ᠦᠬᠠᠢ ᠬᠤᠳᠠ ᠵᠠᠰᠠᠭ᠎ᠤᠨ ᠶᠠᠪᠤᠳᠠᠯ᠎ᠤᠨ ᠦᠨᠡᠨᠴᠢ ᠢᠲᠡᠭᠡᠮᠵᠢ ᠵᠢᠨ ᠪᠠᠢ᠌ᠭᠤᠯᠤᠯᠲᠠ ᠵᠢ ᠬᠠᠤᠯᠢᠵᠢᠯ᠎ᠤᠨ ᠵᠠᠰᠠᠭ᠎ᠤᠨ ᠣᠷᠳᠣᠨ᠎ᠤ ᠪᠠᠢ᠌ᠭᠤᠯᠤᠯᠲᠠ ᠵᠢ ᠠᠬᠢᠭᠤᠯᠬᠤ ᠴᠢᠬᠤᠯᠠ ᠭᠠᠷᠳᠠᠴᠠ ᠪᠣᠯᠭ᠋ᠠᠬᠤ ᠵᠢ ᠪᠠᠷᠢᠮᠲᠠᠯᠠᠵᠤ᠂ ᠵᠠᠰᠠᠭ᠎ᠤᠨ ᠶᠠᠪᠤᠳᠠᠯ᠎ᠤᠨ ᠦᠨᠡᠨᠴᠢ ᠢᠲᠡᠭᠡᠮᠵᠢ ᠵᠢᠨ ᠪᠠᠢ᠌ᠭᠤᠯᠤᠯᠲᠠ ᠵᠢ ᠬᠠᠤᠯᠢᠵᠢᠯ᠎ᠤᠨ ᠵᠠᠰᠠᠭ᠎ᠤᠨ ᠣᠷᠳᠣᠨ᠎ᠤ ᠪᠠᠢ᠌ᠭᠤᠯᠤᠯᠲᠠ ᠵᠢᠨ ᠴᠢᠬᠤᠯᠠ ᠠᠭᠤᠯᠭ᠎ᠠ᠎ᠳᠤ ᠣᠷᠣᠭᠤᠯᠵᠤ᠂ ᠵᠠᠰᠠᠭ᠎ᠤᠨ ᠣᠷᠳᠣᠨ᠎ᠤ ᠤᠯᠠᠨ ᠨᠡᠶ᠋ᠢᠲᠡ ᠵᠢ ᠢᠲᠡᠭᠡᠭᠦᠯᠬᠦ ᠬᠦᠴᠦᠨ ᠪᠠ ᠬᠡᠷᠡᠭᠵᠢᠭᠦᠯᠬᠦ ᠬᠦᠴᠦᠨ᠎ᠢ ᠬᠦᠴᠦᠯᠡᠨ ᠳᠡᠭᠡᠭᠰᠢᠯᠡᠭᠦᠯᠵᠦ᠂ ᠬᠠᠤᠯᠢᠵᠢᠯ᠎ᠤᠨ ᠵᠠᠰᠠᠭ᠎ᠤᠨ ᠣᠷᠳᠣᠨ᠎ᠤ ᠪᠠᠢ᠌ᠭᠤᠯᠤᠯᠲᠠ᠎ᠳᠤ ᠡᠷᠴᠢᠮᠲᠡᠢ 《ᠦᠨᠡᠨᠴᠢ ᠢᠲᠡᠭᠡᠮᠵᠢᠲᠡᠢ》 ᠬᠥᠳᠡᠯᠭᠡᠬᠦ ᠬᠦᠴᠦᠨ᠎ᠢ ᠲᠠᠰᠤᠷᠠᠯᠳᠡ ᠦᠭᠡᠢ ᠨᠡᠮᠡᠷᠢᠯᠡᠪᠡ᠃
ᠳᠦᠷᠢᠮ ᠲᠣᠭᠲᠠᠭ᠋ᠠᠯ ᠲᠣᠭᠲᠠᠭ᠋ᠠᠵᠤ᠂ ᠬᠠᠤᠯᠢ ᠶᠣᠰᠣᠭ᠋ᠠᠷ ᠵᠠᠰᠠᠭ ᠶᠠᠪᠤᠭᠤᠯᠬᠤ ᠵᠢᠨ 《ᠰᠠᠭᠤᠷᠢ ᠴᠢᠯᠠᠭᠤ》 ᠵᠢ ᠪᠠᠲᠤᠳᠬᠠᠵᠠᠢ᠃ ᠬᠠᠤᠯᠢ ᠬᠡᠷᠡᠭᠵᠢᠭᠦᠯᠦᠯᠲᠡ᠎ᠳᠤ ᠬᠢᠨᠠᠯᠲᠠ ᠲᠠᠯᠪᠢᠬᠤ ᠲᠠᠯ᠎ᠠ᠎ᠪᠠᠷ ᠴᠢᠨᠠᠷ ᠰᠠᠢ᠌ᠲᠠᠢ ᠪᠥᠭᠡᠳ ᠥᠨᠳᠥᠷ ᠪᠦᠲᠦᠮᠵᠢᠲᠡᠶ ᠪᠠᠢ᠌ᠯᠭ᠋ᠠᠵᠤ᠂ 《ᠠᠵᠤ ᠠᠬᠤᠢ᠌ᠯᠠᠯ᠎ᠳᠤ ᠬᠣᠯᠪᠣᠭᠳᠠᠭᠰᠠᠨ ᠬᠠᠤᠯᠢ ᠬᠡᠷᠡᠭᠵᠢᠭᠦᠯᠦᠯᠲᠡ ᠵᠢ ᠵᠢᠷᠤᠮᠵᠢᠭᠤᠯᠬᠤ ᠲᠤᠰᠬᠠᠢ ᠠᠵᠢᠯᠯᠠᠭ᠎ᠠ ᠵᠢ ᠥᠷᠨᠢᠭᠦᠯᠵᠦ ᠴᠡᠭᠴᠡᠯᠡᠨ ᠵᠠᠰᠠᠬᠤ ᠰᠦᠪᠡᠭᠴᠢ ᠵᠢ ᠴᠤᠭᠯᠠᠭᠤᠯᠬᠤ ᠲᠤᠬᠠᠢ ᠠᠯᠪᠠᠨ ᠵᠠᠷ》᠎ᠢ ᠨᠡᠢ᠌ᠲᠡᠯᠡᠵᠦ᠂ ᠠᠵᠤ ᠠᠬᠤᠢ᠌ᠯᠠᠯ᠎ᠳᠤ ᠬᠣᠯᠪᠣᠭᠳᠠᠭᠰᠠᠨ ᠬᠠᠤᠯᠢ ᠬᠡᠷᠡᠭᠵᠢᠭᠦᠯᠬᠦ ᠠᠰᠠᠭᠤᠳᠠᠯ᠎ᠤᠨ ᠰᠦᠪᠡᠭᠴᠢ ᠵᠢ ᠥᠷᠭᠡᠨ ᠵᠶ᠋ᠡᠷ ᠴᠤᠭᠯᠠᠭᠤᠯᠵᠤ᠂ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠵᠦᠢ᠍ᠯᠡᠰ᠎ᠤᠨ ᠲᠣᠳᠣᠷᠬᠠᠢ ᠬᠠᠭᠤᠳᠠᠰᠤ ᠪᠠ ᠠᠵᠤ ᠠᠬᠤᠢ᠌ᠯᠠᠯ᠎ᠳᠤ ᠬᠣᠯᠪᠣᠭᠳᠠᠭᠰᠠᠨ ᠵᠠᠰᠠᠭ ᠵᠠᠬᠢᠷᠭ᠋ᠠᠨ᠎ᠤ ᠪᠠᠢ᠌ᠴᠠᠭ᠋ᠠᠯᠲᠠ ᠵᠢᠨ ᠵᠦᠢ᠍ᠯᠡᠰ᠎ᠤᠨ ᠲᠣᠳᠣᠷᠬᠠᠢ ᠬᠠᠭᠤᠳᠠᠰᠤ ᠵᠢ ᠨᠠᠢ᠌ᠷᠠᠭᠤᠯᠤᠨ ᠵᠣᠬᠢᠶᠠᠬᠤ ᠠᠵᠢᠯ᠎ᠢ ᠰᠠᠢ᠌ᠲᠤᠷ ᠬᠢᠵᠦ᠂ ᠠᠵᠤ ᠠᠬᠤᠢ᠌ᠯᠠᠯ᠎ᠳᠤ ᠬᠣᠯᠪᠣᠭᠳᠠᠭᠰᠠᠨ ᠵᠠᠰᠠᠭ ᠵᠠᠬᠢᠷᠭ᠋ᠠᠨ᠎ᠤ ᠪᠠᠢ᠌ᠴᠠᠭ᠋ᠠᠯᠲᠠ ᠵᠢᠨ ᠵᠦᠢ᠍ᠯᠡᠰ᠎ᠢ ᠨᠡᠩ ᠢᠯᠡ ᠲᠣᠳᠣ ᠪᠣᠯᠭ᠋ᠠᠵᠤ᠂ ᠵᠢᠷᠤᠮᠯᠠᠬᠤ ᠳᠦᠷᠢᠮ᠎ᠲᠠᠢ ᠪᠣᠯᠭ᠋ᠠᠪᠠ᠃ ᠢᠯᠠᠭᠳᠠᠯ᠎ᠢ ᠪᠠᠭ᠋ᠠᠰᠬᠠᠨ ᠪᠣᠭᠣᠮᠲᠠ ᠰᠢᠪᠲᠤᠯᠬᠤ ᠠᠵᠢᠯ᠎ᠢ ᠤᠨᠢᠨ ᠳᠡᠭᠡᠷ᠎ᠡ᠎ᠨᠢ ᠨᠠᠷᠢᠨ ᠨᠢᠮᠪᠠᠢ ᠬᠢᠪᠡ᠃ ᠵᠠᠰᠠᠭ ᠵᠠᠬᠢᠷᠭ᠋ᠠᠨ᠎ᠤ ᠵᠠᠷᠭᠤ ᠢᠯᠠᠭᠳᠠᠭᠰᠠᠨ ᠬᠡᠷᠡᠭ᠎ᠤᠨ 《ᠨᠢᠭᠡ ᠬᠡᠷᠡᠭ᠎ᠢ ᠨᠢᠭᠡ ᠤᠳᠠᠭ᠎ᠠ ᠰᠢᠢ᠍ᠳᠪᠦᠷᠢᠯᠡᠬᠦ》᠂ ᠨᠡᠢ᠌ᠲᠡᠯᠢᠭ ᠬᠡᠷᠡᠭ᠎ᠤᠨ ᠵᠢᠱ᠌ᠢᠶ᠎ᠡ ᠵᠢ 《ᠭᠣᠣᠯᠳᠠᠯᠭ᠎ᠠ᠎ᠲᠠᠢ᠎ᠪᠠᠷ ᠵᠠᠳᠠᠯᠬᠤ》 ᠲᠣᠭᠲᠠᠴᠠ ᠵᠢ ᠪᠠᠢ᠌ᠭᠤᠯᠵᠤ᠂ ᠵᠠᠰᠠᠭ ᠵᠠᠬᠢᠷᠭ᠋ᠠᠨ᠎ᠤ ᠵᠠᠷᠭᠤ ᠵᠢᠨ 《ᠬᠣᠣᠰ ᠨᠤᠷᠮ᠎ᠠ》 ᠵᠢ ᠬᠦᠴᠦᠯᠡᠨ ᠪᠠᠭ᠋ᠠᠰᠬᠠᠪᠠ᠃ ᠵᠠᠰᠠᠭ ᠵᠠᠬᠢᠷᠭ᠋ᠠᠨ᠎ᠤ ᠪᠠᠢ᠌ᠭᠤᠯᠭ᠎ᠠ ᠵᠢᠨ ᠬᠠᠷᠢᠭᠤᠴᠠᠯᠭ᠋ᠠᠲᠠᠨ᠎ᠤ ᠰᠢᠭᠦᠯᠲᠡ᠎ᠳᠤ ᠣᠷᠣᠯᠴᠠᠨ ᠵᠠᠷᠭᠤ ᠬᠦᠯᠢᠶᠡᠬᠦ ᠵᠢ ᠦᠨᠡᠯᠡᠬᠦ ᠲᠣᠭᠲᠠᠴᠠ ᠵᠢ ᠰᠢᠨ᠎ᠡ᠎ᠪᠠᠷ ᠡᠭᠦᠳᠦᠨ ᠪᠠᠢ᠌ᠭᠤᠯᠵᠤ᠂ 8 ᠤᠳᠠᠭ᠎ᠠ ᠦᠨᠡᠯᠡᠯᠲᠡ ᠬᠢᠵᠦ᠂ ᠨᠡᠢ᠍ᠢ᠍ᠳᠡ 75 ᠬᠤᠪᠢ ᠰᠠᠨᠠᠭᠤᠯᠤᠮᠵᠢ ᠵᠢᠨ ᠵᠠᠬᠢᠳᠠᠯ ᠪᠠᠭᠤᠯᠭ᠋ᠠᠵᠤ᠂ ᠵᠠᠰᠠᠭ ᠵᠠᠬᠢᠷᠭ᠋ᠠᠨ᠎ᠤ ᠪᠠᠢ᠌ᠭᠤᠯᠭ᠎ᠠ ᠵᠢᠨ ᠬᠠᠷᠢᠭᠤᠴᠠᠯᠭ᠋ᠠᠲᠠᠨ᠎ᠤ 《ᠰᠢᠭᠦᠯᠲᠡ᠎ᠳᠤ ᠣᠷᠣᠯᠴᠠᠨ ᠦᠷ᠎ᠡ ᠪᠦᠲᠦᠮᠵᠢ ᠭᠠᠷᠭ᠋ᠠᠬᠤ》 ᠵᠢ ᠪᠦᠲᠦᠮᠵᠢᠲᠡᠶ᠎ᠪᠠᠷ ᠲᠦᠯᠬᠢᠨ ᠠᠬᠢᠭᠤᠯᠪᠠ᠃ ᠭᠡᠷ᠎ᠡ ᠵᠢᠨ ᠬᠢᠨᠠᠨ ᠬᠠᠷᠭᠤᠭᠤᠯᠤᠯᠲᠠ᠎ᠨᠢ ᠬᠦᠴᠦᠲᠡᠢ ᠪᠥᠭᠡᠳ ᠡᠮᠬᠢ ᠵᠢᠷᠤᠮ᠎ᠲᠠᠢ ᠪᠠᠢ᠌ᠵᠤ᠂ ᠭᠡᠷ᠎ᠡ ᠵᠢ ᠳᠠᠨᠭ᠌ᠰᠠᠯᠠᠵᠤ ᠬᠢᠨᠠᠨ ᠬᠠᠷᠭᠤᠭᠤᠯᠬᠤ ᠲᠣᠭᠲᠠᠴᠠ ᠵᠢ ᠰᠢᠨ᠎ᠡ᠎ᠪᠠᠷ ᠡᠭᠦᠳᠦᠨ ᠪᠠᠢ᠌ᠭᠤᠯᠵᠤ᠂ ᠵᠠᠰᠠᠭ᠎ᠤᠨ ᠣᠷᠳᠣᠨ᠎ᠤ 340 ᠭᠠᠷᠤᠢ ᠭᠡᠷ᠎ᠡ ᠵᠢ ᠬᠢᠨᠠᠨ ᠬᠠᠷᠭᠤᠭᠤᠯᠵᠤ ᠳᠠᠩᠰᠠᠯᠠᠭᠤᠯᠤᠨ᠂ ᠬᠠᠤᠯᠢ ᠴᠠᠭ᠋ᠠᠵᠠ ᠵᠢᠨ ᠠᠶᠤᠯ ᠲᠦᠭᠰᠢᠭᠦᠷᠢ ᠵᠢ ᠠᠷᠢᠯᠭ᠋ᠠᠬᠤ 1100 ᠭᠠᠷᠤᠢ ᠴᠡᠭ᠎ᠢ ᠠᠷᠢᠯᠭ᠋ᠠᠵᠤ᠂ ᠵᠠᠰᠠᠭ ᠵᠠᠬᠢᠷᠭ᠋ᠠᠨ᠎ᠤ ᠵᠢᠷᠤᠮᠵᠢᠯ᠎ᠤᠨ ᠴᠢᠨᠠᠷᠲᠠᠢ ᠪᠢᠴᠢᠭ ᠮᠠᠲ᠋ᠧᠷᠢᠶᠠᠯ᠎ᠢ ᠲᠤᠰᠬᠠᠢ ᠵᠦᠢ᠍ᠯ ᠵᠶ᠋ᠡᠷ ᠢᠯᠭ᠋ᠠᠷᠠᠭᠤᠯᠤᠨ ᠲᠢᠭᠯᠡᠬᠦ ᠠᠵᠢᠯ᠎ᠢ 24 ᠤᠳᠠᠭ᠎ᠠ ᠥᠷᠨᠢᠭᠦᠯᠵᠦ᠂ ᠠᠮᠠᠯᠠᠯᠲᠠ᠎ᠪᠠᠨ ᠪᠡᠶᠡᠯᠡᠭᠦᠯᠵᠦ ᠭᠡᠷ᠎ᠡ᠎ᠪᠠᠨ ᠭᠦᠢ᠍ᠴᠡᠳᠬᠡᠬᠦ ᠵᠢ ᠪᠦᠲᠦᠮᠵᠢᠲᠡᠶ ᠠᠬᠢᠭᠤᠯᠪᠠ᠃
ᠬᠡᠷᠡᠯ ᠭᠢᠯᠪᠠᠭ᠎ᠠ᠎ᠪᠠᠨ ᠲᠥᠪᠯᠡᠷᠡᠭᠦᠯᠦᠨ᠂ ᠵᠠᠰᠠᠭ᠎ᠤᠨ ᠶᠠᠪᠤᠳᠠᠯ᠎ᠤᠨ 《ᠬᠢᠨᠠᠯᠲᠠ ᠲᠠᠯᠪᠢᠬᠤ ᠲᠣᠣᠷ》᠎ᠢ ᠢᠯᠡ ᠲᠣᠳᠣ ᠨᠢᠭᠲᠠ ᠰᠦᠯᠵᠢᠪᠡ᠃ ᠮᠡᠳᠡᠭᠡ ᠵᠠᠩᠭᠢ ᠵᠢ ᠴᠤᠭᠯᠠᠭᠤᠯᠬᠤ᠎ᠳᠤ ᠨᠡᠩ ᠪᠦᠷᠢᠨ ᠭᠦᠢ᠍ᠴᠡᠳ ᠪᠣᠯᠵᠠᠢ᠃ 《ᠠᠷᠪᠠ ᠵᠢ ᠵᠠᠷᠯᠠᠨ ᠨᠡᠢ᠌ᠲᠡᠯᠡᠬᠦ》 ᠢᠲᠡᠭᠡᠮᠵᠢ ᠵᠢᠨ ᠮᠡᠳᠡᠭᠡ ᠵᠠᠩᠭᠢ ᠵᠢ ᠴᠤᠭᠯᠠᠭᠤᠯᠬᠤ ᠵᠠᠭᠪᠤᠷ᠂ 10 ᠲᠦᠮᠡ ᠭᠠᠷᠤᠢ ᠮᠡᠳᠡᠭᠡ ᠵᠠᠩᠭᠢ ᠵᠢ ᠴᠤᠭᠯᠠᠭᠤᠯᠤᠨ᠂ 8 ᠲᠠᠯᠠᠪᠤᠷ 《ᠠᠷᠪᠠ ᠵᠢ ᠵᠠᠷᠯᠠᠨ ᠨᠡᠢ᠌ᠲᠡᠯᠡᠬᠦ》 ᠮᠡᠳᠡᠭᠡ ᠵᠠᠩᠭᠢ ᠵᠢ ᠲᠠᠭᠯᠠᠨ ᠮᠡᠳᠡᠭᠦᠯᠬᠦ ᠵᠢᠴᠢ ᠤᠯᠤᠰ᠎ᠤᠨ ᠬᠣᠲᠠ ᠵᠢᠨ ᠢᠲᠡᠭᠡᠮᠵᠢ ᠵᠢᠨ ᠬᠢᠨᠠᠨ ᠬᠡᠮᠵᠢᠯᠲᠡ ᠵᠢᠨ ᠭᠦᠢ᠍ᠴᠡᠳᠬᠡᠯ ᠲᠣᠭ᠎ᠠ ᠵᠢᠨ ᠠᠵᠢᠯ᠎ᠤᠨ ᠪᠣᠯᠪᠠᠰᠤᠷᠠᠯ᠎ᠤᠨ ᠬᠤᠷᠠᠯ᠎ᠢ ᠬᠤᠷᠠᠯᠳᠤᠭᠤᠯᠵᠤ᠂ ᠣᠳᠣᠬᠠᠨ᠎ᠳᠤ 《ᠠᠷᠪᠠ ᠵᠢ ᠵᠠᠷᠯᠠᠨ ᠨᠡᠢ᠌ᠲᠡᠯᠡᠬᠦ》 ᠮᠡᠳᠡᠭᠡ ᠵᠠᠩᠭᠢ ᠵᠢ ᠴᠠᠭ ᠲᠤᠬᠠᠢᠳᠤᠨᠢ ᠨᠡᠢ᠌ᠲᠡᠯᠡᠬᠦ ᠨᠣᠷᠮ᠎ᠠ᠂ ᠲᠣᠭᠲᠠᠭ᠋ᠠᠯ᠎ᠳᠤ ᠨᠡᠢ᠌ᠴᠡᠬᠦ ᠨᠣᠷᠮ᠎ᠠ᠂ ᠳᠡᠭᠡᠭᠰᠢ ᠮᠡᠳᠡᠭᠦᠯᠬᠦ ᠨᠣᠷᠮ᠎ᠠ ᠴᠥᠮ 100%᠎ᠳᠤ ᠬᠥᠷᠪᠡ᠃ ᠮᠡᠳᠡᠭᠡ ᠵᠠᠩᠭᠢ ᠵᠢ ᠢᠯᠡ ᠪᠣᠯᠭ᠋ᠠᠬᠤ ᠶᠠᠪᠤᠳᠠᠯ ᠨᠡᠩ ᠥᠷᠭᠡᠨ ᠳᠡᠯᠭᠡᠷ ᠪᠣᠯᠪᠠ᠃ ᠵᠠᠰᠠᠭ᠎ᠤᠨ ᠣᠷᠳᠣᠨ᠎ᠤ ᠫᠤᠷᠲᠸᠯ ᠰᠦᠯᠵᠢᠶ᠎ᠡ᠂ ᠵᠠᠰᠠᠭ᠎ᠤᠨ ᠶᠠᠪᠤᠳᠠᠯ᠎ᠤᠨ ᠰᠢᠨ᠎ᠡ ᠵᠠᠭᠤᠴᠢᠯᠠᠭᠤᠷ ᠵᠡᠷᠭᠡ ᠲᠠᠪᠴᠠᠩ᠎ᠳᠤ ᠲᠦᠰᠢᠭᠯᠡᠨ᠂ ᠵᠠᠰᠠᠭ᠎ᠤᠨ ᠶᠠᠪᠤᠳᠠᠯ᠎ᠤᠨ ᠮᠡᠳᠡᠭᠡ ᠵᠠᠩᠭᠢ ᠵᠢ ᠣᠯᠠᠨ ᠠᠷᠭ᠎ᠠ ᠵᠠᠮ ᠵᠶ᠋ᠠᠷ ᠢᠯᠡ ᠪᠣᠯᠭ᠋ᠠᠵᠤ᠂ 《ᠰᠠᠨᠠᠭ᠋ᠠᠴᠢᠯᠠᠭ᠎ᠠ᠎ᠠᠴᠠ᠎ᠪᠠᠨ ᠢᠯᠡ ᠪᠣᠯᠭ᠋ᠠᠬᠤ ᠭᠠᠷᠴᠠᠭ᠎ᠤᠨ ᠲᠣᠳᠣᠷᠬᠠᠢ ᠬᠠᠭᠤᠳᠠᠰᠤ》 ᠪᠤᠯᠤᠩ ᠭᠠᠷᠭ᠋ᠠᠵᠤ᠂ ᠢᠯᠡ ᠪᠣᠯᠭ᠋ᠠᠬᠤ ᠶᠣᠰᠣᠲᠠᠢ ᠵᠢ᠎ᠨᠢ ᠴᠥᠮ ᠢᠯᠡ ᠪᠣᠯᠭ᠋ᠠᠵᠤ᠂ 33 ᠭᠣᠣᠯᠳᠠᠯᠭ᠎ᠠ᠎ᠲᠠᠢ ᠰᠠᠯᠠᠭ᠎ᠠ ᠮᠥᠴᠢᠷ᠎ᠤᠨ ᠭᠠᠷᠴᠠᠭ᠎ᠢ ᠢᠯᠡ ᠪᠣᠯᠭ᠋ᠠᠨ ᠳᠡᠯᠭᠡᠨ ᠦᠵᠡᠭᠦᠯᠵᠦ᠂ 3.1 ᠲᠦᠮᠡ ᠭᠠᠷᠤᠢ ᠮᠡᠳᠡᠭᠡ ᠵᠠᠩᠭᠢ ᠵᠢ ᠰᠠᠨᠠᠭ᠋ᠠᠴᠢᠯᠠᠭ᠎ᠠ᠎ᠠᠴᠠ᠎ᠪᠠᠨ ᠢᠯᠡ ᠪᠣᠯᠭ᠋ᠠᠪᠠ᠃ ᠮᠡᠳᠡᠭᠡ ᠵᠠᠩᠭᠢ ᠵᠢᠨ ᠬᠢᠨᠠᠯᠲᠠ ᠵᠢ ᠨᠡᠩ ᠲᠡᠭᠦᠯᠳᠡᠷᠵᠢᠭᠦᠯᠵᠡᠢ᠃ 《ᠦᠬᠠᠢ ᠬᠣᠲᠠ ᠵᠢᠨ ᠵᠠᠰᠠᠭ᠎ᠤᠨ ᠶᠠᠪᠤᠳᠠᠯ᠎ᠤᠨ ᠢᠲᠡᠭᠡᠮᠵᠢ ᠠᠯᠳᠠᠭᠰᠠᠨ᠎ᠢ ᠵᠠᠭ᠋ᠠᠯᠳᠤᠵᠤ ᠢᠯᠡᠴᠢᠯᠡᠨ ᠮᠡᠳᠡᠭᠦᠯᠬᠦ ᠵᠢᠨ ᠬᠡᠷᠡᠭᠵᠢᠭᠦᠯᠬᠦ ᠨᠠᠷᠢᠨ ᠳᠦᠷᠢᠮ》᠎ᠢ ᠳᠠᠷᠤᠮᠠᠯᠯᠠᠨ ᠲᠠᠷᠬᠠᠭ᠋ᠠᠵᠤ᠂ ᠵᠠᠰᠠᠭ᠎ᠤᠨ ᠶᠠᠪᠤᠳᠠᠯ᠎ᠤᠨ ᠦᠨᠡᠨᠴᠢ ᠢᠲᠡᠭᠡᠮᠵᠢ ᠵᠢᠨ ᠵᠠᠭ᠋ᠠᠯᠳᠤᠯᠭ᠎ᠠ ᠵᠢᠨ ᠴᠣᠩᠬᠣ ᠲᠣᠬᠢᠷᠠᠭᠤᠯᠤᠨ᠂ 《ᠦᠨᠡᠨᠴᠢ ᠢᠲᠡᠭᠡᠮᠵᠢ ᠵᠢᠨ ᠪᠠᠢ᠌ᠭᠤᠯᠤᠯᠲᠠ ᠵᠢᠨ ᠵᠠᠭ᠋ᠠᠯᠳᠤᠯᠭ᠎ᠠ》 ᠵᠢᠨ ᠲᠤᠰᠬᠠᠢ ᠰᠠᠭᠤᠳᠠᠯ᠎ᠢ ᠨᠡᠭᠡᠭᠡᠵᠦ᠂ ᠠᠵᠤ ᠠᠬᠤᠢ᠌ᠯᠠᠯ᠎ᠤᠨ ᠢᠯᠡᠳᠬᠡᠬᠦ ᠠᠷᠭ᠎ᠠ ᠵᠠᠮ᠎ᠢ ᠰᠠᠭ᠋ᠠᠳ ᠦᠭᠡᠢ ᠨᠡᠪᠲᠡᠷᠡᠭᠦᠯᠬᠦ ᠵᠢᠨ ᠬᠠᠮᠲᠤ ᠲᠤᠰᠬᠠᠢ ᠠᠵᠢᠯ᠎ᠤᠨ ᠪᠠᠢ᠌ᠷᠢ ᠵᠢᠨ ᠲᠤᠰᠬᠠᠢ ᠰᠢᠮᠳᠠᠭᠤᠯᠤᠨ ᠰᠢᠢ᠍ᠳᠪᠦᠷᠢᠯᠡᠭᠦᠯᠬᠦ ᠵᠢ ᠲᠣᠬᠢᠷᠠᠭᠤᠯᠤᠨ᠂ ᠪᠥᠬᠥ ᠶᠠᠪᠤᠴᠠ ᠵᠢᠨ ᠪᠢᠲᠡᠭᠦᠦ ᠴᠠᠭ᠋ᠠᠷᠢᠭ᠎ᠤᠨ ᠬᠠᠮᠢᠶᠠᠷᠤᠯᠲᠠ ᠵᠢ ᠬᠡᠷᠡᠭᠵᠢᠭᠦᠯᠵᠡᠢ᠃
ᠶᠠᠰᠤ ᠴᠢᠨᠠᠷ᠎ᠢ ᠳᠡᠭᠡᠭᠰᠢᠯᠡᠭᠦᠯᠦᠨ ᠦᠷ᠎ᠡ ᠠᠰᠢᠭ᠎ᠢ ᠨᠡᠮᠡᠭᠳᠡᠭᠦᠯᠵᠦ᠂ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ 《ᠬᠣᠯᠪᠣᠯᠳᠤᠭᠰᠠᠨ ᠬᠥᠭᠥᠷᠭᠡ》 ᠵᠢ ᠪᠠᠢ᠌ᠭᠤᠯᠵᠠᠢ᠃ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠦᠢ᠍ᠯᠡᠳᠦᠯ ᠴᠢᠳᠠᠪᠤᠷᠢ ᠵᠢ ᠭᠣᠣᠯᠳᠠᠯᠭ᠎ᠠ᠎ᠲᠠᠢ ᠳᠡᠭᠡᠭᠰᠢᠯᠡᠭᠦᠯᠵᠡᠢ᠃ ᠥᠪᠡᠷᠲᠡᠭᠡᠨ ᠵᠠᠰᠠᠬᠤ ᠣᠷᠣᠨ᠎ᠤ ᠨᠢᠭᠡᠨᠲᠡ ᠲᠣᠭᠲᠠᠭ᠋ᠠᠭᠰᠠᠨ 21 《ᠨᠢᠭᠡ ᠶᠠᠪᠤᠳᠠᠯ》᠎ᠢ ᠨᠠᠢ᠌ᠳᠠᠪᠤᠷᠢᠵᠢᠭᠤᠯᠵᠤ᠂ 《ᠡᠮᠴᠢᠯᠡᠭᠡ᠎ᠪᠠᠷ ᠲᠡᠩᠬᠡᠷᠡᠭᠦᠯᠦᠨ ᠲᠤᠰᠠᠯᠠᠬᠤ》 《ᠵᠠᠮ ᠡᠪᠳᠡᠵᠦ ᠨᠣᠭᠣᠭ᠋ᠠᠷᠠᠭᠤᠯᠤᠯᠲᠠ ᠵᠢ ᠡᠪᠳᠡᠬᠦ》 ᠵᠡᠷᠭᠡ 14 ᠣᠨᠴᠠᠯᠢᠭ᠎ᠲᠠᠢ 《ᠨᠢᠭᠡ ᠶᠠᠪᠤᠳᠠᠯ》᠎ᠢ ᠰᠢᠨ᠎ᠡ ᠵᠢ ᠡᠭᠦᠳᠦᠨ ᠭᠠᠷᠭ᠋ᠠᠵᠤ᠂ ᠣᠷᠣᠨ ᠪᠦᠰᠡ ᠵᠢᠨ ᠵᠣᠬᠢᠴᠠᠩᠭᠤᠢ ᠬᠥᠭᠵᠢᠯᠲᠡ ᠵᠢ ᠠᠯᠠᠱ᠌ᠠ ᠠᠢ᠌ᠮᠠᠭ᠂ ᠣᠷᠳᠣᠰ ᠬᠣᠲᠠ᠂ ᠪᠠᠶᠠᠨᠨᠠᠭᠤᠷ ᠬᠣᠲᠠ ᠭᠤᠷᠪᠠᠨ ᠭᠠᠵᠠᠷ᠎ᠲᠤ ᠬᠠᠮᠤᠷᠤᠭᠤᠯᠵᠤ᠂ ᠠᠵᠢᠯ᠎ᠤᠨ ᠦᠷ᠎ᠡ ᠪᠦᠲᠦᠮᠵᠢ ᠵᠢ ᠦᠨᠡᠨᠬᠦ ᠳᠡᠭᠡᠭᠰᠢᠯᠡᠭᠦᠯᠵᠡᠢ᠃ ᠠᠵᠤ ᠠᠬᠤᠢ᠌ᠯᠠᠯ᠎ᠳᠤ ᠠᠰᠢᠭ ᠬᠦᠷᠲᠡᠭᠡᠵᠦ ᠠᠷᠠᠳ᠎ᠲᠤ ᠳᠦᠭᠦᠮ ᠦᠵᠡᠭᠦᠯᠬᠦ ᠲᠣᠭᠲᠠᠴᠠ ᠵᠢ ᠬᠦᠴᠦᠯᠡᠨ ᠲᠡᠭᠦᠯᠳᠡᠷᠵᠢᠭᠦᠯᠵᠡᠢ᠃ 《ᠦᠬᠠᠢ ᠬᠣᠲᠠ ᠵᠢᠨ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠳᠤᠲᠠᠭᠤ ᠵᠢ ᠭᠥᠯᠢᠶᠡᠨ ᠠᠪᠴᠤ ᠰᠢᠢ᠍ᠳᠪᠦᠷᠢᠯᠡᠬᠦ ᠳᠦᠷᠢᠮ》 《ᠦᠬᠠᠢ ᠬᠣᠲᠠ ᠵᠢᠨ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠠᠮᠠᠯᠠᠯᠲᠠ ᠵᠢᠨ ᠳᠦᠷᠢᠮ᠎ᠤᠨ ᠬᠠᠮᠢᠶᠠᠷᠤᠯᠲᠠ ᠵᠢᠨ ᠳᠦᠷᠢᠮ》᠎ᠢ ᠳᠠᠷᠤᠮᠠᠯᠯᠠᠨ ᠲᠠᠷᠬᠠᠭ᠋ᠠᠵᠤ᠂ 309 ᠵᠦᠢ᠍ᠯ᠎ᠤᠨ 《ᠳᠤᠲᠠᠭᠤ ᠵᠢ ᠭᠥᠯᠢᠶᠡᠨ ᠠᠪᠴᠤ ᠰᠢᠢ᠍ᠳᠪᠦᠷᠢᠯᠡᠬᠦ》᠂ 71 ᠵᠦᠢ᠍ᠯ᠎ᠤᠨ 《ᠠᠮᠠᠯᠠᠯᠲᠠ ᠵᠢᠨ ᠳᠦᠷᠢᠮ》᠎ᠤᠨ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠵᠦᠢ᠍ᠯᠡᠰ᠎ᠤᠨ ᠨᠠᠷᠢᠨ ᠬᠠᠭᠤᠳᠠᠰᠤ ᠵᠢ ᠨᠡᠢ᠌ᠲᠡᠯᠡᠵᠦ᠂ ᠬᠢᠨᠠᠨ ᠵᠥᠪᠰᠢᠶᠡᠷᠡᠬᠦ ᠴᠠᠭ᠎ᠤᠨ ᠬᠢᠵᠠᠭ᠋ᠠᠷ᠎ᠢ ᠤᠯᠠᠮ ᠨᠢᠭᠡ ᠠᠯᠬᠤᠮ ᠪᠠᠭ᠋ᠠᠰᠬᠠᠨ᠂ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠠᠷᠠᠳ᠎ᠲᠤ ᠲᠥᠬᠥᠮ ᠦᠵᠡᠭᠦᠯᠬᠦ ᠵᠢ ᠠᠬᠢᠭᠤᠯᠪᠠ᠃ 《ᠲᠣᠭ᠋ᠠᠴᠢᠯᠠᠭᠰᠠᠨ》 ᠵᠠᠰᠠᠭ᠎ᠤᠨ ᠶᠠᠪᠤᠳᠠᠯ᠎ᠤᠨ ᠲᠠᠪᠴᠠᠩ᠎ᠢ ᠬᠦᠴᠦᠯᠡᠨ ᠪᠠᠢ᠌ᠭᠤᠯᠵᠠᠢ᠃ ᠦᠬᠠᠢ ᠬᠣᠲᠠ ᠵᠢᠨ 《ᠦᠨᠡᠮᠯᠡᠯ᠎ᠢ ᠬᠡᠯᠲᠦᠷᠢᠭᠦᠯᠬᠦ ᠠᠯᠪᠠᠨ ᠭᠡᠷ》᠎ᠤᠨ ᠲᠣᠭ᠎ᠠ ᠪᠠᠷᠢᠮᠲᠠ ᠵᠢ ᠰᠢᠯᠵᠢᠭᠦᠯᠦᠨ ᠬᠡᠷᠡᠭᠯᠡᠬᠦ ᠵᠢ ᠬᠠᠷᠭᠤᠭᠤᠯᠤᠨ ᠪᠠᠢ᠌ᠴᠠᠭ᠋ᠠᠬᠤ ᠰᠢᠰᠲ᠋ᠧᠮ᠎ᠢ ᠪᠠᠢ᠌ᠭᠤᠯᠵᠤ᠂ ᠬᠣᠲᠠ ᠵᠢᠨ ᠲᠣᠰ ᠱᠠᠲᠤᠨ᠎ᠤ 739 ᠵᠦᠢ᠍ᠯ᠎ᠤᠨ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠵᠦᠢ᠍ᠯᠡᠰ᠎ᠲᠤ 《ᠦᠨᠡᠮᠯᠡᠯ᠎ᠢ ᠬᠡᠯᠲᠦᠷᠢᠭᠦᠯᠬᠦ ᠠᠯᠪᠠᠨ ᠭᠡᠷ》᠎ᠢ ᠪᠡᠶᠡᠯᠡᠭᠦᠯᠦᠨ᠂ 《ᠡᠰᠡᠷᠭᠦ ᠴᠢᠭᠯᠡᠯ ᠵᠶ᠋ᠡᠷ ᠭᠦᠢ᠍ᠴᠡᠳᠬᠡᠬᠦ ᠠᠯᠪᠠᠨ ᠭᠡᠷ》᠎ᠤᠨ ᠬᠡᠷᠡᠭᠯᠡᠭᠡᠨ᠎ᠤ ᠦᠢ᠍ᠯᠡᠴᠢᠯᠡᠭᠡᠨ᠎ᠤ ᠰᠢᠰᠲ᠋ᠧᠮ᠎ᠢ ᠪᠠᠢ᠌ᠭᠤᠯᠵᠤ᠂ ᠬᠡᠷᠡᠭ ᠶᠠᠪᠤᠳᠠᠯ ᠰᠢᠢ᠍ᠳᠪᠦᠷᠢᠯᠡᠬᠦ ᠵᠢ ᠰᠠᠨᠠᠭᠤᠯᠬᠤ ᠪᠠ ᠰᠦᠯᠵᠢᠶᠡᠨ ᠳᠡᠭᠡᠷ᠎ᠡ ᠭᠦᠢ᠍ᠴᠡᠳᠬᠡᠬᠦ 14.3 ᠲᠦᠮᠡ ᠭᠠᠷᠤᠢ ᠴᠥᠷᠬᠡᠯᠡᠭᠡ ᠵᠢ ᠰᠠᠨᠠᠭ᠋ᠠᠴᠢᠯᠠᠭ᠎ᠠ᠎ᠠᠴᠠ᠎ᠪᠠᠨ ᠬᠦᠷᠭᠡᠵᠦ ᠥᠭᠪᠡ᠃
