ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠬᠠᠣᠯᠢ᠎ᠪᠠᠷ ᠵᠠᠰᠠᠬᠤ
ᠦᠢᠯᠡᠴᠢᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠬᠠᠣᠯᠢ᠎ᠪᠠᠷ ᠵᠠᠰᠠᠬᠤ   -   ᠬᠠᠣᠯᠢ᠎ᠪᠠᠷ ᠵᠠᠰᠠᠬᠤ ᠦᠪᠦᠷ ᠮᠣᠩᠭᠤᠯ
ᠪᠦᠬᠦ ᠣᠷᠣᠨ᠎ᠤ ᠵᠠᠬᠢᠳᠠᠯ ᠰᠤᠷᠪᠤᠯᠵᠢᠯᠠᠯ᠎ᠤᠨ ᠠᠵᠢᠯ᠎ᠤᠨ ᠬᠠᠤᠯᠢᠵᠢᠭᠤᠯᠤᠯᠲᠠ ᠵᠢ ᠯᠠᠪᠳᠠᠭᠤᠨ ᠵᠶ᠋ᠠᠷ ᠲᠦᠯᠬᠢᠨ ᠠᠬᠢᠭᠤᠯᠪᠠ
ᠨᠡᠶ᠋ᠢᠲᠡᠯᠡᠭᠰᠡᠨ ᠴᠠᠭ᠄ 2025-05-06

      ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠬᠢᠳᠠᠯ  ᠰᠤᠷᠪᠤᠯᠵᠢᠯᠠᠯ᠎ᠤᠨ  ᠰᠢᠰᠲ᠋ᠧᠮ᠎ᠤᠨ᠎ᠬᠢᠨ ᠥᠪᠡᠷᠲᠡᠭᠡᠨ ᠵᠠᠰᠠᠬᠤ ᠣᠷᠣᠨ᠎ᠤ  ᠬᠠᠤᠯᠢᠵᠢᠯ᠎ᠤᠨ ᠦᠵᠡᠯ ᠰᠠᠨᠠᠭ᠎ᠠ᠂  ᠶᠡᠷᠦᠩᠬᠡᠢ ᠱᠦᠵᠢ  ᠰᠢ ᠵᠢᠨ ᠫᠢᠩ᠎ᠤᠨ  ᠠᠷᠠᠳ᠎ᠤᠨ ᠵᠠᠬᠢᠳᠠᠯ  ᠰᠤᠷᠪᠤᠯᠵᠢᠯᠠᠯ᠎ᠤᠨ  ᠠᠵᠢᠯ᠎ᠢ ᠴᠢᠩᠭ᠋ᠠᠳᠬᠠᠨ ᠰᠠᠢ᠌ᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠵᠢ ᠬᠢᠨᠠᠮᠠᠭ᠋ᠠᠢ ᠰᠤᠷᠤᠯᠴᠠᠨ  ᠲᠤᠭᠤᠰᠢᠯᠠᠭᠤᠯᠵᠤ᠂  ᠵᠠᠬᠢᠳᠠᠯ  ᠰᠤᠷᠪᠤᠯᠵᠢᠯᠠᠯ᠎ᠤᠨ  ᠠᠵᠢᠯ᠎ᠤᠨ ᠬᠠᠤᠯᠢᠵᠢᠭᠤᠯᠤᠯᠲᠠ ᠵᠢᠨ 《ᠵᠠᠮ ᠱᠤᠭᠤᠮ᠎ᠤᠨ ᠵᠢᠷᠤᠭ》᠎ᠢ ᠰᠢᠯᠤᠭᠤᠳᠬᠠᠬᠤ᠎ᠪᠠᠷ ᠵᠠᠩᠭᠢᠯᠠᠭ᠎ᠠ ᠪᠣᠯᠭ᠋ᠠᠬᠤ ᠵᠢ ᠪᠠᠷᠢᠮᠲᠠᠯᠠᠵᠤ᠂ 《ᠳᠥᠷᠪᠡ ᠵᠢ ᠵᠣᠬᠢᠰᠲᠠᠢ ᠳᠥᠷᠪᠡ ᠵᠢ ᠦᠯᠦ ᠬᠡᠷᠡᠭᠵᠢᠭᠦᠯᠬᠦ》 ᠠᠰᠠᠭᠤᠳᠠᠯ᠎ᠢ ᠰᠢᠢ᠍ᠳᠪᠦᠷᠢᠯᠡᠬᠦ᠎ᠪᠠᠷ ᠭᠣᠣᠯᠳᠠᠯᠭ᠎ᠠ ᠪᠣᠯᠭ᠋ᠠᠵᠤ᠂ ᠵᠠᠬᠢᠳᠠᠯ  ᠰᠤᠷᠪᠤᠯᠵᠢᠯᠠᠯ᠎ᠤᠨ  ᠠᠵᠢᠯ᠎ᠤᠨ ᠬᠠᠤᠯᠢᠵᠢᠭᠤᠯᠤᠯᠲᠠ ᠵᠢᠨ ᠶᠠᠰᠤ ᠴᠢᠨᠠᠷ ᠦᠷ᠎ᠡ ᠠᠰᠢᠭ᠎ᠢ ᠳᠡᠭᠡᠭᠰᠢᠯᠡᠭᠦᠯᠬᠦ ᠣᠨ᠎ᠤ ᠠᠵᠢᠯᠯᠠᠭ᠎ᠠ ᠵᠢ ᠭᠦᠨᠵᠡᠭᠡᠢ ᠥᠷᠨᠢᠭᠦᠯᠵᠦ᠂  ᠡᠯ᠎ᠡ ᠵᠦᠢ᠍ᠯ᠎ᠤᠨ ᠠᠵᠢᠯ᠎ᠤᠨ ᠡᠭᠦᠷᠭᠡ ᠵᠢ ᠪᠣᠳᠠᠲᠠᠢ᠎ᠳᠤ ᠨᠠᠢ᠌ᠳᠠᠪᠤᠷᠢᠵᠢᠭᠤᠯᠬᠤ ᠵᠢ ᠪᠦᠬᠦ ᠬᠦᠴᠦᠨ ᠵᠶ᠋ᠡᠷ ᠵᠶ᠋ᠡᠨ  ᠠᠬᠢᠭᠤᠯᠵᠠᠢ᠃ 

      ᠳᠡᠭᠡᠳᠦ ᠪᠠᠢ᠌ᠷᠢ᠎ᠪᠠᠷ ᠠᠬᠢᠭᠤᠯᠬᠤ ᠵᠢ ᠪᠠᠷᠢᠮᠲᠠᠯᠠᠵᠤ᠂  ᠪᠥᠬᠥ ᠲᠠᠯ᠎ᠠ᠎ᠪᠠᠷ ᠲᠣᠬᠢᠷᠠᠭᠤᠯᠤᠨ  ᠪᠠᠢ᠌ᠷᠢᠯᠠᠭᠤᠯᠵᠠᠢ᠃  ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠪᠠ ᠵᠠᠰᠠᠭ᠎ᠤᠨ ᠣᠷᠳᠣᠨ᠎ᠤ ᠬᠣᠯᠪᠣᠭᠳᠠᠯ ᠪᠦᠬᠦᠢ ᠠᠵᠢᠯ᠎ᠤᠨ ᠪᠠᠢ᠌ᠷᠢᠯᠠᠭᠤᠯᠤᠯᠲᠠ ᠶᠣᠰᠣᠭ᠋ᠠᠷ᠂  ᠥᠪᠡᠷᠲᠡᠭᠡᠨ ᠵᠠᠰᠠᠬᠤ ᠣᠷᠣᠨ᠎ᠤ ᠵᠠᠬᠢᠳᠠᠯ  ᠰᠤᠷᠪᠤᠯᠵᠢᠯᠠᠯ᠎ᠤᠨ  ᠠᠵᠢᠯ᠎ᠤᠨ ᠬᠠᠮᠲᠤᠷᠠᠭᠰᠠᠨ ᠬᠤᠷᠠᠯ᠎ᠤᠨ ᠠᠯᠪᠠᠨ ᠭᠡᠷ 《ᠵᠠᠬᠢᠳᠠᠯ  ᠰᠤᠷᠪᠤᠯᠵᠢᠯᠠᠯ᠎ᠤᠨ  ᠠᠵᠢᠯ᠎ᠤᠨ ᠬᠠᠤᠯᠢᠵᠢᠯ᠎ᠤᠨ ᠶᠠᠰᠤ ᠴᠢᠨᠠᠷ᠎ᠤᠨ ᠦᠷ᠎ᠡ ᠪᠦᠲᠦᠮᠵᠢ ᠵᠢ ᠳᠡᠭᠡᠭᠰᠢᠯᠡᠭᠦᠯᠬᠦ ᠣᠨ᠎ᠤ ᠠᠵᠢᠯ᠎ᠤᠨ ᠲᠥᠰᠥᠯ》᠎ᠢ ᠲᠤᠭᠤᠷᠪᠢᠨ ᠨᠡᠢ᠌ᠲᠡᠯᠡᠵᠦ᠂  ᠡᠯ᠎ᠡ ᠲᠦᠷᠦᠯ ᠵᠦᠢ᠍ᠯ᠎ᠤᠨ ᠠᠵᠢᠯ᠎ᠤᠨ ᠬᠠᠷᠠᠯᠲᠠ᠂  ᠠᠷᠭ᠎ᠠ ᠬᠡᠮᠵᠢᠶ᠎ᠡ᠂  ᠬᠠᠷᠢᠭᠤᠴᠠᠯᠭ᠋ᠠᠲᠠᠨ ᠵᠢᠴᠢ ᠬᠠᠷᠢᠭᠤᠴᠠᠯᠭ᠎ᠠ ᠵᠢᠨ ᠭᠠᠵᠠᠷ ᠲᠠᠰᠤᠭ᠎ᠢ ᠲᠣᠳᠣᠷᠬᠠᠢ᠌ᠯᠠᠵᠤ᠂ 《ᠲᠠᠪᠤᠨ ᠬᠠᠤᠯᠢᠵᠢᠭᠤᠯᠤᠯᠲᠠ》 《ᠳᠥᠷᠪᠡ ᠵᠢ ᠪᠣᠳᠠᠲᠠᠢ᠌ᠵᠢᠭᠤᠯᠬᠤ》 ᠵᠢ ᠲᠠᠪᠤᠨ ᠵᠦᠢ᠍ᠯ᠎ᠤᠨ ᠠᠵᠢᠯᠯᠠᠭ᠎ᠠ᠎ᠳᠤ ᠣᠷᠭ᠋ᠠᠨᠢᠭ ᠵᠶ᠋ᠠᠷ ᠠᠭᠤᠰᠤᠯᠴᠠᠭᠤᠯᠵᠤ᠂  ᠨᠢᠭᠡᠳᠦᠯᠲᠡᠢ ᠲᠥᠯᠥᠪᠵᠢᠭᠦᠯᠦᠨ ᠲᠦᠷᠦ ᠵᠢᠨ ᠪᠣᠳᠣᠯᠭ᠎ᠠ ᠵᠢ ᠬᠡᠷᠡᠭᠵᠢᠭᠦᠯᠵᠦ᠂  ᠬᠠᠮᠲᠤᠪᠠᠷ ᠠᠬᠢᠭᠤᠯᠪᠠ᠃  ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠴᠥᠮ ᠲᠤᠰᠬᠠᠢ ᠰᠡᠳᠦᠪ ᠵᠶ᠋ᠡᠷ ᠰᠤᠳᠤᠯᠤᠨ ᠪᠠᠢ᠌ᠷᠢᠯᠠᠭᠤᠯᠵᠤ᠂  ᠠᠵᠢᠯ᠎ᠤᠨ ᠪᠣᠳᠠᠲᠤ ᠪᠠᠢ᠌ᠳᠠᠯ᠎ᠲᠠᠢ᠎ᠪᠠᠨ ᠤᠶᠠᠯᠳᠤᠭᠤᠯᠤᠨ᠂  ᠬᠦᠴᠦᠲᠡᠢ ᠠᠷᠭ᠎ᠠ ᠬᠡᠮᠵᠢᠶ᠎ᠡ ᠠᠪᠴᠤ᠂  ᠵᠠᠬᠢᠳᠠᠯ  ᠰᠤᠷᠪᠤᠯᠵᠢᠯᠠᠯ᠎ᠤᠨ  ᠠᠵᠢᠯ᠎ᠤᠨ ᠪᠥᠬᠥ ᠲᠠᠯ᠎ᠠ ᠵᠢᠨ ᠤᠳᠤᠷᠢᠳᠤᠯᠭ᠎ᠠ ᠵᠢ ᠴᠢᠩᠭ᠋ᠠᠳᠬᠠᠨ᠂  ᠠᠵᠢᠯ᠎ᠤᠨ ᠬᠠᠷᠢᠭᠤᠴᠠᠯᠭ᠎ᠠ ᠵᠢ ᠪᠣᠳᠠᠲᠠᠢ᠌ᠵᠢᠭᠤᠯᠵᠤ᠂  ᠵᠠᠬᠢᠳᠠᠯ  ᠰᠤᠷᠪᠤᠯᠵᠢᠯᠠᠯ᠎ᠤᠨ  ᠠᠵᠢᠯ᠎ᠤᠨ ᠶᠠᠰᠤ ᠴᠢᠨᠠᠷ ᠦᠷ᠎ᠡ ᠪᠦᠲᠦᠮᠵᠢ ᠵᠢ ᠳᠡᠭᠡᠭᠰᠢᠯᠡᠭᠦᠯᠬᠦ ᠣᠨ᠎ᠤ ᠡᠯ᠎ᠡ ᠵᠦᠢ᠍ᠯ᠎ᠤᠨ ᠡᠭᠦᠷᠭᠡ ᠵᠢ ᠨᠠᠢ᠌ᠳᠠᠪᠤᠷᠢᠵᠢᠭᠤᠯᠤᠨ ᠨᠠᠢ᠌ᠳᠠᠪᠤᠷᠢᠵᠢᠭᠤᠯᠬᠤ ᠵᠢ ᠲᠦᠯᠬᠢᠨ ᠠᠬᠢᠭᠤᠯᠪᠠ᠃ 

      ᠡᠬᠢ ᠡᠭᠦᠰᠦᠯ᠎ᠠᠴᠠ᠎ᠨᠢ ᠵᠠᠰᠠᠬᠤ ᠵᠢ ᠴᠢᠩᠭ᠋ᠠᠳᠬᠠᠵᠤ᠂  ᠵᠥᠷᠢᠴᠡᠯ ᠵᠢᠭᠤᠷᠠᠯᠳᠤᠭ᠋ᠠᠨ᠎ᠢ ᠨᠠᠮᠳᠠᠭᠤᠯᠬᠤ ᠵᠢ  ᠭᠦᠨᠵᠡᠭᠡᠢ᠌ᠷᠡᠭᠦᠯᠵᠡᠢ᠃  ᠲᠤᠰᠬᠠᠢ ᠵᠦᠢ᠍ᠯ ᠵᠶ᠋ᠡᠷ ᠵᠠᠰᠠᠬᠤ ᠠᠵᠢᠯ᠎ᠢ ᠭᠦᠨᠵᠡᠭᠡᠢ ᠲᠦᠯᠬᠢᠨ ᠠᠬᠢᠭᠤᠯᠪᠠ᠃  ᠥᠪᠡᠷᠲᠡᠭᠡᠨ ᠵᠠᠰᠠᠬᠤ ᠣᠷᠣᠨ᠎ᠤ 《ᠵᠥᠷᠢᠴᠡᠯ᠎ᠤᠨ ᠲᠦᠭᠰᠢᠭᠦᠷᠢ ᠵᠢ ᠠᠷᠢᠯᠭ᠋ᠠᠵᠤ᠂  ᠨᠡᠢ᠌ᠭᠡᠮ᠎ᠤᠨ ᠲᠣᠭᠲᠠᠭᠤᠨ᠎ᠢ ᠬᠠᠮᠠᠭ᠋ᠠᠯᠠᠬᠤ》  ᠨᠢᠭᠡᠳᠦᠯᠲᠡᠢ ᠪᠠᠢ᠌ᠷᠢᠯᠠᠭᠤᠯᠤᠯᠲᠠ ᠵᠢ ᠬᠢᠨᠠᠮᠠᠭ᠋ᠠᠢ  ᠲᠤᠭᠤᠰᠢᠯᠠᠭᠤᠯᠤᠨ᠂ 《ᠵᠠᠬᠢᠳᠠᠯ  ᠰᠤᠷᠪᠤᠯᠵᠢᠯᠠᠯ᠎ᠢ ᠨᠠᠮᠳᠠᠭᠤᠯᠬᠤ ᠠᠵᠢᠯ᠎ᠤᠨ ᠲᠤᠰᠬᠠᠢ ᠠᠩᠭᠢ》 ᠵᠢᠨ ᠭᠦᠨᠵᠡᠭᠡᠢ ᠲᠥᠪᠯᠡᠷᠡᠭᠦᠯᠦᠨ ᠴᠡᠭᠴᠡᠯᠡᠨ ᠵᠠᠰᠠᠬᠤ ᠱᠠᠲᠤ ᠦᠶ᠎ᠡ ᠵᠢᠨ ᠡᠯ᠎ᠡ ᠵᠦᠢ᠍ᠯ᠎ᠤᠨ ᠠᠵᠢᠯ᠎ᠤᠨ ᠡᠭᠦᠷᠭᠡ ᠵᠢᠨ ᠨᠠᠢ᠌ᠳᠠᠪᠤᠷᠢᠵᠢᠭᠤᠯᠤᠯᠲᠠ ᠵᠢ ᠦᠷᠭᠦᠯᠵᠢᠯᠡᠨ ᠠᠬᠢᠭᠤᠯᠵᠤ᠂  ᠬᠡᠪᠰᠢᠭᠰᠡᠨ ᠲᠤᠰᠬᠠᠢ ᠵᠠᠰᠠᠯᠲᠠ ᠵᠢᠨ ᠬᠤᠭᠤᠴᠠᠭ᠋ᠠᠨ᠎ᠳᠤ ᠪᠣᠶ ᠪᠣᠯᠤᠭᠰᠠᠨ ᠪᠦᠲᠦᠮᠵᠢᠲᠡᠶ ᠠᠷᠭ᠎ᠠ ᠬᠢᠳᠡᠯ᠎ᠢ ᠴᠠᠭ ᠲᠤᠬᠠᠢ᠎ᠳᠤᠨᠢ ᠳ᠋ᠦᠩᠨᠡᠵᠦ᠂  ᠵᠠᠬᠢᠳᠠᠯ  ᠰᠤᠷᠪᠤᠯᠵᠢᠯᠠᠯ ᠬᠢᠭᠡᠳ ᠳᠣᠲᠣᠭ᠋ᠠᠳᠤ ᠵᠢ ᠬᠠᠮᠠᠭ᠋ᠠᠯᠠᠬᠤ᠂  ᠬᠠᠤᠯᠢ ᠴᠠᠭ᠋ᠠᠵᠠ ᠵᠢᠨ ᠰᠠᠯᠠᠭ᠎ᠠ ᠮᠥᠴᠢᠷ᠎ᠤᠨ ᠭᠣᠣᠯᠳᠠᠯᠭ᠎ᠠ᠎ᠲᠠᠢ ᠬᠥᠮᠥᠰ᠎ᠤᠨ ᠮᠡᠳᠡᠭᠡ ᠵᠠᠩᠭᠢ ᠵᠢ ᠨᠡᠢ᠌ᠲᠡᠯᠡᠨ ᠮᠡᠳᠡᠭᠳᠡᠵᠦ ᠬᠠᠮᠲᠤᠪᠠᠷ ᠭᠥᠷᠳᠡᠬᠦ ᠲᠣᠭᠲᠠᠴᠠ ᠵᠢᠨ ᠪᠠᠢ᠌ᠭᠤᠯᠤᠯᠲᠠ ᠵᠢ  ᠠᠬᠢᠭᠤᠯᠵᠠᠢ; ᠳᠦᠷᠢᠮ᠎ᠤᠨ ᠲᠣᠭᠲᠠᠴᠠ ᠵᠢᠨ ᠪᠠᠢ᠌ᠭᠤᠯᠤᠯᠲᠠ ᠵᠢ  ᠴᠢᠩᠭ᠋ᠠᠳᠬᠠᠵᠠᠢ᠃ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠰᠠᠨᠠᠭᠤᠯᠭ᠎ᠠ ᠵᠢ ᠡᠯᠰᠡᠨ ᠴᠤᠭᠯᠠᠭᠤᠯᠬᠤ ᠠᠵᠢᠯ᠎ᠤᠨ ᠠᠷᠭ᠎ᠠ (ᠲᠤᠷᠰᠢᠨ ᠬᠡᠷᠡᠭᠵᠢᠭᠦᠯᠬᠦ)》 ᠵᠢ ᠲᠤᠭᠤᠷᠪᠢᠨ ᠲᠣᠭᠲᠠᠭ᠋ᠠᠵᠤ᠂  ᠬᠤᠪᠢ ᠵᠢᠨ ᠠᠰᠢᠭ ᠲᠤᠰᠠ ᠵᠢᠨ ᠬᠦᠰᠡᠯ ᠱᠠᠭ᠋ᠠᠷᠳᠠᠯᠭ᠎ᠠ ᠵᠢ ᠨᠡᠢ᠌ᠲᠡᠴᠢ ᠴᠢᠨᠠᠷᠲᠠᠢ ᠠᠰᠠᠭᠤᠳᠠᠯ᠎ᠢ ᠪᠥᠭᠡᠮ ᠵᠶ᠋ᠡᠷ ᠰᠢᠢ᠍ᠳᠪᠦᠷᠢᠯᠡᠬᠦ ᠠᠷᠠᠳ᠎ᠤᠨ ᠰᠠᠨᠠᠭᠤᠯᠭ᠎ᠠ ᠪᠣᠯᠭ᠋ᠠᠨ ᠬᠤᠪᠢᠷᠠᠭᠤᠯᠬᠤ ᠵᠢ ᠰᠦᠪᠡᠭᠴᠢᠯᠡᠵᠦ᠂  ᠵᠠᠬᠢᠳᠠᠯ  ᠰᠤᠷᠪᠤᠯᠵᠢᠯᠠᠯ᠎ᠤᠨ  ᠬᠠᠭᠤᠴᠢᠨ ᠡᠷᠦᠬᠡ ᠵᠢ ᠠᠷᠠᠳ᠎ᠤᠨ ᠰᠠᠨᠠᠭᠤᠯᠭ᠎ᠠ ᠵᠢ ᠡᠯᠰᠡᠨ ᠴᠤᠭᠯᠠᠭᠤᠯᠬᠤ᠎ᠳᠤ ᠢᠳᠡᠪᠬᠢᠲᠡᠢ ᠣᠷᠣᠯᠴᠠᠭᠴᠢ ᠪᠣᠯᠭ᠋ᠠᠨ  ᠬᠤᠪᠢᠷᠠᠭᠤᠯᠵᠠᠢ; ᠠᠷᠠᠳ᠎ᠤᠨ ᠡᠵᠡᠩᠨᠡᠭᠰᠡᠨ ᠠᠵᠤ ᠠᠬᠤᠢ᠌ᠯᠠᠯ᠎ᠤᠨ ᠬᠠᠪᠰᠤᠷᠤᠨ ᠰᠢᠢ᠍ᠳᠪᠦᠷᠢᠯᠡᠬᠦ ᠣᠷᠣᠯᠠᠨ ᠰᠢᠢ᠍ᠳᠪᠦᠷᠢᠯᠡᠬᠦ ᠠᠵᠢᠯ᠎ᠤᠨ ᠲᠣᠭᠲᠠᠴᠠ ᠵᠢ ᠬᠢᠨᠠᠮᠠᠭ᠋ᠠᠢ ᠬᠡᠷᠡᠭᠵᠢᠭᠦᠯᠵᠦ᠂  ᠵᠠᠬᠢᠳᠠᠯ  ᠰᠤᠷᠪᠤᠯᠵᠢᠯᠠᠯ᠎ᠤᠨ  ᠵᠦᠢ᠍ᠯᠡᠰ᠎ᠲᠠᠬᠢ ᠠᠷᠠᠳ᠎ᠤᠨ ᠡᠵᠡᠩᠨᠡᠭᠰᠡᠨ ᠠᠵᠤ ᠠᠬᠤᠢ᠌ᠯᠠᠯ᠎ᠳᠤ ᠥᠷᠢᠲᠦᠵᠦ ᠪᠠᠢ᠌ᠭ᠎ᠠ ᠵᠣᠭᠣᠰ᠎ᠢ ᠥᠷᠢᠲᠦᠵᠦ ᠪᠠᠢ᠌ᠭ᠎ᠠ ᠠᠰᠠᠭᠤᠳᠠᠯ᠎ᠢ ᠡᠮᠬᠢᠯᠡᠨ ᠲᠢᠭᠯᠡᠵᠦ᠂  ᠣᠷᠣᠯᠠᠭᠴᠢ ᠬᠥᠮᠥᠰ᠎ᠢ ᠵᠢᠭ᠋ᠠᠨ ᠲᠣᠭᠲᠠᠭ᠋ᠠᠵᠤ᠂  ᠠᠷᠠᠳ᠎ᠤᠨ ᠡᠵᠡᠩᠨᠡᠭᠰᠡᠨ ᠠᠵᠤ ᠠᠬᠤᠢ ᠵᠢᠨ ᠬᠥᠭᠵᠢᠯᠲᠡ᠎ᠳᠤ ᠬᠦᠴᠦᠨ  ᠨᠡᠮᠡᠷᠢᠯᠡᠵᠡᠢ;  ᠵᠠᠬᠢᠳᠠᠯ  ᠰᠤᠷᠪᠤᠯᠵᠢᠯᠠᠯ᠎ᠤᠨ  ᠣᠷᠣᠯᠠᠨ ᠰᠢᠢ᠍ᠳᠪᠦᠷᠢᠯᠡᠬᠦ ᠲᠣᠭᠲᠠᠴᠠ ᠵᠢᠨ ᠳᠠᠪᠠᠭᠤᠯᠢᠭ᠎ᠢ ᠪᠠᠳᠠᠷᠠᠭᠤᠯᠬᠤ ᠵᠢ ᠴᠢᠬᠤᠯᠠᠴᠢᠯᠠᠪᠠ᠃  ᠰᠢᠨ᠎ᠡ ᠴᠠᠭ ᠦᠶ᠎ᠡ ᠵᠢᠨ 《ᠹᠸᠩᠴᠢᠶᠤᠤ ᠵᠢᠨ ᠲᠤᠷᠰᠢᠯᠭ᠎ᠠ》 ᠵᠢ ᠪᠠᠷᠢᠮᠲᠠᠯᠠᠨ ᠬᠥᠭᠵᠢᠭᠦᠯᠵᠦ᠂  ᠵᠢᠭᠰᠠᠭ᠋ᠠᠨ ᠪᠠᠢ᠌ᠴᠠᠭ᠋ᠠᠵᠤ ᠢᠯᠡᠷᠡᠭᠦᠯᠦᠭᠰᠡᠨ ᠡᠯ᠎ᠡ ᠲᠥᠷᠥᠯ᠎ᠤᠨ ᠵᠥᠷᠢᠴᠡᠯ ᠵᠢᠭᠤᠷᠠᠯᠳᠤᠭ᠋ᠠᠨ ᠪᠠ ᠵᠠᠬᠢᠳᠠᠯ  ᠰᠤᠷᠪᠤᠯᠵᠢᠯᠠᠯ᠎ᠤᠨ  ᠬᠡᠮ ᠰᠣᠭᠣᠭ᠎ᠲᠤ ᠲᠠᠪᠤᠨ ᠱᠠᠲᠤᠨ᠎ᠤ ᠬᠣᠣᠰ ᠴᠢᠭᠯᠡᠯ ᠵᠶ᠋ᠡᠷ ᠨᠡᠪᠲᠡᠷᠡᠯᠴᠡᠨ ᠣᠷᠣᠯᠠᠨ ᠭᠦᠢ᠍ᠴᠡᠳᠬᠡᠬᠦ ᠲᠣᠭᠲᠠᠴᠠ ᠵᠢ ᠪᠠᠳᠠᠷᠠᠭᠤᠯᠵᠤ᠂  ᠴᠠᠭ ᠲᠤᠬᠠᠢ᠎ᠳᠤᠨᠢ ᠲᠤᠬᠠᠢ ᠵᠢᠨ ᠭᠠᠵᠠᠷ᠎ᠲᠤᠨᠢ ᠰᠢᠢ᠍ᠳᠪᠦᠷᠢᠯᠡᠬᠦ ᠵᠢ ᠪᠥᠬᠥ ᠬᠦᠴᠦᠨ ᠵᠶ᠋ᠡᠷ  ᠠᠬᠢᠭᠤᠯᠵᠠᠢ᠃ 

      ᠲᠡᠰ ᠳᠠᠷᠠᠭ᠋ᠠᠯᠠᠯ᠎ᠢ ᠠᠬᠢᠭᠤᠯᠬᠤ ᠵᠢ ᠴᠢᠩᠭ᠎ᠠ ᠠᠳᠬᠤᠵᠤ᠂  ᠪᠣᠳᠠᠲᠠᠢ᠎ᠪᠠᠷ  ᠰᠢᠢ᠍ᠳᠪᠦᠷᠢᠯᠡᠵᠡᠢ᠃  ᠵᠢᠷᠤᠮᠵᠢᠭᠤᠯᠤᠨ ᠦᠨᠡᠯᠡᠨ ᠪᠠᠢ᠌ᠴᠠᠭ᠋ᠠᠬᠤ ᠵᠢ ᠪᠠᠢ᠌ᠩᠭᠤᠵᠢᠭᠤᠯᠤᠨ  ᠥᠷᠨᠢᠭᠦᠯᠵᠡᠢ᠃  ᠵᠠᠬᠢᠳᠠᠯ  ᠰᠤᠷᠪᠤᠯᠵᠢᠯᠠᠯ᠎ᠤᠨ  ᠣᠶᠤᠨᠴᠢ ᠲᠤᠰᠠᠯᠠᠬᠤ ᠰᠢᠰᠲ᠋ᠧᠮ᠎ᠤᠨ ᠦᠨᠡᠯᠡᠨ ᠪᠠᠢ᠌ᠴᠠᠭ᠋ᠠᠬᠤ ᠬᠡᠰᠡᠭ᠎ᠢ ᠭᠦᠢ᠍ᠴᠡᠳ ᠠᠰᠢᠭᠯᠠᠵᠤ᠂  ᠲᠥᠪᠯᠡᠷᠡᠭᠦᠯᠦᠨ ᠦᠨᠡᠯᠡᠨ ᠪᠠᠢ᠌ᠴᠠᠭ᠋ᠠᠬᠤ᠂  ᠰᠤᠭᠤᠴᠢᠨ ᠪᠠᠢ᠌ᠴᠠᠭ᠋ᠠᠵᠤ ᠦᠨᠡᠯᠡᠨ ᠪᠠᠢ᠌ᠴᠠᠭ᠋ᠠᠬᠤ᠂  ᠬᠡᠷᠡᠭ᠎ᠤᠨ ᠵᠢᠱ᠌ᠢᠶ᠎ᠡ ᠵᠢ ᠵᠠᠳᠠᠯᠬᠤ ᠵᠡᠷᠭᠡ ᠬᠡᠯᠪᠡᠷᠢ ᠵᠢ ᠠᠪᠴᠤ᠂  ᠵᠠᠬᠢᠳᠠᠯ  ᠰᠤᠷᠪᠤᠯᠵᠢᠯᠠᠯ᠎ᠤᠨ  ᠵᠦᠢ᠍ᠯᠡᠰ᠎ᠢ ᠦᠨᠡᠯᠡᠨ ᠪᠠᠢ᠌ᠴᠠᠭ᠋ᠠᠬᠤ ᠵᠢ ᠪᠠᠢ᠌ᠩᠭᠤᠵᠢᠭᠤᠯᠤᠨ ᠥᠷᠨᠢᠭᠦᠯᠵᠦ᠂  ᠬᠣᠯᠪᠣᠭᠳᠠᠯ ᠪᠦᠬᠦᠢ ᠭᠠᠵᠠᠷ ᠣᠷᠣᠨ ᠪᠠ ᠰᠠᠯᠠᠭ᠎ᠠ ᠮᠥᠴᠢᠷ᠎ᠲᠤ ᠴᠠᠭ ᠲᠤᠬᠠᠢ᠎ᠳᠤᠨᠢ ᠬᠠᠷᠢᠭᠤ ᠲᠤᠰᠬᠠᠵᠤ᠂  ᠴᠡᠭᠴᠡᠯᠡᠨ ᠰᠠᠢ᠌ᠵᠢᠷᠠᠭᠤᠯᠬᠤ ᠵᠢ ᠪᠣᠳᠠᠲᠠᠢ᠎ᠳᠤ ᠨᠠᠢ᠌ᠳᠠᠪᠤᠷᠢᠵᠢᠭᠤᠯᠬᠤ ᠵᠢ  