ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠬᠠᠣᠯᠢ᠎ᠪᠠᠷ ᠵᠠᠰᠠᠬᠤ
ᠦᠢᠯᠡᠴᠢᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠬᠠᠣᠯᠢ᠎ᠪᠠᠷ ᠵᠠᠰᠠᠬᠤ   -   ᠬᠠᠣᠯᠢ᠎ᠪᠠᠷ ᠵᠠᠰᠠᠬᠤ ᠦᠪᠦᠷ ᠮᠣᠩᠭᠤᠯ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 2024 ᠣᠨ᠎ᠤ ᠬᠠᠤᠯᠢᠵᠢᠯ᠎ᠤᠨ ᠵᠠᠰᠠᠭ᠎ᠤᠨ ᠣᠷᠳᠣᠨ᠎ᠤ ᠪᠠᠢ᠌ᠭᠤᠯᠤᠯᠲᠠ ᠵᠢᠨ ᠪᠠᠢ᠌ᠳᠠᠯ᠎ᠤᠨ ᠲᠤᠬᠠᠢ ᠮᠡᠳᠡᠭᠦᠯᠦᠯᠲᠡ
ᠨᠡᠶ᠋ᠢᠲᠡᠯᠡᠭᠰᠡᠨ ᠴᠠᠭ᠄ 2025-03-12

      2024 ᠣᠨ᠎ᠳᠤ᠂  ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠤᠭᠤᠳᠤᠯᠭ᠎ᠠ ᠪᠤᠯᠭ᠋ᠠᠨ᠂  ᠨᠠᠮ᠎ᠤᠨ ᠬᠣᠷᠢᠳᠤᠭ᠋ᠠᠷ ᠶᠡᠬᠡ ᠬᠤᠷᠠᠯ ᠪᠣᠯᠣᠨ ᠬᠣᠷᠢᠳᠤᠭ᠋ᠠᠷ ᠬᠤᠭᠤᠴᠠᠭ᠋ᠠᠨ᠎ᠤ ᠲᠥᠪ ᠬᠣᠷᠢᠶᠠᠨ᠎ᠤ ᠬᠣᠶᠠᠳᠤᠭ᠋ᠠᠷ᠂  ᠲᠥᠪ ᠬᠣᠷᠢᠶᠠᠨ᠎ᠤ ᠭᠤᠷᠪᠠᠳᠤᠭ᠋ᠠᠷ ᠪᠦᠭᠦᠳᠡ ᠬᠤᠷᠠᠯ᠎ᠤᠨ ᠵᠣᠷᠢᠭ ᠰᠠᠨᠠᠭ᠎ᠠ ᠵᠢ ᠪᠦᠬᠦ ᠲᠠᠯ᠎ᠠ᠎ᠪᠠᠷ  ᠲᠤᠭᠤᠰᠢᠯᠠᠭᠤᠯᠵᠤ᠂  ᠰᠢ ᠵᠢᠨ ᠫᠢᠩ᠎ᠤᠨ  ᠬᠠᠤᠯᠢᠵᠢᠯ᠎ᠤᠨ ᠦᠵᠡᠯ ᠰᠠᠨᠠᠭ᠎ᠠ ᠪᠣᠯᠣᠨ ᠶᠡᠷᠦᠩᠬᠡᠢ ᠱᠦᠵᠢ

ᠰᠢ ᠵᠢᠨ ᠫᠢᠩ᠎ᠤᠨ  ᠥᠪᠥᠷ ᠮᠣᠩᠭᠣᠯ᠎ᠳᠤ  ᠲᠠᠯᠪᠢᠭᠰᠠᠨ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠭᠦᠨᠵᠡᠭᠡᠢ  ᠲᠤᠭᠤᠰᠢᠯᠠᠭᠤᠯᠵᠤ᠂  ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠦᠵᠡᠯ ᠤᠬᠠᠮᠰᠠᠷ᠎ᠢ ᠪᠤᠢ ᠪᠣᠯᠭ᠋ᠠᠬᠤ ᠠᠵᠢᠯ ᠎ᠤᠨ ᠭᠣᠣᠯ ᠰᠢᠵᠢᠮ᠎ᠲᠠᠢ ᠨᠢᠭᠲᠠ ᠤᠶᠠᠯᠳᠤᠭᠤᠯᠤᠨ᠂  ᠬᠠᠤᠯᠢ᠎ᠪᠠᠷ ᠵᠠᠰᠠᠬᠤ ᠪᠠᠢ᠌ᠭᠤᠯᠤᠯᠲᠠ ᠵᠢᠨ 《ᠨᠢᠭᠡ ᠲᠥᠯᠦᠪᠵᠢᠭᠦᠯᠭᠡ ᠬᠣᠶᠠᠷ ᠬᠥᠲᠥᠯᠪᠦᠷᠢ》 ᠵᠢ ᠪᠥᠬᠥ ᠲᠠᠯ᠎ᠠ᠎ᠪᠠᠷ ᠨᠠᠢ᠌ᠳᠠᠪᠤᠷᠢᠵᠢᠭᠤᠯᠤᠨ᠂ ᠬᠠᠤᠯᠢᠵᠢᠯ᠎ᠤᠨ  ᠵᠠᠰᠠᠭ᠎ᠤᠨ ᠣᠷᠳᠣᠨ᠎ᠤ ᠪᠠᠢ᠌ᠭᠤᠯᠤᠯᠲᠠ ᠵᠢᠨ ᠡᠯ᠎ᠡ ᠵᠦᠢ᠍ᠯ᠎ᠤᠨ ᠠᠵᠢᠯ᠎ᠤᠨ ᠰᠢᠨ᠎ᠡ ᠦᠷ᠎ᠡ ᠪᠦᠲᠦᠮᠵᠢ ᠣᠯᠬᠤ ᠵᠢ ᠲᠦᠯᠬᠢᠨ ᠠᠬᠢᠭᠤᠯᠵᠠᠢ᠃ 

      ᠨᠢᠭᠡ᠂  ᠬᠠᠤᠯᠢ᠎ᠪᠠᠷ ᠵᠠᠰᠠᠬᠤ ᠵᠠᠰᠠᠭ᠎ᠤᠨ ᠣᠷᠳᠣᠨ᠎ᠤ ᠪᠠᠢ᠌ᠭᠤᠯᠤᠯᠲᠠ᠎ᠳᠠᠬᠢ ᠨᠠᠮ᠎ᠤᠨ ᠪᠦᠬᠦ ᠲᠠᠯ᠎ᠠ ᠵᠢᠨ ᠤᠳᠤᠷᠢᠳᠤᠯᠭ᠎ᠠ ᠵᠢ ᠦᠨᠡᠨ ᠬᠦ᠌  ᠪᠠᠷᠢᠮᠲᠠᠯᠠᠵᠠᠢ᠃  ᠬᠠᠤᠯᠢᠵᠢᠯ᠎ᠤᠨ ᠵᠠᠰᠠᠭ᠎ᠤᠨ ᠣᠷᠳᠣᠨ᠎ᠤ ᠪᠠᠢ᠌ᠭᠤᠯᠤᠯᠲᠠ ᠵᠢ ᠠᠵᠢᠯ᠎ᠤᠨ ᠪᠦᠬᠦ ᠲᠠᠯ᠎ᠠ ᠵᠢᠨ ᠲᠣᠪᠣᠢ᠌ᠮ᠎ᠠ ᠪᠠᠢ᠌ᠷᠢᠨ᠎ᠳᠤ ᠲᠠᠯᠪᠢᠬᠤ ᠵᠢ ᠪᠠᠷᠢᠮᠲᠠᠯᠠᠵᠤ᠂  ᠳᠦᠷᠢᠮ᠎ᠤᠨ ᠲᠣᠭᠲᠠᠴᠠ ᠵᠢ ᠲᠡᠭᠦᠯᠳᠡᠷᠵᠢᠭᠦᠯᠵᠦ᠂  ᠬᠠᠷᠢᠭᠤᠴᠠᠯᠭ᠎ᠠ ᠵᠢᠨ ᠨᠠᠢ᠌ᠳᠠᠪᠤᠷᠢᠵᠢᠭᠤᠯᠤᠯᠲᠠ ᠵᠢ ᠴᠢᠩᠭ᠋ᠠᠳᠬᠠᠵᠤ᠂  ᠡᠯ᠎ᠡ ᠵᠦᠢ᠍ᠯ᠎ᠤᠨ ᠠᠵᠢᠯ᠎ᠤᠨ ᠬᠦᠴᠦᠲᠡᠢ ᠪᠦᠲᠦᠮᠵᠢᠲᠡᠢ ᠯᠠᠪᠳᠠᠭᠤᠨ ᠪᠠᠲᠤᠲᠠᠢ ᠥᠷᠨᠢᠬᠦ ᠵᠢ ᠠᠬᠢᠭᠤᠯᠵᠠᠢ᠃  ᠨᠢᠭᠡ᠎ᠳᠤ ᠵᠣᠬᠢᠶᠠᠨ ᠪᠠᠢ᠌ᠭᠤᠯᠵᠤ ᠤᠳᠤᠷᠢᠳᠬᠤ᠎ᠪᠠᠨ  ᠴᠢᠩᠭ᠋ᠠᠳᠬᠠᠵᠠᠢ᠃  ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠪᠠᠢ᠌ᠩᠭᠤ ᠵᠢᠨ ᠬᠣᠷᠢᠶ᠎ᠠ ᠵᠢᠨ ᠬᠤᠷᠠᠯ᠂  ᠨᠠᠮ᠎ᠤᠨ ᠬᠣᠷᠢᠶ᠎ᠠ ᠵᠢᠨ ᠪᠦᠬᠦ ᠲᠠᠯ᠎ᠠ᠎ᠪᠠᠷ ᠬᠠᠤᠯᠢ᠎ᠪᠠᠷ ᠣᠷᠣᠨ ᠵᠶ᠋ᠠᠨ ᠵᠠᠰᠠᠬᠤ ᠬᠣᠷᠢᠶ᠎ᠠ ᠵᠢᠨ ᠬᠤᠷᠠᠯ᠂  ᠬᠠᠤᠯᠢᠵᠢᠯ᠎ᠤᠨ ᠵᠠᠰᠠᠭ᠎ᠤᠨ ᠣᠷᠳᠣᠨ᠎ᠤ ᠪᠠᠢ᠌ᠭᠤᠯᠤᠯᠲᠠ ᠵᠢᠨ ᠠᠵᠢᠯ᠎ᠤᠨ ᠬᠤᠷᠠᠯ᠎ᠠᠴᠠ  ᠬᠠᠤᠯᠢᠵᠢᠯ᠎ᠤᠨ  ᠵᠠᠰᠠᠭ᠎ᠤᠨ ᠣᠷᠳᠣᠨ᠎ᠤ ᠪᠠᠢ᠌ᠭᠤᠯᠤᠯᠲᠠ ᠵᠢᠨ ᠭᠣᠣᠯᠳᠠᠯᠭ᠎ᠠ᠎ᠲᠠᠢ  ᠡᠭᠦᠷᠭᠡ ᠵᠢ ᠰᠤᠳᠤᠯᠤᠨ ᠪᠠᠢ᠌ᠷᠢᠯᠠᠭᠤᠯᠵᠤ᠂ ᠴᠢᠬᠤᠯᠠ ᠶᠡᠬᠡ ᠠᠰᠠᠭᠤᠳᠠᠯ᠎ᠢ ᠰᠢᠢ᠍ᠳᠪᠦᠷᠢᠯᠡᠬᠦ ᠵᠢ ᠠᠬᠢᠭᠤᠯᠵᠠᠢ᠃  ᠥᠪᠡᠷᠲᠡᠭᠡᠨ ᠵᠠᠰᠠᠬᠤ ᠣᠷᠣᠨ᠎ᠤ ᠨᠠᠮ ᠵᠠᠰᠠᠭ᠎ᠤᠨ ᠭᠣᠣᠯ ᠬᠠᠷᠢᠭᠤᠴᠠᠯᠭ᠋ᠠᠲᠠᠨ ᠬᠠᠤᠯᠢ᠎ᠪᠠᠷ ᠵᠠᠰᠠᠬᠤ ᠪᠠᠢ᠌ᠭᠤᠯᠤᠯᠲᠠ ᠵᠢ ᠠᠬᠢᠭᠤᠯᠬᠤ ᠨᠢᠭᠡᠳᠦᠭᠡᠷ ᠬᠠᠷᠢᠭᠤᠴᠠᠯᠭ᠋ᠠᠲᠠᠨ᠎ᠤ ᠡᠭᠦᠷᠭᠡ ᠬᠠᠷᠢᠭᠤᠴᠠᠯᠭ᠎ᠠ᠎ᠪᠠᠨ ᠦᠨᠡᠨᠬᠦ ᠭᠦᠢ᠍ᠴᠡᠳᠬᠡᠵᠦ᠂ 《ᠪᠠᠭᠤᠯᠭ᠋ᠠᠬᠤ ᠬᠠᠮᠢᠶᠠᠷᠬᠤ ᠦᠢ᠍ᠯᠡᠴᠢᠯᠡᠬᠦ》  ᠥᠭᠡᠷᠡᠴᠢᠯᠡᠯᠲᠡ ᠵᠢ ᠭᠦᠨᠵᠡᠭᠡᠢ᠌ᠷᠡᠭᠦᠯᠬᠦ᠂  ᠬᠠᠤᠯᠢ᠎ᠪᠠᠷ ᠵᠠᠰᠠᠬᠤ ᠡᠵᠡᠩᠨᠡᠯᠲᠡ ᠵᠢᠨ ᠣᠷᠴᠢᠨ ᠲᠣᠭᠣᠷᠢᠨ᠎ᠢ ᠰᠢᠯᠢᠳᠡᠭᠵᠢᠭᠦᠯᠬᠦ᠂  ᠦᠨᠡᠨᠴᠢ ᠢᠲᠡᠭᠡᠮᠵᠢ ᠵᠢᠨ ᠪᠠᠢ᠌ᠭᠤᠯᠤᠯᠲᠠ ᠵᠢ ᠠᠬᠢᠭᠤᠯᠬᠤ᠂  ᠵᠠᠰᠠᠭ ᠵᠠᠬᠢᠷᠭ᠋ᠠᠨ᠎ᠤ ᠡᠷᠬᠡ᠎ᠳᠤ ᠬᠢᠨᠠᠯᠲᠠ ᠲᠠᠯᠪᠢᠵᠤ ᠬᠢᠵᠠᠭ᠋ᠠᠷᠯᠠᠬᠤ ᠵᠢ ᠴᠢᠩᠭ᠋ᠠᠳᠬᠠᠬᠤ ᠵᠡᠷᠭᠡ ᠴᠢᠬᠤᠯᠠ ᠵᠦᠢ᠍ᠯᠡᠰ᠎ᠢ ᠭᠣᠣᠯᠳᠠᠯᠭ᠎ᠠ᠎ᠲᠠᠢ ᠲᠥᠯᠥᠪᠯᠡᠨ ᠪᠠᠢ᠌ᠷᠢᠯᠠᠭᠤᠯᠵᠤ᠂  ᠬᠠᠤᠯᠢᠵᠢᠯ᠎ᠤᠨ  ᠵᠠᠰᠠᠭ᠎ᠤᠨ ᠣᠷᠳᠣᠨ᠎ᠤ ᠪᠠᠢ᠌ᠭᠤᠯᠤᠯᠲᠠ ᠵᠢ ᠪᠥᠬᠥ ᠲᠠᠯ᠎ᠠ᠎ᠪᠠᠷ ᠬᠠᠤᠯᠢ᠎ᠪᠠᠷ ᠣᠷᠣᠨ ᠵᠶ᠋ᠠᠨ ᠵᠠᠰᠠᠬᠤ ᠦᠢ᠍ᠯᠡᠳᠦᠯᠭᠡ ᠵᠢᠨ ᠳᠤᠮᠳᠠ ᠤᠷᠢᠳᠠᠪᠠᠷ ᠰᠢᠪᠲᠤᠯᠬᠤ ᠵᠢ ᠪᠡᠶᠡᠯᠡᠭᠦᠯᠬᠦ ᠵᠢ  ᠠᠬᠢᠭᠤᠯᠵᠠᠢ᠃  ᠬᠣᠶᠠᠷ᠎ᠲᠤ ᠤᠨᠤᠯ ᠵᠶ᠋ᠠᠷ ᠵᠡᠪᠰᠡᠭᠯᠡᠬᠦ ᠵᠢ  ᠴᠢᠩᠭ᠋ᠠᠳᠬᠠᠵᠠᠢ᠃  ᠰᠢ ᠵᠢᠨ ᠫᠢᠩ᠎ᠤᠨ  ᠬᠠᠤᠯᠢᠵᠢᠯ᠎ᠤᠨ ᠦᠵᠡᠯ ᠰᠠᠨᠠᠭ᠎ᠠ ᠵᠢ ᠡᠯ᠎ᠡ ᠱᠠᠲᠤᠨ᠎ᠤ ᠨᠠᠮ᠎ᠤᠨ ᠬᠣᠷᠢᠶ᠎ᠠ (ᠨᠠᠮ᠎ᠤᠨ ᠤᠳᠤᠷᠢᠳᠬᠤ ᠳᠤᠭᠤᠢ᠌ᠯᠠᠩ)  ᠵᠢᠨ ᠤᠨᠤᠯ ᠰᠤᠷᠤᠯᠴᠠᠬᠤ ᠭᠣᠣᠯ ᠳᠤᠭᠤᠢ᠌ᠯᠠᠩ᠎ᠤᠨ ᠰᠤᠷᠤᠯᠴᠠᠯᠭ᠎ᠠ ᠪᠠ ᠵᠠᠰᠠᠭ᠎ᠤᠨ ᠣᠷᠳᠣᠨ᠎ᠤ ᠪᠠᠢ᠌ᠩᠭᠤ ᠵᠢᠨ ᠬᠤᠷᠠᠯ᠎ᠤᠨ ᠬᠠᠤᠯᠢ ᠰᠤᠷᠬᠤ ᠵᠢᠨ ᠭᠣᠣᠯᠳᠠᠯᠭ᠎ᠠ᠎ᠲᠠᠢ ᠠᠭᠤᠯᠭ᠎ᠠ ᠪᠣᠯᠭ᠋ᠠᠵᠤ᠂  ᠲᠤᠰᠬᠠᠢ ᠮᠡᠷᠭᠡᠵᠢᠯᠲᠡᠨ ᠡᠷᠳᠡᠮᠲᠡᠨ᠎ᠢ ᠤᠷᠢᠵᠤ ᠲᠠᠢ᠌ᠯᠤᠮᠵᠢ ᠬᠢᠯᠭᠡᠬᠦ᠂  ᠲᠤᠰᠬᠠᠢ ᠰᠡᠳᠦᠪ ᠵᠶ᠋ᠡᠷ ᠰᠤᠳᠤᠯᠤᠨ ᠶᠠᠷᠢᠯᠴᠠᠵᠤ ᠰᠣᠯᠢᠯᠴᠠᠬᠤ ᠵᠢ ᠵᠣᠬᠢᠶᠠᠨ ᠪᠠᠶ᠋ᠢᠭᠤᠯᠬᠤ ᠵᠡᠷᠭᠡ ᠠᠷᠭ᠎ᠠ ᠬᠡᠯᠪᠡᠷᠢ᠎ᠪᠠᠷ ᠳᠠᠮᠵᠢᠭᠤᠯᠤᠨ ᠰᠤᠷᠤᠯᠴᠠᠯᠭ᠎ᠠ ᠵᠢᠨ ᠴᠢᠨᠠᠷ ᠴᠢᠨᠰᠠᠭ᠎ᠠ ᠦᠷ᠎ᠡ ᠪᠦᠲᠦᠮᠵᠢ ᠵᠢ  ᠳᠡᠭᠡᠭᠰᠢᠯᠡᠭᠦᠯᠵᠡᠢ᠃  ᠡᠯ᠎ᠡ ᠱᠠᠲᠤᠨ᠎ᠤ ᠨᠠᠮ᠎ᠤᠨ ᠰᠤᠷᠭ᠋ᠠᠭᠤᠯᠢ (ᠵᠠᠰᠠᠭ ᠵᠠᠬᠢᠷᠭ᠋ᠠᠨ᠎ᠤ ᠳᠡᠭᠡᠳᠦ ᠰᠤᠷᠭ᠋ᠠᠭᠤᠯᠢ ) ᠬᠠᠤᠯᠢ᠎ᠪᠠᠷ ᠵᠠᠰᠠᠬᠤ ᠵᠠᠰᠠᠭ᠎ᠤᠨ ᠣᠷᠳᠣᠨ᠎ᠤ ᠪᠠᠢ᠌ᠭᠤᠯᠤᠯᠲᠠ ᠵᠢᠨ ᠲᠤᠰᠬᠠᠢ ᠰᠡᠳᠦᠪᠲᠦ ᠰᠤᠳᠤᠯᠤᠨ ᠶᠠᠷᠢᠯᠴᠠᠬᠤ ᠠᠩᠭᠢ ᠵᠢ ᠡᠷᠬᠢᠯᠡᠵᠤ᠂  ᠺᠠᠳ᠋ᠷᠴᠤᠳ᠎ᠤᠨ ᠰᠦᠯᠵᠢᠶᠡᠨ᠎ᠤ ᠳᠡᠭᠡᠳᠦ ᠰᠤᠷᠭ᠋ᠠᠭᠤᠯᠢ᠎ᠳᠤ 《ᠤᠳᠤᠷᠢᠳᠬᠤ ᠺᠠᠳ᠋ᠷᠴᠤᠳ᠎ᠤᠨ ᠮᠡᠳᠡᠬᠦ ᠬᠡᠷᠡᠭᠲᠡᠢ ᠴᠢᠳᠠᠬᠤ ᠬᠡᠷᠡᠭᠲᠡᠢ ᠨᠠᠮ᠎ᠤᠨ ᠳᠣᠲᠣᠭ᠋ᠠᠳᠤ ᠵᠢᠨ ᠬᠠᠤᠯᠢ ᠲᠣᠭᠲᠠᠭ᠋ᠠᠯ ᠪᠠ ᠤᠯᠤᠰ᠎ᠤᠨ ᠬᠠᠤᠯᠢ ᠴᠠᠭ᠋ᠠᠵᠠ》 ᠵᠢᠨ ᠲᠤᠰᠬᠠᠢ ᠪᠤᠯᠤᠩ ᠭᠠᠷᠭ᠋ᠠᠵᠤ᠂  ᠤᠳᠤᠷᠢᠳᠬᠤ ᠺᠠᠳ᠋ᠷᠴᠤᠳ᠎ᠤᠨ ᠲᠦᠷᠦᠭᠦᠯᠡᠨ ᠬᠠᠤᠯᠢ ᠵᠢ ᠬᠦᠨᠳᠦᠳᠬᠡᠬᠦ ᠬᠠᠤᠯᠢ ᠵᠢ ᠰᠤᠷᠤᠯᠴᠠᠬᠤ ᠬᠠᠤᠯᠢ ᠵᠢ ᠰᠤᠷᠤᠯᠴᠠᠬᠤ ᠬᠠᠤᠯᠢ ᠵᠢ ᠰᠠᠬᠢᠬᠤ ᠬᠠᠤᠯᠢ ᠵᠢ ᠬᠡᠷᠡᠭᠯᠡᠬᠦ ᠵᠢ ᠲᠦᠯᠬᠢᠨ ᠠᠬᠢᠭᠤᠯᠪᠠ᠃  ᠭᠤᠷᠪᠠ᠎ᠳᠤ᠂  ᠬᠢᠨᠠᠨ ᠰᠢᠯᠭ᠋ᠠᠵᠤ ᠱᠠᠯᠠᠪᠳᠠᠭᠤᠯᠤᠨ ᠪᠠᠢ᠌ᠴᠠᠭ᠋ᠠᠬᠤ ᠵᠢ  ᠴᠢᠩᠭ᠋ᠠᠳᠬᠠᠵᠠᠢ᠃  ᠪᠥᠬᠥ ᠣᠷᠣᠨ᠎ᠤ ᠬᠠᠤᠯᠢ᠎ᠪᠠᠷ ᠵᠠᠰᠠᠬᠤ ᠪᠠᠢ᠌ᠭᠤᠯᠤᠯᠲᠠ ᠵᠢᠨ ᠲᠤᠬᠠᠢ ᠵᠢᠨ ᠭᠠᠵᠠᠷ᠎ᠲᠤᠨᠢ ᠰᠢᠮᠳᠠᠭᠤᠯᠤᠨ ᠪᠠᠢ᠌ᠴᠠᠭ᠋ᠠᠬᠤ ᠵᠢ ᠬᠢᠨᠠᠮᠠᠭ᠋ᠠᠢ ᠥᠷᠨᠢᠭᠦᠯᠵᠦ᠂  ᠬᠠᠮᠢᠶ᠎ᠠ ᠪᠦᠬᠦᠢ ᠭᠠᠵᠠᠷ ᠣᠷᠣᠨ ᠪᠠ ᠰᠠᠯᠠᠭ᠎ᠠ ᠮᠥᠴᠢᠷ᠎ᠢ ᠰᠢᠮᠳᠠᠭᠤᠯᠤᠨ ᠴᠡᠭᠴᠡᠯᠡᠨ ᠰᠠᠢ᠌ᠵᠢᠷᠠᠭᠤᠯᠵᠤ ᠨᠠᠢ᠌ᠳᠠᠪᠤᠷᠢᠵᠢᠭᠤᠯᠬᠤ ᠠᠵᠢᠯ᠎ᠢ ᠯᠠᠪᠳᠠᠭᠤᠨ ᠪᠠᠲᠤᠲᠠᠢ ᠰᠠᠢ᠌ᠲᠤᠷ ᠬᠢᠯᠭᠡᠵᠦ᠂  ᠰᠢᠮᠳᠠᠭᠤᠯᠤᠨ ᠪᠠᠢ᠌ᠴᠠᠭ᠋ᠠᠭ᠋ᠠᠳ ᠢᠯᠡᠷᠡᠭᠦᠯᠦᠭᠰᠡᠨ 190 ᠠᠰᠠᠭᠤᠳᠠᠯ᠎ᠢ ᠨᠢᠭᠡᠨᠲᠡ ᠪᠦᠬᠦᠨ᠎ᠢ ᠴᠡᠭᠴᠡᠯᠡᠨ ᠰᠠᠢ᠌ᠵᠢᠷᠠᠭᠤᠯᠪᠠ᠃  ᠬᠠᠤᠯᠢᠵᠢᠯ᠎ᠤᠨ  ᠵᠠᠰᠠᠭ᠎ᠤᠨ ᠣᠷᠳᠣᠨ᠎ᠤ ᠪᠠᠢ᠌ᠭᠤᠯᠤᠯᠲᠠ ᠵᠢᠨ ᠦᠷ᠎ᠡ ᠪᠦᠲᠦᠮᠵᠢ ᠵᠢ ᠤᠳᠤᠷᠢᠳᠬᠤ ᠪᠠᠭ ᠪᠠ ᠤᠳᠤᠷᠢᠳᠬᠤ ᠺᠠᠳ᠋ᠷᠴᠤᠳ᠎ᠤᠨ ᠠᠵᠢᠯ᠎ᠤᠨ ᠠᠮᠵᠢᠯᠲᠠ ᠪᠦᠲᠦᠮᠵᠢ ᠵᠢ ᠰᠢᠯᠭ᠋ᠠᠨ ᠬᠢᠨᠠᠬᠤ ᠴᠢᠬᠤᠯᠠ ᠠᠭᠤᠯᠭ᠎ᠠ ᠪᠣᠯᠭ᠋ᠠᠵᠤ᠂  ᠰᠢᠯᠭ᠋ᠠᠨ ᠬᠢᠨᠠᠬᠤ ᠭᠦᠢ᠍ᠴᠡᠳᠬᠡᠯ ᠲᠣᠭ᠎ᠠ ᠵᠢ ᠰᠢᠯᠢᠳᠡᠭᠵᠢᠭᠦᠯᠵᠦ᠂  ᠦᠷ᠎ᠡ ᠳ᠋ᠦᠩ᠎ᠤᠨ ᠬᠡᠷᠡᠭᠯᠡᠯᠲᠡ ᠵᠢ  ᠴᠢᠩᠭ᠋ᠠᠳᠬᠠᠵᠠᠢ᠃ 

      ᠬᠣᠶᠠᠷ᠂  ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠬᠦᠴᠦᠨ ᠴᠢᠳᠠᠪᠤᠷᠢ ᠵᠢ ᠦᠷᠭᠦᠯᠵᠢᠯᠡᠨ ᠳᠡᠭᠡᠭᠰᠢᠯᠡᠭᠦᠯᠵᠡᠢ᠃  ᠰᠢᠯᠢᠳᠡᠭᠵᠢᠭᠦᠯᠬᠦ ᠬᠠᠮᠵᠢᠯᠴᠠᠬᠤ ᠥᠨᠳᠥᠷ ᠪᠦᠲᠦᠮᠵᠢᠲᠡᠶ ᠪᠠᠢ᠌ᠬᠤ ᠵᠠᠷᠴᠢᠮ᠎ᠢ ᠪᠠᠷᠢᠮᠲᠠᠯᠠᠨ᠂  ᠵᠠᠰᠠᠭ᠎ᠤᠨ ᠣᠷᠳᠣᠨ᠎ᠤ ᠡᠭᠦᠷᠭᠡ ᠴᠢᠳᠠᠪᠤᠷᠢ ᠵᠢᠨ ᠬᠤᠪᠢᠷᠠᠭᠤᠯᠤᠯᠲᠠ ᠵᠢ ᠭᠦᠨᠵᠡᠭᠡᠢ ᠲᠦᠯᠬᠢᠨ ᠠᠬᠢᠭᠤᠯᠵᠤ᠂  ᠡᠯ᠎ᠡ ᠱᠠᠲᠤᠨ᠎ᠤ ᠵᠠᠰᠠᠭ᠎ᠤᠨ ᠣᠷᠳᠣᠨ᠎ᠤ ᠦᠢ᠍ᠯᠡᠴᠢᠯᠡᠭᠡᠨ᠎ᠤ ᠤᠬᠠᠮᠰᠠᠷ ᠵᠶ᠋ᠠᠨ ᠨᠡᠮᠡᠭᠳᠡᠭᠦᠯᠬᠦ᠂  ᠭᠦᠢ᠍ᠴᠡᠳᠬᠡᠬᠦ ᠬᠦᠴᠦᠨ ᠪᠠ ᠤᠯᠠᠨ ᠨᠡᠶ᠋ᠢᠲᠡ ᠵᠢ ᠢᠲᠡᠭᠡᠭᠦᠯᠬᠦ ᠬᠦᠴᠦᠨ ᠵᠶ᠋ᠡᠨ ᠳᠡᠭᠡᠭᠰᠢᠯᠡᠭᠦᠯᠬᠦ ᠵᠢ ᠲᠦᠯᠬᠢᠨ  ᠠᠬᠢᠭᠤᠯᠵᠠᠢ᠃  ᠨᠢᠭᠡ᠎ᠳᠤ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡ ᠵᠢ ᠵᠠᠰᠠᠭ ᠵᠠᠬᠢᠷᠭ᠋ᠠᠨ᠎ᠤ ᠡᠷᠬᠡ ᠵᠢᠨ ᠨᠠᠷᠢᠨ ᠬᠠᠭᠤᠳᠠᠰᠤ ᠵᠢᠨ ᠬᠠᠮᠢᠶᠠᠷᠤᠯᠲᠠ ᠵᠢᠨ ᠳᠦᠷᠢᠮ᠎ᠢ ᠪᠥᠬᠥ ᠲᠠᠯ᠎ᠠ᠎ᠪᠠᠷ ᠬᠡᠷᠡᠭᠵᠢᠭᠦᠯᠵᠦ᠂  ᠥᠪᠡᠷᠲᠡᠭᠡᠨ ᠵᠠᠰᠠᠬᠤ ᠣᠷᠣᠨ᠎ᠤ ᠲᠣᠰ ᠱᠠᠲᠤᠨ᠎ᠤ ᠵᠠᠰᠠᠭ ᠵᠠᠬᠢᠷᠭ᠋ᠠᠨ᠎ᠤ ᠡᠷᠬᠡ ᠵᠢᠨ ᠵᠦᠢ᠍ᠯᠡᠰ᠎ᠢ 1304 ᠵᠦᠢ᠍ᠯ ᠦᠯᠡᠳᠡᠭᠡᠪᠡ᠃  ᠰᠢᠨ᠎ᠡ ᠪᠠᠢ᠌ᠳᠠᠯ ᠳᠣᠣᠷᠠᠬᠢ ᠵᠠᠰᠠᠭ᠎ᠤᠨ ᠶᠠᠪᠤᠳᠠᠯ᠎ᠤᠨ ᠮᠡᠳᠡᠭᠡ ᠵᠠᠩᠭᠢ ᠵᠢ ᠢᠯᠡ ᠪᠣᠯᠭ᠋ᠠᠬᠤ ᠠᠵᠢᠯ᠎ᠢ ᠰᠠᠢ᠌ᠲᠤᠷ ᠬᠢᠵᠦ᠂  ᠢᠯᠡ ᠪᠣᠯᠭ᠋ᠠᠬᠤ ᠵᠦᠢ᠍ᠯᠡᠰ᠎ᠢ ᠵᠠᠰᠠᠭ ᠵᠠᠬᠢᠷᠭ᠋ᠠᠨ᠎ᠤ ᠵᠥᠪᠰᠢᠶᠡᠷᠡᠯ᠂  ᠵᠠᠰᠠᠭ ᠵᠠᠬᠢᠷᠭ᠋ᠠᠨ᠎ᠤ  ᠰᠢᠢ᠍ᠳᠬᠡᠯ  ᠲᠣᠷᠭ᠋ᠠᠭᠤᠯᠢ ᠵᠢᠨ ᠮᠡᠳᠡᠭᠡ ᠵᠠᠩᠭᠢ ᠵᠢᠨ 《ᠬᠣᠶᠠᠷ᠎ᠢ ᠢᠯᠡ ᠨᠡᠢ᠌ᠲᠡᠯᠡᠬᠦ》  ᠪᠠᠢ᠌ᠭᠰᠠᠨ ᠎ᠠᠴᠠ ᠵᠠᠰᠠᠭ ᠵᠠᠬᠢᠷᠭ᠋ᠠᠨ᠎ᠤ ᠵᠥᠪᠰᠢᠶᠡᠷᠡᠯ᠂  ᠵᠠᠰᠠᠭ ᠵᠠᠬᠢᠷᠭ᠋ᠠᠨ᠎ᠤ  ᠰᠢᠢ᠍ᠳᠬᠡᠯ  ᠲᠣᠷᠭ᠋ᠠᠭᠤᠯᠢ᠂  ᠵᠠᠰᠠᠭ ᠵᠠᠬᠢᠷᠭ᠋ᠠᠨ᠎ᠤ ᠠᠯᠪᠠᠳᠠᠯᠭ᠎ᠠ᠂  ᠵᠠᠰᠠᠭ ᠵᠠᠬᠢᠷᠭ᠋ᠠᠨ᠎ᠤ ᠨᠤᠲᠠᠯᠠᠯᠲᠠ᠂  ᠵᠠᠰᠠᠭ ᠵᠠᠬᠢᠷᠭ᠋ᠠᠨ᠎ᠤ ᠲᠠᠲᠠᠪᠤᠷᠢᠯᠠᠬᠤ᠂  ᠵᠠᠰᠠᠭ ᠵᠠᠬᠢᠷᠭ᠋ᠠᠨ᠎ᠤ ᠣᠯᠭᠣᠬᠤ᠂  ᠵᠠᠰᠠᠭ ᠵᠠᠬᠢᠷᠭ᠋ᠠᠨ᠎ᠤ ᠲᠠᠰᠤᠯᠤᠯᠲᠠ᠂  ᠵᠠᠰᠠᠭ ᠵᠠᠬᠢᠷᠭ᠋ᠠᠨ᠎ᠤ ᠱᠠᠩᠨᠠᠯ᠂  ᠵᠠᠰᠠᠭ ᠵᠠᠬᠢᠷᠭ᠋ᠠᠨ᠎ᠤ ᠳᠠᠩᠰᠠᠯᠠᠯᠲᠠ᠂  ᠵᠠᠰᠠᠭ ᠵᠠᠬᠢᠷᠭ᠋ᠠᠨ᠎ᠤ ᠬᠢᠨᠠᠯᠲᠠ ᠪᠠᠢ᠌ᠴᠠᠭ᠋ᠠᠯᠲᠠ ᠵᠢᠨ 《ᠠᠷᠪᠠ ᠵᠢ ᠢᠯᠡ ᠨᠡᠢ᠌ᠲᠡᠯᠡᠬᠦ》 ᠪᠣᠯᠭ᠋ᠠᠨ  ᠥᠷᠭᠡᠳᠬᠡᠵᠡᠢ᠃  ᠥᠪᠡᠷᠲᠡᠭᠡᠨ ᠵᠠᠰᠠᠬᠤ ᠣᠷᠣᠨ᠎ᠤ ᠲᠣᠰ ᠱᠠᠲᠤᠨ᠎ᠤ 72 ᠰᠠᠯᠠᠭ᠎ᠠ ᠮᠥᠴᠢᠷ᠎ᠤᠨ 3406 ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠵᠦᠢ᠍ᠯᠡᠰ᠎ᠢ 《ᠥᠪᠥᠷ ᠮᠣᠩᠭᠣᠯ᠎ᠤᠨ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠰᠦᠯᠵᠢᠶ᠎ᠡ》  ᠪᠠ 《ᠮᠸᠩ ᠰᠤ᠌᠎ᠪᠠᠨ》 ᠰᠢᠯᠵᠢᠮᠡᠯ ᠬᠣᠯᠪᠣᠭ᠋ᠠᠨ᠎ᠤ ᠦᠵᠦᠭᠦᠷ᠎ᠲᠤ ᠣᠷᠣᠭᠤᠯᠤᠨ ᠰᠠᠭᠤᠯᠭ᠋ᠠᠵᠤ᠂  ᠲᠥᠷᠥ ᠵᠢᠨ ᠶᠠᠪᠤᠳᠠᠯ᠎ᠤᠨ ᠬᠣᠷᠢᠶ᠎ᠠ ᠵᠢᠨ ᠲᠣᠳᠣᠷᠬᠠᠢ᠌ᠯᠠᠭᠰᠠᠨ 13 ᠵᠦᠢ᠍ᠯᠡᠰ᠎ᠢ ᠥᠨᠳᠥᠷ ᠪᠦᠲᠦᠮᠵᠢᠲᠡᠶ᠎ᠪᠠᠷ ᠪᠡᠶᠡᠯᠡᠭᠦᠯᠦᠭᠰᠡᠨ ᠰᠠᠭᠤᠷᠢᠨ ᠳᠡᠭᠡᠷ᠎ᠡ ᠪᠠᠰᠠ 10 ᠵᠢ ᠭᠠᠷᠭ᠋ᠠᠵᠤ᠂  ᠭᠣᠭᠴᠣᠭ᠎ᠠ᠂  ᠴᠠᠭ᠎ᠤᠨ ᠬᠢᠵᠠᠭ᠋ᠠᠷ᠂  ᠮᠠᠲ᠋ᠧᠷᠢᠶᠠᠯ᠎ᠢ ᠴᠥᠮ 70% ᠎ᠠᠴᠠ ᠳᠡᠭᠡᠭᠰᠢ᠎ᠪᠠᠷ ᠪᠠᠭ᠋ᠠᠰᠬᠠᠪᠠ᠃  ᠬᠣᠶᠠᠷ᠎ᠲᠤ ᠲᠣᠭ᠋ᠠᠴᠢᠯᠠᠭᠰᠠᠨ ᠬᠠᠤᠯᠢᠵᠢᠯ᠎ᠤᠨ  ᠵᠠᠰᠠᠭ᠎ᠤᠨ ᠣᠷᠳᠣᠨ᠎ᠤ ᠪᠠᠢ᠌ᠭᠤᠯᠤᠯᠲᠠ ᠵᠢ  ᠴᠢᠩᠭ᠋ᠠᠳᠬᠠᠵᠠᠢ᠃  ᠪᠥᠬᠥ ᠣᠷᠣᠨ᠎ᠤ ᠨᠢᠭᠡ ᠴᠣᠭᠴᠠᠵᠢᠭᠤᠯᠤᠭᠰᠠᠨ ᠵᠠᠰᠠᠭ᠎ᠤᠨ ᠶᠠᠪᠤᠳᠠᠯ᠎ᠤᠨ ᠲᠣᠮᠣ ᠳ᠋ᠠᠢ᠌ᠲ᠋ᠠ ᠵᠢᠨ ᠰᠢᠰᠲ᠋ᠧᠮᠵᠢ᠎ᠳᠤ ᠲᠦᠰᠢᠭᠯᠡᠨ᠂  ᠬᠥᠮᠥᠨ ᠠᠮᠠ᠂  ᠬᠠᠤᠯᠢ ᠵᠢᠨ ᠡᠷᠬᠡᠲᠡᠨ᠂  ᠡᠯᠧᠺᠲᠷᠣᠨ ᠦᠨᠡᠮᠯᠡᠯ ᠵᠡᠷᠭᠡ ᠬᠠᠮᠲᠤᠪᠠᠷ ᠭᠥᠷᠳᠡᠬᠦ ᠳ᠋ᠠᠢ᠌ᠲ᠋ᠠ ᠵᠢᠨ ᠡᠬᠢ ᠪᠠᠶᠠᠯᠢᠭ᠎ᠤᠨ ᠬᠥᠮᠥᠷᠭᠡ ᠵᠢ ᠪᠠᠢ᠌ᠭᠤᠯᠵᠤ᠂  ᠴᠤᠭᠯᠠᠭᠤᠯᠤᠭᠰᠠᠨ ᠲᠣᠭ᠎ᠠ ᠪᠠᠷᠢᠮᠲᠠ᠎ᠨᠢ 35 ᠳ᠋ᠦᠩᠰᠢᠭᠤᠷ ᠵᠤᠷᠪᠤᠰ᠎ᠢ ᠳᠠᠪᠠᠵᠤ᠂  ᠳ᠋ᠠᠢ᠌ᠲ᠋ᠠ ᠵᠢᠨ ᠭᠠᠷᠴᠠᠭ᠎ᠢ ᠨᠠᠢ᠌ᠷᠠᠭᠤᠯᠤᠨ ᠵᠣᠬᠢᠶᠠᠭᠰᠠᠨ ᠨᠣᠷᠮ᠎ᠠ᠎ᠨᠢ 100%᠎ᠳᠤ ᠬᠦᠷᠴᠦ᠂ 15.9 ᠲᠦᠮᠡᠨ ᠵᠦᠢ᠍ᠯ᠎ᠤᠨ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ 《ᠦᠨᠡᠮᠯᠡᠯ᠎ᠢ ᠬᠡᠯᠲᠦᠷᠢᠭᠦᠯᠦᠨ ᠭᠦᠢ᠍ᠴᠡᠳᠬᠡᠬᠦ》 ᠵᠢ ᠪᠡᠶᠡᠯᠡᠭᠦᠯᠬᠦ ᠵᠢ ᠬᠦᠴᠦᠲᠡᠢ ᠲᠤᠯᠭ᠋ᠠᠭᠤᠷᠢᠯᠠᠭᠰᠠᠨ ᠪᠠᠢ᠌ᠨ᠎ᠠ᠃  ᠭᠤᠷᠪᠠ᠎ᠳᠤ᠂  ᠵᠠᠰᠠᠭ᠎ᠤᠨ ᠶᠠᠪᠤᠳᠠᠯ᠎ᠤᠨ ᠦᠨᠡᠨᠴᠢ ᠢᠲᠡᠭᠡᠮᠵᠢ ᠵᠢᠨ ᠪᠠᠢ᠌ᠭᠤᠯᠤᠯᠲᠠ ᠵᠢ  ᠠᠬᠢᠭᠤᠯᠵᠠᠢ᠃  ᠦᠨᠡᠨᠴᠢ ᠢᠲᠡᠭᠡᠮᠵᠢ ᠵᠢᠨ ᠪᠠᠢ᠌ᠭᠤᠯᠤᠯᠲᠠ ᠵᠢᠨ ᠢᠨᠵᠧᠨᠧᠷᠢᠩ᠎ᠢ ᠬᠡᠷᠡᠭᠵᠢᠭᠦᠯᠬᠦ᠎ᠪᠠᠷ ᠭᠠᠷᠳᠠᠴᠠ ᠪᠣᠯᠭ᠋ᠠᠵᠤ᠂  ᠵᠠᠰᠠᠭ᠎ᠤᠨ ᠶᠠᠪᠤᠳᠠᠯ᠎ᠤᠨ ᠦᠨᠡᠨᠴᠢ ᠢᠲᠡᠭᠡᠮᠵᠢ᠂  ᠬᠤᠳᠠᠯᠳᠤᠭ᠋ᠠᠨ᠎ᠤ ᠶᠠᠪᠤᠳᠠᠯ᠎ᠤᠨ ᠦᠨᠡᠨᠴᠢ ᠢᠲᠡᠭᠡᠮᠵᠢ᠂  ᠨᠡᠢ᠌ᠭᠡᠮ᠎ᠤᠨ ᠦᠨᠡᠨᠴᠢ ᠢᠲᠡᠭᠡᠮᠵᠢ᠂  ᠬᠠᠤᠯᠢ ᠴᠠᠭ᠋ᠠᠵᠠ ᠵᠢᠨ ᠤᠯᠠᠨ ᠨᠡᠶ᠋ᠢᠲᠡ ᠵᠢᠨ ᠢᠲᠡᠭᠡᠮᠵᠢ ᠵᠢᠨ ᠪᠠᠢ᠌ᠭᠤᠯᠤᠯᠲᠠ ᠵᠢ ᠨᠢᠭᠡ ᠴᠣᠭᠴᠠᠵᠢᠭᠤᠯᠤᠨ  ᠠᠬᠢᠭᠤᠯᠵᠠᠢ᠃ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠡᠢ᠌ᠭᠡᠮ᠎ᠤᠨ ᠢᠲᠡᠭᠡᠮᠵᠢ ᠵᠢᠨ ᠳᠦᠷᠢᠮ》᠎ᠢ ᠨᠡᠢ᠌ᠲᠡᠯᠡᠬᠦ ᠵᠢ ᠠᠬᠢᠭᠤᠯᠵᠤ᠂  ᠢᠲᠡᠭᠡᠮᠵᠢ ᠵᠢᠨ ᠪᠠᠢ᠌ᠭᠤᠯᠤᠯᠲᠠ ᠵᠢᠨ ᠬᠠᠤᠯᠢ᠎ᠪᠠᠷ ᠵᠠᠰᠠᠬᠤ ᠪᠠ ᠵᠢᠷᠤᠮᠵᠢᠭᠤᠯᠬᠤ ᠬᠢᠷᠢ ᠬᠡᠮᠵᠢᠶ᠎ᠡ ᠵᠢ  ᠳᠡᠭᠡᠭᠰᠢᠯᠡᠭᠦᠯᠵᠡᠢ᠃ ᠵᠠᠰᠠᠭ᠎ᠤᠨ ᠣᠷᠳᠣᠨ ᠎ᠳᠤ  ᠢᠲᠡᠭᠡᠯ ᠵᠶ᠋ᠡᠨ ᠠᠯᠳᠠᠭᠰᠠᠨ ᠦᠢᠯᠡ ᠠᠵᠢᠯᠯᠠᠭ᠎ᠠ ᠵᠢ ᠵᠢᠭᠰᠠᠭ᠋ᠠᠨ ᠪᠠᠢ᠌ᠴᠠᠭ᠋ᠠᠵᠤ ᠴᠡᠭᠴᠡᠯᠡᠨ ᠰᠠᠢ᠌ᠵᠢᠷᠠᠭᠤᠯᠬᠤ ᠡᠷᠴᠢᠮ᠎ᠢ ᠴᠢᠩᠭ᠋ᠠᠷᠠᠭᠤᠯᠵᠤ᠂  ᠢᠲᠡᠭᠡᠮᠵᠢ ᠵᠢᠨ ᠪᠠᠷᠢᠮᠵᠢᠶ᠎ᠠ᠎ᠳᠤ ᠬᠦᠷᠦᠭᠰᠡᠨ 23 ᠲᠦᠮᠡᠨ ᠠᠵᠤ ᠠᠬᠤᠢ᠌ᠯᠠᠯ᠎ᠢ ᠨᠡᠢ᠌ᠲᠡᠯᠡᠵᠦ᠂ 《ᠦᠪᠦᠷ  ᠮᠣᠩᠭᠣᠯ᠎ᠤᠨ ᠬᠤᠪᠢ ᠵᠢᠨ  ᠡᠵᠡᠩᠨᠡᠯᠳᠡ ᠵᠢᠨ  ᠢᠲᠡᠭᠡᠮᠵᠢᠲᠦ ᠵᠢᠭᠡᠯᠡᠯᠭᠡ》 ᠵᠢᠨ ᠲᠠᠪᠴᠠᠩ ᠵᠶ᠋ᠠᠷ ᠳᠠᠮᠵᠢᠭᠤᠯᠤᠨ 1.44 ᠲᠦᠮᠡᠨ ᠬᠤᠪᠢ ᠵᠢᠨ ᠠᠵᠤ ᠦᠢ᠍ᠯᠡᠳᠪᠦᠷᠢ ᠬᠤᠳᠠᠯᠳᠤᠭ᠋ᠠᠨ᠎ᠤ ᠡᠷᠦᠬᠡ᠎ᠳᠤ 49.93 ᠳ᠋ᠦᠩᠰᠢᠭᠤᠷ ᠲᠥᠭᠥᠷᠢᠭ᠎ᠤᠨ ᠢᠲᠡᠭᠡᠮᠵᠢ ᠣᠯᠭᠣᠪᠠ᠃ 

      ᠭᠤᠷᠪᠠ᠂  ᠬᠠᠤᠯᠢ ᠶᠣᠰᠣᠭ᠋ᠠᠷ ᠵᠠᠰᠠᠭ ᠶᠠᠪᠤᠭᠤᠯᠬᠤ ᠳᠦᠷᠢᠮ᠎ᠤᠨ ᠰᠢᠰᠲ᠋ᠧᠮᠵᠢ ᠵᠢ ᠲᠠᠰᠤᠷᠠᠯᠲᠠ ᠦᠭᠡᠢ ᠲᠡᠭᠦᠯᠳᠡᠷᠵᠢᠭᠦᠯᠵᠡᠢ᠃  ᠵᠠᠰᠠᠭ᠎ᠤᠨ ᠣᠷᠳᠣᠨ᠎ᠤ ᠬᠠᠤᠯᠢ ᠲᠣᠭᠲᠠᠭ᠋ᠠᠬᠤ ᠶᠠᠰᠤ ᠴᠢᠨᠠᠷ᠎ᠢ ᠬᠦᠴᠦᠯᠡᠨ ᠳᠡᠭᠡᠭᠰᠢᠯᠡᠭᠦᠯᠵᠦ᠂  ᠵᠠᠰᠠᠭ᠎ᠤᠨ ᠣᠷᠳᠣᠨ᠎ᠤ ᠬᠠᠤᠯᠢ ᠲᠣᠭᠲᠠᠭ᠋ᠠᠯᠲᠠ ᠵᠢᠨ ᠬᠠᠨᠳᠤᠯᠭ᠋ᠠᠲᠤ ᠴᠢᠨᠠᠷ᠂  ᠰᠢᠰᠲ᠋ᠧᠮᠲᠦ ᠴᠢᠨᠠᠷ᠂  ᠬᠡᠷᠡᠭᠵᠢᠭᠦᠯᠵᠦ ᠪᠣᠯᠬᠤᠢ᠌ᠴᠠ ᠴᠢᠨᠠᠷ᠎ᠢ ᠦᠨᠡᠨ ᠬᠦ᠌ ᠴᠢᠩᠭ᠋ᠠᠳᠬᠠᠵᠤ᠂  ᠵᠠᠰᠠᠭ᠎ᠤᠨ ᠣᠷᠳᠣᠨ᠎ᠤ ᠬᠠᠮᠢᠶᠠᠷᠤᠯᠲᠠ ᠵᠢᠨ ᠡᠯ᠎ᠡ ᠲᠠᠯ᠎ᠠ ᠵᠢᠨ ᠳᠦᠷᠢᠮ᠎ᠢ ᠨᠡᠩ ᠲᠡᠭᠦᠯᠳᠡᠷᠵᠢᠭᠦᠯᠬᠦ᠎ᠪᠠᠷ  ᠴᠢᠷᠮᠠᠢ᠌ᠵᠠᠢ᠃  ᠨᠢᠭᠡ᠎ᠳᠤ ᠬᠠᠤᠯᠢ ᠲᠣᠭᠲᠠᠭ᠋ᠠᠯᠲᠠ ᠵᠢᠨ ᠴᠢᠨᠠᠷ ᠴᠢᠨᠰᠠᠭ᠎ᠠ ᠦᠷ᠎ᠡ ᠪᠦᠲᠦᠮᠵᠢ ᠵᠢ ᠳᠡᠭᠡᠭᠰᠢᠯᠡᠭᠦᠯᠪᠡ᠃  ᠰᠢᠨᠵᠢᠯᠡᠬᠦ ᠤᠬᠠᠭ᠋ᠠᠨᠴᠢ᠎ᠪᠠᠷ ᠬᠠᠤᠯᠢ ᠲᠣᠭᠲᠠᠭ᠋ᠠᠬᠤ᠂  ᠠᠷᠠᠳᠴᠢᠯᠠᠯ ᠵᠶ᠋ᠠᠷ ᠬᠠᠤᠯᠢ ᠲᠣᠭᠲᠠᠭ᠋ᠠᠬᠤ᠂  ᠬᠠᠤᠯᠢ ᠶᠣᠰᠣᠭ᠋ᠠᠷ ᠬᠠᠤᠯᠢ ᠲᠣᠭᠲᠠᠭ᠋ᠠᠬᠤ ᠵᠢ ᠪᠠᠷᠢᠮᠲᠠᠯᠠᠵᠤ᠂  ᠬᠠᠤᠯᠢ ᠲᠣᠭᠲᠠᠭ᠋ᠠᠬᠤ ᠲᠤᠰᠬᠠᠢ ᠮᠡᠷᠭᠡᠵᠢᠯᠲᠡᠨ᠎ᠤ ᠤᠶᠤᠨ᠎ᠤ ᠬᠥᠮᠥᠷᠭᠡ ᠵᠢᠨ ᠦᠢ᠍ᠯᠡᠳᠦᠯ᠎ᠢ ᠭᠦᠢ᠍ᠴᠡᠳ ᠪᠠᠳᠠᠷᠠᠭᠤᠯᠵᠤ᠂  ᠬᠠᠤᠯᠢ ᠲᠣᠭᠲᠠᠭ᠋ᠠᠯᠲᠠ ᠵᠢᠨ  ᠤᠷᠢᠳᠠᠴᠢ  ᠴᠢᠨᠠᠷ ᠪᠠ ᠨᠠᠷᠢᠯᠢᠭ ᠣᠨᠣᠴᠠ ᠵᠢᠨ ᠬᠡᠮᠵᠢᠶ᠎ᠡ ᠵᠢ  ᠳᠡᠭᠡᠭᠰᠢᠯᠡᠭᠦᠯᠵᠡᠢ;  ᠦᠨᠳᠦᠰᠦᠨ ᠱᠠᠲᠤᠨ᠎ᠤ ᠬᠠᠤᠯᠢ ᠲᠣᠭᠲᠠᠭ᠋ᠠᠬᠤ ᠬᠠᠷᠢᠯᠴᠠᠬᠤ ᠴᠡᠭ᠎ᠢ 63 ᠨᠡᠮᠡᠭᠳᠡᠭᠦᠯᠵᠦ᠂  ᠨᠡᠢ᠌ᠭᠡᠮ ᠨᠡᠶ᠋ᠢᠲᠡ ᠵᠢᠨ ᠰᠠᠨᠠᠯ᠎ᠢ 1600 ᠭᠠᠷᠤᠢ ᠵᠤᠷᠪᠤᠰ ᠴᠤᠭᠯᠠᠭᠤᠯᠪᠠ;  ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠣᠷᠣᠨ ᠨᠤᠲᠤᠭ᠎ᠤᠨ ᠴᠢᠨᠠᠷᠲᠠᠢ ᠬᠠᠤᠯᠢ ᠲᠣᠭᠲᠠᠭ᠋ᠠᠯ᠎ᠤᠨ ᠲᠥᠰᠥᠯ᠎ᠢ ᠲᠤᠭᠤᠷᠪᠢᠨ ᠲᠣᠭᠲᠠᠭ᠋ᠠᠬᠤ ᠪᠠ ᠵᠠᠰᠠᠭ᠎ᠤᠨ ᠣᠷᠳᠣᠨ᠎ᠤ ᠳᠦᠷᠢᠮ ᠲᠣᠭᠲᠠᠭ᠋ᠠᠯ᠎ᠢ ᠲᠣᠭᠲᠠᠭ᠋ᠠᠬᠤ ᠲᠠᠰ ᠳᠠᠷᠠᠭ᠋ᠠᠯᠠᠯ᠎ᠤᠨ ᠲᠣᠭᠲᠠᠭ᠋ᠠᠯ᠎ᠳᠤ ᠵᠠᠰᠠᠪᠤᠷᠢ ᠣᠷᠣᠭᠤᠯᠵᠤ᠂  ᠬᠠᠤᠯᠢ ᠲᠣᠭᠲᠠᠭ᠋ᠠᠬᠤ ᠠᠵᠢᠯ᠎ᠤᠨ ᠲᠣᠭᠲᠠᠴᠠ ᠵᠢ ᠲᠡᠭᠦᠯᠳᠡᠷᠵᠢᠭᠦᠯᠦᠨ᠂  ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠦᠵᠡᠯ ᠤᠬᠠᠮᠰᠠᠷ᠎ᠢ  ᠲᠤᠭᠤᠰᠢᠯᠠᠭᠤᠯᠤᠨ ᠪᠡᠬᠢᠵᠢᠭᠦᠯᠬᠦ ᠠᠵᠢᠯ᠎ᠤᠨ ᠭᠣᠣᠯ ᠰᠢᠵᠢᠮ᠎ᠢ ᠬᠠᠤᠯᠢ  ᠲᠣᠭᠲᠠᠭ᠋ᠠᠬᠤ ᠶᠠᠪᠤᠴᠠ᠎ᠳᠤ ᠲᠤᠭᠤᠰᠢᠯᠠᠭᠤᠯᠵᠠᠢ᠃ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠠᠷ᠎ᠠ ᠬᠥᠷᠥᠰᠥ ᠵᠢ ᠬᠠᠮᠠᠭ᠋ᠠᠯᠠᠬᠤ ᠳᠦᠷᠢᠮ》  ᠵᠡᠷᠭᠡ ᠭᠣᠣᠯᠳᠠᠯᠭ᠎ᠠ᠎ᠲᠠᠢ ᠬᠠᠤᠯᠢ ᠲᠣᠭᠲᠠᠭ᠋ᠠᠯ᠎ᠢ ᠨᠡᠢ᠌ᠲᠡᠯᠡᠬᠦ ᠵᠢ ᠠᠬᠢᠭᠤᠯᠵᠤ᠂ 30 ᠬᠤᠪᠢ ᠬᠠᠤᠯᠢ ᠲᠣᠭᠲᠠᠭ᠋ᠠᠬᠤ ᠲᠥᠷᠥᠯ ᠵᠦᠢ᠍ᠯ᠎ᠢ ᠬᠢᠨᠠᠨ ᠪᠠᠢ᠌ᠴᠠᠭ᠋ᠠᠵᠤ ᠳᠠᠭᠤᠰᠬᠠᠪᠠ᠃  ᠬᠣᠶᠠᠷ᠎ᠲᠤ ᠴᠢᠬᠤᠯᠠ ᠶᠡᠬᠡ ᠵᠠᠰᠠᠭ ᠵᠠᠬᠢᠷᠭ᠋ᠠᠨ᠎ᠤ ᠰᠢᠢ᠍ᠳᠪᠦᠷᠢᠲᠦ ᠪᠣᠳᠣᠯᠭ᠎ᠠ ᠪᠠ ᠵᠠᠰᠠᠭ ᠵᠠᠬᠢᠷᠭ᠋ᠠᠨ᠎ᠤ ᠵᠢᠷᠤᠮᠵᠢᠯ᠎ᠤᠨ ᠴᠢᠨᠠᠷᠲᠠᠢ ᠪᠢᠴᠢᠭ ᠮᠠᠲ᠋ᠧᠷᠢᠶᠠᠯ᠎ᠤᠨ ᠬᠠᠮᠢᠶᠠᠷᠤᠯᠲᠠ ᠵᠢ  ᠴᠢᠩᠭ᠋ᠠᠳᠬᠠᠵᠠᠢ᠃ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠴᠢᠬᠤᠯᠠ ᠶᠡᠬᠡ ᠵᠠᠰᠠᠭ ᠵᠠᠬᠢᠷᠭ᠋ᠠᠨ᠎ᠤ ᠰᠢᠢ᠍ᠳᠪᠦᠷᠢᠲᠦ ᠪᠣᠳᠣᠯᠭ᠎ᠠ ᠵᠢᠨ ᠭᠠᠷᠴᠠᠭ᠎ᠤᠨ ᠬᠠᠮᠢᠶᠠᠷᠤᠯᠲᠠ ᠵᠢᠨ ᠠᠷᠭ᠎ᠠ》 ᠵᠢ ᠨᠡᠢ᠌ᠲᠡᠯᠡᠵᠦ᠂  ᠴᠢᠬᠤᠯᠠ ᠶᠡᠬᠡ ᠵᠠᠰᠠᠭ ᠵᠠᠬᠢᠷᠭ᠋ᠠᠨ᠎ᠤ ᠰᠢᠢ᠍ᠳᠪᠦᠷᠢᠲᠦ ᠪᠣᠳᠣᠯᠭ᠎ᠠ ᠵᠢᠨ ᠳᠠᠩᠰᠠᠯᠠᠬᠤ ᠳᠦᠷᠢᠮ᠎ᠢ ᠴᠢᠩᠭ᠎ᠠ ᠨᠠᠢ᠌ᠳᠠᠪᠤᠷᠢᠵᠢᠭᠤᠯᠤᠨ᠂  ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠲᠣᠰ ᠱᠠᠲᠤᠨ᠎ᠤ ᠵᠠᠰᠠᠭ ᠵᠠᠬᠢᠷᠭ᠋ᠠᠨ᠎ᠤ ᠵᠢᠷᠤᠮᠵᠢᠯ᠎ᠤᠨ ᠴᠢᠨᠠᠷᠲᠠᠢ ᠪᠢᠴᠢᠭ ᠮᠠᠲ᠋ᠧᠷᠢᠶᠠᠯ᠂  ᠴᠢᠬᠤᠯᠠ ᠶᠡᠬᠡ ᠵᠠᠰᠠᠭ ᠵᠠᠬᠢᠷᠭ᠋ᠠᠨ᠎ᠤ ᠰᠢᠢ᠍ᠳᠪᠦᠷᠢᠲᠦ ᠪᠣᠳᠣᠯᠭ᠎ᠠ ᠲᠣᠭᠲᠠᠭ᠋ᠠᠬᠤ᠂  ᠭᠡᠷ᠎ᠡ ᠵᠢᠨ ᠵᠥᠪᠯᠡᠯᠴᠡᠭᠡᠷ ᠵᠡᠷᠭᠡ ᠵᠢ 670 ᠬᠤᠪᠢ ᠤᠷᠢᠳᠠᠴᠢ ᠬᠠᠤᠯᠢ ᠶᠣᠰᠣᠴᠢ ᠴᠢᠨᠠᠷᠲᠠᠢ᠎ᠪᠠᠷ ᠬᠢᠨᠠᠨ ᠬᠠᠷᠭᠤᠭᠤᠯᠵᠤ᠂ 183 ᠬᠤᠪᠢ ᠴᠢᠬᠤᠯᠠ ᠶᠡᠬᠡ ᠵᠠᠰᠠᠭ ᠵᠠᠬᠢᠷᠭ᠋ᠠᠨ᠎ᠤ ᠰᠢᠢ᠍ᠳᠪᠦᠷᠢᠲᠦ ᠪᠣᠳᠣᠯᠭ᠎ᠠ ᠵᠢᠨ ᠲᠥᠷᠥᠯ ᠵᠦᠢ᠍ᠯ᠎ᠢ ᠬᠢᠨᠠᠨ ᠪᠠᠢ᠌ᠴᠠᠭ᠋ᠠᠵᠤ ᠮᠡᠳᠡᠭᠦᠯᠦᠨ ᠳᠠᠩᠰᠠᠯᠠᠭᠤᠯᠪᠠ᠃  ᠵᠠᠰᠠᠭ ᠵᠠᠬᠢᠷᠭ᠋ᠠᠨ᠎ᠤ ᠵᠢᠷᠤᠮᠵᠢᠯ᠎ᠤᠨ ᠴᠢᠨᠠᠷᠲᠠᠢ ᠪᠢᠴᠢᠭ ᠮᠠᠲ᠋ᠧᠷᠢᠶᠠᠯ᠎ᠢ ᠲᠤᠰᠬᠠᠢ ᠵᠦᠢ᠍ᠯ ᠵᠶ᠋ᠡᠷ ᠢᠯᠭ᠋ᠠᠷᠠᠭᠤᠯᠬᠤ 13 ᠡᠭᠡᠯᠵᠢ ᠤᠳᠠᠭ᠎ᠠ ᠵᠢ ᠥᠷᠨᠢᠭᠦᠯᠵᠦ᠂  ᠨᠡᠶ᠋ᠢᠲᠡ 3 ᠲᠦᠮᠡᠨ ᠬᠤᠪᠢ ᠤᠳᠠᠭ᠎ᠠ ᠵᠢᠨ ᠪᠢᠴᠢᠭ ᠮᠠᠲ᠋ᠧᠷᠢᠶᠠᠯ᠎ᠢ ᠡᠮᠬᠢᠯᠡᠨ ᠬᠢᠨᠠᠨ ᠪᠠᠢ᠌ᠴᠠᠭ᠋ᠠᠵᠤ᠂ 41 ᠬᠤᠪᠢ ᠪᠢᠴᠢᠭ ᠮᠠᠲ᠋ᠧᠷᠢᠶᠠᠯ᠎ᠳᠤ ᠵᠠᠰᠠᠪᠤᠷᠢ ᠣᠷᠣᠭᠤᠯᠵᠤ᠂ 81 ᠬᠤᠪᠢ ᠵᠢ ᠬᠦᠴᠦᠨ ᠦᠭᠡᠢ ᠪᠣᠯᠭ᠋ᠠᠭᠰᠠᠨ ᠪᠤᠶᠤ ᠬᠦᠴᠦᠨ ᠦᠭᠡᠢ ᠪᠣᠯᠭ᠋ᠠᠪᠠ᠃  ᠭᠤᠷᠪᠠ᠎ᠳᠤ ᠲᠠᠨᠭ᠌ᠰᠠᠯᠠᠵᠤ ᠬᠢᠨᠠᠨ ᠪᠠᠢ᠌ᠴᠠᠭ᠋ᠠᠬᠤ ᠵᠢ ᠵᠢᠷᠤᠮᠵᠢᠭᠤᠯᠬᠤ ᠪᠠᠢ᠌ᠭᠤᠯᠤᠯᠲᠠ ᠵᠢ ᠲᠦᠯᠬᠢᠨ  ᠠᠬᠢᠭᠤᠯᠵᠠᠢ᠃  ᠵᠠᠰᠠᠭ ᠵᠠᠬᠢᠷᠭ᠋ᠠᠨ᠎ᠤ ᠵᠢᠷᠤᠮᠵᠢᠯ᠎ᠤᠨ ᠴᠢᠨᠠᠷᠲᠠᠢ ᠪᠢᠴᠢᠭ ᠮᠠᠲ᠋ᠧᠷᠢᠶᠠᠯ᠎ᠢ ᠳᠠᠨᠭ᠌ᠰᠠᠯᠠᠵᠤ ᠬᠢᠨᠠᠨ ᠪᠠᠢ᠌ᠴᠠᠭ᠋ᠠᠬᠤ ᠠᠵᠢᠯ᠎ᠤᠨ ᠵᠢᠯᠤᠭᠣᠳᠬᠤ ᠰᠠᠨᠠᠯ᠎ᠢ ᠲᠣᠭᠲᠠᠭ᠋ᠠᠵᠤ᠂  ᠳᠠᠩᠰᠠᠯᠠᠬᠤ ᠬᠡᠪᠴᠢᠶ᠎ᠡ ᠪᠠ ᠵᠢᠷᠤᠮ᠎ᠢ ᠲᠣᠳᠣᠷᠬᠠᠢ᠌ᠯᠠᠨ᠂  ᠬᠢᠨᠠᠨ ᠪᠠᠢ᠌ᠴᠠᠭ᠋ᠠᠬᠤ ᠪᠠᠷᠢᠮᠵᠢᠶ᠎ᠠ ᠵᠢ ᠨᠠᠷᠢᠯᠢᠭᠵᠢᠭᠤᠯᠤᠨ᠂  ᠪᠦᠬᠦ ᠵᠢᠯ᠎ᠳᠤ 610 ᠬᠤᠪᠢ ᠵᠠᠰᠠᠭ ᠵᠠᠬᠢᠷᠭ᠋ᠠᠨ᠎ᠤ ᠵᠢᠷᠤᠮᠵᠢᠯ᠎ᠤᠨ ᠴᠢᠨᠠᠷᠲᠠᠢ ᠪᠢᠴᠢᠭ ᠮᠠᠲ᠋ᠧᠷᠢᠶᠠᠯ᠎ᠢ ᠳᠠᠨᠭ᠌ᠰᠠᠯᠠᠵᠤ ᠬᠢᠨᠠᠨ ᠪᠠᠢ᠌ᠴᠠᠭ᠋ᠠᠪᠠ᠃ 

      ᠳᠥᠷᠪᠡ᠂  ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠦᠯᠲᠡ᠎ᠳᠤ ᠬᠢᠨᠠᠯᠲᠠ ᠲᠠᠯᠪᠢᠬᠤ ᠵᠢ ᠬᠦᠴᠦᠯᠡᠨ  ᠴᠢᠩᠭ᠋ᠠᠳᠬᠠᠵᠠᠢ᠃  ᠴᠢᠩᠭ᠎ᠠ ᠵᠢᠷᠤᠮᠵᠢᠭᠤᠨ ᠲᠥᠪ ᠭᠣᠣᠯᠴᠢ ᠪᠣᠯᠪᠠᠰᠤᠨ ᠵᠶ᠋ᠠᠷ ᠬᠠᠤᠯᠢ ᠬᠡᠷᠡᠭᠵᠢᠭᠦᠯᠬᠦ ᠵᠢ ᠪᠦᠬᠦ ᠲᠠᠯ᠎ᠠ᠎ᠪᠠᠷ ᠲᠦᠯᠬᠢᠨ ᠠᠬᠢᠭᠤᠯᠵᠤ᠂  ᠬᠠᠤᠯᠢ ᠬᠡᠷᠡᠭᠵᠢᠭᠦᠯᠬᠦ ᠠᠵᠢᠯᠯᠠᠭ᠎ᠠ ᠨᠢᠭᠡᠪᠦᠷᠢ ᠵᠢᠨ ᠳᠤᠮᠳᠠ᠎ᠠᠴᠠ ᠠᠷᠠᠳ ᠤᠯᠠᠨ᠎ᠳᠤ ᠴᠥᠮ ᠲᠥᠪ ᠴᠢᠬᠡᠴᠢ ᠬᠡᠪ ᠰᠤᠷᠲᠠᠯ᠎ᠢ ᠬᠠᠷᠠᠭᠤᠯᠵᠤ᠂  ᠬᠠᠤᠯᠢ ᠬᠡᠷᠡᠭᠵᠢᠭᠦᠯᠬᠦ ᠲᠣᠭᠲᠠᠭ᠋ᠠᠯ ᠨᠢᠭᠡᠪᠦᠷᠢ ᠵᠢᠨ ᠳᠤᠮᠳᠠ᠎ᠠᠴᠠ ᠴᠥᠮ ᠲᠥᠪ ᠭᠣᠣᠯᠴᠢ ᠰᠢᠳᠤᠷᠭᠤ ᠶᠣᠰᠣ ᠵᠢ ᠮᠡᠳᠡᠷᠡᠭᠦᠯᠬᠦ᠎ᠪᠠᠷ  ᠴᠢᠷᠮᠠᠢ᠌ᠵᠠᠢ᠃  ᠨᠢᠭᠡ᠎ᠳᠤ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠦᠯᠲᠡ ᠵᠢ ᠵᠣᠬᠢᠴᠠᠭᠤᠯᠤᠨ ᠬᠢᠨᠠᠬᠤ ᠰᠢᠰᠲ᠋ᠧᠮ᠎ᠤᠨ ᠪᠠᠢ᠌ᠭᠤᠯᠤᠯᠲᠠ ᠵᠢ  ᠲᠦᠷᠭᠡᠳᠬᠡᠵᠡᠢ᠃  ᠥᠪᠡᠷᠲᠡᠭᠡᠨ ᠵᠠᠰᠠᠬᠤ ᠣᠷᠣᠨ᠂  ᠠᠢ᠌ᠮᠠᠭ ᠬᠣᠲᠠ᠂  ᠬᠣᠰᠢᠭᠤ ᠰᠢᠶᠠᠨ (ᠬᠣᠲᠠ᠂  ᠲᠣᠭᠣᠷᠢᠭ)᠎ᠳᠤ ᠴᠥᠮ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ᠎ᠳᠤ ᠬᠢᠨᠠᠯᠲᠠ ᠲᠠᠯᠪᠢᠬᠤ ᠲᠤᠰᠬᠠᠢ ᠲᠤᠰᠢᠶᠠᠯᠲᠤ ᠪᠠᠢ᠌ᠭᠤᠯᠤᠮᠵᠢ ᠵᠢ ᠪᠠᠢ᠌ᠭᠤᠯᠵᠤ᠂  ᠲᠤᠰᠬᠠᠢ ᠲᠤᠰᠢᠶᠠᠯᠲᠤ ᠬᠢᠨᠠᠯᠲᠠ ᠲᠠᠯᠪᠢᠬᠤ ᠠᠵᠢᠯᠲᠠᠨ᠎ᠢ 308  ᠲᠣᠬᠢᠷᠠᠭᠤᠯᠵᠠᠢ; ᠥᠪᠡᠷᠲᠡᠭᠡᠨ ᠵᠠᠰᠠᠬᠤ ᠣᠷᠣᠨ᠂  ᠠᠢ᠌ᠮᠠᠭ ᠬᠣᠲᠠ᠂  ᠬᠣᠰᠢᠭᠤ ᠰᠢᠶᠠᠨ (ᠬᠣᠲᠠ᠂  ᠲᠣᠭᠣᠷᠢᠭ)᠂  ᠰᠤᠮᠤ ᠰᠢᠶᠠᠩ ᠪᠠᠯᠭ᠋ᠠᠰᠤ (ᠵᠡᠭᠡᠯᠢ ᠭᠤᠳᠤᠮᠵᠢ) ᠳᠥᠷᠪᠡᠨ ᠱᠠᠲᠤ ᠵᠢ ᠬᠠᠮᠤᠷᠤᠭᠰᠠᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠵᠢ ᠵᠣᠬᠢᠴᠠᠭᠤᠯᠤᠨ ᠬᠢᠨᠠᠯᠲᠠ ᠲᠠᠯᠪᠢᠬᠤ ᠠᠵᠢᠯ᠎ᠤᠨ ᠰᠢᠰᠲ᠋ᠧᠮᠵᠢ ᠵᠢ ᠦᠨᠳᠦᠰᠦᠨ᠎ᠳᠡᠭᠡᠨ ᠪᠠᠢ᠌ᠭᠤᠯᠤᠨ ᠪᠦᠲᠦᠭᠡᠪᠡ᠃  ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠦᠯᠲᠡ᠎ᠳᠤ ᠬᠢᠨᠠᠯᠲᠠ ᠲᠠᠯᠪᠢᠬᠤ ᠠᠷᠭ᠎ᠠ ᠵᠠᠮ᠎ᠢ ᠥᠷᠭᠡᠳᠬᠡᠵᠦ᠂  ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠦᠯᠲᠡ᠎ᠳᠤ ᠬᠢᠨᠠᠯᠲᠠ ᠲᠠᠯᠪᠢᠬᠤ ᠪᠠ 12345 ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠠᠷᠠᠳ᠎ᠲᠤ ᠳᠦᠭᠦᠮ ᠦᠵᠡᠭᠦᠯᠬᠦ  ᠬᠠᠯᠠᠮᠰᠢᠯ ᠤᠲᠠᠰᠤᠨ᠎ᠤ ᠬᠠᠮᠲᠤᠷᠠᠯᠴᠠᠭ᠋ᠠᠨ᠎ᠤ ᠲᠣᠭᠲᠠᠴᠠ ᠵᠢ ᠪᠠᠢ᠌ᠭᠤᠯᠵᠤ᠂ 10537 ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠦᠯᠲᠡ ᠵᠢᠨ ᠨᠡᠢ᠌ᠭᠡᠮ᠎ᠤᠨ ᠬᠢᠨᠠᠯᠲᠠ ᠲᠠᠯᠪᠢᠭᠴᠢ ᠵᠢ ᠰᠣᠩᠭᠣᠨ ᠤᠷᠢᠪᠠ᠃  ᠬᠣᠶᠠᠷ᠎ᠲᠤ ᠶᠡᠷᠦᠩᠬᠡᠢ᠌ᠯᠡᠭᠰᠡᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠦᠯᠲᠡ ᠵᠢ   ᠵᠢᠷᠤᠮᠵᠢᠭᠤᠯᠵᠠᠢ᠃  ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠶᠠᠰᠤ ᠴᠢᠨᠠᠷ᠎ᠢ ᠳᠡᠭᠡᠭᠰᠢᠯᠡᠭᠦᠯᠬᠦ ᠭᠤᠷᠪᠠᠨ ᠵᠢᠯ᠎ᠤᠨ ᠠᠵᠢᠯᠯᠠᠭ᠎ᠠ ᠵᠢ ᠭᠦᠨᠵᠡᠭᠡᠢ ᠬᠡᠷᠡᠭᠵᠢᠭᠦᠯᠵᠦ᠂  ᠵᠠᠰᠠᠭ ᠵᠠᠬᠢᠷᠭ᠋ᠠᠨ᠎ᠤ ᠲᠠᠰᠤᠯᠤᠯᠲᠠ ᠵᠢᠨ ᠡᠷᠬᠡ ᠵᠢᠨ ᠰᠠᠭᠤᠷᠢ ᠪᠠᠷᠢᠮᠵᠢᠶ᠎ᠠ ᠵᠢᠨ ᠳᠦᠷᠢᠮ᠎ᠢ ᠪᠥᠬᠥ ᠲᠠᠯ᠎ᠠ᠎ᠪᠠᠷ ᠨᠠᠢ᠌ᠳᠠᠪᠤᠷᠢᠵᠢᠭᠤᠯᠤᠨ᠂  ᠥᠪᠡᠷᠲᠡᠭᠡᠨ ᠵᠠᠰᠠᠬᠤ ᠣᠷᠣᠨ᠎ᠤ 26 ᠵᠠᠰᠠᠭ ᠵᠠᠬᠢᠷᠭ᠋ᠠᠨ᠎ᠤ ᠪᠠᠢ᠌ᠭᠤᠯᠭ᠎ᠠ᠎ᠨᠢ ᠵᠠᠰᠠᠭ ᠵᠠᠬᠢᠷᠭ᠋ᠠᠨ᠎ᠤ ᠲᠠᠰᠤᠯᠤᠯᠲᠠ ᠵᠢᠨ ᠡᠷᠬᠡ ᠵᠢᠨ ᠰᠠᠭᠤᠷᠢ ᠪᠠᠷᠢᠮᠵᠢᠶ᠎ᠠ ᠵᠢ ᠪᠠᠢ᠌ᠭᠤᠯᠵᠤ᠂ 1431 ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠵᠦᠢ᠍ᠯᠡᠰ᠎ᠢ ᠪᠣᠶ ᠪᠣᠯᠭ᠋ᠠᠵᠤ᠂  ᠰᠤᠮᠤ ᠰᠢᠶᠠᠩ ᠪᠠᠯᠭ᠋ᠠᠰᠤ (ᠵᠡᠭᠡᠯᠢ ᠭᠤᠳᠤᠮᠵᠢ) ᠵᠢᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠵᠦᠢ᠍ᠯᠡᠰ᠎ᠢ 56 ᠵᠦᠢ᠍ᠯ ᠪᠣᠯᠭ᠋ᠠᠨ ᠰᠢᠯᠢᠳᠡᠭᠵᠢᠭᠦᠯᠦᠨ ᠲᠣᠬᠢᠷᠠᠭᠤᠯᠵᠤ᠂ 《ᠨᠢᠭᠡ ᠰᠤᠮᠤ ᠰᠢᠶᠠᠩ ᠪᠠᠯᠭ᠋ᠠᠰᠤ᠎ᠳᠤ ᠨᠢᠭᠡ ᠨᠠᠷᠢᠨ ᠲᠠᠩᠰᠠ》  ᠪᠠᠢ᠌ᠬᠤ ᠵᠢ ᠪᠡᠶᠡᠯᠡᠭᠦᠯᠪᠡ᠃ 《ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠦᠯᠲᠡ ᠬᠢᠭᠡᠳ ᠡᠷᠡᠭᠦᠦ ᠵᠢᠨ ᠬᠡᠷᠡᠭ᠎ᠤᠨ ᠬᠠᠤᠯᠢ  ᠴᠠᠭ᠋ᠠᠵᠠ ᠵᠢ ᠵᠣᠯᠭ᠋ᠠᠭᠤᠯᠬᠤ ᠠᠵᠢᠯ᠎ᠢ ᠤᠯᠠᠮ ᠨᠢᠭᠡ ᠠᠯᠬᠤᠮ ᠴᠢᠩᠭ᠋ᠠᠳᠬᠠᠬᠤ ᠲᠤᠬᠠᠢ ᠰᠠᠨᠠᠯ》᠎ᠢ ᠲᠣᠭᠲᠠᠭ᠋ᠠᠵᠤ᠂  ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠦᠯᠲᠡ ᠬᠢᠭᠡᠳ ᠡᠷᠡᠭᠦᠦ ᠵᠢᠨ ᠬᠡᠷᠡᠭ᠎ᠤᠨ ᠬᠠᠤᠯᠢ  ᠴᠠᠭ᠋ᠠᠵᠠ ᠵᠢ ᠵᠣᠯᠭ᠋ᠠᠭᠤᠯᠬᠤ ᠲᠣᠭᠲᠠᠴᠠ ᠵᠢ ᠲᠡᠭᠦᠯᠳᠡᠷᠵᠢᠭᠦᠯᠪᠡ᠃  ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠠᠵᠢᠯᠲᠠᠨ᠎ᠤ ᠦᠨᠡᠮᠯᠡᠯ᠎ᠲᠠᠢ᠎ᠪᠠᠷ ᠠᠵᠢᠯ᠎ᠤᠨ ᠪᠠᠢ᠌ᠷᠢ᠎ᠳᠤ ᠭᠠᠷᠬᠤ ᠳᠦᠷᠢᠮ᠎ᠢ ᠴᠢᠩᠭ᠎ᠠ ᠨᠠᠢ᠌ᠳᠠᠪᠤᠷᠢᠵᠢᠭᠤᠯᠵᠤ᠂  ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠡᠯᠧᠺᠲᠷᠣᠨ ᠦᠨᠡᠮᠯᠡᠯ᠎ᠢ 10626 ᠣᠯᠭᠣᠪᠠ᠃  ᠭᠤᠷᠪᠠ᠎ᠳᠤ ᠭᠣᠣᠯᠳᠠᠯᠭ᠎ᠠ᠎ᠲᠠᠢ ᠬᠦᠷᠢᠶᠡᠨ᠎ᠳᠠᠬᠢ ᠵᠠᠰᠠᠭ ᠵᠠᠬᠢᠷᠭ᠋ᠠᠨ᠎ᠤ ᠬᠠᠤᠯᠢ  ᠬᠡᠷᠡᠭᠵᠢᠭᠦᠯᠬᠦ ᠵᠢ ᠴᠢᠩᠭ᠋ᠠᠳᠬᠠᠵᠠᠢ᠃ ᠠᠷᠠᠳ᠎ᠤᠨ ᠠᠮᠢᠳᠤᠷᠠᠯ᠎ᠤᠨ ᠬᠦᠷᠢᠶᠡᠨ᠎ᠳᠠᠬᠢ 《ᠬᠠᠮ  ᠨᠢᠳᠤᠷᠭ᠎ᠠ》 ᠵᠢᠨ ᠠᠵᠢᠯᠯᠠᠭ᠎ᠠ ᠵᠢ ᠥᠷᠨᠢᠭᠦᠯᠵᠦ᠂ 1.5 ᠲᠦᠮᠡᠨ ᠬᠤᠪᠢ ᠬᠡᠷᠡᠭ᠎ᠢ ᠪᠠᠢ᠌ᠴᠠᠭ᠋ᠠᠨ ᠰᠢᠢ᠍ᠳᠪᠦᠷᠢᠯᠡᠪᠡ᠃  ᠠᠶᠤᠯᠭᠦᠢ ᠦᠢ᠍ᠯᠡᠳᠪᠦᠷᠢᠯᠡᠯ᠎ᠤᠨ ᠬᠠᠤᠯᠢ ᠬᠡᠷᠡᠭᠵᠢᠭᠦᠯᠦᠯᠲᠡ ᠵᠢᠨ ᠪᠠᠢ᠌ᠴᠠᠭ᠋ᠠᠯᠲᠠ ᠵᠢ ᠥᠷᠨᠢᠭᠦᠯᠵᠦ᠂  ᠵᠠᠷᠯᠢᠭᠳᠠᠵᠤ ᠪᠠᠢ᠌ᠭ᠋ᠠᠳ ᠴᠡᠭᠴᠡᠯᠡᠨ ᠥᠭᠡᠷᠡᠴᠢᠯᠡᠭᠦᠯᠬᠦ ᠮᠡᠳᠡᠭᠳᠡᠯ᠎ᠤᠨ ᠪᠢᠴᠢᠭ᠎ᠢ 13031 ᠬᠤᠪᠢ ᠪᠠᠭᠤᠯᠭ᠋ᠠᠪᠠ᠃ 《ᠭᠤᠷᠪᠠᠨ ᠮᠤᠵᠢ ᠨᠢᠭᠡ ᠣᠷᠣᠨ》᠎ᠤ ᠬᠡᠮᠵᠢᠶ᠎ᠡ᠎ᠠᠴᠠ ᠬᠡᠲᠦᠷᠡᠲᠡᠯ᠎ᠡ ᠠᠴᠢᠶᠠᠯᠠᠬᠤ ᠵᠢ ᠬᠠᠮᠲᠤᠷᠠᠨ ᠵᠠᠰᠠᠬᠤ ᠵᠢ ᠬᠡᠷᠡᠭᠵᠢᠭᠦᠯᠵᠦ᠂ 《ᠵᠠᠭᠤᠨ ᠲᠣᠨ᠎ᠤ

ᠸᠠᠩ》᠎ᠤᠨ ᠬᠡᠮᠵᠢᠶ᠎ᠡ ᠳᠠᠭ᠋ᠠᠭ᠋ᠠᠴᠠ᠎ᠠᠴᠠ ᠬᠡᠲᠦᠷᠡᠲᠡᠯ᠎ᠡ ᠠᠴᠢᠶᠠᠯᠠᠭᠰᠠᠨ 3238 ᠲᠡᠷᠭᠡ ᠵᠢ ᠪᠠᠢ᠌ᠴᠠᠭ᠋ᠠᠨ ᠰᠢᠢ᠍ᠳᠪᠦᠷᠢᠯᠡᠪᠡ᠃  ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠬᠦᠷᠢᠶᠡᠨ᠎ᠳᠠᠬᠢ ᠠᠵᠤ ᠠᠬᠤᠢ᠌ᠯᠠᠯ᠎ᠳᠤ ᠬᠣᠯᠪᠣᠭᠳᠠᠭᠰᠠᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠦᠯᠲᠡ ᠵᠢᠨ ᠪᠠᠢ᠌ᠴᠠᠭ᠋ᠠᠯᠲᠠ ᠵᠢ 6511 ᠪᠦᠯᠦᠭ ᠤᠳᠠᠭ᠎ᠠ ᠥᠷᠨᠢᠭᠦᠯᠵᠦ᠂  ᠠᠳᠠᠯᠢ ᠬᠤᠭᠤᠴᠠᠭ᠋ᠠᠨ᠎ᠤ᠎ᠬᠢ᠎ᠠᠴᠠ 756 ᠪᠦᠯᠦᠭ ᠤᠳᠠᠭ᠎ᠠ ᠪᠠᠭ᠋ᠠᠰᠪᠠ᠃  ᠠᠵᠤ ᠠᠬᠤᠢ᠌ᠯᠠᠯ᠎ᠳᠤ ᠬᠣᠯᠪᠣᠭᠳᠠᠭᠰᠠᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠦᠯᠲᠡ᠎ᠳᠤ ᠲᠤᠰᠬᠠᠢ ᠬᠢᠨᠠᠯᠲᠠ ᠲᠠᠯᠪᠢᠬᠤ ᠠᠵᠢᠯ᠎ᠢ ᠥᠷᠨᠢᠭᠦᠯᠵᠦ᠂  ᠠᠵᠤ ᠠᠬᠤᠢ᠌ᠯᠠᠯ᠎ᠳᠤ ᠬᠣᠯᠪᠣᠭᠳᠠᠭᠰᠠᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠦᠯᠲᠡ ᠵᠢᠨ 359 ᠠᠰᠠᠭᠤᠳᠠᠯ᠎ᠢ ᠴᠡᠭᠴᠡᠯᠡᠨ ᠰᠠᠢ᠌ᠵᠢᠷᠠᠭᠤᠯᠪᠠ᠃ 

      ᠲᠠᠪᠤ᠂  ᠭᠡᠨᠡᠳᠲᠡ ᠵᠢᠨ ᠬᠡᠷᠡᠭ᠎ᠢ ᠠᠷᠭ᠋ᠠᠴᠠᠬᠤ ᠰᠢᠰᠲ᠋ᠧᠮ᠎ᠢ ᠲᠦᠷᠭᠡᠪᠴᠢᠯᠡᠨ  ᠲᠡᠭᠦᠯᠳᠡᠷᠵᠢᠭᠦᠯᠵᠡᠢ᠃  ᠬᠠᠤᠯᠢ᠎ᠪᠠᠷ ᠵᠠᠰᠠᠬᠤ ᠰᠡᠳᠬᠢᠬᠦᠢ ᠪᠠ ᠬᠠᠤᠯᠢ᠎ᠪᠠᠷ ᠵᠠᠰᠠᠬᠤ ᠠᠷᠭ᠎ᠠ ᠮᠠᠶᠢᠭ᠎ᠢ ᠬᠡᠷᠡᠭᠯᠡᠨ ᠭᠡᠨᠡᠳᠲᠡ ᠵᠢᠨ ᠬᠡᠷᠡᠭ᠎ᠢ ᠠᠷᠭ᠋ᠠᠴᠠᠬᠤ ᠵᠢ ᠪᠠᠷᠢᠮᠲᠠᠯᠠᠵᠤ᠂  ᠤᠯᠠᠨ ᠨᠡᠶ᠋ᠢᠲᠡ ᠵᠢᠨ ᠠᠮᠤᠷ ᠲᠦᠪᠰᠢᠨ᠎ᠤ ᠵᠠᠰᠠᠯᠲᠠ ᠵᠢᠨ ᠬᠢᠷᠢ ᠲᠦᠪᠰᠢᠨ᠎ᠢ ᠲᠠᠰᠤᠷᠠᠯᠳᠠ ᠦᠭᠡᠢ ᠳᠡᠭᠡᠭᠰᠢᠯᠡᠭᠦᠯᠵᠦ᠂  ᠠᠷᠠᠳ ᠤᠯᠠᠨ᠎ᠤ ᠠᠮᠢ ᠨᠠᠰᠤ ᠡᠳ᠋ ᠬᠥᠷᠥᠩᠭᠡ ᠵᠢᠨ ᠠᠮᠤᠷ ᠲᠦᠪᠰᠢᠨ᠎ᠢ ᠪᠦᠬᠦ ᠬᠦᠴᠦ᠎ᠪᠠᠷ ᠵᠶ᠋ᠡᠨ  ᠬᠠᠮᠠᠭ᠋ᠠᠯᠠᠵᠠᠢ᠃  ᠨᠢᠭᠡ᠎ᠳᠤ ᠪᠠᠴᠢᠮ ᠪᠠᠢ᠌ᠳᠠᠯ᠎ᠢ ᠠᠷᠭ᠋ᠠᠴᠠᠬᠤ ᠪᠡᠯᠡᠳᠬᠡᠯ ᠲᠥᠰᠥᠯ᠎ᠤᠨ ᠰᠢᠰᠲ᠋ᠧᠮ᠎ᠤᠨ ᠪᠠᠢ᠌ᠭᠤᠯᠤᠯᠲᠠ ᠵᠢ  ᠴᠢᠩᠭ᠋ᠠᠳᠬᠠᠵᠠᠢ᠃  ᠥᠪᠡᠷᠲᠡᠭᠡᠨ ᠵᠠᠰᠠᠬᠤ ᠣᠷᠣᠨ᠂  ᠠᠢ᠌ᠮᠠᠭ ᠬᠣᠲᠠ᠂  ᠬᠣᠰᠢᠭᠤ ᠰᠢᠶᠠᠨ (ᠬᠣᠲᠠ᠂  ᠲᠣᠭᠣᠷᠢᠭ)᠎ᠤ ᠭᠤᠷᠪᠠᠨ ᠱᠠᠲᠤᠨ᠎ᠤ ᠪᠠᠴᠢᠮ ᠪᠠᠢ᠌ᠳᠠᠯ᠎ᠢ ᠠᠷᠭ᠋ᠠᠴᠠᠬᠤ ᠪᠡᠯᠡᠳᠬᠡᠯ ᠲᠥᠰᠥᠯ᠎ᠳᠤ ᠵᠠᠰᠠᠪᠤᠷᠢ ᠣᠷᠣᠭᠤᠯᠵᠤ᠂  ᠪᠠᠢ᠌ᠭ᠋ᠠᠯᠢ ᠵᠢᠨ ᠭᠠᠮᠰᠢᠭ᠂  ᠠᠨᠠᠭ᠋ᠠᠬᠤ ᠤᠬᠠᠭ᠋ᠠᠨ᠎ᠤ ᠠᠪᠤᠷᠠᠨ ᠲᠤᠰᠠᠯᠠᠬᠤ ᠵᠢᠨ ᠬᠡᠷᠡᠭᠵᠢᠭᠦᠯᠬᠦ ᠲᠥᠰᠥᠯ ᠪᠠ ᠡᠨᠳᠡᠯ᠎ᠤᠨ ᠭᠠᠢ ᠭᠠᠮᠰᠢᠭ᠎ᠢ ᠱᠠᠲᠤ ᠬᠤᠪᠢᠶᠠᠨ ᠠᠷᠭ᠋ᠠᠴᠠᠬᠤ ᠵᠡᠷᠭᠡ ᠬᠡᠷᠡᠭᠵᠢᠭᠦᠯᠬᠦ ᠠᠷᠭ᠎ᠠ ᠵᠢ ᠨᠡᠢ᠌ᠲᠡᠯᠡᠵᠦ᠂  ᠬᠦᠨᠳᠦ ᠶᠡᠬᠡ ᠠᠮᠤᠷ ᠲᠦᠪᠰᠢᠨ᠎ᠤ ᠲᠦᠭᠰᠢᠭᠦᠷᠢ ᠵᠢ ᠰᠡᠷᠭᠡᠢ᠌ᠯᠡᠨ ᠠᠷᠢᠯᠭ᠋ᠠᠬᠤ ᠬᠠᠮᠵᠢᠯᠴᠠᠬᠤ ᠲᠣᠭᠲᠠᠴᠠ᠂  ᠭᠠᠮᠰᠢᠭ᠎ᠤᠨ ᠡᠨᠳᠡᠯ᠎ᠢ ᠠᠷᠭ᠋ᠠᠴᠠᠨ ᠰᠢᠢ᠍ᠳᠪᠦᠷᠢᠯᠡᠬᠦ ᠲᠤᠬᠠᠢ ᠵᠢᠨ ᠲᠠᠯᠠᠪᠤᠷ᠎ᠤᠨ ᠵᠢᠯᠣᠭᠣᠳᠤᠨ ᠵᠣᠬᠢᠴᠠᠭᠤᠯᠬᠤ ᠲᠣᠭᠲᠠᠴᠠ ᠵᠢ  ᠪᠦᠷᠢᠨᠰᠢᠭᠦᠯᠵᠡᠢ᠃  ᠬᠣᠶᠠᠷ᠎ᠲᠤ ᠦᠨᠳᠦᠰᠦᠨ ᠱᠠᠲᠤᠨ᠎ᠤ ᠪᠠᠴᠢᠮ ᠪᠠᠢ᠌ᠳᠠᠯ᠎ᠢ ᠠᠷᠭ᠋ᠠᠴᠠᠬᠤ ᠴᠢᠳᠠᠪᠤᠷᠢ ᠵᠢᠨ ᠪᠠᠢ᠌ᠭᠤᠯᠤᠯᠲᠠ ᠵᠢ  ᠴᠢᠩᠭ᠋ᠠᠳᠬᠠᠵᠠᠢ᠃  ᠦᠨᠳᠦᠰᠦᠨ ᠱᠠᠲᠤᠨ᠎ᠤ ᠪᠠᠴᠢᠮ ᠪᠠᠢ᠌ᠳᠠᠯ᠎ᠢ ᠠᠷᠭ᠋ᠠᠴᠠᠬᠤ ᠬᠠᠮᠢᠶᠠᠷᠤᠯᠲᠠ ᠵᠢᠨ ᠰᠢᠰᠲ᠋ᠧᠮᠵᠢ ᠪᠣᠯᠣᠨ ᠴᠢᠳᠠᠪᠤᠷᠢ ᠵᠢᠨ ᠪᠠᠢ᠌ᠭᠤᠯᠤᠯᠲᠠ ᠵᠢᠨ ᠲᠤᠷᠰᠢᠯᠲᠠ ᠵᠢᠨ  ᠴᠡᠭ᠎ᠤᠨ ᠠᠵᠢᠯ᠎ᠢ ᠠᠬᠢᠭᠤᠯᠵᠤ᠂  ᠲᠤᠷᠰᠢᠯᠲᠠ ᠵᠢᠨ ᠴᠢᠭ᠋᠎ᠤᠨ ᠰᠤᠮᠤ ᠰᠢᠶᠠᠩ ᠪᠠᠯᠭ᠋ᠠᠰᠤ ᠵᠢ 38  ᠲᠣᠭᠲᠠᠭ᠋ᠠᠵᠠᠢ᠃  ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠪᠠᠴᠢᠮ ᠪᠠᠢ᠌ᠳᠠᠯ᠎ᠢ ᠠᠷᠭ᠋ᠠᠴᠠᠵᠤ ᠠᠪᠤᠷᠠᠨ ᠲᠤᠰᠠᠯᠠᠬᠤ ᠲᠤᠰᠬᠠᠢ ᠡᠩᠨᠡᠭᠡ ᠵᠢ 21 ᠰᠢᠨ᠎ᠡ᠎ᠪᠠᠷ ᠪᠠᠢ᠌ᠭᠤᠯᠵᠤ᠂  ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠪᠠᠢ᠌ᠭ᠋ᠠᠯᠢ ᠵᠢᠨ ᠭᠠᠮᠰᠢᠭ᠂  ᠠᠶᠤᠯ ᠦᠭᠡᠢ ᠦᠢ᠍ᠯᠡᠳᠪᠦᠷᠢᠯᠡᠯ᠎ᠤᠨ ᠲᠥᠷᠥᠯ᠎ᠤᠨ ᠪᠠᠴᠢᠮ ᠪᠠᠢ᠌ᠳᠠᠯ᠎ᠢ ᠠᠷᠭ᠋ᠠᠴᠠᠵᠤ ᠠᠪᠤᠷᠠᠨ ᠲᠤᠰᠠᠯᠠᠬᠤ ᠲᠤᠰᠬᠠᠢ ᠡᠩᠨᠡᠭᠡ ᠵᠢ ᠨᠡᠶ᠋ᠢᠲᠡ 49 ᠵᠣᠬᠢᠶᠠᠨ ᠪᠠᠢ᠌ᠭᠤᠯᠵᠤ᠂  ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠡᠮᠨᠡᠯᠭᠡ ᠵᠢᠨ ᠬᠣᠷᠢᠶ᠎ᠠ ᠵᠢᠨ ᠤᠯᠤᠰ᠎ᠤᠨ ᠠᠨᠠᠭ᠋ᠠᠬᠤ ᠤᠬᠠᠭ᠋ᠠᠨ᠎ᠤ ᠪᠠᠴᠢᠮ ᠠᠪᠤᠷᠠᠨ ᠲᠤᠰᠠᠯᠠᠬᠤ ᠠᠩᠭᠢ  ᠵᠢ ᠵᠣᠬᠢᠶᠠᠨ ᠪᠠᠢ᠌ᠭᠤᠯᠵᠤ᠂  ᠪᠠᠴᠢᠮ ᠪᠠᠢ᠌ᠳᠠᠯ᠎ᠢ ᠠᠷᠭ᠋ᠠᠴᠠᠵᠤ ᠠᠪᠤᠷᠠᠨ ᠲᠤᠰᠠᠯᠠᠬᠤ ᠴᠢᠳᠠᠪᠤᠷᠢ ᠵᠢ ᠲᠠᠰᠤᠷᠠᠯᠲᠠ ᠦᠭᠡᠢ ᠴᠢᠩᠭ᠋ᠠᠳᠬᠠᠪᠠ᠃  ᠭᠤᠷᠪᠠ᠎ᠳᠤ ᠦᠨᠳᠦᠰᠦᠨ ᠱᠠᠲᠤᠨ᠎ᠤ ᠵᠣᠬᠢᠶᠠᠨ ᠪᠠᠢ᠌ᠭᠤᠯᠤᠯᠲᠠ ᠪᠠ ᠨᠡᠢ᠌ᠭᠡᠮ᠎ᠤᠨ ᠬᠦᠴᠦᠨ᠎ᠢ ᠬᠥᠲᠥᠯᠥᠨ ᠵᠢᠯᠤᠭᠣᠳᠴᠤ ᠪᠠᠢ᠌ᠭ᠋ᠠᠳ ᠭᠡᠨᠡᠳᠲᠡ ᠵᠢᠨ ᠬᠡᠷᠡᠭ᠎ᠢ ᠠᠷᠭ᠋ᠠᠴᠠᠬᠤ᠎ᠳᠤ  ᠣᠷᠣᠯᠴᠠᠭᠤᠯᠵᠠᠢ᠃  ᠰᠤᠮᠤ ᠰᠢᠶᠠᠩ ᠪᠠᠯᠭ᠋ᠠᠰᠤ (ᠵᠡᠭᠡᠯᠢ ᠭᠤᠳᠤᠮᠵᠢ)᠂  ᠭᠠᠴᠠᠭ᠎ᠠ ᠲᠣᠰᠬᠣᠨ (ᠨᠡᠢ᠌ᠭᠡᠮ ᠲᠣᠭᠣᠷᠢᠭ)᠎ᠤ ᠪᠠᠴᠢᠮ ᠪᠠᠢ᠌ᠳᠠᠯ᠎ᠢ ᠠᠷᠭ᠋ᠠᠴᠠᠨ ᠰᠢᠢ᠍ᠳᠪᠦᠷᠢᠯᠡᠬᠦ ᠵᠣᠬᠢᠶᠠᠨ ᠪᠠᠢ᠌ᠭᠤᠯᠤᠯᠲᠠ ᠵᠢᠨ ᠰᠢᠰᠲ᠋ᠧᠮᠵᠢ ᠵᠢ ᠲᠡᠭᠦᠯᠳᠡᠷᠵᠢᠭᠦᠯᠵᠦ᠂  ᠭᠠᠴᠠᠭ᠎ᠠ ᠲᠣᠰᠬᠣᠨ (ᠨᠡᠢ᠌ᠭᠡᠮ ᠲᠣᠭᠣᠷᠢᠭ)᠎ᠤ ᠭᠡᠨᠡᠳᠲᠡ ᠵᠢᠨ ᠬᠡᠷᠡᠭ᠎ᠢ ᠤᠷᠢᠳᠴᠢᠯᠠᠨ ᠰᠡᠷᠭᠡᠢ᠌ᠯᠡᠬᠦ ᠪᠠ ᠠᠷᠭ᠋ᠠᠴᠠᠬᠤ᠎ᠳᠤ ᠬᠠᠤᠯᠢ ᠶᠣᠰᠣᠭ᠋ᠠᠷ ᠣᠷᠣᠯᠴᠠᠬᠤ ᠵᠢ  ᠠᠬᠢᠭᠤᠯᠵᠠᠢ᠃  ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ᠂  ᠨᠡᠢ᠌ᠭᠡᠮ᠎ᠤᠨ ᠠᠵᠢᠯᠲᠠᠨ᠂  ᠰᠠᠢ᠌ᠨ ᠳᠤᠷ᠎ᠠ ᠵᠢᠨ ᠠᠵᠢᠯᠯᠠᠭᠴᠢ ᠵᠢ ᠢᠳᠡᠪᠬᠢᠲᠡᠢ᠎ᠪᠠᠷ ᠬᠥᠲᠥᠯᠥᠨ ᠵᠢᠯᠤᠭᠣᠳᠴᠤ ᠪᠠᠢ᠌ᠭ᠋ᠠᠳ ᠭᠡᠨᠡᠳᠲᠡ ᠵᠢᠨ ᠬᠡᠷᠡᠭ᠎ᠢ ᠤᠷᠢᠳᠴᠢᠯᠠᠨ ᠰᠡᠷᠭᠡᠢ᠌ᠯᠡᠬᠦ ᠪᠠ ᠠᠷᠭ᠋ᠠᠴᠠᠬᠤ᠎ᠳᠤ ᠬᠠᠤᠯᠢ ᠶᠣᠰᠣᠭ᠋ᠠᠷ ᠣᠷᠣᠯᠴᠠᠭᠤᠯᠵᠤ᠂  ᠤᠯᠠᠨ ᠵᠶ᠋ᠠᠷ ᠵᠶ᠋ᠠᠨ ᠰᠡᠷᠭᠡᠢ᠌ᠯᠡᠵᠦ ᠤᠯᠠᠨ ᠵᠶ᠋ᠠᠷ ᠵᠶ᠋ᠠᠨ ᠵᠠᠰᠠᠬᠤ ᠬᠦᠴᠦᠨ᠎ᠢ   ᠪᠤᠵᠠᠭ᠋ᠠᠢ᠌ᠷᠠᠭᠤᠯᠵᠠᠢ᠃ 

