ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠬᠠᠣᠯᠢ᠎ᠪᠠᠷ ᠵᠠᠰᠠᠬᠤ
ᠦᠢᠯᠡᠴᠢᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠬᠠᠣᠯᠢ᠎ᠪᠠᠷ ᠵᠠᠰᠠᠬᠤ   -   ᠬᠠᠣᠯᠢ᠎ᠪᠠᠷ ᠵᠠᠰᠠᠬᠤ ᠦᠪᠦᠷ ᠮᠣᠩᠭᠤᠯ
ᠪᠠᠶᠠᠨᠨᠠᠭᠤᠷ᠄ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠦᠭᠰᠡᠨ ᠬᠡᠷᠡᠭ᠎ᠤᠨ ᠡᠪᠬᠡᠮᠡᠯ᠎ᠢ ᠲᠥᠪᠯᠡᠷᠡᠭᠦᠯᠦᠨ ᠦᠨᠡᠯᠡᠨ ᠪᠠᠢ᠌ᠴᠠᠭ᠋ᠠᠬᠤ ᠵᠢ ᠯᠠᠪᠳᠠᠭᠤᠨ ᠪᠠᠲᠤᠲᠠᠢ ᠥᠷᠨᠢᠭᠦᠯᠵᠦ᠂ ᠬᠠᠤᠯᠢ ᠶᠣᠰᠣᠭ᠋ᠠᠷ ᠵᠠᠰᠠᠭ ᠶᠠᠪᠤᠭᠤᠯᠬᠤ ᠬᠢᠷᠢ ᠬᠡᠮᠵᠢᠶ᠎ᠡ ᠪᠠ ᠦᠢ᠍ᠯᠡᠳᠦᠯ ᠴᠢᠳᠠᠪᠤᠷᠢ ᠵᠢ ᠬᠦᠴᠦᠯᠡᠨ ᠳᠡᠭᠡᠭᠰᠢᠯᠡᠭᠦᠯᠵᠦ ᠪᠠᠢ᠌ᠨ᠎ᠠ
ᠨᠡᠶ᠋ᠢᠲᠡᠯᠡᠭᠰᠡᠨ ᠴᠠᠭ᠄ 2025-06-10

      ᠣᠢ᠌ᠷ᠎ᠠ᠎ᠳᠤ᠂ ᠪᠠᠶᠠᠨᠨᠠᠭᠤᠷ ᠬᠣᠲᠠ ᠵᠢᠨ ᠤᠷᠠᠳ᠎ᠤᠨ ᠳᠤᠮᠳᠠᠳᠤ ᠬᠣᠰᠢᠭᠤ  ᠠᠵᠤ ᠠᠬᠤᠢ᠌ᠯᠠᠯ᠎ᠳᠤ ᠬᠣᠯᠪᠣᠭᠳᠠᠭᠰᠠᠨ ᠵᠠᠰᠠᠭ ᠵᠠᠬᠢᠷᠭ᠋ᠠᠨ᠎ᠤ ᠬᠠᠤᠯᠢ  ᠬᠡᠷᠡᠭᠵᠢᠭᠦᠯᠦᠭᠰᠡᠨ ᠬᠡᠷᠡᠭ᠎ᠤᠨ ᠡᠪᠬᠡᠮᠡᠯ᠎ᠤᠨ ᠲᠤᠰᠬᠠᠢ ᠦᠨᠡᠯᠡᠨ ᠪᠠᠢ᠌ᠴᠠᠭ᠋ᠠᠬᠤ ᠠᠵᠢᠯ᠎ᠢ ᠥᠷᠨᠢᠭᠦᠯᠵᠦ᠂  ᠴᠢᠩᠭ᠎ᠠ ᠬᠢᠨᠠᠯᠲᠠ ᠲᠠᠯᠪᠢᠬᠤ᠎ᠪᠠᠷ ᠳᠠᠮᠵᠢᠭᠤᠯᠤᠨ ᠵᠢᠷᠤᠮᠵᠢᠯ᠎ᠢ ᠠᠬᠢᠭᠤᠯᠤᠨ᠂  ᠨᠠᠷᠢᠯᠢᠭ ᠣᠨᠣᠴᠠᠲᠠᠢ᠎ᠪᠠᠷ ᠴᠡᠭᠴᠡᠯᠡᠨ ᠥᠭᠡᠷᠡᠴᠢᠯᠡᠵᠦ ᠦᠷ᠎ᠡ ᠪᠦᠲᠦᠮᠵᠢ ᠵᠢ ᠳᠡᠭᠡᠭᠰᠢᠯᠡᠭᠦᠯᠵᠦ᠂  ᠣᠷᠣᠨ ᠪᠦᠰᠡ ᠵᠢᠨ ᠴᠢᠨᠠᠷ ᠰᠠᠢ᠌ᠲᠠᠢ ᠬᠥᠭᠵᠢᠯᠲᠡ᠎ᠳᠤ  ᠬᠠᠤᠯᠢᠵᠢᠯ᠎ᠤᠨ ᠰᠠᠭᠤᠷᠢ ᠵᠢ ᠪᠠᠲᠤ ᠪᠡᠬᠢ ᠲᠠᠯᠪᠢᠵᠤ ᠥᠭᠭᠦᠭᠰᠡᠨ ᠪᠠᠢ᠌ᠨ᠎ᠠ᠃ 

      ᠭᠣᠣᠯᠳᠠᠯᠭ᠎ᠠ᠎ᠲᠠᠢ  ᠬᠦᠷᠢᠶ᠎ᠡ ᠴᠠᠷᠠᠭ᠋ᠠᠨ᠎ᠳᠤ ᠠᠩᠬᠠᠷᠤᠯ ᠵᠶ᠋ᠠᠨ ᠲᠥᠪᠯᠡᠷᠡᠭᠦᠯᠵᠦ᠂  ᠠᠵᠤ ᠠᠬᠤᠢ᠌ᠯᠠᠯ᠎ᠳᠤ ᠬᠣᠯᠪᠣᠭᠳᠠᠭᠰᠠᠨ ᠬᠠᠤᠯᠢ  ᠬᠡᠷᠡᠭᠵᠢᠭᠦᠯᠦᠭᠰᠡᠨ ᠬᠡᠷᠡᠭ᠎ᠤᠨ ᠡᠪᠬᠡᠮᠡᠯ᠎ᠢ ᠪᠦᠬᠦ  ᠲᠠᠯ᠎ᠠ᠎ᠪᠠᠷ ᠬᠠᠮᠤᠷᠴᠠᠢ᠃  ᠲᠣᠰ ᠤᠳᠠᠭ᠋ᠠᠨ᠎ᠤ ᠦᠨᠡᠯᠡᠨ ᠪᠠᠢ᠌ᠴᠠᠭ᠋ᠠᠯᠲᠠ᠎ᠳᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ᠂  ᠠᠮᠢ ᠠᠬᠤᠢ ᠵᠢᠨ ᠣᠷᠴᠢᠨ ᠨᠥᠬᠥᠴᠡᠯ᠂  ᠪᠠᠴᠢᠮ ᠪᠠᠢ᠌ᠳᠠᠯ᠎ᠢ ᠠᠷᠭ᠋ᠠᠴᠠᠬᠤ ᠬᠠᠮᠢᠶᠠᠷᠤᠯᠲᠠ᠂  ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠡᠷᠭᠡ ᠠᠵᠤ ᠠᠬᠤᠢ᠌ᠯᠠᠯ᠎ᠳᠤ ᠬᠣᠯᠪᠣᠭᠳᠠᠭᠰᠠᠨ ᠬᠠᠤᠯᠢ ᠬᠡᠷᠡᠭᠵᠢᠭᠦᠯᠦᠯᠲᠡ ᠵᠢᠨ ᠥᠨᠳᠥᠷ ᠳᠠᠪᠲᠠᠮᠵᠢ ᠵᠢᠨ ᠬᠦᠷᠢᠶᠡᠨ᠎ᠤ ᠲᠣᠭᠣᠷᠢᠨ᠎ᠳᠤ᠂  ᠡᠯ᠎ᠡ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ᠎ᠤᠨ 2023 ᠣᠨ᠎ᠤ 1 ᠰᠠᠷ᠎ᠠ ᠵᠢᠨ 1᠎ᠤ ᠡᠳᠦᠷ᠎ᠠᠴᠠ 2024 ᠣᠨ᠎ᠤ 12 ᠰᠠᠷ᠎ᠠ ᠵᠢᠨ 31᠎ᠤ ᠡᠳᠦᠷ ᠪᠣᠯᠲᠠᠯ᠎ᠠ ᠨᠢᠭᠡᠨᠲᠡ ᠰᠢᠢ᠍ᠳᠪᠦᠷᠢᠯᠡᠵᠦ ᠳᠠᠭᠤᠰᠬᠠᠭᠰᠠᠨ ᠵᠠᠰᠠᠭ ᠵᠠᠬᠢᠷᠭ᠋ᠠᠨ᠎ᠤ  ᠰᠢᠢ᠍ᠳᠬᠡᠯ ᠲᠣᠷᠭ᠋ᠠᠭᠤᠯᠢ ᠵᠢᠨ ᠬᠡᠷᠡᠭ᠎ᠤᠨ ᠳᠣᠲᠣᠷ᠎ᠠ᠎ᠠᠴᠠ 330 ᠬᠡᠷᠡᠭ᠎ᠤᠨ ᠡᠪᠬᠡᠮᠡᠯ (ᠠᠵᠤ ᠠᠬᠤᠢ᠌ᠯᠠᠯ᠎ᠳᠤ ᠬᠣᠯᠪᠣᠭᠳᠠᠭᠰᠠᠨ ᠬᠡᠷᠡᠭ᠎ᠤᠨ ᠡᠵᠡᠯᠡᠬᠦ ᠬᠠᠷᠢᠴᠠᠯ 60%᠎ᠳᠤ ᠬᠥᠷᠪᠡ)᠎ᠢ ᠲᠣᠬᠢᠶᠠᠯᠳᠤᠯ ᠵᠶ᠋ᠠᠷ ᠰᠣᠩᠭᠣᠨ ᠠᠪᠴᠠᠢ᠃  ᠦᠨᠡᠯᠡᠨ ᠪᠠᠢ᠌ᠴᠠᠭ᠋ᠠᠬᠤ ᠶᠠᠪᠤᠴᠠ᠎ᠳᠤ ᠡᠷᠬᠡ ᠲᠡᠭᠰᠢ᠂  ᠲᠥᠪ ᠭᠣᠥᠯᠴᠢ᠂  ᠢᠯᠡ ᠲᠣᠳᠣ ᠪᠠᠢ᠌ᠬᠤ ᠵᠠᠷᠴᠢᠮ᠎ᠢ ᠴᠢᠩᠭ᠎ᠠ ᠵᠢᠷᠤᠮᠯᠠᠵᠤ᠂  ᠠᠵᠤ ᠠᠬᠤᠢ᠌ᠯᠠᠯ᠎ᠳᠤ ᠬᠣᠯᠪᠣᠭᠳᠠᠭᠰᠠᠨ ᠬᠠᠤᠯᠢ ᠬᠡᠷᠡᠭᠵᠢᠭᠦᠯᠬᠦ ᠲᠠᠰ ᠳᠠᠷᠠᠭ᠋ᠠᠯᠠᠯ᠎ᠤᠨ ᠵᠢᠷᠤᠮᠵᠢᠯᠳᠤ ᠴᠢᠨᠠᠷ᠂  ᠴᠢᠯᠦᠭᠡᠲᠦ ᠲᠠᠰᠤᠯᠤᠯᠲᠠ ᠵᠢᠨ ᠡᠷᠬᠡ ᠵᠢᠨ ᠬᠡᠷᠡᠭᠵᠢᠭᠦᠯᠦᠯᠲᠡ ᠵᠢᠨ ᠵᠦᠢ ᠶᠣᠰᠣᠴᠢ ᠴᠢᠨᠠᠷ᠎ᠢ ᠭᠣᠣᠯᠳᠠᠯᠭ᠎ᠠ᠎ᠲᠠᠢ ᠬᠠᠷᠭᠤᠭᠤᠯᠤᠨ ᠪᠠᠢ᠌ᠴᠠᠭ᠋ᠠᠵᠤ᠂  ᠦᠨᠡᠯᠡᠨ ᠪᠠᠢ᠌ᠴᠠᠭ᠋ᠠᠭᠰᠠᠨ ᠦᠷ᠎ᠡ ᠳ᠋ᠦᠩ᠎ᠤᠨ ᠬᠠᠤᠯᠢ ᠬᠡᠷᠡᠭᠵᠢᠭᠦᠯᠬᠦ ᠬᠢᠷᠢ ᠬᠡᠮᠵᠢᠶ᠎ᠡ ᠵᠢ ᠦᠨᠡᠨ ᠪᠣᠳᠠᠲᠠᠢ᠎ᠪᠠᠷ ᠲᠤᠰᠬᠠᠬᠤ ᠵᠢ ᠦᠨᠡᠨ ᠬᠦ᠌ ᠪᠠᠲᠤᠯᠠᠵᠤ᠂  ᠬᠤᠳᠠᠯᠳᠤᠭ᠎ᠠ ᠡᠷᠭᠢᠯᠡᠬᠦ ᠣᠷᠴᠢᠨ ᠨᠥᠬᠥᠴᠡᠯ᠎ᠢ ᠰᠢᠯᠢᠳᠡᠭᠵᠢᠭᠦᠯᠬᠦ᠎ᠳᠤ ᠨᠠᠷᠢᠯᠢᠭ ᠣᠨᠣᠴᠠᠲᠠᠢ᠎ᠪᠠᠷ ᠬᠢᠨᠠᠯᠲᠠ ᠲᠠᠯᠪᠢᠬᠤ ᠦᠨᠳᠦᠰᠦᠯᠡᠯ  ᠬᠠᠩᠭ᠋ᠠᠵᠠᠢ᠃ 

      ᠲᠤᠰᠬᠠᠢ ᠮᠡᠷᠭᠡᠵᠢᠯ᠎ᠤᠨ ᠪᠦᠯᠬᠦᠮ ᠨᠡᠶ᠋ᠢᠲᠡ ᠵᠢ ᠵᠣᠬᠢᠶᠠᠨ ᠪᠠᠢ᠌ᠭᠤᠯᠵᠤ᠂  ᠪᠠᠷᠢᠮᠵᠢᠶ᠎ᠠ᠎ᠳᠤ ᠵᠣᠬᠢᠴᠠᠭᠤᠯᠤᠨ ᠵᠢᠱ᠌ᠢᠶ᠎ᠡ ᠦᠵᠡᠭᠦᠯᠦᠨ ᠡᠭᠦᠳᠦᠨ ᠪᠠᠶ᠋ᠢᠭᠤᠯᠬᠤ ᠪᠠᠷᠢᠮᠵᠢᠶ᠎ᠠ ᠵᠢ  ᠴᠢᠩᠳᠠᠯᠠᠵᠠᠢ᠃  ᠤᠷᠠᠳ᠎ᠤᠨ ᠳᠤᠮᠳᠠᠳᠤ ᠬᠣᠰᠢᠭᠤᠨ᠎ᠤ ᠬᠠᠤᠯᠢ ᠴᠠᠭ᠋ᠠᠵᠠ ᠵᠢᠨ ᠲᠣᠪᠴᠢᠶ᠎ᠠ ᠬᠠᠤᠯᠢ ᠴᠠᠭ᠋ᠠᠵᠠ ᠵᠢᠨ ᠲᠤᠰᠬᠠᠢ ᠮᠡᠷᠭᠡᠵᠢᠯᠲᠡᠨ᠂  ᠬᠠᠤᠯᠢ ᠬᠡᠷᠡᠭᠵᠢᠭᠦᠯᠬᠦ ᠲᠤᠬᠠᠢ᠌ᠯᠠᠭᠰᠠᠨ ᠠᠵᠢᠯ᠎ᠤᠨ ᠭᠣᠣᠯᠯᠠᠭᠴᠢ ᠬᠦᠴᠦᠨ᠎ᠲᠠᠢ ᠬᠠᠮᠲᠤᠷᠠᠨ ᠦᠨᠡᠯᠡᠨ ᠪᠠᠢ᠌ᠴᠠᠭ᠋ᠠᠬᠤ ᠲᠤᠰᠬᠠᠢ ᠠᠩᠭᠢ ᠵᠣᠬᠢᠶᠠᠨ ᠪᠠᠢ᠌ᠭᠤᠯᠵᠤ᠂  ᠬᠠᠮᠢᠶ᠎ᠠ ᠪᠦᠬᠦᠢ ᠬᠠᠤᠯᠢ ᠲᠣᠭᠲᠠᠭ᠋ᠠᠯ ᠪᠠ ᠪᠠᠷᠢᠮᠵᠢᠶ᠎ᠠ᠎ᠲᠠᠢ ᠬᠠᠷᠢᠴᠠᠭᠤᠯᠤᠨ᠂  ᠬᠠᠤᠯᠢ ᠬᠡᠷᠡᠭᠵᠢᠭᠦᠯᠬᠦ ᠭᠣᠣᠯ ᠴᠣᠭᠴᠠ ᠵᠢᠨ ᠬᠢᠷᠢ ᠬᠡᠮ᠂  ᠪᠣᠳᠠᠲᠤ ᠬᠡᠷᠡᠭ᠎ᠤᠨ ᠭᠡᠷᠡᠴᠢ ᠪᠠᠷᠢᠮᠲᠠ᠂  ᠬᠠᠤᠯᠢ ᠴᠠᠭ᠋ᠠᠵᠠ ᠵᠢᠨ ᠬᠡᠷᠡᠭᠯᠡᠯᠲᠡ᠂  ᠳᠡᠰ ᠳᠠᠷᠠᠭ᠋ᠠᠯᠠᠯ᠎ᠤᠨ ᠵᠢᠷᠤᠮᠵᠢᠯ᠂  ᠪᠢᠴᠢᠭ ᠬᠠᠷ᠎ᠠ ᠵᠢᠨ ᠶᠠᠰᠤ ᠴᠢᠨᠠᠷ ᠵᠡᠷᠭᠡ ᠲᠠᠯ᠎ᠠ᠎ᠠᠴᠠ ᠠᠵᠤ ᠠᠬᠤᠢ᠌ᠯᠠᠯ᠎ᠳᠤ ᠬᠣᠯᠪᠣᠭᠳᠠᠭᠰᠠᠨ ᠬᠠᠤᠯᠢ ᠬᠡᠷᠡᠭᠵᠢᠭᠦᠯᠬᠦ ᠬᠡᠷᠡᠭ᠎ᠤᠨ ᠡᠪᠬᠡᠮᠡᠯ᠎ᠳᠤ ᠪᠥᠬᠥ ᠶᠠᠪᠤᠴᠠ ᠵᠢᠨ ᠬᠢᠨᠠᠨ ᠪᠠᠢ᠌ᠴᠠᠭ᠋ᠠᠯᠲᠠ  ᠬᠢᠵᠡᠢ᠃ 《ᠨᠢᠭᠡ ᠬᠡᠷᠡᠭ᠎ᠲᠤ ᠨᠢᠭᠡ ᠲᠣᠳᠣᠷᠬᠠᠢ ᠬᠠᠭᠤᠳᠠᠰᠤ》 ᠵᠢᠨ ᠵᠠᠭᠪᠤᠷ᠎ᠢ ᠰᠢᠨ᠎ᠡ᠎ᠪᠠᠷ ᠡᠭᠦᠳᠦᠨ ᠬᠡᠷᠡᠭᠯᠡᠵᠦ᠂  ᠠᠵᠤ ᠠᠬᠤᠢ᠌ᠯᠠᠯ᠎ᠳᠤ ᠬᠣᠯᠪᠣᠭᠳᠠᠭᠰᠠᠨ ᠪᠠᠢ᠌ᠴᠠᠭ᠋ᠠᠯᠲᠠ᠎ᠳᠤ 《ᠳᠠᠪᠬᠤᠷ ᠲᠣᠬᠢᠶᠠᠯᠳᠤᠯ᠂ ᠨᠢᠭᠡ ᠵᠢ ᠢᠯᠡ ᠪᠣᠯᠭ᠋ᠠᠬᠤ》  ᠳᠦᠷᠢᠮ᠎ᠢ ᠨᠠᠢ᠌ᠳᠠᠪᠤᠷᠢᠵᠢᠭᠤᠯᠤᠭᠰᠠᠨ ᠡᠰᠡᠬᠦ᠂  ᠳᠠᠪᠬᠤᠷᠳᠠᠭᠤᠯᠤᠨ ᠪᠠᠢ᠌ᠴᠠᠭ᠋ᠠᠭᠰᠠᠨ ᠪᠤᠶᠤ ᠳᠤᠷ᠎ᠠ᠎ᠪᠠᠷ ᠵᠶ᠋ᠠᠨ ᠪᠠᠢ᠌ᠴᠠᠭ᠋ᠠᠭᠰᠠᠨ ᠵᠡᠷᠭᠡ ᠠᠰᠠᠭᠤᠳᠠᠯ ᠣᠷᠣᠰᠢᠵᠤ ᠪᠠᠢ᠌ᠬᠤ ᠡᠰᠡᠬᠦ ᠵᠢ ᠭᠣᠣᠯᠳᠠᠯᠭ᠎ᠠ᠎ᠲᠠᠢ᠎ᠪᠠᠷ ᠬᠠᠷᠭᠤᠭᠤᠯᠤᠨ ᠪᠠᠢ᠌ᠴᠠᠭ᠋ᠠᠵᠤ᠂  ᠦᠨᠡᠯᠡᠨ ᠪᠠᠢ᠌ᠴᠠᠭ᠋ᠠᠭᠰᠠᠨ ᠦᠷ᠎ᠡ ᠳ᠋ᠦᠩ᠎ᠨᠢ ᠬᠠᠣᠯᠢᠵᠢᠯ ᠎ᠤᠨ  ᠵᠠᠰᠠᠭ᠎ᠤᠨ ᠣᠷᠳᠣᠨ᠎ᠤ ᠪᠠᠢ᠌ᠭᠤᠯᠤᠯᠲᠠ ᠵᠢᠨ ᠱᠠᠭ᠋ᠠᠷᠳᠠᠯᠭ᠎ᠠ᠎ᠳᠤ ᠨᠡᠢ᠌ᠴᠡᠬᠦ ᠮᠥᠷᠲᠡᠭᠡᠨ ᠪᠠᠰᠠ ᠠᠵᠤ ᠠᠬᠤᠢ᠌ᠯᠠᠯ᠎ᠤᠨ ᠬᠠᠤᠯᠢ ᠶᠣᠰᠣᠨ᠎ᠤ ᠡᠷᠬᠡ ᠠᠰᠢᠭ᠎ᠢ ᠦᠨᠡᠨ ᠬᠦ᠌ ᠬᠠᠮᠠᠭ᠋ᠠᠯᠠᠬᠤ ᠵᠢ ᠦᠨᠡᠨ ᠬᠦ᠌  ᠪᠠᠲᠤᠯᠠᠵᠠᠢ᠃ 

      ᠠᠰᠠᠭᠤᠳᠠᠯ᠎ᠤᠨ ᠦᠨᠳᠦᠰᠦ ᠰᠤᠷᠪᠤᠯᠵᠢ ᠵᠢ ᠭᠦᠨ ᠠᠭᠤᠳᠠᠯᠵᠤ᠂  ᠠᠵᠤ ᠠᠬᠤᠢ᠌ᠯᠠᠯ᠎ᠳᠤ ᠬᠣᠯᠪᠣᠭᠳᠠᠭᠰᠠᠨ ᠬᠠᠤᠯᠢ ᠬᠡᠷᠡᠭᠵᠢᠭᠦᠯᠦᠯᠲᠡ ᠵᠢᠨ ᠳᠤᠲᠠᠭᠤᠳᠠᠯ᠎ᠢ ᠨᠠᠷᠢᠯᠢᠭ ᠣᠨᠣᠴᠠᠲᠠᠢ᠎ᠪᠠᠷ ᠵᠠᠳᠠᠯᠤᠨ ᠰᠢᠨᠵᠢᠯᠡᠵᠡᠢ᠃  ᠦᠨᠡᠯᠡᠨ ᠪᠠᠢ᠌ᠴᠠᠭ᠋ᠠᠬᠤ᠎ᠳᠤ ᠠᠵᠤ ᠠᠬᠤᠢ᠌ᠯᠠᠯ᠎ᠳᠤ ᠬᠣᠯᠪᠣᠭᠳᠠᠭᠰᠠᠨ ᠬᠠᠤᠯᠢ ᠬᠡᠷᠡᠭᠵᠢᠭᠦᠯᠬᠦ ᠬᠦᠷᠢᠶᠡᠨ᠎ᠳᠤ ᠭᠤᠷᠪᠠᠨ ᠶᠡᠬᠡ ᠲᠣᠪᠣᠢ᠌ᠮ᠎ᠠ ᠠᠰᠠᠭᠤᠳᠠᠯ ᠣᠷᠣᠰᠢᠵᠤ ᠪᠠᠢ᠌ᠬᠤ ᠵᠢ ᠢᠯᠡᠷᠡᠭᠦᠯᠪᠡ᠄ ᠲᠠᠰ ᠳᠠᠷᠠᠭ᠋ᠠᠯᠠᠯ᠎ᠤᠨ ᠵᠢᠷᠤᠮᠵᠢᠯ᠎ᠤᠨ ᠲᠠᠯ᠎ᠠ᠎ᠪᠠᠷ᠂  ᠨᠢᠭᠡ ᠬᠡᠰᠡᠭ ᠬᠡᠷᠡᠭ᠎ᠲᠤ ᠪᠢᠴᠢᠭ ᠬᠠᠷ᠎ᠠ ᠬᠦᠷᠭᠡᠬᠦ ᠲᠠᠰ ᠳᠠᠷᠠᠭ᠋ᠠᠯᠠᠯ᠎ᠢ ᠴᠢᠩᠭ᠎ᠠ ᠭᠦᠢ᠍ᠴᠡᠳᠬᠡᠭᠰᠡᠨ ᠦᠭᠡᠢ᠂  ᠬᠦᠷᠭᠡᠬᠦ ᠠᠷᠭ᠎ᠠ ᠮᠠᠶᠢᠭ᠎ᠨᠢ ᠵᠢᠷᠤᠮᠵᠢᠯ ᠦᠭᠡᠢ᠂  ᠬᠦᠷᠭᠡᠯᠲᠡ ᠵᠢᠨ ᠬᠠᠷᠢᠭᠤ ᠭᠡᠷᠡᠴᠢ ᠵᠢ ᠦᠯᠡᠳᠡᠭᠡᠨ ᠬᠠᠳᠠᠭ᠋ᠠᠯᠠᠭᠰᠠᠨ ᠦᠭᠡᠢ ᠵᠡᠷᠭᠡ ᠪᠠᠢ᠌ᠳᠠᠯ ᠣᠷᠣᠰᠢᠵᠤ᠂  ᠣᠨᠴᠠ ᠵᠠᠷᠢᠮ ᠬᠡᠷᠡᠭ᠎ᠢ ᠬᠤᠭᠤᠴᠠᠭ᠎ᠠ ᠬᠡᠲᠦᠷᠡᠭᠦᠯᠦᠨ ᠰᠢᠢ᠍ᠳᠪᠦᠷᠢᠯᠡᠵᠦ᠂  ᠠᠵᠤ ᠠᠬᠤᠢ᠌ᠯᠠᠯ᠎ᠤᠨ ᠬᠡᠪ᠎ᠤᠨ ᠡᠵᠡᠩᠨᠡᠯᠲᠡ ᠵᠢ ᠨᠥᠯᠥᠭᠡᠯᠡᠭᠰᠡᠨ ᠪᠠᠢ᠌ᠨ᠎ᠠ᠃  ᠴᠢᠯᠦᠭᠡᠲᠦ ᠲᠠᠰᠤᠯᠤᠯᠲᠠ ᠵᠢᠨ ᠲᠠᠯ᠎ᠠ᠎ᠪᠠᠷ᠂  ᠠᠵᠤ ᠠᠬᠤᠢ᠌ᠯᠠᠯ᠎ᠤᠨ ᠬᠠᠤᠯᠢ ᠵᠢ ᠬᠥᠩᠭᠡᠪᠲᠦᠷ ᠵᠥᠷᠢᠴᠡᠭᠰᠡᠨ᠎ᠢ  ᠰᠢᠢ᠍ᠳᠬᠡᠬᠦ  ᠪᠠᠷᠢᠮᠵᠢᠶ᠎ᠠ᠎ᠨᠢ ᠨᠢᠭᠡᠳᠦᠯ ᠦᠭᠡᠢ ᠪᠠᠢ᠌ᠵᠤ᠂  ᠬᠡᠰᠡᠭ ᠬᠡᠷᠡᠭ᠎ᠲᠤ 《ᠤᠷᠢᠳᠠᠪᠠᠷ ᠵᠥᠷᠢᠴᠡᠭᠰᠡᠨ᠎ᠢ ᠥᠯᠥ  ᠰᠢᠢ᠍ᠳᠬᠡᠬᠦ》 《ᠬᠥᠩᠭᠡᠪᠲᠦᠷ᠎ᠢ ᠲᠣᠷᠭ᠋ᠠᠭᠤᠯᠢ᠎ᠠᠴᠠ ᠬᠡᠯᠲᠦᠷᠢᠭᠦᠯᠬᠦ》  ᠨᠠᠷᠢᠨ ᠲᠠᠩᠰᠠ ᠵᠢᠨ ᠳᠦᠷᠢᠮ᠎ᠢ ᠨᠠᠢ᠌ᠳᠠᠪᠤᠷᠢᠵᠢᠭᠤᠯᠤᠭᠰᠠᠨ ᠦᠭᠡᠢ᠂ 《ᠨᠢᠭᠡ ᠯᠡ ᠠᠳᠠᠯᠢ》  ᠬᠡᠯᠪᠡᠷᠢ ᠵᠢᠨ  ᠰᠢᠢ᠍ᠳᠬᠡᠯ ᠣᠷᠣᠰᠢᠵᠤ᠂  ᠠᠵᠤ ᠠᠬᠤᠢ᠌ᠯᠠᠯ᠎ᠤᠨ ᠳᠠᠷᠤᠭ᠋ᠠᠰᠤ ᠵᠢ ᠬᠦᠨᠳᠦᠷᠡᠭᠦᠯᠦᠭᠰᠡᠨ ᠪᠠᠢ᠌ᠨ᠎ᠠ᠃  ᠪᠢᠴᠢᠭ ᠬᠠᠷ᠎ᠠ ᠵᠢᠨ ᠶᠠᠰᠤ ᠴᠢᠨᠠᠷ᠎ᠤᠨ ᠲᠠᠯ᠎ᠠ᠎ᠪᠠᠷ᠂  ᠠᠵᠤ ᠠᠬᠤᠢ᠌ᠯᠠᠯ᠎ᠳᠤ ᠬᠣᠯᠪᠣᠭᠳᠠᠭᠰᠠᠨ ᠬᠡᠷᠡᠭ᠎ᠤᠨ ᠡᠪᠬᠡᠮᠡᠯ᠎ᠳᠤ ᠠᠵᠤ ᠠᠬᠤᠢ᠌ᠯᠠᠯ᠎ᠤᠨ ᠲᠣᠭ᠋ᠠᠴᠢᠯᠲᠠ ᠵᠢᠨ ᠲᠤᠬᠠᠢ ᠵᠥᠪᠲᠥᠭᠡᠨ ᠲᠣᠳᠣᠷᠬᠠᠢ᠌ᠯᠠᠭᠰᠠᠨ ᠰᠠᠨᠠᠯ᠎ᠳᠤ ᠬᠠᠷᠢᠭᠤ ᠥᠭᠭᠦᠭᠰᠡᠨ᠎ᠨᠢ ᠭᠦᠢ᠍ᠴᠡᠳ ᠪᠤᠰᠤ ᠪᠠᠢ᠌ᠵᠤ᠂  ᠠᠵᠤ ᠠᠬᠤᠢ᠌ᠯᠠᠯ᠎ᠳᠤ ᠠᠪᠤᠷᠠᠨ ᠲᠤᠰᠠᠯᠠᠬᠤ ᠠᠷᠭ᠎ᠠ ᠵᠠᠮ᠎ᠢ ᠲᠣᠳᠣᠷᠬᠠᠢ ᠮᠡᠳᠡᠭᠳᠡᠭᠰᠡᠨ ᠦᠭᠡᠢ ᠮᠥᠷᠲᠡᠭᠡᠨ ᠬᠡᠷᠡᠭ᠎ᠤᠨ ᠡᠪᠬᠡᠮᠡᠯ᠎ᠢ ᠲᠠᠩᠰᠠ ᠡᠪᠬᠡᠮᠡᠯ᠎ᠳᠤ ᠣᠷᠣᠭᠤᠯᠬᠤ᠎ᠳᠤ ᠠᠵᠤ ᠠᠬᠤᠢ᠌ᠯᠠᠯ᠎ᠤᠨ ᠡᠵᠡᠩᠨᠡᠯᠲᠡ᠎ᠳᠤ ᠬᠣᠯᠪᠣᠭᠳᠠᠭᠰᠠᠨ ᠮᠡᠳᠡᠭᠡ ᠵᠠᠩᠭᠢ ᠵᠢ ᠵᠠᠳᠠᠷᠠᠭᠤᠯᠬᠤ ᠲᠦᠭᠰᠢᠭᠦᠷᠢ ᠵᠢᠨ ᠳᠠᠯᠳᠠ ᠬᠡᠮ ᠣᠷᠣᠰᠢᠵᠤ ᠪᠠᠢ᠌ᠨ᠎ᠠ᠃ 

      ᠴᠡᠭᠴᠡᠯᠡᠨ ᠰᠠᠢ᠌ᠵᠢᠷᠠᠭᠤᠯᠬᠤ ᠪᠢᠲᠡᠭᠦᠦ ᠴᠠᠭ᠋ᠠᠷᠢᠭ᠎ᠢ ᠴᠢᠩᠭ᠋ᠠᠳᠬᠠᠵᠤ᠂  ᠵᠢᠱ᠌ᠢᠶ᠎ᠡ ᠦᠵᠡᠭᠦᠯᠦᠨ ᠡᠭᠦᠳᠦᠨ ᠪᠠᠶ᠋ᠢᠭᠤᠯᠬᠤ ᠪᠠ ᠠᠵᠤ ᠠᠬᠤᠢ᠌ᠯᠠᠯ᠎ᠳᠤ ᠬᠣᠯᠪᠣᠭᠳᠠᠭᠰᠠᠨ ᠬᠠᠤᠯᠢ ᠬᠡᠷᠡᠭᠵᠢᠭᠦᠯᠦᠯᠲᠡ ᠵᠢᠨ ᠬᠣᠣᠰ ᠳᠡᠭᠡᠭᠰᠢᠯᠡᠯᠲᠡ ᠵᠢ ᠲᠦᠯᠬᠢᠨ  ᠠᠬᠢᠭᠤᠯᠵᠠᠢ᠃  ᠦᠨᠡᠯᠡᠨ ᠪᠠᠢ᠌ᠴᠠᠭ᠋ᠠᠬᠤ ᠠᠰᠠᠭᠤᠳᠠᠯ᠎ᠳᠤ ᠴᠢᠭᠯᠡᠭᠦᠯᠦᠨ᠂  ᠬᠠᠤᠯᠢ ᠴᠠᠭ᠋ᠠᠵᠠ ᠵᠢᠨ ᠲᠣᠪᠴᠢᠶ᠎ᠠ 《ᠴᠡᠭᠴᠡᠯᠡᠨ ᠰᠠᠢ᠌ᠵᠢᠷᠠᠭᠤᠯᠬᠤ + ᠪᠣᠯᠪᠠᠰᠤᠷᠠᠯ + ᠤᠷᠳᠤ ᠬᠤᠭᠤᠴᠠᠭ᠋ᠠᠨ᠎ᠤ ᠪᠦᠲᠦᠮᠵᠢᠲᠡᠢ ᠪᠠᠢ᠌ᠬᠤ》 