ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠬᠠᠣᠯᠢ᠎ᠪᠠᠷ ᠵᠠᠰᠠᠬᠤ
ᠦᠢᠯᠡᠴᠢᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠬᠠᠣᠯᠢ᠎ᠪᠠᠷ ᠵᠠᠰᠠᠬᠤ   -   ᠬᠠᠣᠯᠢ᠎ᠪᠠᠷ ᠵᠠᠰᠠᠬᠤ ᠦᠪᠦᠷ ᠮᠣᠩᠭᠤᠯ
ᠦᠬᠠᠢ ᠬᠣᠲᠠ 《ᠲᠠᠪᠤᠨ ᠠᠯᠬᠤᠮ᠎ᠤᠨ ᠰᠢᠲᠠᠷ᠎ᠠ》 ᠵᠢ ᠰᠠᠢ᠌ᠲᠤᠷ ᠲᠠᠯᠪᠢᠵᠤ ᠬᠠᠤᠯᠢᠵᠢᠯ᠎ᠤᠨ ᠵᠠᠰᠠᠭ᠎ᠤᠨ ᠣᠷᠳᠣᠨ᠎ᠤ ᠪᠠᠢ᠌ᠭᠤᠯᠤᠯᠲᠠ ᠵᠢᠨ ᠴᠢᠨᠠᠷ ᠰᠠᠢ᠌ᠲᠠᠢ ᠬᠥᠭᠵᠢᠯᠲᠡ᠎ᠳᠤ ᠡᠨ᠋ᠸᠷᠬᠢ ᠣᠯᠭᠣᠵᠠᠢ
ᠨᠡᠶ᠋ᠢᠲᠡᠯᠡᠭᠰᠡᠨ ᠴᠠᠭ᠄ 2025-03-23

      2024 ᠣᠨ᠎ᠠᠴᠠ  ᠨᠠᠭ᠋ᠠᠰᠢ᠂  ᠦᠬᠠᠢ ᠬᠣᠲᠠ 《ᠨᠢᠭᠡ ᠬᠥᠯᠭᠡ ᠰᠢᠲᠠᠷ᠎ᠠ》 ᠵᠢ ᠨᠢᠭᠡᠳᠦᠯᠲᠡᠢ ᠲᠥᠯᠥᠪᠯᠡᠬᠦ᠂ 《ᠣᠯᠠᠨ ᠲᠠᠯ᠎ᠠ》᠎ᠪᠠᠷ ᠬᠦᠴᠦᠯᠡᠬᠦ᠎ᠪᠠᠷ ᠳᠠᠮᠵᠢᠭᠤᠯᠤᠨ᠂  ᠬᠠᠤᠯᠢ ᠶᠣᠰᠣᠭ᠋ᠠᠷ ᠵᠠᠰᠠᠭ ᠶᠠᠪᠤᠭᠤᠯᠬᠤ ᠬᠢᠷᠢ ᠬᠡᠮᠵᠢᠶ᠎ᠡ᠎ᠪᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂  ᠦᠬᠠᠢ ᠬᠣᠲᠠ ᠵᠢᠨ ᠬᠠᠤᠯᠢᠵᠢᠯ᠎ᠤᠨ  ᠵᠠᠰᠠᠭ᠎ᠤᠨ ᠣᠷᠳᠣᠨ᠎ᠤ ᠪᠠᠢ᠌ᠭᠤᠯᠤᠯᠲᠠ ᠵᠢ ᠪᠥᠬᠥ ᠬᠦᠴᠦᠨ ᠵᠶ᠋ᠡᠷ ᠵᠶ᠋ᠡᠨ ᠲᠦᠯᠬᠢᠨ ᠠᠬᠢᠭᠤᠯᠵᠤ ᠰᠢᠨ᠎ᠡ ᠦᠷ᠎ᠡ ᠪᠦᠲᠦᠮᠵᠢ ᠣᠯᠪᠠ᠃ 

      《ᠨᠢᠭᠡᠳᠦᠯᠲᠡᠢ ᠲᠥᠯᠥᠪᠯᠡᠬᠦ》  ᠵᠢ ᠯᠠᠪᠳᠠᠭᠤᠨ ᠲᠠᠯᠪᠢᠵᠤ᠂  ᠬᠠᠤᠯᠢ᠎ᠪᠠᠷ ᠵᠠᠰᠠᠬᠤ ᠪᠠᠢ᠌ᠭᠤᠯᠤᠯᠲᠠ ᠵᠢᠨ ᠵᠢᠷᠤᠭ ᠲᠥᠯᠥᠪᠯᠡᠭᠡ ᠵᠢ  ᠵᠢᠷᠤᠭᠯᠠᠵᠠᠢ᠃  ᠬᠠᠤᠯᠢᠵᠢᠯ᠎ᠤᠨ  ᠵᠠᠰᠠᠭ᠎ᠤᠨ ᠣᠷᠳᠣᠨ᠎ᠤ ᠪᠠᠢ᠌ᠭᠤᠯᠤᠯᠲᠠ ᠵᠢᠨ ᠠᠵᠢᠯ᠎ᠢ ᠪᠦᠬᠦ ᠲᠠᠯ᠎ᠠ ᠵᠢᠨ ᠠᠵᠢᠯ᠎ᠳᠤ ᠣᠷᠣᠭᠤᠯᠵᠤ᠂  ᠬᠤᠳᠠ ᠵᠢᠨ ᠨᠠᠮ᠎ᠤᠨ ᠬᠣᠷᠢᠶᠠᠨ᠎ᠤ ᠪᠠᠢ᠌ᠩᠭᠤ ᠵᠢᠨ ᠬᠣᠷᠢᠶᠠᠨ᠎ᠤ ᠬᠤᠷᠠᠯ᠂  ᠬᠤᠳᠠ ᠵᠢᠨ ᠵᠠᠰᠠᠭ᠎ᠤᠨ ᠣᠷᠳᠣᠨ᠎ᠤ ᠪᠠᠢ᠌ᠩᠭᠤ ᠵᠢᠨ ᠬᠤᠷᠠᠯ᠂  ᠬᠤᠳᠠ ᠵᠢᠨ ᠨᠠᠮ᠎ᠤᠨ ᠬᠣᠷᠢᠶᠠᠨ᠎ᠤ ᠪᠦᠬᠦ ᠲᠠᠯ᠎ᠠ᠎ᠪᠠᠷ ᠬᠠᠤᠯᠢ᠎ᠪᠠᠷ ᠬᠤᠳᠠ ᠵᠢ ᠵᠠᠰᠠᠬᠤ ᠵᠥᠪᠯᠡᠯ᠎ᠤᠨ ᠭᠤᠷᠪᠠᠳᠤᠭ᠋ᠠᠷ ᠤᠳᠠᠭ᠋ᠠᠨ᠎ᠤ ᠬᠤᠷᠠᠯ ᠵᠢᠴᠢ ᠨᠠᠮ ᠵᠠᠰᠠᠭ᠎ᠤᠨ ᠭᠣᠣᠯ ᠬᠠᠷᠢᠭᠤᠴᠠᠯᠭ᠋ᠠᠲᠠᠨ᠎ᠤ ᠲᠤᠬᠠᠢ ᠵᠢᠨ ᠲᠠᠯᠠᠪᠤᠷ᠎ᠤᠨ ᠬᠠᠤᠯᠢ ᠵᠢ ᠲᠣᠭ᠋ᠠᠴᠢᠬᠤ ᠬᠤᠷᠠᠯ ᠵᠡᠷᠭᠡ ᠵᠢ ᠬᠤᠷᠠᠯᠳᠤᠭᠤᠯᠵᠤ᠂  ᠬᠠᠤᠯᠢᠵᠢᠯ᠎ᠤᠨ  ᠵᠠᠰᠠᠭ᠎ᠤᠨ ᠣᠷᠳᠣᠨ᠎ᠤ ᠪᠠᠢ᠌ᠭᠤᠯᠤᠯᠲᠠ ᠵᠢᠨ ᠬᠣᠯᠪᠣᠭᠳᠠᠯ 《ᠦᠬᠠᠢ ᠬᠣᠲᠠ ᠵᠢᠨ 2024 ᠣᠨ᠎ᠤ ᠬᠠᠤᠯᠢᠵᠢᠯ᠎ᠤᠨ  ᠵᠠᠰᠠᠭ᠎ᠤᠨ ᠣᠷᠳᠣᠨ᠎ᠤ ᠪᠠᠢ᠌ᠭᠤᠯᠤᠯᠲᠠ ᠵᠢᠨ ᠠᠵᠢᠯ᠎ᠤᠨ ᠲᠥᠯᠥᠪᠯᠡᠭᠡ》 ᠵᠢ ᠳᠠᠷᠤᠮᠠᠯᠯᠠᠨ ᠲᠠᠷᠬᠠᠭ᠋ᠠᠵᠤ᠂ 9 ᠲᠠᠯ᠎ᠠ ᠵᠢᠨ 31 ᠵᠦᠢ᠍ᠯ᠎ᠤᠨ ᠪᠣᠳᠠᠲᠠᠢ ᠡᠭᠦᠷᠭᠡ ᠵᠢ ᠲᠣᠳᠣᠷᠬᠠᠢ᠌ᠯᠠᠨ᠂  ᠬᠠᠷᠢᠭᠤᠴᠠᠯᠭ᠎ᠠ ᠵᠢᠨ ᠠᠵᠢᠯ᠎ᠤᠨ ᠬᠤᠪᠢᠶᠠᠷᠢᠯᠠᠯ᠎ᠢ ᠨᠠᠷᠢᠯᠢᠭᠵᠢᠭᠤᠯᠤᠨ᠂  ᠡᠭᠦᠷᠭᠡ᠎ᠪᠠᠨ ᠪᠡᠶᠡᠯᠡᠭᠦᠯᠦᠭᠰᠡᠨ ᠨᠣᠷᠮ᠎ᠠ ᠵᠢ 100%᠎ᠪᠠᠷ ᠪᠡᠶᠡᠯᠡᠭᠦᠯᠵᠦ᠂  ᠬᠠᠤᠯᠢᠵᠢᠯ᠎ᠤᠨ  ᠵᠠᠰᠠᠭ᠎ᠤᠨ ᠣᠷᠳᠣᠨ᠎ᠤ ᠪᠠᠢ᠌ᠭᠤᠯᠤᠯᠲᠠ ᠵᠢᠨ ᠠᠵᠢᠯ᠎ᠳᠤ ᠪᠣᠳᠠᠲᠠᠢ ᠵᠢ ᠡᠷᠬᠢᠮᠯᠡᠭᠰᠡᠨ ᠦᠷ᠎ᠡ ᠪᠦᠲᠦᠮᠵᠢ ᠣᠯᠬᠤ ᠵᠢ ᠬᠦᠴᠦᠯᠡᠨ ᠠᠬᠢᠭᠤᠯᠪᠠ᠃ 