      ᠵᠢᠷᠭᠤᠭ᠎ᠠ᠂  ᠵᠥᠷᠢᠴᠡᠯ ᠵᠢᠭᠤᠷᠠᠯᠳᠤᠭ᠋ᠠᠨ᠎ᠢ ᠤᠯᠠᠨ ᠡᠰᠢᠵᠢᠭᠦᠯᠦᠨ ᠰᠢᠢ᠍ᠳᠪᠦᠷᠢᠯᠡᠬᠦ ᠵᠢ ᠯᠠᠪᠳᠠᠭᠤᠨ ᠵᠶ᠋ᠠᠷ ᠲᠦᠯᠬᠢᠨ  ᠠᠬᠢᠭᠤᠯᠵᠠᠢ᠃  ᠰᠢᠨ᠎ᠡ ᠴᠠᠭ ᠦᠶ᠎ᠡ ᠵᠢᠨ 《ᠹᠸᠩᠴᠢᠶᠤᠤ ᠵᠢᠨ ᠲᠤᠷᠰᠢᠯᠭ᠎ᠠ》 ᠵᠢ ᠪᠠᠷᠢᠮᠲᠠᠯᠠᠨ ᠬᠥᠭᠵᠢᠭᠦᠯᠵᠦ᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠥᠷᠢᠴᠡᠯ ᠵᠢᠭᠤᠷᠠᠯᠳᠤᠭ᠋ᠠᠨ᠎ᠢ ᠣᠯᠠᠨ ᠡᠰᠢᠵᠢᠭᠦᠯᠦᠨ ᠰᠢᠢ᠍ᠳᠪᠦᠷᠢᠯᠡᠬᠦ ᠳᠦᠷᠢᠮ》᠎ᠢ ᠲᠣᠭᠲᠠᠭ᠋ᠠᠬᠤ ᠵᠢ ᠲᠦᠯᠬᠢᠨ ᠠᠬᠢᠭᠤᠯᠵᠤ᠂ 《ᠳᠥᠷᠪᠡᠨ ᠭᠠᠵᠠᠷ ᠨᠢᠭᠡ ᠲᠢᠩᠬᠢᠮ》᠎ᠤᠨ ᠬᠠᠮᠲᠤᠷᠠᠨ ᠬᠥᠳᠡᠯᠦᠯᠴᠡᠬᠦ ᠲᠣᠭᠲᠠᠴᠠ ᠵᠢ ᠭᠦᠨᠵᠡᠭᠡᠢ᠌ᠷᠡᠭᠦᠯᠦᠨ᠂  ᠡᠯ᠎ᠡ ᠲᠥᠷᠥᠯ᠎ᠤᠨ ᠵᠥᠷᠢᠴᠡᠯ ᠵᠢᠭᠤᠷᠠᠯᠳᠤᠭ᠋ᠠᠨ᠎ᠢ 19.3 ᠲᠦᠮᠡᠨ ᠬᠤᠪᠢ ᠡᠶᠡᠳᠡᠭᠦᠯᠦᠨ ᠰᠢᠢ᠍ᠳᠪᠦᠷᠢᠯᠡᠵᠦ᠂  ᠡᠶᠡᠳᠡᠭᠦᠯᠦᠭᠡᠳ ᠠᠮᠵᠢᠯᠲᠠ ᠣᠯᠣᠭᠰᠠᠨ ᠨᠣᠷᠮ᠎ᠠ 99.26%᠎ᠳᠤ ᠬᠥᠷᠪᠡ᠃  ᠵᠠᠬᠢᠳᠠᠯ ᠰᠣᠷᠪᠤᠯᠵᠢᠯᠠᠭ᠎ᠠ ᠵᠢᠨ ᠣᠷᠣᠯᠠᠨ ᠭᠦᠢ᠍ᠴᠡᠳᠬᠡᠬᠦ ᠳᠦᠷᠢᠮ᠎ᠢ ᠪᠥᠬᠥ ᠲᠠᠯ᠎ᠠ᠎ᠪᠠᠷ ᠬᠡᠷᠡᠭᠵᠢᠭᠦᠯᠵᠦ᠂  ᠲᠠᠪᠤᠨ ᠱᠠᠲᠤ ᠬᠣᠣᠰ ᠴᠢᠭᠯᠡᠯ ᠵᠶ᠋ᠡᠷ ᠨᠡᠪᠲᠡᠷᠡᠭᠰᠡᠨ ᠵᠠᠬᠢᠳᠠᠯ ᠰᠣᠷᠪᠤᠯᠵᠢᠯᠠᠭ᠎ᠠ ᠵᠢᠨ ᠣᠷᠣᠯᠠᠨ ᠭᠦᠢ᠍ᠴᠡᠳᠬᠡᠬᠦ ᠠᠵᠢᠯ᠎ᠤᠨ ᠰᠢᠰᠲ᠋ᠧᠮᠵᠢ ᠵᠢ ᠪᠠᠢ᠌ᠭᠤᠯᠵᠤ᠂  ᠪᠥᠬᠥ ᠣᠷᠣᠨ᠎ᠤ ᠵᠠᠬᠢᠳᠠᠯ ᠰᠣᠷᠪᠤᠯᠵᠢᠯᠠᠭ᠎ᠠ ᠵᠢᠨ ᠶᠡᠷᠦᠩᠬᠡᠢ ᠬᠡᠮᠵᠢᠶ᠎ᠡ ᠠᠳᠠᠯᠢ ᠬᠤᠭᠤᠴᠠᠭ᠋ᠠᠨ᠎ᠤ᠎ᠬᠢ᠎ᠠᠴᠠ 46.5%᠎ᠪᠠᠷ ᠪᠠᠭᠤᠷᠠᠪᠠ᠃  ᠵᠠᠰᠠᠭ ᠵᠠᠬᠢᠷᠭ᠋ᠠᠨ᠎ᠤ ᠳᠠᠬᠢᠨ ᠵᠥᠪᠯᠡᠬᠦ ᠪᠠ ᠵᠠᠷᠭᠤ ᠬᠦᠯᠢᠶᠡᠬᠦ ᠶᠠᠰᠤ ᠴᠢᠨᠠᠷ᠎ᠤᠨ ᠦᠷ᠎ᠡ ᠪᠦᠲᠦᠮᠵᠢ ᠵᠢ ᠳᠡᠭᠡᠭᠰᠢᠯᠡᠭᠦᠯᠵᠦ᠂  ᠥᠪᠡᠷᠲᠡᠭᠡᠨ ᠵᠠᠰᠠᠬᠤ ᠣᠷᠣᠨ᠎ᠤ ᠵᠠᠰᠠᠭ ᠵᠠᠬᠢᠷᠭ᠋ᠠᠨ᠎ᠤ ᠳᠠᠬᠢᠨ ᠵᠥᠪᠯᠡᠬᠦ ᠬᠠᠤᠯᠢ ᠵᠢ ᠬᠡᠷᠡᠭᠵᠢᠭᠦᠯᠬᠦ ᠠᠷᠭ᠎ᠠ᠎ᠳᠤ ᠵᠠᠰᠠᠪᠤᠷᠢ ᠣᠷᠣᠭᠤᠯᠵᠤ᠂  ᠵᠠᠰᠠᠭ ᠵᠠᠬᠢᠷᠭ᠋ᠠᠨ᠎ᠤ ᠳᠠᠬᠢᠨ ᠵᠥᠪᠯᠡᠬᠦ ᠬᠡᠷᠡᠭ᠎ᠢ 11301 ᠬᠤᠪᠢ ᠰᠢᠨ᠎ᠡ᠎ᠪᠠᠷ ᠬᠣᠷᠢᠶᠠᠨ ᠠᠪᠴᠤ᠂  ᠠᠳᠠᠯᠢ ᠬᠤᠭᠤᠴᠠᠭ᠋ᠠᠨ᠎ᠤ᠎ᠬᠢ᠎ᠠᠴᠠ 164%᠎ᠪᠠᠷ ᠨᠡᠮᠡᠭᠳᠡᠨ᠂  ᠡᠶᠡᠳᠡᠭᠦᠯᠵᠦ ᠡᠶᠡᠳᠡᠭᠰᠡᠨ ᠨᠣᠷᠮ᠎ᠠ 23.2%᠎ᠲᠤ ᠬᠦᠷᠴᠦ᠂  ᠪᠤᠷᠤᠭᠤ ᠵᠢ ᠵᠠᠯᠠᠷᠠᠭᠤᠯᠤᠭᠰᠠᠨ ᠨᠣᠷᠮ᠎ᠠ 20.5%᠎ᠳᠤ ᠬᠦᠷᠴᠦ᠂  ᠵᠠᠰᠠᠭ ᠵᠠᠬᠢᠷᠭ᠋ᠠᠨ᠎ᠤ ᠳᠠᠬᠢᠨ ᠵᠥᠪᠯᠡᠵᠦ ᠵᠠᠰᠠᠭ ᠵᠠᠬᠢᠷᠭ᠋ᠠᠨ᠎ᠤ ᠮᠠᠷᠭᠤᠯᠳᠤᠭ᠋ᠠᠨ᠎ᠢ ᠨᠠᠮᠳᠠᠭᠤᠯᠬᠤ ᠭᠣᠣᠯ ᠠᠷᠭ᠎ᠠ ᠵᠠᠮ᠎ᠤᠨ ᠦᠢ᠍ᠯᠡᠳᠦᠯ ᠤᠯᠠᠮ ᠨᠢᠭᠡ ᠠᠯᠬᠤᠮ ᠲᠣᠪᠣᠢ᠌ᠮ᠎ᠠ ᠪᠣᠯᠪᠠ᠃  ᠵᠠᠰᠠᠭ ᠵᠠᠬᠢᠷᠭ᠋ᠠᠨ᠎ᠤ ᠵᠠᠷᠭᠤ ᠬᠦᠯᠢᠶᠡᠬᠦ ᠠᠵᠢᠯ᠎ᠢ ᠴᠢᠩᠭ᠋ᠠᠳᠬᠠᠨ ᠵᠢᠷᠤᠮᠵᠢᠭᠤᠯᠵᠤ᠂ ᠵᠠᠰᠠᠭ ᠵᠠᠬᠢᠷᠭ᠋ᠠᠨ᠎ᠤ ᠪᠠᠢ᠌ᠭᠤᠯᠭ᠎ᠠ ᠵᠢᠨ ᠬᠠᠷᠢᠭᠤᠴᠠᠯᠭ᠋ᠠᠲᠠᠨ᠎ᠤ ᠰᠢᠭᠦᠯᠲᠡ᠎ᠳᠤ ᠣᠷᠣᠯᠴᠠᠨ ᠵᠠᠷᠭᠤ ᠬᠦᠯᠢᠶᠡᠬᠦ ᠨᠤᠷᠮ᠎ᠠ ᠵᠢ 99%᠎ᠠᠴᠠ ᠳᠡᠭᠡᠭᠰᠢ ᠪᠠᠢ᠌ᠯᠭ᠋ᠠᠬᠤ ᠵᠢ ᠪᠠᠲᠤᠯᠠᠪᠠ᠃ 

      ᠲᠤᠯᠤᠭ᠎ᠠ᠂  ᠪᠦᠬᠦ ᠠᠷᠠᠳ ᠵᠶ᠋ᠠᠷ ᠵᠶ᠋ᠠᠨ ᠬᠠᠤᠯᠢ ᠵᠢ ᠰᠠᠬᠢᠵᠤ ᠬᠠᠤᠯᠢ ᠵᠢ ᠲᠦᠭᠡᠮᠡᠯᠵᠢᠭᠦᠯᠬᠦ ᠠᠵᠢᠯ᠎ᠢ ᠪᠦᠬᠦ ᠲᠠᠯ᠎ᠠ᠎ᠪᠠᠷ  ᠥᠷᠨᠢᠭᠦᠯᠵᠡᠢ᠃  ᠬᠠᠤᠯᠢ ᠴᠠᠭ᠋ᠠᠵᠠ ᠵᠢ ᠤᠬᠠᠭᠤᠯᠤᠨ ᠲᠦᠭᠡᠮᠡᠯᠵᠢᠭᠦᠯᠬᠦ ᠠᠵᠢᠯ᠎ᠤᠨ ᠡᠷᠴᠢᠮ᠎ᠢ ᠴᠢᠩᠭ᠋ᠠᠷᠠᠭᠤᠯᠵᠤ᠂  ᠪᠦᠬᠦ ᠨᠡᠢ᠌ᠭᠡᠮ᠎ᠤᠨ ᠪᠦᠷᠢᠯᠳᠦᠭᠦᠨ᠎ᠢ ᠬᠥᠲᠥᠯᠥᠨ ᠵᠢᠯᠤᠭᠣᠳᠴᠤ ᠪᠠᠢ᠌ᠭ᠋ᠠᠳ ᠤᠬᠠᠮᠰᠠᠷ᠎ᠠᠴᠠ᠎ᠪᠠᠨ ᠬᠠᠤᠯᠢ ᠵᠢ ᠰᠠᠬᠢᠬᠤ ᠤᠬᠠᠮᠰᠠᠷ᠎ᠲᠠᠢ ᠪᠣᠯᠭ᠋ᠠᠵᠤ᠂  ᠤᠴᠢᠷ ᠶᠠᠪᠤᠳᠠᠯ ᠲᠣᠬᠢᠶᠠᠯᠳᠤᠪᠠᠯ ᠬᠠᠤᠯᠢ ᠵᠢ ᠡᠷᠢᠬᠦ ᠳᠠᠳᠬᠠᠯ᠎ᠲᠠᠢ ᠪᠣᠯᠭ᠋ᠠᠵᠤ᠂  ᠠᠰᠠᠭᠤᠳᠠᠯ᠎ᠢ ᠰᠢᠢ᠍ᠳᠪᠦᠷᠢᠯᠡᠬᠦ᠎ᠳᠤ ᠬᠠᠤᠯᠢ᠎ᠳᠤ ᠲᠦᠰᠢᠭᠯᠡᠬᠦ ᠴᠢᠳᠠᠪᠤᠷᠢ ᠵᠢ᠎ᠨᠢ  ᠳᠡᠭᠡᠭᠰᠢᠯᠡᠭᠦᠯᠵᠡᠢ᠃  ᠨᠢᠭᠡ᠎ᠳᠤ  ᠬᠠᠤᠯᠢᠵᠢᠯ᠎ᠤᠨ ᠤᠬᠠᠭᠤᠯᠭ᠎ᠠ ᠬᠥᠮᠦᠵᠢᠯ᠎ᠢ ᠭᠦᠨᠵᠡᠭᠡᠢ ᠥᠷᠨᠢᠭᠦᠯᠵᠡᠢ᠃  ᠦᠨᠳᠦᠰᠦᠨ ᠬᠠᠤᠯᠢ ᠵᠢᠨ ᠤᠬᠠᠭᠤᠯᠭ᠎ᠠ ᠵᠢᠨ ᠰᠢᠷᠢᠰ ᠠᠵᠢᠯᠯᠠᠭ᠎ᠠ ᠵᠢ ᠥᠷᠨᠢᠭᠦᠯᠵᠦ᠂  ᠦᠨᠳᠦᠰᠦᠨ ᠬᠠᠤᠯᠢ ᠵᠢᠨ ᠵᠣᠷᠢᠭ ᠰᠠᠨᠠᠭ᠎ᠠ ᠵᠢ ᠶᠡᠬᠡᠪᠡᠷ ᠪᠠᠳᠠᠷᠠᠭᠤᠯᠵᠤ᠂  ᠦᠨᠳᠦᠰᠦᠨ ᠬᠠᠤᠯᠢ ᠵᠢᠨ ᠤᠬᠠᠮᠰᠠᠷ᠎ᠢ  ᠨᠡᠮᠡᠭᠳᠡᠭᠦᠯᠵᠡᠢ᠃ 《ᠨᠠᠢ᠍ᠮᠠᠳᠤᠭ᠋ᠠᠷ ᠲᠠᠪᠤᠨ ᠵᠢᠯ》᠎ᠤᠨ ᠬᠠᠤᠯᠢ  ᠲᠦᠭᠡᠮᠡᠯᠵᠢᠭᠦᠯᠦᠯᠳᠡ ᠵᠢ ᠯᠠᠪᠳᠠᠭᠤᠨ ᠵᠶ᠋ᠠᠷ ᠲᠦᠯᠬᠢᠨ ᠠᠬᠢᠭᠤᠯᠵᠤ᠂ 《ᠬᠡᠨ ᠬᠠᠤᠯᠢ ᠬᠡᠷᠡᠭᠵᠢᠭᠦᠯᠪᠡᠯ ᠬᠡᠨ ᠬᠠᠤᠯᠢ  ᠲᠦᠭᠡᠮᠡᠯᠵᠢᠭᠦᠯᠬᠦ》  ᠬᠠᠤᠯᠢ  ᠲᠦᠭᠡᠮᠡᠯᠵᠢᠭᠦᠯᠬᠦ ᠬᠠᠷᠢᠭᠤᠴᠠᠯᠭ᠎ᠠ ᠵᠢᠨ ᠳᠦᠷᠢᠮ᠎ᠢ ᠪᠣᠳᠠᠲᠠᠢ᠌ᠵᠢᠭᠤᠯᠵᠤ᠂ 《ᠬᠠᠤᠯᠢ  ᠲᠦᠭᠡᠮᠡᠯᠵᠢᠭᠦᠯᠬᠦ》 ᠵᠠᠭᠪᠤᠷ᠎ᠤᠨ ᠰᠢᠨ᠎ᠡ ᠵᠢ ᠡᠭᠦᠳᠴᠦ᠂ 《ᠨᠠᠢ᠍ᠮᠠᠳᠤᠭ᠋ᠠᠷ ᠲᠠᠪᠤᠨ ᠵᠢᠯ》᠎ᠤᠨ ᠬᠠᠤᠯᠢ  ᠲᠦᠭᠡᠮᠡᠯᠵᠢᠭᠦᠯᠦᠯᠳᠡ ᠵᠢᠨ 《ᠶᠠᠷᠢᠯᠴᠠᠭ᠎ᠠ》  ᠰᠢᠷᠢᠰ ᠰᠢᠭᠤᠳ ᠨᠡᠪᠲᠡᠷᠡᠭᠦᠯᠭᠡ ᠵᠢᠨ ᠬᠦᠯᠢᠶᠡᠨ ᠠᠪᠴᠤ ᠰᠣᠨᠣᠰᠤᠭᠰᠠᠨ ᠬᠥᠮᠥᠨ᠎ᠤ ᠲᠣᠭ᠎ᠠ 2.3 ᠳ᠋ᠦᠩᠰᠢᠭᠤᠷ ᠬᠥᠮᠥᠨ ᠤᠳᠠᠭ᠎ᠠ ᠵᠢ ᠳᠠᠪᠠᠪᠠ᠃ 《ᠮᠠᠯᠵᠢᠬᠤ ᠲᠠᠷᠢᠶᠠᠯᠠᠬᠤ ᠣᠷᠣᠨ᠎ᠤ ᠬᠠᠤᠯᠢ ᠵᠢ ᠰᠤᠷᠤᠯᠴᠠᠵᠤ ᠬᠠᠤᠯᠢ ᠵᠢ ᠬᠡᠷᠡᠭᠯᠡᠬᠦ ᠵᠢᠱ᠌ᠢᠶ᠎ᠡ ᠦᠵᠡᠭᠦᠯᠬᠦ ᠡᠷᠦᠬᠡ》 ᠵᠢ 1.04 ᠲᠦᠮᠡᠨ ᠡᠷᠦᠬᠡ᠂ 《ᠬᠠᠤᠯᠢ ᠴᠠᠭ᠋ᠠᠵᠠ ᠵᠢᠨ  ᠮᠡᠷᠭᠡᠨ ᠬᠥᠮᠥᠨ》᠎ᠢ 5.7 ᠲᠦᠮᠡᠨ ᠬᠥᠮᠥᠨ᠎ᠢ ᠪᠣᠢ᠌ᠵᠢᠭᠤᠯᠵᠤ᠂ 《ᠰᠦᠯᠵᠢᠶᠡᠨ᠎ᠤ ᠬᠠᠤᠯᠢ ᠴᠠᠭ᠋ᠠᠵᠠ ᠵᠢᠨ  ᠮᠡᠷᠭᠡᠨ ᠬᠥᠮᠥᠨ》᠎ᠤ ᠡᠩᠨᠡᠭᠡ ᠵᠢ ᠵᠣᠬᠢᠶᠠᠨ  ᠪᠠᠢ᠌ᠭᠤᠯᠵᠠᠢ᠃ 《ᠤᠮᠠᠷᠠᠲᠤ ᠬᠢᠯᠢ ᠵᠢᠨ ᠬᠠᠤᠯᠢ ᠲᠦᠭᠡᠮᠡᠯᠵᠢᠭᠦᠯᠬᠦ ᠲᠦᠮᠡᠨ ᠭᠠᠵᠠᠷ᠎ᠤᠨ ᠠᠶᠠᠯᠠᠯ》  ᠪᠠ 《ᠮᠢᠨᠤ ᠬᠠᠮᠤᠭ᠎ᠤᠨ ᠳᠤᠷᠠᠲᠠᠢ  ᠬᠠᠤᠯᠢᠵᠢᠯ᠎ᠤᠨ