ᠠᠬᠢᠭᠤᠯᠵᠠᠢ; ᠪᠡᠷᠬᠡ ᠰᠡᠳᠦᠪ᠎ᠢ ᠬᠦᠴᠦᠯᠡᠨ ᠰᠢᠢ᠍ᠳᠪᠦᠷᠢᠯᠡᠵᠦ ᠳᠠᠷᠤᠭᠳᠠᠮᠠᠯ ᠬᠡᠷᠡᠭ᠎ᠢ ᠠᠷᠢᠯᠭ᠋ᠠᠪᠠ᠃  ᠣᠯᠵᠤ ᠮᠡᠳᠡᠭᠰᠡᠨ ᠬᠦᠯᠢᠶᠡᠨ ᠠᠪᠴᠤ ᠰᠢᠢ᠍ᠳᠪᠦᠷᠢᠯᠡᠭᠰᠡᠨ ᠵᠢᠷᠤᠮᠵᠢᠭᠤᠨ ᠪᠤᠰᠤ ᠭᠣᠮᠣᠳᠠᠯ ᠲᠣᠭ᠋ᠠᠴᠢᠵᠤ ᠰᠢᠢ᠍ᠳᠪᠦᠷᠢᠯᠡᠭᠦᠯᠬᠦ᠎ᠪᠠᠷ ᠭᠤᠶᠤᠴᠢᠯᠠᠬᠤ ᠲᠦᠷᠦᠯ᠎ᠤᠨ ᠵᠠᠬᠢᠳᠠᠯ  ᠰᠤᠷᠪᠤᠯᠵᠢᠯᠠᠯ᠎ᠤᠨ  ᠵᠦᠢ᠍ᠯᠡᠰ᠎ᠢ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ᠎ᠲᠤ ᠴᠠᠭ ᠲᠤᠬᠠᠢ᠎ᠳᠤᠨᠢ ᠲᠤᠰᠢᠶᠠᠨ ᠰᠢᠢ᠍ᠳᠪᠦᠷᠢᠯᠡᠭᠦᠯᠵᠦ᠂  ᠬᠠᠷᠢᠭᠤᠴᠠᠯᠭ᠎ᠠ᠎ᠲᠠᠢ ᠭᠠᠵᠠᠷ ᠣᠷᠣᠨ᠂  ᠨᠢᠭᠡᠴᠢ ᠵᠢ ᠰᠢᠪᠠᠳᠠᠨ ᠵᠢᠯᠤᠭᠣᠳᠴᠤ ᠪᠠᠢ᠌ᠭ᠋ᠠᠳ ᠵᠠᠬᠢᠳᠠᠯ  ᠰᠤᠷᠪᠤᠯᠵᠢᠯᠠᠯ᠎ᠤᠨ  ᠵᠦᠢ᠍ᠯᠡᠰ᠎ᠢ ᠰᠢᠢ᠍ᠳᠪᠦᠷᠢᠯᠡᠬᠦ ᠠᠵᠢᠯ᠎ᠢ ᠪᠦᠬᠦ ᠬᠦᠴᠦ᠎ᠪᠠᠷ ᠵᠶ᠋ᠡᠨ ᠲᠦᠯᠬᠢᠨ  ᠠᠬᠢᠭᠤᠯᠵᠠᠢ᠃  ᠡᠶᠡᠳᠡᠭᠦᠯᠬᠦ ᠪᠠ ᠡᠶᠡᠳᠡᠬᠦ ᠵᠢ ᠲᠡᠷᠢᠭᠦᠨ᠎ᠳᠤ ᠲᠠᠯᠪᠢᠬᠤ ᠵᠠᠷᠴᠢᠮ᠎ᠢ ᠪᠠᠷᠢᠮᠲᠠᠯᠠᠨ᠂ 《ᠵᠠᠬᠢᠳᠠᠯ  ᠰᠤᠷᠪᠤᠯᠵᠢᠯᠠᠯ + ᠡᠶᠡᠳᠡᠭᠦᠯᠭᠡ》 ᠵᠢ ᠨᠡᠢ᠌ᠯᠡᠭᠦᠯᠬᠦ ᠵᠠᠭᠪᠤᠷ᠎ᠢ ᠲᠦᠯᠬᠢᠨ ᠠᠬᠢᠭᠤᠯᠵᠤ᠂  ᠡᠶᠡᠳᠡᠭᠦᠯᠭᠡ ᠵᠢ ᠵᠠᠬᠢᠳᠠᠯ  ᠰᠤᠷᠪᠤᠯᠵᠢᠯᠠᠯ᠎ᠤᠨ  ᠵᠦᠢ᠍ᠯᠡᠰ᠎ᠢ ᠰᠢᠢ᠍ᠳᠪᠦᠷᠢᠯᠡᠬᠦ ᠪᠦᠬᠦ ᠶᠠᠪᠤᠴᠠ᠎ᠳᠤ ᠴᠢᠷᠮᠠᠢ᠌ᠨ  ᠲᠤᠭᠤᠰᠢᠯᠠᠭᠤᠯᠵᠠᠢ᠃  ᠬᠠᠤᠯᠢ ᠶᠣᠰᠣᠭ᠋ᠠᠷ ᠲᠥᠷᠥᠯ ᠬᠤᠪᠢᠶᠠᠨ ᠰᠢᠢ᠍ᠳᠪᠦᠷᠢᠯᠡᠬᠦ ᠵᠢ ᠤᠯᠠᠮ ᠨᠢᠭᠡ ᠠᠯᠬᠤᠮ ᠴᠢᠩᠭ᠋ᠠᠳᠬᠠᠵᠤ᠂  ᠵᠠᠰᠠᠭ ᠵᠠᠬᠢᠷᠭ᠋ᠠᠨ᠎ᠤ ᠭᠤᠷᠪᠠᠨ ᠱᠠᠲᠤᠨ᠎ᠤ ᠰᠢᠢ᠍ᠳᠪᠦᠷᠢᠯᠡᠬᠦ ᠲᠠᠰ ᠳᠠᠷᠠᠭ᠋ᠠᠯᠠᠯ᠎ᠢ ᠴᠢᠩᠭ᠋ᠠᠳᠬᠠᠨ᠂  ᠳᠠᠬᠢᠨ ᠪᠠᠢ᠌ᠴᠠᠭ᠋ᠠᠵᠤ ᠳᠠᠬᠢᠨ ᠬᠢᠨᠠᠬᠤ ᠠᠵᠢᠯ᠎ᠢ ᠪᠣᠳᠠᠲᠠᠢ᠌ᠵᠢᠭᠤᠯᠵᠤ᠂  ᠨᠢᠭᠡ ᠪᠦᠯᠦᠭ ᠬᠠᠮᠲᠤᠯᠢᠭ᠎ᠤᠨ ᠴᠢᠨᠠᠷᠲᠠᠢ ᠬᠦᠴᠢᠷ ᠲᠦᠪᠡᠭᠲᠡᠢ ᠪᠤᠳᠤᠯᠢᠶᠠᠨᠲᠠᠢ ᠠᠰᠠᠭᠤᠳᠠᠯ᠎ᠢ ᠰᠢᠢ᠍ᠳᠪᠦᠷᠢᠯᠡᠬᠦ ᠵᠢ ᠠᠬᠢᠭᠤᠯᠪᠠ; ᠵᠠᠬᠢᠳᠠᠯ  ᠰᠤᠷᠪᠤᠯᠵᠢᠯᠠᠯ᠎ᠤᠨ  ᠡᠮᠬᠢ ᠵᠢᠷᠤᠮ᠎ᠢ ᠬᠦᠴᠦᠯᠡᠨ  ᠵᠢᠷᠤᠮᠵᠢᠭᠤᠯᠵᠠᠢ᠃ 《ᠳᠥᠷᠪᠡ ᠵᠢ ᠬᠦᠯᠢᠶᠡᠨ ᠠᠪᠴᠤ ᠳᠥᠷᠪᠡ ᠵᠢ ᠦᠯᠦ ᠬᠡᠷᠡᠭᠵᠢᠭᠦᠯᠬᠦ》  ᠠᠰᠠᠭᠤᠳᠠᠯ᠎ᠤᠨ ᠲᠤᠰᠢᠶᠠᠯ ᠬᠠᠷᠢᠭᠤᠴᠠᠯᠭ᠎ᠠ᠎ᠪᠠᠨ ᠭᠦᠢ᠍ᠴᠡᠳᠬᠡᠬᠦ ᠵᠢ ᠴᠢᠩᠭ᠎ᠠ ᠠᠩᠬᠠᠷᠴᠤ᠂  ᠵᠠᠬᠢᠳᠠᠯ  ᠰᠤᠷᠪᠤᠯᠵᠢᠯᠠᠯ᠎ᠤᠨ  ᠠᠵᠢᠯ᠎ᠤᠨ ᠰᠠᠬᠢᠯᠭ᠎ᠠ ᠪᠠᠲᠤ ᠵᠢ ᠴᠢᠩᠳᠠᠯᠠᠨ᠂  ᠫᠠᠢ᠌ᠰᠠ ᠡᠯᠭᠦᠨ ᠰᠢᠪᠠᠳᠠᠨ ᠰᠢᠢ᠍ᠳᠪᠦᠷᠢᠯᠡᠭᠦᠯᠬᠦ ᠪᠠ 《ᠭᠤᠷᠪᠠᠨ ᠵᠠᠬᠢᠳᠠᠯ ᠵᠶ᠋ᠠᠷ ᠨᠢᠭᠡ ᠪᠣᠯᠵᠣᠨ ᠶᠠᠷᠢᠯᠴᠠᠬᠤ》  ᠲᠣᠭᠲᠠᠴᠠ ᠵᠢᠨ ᠬᠡᠷᠡᠭᠯᠡᠯᠲᠡ ᠵᠢ ᠴᠢᠩᠭ᠋ᠠᠳᠬᠠᠵᠤ᠂  ᠠᠵᠢᠯ ᠵᠶ᠋ᠠᠨ ᠰᠠᠢ᠌ᠵᠢᠷᠠᠭᠤᠯᠬᠤ᠂  ᠲᠦᠷᠦ ᠵᠢᠨ ᠪᠣᠳᠣᠯᠭ᠎ᠠ ᠵᠢ ᠲᠡᠭᠦᠯᠳᠡᠷᠵᠢᠭᠦᠯᠬᠦ᠂  ᠬᠠᠷᠢᠭᠤᠴᠠᠯᠭ᠎ᠠ ᠨᠡᠬᠡᠮᠵᠢᠯᠡᠬᠦ 《ᠭᠤᠷᠪᠠᠨ ᠵᠦᠢ᠍ᠯ᠎ᠤᠨ ᠰᠠᠨᠠᠭᠤᠯᠭ᠎ᠠ》 ᠵᠢ ᠳᠤᠷᠠᠳᠤᠨ ᠭᠠᠷᠭ᠋ᠠᠵᠤ᠂  ᠠᠰᠠᠭᠤᠳᠠᠯ᠎ᠤᠨ ᠮᠥᠨ ᠴᠢᠨᠠᠷ᠎ᠤᠨ ᠰᠢᠢ᠍ᠳᠪᠦᠷᠢᠯᠡᠯᠲᠡ ᠵᠢ ᠲᠦᠯᠬᠢᠨ  ᠠᠬᠢᠭᠤᠯᠵᠠᠢ᠃ 

      ᠡᠩᠨᠡᠭᠡᠨ᠎ᠤ ᠪᠠᠢ᠌ᠭᠤᠯᠤᠯᠲᠠ ᠵᠢ ᠴᠢᠩᠭ᠋ᠠᠳᠬᠠᠵᠤ᠂  ᠴᠢᠳᠠᠪᠤᠷᠢ ᠵᠢᠨ ᠬᠢᠷᠢ ᠲᠦᠪᠰᠢᠨ᠎ᠢ  ᠳᠡᠭᠡᠭᠰᠢᠯᠡᠭᠦᠯᠵᠡᠢ᠃  ᠦᠨᠳᠦᠰᠦᠨ ᠱᠠᠲᠤᠨ᠎ᠤ ᠬᠡᠷᠡᠭᠴᠡᠭᠡ ᠱᠠᠭ᠋ᠠᠷᠳᠠᠯᠭ᠎ᠠ ᠵᠢ ᠦᠨᠳᠦᠰᠦᠯᠡᠨ᠂  ᠦᠨᠳᠦᠰᠦᠨ ᠱᠠᠲᠤᠨ᠎ᠤ ᠰᠠᠨᠠᠯ᠎ᠢ ᠬᠦᠨᠳᠦᠳᠬᠡᠵᠦ᠂  ᠦᠨᠳᠦᠰᠦᠨ ᠱᠠᠲᠤᠨ᠎ᠳᠤ ᠲᠠᠰᠤᠷᠠᠯᠲᠠ ᠦᠭᠡᠢ ᠬᠦᠴᠦᠨ ᠴᠢᠳᠠᠯ  ᠣᠯᠭᠣᠵᠠᠢ᠃  ᠡᠨᠡ ᠵᠢᠯ᠎ᠠᠴᠠ  ᠨᠠᠭ᠋ᠠᠰᠢ᠂  ᠰᠠᠷ᠎ᠠ ᠪᠦᠷᠢ 《ᠪᠢ ᠰᠤᠷᠤᠯᠴᠠᠨ᠎ᠠ᠂  ᠪᠢ ᠶᠠᠷᠢᠨ᠎ᠠ᠂  ᠪᠢ ᠡᠷᠭᠢᠯᠡᠨ᠎ᠡ》  ᠭᠡᠬᠦ ᠲᠤᠬᠠᠢ᠌ᠯᠠᠭᠰᠠᠨ ᠠᠵᠢᠯ᠎ᠤᠨ ᠬᠢᠴᠢᠶᠡᠯ᠎ᠤᠨ ᠲᠠᠩᠬᠢᠮ ᠡᠷᠭᠢᠯᠡᠵᠦ᠂  ᠵᠠᠬᠢᠳᠠᠯ  ᠰᠤᠷᠪᠤᠯᠵᠢᠯᠠᠯ᠎ᠤᠨ  