      《ᠳᠦᠷᠢᠮ᠎ᠤᠨ ᠰᠢᠲᠠᠷ᠎ᠠ》 ᠵᠢ ᠪᠠᠢ᠌ᠷᠢᠰᠢᠭᠤᠯᠵᠤ᠂  ᠬᠠᠤᠯᠢ ᠶᠣᠰᠣᠭ᠋ᠠᠷ ᠵᠠᠰᠠᠭ ᠶᠠᠪᠤᠭᠤᠯᠬᠤ ᠰᠢᠢ᠍ᠳᠪᠦᠷᠢᠲᠦ ᠪᠣᠳᠣᠯᠭ᠎ᠠ ᠵᠢ  ᠴᠢᠩᠭ᠋ᠠᠳᠬᠠᠵᠠᠢ᠃  ᠴᠢᠬᠤᠯᠠ ᠶᠡᠬᠡ ᠵᠠᠰᠠᠭ ᠵᠠᠬᠢᠷᠭ᠋ᠠᠨ᠎ᠤ ᠰᠢᠢ᠍ᠳᠪᠦᠷᠢᠲᠦ ᠪᠣᠳᠣᠯᠭ᠎ᠠ ᠵᠢᠨ ᠬᠠᠤᠯᠢ᠎ᠪᠠᠷ ᠲᠣᠭᠲᠠᠭ᠋ᠠᠭᠰᠠᠨ ᠲᠠᠰ ᠳᠠᠷᠠᠭ᠋ᠠᠯᠠᠯ᠎ᠢ ᠴᠢᠩᠭ᠎ᠠ ᠬᠡᠷᠡᠭᠵᠢᠭᠦᠯᠵᠦ᠂ 《ᠦᠬᠠᠢ ᠬᠣᠲᠠ ᠵᠢᠨ ᠴᠢᠬᠤᠯᠠ ᠶᠡᠬᠡ ᠵᠠᠰᠠᠭ ᠵᠠᠬᠢᠷᠭ᠋ᠠᠨ᠎ᠤ ᠰᠢᠢ᠍ᠳᠪᠦᠷᠢᠲᠦ ᠪᠣᠳᠣᠯᠭ᠎ᠠ ᠵᠢᠨ ᠵᠦᠢ᠍ᠯᠡᠰ᠎ᠤᠨ ᠭᠠᠷᠴᠠᠭ᠎ᠢ ᠨᠠᠢ᠌ᠷᠠᠭᠤᠯᠤᠨ ᠵᠣᠬᠢᠶᠠᠬᠤ ᠵᠢᠯᠣᠭᠣᠳᠤᠮᠵᠢ》 《2024 ᠣᠨ᠎ᠤ ᠦᠬᠠᠢ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠎ᠤ ᠴᠢᠬᠤᠯᠠ ᠶᠡᠬᠡ ᠵᠠᠰᠠᠭ ᠵᠠᠬᠢᠷᠭ᠋ᠠᠨ᠎ᠤ ᠰᠢᠢ᠍ᠳᠪᠦᠷᠢᠲᠦ ᠪᠣᠳᠣᠯᠭ᠎ᠠ ᠵᠢᠨ ᠭᠠᠷᠴᠠᠭ》᠎ᠢ ᠲᠣᠭᠲᠠᠭ᠋ᠠᠵᠤ᠂ 3 ᠴᠢᠬᠤᠯᠠ ᠶᠡᠬᠡ ᠵᠠᠰᠠᠭ ᠵᠠᠬᠢᠷᠭ᠋ᠠᠨ᠎ᠤ ᠰᠢᠢ᠍ᠳᠪᠦᠷᠢᠲᠦ ᠪᠣᠳᠣᠯᠭ᠎ᠠ ᠵᠢ ᠨᠡᠢ᠌ᠲᠡᠯᠡᠪᠡ᠃ 《ᠦᠬᠠᠢ ᠬᠣᠲᠠ ᠵᠢᠨ ᠵᠠᠰᠠᠭ᠎ᠤᠨ ᠣᠷᠳᠣᠨ᠎ᠤ ᠭᠡᠷ᠎ᠡ ᠵᠢᠨ ᠬᠠᠮᠢᠶᠠᠷᠤᠯᠲᠠ ᠵᠢᠨ ᠠᠷᠭ᠎ᠠ (ᠲᠤᠷᠰᠢᠨ ᠬᠡᠷᠡᠭᠵᠢᠭᠦᠯᠬᠦ)》 ᠵᠢ ᠢᠳᠡᠪᠬᠢᠲᠡᠢ ᠨᠠᠢ᠌ᠳᠠᠪᠤᠷᠢᠵᠢᠭᠤᠯᠵᠤ᠂ 262 ᠬᠤᠪᠢ ᠵᠠᠰᠠᠭ᠎ᠤᠨ ᠣᠷᠳᠣᠨ᠎ᠤ ᠭᠡᠷ᠎ᠡ ᠵᠢ ᠬᠢᠨᠠᠨ ᠳᠡᠩᠰᠡᠯᠡᠵᠦ᠂ 1000 ᠭᠠᠷᠤᠢ ᠬᠠᠤᠯᠢ ᠴᠠᠭ᠋ᠠᠵᠠ ᠵᠢᠨ ᠲᠦᠭᠰᠢᠭᠦᠷᠢ ᠵᠢ ᠠᠷᠢᠯᠭ᠋ᠠᠵᠤ᠂  ᠠᠮᠠᠯᠠᠯᠲᠠ᠎ᠪᠠᠨ ᠪᠡᠶᠡᠯᠡᠭᠦᠯᠵᠦ ᠭᠡᠷ᠎ᠡ᠎ᠪᠠᠨ ᠭᠦᠢ᠍ᠴᠡᠳᠬᠡᠬᠦ ᠵᠢ ᠪᠦᠲᠦᠮᠵᠢᠲᠡᠶ ᠠᠬᠢᠭᠤᠯᠪᠠ᠃  ᠵᠠᠰᠠᠭ ᠵᠠᠬᠢᠷᠭ᠋ᠠᠨ᠎ᠤ ᠵᠢᠷᠤᠮᠵᠢᠯ᠎ᠤᠨ ᠴᠢᠨᠠᠷᠲᠠᠢ ᠪᠢᠴᠢᠭ ᠮᠠᠲ᠋ᠧᠷᠢᠶᠠᠯ᠎ᠢ 38 ᠬᠤᠪᠢ ᠬᠢᠨᠠᠨ ᠬᠠᠷᠭᠤᠭᠤᠯᠵᠤ᠂  ᠵᠠᠰᠠᠭ ᠵᠠᠬᠢᠷᠭ᠋ᠠᠨ᠎ᠤ ᠵᠢᠷᠤᠮᠵᠢᠯ᠎ᠤᠨ ᠴᠢᠨᠠᠷᠲᠠᠢ ᠪᠢᠴᠢᠭ ᠮᠠᠲ᠋ᠧᠷᠢᠶᠠᠯ᠎ᠢ ᠲᠤᠰᠬᠠᠢ ᠵᠦᠢ᠍ᠯ ᠵᠶ᠋ᠡᠷ ᠢᠯᠭ᠋ᠠᠷᠠᠭᠤᠯᠬᠤ ᠠᠵᠢᠯ᠎ᠢ 27 ᠤᠳᠠᠭ᠎ᠠ ᠥᠷᠨᠢᠭᠦᠯᠪᠡ᠃ 

      《ᠦᠢ᠍ᠯᠡᠴᠢᠯᠡᠭᠡᠨ᠎ᠤ ᠰᠢᠲᠠᠷ᠎ᠠ》 ᠵᠢ  ᠲᠠᠯᠪᠢᠵᠤ᠂  ᠬᠤᠳᠠᠯᠳᠤᠭ᠎ᠠ ᠡᠷᠬᠢᠯᠡᠬᠦ ᠥᠩ ᠰᠢᠮᠡᠯᠢᠭ ᠬᠥᠷᠥᠰᠥ ᠵᠢ   ᠵᠤᠵᠠᠭ᠋ᠠᠳᠬᠠᠵᠠᠢ᠃ 《ᠦᠬᠠᠢ ᠬᠣᠲᠠ ᠵᠢᠨ 2024 ᠣᠨ᠎ᠤ ᠬᠤᠳᠠᠯᠳᠤᠭ᠎ᠠ ᠡᠷᠭᠢᠯᠡᠬᠦ ᠣᠷᠴᠢᠨ ᠲᠣᠭᠣᠷᠢᠨ᠎ᠤ ᠶᠠᠰᠤ ᠴᠢᠨᠠᠷ᠎ᠢ ᠳᠡᠭᠡᠭᠰᠢᠯᠡᠭᠦᠯᠬᠦ ᠠᠵᠢᠯᠯᠠᠭ᠋ᠠᠨ᠎ᠤ ᠲᠥᠰᠥᠯ》᠎ᠢ ᠲᠣᠭᠲᠠᠭ᠋ᠠᠵᠤ᠂ 163 ᠵᠦᠢ᠍ᠯ᠎ᠤᠨ ᠪᠣᠳᠠᠲᠠᠢ ᠠᠷᠭ᠎ᠠ ᠬᠡᠮᠵᠢᠶ᠎ᠡ ᠵᠢ ᠲᠣᠳᠣᠷᠬᠠᠢ ᠲᠣᠭᠲᠠᠭ᠋ᠠᠵᠤ᠂  ᠡᠭᠦᠷᠭᠡ᠎ᠪᠠᠨ ᠪᠡᠶᠡᠯᠡᠭᠦᠯᠦᠭᠰᠡᠨ ᠨᠣᠷᠮ᠎ᠠ ᠵᠢ 100%᠎ᠪᠠᠷ ᠪᠡᠶᠡᠯᠡᠭᠦᠯᠪᠡ᠃ 《ᠰᠦᠯᠵᠢᠶᠡᠨ ᠳᠡᠭᠡᠷᠡᠬᠢ ᠡᠮᠴᠢᠯᠡᠭᠡᠨ᠎ᠤ ᠠᠪᠤᠷᠠᠨ ᠲᠤᠰᠠᠯᠠᠯᠲᠠ》  ᠪᠠ 《ᠵᠠᠮ᠎ᠢ ᠡᠪᠳᠡᠵᠦ ᠨᠣᠭᠣᠭ᠋ᠠᠷᠠᠭᠤᠯᠤᠯᠲᠠ ᠵᠢ ᠡᠪᠳᠡᠬᠦ》 2 ᠵᠦᠢ᠍ᠯ᠎ᠤᠨ ᠥᠪᠡᠷᠮᠢᠴᠡ ᠣᠨᠴᠠᠯᠢᠭ᠎ᠲᠠᠢ ᠨᠢᠭᠡ ᠶᠠᠪᠤᠳᠠᠯ᠎ᠢ ᠰᠢᠨ᠎ᠡ᠎ᠪᠠᠷ ᠡᠭᠦᠳᠦᠨ ᠨᠡᠢ᠌ᠲᠡᠯᠡᠵᠦ᠂  ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠳᠥᠭᠥᠮᠴᠢᠯᠡᠯᠲᠡ ᠵᠢᠨ ᠬᠢᠷᠢ ᠲᠦᠪᠰᠢᠨ᠎ᠢ ᠦᠨᠡᠨ ᠬᠦ᠌ ᠳᠡᠭᠡᠭᠰᠢᠯᠡᠭᠦᠯᠪᠡ᠃  ᠵᠠᠰᠠᠭ᠎ᠤᠨ ᠣᠷᠳᠣᠨ ᠠᠯᠲᠠᠨ ᠤᠯᠤᠰ ᠪᠠ ᠠᠵᠤ ᠠᠬᠤᠢ᠌ᠯᠠᠯ᠎ᠤᠨ ᠬᠠᠮᠲᠤᠷᠠᠯᠴᠠᠭ᠋ᠠᠨ᠎ᠤ ᠰᠢᠨ᠎ᠡ ᠵᠠᠭᠪᠤᠷ᠎ᠢ ᠡᠬᠢᠯᠡᠨ ᠬᠡᠷᠡᠭᠵᠢᠭᠦᠯᠵᠦ᠂  ᠤᠰᠤᠨ᠎ᠤ ᠠᠮᠢ ᠠᠬᠤᠢ ᠵᠢᠨ ᠪᠦᠲᠦᠭᠡᠭᠳᠡᠬᠦᠨ᠎ᠤ ᠥᠷᠲᠡᠭ᠎ᠢ ᠬᠡᠮᠵᠢᠶᠡᠵᠢᠭᠦᠯᠵᠦ᠂  ᠪᠡᠯᠡᠨ ᠵᠣᠭᠣᠰ ᠪᠣᠯᠭ᠋ᠠᠵᠤ ᠪᠣᠯᠬᠤ ᠵᠢ  ᠪᠡᠶᠡᠯᠡᠭᠦᠯᠵᠡᠢ᠃  ᠪᠦᠬᠦ ᠣᠷᠣᠨ᠎ᠤ ᠠᠩᠬᠠᠳᠠᠭᠴᠢ ᠠᠵᠤ ᠠᠬᠤᠢ᠌ᠯᠠᠯ᠎ᠳᠤ ᠬᠣᠯᠪᠣᠭᠳᠠᠭᠰᠠᠨ ᠢᠷᠭᠡᠨ᠎ᠤ ᠪᠠ ᠬᠤᠳᠠᠯᠳᠤᠭ᠋ᠠᠨ᠎ᠤ ᠶᠠᠪᠤᠳᠠᠯ᠎ᠤᠨ ᠲᠤᠰᠬᠠᠢ᠌ᠵᠢᠭᠰᠠᠨ ᠰᠢᠭᠦᠬᠦ ᠲᠢᠩᠬᠢᠮ᠎ᠢ ᠪᠠᠢ᠌ᠭᠤᠯᠵᠤ᠂  ᠬᠡᠷᠡᠭ᠎ᠤᠨ ᠰᠢᠭᠦᠯᠲᠡ ᠵᠢᠨ ᠦᠶᠡᠯᠡᠯ᠎ᠤᠨ ᠬᠤᠭᠤᠴᠠᠭ᠎ᠠ ᠵᠢ ᠳᠤᠮᠳᠠᠴᠢ᠎ᠪᠠᠷ 5 ᠡᠳᠦᠷ ᠪᠣᠭᠣᠨᠢᠰᠬᠠᠪᠠ᠃  ᠥᠪᠡᠷᠲᠡᠭᠡᠨ ᠵᠠᠰᠠᠬᠤ ᠣᠷᠣᠨ᠎ᠳᠤ ᠡᠩ ᠲᠡᠷᠢᠭᠦᠨ᠎ᠳᠤ 《ᠦᠬᠠᠢ ᠬᠣᠲᠠ ᠵᠢᠨ ᠠᠵᠤ ᠠᠬᠤᠢ᠌ᠯᠠᠯ᠎ᠤᠨ ᠣᠯᠠᠨ ᠨᠡᠶ᠋ᠢᠲᠡ ᠵᠢᠨ ᠢᠲᠡᠭᠡᠮᠵᠢ ᠵᠢᠨ ᠶᠡᠷᠦᠩᠬᠡᠢ᠌ᠯᠡᠭᠰᠡᠨ ᠦᠨᠡᠯᠡᠯᠲᠡ ᠵᠢᠨ ᠬᠡᠷᠡᠭᠵᠢᠭᠦᠯᠬᠦ ᠲᠥᠰᠥᠯ (ᠲᠤᠷᠰᠢᠨ ᠬᠡᠷᠡᠭᠵᠢᠭᠦᠯᠬᠦ)》᠎ᠢ ᠨᠡᠢ᠌ᠲᠡᠯᠡᠵᠦ᠂ 6 ᠲᠦᠮᠡ ᠭᠠᠷᠤᠢ ᠵᠠᠬ᠎ᠠ ᠳᠡᠯᠭᠡᠭᠦᠷ᠎ᠤᠨ ᠭᠣᠣᠯ ᠴᠣᠭᠴᠠ᠎ᠳᠤ ᠣᠯᠠᠨ ᠨᠡᠶ᠋ᠢᠲᠡ ᠵᠢᠨ ᠢᠲᠡᠭᠡᠮᠵᠢ ᠵᠢᠨ ᠶᠡᠷᠦᠩᠬᠡᠢ᠌ᠯᠡᠭᠰᠡᠨ ᠦᠨᠡᠯᠡᠯᠲᠡ ᠬᠢᠵᠦ᠂  ᠠᠵᠤ ᠠᠬᠤᠢ᠌ᠯᠠᠯ᠎ᠤᠨ ᠡᠵᠡᠩᠨᠡᠯᠲᠡ ᠵᠢᠨ ᠠᠵᠢᠯᠯᠠᠭ᠎ᠠ ᠵᠢ ᠪᠦᠲᠦᠮᠵᠢᠲᠡᠶ  ᠵᠢᠷᠤᠮᠵᠢᠭᠤᠯᠵᠠᠢ᠃ 

      《ᠳᠦᠷᠢᠮᠵᠢᠭᠰᠡᠨ ᠰᠢᠲᠠᠷ᠎ᠠ》  ᠵᠢ ᠬᠡᠷᠡᠭᠯᠡᠵᠦ᠂  ᠲᠥᠪ ᠭᠣᠥᠯᠴᠢ᠎ᠪᠠᠷ ᠬᠠᠤᠯᠢ ᠬᠡᠷᠡᠭᠵᠢᠭᠦᠯᠬᠦ ᠵᠢᠨ ᠰᠠᠭᠤᠷᠢ ᠵᠢ  ᠪᠡᠬᠢᠵᠢᠭᠦᠯᠵᠡᠢ᠃  ᠵᠠᠰᠠᠭ ᠵᠠᠬᠢᠷᠭ᠋ᠠᠨ᠎ᠤ ᠳᠠᠬᠢᠨ ᠵᠥᠪᠯᠡᠵᠦ ᠵᠠᠰᠠᠭ ᠵᠠᠬᠢᠷᠭ᠋ᠠᠨ᠎ᠤ ᠮᠠᠷᠭᠤᠯᠳᠤᠭ᠋ᠠᠨ᠎ᠢ ᠨᠠᠮᠳᠠᠭᠤᠯᠬᠤ 《ᠭᠣᠣᠯ ᠠᠷᠭ᠎ᠠ ᠵᠠᠮ》᠎ᠤᠨ ᠦᠢ᠍ᠯᠡᠳᠦᠯ᠎ᠢ ᠭᠦᠢ᠍ᠴᠡᠳ ᠪᠠᠳᠠᠷᠠᠭᠤᠯᠵᠤ᠂  ᠪᠥᠬᠥ ᠬᠣᠲᠠ ᠵᠢᠨ ᠭᠥᠯᠢᠶᠡᠨ ᠠᠪᠴᠤ ᠰᠢᠢ᠍ᠳᠪᠦᠷᠢᠯᠡᠭᠰᠡᠨ ᠵᠠᠰᠠᠭ ᠵᠠᠬᠢᠷᠭ᠋ᠠᠨ᠎ᠤ ᠳᠠᠬᠢᠨ ᠵᠥᠪᠯᠡᠬᠦ ᠬᠡᠷᠡᠭ᠎ᠢ ᠬᠠᠤᠯᠢ᠎ᠪᠠᠷ ᠲᠣᠭᠲᠠᠭ᠋ᠠᠭᠰᠠᠨ ᠴᠠᠭ ᠬᠤᠭᠤᠴᠠᠭ᠋ᠠᠨ᠎ᠳᠤ ᠰᠢᠢ᠍ᠳᠪᠦᠷᠢᠯᠡᠵᠦ ᠳᠠᠭᠤᠰᠬᠠᠭᠰᠠᠨ ᠨᠣᠷᠮ᠎ᠠ ᠵᠢ 100%᠎ᠳᠤ   ᠬᠦᠷᠦᠭᠦᠯᠵᠡᠢ᠃ 《ᠬᠣᠶᠠᠷ ᠵᠠᠬᠢᠳᠠᠯ ᠵᠶ᠋ᠠᠷ ᠨᠢᠭᠡ ᠵᠢ ᠵᠠᠷᠯᠠᠨ ᠮᠡᠳᠡᠭᠳᠡᠬᠦ》  ᠳᠦᠷᠢᠮ᠎ᠢ ᠪᠠᠢ᠌ᠭᠤᠯᠵᠤ᠂  ᠵᠠᠰᠠᠭ ᠵᠠᠬᠢᠷᠭ᠋ᠠᠨ᠎ᠤ ᠪᠠᠢ᠌ᠭᠤᠯᠭ᠎ᠠ ᠵᠢᠨ ᠬᠠᠷᠢᠭᠤᠴᠠᠯᠭ᠋ᠠᠲᠠᠨ᠎ᠤ ᠰᠢᠭᠦᠯᠲᠡ᠎ᠳᠤ ᠣᠷᠣᠯᠴᠠᠨ ᠵᠠᠷᠭᠤ ᠬᠦᠯᠢᠶᠡᠭᠰᠡᠨ ᠨᠤᠷᠮ᠎ᠠ ᠵᠢ 100%᠎ᠳᠤ ᠬᠦᠷᠭᠡᠪᠡ᠃  ᠥᠪᠡᠷᠲᠡᠭᠡᠨ ᠵᠠᠰᠠᠬᠤ ᠣᠷᠣᠨ᠎ᠤ ᠠᠩᠬᠠᠳᠠᠭᠴᠢ ᠵᠥᠭᠡᠯᠡᠨ ᠴᠢᠨᠠᠷᠲᠠᠢ ᠬᠠᠤᠯᠢ ᠬᠡᠷᠡᠭᠵᠢᠭᠦᠯᠦᠯᠲᠡ ᠵᠢ ᠰᠢᠰᠲ᠋ᠧᠮ᠎ᠲᠠᠢ ᠵᠢᠯᠤᠭᠣᠳᠬᠤ ᠠᠵᠢᠯ᠎ᠤᠨ ᠵᠦᠭᠯᠡᠭᠦᠷ 《ᠦᠬᠠᠢ ᠬᠣᠲᠠ ᠵᠢᠨ ᠦᠢ᠍ᠯᠡᠴᠢᠯᠡᠭᠡᠨ᠎ᠤ ᠬᠡᠯᠪᠡᠷᠢ ᠵᠢᠨ ᠬᠠᠤᠯᠢ ᠬᠡᠷᠡᠭᠵᠢᠭᠦᠯᠬᠦ ᠠᠵᠢᠯ᠎ᠤᠨ ᠵᠢᠯᠣᠭᠣᠳᠤᠮᠵᠢ》 ᠵᠢ ᠲᠣᠭᠲᠠᠭ᠋ᠠᠨ ᠲᠠᠷᠬᠠᠭ᠋ᠠᠵᠤ᠂  ᠪᠥᠬᠥ ᠬᠣᠲᠠ ᠵᠢᠨ 1044 ᠵᠦᠢ᠍ᠯ᠎ᠤᠨ

