᠢᠨ ᠦᠨᠡᠯᠡᠯᠲᠡ ᠬᠢᠬᠦ ᠵᠡᠷᠭᠡ ᠬᠡᠯᠪᠡᠷᠢ᠎ᠪᠠᠷ ᠳᠠᠮᠵᠢᠭᠤᠯᠤᠨ᠂ ᠪᠣᠶ ᠪᠦᠬᠦᠢ ᠨᠠᠮ᠎ᠤᠨ ᠭᠡᠰᠢᠭᠦᠨ ᠺᠠᠳ᠋ᠷ ᠪᠠ ᠣᠯᠠᠨ ᠲᠦᠮᠡᠨ᠎ᠢ ᠵᠢᠩᠬᠢᠨᠢ 《ᠰᠢᠯᠭ᠋ᠠᠭᠴᠢ》 ᠪᠣᠯᠭ᠋ᠠᠵᠤ᠂ ᠬᠠᠤᠯᠢ ᠵᠢᠨ ᠲᠣᠭ᠋ᠠᠴᠢᠯᠲᠠ ᠵᠢᠨ ᠠᠵᠢᠯ᠎ᠤᠨ ᠨᠡᠢ᠌ᠭᠡᠮ᠎ᠤᠨ ᠣᠢ᠌ᠯᠠᠭ᠋ᠠᠬᠤ ᠨᠣᠷᠮ᠎ᠠ᠂ ᠣᠯᠠᠨ ᠲᠦᠮᠡᠨ᠎ᠤ ᠣᠷᠣᠯᠴᠠᠬᠤ ᠬᠡᠮᠵᠢᠶ᠎ᠡ ᠵᠢ ᠦᠷᠭᠦᠯᠵᠢᠯᠡᠨ ᠳᠡᠭᠡᠭᠰᠢᠯᠡᠭᠦᠯᠦᠨ᠎ᠡ᠃ ᠭᠤᠷᠪᠠ᠎ᠳᠤ ᠲᠣᠭ᠋ᠠᠴᠢᠯᠲᠠ ᠵᠢᠨ ᠠᠷᠭ᠎ᠠ ᠵᠢᠨ ᠦᠷ᠎ᠡ ᠳ᠋ᠦᠩ᠎ᠤᠨ ᠬᠡᠷᠡᠭᠯᠡᠯᠲᠡ ᠵᠢ ᠤᠯᠠᠮ ᠨᠢᠭᠡ ᠠᠯᠬᠤᠮ ᠴᠢᠩᠭ᠋ᠠᠳᠬᠠᠨ᠎ᠠ᠃ ᠬᠠᠤᠯᠢ ᠵᠢᠨ ᠲᠣᠭ᠋ᠠᠴᠢᠯᠲᠠ ᠪᠠ ᠬᠠᠤᠯᠢ᠎ᠪᠠᠷ ᠵᠠᠰᠠᠬᠤ ᠵᠢ ᠰᠢᠪᠠᠳᠠᠨ ᠪᠠᠢ᠌ᠴᠠᠭ᠋ᠠᠵᠤ ᠬᠢᠨᠠᠨ ᠰᠢᠯᠭ᠋ᠠᠬᠤ ᠠᠵᠢᠯ᠎ᠢ ᠨᠢᠭᠡᠳᠦᠯᠲᠡᠢ ᠲᠥᠯᠥᠪᠯᠡᠬᠦ ᠵᠢ ᠴᠢᠬᠤᠯᠠᠴᠢᠯᠠᠵᠤ᠂ ᠰᠢᠨᠵᠢᠯᠡᠬᠦ ᠤᠬᠠᠭ᠋ᠠᠨᠴᠢ ᠪᠥᠭᠡᠳ ᠵᠦᠢ ᠵᠣᠬᠢᠰᠲᠠᠢ ᠬᠢᠨᠠᠨ ᠰᠢᠯᠭ᠋ᠠᠵᠤ ᠦᠨᠡᠯᠡᠬᠦ ᠰᠢᠰᠲ᠋ᠧᠮ᠎ᠢ ᠪᠠᠢ᠌ᠭᠤᠯᠤᠨ ᠲᠡᠭᠦᠯᠳᠡᠷᠵᠢᠭᠦᠯᠵᠦ᠂ ᠬᠠᠤᠯᠢ ᠵᠢᠨ ᠲᠣᠭ᠋ᠠᠴᠢᠯᠲᠠ ᠵᠢᠨ ᠠᠵᠢᠯ᠎ᠤᠨ ᠳᠤᠮᠳᠠ ᠢᠯᠡᠷᠡᠭᠦᠯᠦᠭᠰᠡᠨ ᠠᠰᠠᠭᠤᠳᠠᠯ᠎ᠳᠤ ᠴᠢᠭᠯᠡᠭᠦᠯᠦᠨ ᠴᠠᠭ ᠲᠤᠬᠠᠢᠳᠤᠨᠢ ᠰᠢᠪᠠᠳᠠᠨ ᠴᠡᠭᠴᠡᠯᠡᠭᠦᠯᠵᠦ᠂ ᠪᠢᠲᠡᠭᠦᠦ ᠴᠠᠭ᠋ᠠᠷᠢᠭ᠎ᠤᠨ ᠬᠠᠮᠢᠶᠠᠷᠤᠯᠲᠠ ᠵᠢ ᠪᠤᠢ ᠪᠣᠯᠭ᠋ᠠᠨ᠎ᠠ᠃