ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠬᠠᠣᠯᠢ᠎ᠪᠠᠷ ᠵᠠᠰᠠᠬᠤ
ᠦᠢᠯᠡᠴᠢᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠬᠠᠣᠯᠢ᠎ᠪᠠᠷ ᠵᠠᠰᠠᠬᠤ   -   ᠬᠠᠣᠯᠢ᠎ᠪᠠᠷ ᠵᠠᠰᠠᠬᠤ ᠦᠪᠦᠷ ᠮᠣᠩᠭᠤᠯ
ᠬᠠᠤᠯᠢᠵᠢᠯ ᠵᠶ᠋ᠡᠷ ᠰᠠᠭᠤᠷᠢ ᠲᠠᠯᠪᠢᠵᠤ ᠦᠨᠡᠨᠴᠢ ᠢᠲᠡᠭᠡᠮᠵᠢᠲᠡᠢ᠎ᠪᠠᠷ ᠡᠨ᠋ᠸᠷᠬᠢ ᠣᠯᠭᠣᠵᠤ ᠪᠤᠭᠤᠲᠤ ᠵᠢᠨ ᠠᠵᠤ ᠠᠬᠤᠢ ᠵᠢᠨ ᠴᠢᠨᠠᠷ ᠰᠠᠢ᠌ᠲᠠᠢ ᠬᠥᠭᠵᠢᠯᠲᠡ ᠵᠢ ᠬᠠᠮᠠᠭ᠋ᠠᠯᠠᠨ᠎ᠠ
ᠨᠡᠶ᠋ᠢᠲᠡᠯᠡᠭᠰᠡᠨ ᠴᠠᠭ᠄ 2025-05-08

      ᠣᠢ᠌ᠷ᠎ᠠ ᠵᠢᠨ ᠵᠢᠯ᠎ᠠᠴᠠ᠂  ᠪᠤᠭᠤᠲᠤ ᠬᠤᠳᠠ ᠵᠢᠨ᠎ᠬᠢᠨ ᠨᠠᠮ᠎ᠤᠨ ᠲᠥᠪ ᠬᠣᠷᠢᠶ᠎ᠠ᠂  ᠲᠦᠷᠦ ᠵᠢᠨ ᠶᠠᠪᠤᠳᠠᠯ᠎ᠤᠨ ᠬᠣᠷᠢᠶᠠᠨ᠎ᠤ ᠨᠡᠢ᠌ᠭᠡᠮ᠎ᠤᠨ ᠢᠲᠡᠭᠡᠮᠵᠢ ᠵᠢᠨ  ᠰᠢᠰᠲ᠋ᠧᠮ᠎ᠤᠨ ᠪᠠᠢ᠌ᠭᠤᠯᠤᠯᠲᠠ ᠵᠢᠨ ᠲᠤᠬᠠᠢ ᠰᠢᠢ᠍ᠳᠪᠦᠷᠢᠲᠦ ᠪᠣᠳᠣᠯᠭ᠎ᠠ ᠪᠠᠢ᠌ᠷᠢᠯᠠᠭᠤᠯᠤᠯᠲᠠ ᠵᠢ ᠭᠦᠨᠵᠡᠭᠡᠢ  ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂  ᠬᠠᠤᠯᠢᠵᠢᠯ᠎ᠤᠨ ᠵᠠᠰᠠᠭ᠎ᠤᠨ ᠣᠷᠳᠣᠨ᠎ᠤ ᠪᠠᠢ᠌ᠭᠤᠯᠤᠯᠲᠠ᠎ᠪᠠᠷ ᠵᠠᠰᠠᠭ᠎ᠤᠨ ᠶᠠᠪᠤᠳᠠᠯ᠎ᠤᠨ ᠦᠨᠡᠨᠴᠢ ᠢᠲᠡᠭᠡᠮᠵᠢ ᠵᠢᠨ ᠪᠠᠢ᠌ᠭᠤᠯᠤᠯᠲᠠ ᠵᠢ ᠠᠬᠢᠭᠤᠯᠵᠤ᠂ ᠲᠣᠭᠲᠠᠴᠠ ᠵᠢᠨ ᠰᠢᠨ᠎ᠡ ᠵᠢ ᠡᠭᠦᠳᠴᠦ᠂  ᠬᠢᠨᠠᠯᠲᠠ ᠲᠠᠯᠪᠢᠬᠤ ᠵᠢ ᠴᠢᠩᠭ᠋ᠠᠳᠬᠠᠵᠤ᠂  ᠵᠠᠰᠠᠭ᠎ᠤᠨ ᠣᠷᠳᠣᠨ᠎ᠤ ᠤᠯᠠᠨ ᠨᠡᠶ᠋ᠢᠲᠡ ᠵᠢ ᠢᠲᠡᠭᠡᠭᠦᠯᠬᠦ ᠬᠦᠴᠦᠨ᠎ᠢ ᠦᠨᠡᠨᠬᠦ ᠳᠡᠭᠡᠭᠰᠢᠯᠡᠭᠦᠯᠵᠦ᠂  ᠠᠵᠤ ᠠᠬᠤᠢ ᠵᠢᠨ ᠴᠢᠨᠠᠷ ᠰᠠᠢ᠌ᠲᠠᠢ ᠬᠥᠭᠵᠢᠯᠲᠡ ᠵᠢ ᠬᠠᠮᠠᠭ᠋ᠠᠯᠠᠪᠠ᠃ 

      ᠬᠠᠤᠯᠢ ᠶᠣᠰᠣᠭ᠋ᠠᠷ ᠵᠠᠰᠠᠭ ᠶᠠᠪᠤᠭᠤᠯᠬᠤ ᠵᠢ  ᠪᠠᠷᠢᠮᠲᠠᠯᠠᠵᠤ᠂  ᠵᠠᠰᠠᠭ᠎ᠤᠨ ᠶᠠᠪᠤᠳᠠᠯ᠎ᠤᠨ ᠦᠨᠡᠨᠴᠢ ᠢᠲᠡᠭᠡᠮᠵᠢ ᠵᠢᠨ ᠰᠠᠭᠤᠷᠢ ᠵᠢ ᠪᠡᠬᠢᠵᠢᠭᠦᠯᠵᠦ᠂  ᠠᠵᠤ ᠠᠬᠤᠢ ᠵᠢᠨ ᠴᠢᠨᠠᠷ ᠰᠠᠢ᠌ᠲᠠᠢ ᠬᠥᠭᠵᠢᠯᠲᠡ ᠵᠢᠨ 《ᠬᠠᠲᠠᠭᠤ ᠪᠠᠲᠤᠯᠠᠭ᠎ᠠ》 ᠵᠢ  ᠪᠠᠲᠤᠳᠬᠠᠵᠠᠢ᠃  ᠵᠠᠰᠠᠭ᠎ᠤᠨ ᠣᠷᠳᠣᠨ᠎ᠤ ᠬᠠᠤᠯᠢ ᠲᠣᠭᠲᠠᠭ᠋ᠠᠯᠲᠠ ᠵᠢᠨ ᠬᠥᠲᠥᠯᠥᠨ ᠳᠠᠭ᠋ᠠᠭᠤᠯᠬᠤ ᠵᠢ ᠴᠢᠩᠭ᠋ᠠᠳᠬᠠᠵᠤ᠂  ᠣᠷᠣᠨ ᠪᠦᠰᠡ ᠵᠢᠨ ᠬᠠᠮᠵᠢᠯᠴᠠᠨ ᠬᠠᠤᠯᠢ ᠲᠣᠭᠲᠠᠭ᠋ᠠᠬᠤ ᠵᠢ ᠲᠦᠯᠬᠢᠨ ᠠᠬᠢᠭᠤᠯᠵᠤ᠂  ᠨᠡᠩ ᠤᠯᠠᠨ ᠬᠡᠷᠡᠭᠯᠡᠬᠦ᠎ᠳᠤ ᠲᠣᠬᠢᠷᠠᠮᠵᠢᠲᠠᠢ᠂  ᠬᠡᠷᠡᠭᠴᠡᠭᠡ᠎ᠲᠠᠢ 《ᠵᠢᠵᠢᠭ ᠬᠡᠷᠴᠢᠭᠦᠷ᠂  ᠵᠢᠵᠢᠭ ᠲᠦᠷᠭᠡᠨ ᠬᠤᠷᠳᠤᠴᠠ᠎ᠲᠠᠢ》  ᠬᠠᠤᠯᠢ ᠲᠣᠭᠲᠠᠭ᠋ᠠᠯᠲᠠ ᠵᠢ ᠤᠬᠠᠭ᠋ᠠᠯᠠᠨ ᠲᠥᠯᠥᠪᠯᠡᠵᠦ᠂  ᠴᠢᠬᠤᠯᠠ ᠰᠢᠢ᠍ᠳᠪᠦᠷᠢᠲᠦ ᠪᠣᠳᠣᠯᠭ᠎ᠠ ᠪᠠ ᠴᠢᠬᠤᠯᠠ ᠶᠡᠬᠡ ᠥᠭᠡᠷᠡᠴᠢᠯᠡᠯᠲᠡ ᠵᠢᠨ ᠬᠠᠤᠯᠢ ᠵᠢᠨ ᠦᠨᠳᠦᠰᠦᠯᠡᠯ᠎ᠲᠠᠢ ᠪᠠᠢ᠌ᠬᠤ ᠵᠢ ᠦᠨᠡᠨ ᠬᠦ᠌  ᠪᠠᠲᠤᠯᠠᠵᠠᠢ᠃  ᠵᠠᠰᠠᠭ᠎ᠤᠨ ᠣᠷᠳᠣᠨ᠎ᠤ ᠪᠢᠴᠢᠭ ᠮᠠᠲ᠋ᠧᠷᠢᠶᠠᠯ᠎ᠤᠨ ᠬᠠᠤᠯᠢ ᠶᠣᠰᠣᠴᠢ ᠴᠢᠨᠠᠷ᠎ᠤᠨ ᠬᠢᠨᠠᠨ ᠪᠠᠢ᠌ᠴᠠᠭ᠋ᠠᠯᠲᠠ᠂  ᠵᠠᠰᠠᠭ᠎ᠤᠨ ᠣᠷᠳᠣᠨ᠎ᠤ ᠬᠠᠤᠯᠢ ᠴᠠᠭ᠋ᠠᠵᠠ ᠵᠢᠨ ᠵᠥᠪᠯᠡᠭᠴᠢ ᠵᠢᠨ ᠬᠦᠴᠢᠷ ᠲᠦᠪᠡᠭ᠎ᠲᠠᠢ ᠪᠣᠭᠣᠮᠲᠠ ᠵᠢ ᠰᠠᠬᠢᠬᠤ᠂  ᠬᠠᠤᠯᠢ ᠴᠠᠭ᠋ᠠᠵᠠ ᠵᠢᠨ ᠲᠣᠪᠴᠢᠶᠠᠨ᠎ᠤ ᠳᠠᠷᠤᠭ᠎ᠠ ᠵᠢᠨ ᠪᠠᠢ᠌ᠩᠭᠤ ᠵᠢᠨ ᠬᠤᠷᠠᠯ᠎ᠳᠤ ᠰᠤᠯᠠ ᠣᠷᠣᠯᠴᠠᠵᠤ ᠬᠢᠨᠠᠯᠲᠠ ᠲᠠᠯᠪᠢᠬᠤ᠂  ᠬᠠᠤᠯᠢ ᠵᠢᠨ ᠶᠠᠪᠤᠳᠠᠯ᠎ᠤᠨ ᠲᠥᠪ᠎ᠢ ᠪᠦᠬᠦ ᠲᠠᠯ᠎ᠠ᠎ᠪᠠᠷ ᠬᠢᠨᠠᠨ ᠬᠠᠷᠭᠤᠭᠤᠯᠬᠤ ᠵᠢ ᠴᠢᠩᠭ᠋ᠠᠳᠬᠠᠵᠤ᠂  ᠵᠠᠰᠠᠭ᠎ᠤᠨ ᠣᠷᠳᠣᠨ᠎ᠤ ᠬᠠᠤᠯᠢ ᠶᠣᠰᠣᠭ᠋ᠠᠷ ᠰᠢᠢ᠍ᠳᠪᠦᠷᠢᠲᠦ ᠪᠣᠳᠣᠯᠭ᠎ᠠ ᠲᠣᠭᠲᠠᠭ᠋ᠠᠬᠤ᠎ᠳᠤ 《ᠭᠤᠷᠪᠠᠨ ᠣᠨᠢᠰᠤ》 ᠲᠠᠯᠪᠢᠵᠤ ᠥᠭᠴᠡᠢ᠃  ᠵᠠᠰᠠᠭ᠎ᠤᠨ ᠣᠷᠳᠣᠨ᠎ᠤ ᠢᠲᠡᠭᠡᠯ ᠵᠶ᠋ᠡᠨ ᠠᠯᠳᠠᠭᠰᠠᠨ ᠠᠵᠢᠯᠯᠠᠭ᠎ᠠ ᠵᠢ ᠦᠨᠳᠦᠰᠦᠨ᠎ᠠᠴᠠ᠎ᠨᠢ ᠳᠠᠷᠠᠭ᠋ᠠᠯᠠᠨ ᠪᠠᠢ᠌ᠴᠠᠭ᠋ᠠᠵᠤ ᠴᠡᠭᠴᠡᠯᠡᠨ ᠵᠠᠰᠠᠬᠤ ᠵᠢ ᠲᠦᠯᠬᠢᠨ ᠠᠬᠢᠭᠤᠯᠵᠤ᠂  ᠢᠲᠡᠭᠡᠯ᠎ᠲᠠᠢ ᠪᠠᠢ᠌ᠬᠤ ᠵᠢ ᠤᠷᠮᠠᠰᠢᠭᠤᠯᠤᠨ ᠵᠣᠷᠢᠭᠵᠢᠭᠤᠯᠬᠤ ᠪᠠ ᠢᠲᠡᠭᠡᠯ ᠵᠶ᠋ᠡᠨ ᠠᠯᠳᠠᠭᠰᠠᠨ᠎ᠢ ᠵᠠᠯᠬᠠᠭ᠋ᠠᠨ  ᠰᠢᠢ᠍ᠳᠬᠡᠬᠦ ᠲᠣᠭᠲᠠᠴᠠ ᠵᠢ ᠪᠦᠷᠢᠨᠰᠢᠭᠦᠯᠵᠦ᠂  ᠬᠠᠤᠯᠢ᠎ᠪᠠᠷ ᠵᠠᠰᠠᠬᠤ᠎ᠪᠠᠷ ᠳᠠᠮᠵᠢᠭᠤᠯᠤᠨ ᠦᠨᠡᠨᠴᠢ ᠢᠲᠡᠭᠡᠮᠵᠢ ᠵᠢᠨ ᠰᠡᠷᠭᠡᠢ᠌ᠯᠡᠯᠲᠡ ᠵᠢᠨ ᠱᠤᠭᠤᠮ᠎ᠢ ᠪᠠᠲᠤ  ᠴᠣᠭᠴᠠᠯᠠᠵᠠᠢ᠃  ᠢᠲᠡᠭᠡᠮᠵᠢ ᠵᠢᠨ ᠪᠠᠢ᠌ᠭᠤᠯᠤᠯᠲᠠ ᠵᠢᠨ 《ᠨᠢᠭᠡ ᠠᠮᠠᠯᠠᠯᠲᠠ᠎ᠪᠠᠷ ᠰᠠᠭ᠋ᠠᠳ ᠦᠭᠡᠢ ᠶᠠᠪᠤᠭᠳᠠᠬᠤ》  ᠨᠠᠷᠠᠲᠤ ᠲᠥᠷᠥᠯ ᠲᠡᠮᠳᠡᠭᠲᠦ ᠵᠢ ᠪᠣᠶ ᠪᠣᠯᠭ᠋ᠠᠵᠤ᠂  ᠣᠯᠠᠨ ᠨᠡᠶ᠋ᠢᠲᠡ ᠵᠢᠨ ᠡᠬᠢ ᠪᠠᠶᠠᠯᠢᠭ᠎ᠤᠨ ᠰᠣᠯᠢᠯᠴᠠᠭ᠋ᠠᠨ᠎ᠤ ᠦᠢ᠍ᠯᠡᠰ᠎ᠤᠨ ᠴᠢᠨᠠᠷ ᠰᠠᠢ᠌ᠲᠠᠢ ᠬᠥᠭᠵᠢᠯᠲᠡ ᠵᠢ ᠤᠯᠤᠰ᠎ᠤᠨ ᠬᠥᠭᠵᠢᠭᠦᠯᠦᠯᠲᠡ ᠥᠭᠡᠷᠡᠴᠢᠯᠡᠯᠲᠡ ᠵᠢᠨ ᠬᠣᠷᠢᠶ᠎ᠠ᠎ᠠᠴᠠ ᠰᠢᠨ᠎ᠡ ᠵᠢ ᠡᠭᠦᠳᠦᠭᠰᠡᠨ ᠠᠷᠭ᠎ᠠ ᠬᠢᠳᠡᠯ ᠪᠠ ᠨᠡᠢ᠌ᠲᠡᠯᠢᠭ ᠲᠤᠷᠰᠢᠯᠭ᠎ᠠ᠎ᠪᠠᠷ ᠮᠠᠭ᠋ᠠᠳᠯᠠᠨ ᠲᠣᠭᠲᠠᠭ᠋ᠠᠵᠤ ᠪᠥᠬᠥ ᠤᠯᠤᠰ᠎ᠲᠤ ᠳᠡᠯᠭᠡᠷᠡᠭᠦᠯᠪᠡ᠃ 

      ᠬᠢᠨᠠᠯᠲᠠ ᠲᠠᠯᠪᠢᠬᠤ ᠵᠢ ᠵᠢᠷᠤᠮᠵᠢᠭᠤᠯᠤᠨ  ᠪᠠᠷᠢᠮᠲᠠᠯᠠᠵᠤ᠂  ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠦᠯᠲᠡ ᠵᠢᠨ ᠴᠢᠨᠠᠷ ᠴᠢᠨᠰᠠᠭ᠎ᠠ ᠦᠷ᠎ᠡ ᠠᠰᠢᠭ᠎ᠢ ᠳᠡᠭᠡᠭᠰᠢᠯᠡᠭᠦᠯᠵᠦ᠂  ᠠᠵᠤ ᠠᠬᠤᠢ ᠵᠢᠨ ᠴᠢᠨᠠᠷ ᠰᠠᠢ᠌ᠲᠠᠢ ᠬᠥᠭᠵᠢᠯᠲᠡ ᠵᠢᠨ 《ᠵᠥᠭᠡᠯᠡᠨ ᠣᠷᠴᠢᠨ ᠲᠣᠭᠣᠷᠢᠨ》᠎ᠢ  ᠰᠢᠯᠢᠳᠡᠭᠵᠢᠭᠦᠯᠵᠡᠢ᠃  ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠶᠠᠰᠤ ᠴᠢᠨᠠᠷ᠎ᠢ ᠳᠡᠭᠡᠭᠰᠢᠯᠡᠭᠦᠯᠬᠦ ᠭᠤᠷᠪᠠᠨ ᠵᠢᠯ᠎ᠤᠨ ᠠᠵᠢᠯᠯᠠᠭ᠎ᠠ ᠵᠢ ᠥᠷᠨᠢᠭᠦᠯᠵᠦ᠂ 21 ᠵᠤᠷᠪᠤᠰ 58 ᠵᠦᠢ᠍ᠯ᠎ᠤᠨ ᠡᠭᠦᠷᠭᠡ ᠵᠢ ᠨᠠᠷᠢᠯᠢᠭᠵᠢᠭᠤᠯᠤᠨ᠂  ᠪᠥᠬᠥ ᠬᠣᠲᠠ ᠵᠢᠨ 8000 ᠭᠠᠷᠤᠢ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠠᠵᠢᠯᠲᠠᠨ᠎ᠢ ᠵᠣᠬᠢᠶᠠᠨ ᠪᠠᠢ᠌ᠭᠤᠯᠵᠤ 《ᠦᠨᠡᠨᠴᠢ ᠢᠲᠡᠭᠡᠮᠵᠢᠲᠡᠢ ᠵᠠᠰᠠᠭ᠎ᠤᠨ ᠣᠷᠳᠣᠨ᠎ᠤ ᠪᠠᠢ᠌ᠭᠤᠯᠤᠯᠲᠠ ᠵᠢ ᠴᠢᠩᠭ᠋ᠠᠳᠬᠠᠵᠤ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠶᠠᠰᠤ ᠴᠢᠨᠠᠷ᠎ᠢ ᠳᠡᠭᠡᠭᠰᠢᠯᠡᠭᠦᠯᠬᠦ》  ᠲᠤᠰᠬᠠᠢ ᠰᠡᠳᠦᠪᠲᠦ ᠪᠣᠯᠪᠠᠰᠤᠷᠠᠯ᠎ᠤᠨ ᠠᠩᠭᠢ᠎ᠳᠤ ᠣᠷᠣᠯᠴᠠᠭᠤᠯᠪᠠ᠃ 《ᠬᠣᠶᠠᠷ᠎ᠢ ᠲᠣᠬᠢᠶᠠᠯᠳᠤᠯ ᠵᠶ᠋ᠠᠷ ᠬᠢᠬᠦ᠂  ᠨᠢᠭᠡ ᠵᠢ ᠢᠯᠡ ᠪᠣᠯᠭ᠋ᠠᠬᠤ》  ᠬᠢᠨᠠᠯᠲᠠ ᠬᠠᠮᠢᠶᠠᠷᠤᠯᠲᠠ᠎ᠪᠠᠷ ᠭᠠᠷᠳᠠᠴᠠ ᠪᠣᠯᠭ᠋ᠠᠭᠰᠠᠨ᠂  ᠭᠣᠣᠯᠳᠠᠯᠭ᠎ᠠ᠎ᠲᠠᠢ ᠬᠢᠨᠠᠯᠲᠠ ᠬᠠᠮᠢᠶᠠᠷᠤᠯᠲᠠ᠎ᠪᠠᠷ ᠨᠥᠬᠥᠪᠦᠷᠢ ᠪᠣᠯᠭ᠋ᠠᠭᠰᠠᠨ᠂  ᠢᠲᠡᠭᠡᠮᠵᠢ ᠵᠢᠨ ᠬᠢᠨᠠᠯᠲᠠ ᠬᠠᠮᠢᠶᠠᠷᠤᠯᠲᠠ᠎ᠪᠠᠷ ᠰᠠᠭᠤᠷᠢ ᠪᠣᠯᠭ᠋ᠠᠭᠰᠠᠨ ᠬᠢᠨᠠᠯᠲᠠ ᠬᠠᠮᠢᠶᠠᠷᠤᠯᠲᠠ ᠵᠢᠨ ᠲᠣᠭᠲᠠᠴᠠ ᠵᠢ ᠪᠠᠢ᠌ᠭᠤᠯᠵᠤ᠂  ᠠᠵᠤ ᠠᠬᠤᠢ᠌ᠯᠠᠯ᠎ᠤᠨ ᠳᠠᠪᠬᠤᠷᠳᠠᠭᠤᠯᠤᠨ ᠰᠤᠭᠤᠴᠢᠨ ᠪᠠᠢ᠌ᠴᠠᠭ᠋ᠠᠬᠤ ᠵᠢ ᠪᠠᠭ᠋ᠠᠰᠬᠠᠨ᠂ 《ᠶᠠᠪᠤᠳᠠᠯ ᠦᠭᠡᠢ ᠪᠣᠯ ᠬᠠᠷᠰᠢᠯᠠᠬᠤ ᠦᠭᠡᠢ》  ᠪᠠᠢ᠌ᠬᠤ ᠵᠢ  ᠪᠡᠶᠡᠯᠡᠭᠦᠯᠵᠡᠢ᠃  ᠢᠳᠡᠭᠡᠨ ᠪᠠ ᠡᠮ᠎ᠤᠨ ᠵᠦᠢ᠍ᠯ᠎ᠤᠨ ᠠᠮᠤᠷ ᠲᠦᠪᠰᠢᠨ᠂  ᠮᠡᠳᠡᠯᠭᠡ ᠵᠢᠨ  ᠥᠮᠴᠢᠯᠡᠯ᠎ᠤᠨ ᠡᠷᠬᠡ ᠵᠡᠷᠭᠡ ᠵᠠᠩᠭᠢᠯᠠᠭ᠎ᠠ ᠵᠢᠨ ᠬᠦᠷᠢᠶ᠎ᠡ ᠴᠠᠷᠠᠭ᠎ᠠ ᠵᠢᠨ ᠲᠣᠭᠣᠷᠢᠨ᠎ᠳᠤ᠂ 《ᠨᠢᠭᠡ ᠲᠥᠪ᠂  ᠨᠠᠢ᠍ᠮᠠᠨ ᠲᠠᠪᠴᠠᠩ》᠎ᠤᠨ ᠣᠶᠤᠨᠴᠢ ᠬᠢᠨᠠᠯᠲᠠ ᠬᠠᠮᠢᠶᠠᠷᠤᠯᠲᠠ ᠵᠢᠨ ᠰᠢᠰᠲ᠋ᠧᠮ᠎ᠢ ᠭᠣᠣᠯᠳᠠᠯᠭ᠎ᠠ᠎ᠲᠠᠢ ᠪᠠᠢ᠌ᠭᠤᠯᠵᠤ᠂  ᠡᠵᠡᠩᠨᠡᠯᠲᠡ ᠵᠢᠨ ᠭᠣᠣᠯ ᠴᠣᠭᠴᠠ ᠵᠢ ᠨᠡᠶ᠋ᠢᠲᠡ 28 ᠲᠦᠮᠡ ᠭᠠᠷᠤᠢ ᠡᠷᠦᠬᠡ ᠵᠢ ᠴᠤᠭᠯᠠᠭᠤᠯᠤᠨ ᠴᠤᠭᠯᠠᠭᠤᠯᠵᠤ᠂  ᠬᠢᠨᠠᠯᠲᠠ ᠬᠠᠮᠢᠶᠠᠷᠤᠯᠲᠠ ᠵᠢᠨ ᠵᠢᠷᠤᠮᠵᠢᠯᠳᠤ ᠴᠢᠨᠠᠷ᠂  ᠳᠥᠭᠥᠮ ᠳᠥᠲᠡ ᠴᠢᠨᠠᠷ᠂  ᠰᠢᠨᠵᠢᠯᠡᠬᠦ ᠤᠬᠠᠭ᠋ᠠᠨᠴᠢ ᠴᠢᠨᠠᠷ᠎ᠢ ᠦᠨᠡᠨᠬᠦ  ᠳᠡᠭᠡᠭᠰᠢᠯᠡᠭᠦᠯᠵᠡᠢ᠃ 《ᠵᠠᠰᠠᠭ ᠵᠠᠬᠢᠷᠭ᠋ᠠᠨ᠎ᠤ  ᠰᠢᠢ᠍ᠳᠬᠡᠯ᠎ᠤᠨ ᠲᠣᠷᠭ᠋ᠠᠭᠤᠯᠢ᠎ᠠᠴᠠ ᠬᠡᠯᠲᠦᠷᠢᠭᠦᠯᠬᠦ ᠲᠣᠷᠭ᠋ᠠᠭᠤᠯᠢ ᠵᠢ ᠬᠥᠩᠭᠡᠪᠴᠢᠯᠡᠬᠦ ᠲᠣᠳᠣᠷᠬᠠᠢ ᠬᠠᠭᠤᠳᠠᠰᠤ》 ᠵᠢ ᠭᠦᠨᠵᠡᠭᠡᠢ ᠲᠦᠯᠬᠢᠨ ᠠᠬᠢᠭᠤᠯᠬᠤ ᠵᠢᠨ ᠬᠠᠮᠲᠤ 3.0  ᠬᠡᠪᠯᠡᠯ ᠪᠣᠯᠭ᠋ᠠᠨ ᠲᠡᠰ ᠳᠡᠪᠰᠢᠭᠦᠯᠪᠡ᠂  ᠡᠭᠦᠨ᠎ᠤ ᠳᠣᠲᠣᠷ᠎ᠠ ᠲᠣᠷᠭ᠋ᠠᠭᠤᠯᠢ᠎ᠠᠴᠠ ᠬᠡᠯᠲᠦᠷᠢᠭᠦᠯᠬᠦ ᠵᠦᠢ᠍ᠯᠡᠰ 333 ᠪᠠᠢ᠌ᠵᠤ᠂ 70% ᠎ᠪᠠᠷ ᠨᠡᠮᠡᠭᠳᠡᠵᠦ᠂  ᠲᠣᠷᠭ᠋ᠠᠭᠤᠯᠢ᠎ᠠᠴᠠ ᠬᠡᠯᠲᠦᠷᠢᠭᠦᠯᠬᠦ  ᠬᠥᠩᠭᠡᠨ ᠰᠢᠢ᠍ᠳᠬᠡᠬᠦ  ᠵᠦᠢ᠍ᠯᠡᠰ 409 ᠵᠦᠢ᠍ᠯ  ᠪᠠᠢ᠌ᠵᠤ᠂ 21% ᠎ᠪᠠᠷ ᠨᠡᠮᠡᠭᠳᠡᠭᠦᠯᠦᠨ᠂  ᠠᠵᠤ ᠠᠬᠤᠢ᠌ᠯᠠᠯ᠎ᠳᠤ ᠨᠡᠩ ᠠᠭᠤᠵᠢᠭᠤ ᠬᠢᠨᠠᠯᠲᠠ ᠬᠠᠮᠢᠶᠠᠷᠤᠯᠲᠠ ᠵᠢᠨ ᠣᠷᠴᠢᠨ ᠨᠥᠬᠥᠴᠡᠯ᠎ᠢ ᠪᠤᠢ ᠪᠣᠯᠭ᠋ᠠᠵᠤ ᠥᠭᠪᠡ᠃ 