《ᠲᠣᠷᠭ᠋ᠠᠭᠤᠯᠢ᠎ᠠᠴᠠ ᠬᠡᠯᠲᠦᠷᠢᠭᠦᠯᠬᠦ》 《ᠬᠥᠩᠭᠡᠨ ᠲᠣᠷᠭ᠋ᠠᠬᠤ》  ᠵᠦᠢ᠍ᠯᠡᠰ᠎ᠤᠨ ᠨᠠᠷᠢᠨ ᠲᠠᠩᠰᠠ ᠵᠢ ᠪᠣᠶ ᠪᠣᠯᠭ᠋ᠠᠵᠤ᠂  ᠬᠠᠤᠯᠢ ᠬᠡᠷᠡᠭᠵᠢᠭᠦᠯᠦᠯᠲᠡ ᠵᠢ ᠨᠠᠩ ᠳᠤᠯᠠᠭ᠋ᠠᠬᠠᠨ ᠪᠣᠯᠭ᠋ᠠᠪᠠ᠃ 《ᠺᠦᠨᠯᠦ᠋ᠨ 2024》᠂ 《ᠬᠠᠲᠤᠨ ᠭᠣᠣᠯ᠎ᠢ ᠬᠠᠮᠠᠭ᠋ᠠᠯᠠᠬᠤ》᠂ 《ᠨᠡᠭᠦᠳᠡᠯ᠎ᠤᠨ ᠰᠢᠪᠠᠭᠤ ᠵᠢ ᠬᠠᠮᠠᠭ᠋ᠠᠯᠠᠬᠤ ᠬᠠᠪᠤᠷ᠎ᠤᠨ ᠤᠯᠠᠷᠢᠯ᠎ᠤᠨ ᠠᠵᠢᠯᠯᠠᠭ᠎ᠠ》  ᠵᠡᠷᠭᠡ ᠭᠣᠣᠯᠳᠠᠯᠭ᠎ᠠ᠎ᠲᠠᠢ ᠬᠦᠷᠢᠶᠡᠨ᠎ᠳᠠᠬᠢ ᠬᠠᠤᠯᠢ ᠬᠡᠷᠡᠭᠵᠢᠭᠦᠯᠬᠦ ᠲᠤᠰᠬᠠᠢ ᠠᠵᠢᠯᠯᠠᠭ᠎ᠠ ᠵᠢ ᠭᠦᠨᠵᠡᠭᠡᠢ ᠥᠷᠨᠢᠭᠦᠯᠵᠦ᠂  ᠣᠯᠠᠨ ᠲᠦᠮᠡᠨ᠎ᠤ ᠠᠮᠤᠷ ᠲᠦᠪᠰᠢᠨ᠎ᠤ ᠲᠥᠷᠥᠭᠳᠡᠯ᠎ᠢ ᠦᠨᠡᠨᠬᠦ  ᠳᠡᠭᠡᠭᠰᠢᠯᠡᠭᠦᠯᠵᠡᠢ᠃ 

      《ᠲᠠᠨᠢᠨ ᠮᠡᠳᠡᠬᠦᠢ ᠵᠢᠨ ᠰᠢᠲᠠᠷ᠎ᠠ》 ᠵᠢ ᠠᠮᠢᠳᠤᠯᠢᠭ ᠵᠶ᠋ᠠᠷ ᠲᠠᠯᠪᠢᠵᠤ᠂  ᠬᠠᠤᠯᠢᠵᠢᠯ᠎ᠤᠨ ᠰᠡᠳᠬᠢᠬᠦᠢ ᠵᠢᠨ ᠳᠣᠲᠣᠭ᠋ᠠᠳᠤ ᠴᠥᠮ᠎ᠡ ᠵᠢ ᠳᠠᠪᠲᠠᠨ  ᠪᠣᠯᠪᠠᠰᠤᠷᠠᠭᠤᠯᠵᠠᠢ᠃ 《ᠵᠠᠩᠭᠢᠯᠠᠭ᠎ᠠ ᠵᠢᠨ ᠴᠥᠭᠡᠨ ᠲᠣᠭ᠋ᠠᠲᠠᠨ》᠎ᠤ ᠬᠠᠤᠯᠢᠵᠢᠯ᠎ᠤᠨ ᠤᠬᠠᠮᠰᠠᠷ᠎ᠢ ᠰᠠᠢ᠌ᠲᠤᠷ ᠠᠳᠬᠤᠵᠤ ᠪᠣᠳᠠᠲᠠᠢ ᠠᠳᠬᠤᠵᠤ᠂  ᠰᠢ ᠵᠢᠨ ᠫᠢᠩ᠎ᠤᠨ  ᠬᠠᠤᠯᠢᠵᠢᠯ᠎ᠤᠨ ᠦᠵᠡᠯ ᠰᠠᠨᠠᠭ᠎ᠠ ᠵᠢ ᠨᠢᠭᠡᠨᠲᠡ ᠡᠯ᠎ᠡ ᠱᠠᠲᠤᠨ᠎ᠤ ᠨᠠᠮ᠎ᠤᠨ ᠬᠣᠷᠢᠶ᠎ᠠ (ᠨᠠᠮ᠎ᠤᠨ ᠤᠳᠤᠷᠢᠳᠬᠤ ᠳᠤᠭᠤᠢ᠌ᠯᠠᠩ)  ᠵᠢᠨ ᠤᠨᠤᠯ ᠰᠤᠷᠤᠯᠴᠠᠬᠤ ᠭᠣᠣᠯ ᠳᠤᠭᠤᠢ᠌ᠯᠠᠩ᠎ᠤᠨ ᠣᠨ᠎ᠤ ᠰᠤᠷᠤᠯᠴᠠᠯᠭ᠎ᠠ ᠵᠢᠨ ᠭᠣᠣᠯᠳᠠᠯᠭ᠎ᠠ᠎ᠲᠠᠢ ᠠᠭᠤᠯᠭ᠎ᠠ᠎ᠳᠤ ᠣᠷᠣᠭᠤᠯᠵᠤ᠂  ᠲᠤᠰᠬᠠᠢ ᠰᠡᠳᠦᠪ ᠵᠶ᠋ᠡᠷ ᠬᠢᠴᠢᠶᠡᠯ ᠵᠢᠭ᠋ᠠᠬᠤ ᠵᠢ 36 ᠲᠠᠯᠠᠪᠤᠷ ᠥᠷᠨᠢᠭᠦᠯᠵᠦ᠂ 2200 ᠭᠠᠷᠤᠢ ᠬᠥᠮᠥᠨ᠎ᠢ ᠬᠦᠯᠢᠶᠡᠨ ᠠᠪᠴᠠᠢ᠃  ᠤᠯᠠᠨ ᠲᠦᠮᠡᠨ᠎ᠤ ᠤᠬᠠᠮᠰᠠᠷ᠎ᠠᠴᠠ᠎ᠪᠠᠨ ᠬᠠᠤᠯᠢ ᠵᠢ ᠰᠠᠬᠢᠬᠤ᠂  ᠤᠴᠢᠷ ᠶᠠᠪᠤᠳᠠᠯ ᠲᠣᠬᠢᠶᠠᠯᠳᠤᠪᠠᠯ ᠬᠠᠤᠯᠢ ᠵᠢ ᠡᠷᠢᠬᠦ ᠵᠢ ᠬᠥᠲᠥᠯᠥᠨ ᠵᠢᠯᠤᠭᠣᠳᠴᠤ᠂ 《ᠬᠠᠤᠯᠢ ᠲᠦᠭᠡᠮᠡᠯᠵᠢᠭᠦᠯᠬᠦ ᠡᠷᠲᠡ ᠵᠢᠨ ᠵᠠᠬ᠎ᠠ ᠳᠡᠯᠭᠡᠭᠦᠷ》  ᠵᠡᠷᠭᠡ ᠨᠢᠭᠡ ᠪᠦᠯᠦᠭ ᠬᠠᠤᠯᠢ ᠲᠦᠭᠡᠮᠡᠯᠵᠢᠭᠦᠯᠬᠦ ᠣᠨᠴᠠᠯᠢᠭᠲᠤ   ᠨᠡᠷᠡᠲᠦ ᠲᠦᠷᠦᠯ  ᠲᠡᠮᠳᠡᠭᠲᠦ ᠵᠢ ᠪᠤᠢ ᠪᠣᠯᠭ᠋ᠠᠵᠤ᠂ 《ᠬᠠᠤᠯᠢᠵᠢᠯ᠎ᠤᠨ ᠰᠣᠶᠣᠯ᠎ᠤᠨ ᠦᠨᠳᠦᠰᠦᠨ ᠱᠠᠲᠤᠨ᠎ᠤ ᠠᠶᠠᠯᠠᠯ》  ᠪᠠ 《ᠬᠣᠣᠰ ᠵᠠᠭᠤᠨ》  ᠵᠡᠷᠭᠡ ᠬᠠᠤᠯᠢ  ᠲᠦᠭᠡᠮᠡᠯᠵᠢᠭᠦᠯᠬᠦ ᠤᠬᠠᠭᠤᠯᠭ᠎ᠠ ᠵᠢ 574 ᠲᠠᠯᠠᠪᠤᠷ ᠥᠷᠨᠢᠭᠦᠯᠵᠦ᠂  ᠬᠦᠯᠢᠶᠡᠨ ᠠᠪᠤᠭᠴᠢᠳ᠎ᠤᠨ ᠲᠣᠭ᠎ᠠ 10 ᠲᠦᠮᠡ ᠰᠢᠬᠠᠮ ᠬᠥᠮᠥᠨ ᠤᠳᠠᠭ᠎ᠠ᠎ᠳᠤ ᠬᠦᠷᠴᠦ᠂  ᠦᠨᠳᠦᠰᠦᠨ ᠱᠠᠲᠤᠨ᠎ᠤ ᠬᠠᠤᠯᠢ᠎ᠪᠠᠷ ᠵᠠᠰᠠᠬᠤ ᠪᠠᠢ᠌ᠭᠤᠯᠤᠯᠲᠠ᠎ᠳᠤ ᠬᠦᠴᠦᠷᠬᠡᠭ ᠶᠡᠬᠡ ᠬᠥᠳᠡᠯᠭᠡᠬᠦ ᠬᠦᠴᠦᠨ ᠨᠡᠮᠡᠷᠢᠯᠡᠪᠡ᠃  ᠪᠦᠬᠦ ᠤᠯᠤᠰ᠎ᠤᠨ《ᠨᠠᠢ᠍ᠮᠠᠳᠤᠭ᠋ᠠᠷ ᠲᠠᠪᠤᠨ ᠵᠢᠯ》᠎ᠤᠨ ᠬᠠᠤᠯᠢ ᠲᠦᠭᠡᠮᠡᠯᠵᠢᠭᠦᠯᠬᠦ ᠳᠤᠮᠳᠠ ᠬᠤᠭᠤᠴᠠᠭ᠋ᠠᠨ᠎ᠤ ᠠᠵᠢᠯ᠎ᠤᠨ ᠳᠤᠮᠳᠠ᠂  ᠦᠬᠠᠢ ᠬᠤᠲᠠ ᠵᠢᠨ 2 ᠨᠢᠭᠡᠴᠡ᠂ 1 ᠬᠤᠪᠢ ᠬᠥᠮᠥᠨ᠎ᠢ ᠬᠠᠤᠯᠢ ᠴᠠᠭ᠋ᠠᠵᠠ ᠵᠢᠨ ᠶᠠᠮᠤᠨ᠂  ᠪᠦᠬᠦ ᠤᠯᠤᠰ᠎ᠤᠨ ᠬᠠᠤᠯᠢ ᠴᠠᠭ᠋ᠠᠵᠠ ᠵᠢᠨ ᠮᠡᠳᠡᠯᠭᠡ ᠵᠢ ᠲᠦᠭᠡᠮᠡᠯᠵᠢᠭᠦᠯᠬᠦ ᠠᠵᠢᠯ᠎ᠤᠨ ᠠᠯᠪᠠᠨ ᠭᠡᠷ᠎ᠠᠴᠠ ᠵᠠᠷᠯᠠᠨ ᠰᠠᠢ᠌ᠰᠢᠶᠠᠪᠠ᠃

ᠢᠷᠡᠯᠲᠡ᠄ᠦᠪᠦᠷ ᠮᠤᠩᠭᠤᠯ᠎ᠤᠨ ᠦᠪᠡᠷᠲᠡᠭᠡᠨ ᠵᠠᠰᠠᠬᠤ ᠤᠷᠤᠨ᠎ᠤ ᠬᠠᠤᠯᠢ ᠴᠠᠭ᠋ᠠᠵᠠ ᠵᠢᠨ ᠲᠢᠩᠬᠢᠮ
          
ᠬᠠᠮᠢᠶ᠎ᠡ ᠪᠦᠬᠦᠢ ᠰᠣᠨᠢᠨ
 
            