2024 ᠣᠨ᠎ᠠᠴᠠ ᠨᠠᠭ᠋ᠠᠰᠢ᠂ ᠤᠯᠠᠭ᠋ᠠᠨᠴᠠᠪ ᠬᠣᠲᠠ 《ᠨᠢᠭᠡ ᠭᠣᠣᠯ ᠰᠢᠵᠢᠮ᠎ᠢ ᠲᠤᠭᠤᠰᠢᠯᠠᠭᠤᠯᠵᠤ᠂ ᠬᠣᠶᠠᠷ ᠶᠡᠬᠡ ᠶᠠᠪᠤᠳᠠᠯ᠎ᠢ ᠰᠠᠢ᠌ᠲᠤᠷ ᠬᠢᠵᠦ᠂ ᠮᠣᠩᠭᠣᠯ ᠮᠣᠷᠢᠨ᠎ᠤ ᠵᠣᠷᠢᠭ ᠰᠠᠨᠠᠭ᠎ᠠ ᠵᠢ ᠪᠠᠳᠠᠷᠠᠭᠤᠯᠤᠨ᠂ 《ᠰᠢᠨ᠎ᠡ ᠵᠠᠮ ᠨᠡᠭᠡᠭᠡᠵᠦ᠂ ᠳᠤᠮᠳᠠ ᠤᠷᠤᠰᠬᠠᠯ᠎ᠳᠤ ᠣᠷᠣᠬᠤ》 ᠠᠵᠢᠯ᠎ᠤᠨ ᠶᠡᠬᠡ ᠲᠠᠯ᠎ᠠ ᠵᠢᠨ ᠲᠣᠭᠣᠷᠢᠨ᠎ᠳᠤ ᠬᠠᠤᠯᠢ᠎ᠪᠠᠷ ᠵᠠᠰᠠᠬᠤ ᠦᠢ᠍ᠯᠡᠴᠢᠯᠡᠭᠡ ᠪᠠ ᠪᠠᠲᠤᠯᠠᠭ᠎ᠠ ᠵᠢᠨ ᠡᠭᠦᠷᠭᠡ ᠴᠢᠳᠠᠪᠤᠷᠢ᠎ᠪᠠᠨ ᠬᠦᠴᠦᠲᠡᠢ ᠪᠠᠳᠠᠷᠠᠭᠤᠯᠵᠤ᠂ ᠬᠠᠤᠯᠢᠵᠢᠯ᠎ᠤᠨ ᠵᠠᠰᠠᠭ᠎ᠤᠨ ᠣᠷᠳᠣᠨ᠎ᠤ ᠪᠠᠢ᠌ᠭᠤᠯᠤᠯᠲᠠ ᠵᠢᠨ ᠰᠢᠨ᠎ᠡ ᠳᠡᠭᠲᠡᠷ᠎ᠲᠤ ᠭᠠᠷᠬᠤ ᠵᠢ ᠠᠬᠢᠭᠤᠯᠪᠠ᠃
《ᠵᠠᠩᠭᠢᠯᠠᠭ᠎ᠠ ᠵᠢᠨ ᠴᠥᠭᠡᠨ ᠲᠣᠭ᠋ᠠᠲᠠᠨ》᠎ᠤ ᠠᠶᠠᠯᠠᠯ᠎ᠤᠨ ᠵᠠᠮᠴᠢᠯᠠᠬᠤ ᠦᠢ᠍ᠯᠡᠳᠦᠯ᠎ᠢ ᠭᠦᠢ᠍ᠴᠡᠳ ᠪᠠᠳᠠᠷᠠᠭᠤᠯᠵᠤ᠂ ᠤᠯᠤᠰ ᠲᠦᠷᠦ᠎ᠪᠠᠷ ᠬᠥᠲᠥᠯᠥᠨ ᠳᠠᠭ᠋ᠠᠭᠤᠯᠬᠤ ᠵᠢ ᠴᠢᠩᠭ᠋ᠠᠳᠬᠠᠵᠠᠢ᠃ ᠰᠢ ᠵᠢᠨ ᠫᠢᠩ᠎ᠤᠨ ᠬᠠᠤᠯᠢᠵᠢᠯ᠎ᠤᠨ ᠦᠵᠡᠯ ᠰᠠᠨᠠᠭ᠎ᠠ ᠵᠢ ᠵᠠᠰᠠᠭ᠎ᠤᠨ ᠣᠷᠳᠣᠨ᠎ᠤ ᠪᠠᠢ᠌ᠩᠭᠤ ᠵᠢᠨ ᠬᠤᠷᠠᠯ᠎ᠠᠴᠠ ᠡᠮᠦᠨᠡᠬᠢ ᠰᠤᠷᠤᠯᠴᠠᠯᠭ᠎ᠠ ᠵᠢᠨ ᠲᠥᠯᠥᠪᠯᠡᠭᠡ᠎ᠳᠤ ᠣᠷᠣᠭᠤᠯᠵᠤ᠂ ᠬᠤᠷᠠᠯ᠎ᠠᠴᠠ ᠡᠮᠦᠨ᠎ᠡ 17 ᠤᠳᠠᠭ᠎ᠠ ᠬᠠᠤᠯᠢ ᠰᠤᠷᠬᠤ ᠵᠢ ᠵᠣᠬᠢᠶᠠᠨ ᠪᠠᠢ᠌ᠭᠤᠯᠵᠤ᠂ ᠬᠤᠳᠠ ᠵᠢᠨ ᠰᠢᠭᠤᠳ ᠬᠠᠷᠢᠶ᠎ᠠ ᠰᠠᠯᠠᠭ᠎ᠠ ᠮᠥᠴᠢᠷ᠎ᠤᠨ 《ᠨᠢᠭᠡᠳᠦᠭᠡᠷ ᠭᠠᠷ》 ᠲᠤᠬᠠᠢ ᠵᠢᠨ ᠲᠠᠯᠠᠪᠤᠷ᠎ᠲᠤ 17 ᠤᠳᠠᠭ᠎ᠠ ᠬᠠᠤᠯᠢ ᠶᠠᠷᠢᠵᠤ᠂ ᠲᠤᠰᠬᠠᠢ ᠰᠡᠳᠦᠪᠲᠦ ᠲᠠᠢ᠌ᠯᠤᠮᠵᠢ ᠵᠢ 48 ᠤᠳᠠᠭ᠎ᠠ ᠡᠷᠬᠢᠯᠡᠪᠡ᠃ ᠬᠠᠤᠯᠢ᠎ᠪᠠᠷ ᠵᠠᠰᠠᠬᠤ ᠪᠠᠢ᠌ᠭᠤᠯᠤᠯᠲᠠ ᠵᠢ ᠠᠵᠤ ᠠᠬᠤᠢ ᠨᠡᠢ᠌ᠭᠡᠮ᠎ᠤᠨ ᠬᠥᠭᠵᠢᠯᠲᠡ᠎ᠳᠤ ᠠᠭᠤᠰᠬᠠᠨ ᠣᠷᠣᠭᠤᠯᠵᠤ᠂ ᠬᠠᠮᠲᠤᠳᠤᠨᠢ ᠲᠥᠯᠥᠪᠵᠢᠭᠦᠯᠵᠦ᠂
ᠬᠠᠮᠲᠤᠳᠤᠨᠢ ᠪᠠᠢ᠌ᠷᠢᠯᠠᠭᠤᠯᠵᠤ᠂ ᠬᠠᠮᠲᠤᠳᠤᠨᠢ ᠲᠦᠯᠬᠢᠨ ᠠᠬᠢᠭᠤᠯᠵᠤ᠂ ᠵᠠᠰᠠᠭ᠎ᠤᠨ ᠣᠷᠳᠣᠨ᠎ᠤ ᠪᠠᠢ᠌ᠩᠭᠤ ᠵᠢᠨ ᠬᠤᠷᠠᠯ᠂ ᠲᠤᠰᠬᠠᠢ ᠰᠡᠳᠦᠪᠲᠦ ᠬᠤᠷᠠᠯ᠎ᠢ 2 ᠤᠳᠠᠭ᠎ᠠ ᠵᠣᠬᠢᠶᠠᠨ ᠪᠠᠢ᠌ᠭᠤᠯᠤᠨ ᠬᠤᠷᠠᠯᠳᠤᠭᠤᠯᠵᠤ᠂ ᠬᠠᠤᠯᠢ᠎ᠪᠠᠷ ᠵᠠᠰᠠᠬᠤ ᠪᠠᠢ᠌ᠭᠤᠯᠤᠯᠲᠠ ᠵᠢᠨ ᠬᠠᠷᠢᠭᠤ ᠮᠡᠳᠡᠭᠦᠯᠦᠯᠲᠡ ᠵᠢ ᠰᠣᠨᠣᠰᠴᠤ᠂ ᠬᠠᠤᠯᠢ᠎ᠪᠠᠷ ᠵᠠᠰᠠᠬᠤ ᠪᠠᠢ᠌ᠭᠤᠯᠤᠯᠲᠠ ᠵᠢᠨ ᠠᠵᠢᠯ᠎ᠢ ᠰᠤᠳᠤᠯᠤᠨ ᠪᠠᠢ᠌ᠷᠢᠯᠠᠭᠤᠯᠪᠠ᠃
ᠠᠵᠤ ᠠᠬᠤᠢ᠌ᠯᠠᠯ᠎ᠤᠨ ᠤᠯᠠᠨ ᠲᠦᠮᠡᠨ᠎ᠤ ᠥᠨᠳᠥᠷ ᠳᠠᠪᠲᠠᠮᠵᠢ ᠵᠢᠨ ᠬᠡᠷᠡᠭᠴᠡᠭᠡ᠎ᠳᠤ ᠨᠠᠷᠢᠯᠢᠭ ᠣᠨᠣᠴᠠᠲᠠᠢ᠎ᠪᠠᠷ ᠠᠩᠬᠠᠷᠤᠯ ᠵᠶ᠋ᠠᠨ ᠲᠥᠪᠯᠡᠷᠡᠭᠦᠯᠵᠦ᠂ ᠦᠢ᠍ᠯᠡᠴᠢᠯᠡᠭᠡᠨ᠎ᠤ ᠴᠢᠨᠠᠷ ᠴᠢᠨᠰᠠᠭ᠎ᠠ ᠵᠠᠰᠠᠭ ᠵᠠᠬᠢᠷᠭ᠋ᠠᠨ᠎ᠤ ᠬᠢᠨᠠᠨ ᠵᠥᠪᠰᠢᠶᠡᠷᠡᠬᠦ ᠦᠢ᠍ᠯᠡᠴᠢᠯᠡᠭᠡᠨ᠎ᠤ ᠲᠠᠰ ᠳᠠᠷᠠᠭ᠋ᠠᠯᠠᠯ᠎ᠢ ᠪᠥᠬᠥ ᠲᠠᠯ᠎ᠠ᠎ᠪᠠᠷ ᠰᠢᠯᠢᠳᠡᠭᠵᠢᠭᠦᠯᠵᠦ᠂ 24 《ᠥᠨᠳᠥᠷ ᠪᠦᠲᠦᠮᠵᠢᠲᠡᠶ᠎ᠪᠠᠷ ᠨᠢᠭᠡ ᠶᠠᠪᠤᠳᠠᠯ᠎ᠢ ᠪᠦᠲᠦᠭᠡᠵᠦ》᠂ 3.1 ᠲᠦᠮᠡᠨ ᠬᠤᠪᠢ ᠦᠢ᠍ᠯᠡᠴᠢᠯᠡᠭᠡ ᠥᠷᠨᠢᠭᠦᠯᠪᠡ᠂ ᠡᠭᠦᠨ᠎ᠳᠤ 《ᠡᠷᠡᠭᠦᠯ ᠮᠡᠨᠳᠦ ᠵᠢᠨ ᠦᠨᠡᠮᠯᠡᠯ᠎ᠤᠨ ᠨᠢᠭᠡ ᠶᠠᠪᠤᠳᠠᠯ》 ᠨᠢ ᠲᠠᠪᠤᠳᠤᠭ᠋ᠠᠷ ᠬᠤᠭᠤᠴᠠᠭ᠋ᠠᠨ᠎ᠤ ᠪᠥᠬᠥ ᠤᠯᠤᠰ᠎ᠤᠨ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠵᠥᠭᠡᠯᠡᠨ ᠪᠣᠳᠠᠲᠤ ᠬᠦᠴᠦᠨ᠎ᠤ ᠥᠭᠡᠷᠡᠴᠢᠯᠡᠯᠲᠡ ᠵᠢᠨ ᠦᠢ᠍ᠯᠡᠳᠦᠯᠭᠡ ᠵᠢᠨ ᠰᠢᠯᠢᠳᠡᠭ ᠬᠡᠷᠡᠭ᠎ᠤᠨ ᠵᠢᠱ᠌ᠢᠶ᠎ᠡ᠎ᠳᠤ ᠣᠷᠣᠭᠰᠠᠨ ᠪᠥᠭᠡᠳ 《ᠰᠢᠨ᠎ᠡ ᠡᠨᠧᠷᠭᠢ ᠵᠢᠨ ᠴᠠᠬᠢᠯᠭ᠋ᠠᠨ ᠴᠡᠨᠡᠭᠯᠡᠬᠦ ᠪᠠᠭ᠋ᠠᠨ᠎ᠠ ᠵᠢ ᠮᠡᠳᠡᠭᠦᠯᠦᠨ ᠤᠭᠰᠠᠷᠠᠬᠤ ᠨᠢᠭᠡ ᠶᠠᠪᠤᠳᠠᠯ》 ᠵᠡᠷᠭᠡ 3 ᠠᠩᠬ᠎ᠠ ᠡᠭᠦᠳᠬᠦ ᠬᠡᠯᠪᠡᠷᠢ ᠵᠢᠨ ᠬᠡᠷᠡᠭᠯᠡᠭᠡᠨ᠎ᠤ ᠲᠠᠯᠠᠪᠤᠷ᠎ᠢ ᠪᠣᠶ ᠪᠣᠯᠭ᠋ᠠᠪᠠ᠃ 《ᠭᠤᠶᠤᠴᠢᠯᠠᠬᠤ ᠦᠭᠡᠢ᠎ᠪᠠᠷ ᠡᠳ᠋ᠯᠡᠭᠦᠯᠬᠦ》 ᠲᠣᠳᠣᠷᠬᠠᠢ ᠬᠠᠭᠤᠳᠠᠰᠤ ᠵᠢ 47 ᠪᠠᠢ᠌ᠭᠤᠯᠵᠤ᠂ ᠬᠣᠲᠠ ᠵᠢᠨ ᠲᠣᠰ ᠱᠠᠲᠤᠨ᠎ᠤ 《ᠢᠲᠡᠭᠡᠮᠵᠢ + ᠳᠤᠲᠠᠭᠤ ᠵᠢ ᠪᠠᠭᠲᠠᠭ᠋ᠠᠬᠤ》 ᠵᠦᠢ᠍ᠯᠡᠰ᠎ᠤᠨ ᠲᠣᠳᠣᠷᠬᠠᠢ ᠬᠠᠭᠤᠳᠠᠰᠤ ᠵᠢ 69 ᠨᠡᠢ᠌ᠲᠡᠯᠡᠪᠡ᠃
ᠵᠠᠰᠠᠭ᠎ᠤᠨ ᠣᠷᠳᠣᠨ᠎ᠤ ᠵᠠᠰᠠᠯᠲᠠ ᠵᠢᠨ ᠬᠠᠤᠯᠢᠵᠢᠭᠤᠯᠤᠯᠲᠠ ᠵᠢ ᠲᠦᠷᠭᠡᠪᠴᠢᠯᠡᠨ ᠠᠬᠢᠭᠤᠯᠵᠤ᠂ ᠳᠦᠷᠢᠮ᠎ᠤᠨ ᠰᠢᠰᠲ᠋ᠧᠮ᠎ᠢ ᠲᠡᠭᠦᠯᠳᠡᠷᠵᠢᠭᠦᠯᠵᠡᠢ᠃ 《ᠬᠥᠬᠡᠬᠣᠲᠠ ᠪᠤᠭᠤᠲᠤ ᠣᠷᠳᠣᠰ ᠤᠯᠠᠭ᠋ᠠᠨᠴᠠᠪ》᠎ᠤᠨ ᠬᠠᠮᠵᠢᠯᠴᠠᠨ ᠬᠠᠤᠯᠢ ᠲᠣᠭᠲᠠᠭ᠋ᠠᠬᠤ ᠪᠣᠷᠣ ᠲᠥᠯᠥᠪ᠎ᠤᠨ ᠵᠥᠪᠯᠡᠯᠴᠡᠭᠡᠷ᠎ᠲᠤ ᠭᠠᠷᠤᠨ ᠥᠰᠥᠭ ᠵᠢᠷᠤᠵᠤ᠂ 《ᠤᠯᠠᠭ᠋ᠠᠨᠴᠠᠪ ᠬᠣᠲᠠ ᠵᠢᠨ ᠬᠣᠲᠠ ᠪᠠᠯᠭ᠋ᠠᠰᠤᠨ᠎ᠤ ᠠᠮᠢᠳᠤᠷᠠᠯ᠎ᠤᠨ ᠬᠣᠭ ᠨᠣᠪᠰᠢ ᠵᠢ ᠲᠥᠷᠥᠯ ᠬᠤᠪᠢᠶᠠᠨ ᠬᠠᠮᠢᠶᠠᠷᠬᠤ ᠳᠦᠷᠢᠮ》᠎ᠢ ᠲᠣᠭᠲᠠᠭ᠋ᠠᠵᠤ᠂ 《ᠤᠯᠠᠭ᠋ᠠᠨᠴᠠᠪ ᠬᠣᠲᠠ ᠵᠢᠨ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ ᠵᠢᠴᠢ ᠲᠡᠭᠦᠨ᠎ᠤ ᠪᠠᠢ᠌ᠩᠭᠤ ᠵᠢᠨ ᠬᠣᠷᠢᠶ᠎ᠠ ᠵᠢᠨ ᠬᠠᠤᠯᠢ ᠲᠣᠭᠲᠠᠭ᠋ᠠᠬᠤ ᠳᠦᠷᠢᠮ》 ᠵᠡᠷᠭᠡ 4 ᠣᠷᠣᠨ ᠨᠤᠲᠤᠭ᠎ᠤᠨ ᠴᠢᠨᠠᠷᠲᠠᠢ ᠬᠠᠤᠯᠢ ᠲᠣᠭᠲᠠᠭ᠋ᠠᠯ᠎ᠳᠤ ᠵᠠᠰᠠᠪᠤᠷᠢ ᠣᠷᠣᠭᠤᠯᠪᠠ᠃ ᠴᠢᠬᠤᠯᠠ ᠶᠡᠬᠡ ᠵᠠᠰᠠᠭ ᠵᠠᠬᠢᠷᠭ᠋ᠠᠨ᠎ᠤ ᠰᠢᠢ᠍ᠳᠪᠦᠷᠢᠲᠦ ᠪᠣᠳᠣᠯᠭ᠎ᠠ ᠵᠢᠨ ᠬᠠᠤᠯᠢ᠎ᠪᠠᠷ ᠲᠣᠭᠲᠠᠭ᠋ᠠᠭᠰᠠᠨ ᠵᠢᠷᠤᠮ᠎ᠢ ᠴᠢᠩᠭ᠎ᠠ ᠬᠡᠷᠡᠭᠵᠢᠭᠦᠯᠵᠦ᠂ ᠬᠠᠤᠯᠢ ᠴᠠᠭ᠋ᠠᠵᠠ ᠵᠢᠨ ᠵᠥᠪᠯᠡᠭᠴᠢ ᠵᠢᠨ ᠳᠦᠷᠢᠮ᠎ᠢ ᠪᠦᠬᠦ ᠲᠠᠯ᠎ᠠ᠎ᠪᠠᠷ ᠬᠡᠷᠡᠭᠵᠢᠭᠦᠯᠵᠦ᠂ ᠴᠢᠬᠤᠯᠠ ᠶᠡᠬᠡ ᠵᠠᠰᠠᠭ ᠵᠠᠬᠢᠷᠭ᠋ᠠᠨ᠎ᠤ ᠰᠢᠢ᠍ᠳᠪᠦᠷᠢᠲᠦ ᠪᠣᠳᠣᠯᠭ᠎ᠠ᠂ ᠵᠠᠰᠠᠭ ᠵᠠᠬᠢᠷᠭ᠋ᠠᠨ᠎ᠤ ᠵᠢᠷᠤᠮᠵᠢᠯ᠎ᠤᠨ ᠴᠢᠨᠠᠷᠲᠠᠢ ᠪᠢᠴᠢᠭ ᠮᠠᠲ᠋ᠧᠷᠢᠶᠠᠯ ᠪᠠ ᠭᠡᠷ᠎ᠡ᠂ ᠬᠡᠯᠡᠯᠴᠡᠭᠡᠷ᠎ᠢ 881 ᠬᠤᠪᠢ ᠬᠢᠨᠠᠨ ᠪᠠᠢ᠌ᠴᠠᠭ᠋ᠠᠪᠠ᠃
ᠵᠠᠰᠠᠭ ᠵᠠᠬᠢᠷᠭ᠋ᠠᠨ᠎ᠤ ᠡᠷᠬᠡ ᠵᠢᠨ ᠵᠢᠷᠤᠮᠵᠢᠯ᠎ᠲᠠᠢ ᠢᠯᠡ ᠲᠣᠳᠣ ᠠᠵᠢᠯᠯᠠᠭ᠋ᠠᠨ᠎ᠢ ᠠᠬᠢᠭᠤᠯᠵᠤ᠂ ᠬᠢᠵᠠᠭ᠋ᠠᠷᠯᠠᠬᠤ ᠪᠠ ᠬᠢᠨᠠᠯᠲᠠ ᠲᠠᠯᠪᠢᠬᠤ ᠵᠢ ᠴᠢᠩᠭ᠋ᠠᠳᠬᠠᠵᠠᠢ᠃ 《ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠦᠯᠲᠡ᠎ᠳᠤ ᠬᠢᠨᠠᠯᠲᠠ ᠲᠠᠯᠪᠢᠬᠤ + 12345 ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠠᠷᠠᠳ᠎ᠲᠤ ᠲᠥᠬᠥᠮ ᠦᠵᠡᠭᠦᠯᠬᠦ ᠬᠠᠯᠠᠮᠰᠢᠯ
ᠤᠲᠠᠰᠤ》 ᠵᠢᠨ ᠬᠣᠯᠪᠤᠭ᠋ᠠᠯᠠᠨ ᠬᠥᠳᠡᠯᠦᠯᠴᠡᠬᠦ ᠲᠣᠭᠲᠠᠴᠠ ᠵᠢ ᠪᠠᠢ᠌ᠭᠤᠯᠵᠤ᠂ 《ᠳᠠᠭ᠋ᠠᠯᠲᠠ ᠬᠡᠯᠪᠡᠷᠢ + ᠴᠡᠭ᠎ᠲᠤ ᠰᠠᠭᠤᠬᠤ ᠬᠡᠯᠪᠡᠷᠢ》 ᠵᠢᠨ ᠬᠢᠨᠠᠯᠲᠠ ᠲᠠᠯᠪᠢᠬᠤ ᠵᠠᠭᠪᠤᠷ᠎ᠢ ᠬᠡᠷᠡᠭᠵᠢᠭᠦᠯᠦᠨ᠂ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠦᠯᠲᠡ᠎ᠳᠤ ᠬᠢᠨᠠᠯᠲᠠ ᠲᠠᠯᠪᠢᠬᠤ ᠦᠢ᠍ᠯᠡᠳᠦᠯ᠎ᠢ ᠪᠦᠲᠦᠮᠵᠢᠲᠡᠶ ᠪᠠᠳᠠᠷᠠᠭᠤᠯᠪᠠ᠃ ᠲᠦᠷᠦ ᠵᠢᠨ ᠪᠣᠳᠣᠯᠭ᠎ᠠ ᠵᠢᠨ ᠲᠠᠢ᠌ᠯᠤᠮᠵᠢ ᠵᠢ 201 ᠬᠤᠪᠢ ᠨᠡᠢ᠌ᠲᠡᠯᠡᠵᠦ᠂ ᠵᠠᠰᠠᠭ᠎ᠤᠨ ᠣᠷᠳᠣᠨ᠎ᠤ 12345 ᠬᠠᠯᠠᠮᠰᠢᠯ ᠤᠲᠠᠰᠤ᠎ᠪᠠᠷ ᠬᠦᠯᠢᠶᠡᠨ ᠠᠪᠴᠤ ᠰᠢᠢ᠍ᠳᠪᠦᠷᠢᠯᠡᠭᠰᠡᠨ ᠠᠰᠠᠭᠤᠳᠠᠯ᠎ᠤᠨ 19.59 ᠲᠦᠮᠡ ᠭᠠᠷᠤᠢ ᠬᠤᠪᠢ᠎ᠨᠢ ᠲᠦᠷᠦ ᠵᠢᠨ ᠪᠣᠳᠣᠯᠭ᠎ᠠ ᠵᠢᠨ ᠲᠠᠢ᠌ᠯᠤᠮᠵᠢ ᠵᠢ ᠨᠡᠢ᠌ᠲᠡᠯᠡᠪᠡ᠃ ᠪᠥᠬᠥ ᠣᠷᠣᠨ᠎ᠳᠤ ᠬᠣᠲᠠ ᠰᠢᠶᠠᠨ ᠬᠣᠶᠠᠷ ᠱᠠᠲᠤᠨ᠎ᠤ 《ᠦᠨᠡᠨᠴᠢ ᠢᠲᠡᠭᠡᠮᠵᠢ ᠵᠢᠨ ᠪᠠᠢ᠌ᠭᠤᠯᠤᠯᠲᠠ ᠵᠢᠨ ᠵᠠᠭ᠋ᠠᠯᠳᠤᠯᠭ᠎ᠠ》 ᠵᠢᠨ ᠴᠣᠩᠬᠣᠪᠴᠢ ᠵᠢ ᠤᠷᠢᠳᠠᠪᠠᠷ ᠪᠠᠢ᠌ᠭᠤᠯᠵᠤ᠂ ᠵᠠᠰᠠᠭ᠎ᠤᠨ ᠣᠷᠳᠣᠨ᠎ᠤ ᠨᠡᠶ᠋ᠢᠲᠡ ᠵᠢᠨ ᠢᠲᠡᠭᠡᠮᠵᠢ ᠵᠢ ᠪᠥᠬᠥ ᠲᠠᠯ᠎ᠠ᠎ᠪᠠᠷ ᠳᠡᠭᠡᠭᠰᠢᠯᠡᠭᠦᠯᠵᠡᠢ᠃
ᠬᠠᠤᠯᠢᠵᠢᠯ᠎ᠤᠨ ᠵᠠᠰᠠᠭ᠎ᠤᠨ ᠣᠷᠳᠣᠨ᠎ᠤ ᠪᠠᠢ᠌ᠭᠤᠯᠤᠯᠲᠠ ᠵᠢᠨ ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ᠎ᠤᠨ ᠪᠠᠲᠤᠯᠠᠭ᠎ᠠ ᠵᠢ ᠲᠡᠰ ᠳᠡᠪᠰᠢᠭᠦᠯᠵᠦ᠂ ᠣᠶᠤᠨᠲᠤ ᠵᠠᠰᠠᠭ᠎ᠤᠨ ᠪᠥᠬᠥ ᠬᠣᠲᠠ ᠵᠢᠨ 《ᠨᠢᠭᠡ ᠰᠦᠯᠵᠢᠶ᠎ᠡ》 《ᠨᠢᠭᠡ ᠬᠡᠰᠡᠭ ᠡᠭᠦᠯᠡ》 ᠵᠠᠰᠠᠭ᠎ᠤᠨ ᠶᠠᠪᠤᠳᠠᠯ᠎ᠤᠨ ᠰᠦᠯᠵᠢᠶᠡᠨ᠎ᠤ ᠰᠢᠰᠲ᠋ᠧᠮ᠎ᠢ ᠪᠠᠢ᠌ᠭᠤᠯᠵᠤ᠂ 69 ᠨᠢᠭᠡᠴᠡ ᠵᠢᠨ 182 ᠲᠤᠬᠠᠢ᠌ᠯᠠᠭᠰᠠᠨ ᠠᠵᠢᠯ᠎ᠤᠨ ᠰᠢᠰᠲ᠋ᠧᠮ᠎ᠢ ᠵᠠᠰᠠᠭ᠎ᠤᠨ ᠶᠠᠪᠤᠳᠠᠯ᠎ᠤᠨ ᠡᠭᠦᠯᠡᠨ ᠲᠥᠪ᠎ᠲᠤ ᠨᠡᠢ᠌ᠯᠡᠭᠦᠯᠦᠨ ᠣᠷᠣᠭᠤᠯᠵᠤ᠂ 40 ᠭᠠᠷᠤᠢ ᠨᠢᠭᠡᠴᠡ᠂ 1460 ᠵᠦᠢ᠍ᠯ᠎ᠤᠨ ᠵᠠᠰᠠᠭ᠎ᠤᠨ ᠶᠠᠪᠤᠳᠠᠯ᠎ᠤᠨ ᠭᠠᠷᠴᠠᠭ᠂ 2 ᠳ᠋ᠦᠩᠰᠢᠭᠤᠷ ᠭᠠᠷᠤᠢ ᠲᠣᠭ᠎ᠠ ᠪᠠᠷᠢᠮᠲᠠ ᠵᠢ ᠲᠣᠮᠣ ᠳ᠋ᠠᠢ᠌ᠲ᠋ᠠ ᠵᠢᠨ ᠦᠢ᠍ᠯᠡᠴᠢᠯᠡᠭᠡᠨ᠎ᠤ ᠲᠠᠪᠴᠠᠩ᠎ᠳᠤ ᠨᠡᠢ᠌ᠯᠡᠭᠦᠯᠦᠨ ᠣᠷᠣᠭᠤᠯᠵᠤ᠂ ᠵᠠᠰᠠᠭ᠎ᠤᠨ ᠶᠠᠪᠤᠳᠠᠯ᠎ᠤᠨ ᠮᠡᠳᠡᠭᠡ ᠵᠠᠩᠭᠢᠵᠢᠯᠲᠠ ᠵᠢᠨ ᠲᠣᠭ᠋ᠠᠵᠢᠭᠤᠯᠬᠤ ᠪᠠᠢ᠌ᠭᠤᠯᠤᠯᠲᠠ ᠵᠢᠨ ᠴᠢᠳᠠᠪᠤᠷᠢ ᠵᠢ ᠤᠯᠠᠮ ᠨᠢᠭᠡ ᠠᠯᠬᠤᠮ ᠴᠢᠩᠭ᠋ᠠᠳᠬᠠᠪᠠ᠃ DeepSeek ᠮᠡᠷᠭᠡᠵᠢᠯ᠎ᠢ ᠠᠯᠠᠭ᠋ᠠᠨ ᠳᠡᠭᠡᠷᠡᠬᠢ ᠣᠯᠠᠨ ᠨᠡᠶ᠋ᠢᠲᠡ ᠵᠢᠨ ᠬᠠᠤᠯᠢ ᠴᠠᠭ᠋ᠠᠵᠠ ᠵᠢᠨ ᠦᠢ᠍ᠯᠡᠴᠢᠯᠡᠭᠡᠨ᠎ᠤ ᠲᠠᠪᠴᠠᠩ᠎ᠳᠤ ᠠᠭᠤᠰᠬᠠᠨ ᠣᠷᠣᠭᠤᠯᠵᠤ᠂ ᠣᠯᠠᠨ ᠲᠦᠮᠡᠨ 《ᠣᠶᠤᠨᠴᠢ ᠲᠦᠷᠭᠡᠨ ᠯᠠᠪᠯᠠᠭ᠎ᠠ》 ᠪᠠ 《AI ᠵᠣᠬᠢᠶᠠᠮᠠᠯ ᠣᠶᠤᠨᠲᠤ ᠮᠠᠰᠢᠨ ᠬᠥᠮᠥᠨ》 ᠵᠶ᠋ᠡᠷ ᠳᠠᠮᠵᠢᠭᠤᠯᠤᠨ ᠴᠠᠭ ᠲᠤᠬᠠᠢᠳᠤᠨᠢ ᠰᠦᠯᠵᠢᠶᠡᠨ ᠳᠡᠭᠡᠷ᠎ᠡ ᠯᠠᠪᠯᠠᠭ᠎ᠠ ᠬᠢᠵᠦ ᠪᠣᠯᠣᠨ᠎ᠠ᠂ ᠣᠯᠠᠨ ᠨᠡᠶ᠋ᠢᠲᠡ ᠵᠢᠨ ᠬᠠᠤᠯᠢ ᠴᠠᠭ᠋ᠠᠵᠠ ᠵᠢᠨ ᠦᠢ᠍ᠯᠡᠴᠢᠯᠡᠭᠡᠨ᠎ᠤ ᠴᠢᠨᠠᠷ ᠴᠢᠨᠰᠠᠭ᠎ᠠ ᠦᠷ᠎ᠡ ᠪᠦᠲᠦᠮᠵᠢ ᠵᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠲᠠᠪᠴᠠᠩ᠎ᠤᠨ᠎ᠬᠢᠨ ᠬᠡᠷᠡᠭᠯᠡᠭᠴᠢᠳ᠎ᠢ 16.6 ᠲᠦᠮᠡ ᠵᠢ ᠳᠠᠪᠠᠵᠤ᠂ ᠬᠠᠤᠯᠢ ᠴᠠᠭ᠋ᠠᠵᠠ ᠵᠢᠨ ᠦᠢ᠍ᠯᠡᠴᠢᠯᠡᠭᠡ ᠵᠢ ᠨᠡᠶ᠋ᠢᠲᠡ 1.4 ᠲᠦᠮᠡ ᠭᠠᠷᠤᠢ ᠬᠥᠮᠥᠨ ᠤᠳᠠᠭ᠎ᠠ ᠬᠠᠩᠭ᠋ᠠᠵᠤ᠂ ᠰᠡᠳᠬᠢᠯ ᠬᠠᠨᠤᠮᠵᠢᠲᠠᠶ ᠪᠠᠢ᠌ᠬᠤ ᠬᠡᠮᠵᠢᠶ᠎ᠡ 100%᠎ᠳᠤ ᠬᠥᠷᠪᠡ᠃