      ᠭᠡᠷ᠎ᠡ᠎ᠪᠠᠨ ᠭᠦᠢ᠍ᠴᠡᠳᠬᠡᠵᠦ ᠠᠮᠠᠯᠠᠯᠲᠠ᠎ᠪᠠᠨ ᠭᠦᠢ᠍ᠴᠡᠳᠬᠡᠵᠦ᠂  ᠬᠤᠳᠠᠯᠳᠤᠭ᠎ᠠ ᠡᠷᠬᠢᠯᠡᠬᠦ ᠣᠷᠴᠢᠨ ᠲᠣᠭᠣᠷᠢᠨ᠎ᠢ ᠰᠢᠯᠢᠳᠡᠭᠵᠢᠭᠦᠯᠵᠦ᠂  ᠠᠵᠤ ᠠᠬᠤᠢ ᠵᠢᠨ ᠴᠢᠨᠠᠷ ᠰᠠᠢ᠌ᠲᠠᠢ ᠬᠥᠭᠵᠢᠯᠲᠡ ᠵᠢᠨ 《ᠲᠦᠷᠭᠡᠨ ᠬᠤᠷᠳᠤᠴᠠ ᠵᠢᠨ ᠵᠠᠮ》 ᠎ᠢ  ᠳᠡᠪᠢᠰᠴᠡᠢ᠃ 《ᠵᠠᠰᠠᠭ᠎ᠤᠨ ᠣᠷᠳᠣᠨ ᠪᠠ ᠬᠤᠳᠠᠯᠳᠤᠭ᠋ᠠᠴᠢᠳ᠎ᠤ  ᠦᠨᠡᠨ ᠰᠡᠳᠬᠢᠯ᠎ᠠᠴᠠ᠎ᠪᠠᠨ  ᠶᠠᠷᠢᠯᠴᠠᠬᠤ ᠥᠷᠯᠥᠭᠡ ᠵᠢᠨ ᠳᠠᠶ᠋ᠢᠯᠠᠯᠭ᠎ᠠ》 《ᠪᠢ ᠠᠵᠤ ᠠᠬᠤᠢ᠌ᠯᠠᠯ᠎ᠳᠤ ᠵᠠᠬ᠎ᠠ ᠳᠡᠯᠭᠡᠭᠦᠷ᠎ᠤᠨ ᠵᠠᠬᠢᠶᠠᠯᠠᠭ᠎ᠠ ᠵᠢᠨ ᠬᠠᠭᠤᠳᠠᠰᠤ ᠡᠷᠢᠵᠦ ᠥᠭᠭᠦᠶ᠎ᠡ》  ᠵᠡᠷᠭᠡ ᠳᠡᠭᠡᠳᠦ ᠵᠡᠷᠭᠡᠯᠡᠯ᠎ᠤᠨ ᠦᠢ᠍ᠯᠡᠴᠢᠯᠡᠭᠡᠨ᠎ᠤ ᠲᠣᠭᠲᠠᠴᠠ ᠵᠢᠨ ᠵᠢᠷᠤᠭ ᠲᠥᠯᠥᠪᠯᠡᠭᠡ᠎ᠨᠢ ᠠᠵᠤ ᠠᠬᠤᠢ᠌ᠯᠠᠯ᠎ᠤᠨ ᠬᠥᠭᠵᠢᠯᠲᠡ ᠵᠢ ᠬᠢᠵᠠᠭ᠋ᠠᠷᠯᠠᠵᠤ ᠪᠠᠢ᠌ᠭ᠎ᠠ ᠪᠡᠷᠬᠡ ᠠᠰᠠᠭᠤᠳᠠᠯ᠎ᠢ ᠪᠥᠬᠥ ᠬᠦᠴᠦᠨ ᠵᠶ᠋ᠡᠷ ᠵᠶ᠋ᠡᠨ ᠰᠢᠢ᠍ᠳᠪᠦᠷᠢᠯᠡᠵᠦ᠂  ᠬᠠᠤᠯᠢ᠎ᠪᠠᠷ ᠵᠠᠰᠠᠬᠤ᠎ᠪᠠᠷ  ᠬᠤᠳᠠᠯᠳᠤᠭ᠋ᠠᠴᠢᠨ᠎ᠢ ᠰᠢᠯᠢᠳᠡᠭᠵᠢᠭᠦᠯᠬᠦ᠂  ᠬᠤᠳᠠᠯᠳᠤᠭ᠋ᠠᠴᠢᠨ᠎ᠢ ᠴᠢᠬᠤᠯᠠᠴᠢᠯᠠᠬᠤ᠂  ᠬᠤᠳᠠᠯᠳᠤᠭ᠋ᠠᠴᠢᠨ᠎ᠢ ᠳᠣᠲᠣᠨᠣᠴᠢᠯᠠᠬᠤ ᠠᠭᠤᠷ ᠠᠮᠢᠰᠬᠤᠯ᠎ᠢ ᠪᠣᠶ  ᠪᠣᠯᠭ᠋ᠠᠵᠠᠢ᠃  ᠵᠠᠰᠠᠭ᠎ᠤᠨ ᠶᠠᠪᠤᠳᠠᠯ᠎ᠤᠨ ᠦᠨᠡᠨᠴᠢ ᠢᠲᠡᠭᠡᠮᠵᠢ ᠵᠢᠨ ᠮᠡᠳᠡᠭᠡ ᠵᠠᠩᠭᠢ ᠵᠢᠨ ᠬᠠᠮᠢᠶᠠᠷᠤᠯᠲᠠ ᠵᠢᠨ ᠰᠢᠰᠲ᠋ᠧᠮ᠎ᠢ ᠪᠠᠢ᠌ᠭᠤᠯᠤᠨ ᠪᠦᠷᠢᠨᠰᠢᠭᠦᠯᠵᠦ᠂  ᠵᠠᠰᠠᠭ᠎ᠤᠨ ᠣᠷᠳᠣᠨ᠎ᠤ ᠢᠲᠡᠭᠡᠯ ᠵᠶ᠋ᠡᠨ ᠠᠯᠳᠠᠭᠰᠠᠨ ᠦᠢᠯᠡ ᠠᠵᠢᠯᠯᠠᠭ᠎ᠠ ᠵᠢ ᠵᠢᠭᠰᠠᠭ᠋ᠠᠨ ᠪᠠᠢ᠌ᠴᠠᠭ᠋ᠠᠵᠤ ᠴᠡᠭᠴᠡᠯᠡᠨ ᠵᠠᠰᠠᠬᠤ ᠡᠷᠴᠢᠮ᠎ᠢ ᠴᠢᠩᠭ᠋ᠠᠷᠠᠭᠤᠯᠤᠨ᠂  ᠵᠢᠭᠰᠠᠭ᠋ᠠᠨ ᠪᠠᠢ᠌ᠴᠠᠭ᠋ᠠᠵᠤ ᠵᠠᠰᠠᠭ ᠴᠡᠭᠴᠡᠯᠡᠬᠦ ᠨᠣᠷᠮ᠎ᠠ ᠵᠢ 100%᠎ᠳᠤ  ᠬᠦᠷᠭᠡᠵᠡᠢ᠃  ᠵᠠᠰᠠᠭ᠎ᠤᠨ ᠣᠷᠳᠣᠨ᠎ᠤ ᠡᠷᠬᠡ ᠬᠠᠷᠢᠭᠤᠴᠠᠯᠭ᠎ᠠ ᠵᠢᠨ ᠲᠣᠳᠣᠷᠬᠠᠢ ᠬᠠᠭᠤᠳᠠᠰᠤ ᠵᠢᠨ ᠳᠦᠷᠢᠮ᠎ᠢ ᠪᠦᠬᠦ ᠲᠠᠯ᠎ᠠ᠎ᠪᠠᠷ ᠬᠡᠷᠡᠭᠵᠢᠭᠦᠯᠬᠦ ᠵᠢᠨ ᠬᠠᠮᠲᠤ ᠬᠥᠳᠡᠯᠦᠩᠭᠦᠢ᠎ᠪᠠᠷ ᠬᠠᠮᠢᠶᠠᠷᠴᠤ᠂  ᠬᠤᠳᠠ ᠵᠢᠨ ᠲᠤᠰ ᠱᠠᠲᠤᠨ᠎ᠤ 6223 ᠵᠦᠢ᠍ᠯ᠎ᠤᠨ ᠵᠠᠰᠠᠭ ᠵᠠᠬᠢᠷᠭ᠋ᠠᠨ᠎ᠤ ᠡᠷᠬᠡ ᠵᠢᠨ ᠵᠦᠢ᠍ᠯᠡᠰ᠎ᠢ ᠦᠯᠡᠳᠡᠭᠡᠪᠡ᠃  ᠵᠠᠰᠠᠭ᠎ᠤᠨ ᠶᠠᠪᠤᠳᠠᠯ᠎ᠤᠨ ᠮᠡᠳᠡᠭᠡ ᠵᠠᠩᠭᠢ ᠵᠢ ᠢᠯᠡ ᠪᠣᠯᠭ᠋ᠠᠬᠤ ᠵᠢ ᠲᠦᠷᠭᠡᠳᠬᠡᠨ ᠠᠬᠢᠭᠤᠯᠵᠤ᠂  ᠵᠠᠰᠠᠭ ᠵᠠᠬᠢᠷᠭ᠋ᠠᠨ᠎ᠤ ᠵᠥᠪᠰᠢᠶᠡᠷᠡᠯ᠂  ᠵᠠᠰᠠᠭ ᠵᠠᠬᠢᠷᠭ᠋ᠠᠨ᠎ᠤ  ᠰᠢᠢ᠍ᠳᠬᠡᠯ ᠲᠣᠷᠭ᠋ᠠᠭᠤᠯᠢ ᠵᠢᠨ ᠦᠷ᠎ᠡ ᠳ᠋ᠦᠩ᠎ᠤᠨ 《ᠬᠣᠶᠠᠷ᠎ᠢ ᠢᠯᠡ

ᠨᠡᠢ᠌ᠲᠡᠯᠡᠬᠦ》 ᠵᠢ 《ᠠᠷᠪᠠ ᠵᠢ ᠢᠯᠡ ᠨᠡᠢ᠌ᠲᠡᠯᠡᠬᠦ》  ᠬᠦᠷᠲᠡᠯ᠎ᠡ ᠥᠷᠭᠡᠳᠬᠡᠨ᠂  ᠰᠠᠢ᠌ᠨ ᠰᠠᠢ᠌ᠬᠠᠨ ᠬᠤᠳᠠᠯᠳᠤᠭ᠎ᠠ ᠡᠷᠭᠢᠯᠡᠬᠦ ᠣᠷᠴᠢᠨ ᠲᠣᠭᠣᠷᠢᠨ᠎ᠢ ᠪᠣᠶ ᠪᠣᠯᠭ᠋ᠠᠵᠤ᠂  ᠢᠯᠡ ᠲᠣᠳᠣ ᠵᠠᠰᠠᠭ᠎ᠤᠨ ᠶᠠᠪᠤᠳᠠᠯ᠎ᠢ ᠬᠦᠴᠦᠯᠡᠨ ᠪᠣᠶ  ᠪᠣᠯᠭ᠋ᠠᠵᠠᠢ᠃

ᠢᠷᠡᠯᠲᠡ᠄ᠪᠤᠭᠤᠲᠤ ᠬᠣᠲᠠ ᠵᠢᠨ ᠬᠠᠤᠯᠢ ᠴᠠᠭ᠋ᠠᠵᠠ ᠵᠢᠨ ᠲᠣᠪᠴᠢᠶ᠎ᠠ
          
ᠬᠠᠮᠢᠶ᠎ᠡ ᠪᠦᠬᠦᠢ ᠰᠣᠨᠢᠨ
 
            