ᠰᠦᠭ ᠰᠦᠨᠡᠰᠦ ᠵᠢ ᠱᠤᠭᠤᠵᠤ ᠰᠠᠭᠤᠷᠢ ᠵᠢ ᠪᠠᠲᠤᠳᠬᠠᠵᠤ᠂ ᠬᠠᠤᠯᠢᠵᠢᠯ᠎ᠤᠨ ᠵᠠᠰᠠᠭ᠎ᠤᠨ ᠣᠷᠳᠣᠨ᠎ᠤ 《ᠠᠯᠳᠠᠨ ᠫᠠᠢ᠌ᠰᠠ》 ᠵᠢ ᠭᠡᠷᠡᠯᠲᠦᠭᠦᠯᠵᠡᠢ᠃ ᠤᠨᠤᠯ᠎ᠤᠨ ᠰᠤᠷᠤᠯᠴᠠᠯᠭ᠎ᠠ ᠬᠥᠮᠦᠵᠢᠯ᠎ᠢ ᠭᠦᠨᠵᠡᠭᠡᠢ᠌ᠷᠡᠭᠦᠯᠵᠡᠢ᠃ ᠰᠢ ᠵᠢᠨ ᠫᠢᠩ᠎ᠤᠨ ᠬᠠᠤᠯᠢᠵᠢᠯ᠎ᠤᠨ ᠦᠵᠡᠯ ᠰᠠᠨᠠᠭ᠎ᠠ ᠵᠢ ᠨᠢᠭᠡᠨᠲᠡ ᠡᠯ᠎ᠡ ᠱᠠᠲᠤᠨ᠎ᠤ ᠨᠠᠮ᠎ᠤᠨ ᠬᠣᠷᠢᠶ᠎ᠠ (ᠨᠠᠮ᠎ᠤᠨ ᠤᠳᠤᠷᠢᠳᠬᠤ ᠳᠤᠭᠤᠢ᠌ᠯᠠᠩ) ᠵᠢᠨ ᠤᠨᠤᠯ ᠰᠤᠷᠤᠯᠴᠠᠬᠤ ᠭᠣᠣᠯ ᠳᠤᠭᠤᠢ᠌ᠯᠠᠩ᠎ᠤᠨ ᠣᠨ᠎ᠤ ᠭᠣᠣᠯᠳᠠᠯᠭ᠎ᠠ᠎ᠲᠠᠢ ᠰᠤᠷᠤᠯᠴᠠᠬᠤ ᠡᠭᠦᠷᠭᠡ᠎ᠳᠤ ᠣᠷᠣᠭᠤᠯᠵᠤ᠂ ᠦᠨᠡᠨᠴᠢ ᠢᠲᠡᠭᠡᠮᠵᠢ ᠵᠢᠨ ᠪᠠᠢ᠌ᠭᠤᠯᠤᠯᠲᠠ ᠵᠢ ᠨᠢᠭᠡᠨᠲᠡ ᠡᠯ᠎ᠡ ᠱᠠᠲᠤᠨ᠎ᠤ ᠨᠠᠮ᠎ᠤᠨ ᠰᠤᠷᠭ᠋ᠠᠭᠤᠯᠢ ᠵᠢᠨ ᠭᠣᠣᠯ ᠴᠣᠭᠴᠠ ᠵᠢᠨ ᠠᠩᠭᠢ ᠵᠢᠨ ᠴᠢᠬᠤᠯᠠ ᠰᠤᠷᠤᠯᠴᠠᠬᠤ ᠠᠭᠤᠯᠭ᠎ᠠ᠎ᠳᠤ ᠣᠷᠣᠭᠤᠯᠵᠤ᠂ ᠲᠤᠰᠬᠠᠢ ᠰᠡᠳᠦᠪ ᠵᠶ᠋ᠡᠷ ᠬᠢᠴᠢᠶᠡᠯ ᠵᠢᠭ᠋ᠠᠬᠤ ᠵᠢ ᠨᠡᠢ᠍ᠢ᠍ᠳᠡ 46 ᠲᠠᠯᠠᠪᠤᠷ ᠥᠷᠨᠢᠭᠦᠯᠵᠦ᠂ ᠠᠯᠪᠠᠨ ᠲᠤᠰᠢᠶᠠᠯᠲᠠᠨ᠎ᠤ ᠬᠠᠤᠯᠢᠵᠢᠯ᠎ᠤᠨ ᠰᠡᠳᠬᠢᠬᠦᠢ ᠪᠠ ᠬᠠᠤᠯᠢᠵᠢᠯ᠎ᠤᠨ ᠠᠷᠭ᠎ᠠ ᠬᠡᠯᠪᠡᠷᠢ᠎ᠪᠠᠷ ᠠᠵᠢᠯ ᠵᠶ᠋ᠠᠨ ᠥᠷᠨᠢᠭᠦᠯᠬᠦ ᠴᠢᠳᠠᠪᠤᠷᠢ ᠵᠢ ᠳᠠᠰᠤᠷᠠᠯᠳᠠ ᠦᠭᠡᠢ ᠳᠡᠭᠡᠭᠰᠢᠯᠡᠭᠦᠯᠪᠡ᠃ ᠢᠲᠡᠭᠡᠯ ᠠᠯᠳᠠᠭᠰᠠᠨ ᠠᠰᠠᠭᠤᠳᠠᠯ᠎ᠢ ᠴᠡᠭᠴᠡᠯᠡᠨ ᠵᠠᠰᠠᠬᠤ ᠵᠢ ᠭᠦᠨᠵᠡᠭᠡᠢ᠌ᠷᠡᠭᠦᠯᠵᠡᠢ᠃ ᠵᠠᠰᠠᠭ᠎ᠤᠨ ᠶᠠᠪᠤᠳᠠᠯ᠎ᠤᠨ ᠢᠲᠡᠭᠡᠯ ᠠᠯᠳᠠᠭᠰᠠᠨ ᠠᠵᠢᠯᠯᠠᠭ᠎ᠠ ᠵᠢ ᠵᠢᠭᠰᠠᠭ᠋ᠠᠨ ᠪᠠᠢ᠌ᠴᠠᠭ᠋ᠠᠵᠤ ᠴᠡᠭᠴᠡᠯᠡᠨ ᠵᠠᠰᠠᠬᠤ ᠣᠷᠳᠣ ᠬᠤᠭᠤᠴᠠᠭ᠋ᠠᠨ᠎ᠤ ᠪᠦᠲᠦᠮᠵᠢᠲᠡᠶ ᠲᠣᠭᠲᠠᠴᠠ ᠵᠢ ᠪᠦᠷᠢᠨᠰᠢᠭᠦᠯᠵᠦ᠂ 2025 ᠣᠨ᠎ᠤ ᠵᠠᠰᠠᠭ᠎ᠤᠨ ᠶᠠᠪᠤᠳᠠᠯ᠎ᠤᠨ ᠢᠲᠡᠭᠡᠯ ᠠᠯᠳᠠᠭᠰᠠᠨ ᠠᠵᠢᠯᠯᠠᠭ᠎ᠠ ᠵᠢ ᠵᠢᠭᠰᠠᠭ᠋ᠠᠨ ᠪᠠᠢ᠌ᠴᠠᠭ᠋ᠠᠬᠤ ᠵᠢᠨ ᠡᠬᠢᠯᠡᠯᠲᠡ ᠵᠢ ᠥᠷᠨᠢᠭᠦᠯᠦᠨ᠂ ᠥᠪᠡᠷ ᠵᠶ᠋ᠡᠨ ᠪᠠᠢ᠌ᠴᠠᠭ᠋ᠠᠵᠤ ᠥᠪᠡᠷ ᠵᠶ᠋ᠡᠨ ᠵᠠᠯᠠᠷᠠᠭᠤᠯᠬᠤ᠂ ᠴᠡᠭᠴᠡᠯᠡᠨ ᠵᠠᠰᠠᠬᠤ ᠵᠢ ᠨᠠᠢ᠌ᠳᠠᠪᠤᠷᠢᠵᠢᠭᠤᠯᠬᠤ ᠪᠠ ᠳ᠋ᠦᠩᠨᠡᠨ ᠳᠡᠭᠡᠭᠰᠢᠯᠡᠭᠦᠯᠬᠦ 《ᠭᠤᠷᠪᠠᠨ ᠠᠯᠬᠤᠮ ᠵᠶ᠋ᠠᠷ ᠶᠠᠪᠤᠬᠤ》 ᠵᠢ ᠬᠡᠷᠡᠭᠵᠢᠭᠦᠯᠵᠦ᠂ 2024 ᠣᠨ᠎ᠤ ᠠᠰᠠᠭᠤᠳᠠᠯ᠎ᠲᠠᠢ ᠵᠦᠢ᠍ᠯᠡᠰ᠎ᠢ ᠪᠦᠬᠦᠨ᠎ᠢ ᠴᠡᠭᠴᠡᠯᠡᠨ ᠰᠠᠢ᠌ᠵᠢᠷᠠᠭᠤᠯᠵᠤ ᠳ᠋ᠤᠭ᠋ᠠᠷ᠎ᠢ᠎ᠨᠢ ᠬᠠᠰᠤᠬᠤ ᠵᠢ ᠪᠡᠶᠡᠯᠡᠭᠦᠯᠵᠡᠢ᠃ ᠬᠠᠷᠢᠭᠤᠴᠠᠯᠭ᠋ᠠᠲᠤ ᠦᠵᠡᠯ ᠤᠬᠠᠮᠰᠠᠷ᠎ᠤᠨ ᠪᠣᠶ᠋ᠢᠵᠢᠯᠲᠠ ᠵᠢ ᠭᠦᠨᠵᠡᠭᠡᠢ᠌ᠷᠡᠭᠦᠯᠵᠡᠢ᠃ ᠠᠯᠪᠠᠨ ᠲᠤᠰᠢᠶᠠᠯᠲᠠᠨ᠎ᠤ ᠢᠲᠡᠭᠡᠮᠵᠢ ᠵᠢᠨ ᠬᠢᠨᠠᠨ ᠪᠠᠢ᠌ᠴᠠᠭ᠋ᠠᠯᠲᠠ ᠵᠢᠨ ᠦᠷ᠎ᠡ ᠳ᠋ᠦᠩ᠎ᠢ ᠡᠯᠰᠡᠨ ᠬᠡᠷᠡᠭᠯᠡᠬᠦ᠂ ᠬᠢᠨᠠᠨ ᠰᠢᠯᠭ᠋ᠠᠬᠤ᠂ ᠰᠣᠩᠭᠣᠨ ᠬᠡᠷᠡᠭᠯᠡᠬᠦ ᠵᠢᠨ ᠴᠢᠬᠤᠯᠠ ᠦᠨᠳᠦᠰᠦᠯᠡᠯ ᠪᠠ ᠵᠠᠩᠭᠢᠯᠠᠭ᠎ᠠ ᠵᠢᠨ ᠨᠢᠭᠡ ᠭᠣᠭᠴᠣᠭ᠎ᠠ ᠪᠣᠯᠭ᠋ᠠᠵᠤ᠂ ᠠᠯᠪᠠᠨ ᠲᠤᠰᠢᠶᠠᠯᠲᠠᠨ᠎ᠤ ᠢᠲᠡᠭᠡᠮᠵᠢ ᠵᠢᠨ ᠲᠠᠩᠰᠠ ᠡᠪᠬᠡᠮᠡᠯ᠎ᠢ 14641 ᠬᠤᠪᠢ ᠪᠠᠢ᠌ᠭᠤᠯᠵᠤ᠂ ᠪᠥᠬᠥ ᠬᠣᠲᠠ ᠵᠢᠨ ᠤᠷᠢᠨ ᠬᠡᠷᠡᠭᠯᠡᠬᠦ᠎ᠪᠠᠷ ᠪᠠᠢ᠌ᠭ᠎ᠠ ᠬᠥᠮᠥᠰ ᠪᠠ ᠬᠥᠬᠢᠭᠦᠯᠦᠨ ᠱᠠᠩᠨᠠᠬᠤ᠎ᠪᠠᠷ ᠪᠠᠢ᠌ᠭ᠎ᠠ ᠬᠥᠮᠥᠰ᠎ᠤᠨ ᠨᠡᠶ᠋ᠢᠲᠡ 1944 ᠬᠥᠮᠥᠨ᠎ᠤ ᠨᠡᠢ᠌ᠭᠡᠮ᠎ᠤᠨ ᠢᠲᠡᠭᠡᠮᠵᠢ ᠵᠢᠨ ᠲᠡᠮᠳᠡᠭᠯᠡᠯ᠎ᠢ ᠪᠠᠢ᠌ᠴᠠᠭ᠋ᠠᠨ ᠯᠠᠪᠯᠠᠬᠤ ᠠᠵᠢᠯ᠎ᠢ ᠪᠡᠶᠡᠯᠡᠭᠦᠯᠵᠦ᠂ ᠠᠯᠪᠠᠨ ᠲᠤᠰᠢᠶᠠᠯᠲᠠᠨ᠎ᠤ ᠬᠠᠤᠯᠢ᠎ᠪᠠᠷ ᠵᠠᠰᠠᠬᠤ ᠤᠬᠠᠮᠰᠠᠷ ᠪᠠ ᠦᠨᠡᠨᠴᠢ ᠢᠲᠡᠭᠡᠮᠵᠢ ᠵᠢᠨ ᠤᠬᠠᠮᠰᠠᠷ᠎ᠢ ᠦᠷᠭᠦᠯᠵᠢᠯᠡᠨ ᠳᠡᠭᠡᠭᠰᠢᠯᠡᠭᠦᠯᠪᠡ᠃