ᠴᠢᠩᠭ᠎ᠠ ᠵᠢᠷᠤᠮᠵᠢᠭᠤᠨ ᠲᠥᠪ ᠭᠣᠣᠯᠴᠢ ᠪᠣᠯᠪᠠᠰᠤᠨ ᠵᠶ᠋ᠠᠷ ᠬᠠᠤᠯᠢ ᠬᠡᠷᠡᠭᠵᠢᠭᠦᠯᠬᠦ ᠵᠢ ᠲᠦᠯᠬᠢᠨ ᠠᠬᠢᠭᠤᠯᠵᠤ᠂ ᠬᠠᠤᠯᠢ ᠬᠡᠷᠡᠭᠵᠢᠭᠦᠯᠬᠦ ᠰᠢᠰᠲ᠋ᠧᠮ᠎ᠢ ᠪᠦᠷᠢᠨᠰᠢᠭᠦᠯᠵᠡᠢ᠃ ᠬᠣᠲᠠ ᠰᠢᠶᠠᠨ ᠰᠢᠶᠠᠩ ᠭᠤᠷᠪᠠᠨ ᠱᠠᠲᠤᠨ᠎ᠤ ᠬᠠᠤᠯᠢ ᠬᠡᠷᠡᠭᠵᠢᠭᠦᠯᠬᠦ ᠪᠠᠢ᠌ᠭᠤᠯᠤᠮᠵᠢ ᠵᠢᠨ ᠥᠭᠡᠷᠡᠴᠢᠯᠡᠯᠲᠡ ᠵᠢ ᠪᠡᠶᠡᠯᠡᠭᠦᠯᠵᠦ᠂ 《ᠬᠡᠨ ᠬᠠᠤᠯᠢ ᠬᠡᠷᠡᠭᠵᠢᠭᠦᠯᠪᠡᠯ ᠬᠡᠨ ᠬᠠᠤᠯᠢ ᠲᠦᠭᠡᠮᠡᠯᠵᠢᠭᠦᠯᠬᠦ》 ᠪᠠ 《ᠲᠦᠷᠪᠡᠨ ᠳᠦᠷᠢᠮ ᠨᠢᠭᠡ ᠦᠨᠡᠯᠡᠨ ᠶᠠᠷᠢᠯᠴᠠᠬᠤ》 ᠲᠣᠭᠲᠠᠴᠠ ᠵᠢ ᠲᠡᠭᠦᠯᠳᠡᠷᠵᠢᠭᠦᠯᠬᠦ᠂ ᠬᠣᠲᠠ ᠰᠢᠶᠠᠨ ᠰᠢᠶᠠᠩ᠎ᠤᠨ ᠬᠠᠤᠯᠢᠵᠢᠯ᠎ᠤᠨ ᠰᠣᠶᠣᠯ᠎ᠤᠨ ᠵᠢᠭᠰᠠᠭ᠋ᠠᠯ᠎ᠤᠨ ᠭᠠᠵᠠᠷ᠎ᠢ ᠪᠠᠶ᠋ᠢᠭᠤᠯᠬᠤ᠂ ᠬᠠᠤᠯᠢ ᠲᠦᠭᠡᠮᠡᠯᠵᠢᠭᠦᠯᠬᠦ ᠣᠬᠣᠷ ᠸᠢᠳᠢᠤ᠋ ᠪᠠ ᠬᠠᠤᠯᠢ ᠲᠦᠭᠡᠮᠡᠯᠵᠢᠭᠦᠯᠬᠦ ᠵᠢᠵᠢᠭ ᠵᠦᠴᠦᠭᠡ ᠵᠢᠨ ᠲᠠᠯᠠᠪᠠᠢ ᠵᠢ ᠦᠢ᠍ᠯᠡᠳᠬᠦ᠂ ᠬᠠᠤᠯᠢ ᠬᠡᠷᠡᠭᠵᠢᠭᠦᠯᠬᠦ ᠨᠢᠭᠡᠴᠢ ᠵᠢᠨ ᠬᠡᠷᠡᠭ ᠵᠶ᠋ᠡᠷ ᠬᠠᠤᠯᠢ ᠵᠢ ᠲᠠᠢ᠌ᠯᠪᠤᠷᠢᠯᠠᠬᠤ ᠦᠢ᠍ᠯᠡᠳᠦᠯ᠎ᠢ ᠪᠠᠳᠠᠷᠠᠭᠤᠯᠬᠤ᠂ ᠦᠨᠳᠦᠰᠦᠨ ᠬᠠᠤᠯᠢ ᠵᠢᠨ ᠰᠤᠷᠭ᠋ᠠᠨ ᠬᠥᠮᠦᠵᠢᠯ᠎ᠤᠨ ᠣᠷᠳᠣᠨ᠎ᠢ ᠪᠠᠶ᠋ᠢᠭᠤᠯᠬᠤ ᠪᠠ ᠡᠬᠢᠯᠡᠨ ᠬᠡᠷᠡᠭᠯᠡᠬᠦ ᠵᠡᠷᠭᠡ ᠠᠷᠭ᠎ᠠ ᠮᠠᠶᠢᠭ ᠵᠶ᠋ᠠᠷ ᠳᠠᠮᠵᠢᠭᠤᠯᠤᠨ᠂ ᠪᠦᠬᠦ ᠠᠷᠠᠳ ᠵᠶ᠋ᠠᠷ ᠵᠶ᠋ᠠᠨ ᠬᠠᠤᠯᠢ ᠵᠢ ᠬᠦᠨᠳᠦᠳᠬᠡᠬᠦ᠂ ᠬᠠᠤᠯᠢ ᠵᠢ ᠰᠤᠷᠤᠯᠴᠠᠬᠤ᠂ ᠬᠠᠤᠯᠢ ᠵᠢ ᠰᠠᠬᠢᠬᠤ᠂ ᠬᠠᠤᠯᠢ ᠵᠢ ᠬᠡᠷᠡᠭᠯᠡᠬᠦ ᠰᠠᠢ᠌ᠨ ᠰᠠᠢ᠌ᠬᠠᠨ ᠠᠭᠤᠷ ᠠᠮᠢᠰᠬᠤᠯ᠎ᠢ ᠬᠦᠴᠦᠯᠡᠨ ᠪᠤᠢ ᠪᠣᠯᠭ᠋ᠠᠵᠠᠢ᠃
ᠵᠥᠷᠢᠴᠡᠯ ᠵᠢᠭᠤᠷᠠᠯᠳᠤᠭ᠋ᠠᠨ᠎ᠢ ᠰᠡᠷᠭᠡᠢ᠌ᠯᠡᠨ ᠠᠷᠢᠯᠭ᠋ᠠᠬᠤ ᠨᠡᠢ᠌ᠯᠡᠮᠡᠯ ᠬᠦᠴᠦᠨ᠎ᠢ ᠨᠢᠭᠲᠠᠷᠠᠭᠤᠯᠵᠤ᠂ ᠲᠥᠪ ᠭᠣᠣᠯᠴᠢ ᠰᠢᠳᠤᠷᠭᠤ ᠶᠣᠰᠣ ᠵᠢ ᠠᠬᠢᠭᠤᠯᠵᠠᠢ᠃ ᠰᠢᠨ᠎ᠡ ᠴᠠᠭ ᠦᠶ᠎ᠡ ᠵᠢᠨ 《ᠹᠸᠩᠴᠢᠶᠤᠤ ᠵᠢᠨ ᠲᠤᠷᠰᠢᠯᠭ᠎ᠠ》 ᠵᠢ ᠪᠠᠷᠢᠮᠲᠠᠯᠠᠨ ᠬᠥᠭᠵᠢᠭᠦᠯᠵᠦ᠂ ᠪᠥᠬᠥ ᠥᠪᠡᠷᠲᠡᠭᠡᠨ ᠵᠠᠰᠠᠬᠤ ᠣᠷᠣᠨ᠎ᠤ ᠠᠩᠬᠠᠳᠠᠭᠴᠢ 《ᠲᠠᠪᠤ ᠵᠢ ᠨᠢᠭᠡ ᠴᠣᠭᠴᠠᠵᠢᠭᠤᠯᠬᠤ》 ᠬᠥᠳᠡᠯᠮᠦᠷᠢ ᠠᠵᠢᠯᠲᠠᠨ᠎ᠤ ᠶᠠᠪᠤᠳᠠᠯ᠎ᠤᠨ ᠮᠠᠷᠭᠤᠯᠳᠤᠭ᠋ᠠᠨ᠎ᠤ ᠨᠢᠭᠡ ᠥᠷᠲᠡᠭᠡᠨ᠎ᠤ ᠮᠠᠶᠢᠭ᠎ᠤᠨ ᠶᠡᠷᠦᠩᠬᠡᠢ᠌ᠯᠡᠭᠰᠡᠨ ᠦᠢ᠍ᠯᠡᠴᠢᠯᠡᠭᠡᠨ᠎ᠤ ᠲᠠᠪᠴᠠᠩ᠎ᠢ ᠪᠠᠢ᠌ᠭᠤᠯᠵᠠᠢ᠃ ᠵᠠᠰᠠᠭ ᠵᠠᠬᠢᠷᠭ᠋ᠠᠨ᠎ᠤ ᠳᠠᠬᠢᠨ ᠵᠥᠪᠯᠡᠵᠦ ᠵᠠᠰᠠᠭ ᠵᠠᠬᠢᠷᠭ᠋ᠠᠨ᠎ᠤ ᠮᠠᠷᠭᠤᠯᠳᠤᠭ᠋ᠠᠨ᠎ᠢ ᠠᠷᠢᠯᠭ᠋ᠠᠬᠤ ᠭᠣᠣᠯ ᠠᠷᠭ᠎ᠠ ᠵᠠᠮ᠎ᠤᠨ ᠦᠢ᠍ᠯᠡᠳᠦᠯ᠎ᠢ ᠭᠦᠢ᠍ᠴᠡᠳ ᠪᠠᠳᠠᠷᠠᠭᠤᠯᠵᠠᠢ᠃ 《ᠲᠠᠪᠤ ᠵᠢ ᠣᠳᠣᠬᠢᠴᠢᠯᠠᠬᠤ ᠳᠥᠷᠪᠡ ᠵᠢ ᠪᠣᠳᠠᠲᠠᠢ᠌ᠵᠢᠭᠤᠯᠬᠤ》 ᠱᠠᠭ᠋ᠠᠷᠳᠠᠯᠭ᠎ᠠ ᠶᠣᠰᠣᠭ᠋ᠠᠷ᠂ ᠵᠠᠬᠢᠳᠠᠯ ᠰᠣᠷᠪᠤᠯᠵᠢᠯᠠᠭ᠎ᠠ ᠵᠢᠨ ᠬᠠᠤᠯᠢ᠎ᠪᠠᠷ ᠵᠠᠰᠠᠬᠤ ᠵᠢ ᠬᠢᠨᠠᠨ ᠬᠠᠷᠭᠤᠭᠤᠯᠬᠤ ᠲᠤᠰᠬᠠᠢ ᠮᠡᠷᠭᠡᠵᠢᠯᠲᠡᠨ᠎ᠤ ᠬᠥᠮᠥᠷᠭᠡ ᠵᠢ ᠪᠠᠢ᠌ᠭᠤᠯᠵᠤ᠂ ᠵᠠᠬᠢᠳᠠᠯ ᠰᠣᠷᠪᠤᠯᠵᠢᠯᠠᠭ᠎ᠠ ᠵᠢᠨ ᠵᠦᠢ᠍ᠯᠡᠰ᠎ᠢ ᠬᠠᠤᠯᠢ ᠶᠣᠰᠣᠭ᠋ᠠᠷ ᠰᠢᠢ᠍ᠳᠪᠦᠷᠢᠯᠡᠪᠡ᠃