ᠺᠠᠳ᠋ᠷᠴᠤᠳ᠎ᠤᠨ  ᠬᠠᠤᠯᠢᠵᠢᠯ᠎ᠤᠨ ᠰᠡᠳᠬᠢᠬᠦᠢ ᠪᠠ  ᠬᠠᠤᠯᠢᠵᠢᠯ᠎ᠤᠨ ᠠᠷᠭ᠎ᠠ ᠮᠠᠶᠢᠭ ᠵᠶ᠋ᠠᠷ ᠵᠥᠷᠢᠴᠡᠯ᠎ᠢ ᠠᠷᠢᠯᠭ᠋ᠠᠬᠤ᠂  ᠠᠰᠠᠭᠤᠳᠠᠯ᠎ᠢ ᠰᠢᠢ᠍ᠳᠪᠦᠷᠢᠯᠡᠬᠦ ᠴᠢᠳᠠᠪᠤᠷᠢ ᠪᠠ ᠬᠢᠷᠢ ᠲᠦᠪᠰᠢᠨ᠎ᠢ ᠲᠠᠰᠤᠷᠠᠯᠲᠠ ᠦᠭᠡᠢ ᠳᠡᠭᠡᠭᠰᠢᠯᠡᠭᠦᠯᠪᠡ᠃  ᠥᠪᠡᠷᠲᠡᠭᠡᠨ ᠵᠠᠰᠠᠬᠤ ᠣᠷᠣᠨ᠎ᠤ ᠵᠠᠬᠢᠳᠠᠯ  ᠰᠤᠷᠪᠤᠯᠵᠢᠯᠠᠯ᠎ᠤᠨ  ᠲᠣᠪᠴᠢᠶ᠎ᠠ ᠣᠲᠣ ᠶᠠᠭ ᠥᠪᠡᠷᠲᠡᠭᠡᠨ ᠵᠠᠰᠠᠬᠤ ᠣᠷᠣᠨ᠎ᠤ ᠠᠵᠢᠯᠴᠢᠨ᠎ᠤ ᠶᠡᠷᠦᠩᠬᠡᠢ ᠡᠪᠯᠡᠯ᠂  ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠲᠢᠩᠬᠢᠮ ᠵᠡᠷᠭᠡ ᠰᠠᠯᠠᠭ᠎ᠠ ᠮᠥᠴᠢᠷ᠎ᠲᠠᠢ ᠬᠠᠮᠲᠤᠷᠠᠨ 《ᠪᠥᠬᠥ ᠣᠷᠣᠨ᠎ᠤ ᠵᠠᠬᠢᠳᠠᠯ  ᠰᠤᠷᠪᠤᠯᠵᠢᠯᠠᠯ᠎ᠤᠨ  ᠲᠤᠬᠠᠢ᠌ᠯᠠᠭᠰᠠᠨ ᠠᠵᠢᠯ᠎ᠤᠨ ᠤᠷ᠎ᠠ ᠴᠢᠳᠠᠪᠤᠷᠢ ᠵᠢᠨ ᠤᠷᠤᠯᠳᠤᠭ᠋ᠠᠨ》᠎ᠢ ᠵᠣᠬᠢᠶᠠᠨ ᠪᠠᠢ᠌ᠭᠤᠯᠤᠨ ᠥᠷᠨᠢᠭᠦᠯᠵᠦ᠂  ᠵᠠᠬᠢᠳᠠᠯ  ᠰᠤᠷᠪᠤᠯᠵᠢᠯᠠᠯ᠎ᠤᠨ  ᠺᠠᠳ᠋ᠷᠴᠤᠳ᠎ᠤᠨ ᠲᠤᠬᠠᠢ᠌ᠯᠠᠭᠰᠠᠨ ᠠᠵᠢᠯ᠎ᠤᠨ ᠬᠢᠷᠢ ᠲᠦᠪᠰᠢᠨ᠎ᠢ ᠲᠠᠰᠤᠷᠠᠯᠲᠠ ᠦᠭᠡᠢ ᠳᠡᠭᠡᠭᠰᠢᠯᠡᠭᠦᠯᠦᠨ᠂  ᠪᠥᠬᠥ ᠣᠷᠣᠨ᠎ᠤ ᠵᠠᠬᠢᠳᠠᠯ  ᠰᠤᠷᠪᠤᠯᠵᠢᠯᠠᠯ᠎ᠤᠨ  ᠠᠵᠢᠯ᠎ᠤᠨ  ᠬᠠᠤᠯᠢᠵᠢᠭᠤᠯᠤᠯᠲᠠ ᠵᠢᠨ ᠲᠤᠬᠠᠢ᠌ᠯᠠᠭᠰᠠᠨ ᠠᠵᠢᠯ᠎ᠤᠨ ᠵᠢᠷᠤᠮᠵᠢᠭᠤᠯᠤᠯᠲᠠ ᠵᠢᠨ ᠬᠢᠷᠢ ᠲᠦᠪᠰᠢᠨ᠎ᠢ ᠰᠢᠨ᠎ᠡ ᠲᠠᠰ ᠳᠠᠪᠬᠤᠷᠭ᠎ᠠ᠎ᠳᠤ ᠬᠦᠷᠲᠡᠯ᠎ᠡ ᠳᠡᠭᠡᠭᠰᠢᠯᠡᠭᠦᠯᠵᠦ᠂  ᠬᠠᠤᠯᠢ᠎ᠪᠠᠷ ᠵᠠᠰᠠᠬᠤ ᠥᠪᠥᠷ ᠮᠣᠩᠭᠣᠯ᠎ᠤᠨ ᠪᠦᠲᠦᠭᠡᠨ ᠪᠠᠢ᠌ᠭᠤᠯᠤᠯᠲᠠ ᠵᠢ ᠪᠥᠬᠥ ᠲᠠᠯ᠎ᠠ᠎ᠪᠠᠷ ᠲᠦᠯᠬᠢᠨ ᠠᠬᠢᠭᠤᠯᠬᠤ᠎ᠳᠤ  ᠰᠢᠨ᠎ᠡ ᠬᠤᠪᠢ ᠨᠡᠮᠡᠷᠢ ᠦᠵᠡᠭᠦᠯᠦᠨ᠎ᠡ᠃ 

ᠢᠷᠡᠯᠲᠡ᠄ᠥᠪᠥᠷ ᠮᠣᠩᠭᠣᠯ᠎ᠤᠨ ᠵᠠᠬᠢᠳᠠᠯ ᠰᠤᠷᠪᠤᠯᠵᠢᠯᠠᠯ᠎ᠤᠨ ᠲᠣᠪᠴᠢᠶ᠎ᠠ
          
ᠬᠠᠮᠢᠶ᠎ᠡ ᠪᠦᠬᠦᠢ ᠰᠣᠨᠢᠨ
 
            