ᠤᠯᠠᠭ᠋ᠠᠨᠮᠥ᠋ᠴᠢᠷ》᠎ᠤᠨ ᠦᠨᠳᠦᠰᠦᠨ ᠱᠠᠲᠤᠨ᠎ᠤ ᠠᠶᠠᠯᠠᠯ᠎ᠤᠨ ᠰᠢᠷᠢᠰ ᠠᠵᠢᠯᠯᠠᠭ᠎ᠠ ᠵᠢ ᠦᠷᠭᠦᠯᠵᠢᠯᠡᠨ ᠥᠷᠨᠢᠭᠦᠯᠵᠦ᠂  ᠣᠯᠠᠨ ᠲᠦᠮᠡᠨ᠎ᠤ ᠦᠵᠡᠵᠦ ᠰᠣᠨᠢᠷᠬᠠᠬᠤ ᠳᠤᠷᠠᠲᠠᠢ ᠠᠷᠭ᠎ᠠ ᠮᠠᠶᠢᠭ ᠵᠶ᠋ᠠᠷ  ᠬᠠᠤᠯᠢᠵᠢᠯ᠎ᠤᠨ ᠰᠣᠶᠣᠯ᠎ᠢ ᠤᠯᠠᠮᠵᠢᠯᠠᠨ  ᠳᠡᠯᠭᠡᠷᠡᠭᠦᠯᠵᠡᠢ᠃  ᠬᠣᠶᠠᠷ᠎ᠲᠤ ᠤᠯᠠᠨ ᠨᠡᠶ᠋ᠢᠲᠡ ᠵᠢᠨ ᠬᠠᠤᠯᠢ ᠴᠠᠭ᠋ᠠᠵᠠ ᠵᠢᠨ ᠦᠢ᠍ᠯᠡᠴᠢᠯᠡᠭᠡ ᠵᠢᠨ ᠬᠠᠩᠭ᠋ᠠᠯᠭ᠎ᠠ ᠵᠢ  ᠲᠡᠭᠦᠯᠳᠡᠷᠵᠢᠭᠦᠯᠵᠡᠢ᠃ 30 ᠮᠢᠨᠦ᠋ᠲ᠎ᠤᠨ 《ᠣᠯᠠᠨ ᠨᠡᠶ᠋ᠢᠲᠡ ᠵᠢᠨ ᠬᠠᠤᠯᠢ ᠴᠠᠭ᠋ᠠᠵᠠ ᠵᠢᠨ ᠦᠢ᠍ᠯᠡᠴᠢᠯᠡᠭᠡᠨ᠎ᠤ ᠲᠣᠭᠣᠷᠢᠭ》᠎ᠢ ᠪᠠᠢ᠌ᠭᠤᠯᠵᠤ᠂ 12348   ᠬᠠᠯᠠᠮᠰᠢᠯ ᠤᠲᠠᠰᠤ᠎ᠪᠠᠷ ᠤᠲᠠᠰᠤᠳᠠᠭᠰᠠᠨ ᠬᠡᠮᠵᠢᠶ᠎ᠡ 33.8 ᠲᠦᠮᠡ ᠭᠠᠷᠤᠢ᠎ᠳᠤ ᠬᠦᠷᠴᠦ᠂  ᠬᠠᠤᠯᠢᠴᠢ᠂  ᠠᠯᠪᠠᠨ ᠭᠡᠷᠡᠴᠢᠯᠡᠭᠡ᠂  ᠬᠠᠤᠯᠢ ᠴᠠᠭ᠋ᠠᠵᠠ ᠵᠢᠨ ᠬᠢᠨᠠᠨ ᠲᠣᠭᠲᠠᠭ᠋ᠠᠯᠲᠠ᠂  ᠬᠥᠨᠳᠡᠯᠡᠨ᠎ᠠᠴᠠ ᠲᠠᠰᠤᠯᠬᠤ ᠵᠡᠷᠭᠡ ᠪᠠᠢ᠌ᠭᠤᠯᠤᠮᠵᠢ 61 ᠲᠦᠮᠡ ᠭᠠᠷᠤᠢ ᠬᠠᠤᠯᠢ ᠴᠠᠭ᠋ᠠᠵᠠ ᠵᠢᠨ ᠬᠡᠷᠡᠭ ᠶᠠᠪᠤᠳᠠᠯ᠎ᠢ ᠰᠢᠢ᠍ᠳᠪᠦᠷᠢᠯᠡᠵᠦ᠂  ᠬᠠᠤᠯᠢ ᠴᠠᠭ᠋ᠠᠵᠠ ᠵᠢᠨ ᠲᠤᠰᠠᠯᠠᠮᠵᠢ ᠵᠢᠨ ᠬᠡᠷᠡᠭ᠎ᠢ 3.04 ᠲᠦᠮᠡ ᠭᠠᠷᠤᠢ ᠰᠢᠢ᠍ᠳᠪᠦᠷᠢᠯᠡᠵᠦ᠂  ᠮᠠᠯᠴᠢᠨ ᠲᠠᠷᠢᠶᠠᠴᠢᠨ ᠬᠦᠴᠦ ᠶᠠᠪᠤᠭᠰᠠᠳ᠎ᠲᠤ 8906 ᠬᠥᠮᠥᠨ ᠤᠳᠠᠭ᠎ᠠ ᠵᠢᠨ ᠬᠠᠤᠯᠢ ᠴᠠᠭ᠋ᠠᠵᠠ ᠵᠢᠨ ᠲᠤᠰᠠᠯᠠᠮᠵᠢ ᠬᠠᠩᠭ᠋ᠠᠵᠤ᠂  ᠨᠡᠶ᠋ᠢᠲᠡ 1.4 ᠳ᠋ᠦᠩᠰᠢᠭᠤᠷ ᠲᠥᠭᠥᠷᠢᠭ᠎ᠤᠨ ᠬᠥᠳᠡᠯᠮᠦᠷᠢ ᠵᠢᠨ ᠬᠥᠯᠥᠰᠦ ᠣᠯᠭᠣᠮᠵᠢ ᠵᠢ ᠨᠡᠬᠡᠮᠵᠢᠯᠡᠨ ᠠᠪᠴᠠᠢ᠃ 《ᠲᠦᠮᠡᠨ ᠬᠠᠤᠯᠢᠴᠢ ᠵᠢ ᠬᠥᠳᠡᠭᠡ ᠲᠣᠰᠬᠣᠨ᠎ᠳᠤ ᠣᠷᠣᠭᠤᠯᠬᠤ》᠂ 《ᠲᠦᠮᠡᠨ  ᠰᠠᠯᠪᠤᠷᠢ ᠲᠦᠮᠡᠨ   ᠨᠡᠢ᠌ᠭᠡᠮᠯᠢᠭ ᠬᠣᠯᠪᠣᠭ᠋ᠠᠯᠠᠬᠤ》 ᠠᠵᠢᠯᠯᠠᠭ᠎ᠠ ᠵᠢ ᠭᠦᠨᠵᠡᠭᠡᠢ᠌ᠷᠡᠭᠦᠯᠵᠦ᠂  ᠠᠵᠤ ᠠᠬᠤᠢ᠌ᠯᠠᠯ᠎ᠳᠤ ᠬᠦᠷᠴᠦ 《ᠬᠠᠤᠯᠢᠵᠢᠯ᠎ᠤᠨ ᠪᠡᠶ᠎ᠡ ᠵᠢᠨ ᠪᠠᠢ᠌ᠴᠠᠭ᠋ᠠᠯᠲᠠ》 ᠵᠢ 6300 ᠭᠠᠷᠤᠢ ᠤᠳᠠᠭ᠎ᠠ ᠥᠷᠨᠢᠭᠦᠯᠪᠡ᠃  ᠭᠤᠷᠪᠠ᠎ᠳᠤ ᠭᠠᠳᠠᠭ᠋ᠠᠳᠤ᠎ᠳᠤ ᠬᠣᠯᠪᠣᠭᠳᠠᠬᠤ ᠬᠠᠤᠯᠢ᠎ᠪᠠᠷ ᠵᠠᠰᠠᠬᠤ ᠪᠠᠢ᠌ᠭᠤᠯᠤᠯᠲᠠ ᠵᠢ  ᠲᠦᠷᠭᠡᠳᠬᠡᠵᠡᠢ᠃  ᠭᠠᠳᠠᠭ᠋ᠠᠳᠤ᠎ᠳᠤ ᠬᠣᠯᠪᠣᠭᠳᠠᠬᠤ  ᠬᠠᠤᠯᠢᠵᠢᠯ᠎ᠤᠨ ᠴᠢᠳᠠᠪᠤᠷᠢᠲᠠᠨ᠎ᠢ  ᠬᠥᠮᠥᠵᠢᠭᠦᠯᠬᠦ ᠰᠠᠭᠤᠷᠢᠨ ᠭᠠᠵᠠᠷ ᠪᠠ ᠴᠢᠳᠠᠪᠤᠷᠢᠲᠠᠨ᠎ᠤ ᠬᠥᠮᠥᠷᠭᠡ ᠵᠢ ᠪᠠᠢ᠌ᠭᠤᠯᠵᠤ᠂  ᠭᠠᠳᠠᠭ᠋ᠠᠳᠤ᠎ᠳᠤ ᠬᠣᠯᠪᠣᠭᠳᠠᠬᠤ ᠬᠠᠤᠯᠢᠴᠢ ᠵᠢᠨ ᠬᠡᠷᠡᠭ ᠡᠷᠬᠢᠯᠡᠬᠦ ᠭᠠᠵᠠᠷ 4᠂  ᠠᠯᠪᠠᠨ ᠭᠡᠷᠡᠴᠢᠯᠡᠭᠡ ᠵᠢᠨ ᠪᠠᠢ᠌ᠭᠤᠯᠤᠮᠵᠢ 11 ᠵᠢ ᠪᠠᠢ᠌ᠭᠤᠯᠵᠤ᠂  ᠬᠥᠯᠥᠨ ᠪᠣᠶ᠋ᠢᠷ ᠬᠣᠲᠠ ᠵᠢᠨ 《ᠤᠮᠠᠷᠠᠲᠤ ᠬᠢᠯᠢ ᠵᠢᠨ ᠣᠯᠠᠨ ᠤᠯᠤᠰ᠎ᠤᠨ ᠬᠠᠤᠯᠢ ᠵᠢᠨ ᠶᠠᠪᠤᠳᠠᠯ᠎ᠤᠨ ᠲᠣᠭᠣᠷᠢᠭ》᠎ᠢ ᠫᠠᠢ᠌ᠰᠠ ᠡᠯᠭᠦᠨ ᠠᠵᠢᠯᠯᠠᠭᠤᠯᠪᠠ᠃ 

      ᠡᠭᠦᠨ᠎ᠤ ᠬᠠᠮᠲᠤ᠂  ᠠᠵᠢᠯ᠎ᠤᠨ ᠳᠤᠮᠳᠠ ᠪᠠᠰᠠ ᠡᠳᠦᠢ ᠲᠡᠳᠦᠢ ᠬᠦᠷᠦᠯᠴᠡᠬᠦ ᠦᠭᠡᠢ ᠲᠠᠯ᠎ᠠ ᠣᠷᠣᠰᠢᠵᠤ ᠪᠠᠢ᠌ᠨ᠎ᠠ᠂  ᠡᠭᠦᠨ᠎ᠳᠤ ᠭᠣᠣᠯᠳᠠᠭᠤ  ᠬᠠᠤᠯᠢᠵᠢᠯ᠎ᠤᠨ  ᠵᠠᠰᠠᠭ᠎ᠤᠨ ᠣᠷᠳᠣᠨ᠎ᠤ ᠪᠠᠢ᠌ᠭᠤᠯᠤᠯᠲᠠ ᠵᠢᠨ ᠬᠠᠷᠢᠭᠤᠴᠠᠯᠭ᠎ᠠ ᠵᠢ ᠪᠠᠰᠠ ᠪᠣᠳᠠᠲᠠᠢ᠌ᠵᠢᠭᠤᠯᠬᠤ ᠴᠢᠬᠤᠯᠠᠲᠠᠢ᠂  ᠦᠨᠡᠨᠴᠢ ᠢᠲᠡᠭᠡᠮᠵᠢ ᠵᠢᠨ ᠪᠠᠢ᠌ᠭᠤᠯᠤᠯᠲᠠ ᠵᠢᠨ ᠦᠷ᠎ᠡ ᠪᠦᠲᠦᠭᠡᠯ᠎ᠢ ᠪᠠᠰᠠ ᠪᠡᠬᠢᠵᠢᠭᠦᠯᠬᠦ ᠴᠢᠬᠤᠯᠠᠲᠠᠢ᠂  ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠬᠢᠷᠢ ᠲᠦᠪᠰᠢᠨ᠎ᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠴᠢᠬᠤᠯᠠᠲᠠᠢ᠂  ᠤᠯᠠᠨ ᠨᠡᠶ᠋ᠢᠲᠡ ᠵᠢᠨ ᠬᠠᠤᠯᠢ ᠴᠠᠭ᠋ᠠᠵᠠ ᠵᠢᠨ ᠦᠢ᠍ᠯᠡᠴᠢᠯᠡᠭᠡᠨ᠎ᠤ ᠳᠦᠷᠢᠮ ᠲᠣᠭᠲᠠᠴᠠ ᠵᠢ ᠲᠡᠭᠦᠯᠳᠡᠷᠵᠢᠭᠦᠯᠬᠦ ᠴᠢᠬᠤᠯᠠᠲᠠᠢ᠂  ᠵᠠᠷᠢᠮ ᠤᠳᠤᠷᠢᠳᠬᠤ ᠺᠠᠳ᠋ᠷᠴᠤᠳ᠎ᠤᠨ ᠬᠠᠤᠯᠢ᠎ᠪᠠᠷ ᠵᠠᠰᠠᠬᠤ ᠤᠬᠠᠮᠰᠠᠷ ᠴᠢᠩᠭ᠎ᠠ ᠪᠢᠰᠢ᠂  ᠦᠨᠳᠦᠰᠦᠨ ᠱᠠᠲᠤᠨ᠎ᠤ ᠬᠠᠤᠯᠢ᠎ᠪᠠᠷ ᠵᠠᠰᠠᠬᠤ ᠡᠩᠨᠡᠭᠡᠨ᠎ᠤ ᠪᠠᠢ᠌ᠭᠤᠯᠤᠯᠲᠠ᠎ᠳᠤ ᠪᠠᠰᠠ ᠪᠠᠭᠤᠷᠠᠢ ᠭᠣᠭᠴᠣᠭ᠎ᠠ ᠪᠠᠢ᠌ᠬᠤ ᠵᠡᠷᠭᠡ ᠠᠰᠠᠭᠤᠳᠠᠯ ᠣᠷᠣᠰᠢᠵᠤ ᠪᠠᠢ᠌ᠨ᠎ᠠ᠃  ᠡᠳᠡᠭᠡᠷ ᠠᠰᠠᠭᠤᠳᠠᠯ᠎ᠢ ᠤᠳᠤ ᠶᠠᠭ ᠠᠷᠭ᠎ᠠ ᠬᠡᠮᠵᠢᠶ᠎ᠡ ᠠᠪᠴᠤ ᠰᠢᠢ᠍ᠳᠪᠦᠷᠢᠯᠡᠵᠦ ᠪᠠᠢ᠌ᠨ᠎ᠠ᠃ 2025 ᠣᠨ᠎ᠳᠤ᠂  ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ ᠰᠢ ᠵᠢᠨ ᠫᠢᠩ᠎ᠤᠨ  ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠣᠳᠤᠯᠭ᠎ᠠ  ᠪᠣᠯᠭ᠋ᠠᠵᠤ᠂  ᠰᠢ ᠵᠢᠨ ᠫᠢᠩ᠎ᠤᠨ  ᠬᠠᠤᠯᠢᠵᠢᠯ᠎ᠤᠨ ᠦᠵᠡᠯ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠵᠤ᠂  ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠤᠨ ᠠᠵᠢᠯ᠎ᠤᠨ ᠭᠣᠣᠯ ᠰᠢᠵᠢᠮ᠎ᠢ ᠪᠠᠲᠤ ᠪᠡᠬᠢ ᠪᠤᠢ ᠪᠣᠯᠭ᠋ᠠᠬᠤ᠎ᠲᠠᠢ ᠨᠢᠭᠲᠠ ᠤᠶᠠᠯᠳᠤᠭᠤᠯᠤᠨ᠂  ᠬᠠᠤᠯᠢ᠎ᠪᠠᠷ ᠵᠠᠰᠠᠬᠤ ᠵᠠᠰᠠᠭ᠎ᠤᠨ ᠣᠷᠳᠣᠨ᠎ᠤ ᠪᠠᠢ᠌ᠭᠤᠯᠤᠯᠲᠠ ᠵᠢᠨ ᠡᠯ᠎ᠡ ᠵᠦᠢ᠍ᠯ᠎ᠤᠨ ᠡᠭᠦᠷᠭᠡ ᠵᠢ ᠪᠦᠬᠦ ᠲᠠᠯ᠎ᠠ᠎ᠪᠠᠷ ᠲᠦᠯᠬᠢᠨ ᠠᠬᠢᠭᠤᠯᠵᠤ᠂  ᠡᠭᠦᠷᠭᠡ ᠴᠢᠳᠠᠪᠤᠷᠢ᠎ᠨᠢ ᠰᠢᠨᠵᠢᠯᠡᠬᠦ ᠤᠬᠠᠭ᠋ᠠᠨᠴᠢ᠂  ᠡᠷᠬᠡ ᠬᠠᠷᠢᠭᠤᠴᠠᠯᠭ᠎ᠠ᠎ᠨᠢ ᠬᠠᠤᠯᠢ᠎ᠪᠠᠷ ᠲᠣᠭᠲᠠᠭ᠋ᠠᠭᠰᠠᠨ᠂  ᠬᠠᠤᠯᠢ ᠬᠡᠷᠡᠭᠵᠢᠭᠦᠯᠬᠦ᠎ᠳᠡᠭᠡᠨ ᠴᠢᠩᠭ᠎ᠠ ᠲᠣᠳᠣᠷᠬᠠᠢ᠂  ᠢᠯᠡ ᠲᠣᠳᠣ ᠲᠥᠪ ᠭᠣᠣᠯᠴᠢ᠂  ᠣᠶᠤᠨᠴᠢ ᠪᠥᠭᠡᠳ ᠥᠨᠳᠥᠷ ᠪᠦᠲᠦᠮᠵᠢᠲᠡᠶ᠂  ᠠᠷᠢᠭᠤᠨ ᠴᠢᠬᠡᠴᠢ ᠦᠨᠡᠨᠴᠢ ᠢᠲᠡᠭᠡᠮᠵᠢᠲᠡᠢ᠂  ᠠᠷᠠᠳ ᠲᠦᠮᠡᠨ᠎ᠳᠤ ᠲᠠᠭ᠋ᠠᠰᠢᠶᠠᠭᠳᠠᠭᠰᠠᠨ ᠬᠠᠤᠯᠢᠵᠢᠯ᠎ᠤᠨ  ᠵᠠᠰᠠᠭ᠎ᠤᠨ ᠣᠷᠳᠣᠨ᠎ᠢ ᠲᠦᠷᠭᠡᠪᠴᠢᠯᠡᠨ ᠪᠠᠢ᠌ᠭᠤᠯᠤᠨ᠎ᠠ᠃ 

ᠢᠷᠡᠯᠲᠡ᠄ᠦᠪᠦᠷ ᠮᠤᠩᠭᠤᠯ᠎ᠤᠨ ᠦᠪᠡᠷᠲᠡᠭᠡᠨ ᠵᠠᠰᠠᠬᠤ ᠤᠷᠤᠨ᠎ᠤ ᠬᠠᠤᠯᠢ ᠴᠠᠭ᠋ᠠᠵᠠ ᠵᠢᠨ ᠲᠢᠩᠬᠢᠮ
          
ᠬᠠᠮᠢᠶ᠎ᠡ ᠪᠦᠬᠦᠢ ᠰᠣᠨᠢᠨ
 
            