ᠲᠣᠭᠲᠠᠴᠠ ᠵᠢ ᠪᠠᠢ᠌ᠭᠤᠯᠪᠠ᠄ ᠴᠢᠭᠯᠡᠯ ᠵᠶ᠋ᠡᠷ ᠴᠡᠭᠴᠡᠯᠡᠨ ᠰᠠᠢ᠌ᠵᠢᠷᠠᠭᠤᠯᠵᠤ᠂  ᠠᠵᠤ ᠠᠬᠤᠢ᠌ᠯᠠᠯ᠎ᠳᠤ ᠬᠣᠯᠪᠣᠭᠳᠠᠭᠰᠠᠨ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ᠎ᠲᠤ ᠠᠰᠠᠭᠤᠳᠠᠯ᠎ᠤᠨ ᠲᠣᠳᠣᠷᠬᠠᠢ ᠬᠠᠭᠤᠳᠠᠰᠤ ᠪᠠᠭᠤᠯᠭ᠋ᠠᠵᠤ᠂  ᠬᠠᠷᠢᠭᠤᠴᠠᠯᠭ᠎ᠠ ᠡᠭᠦᠷᠭᠡᠯᠡᠭᠴᠢ ᠪᠠ ᠴᠠᠭ᠎ᠤᠨ ᠬᠢᠵᠠᠭ᠋ᠠᠷ᠎ᠢ ᠲᠣᠳᠣᠷᠬᠠᠢ᠌ᠯᠠᠵᠤ᠂  ᠠᠵᠤ ᠠᠬᠤᠢ᠌ᠯᠠᠯ᠎ᠳᠤ ᠬᠣᠯᠪᠣᠭᠳᠠᠭᠰᠠᠨ ᠬᠠᠤᠯᠢ ᠬᠡᠷᠡᠭᠵᠢᠭᠦᠯᠬᠦ ᠲᠡᠰ ᠳᠠᠷᠠᠭ᠋ᠠᠯᠠᠯ᠂  ᠴᠢᠯᠦᠭᠡᠲᠦ ᠲᠠᠰᠤᠯᠤᠯᠲᠠ ᠵᠢᠨ ᠡᠷᠬᠡ ᠵᠢ ᠬᠡᠷᠡᠭᠵᠢᠭᠦᠯᠬᠦ᠂  ᠪᠢᠴᠢᠭ ᠬᠠᠷ᠎ᠠ ᠵᠢ ᠵᠢᠷᠤᠮᠵᠢᠭᠤᠯᠬᠤ ᠵᠡᠷᠭᠡ ᠠᠰᠠᠭᠤᠳᠠᠯ᠎ᠤᠨ ᠲᠣᠭᠣᠷᠢᠨ᠎ᠳᠤ ᠴᠡᠭᠴᠡᠯᠡᠨ ᠰᠠᠢ᠌ᠵᠢᠷᠠᠭᠤᠯᠬᠤ ᠲᠥᠰᠥᠯ ᠲᠣᠭᠲᠠᠭ᠋ᠠᠬᠤ ᠵᠢ ᠱᠠᠭ᠋ᠠᠷᠳᠠᠪᠠ᠃  ᠵᠢᠱ᠌ᠢᠶ᠎ᠡ ᠦᠵᠡᠭᠦᠯᠦᠨ ᠡᠭᠦᠳᠦᠨ ᠪᠠᠶ᠋ᠢᠭᠤᠯᠬᠤ ᠭᠦᠢ᠍ᠴᠡᠳᠬᠡᠯ ᠲᠣᠭ᠎ᠠ᠎ᠲᠠᠢ ᠤᠶᠠᠯᠳᠤᠭᠤᠯᠤᠨ᠂  ᠲᠤᠰᠬᠠᠢ ᠰᠡᠳᠦᠪᠲᠦ ᠪᠣᠯᠪᠠᠰᠤᠷᠠᠯ᠎ᠢ ᠵᠣᠬᠢᠶᠠᠨ ᠪᠠᠢ᠌ᠭᠤᠯᠵᠤ᠂  ᠲᠤᠰᠬᠠᠢ ᠮᠡᠷᠭᠡᠵᠢᠯᠲᠡᠨ᠎ᠢ ᠤᠷᠢᠨ ᠬᠠᠮᠢᠶ᠎ᠠ ᠪᠦᠬᠦᠢ ᠬᠠᠤᠯᠢ ᠲᠣᠭᠲᠠᠭ᠋ᠠᠯ᠎ᠳᠤ ᠲᠠᠢ᠌ᠯᠤᠮᠵᠢ ᠬᠢᠯᠭᠡᠵᠦ᠂  ᠬᠠᠤᠯᠢ ᠬᠡᠷᠡᠭᠵᠢᠭᠦᠯᠬᠦ ᠠᠵᠢᠯᠲᠠᠨ᠎ᠤ ᠠᠵᠤ ᠠᠬᠤᠢ᠌ᠯᠠᠯ᠎ᠳᠤ ᠦᠢ᠍ᠯᠡᠴᠢᠯᠡᠬᠦ ᠴᠢᠳᠠᠪᠤᠷᠢ ᠵᠢ  ᠳᠡᠭᠡᠭᠰᠢᠯᠡᠭᠦᠯᠵᠡᠢ᠃  ᠠᠵᠤ ᠠᠬᠤᠢ᠌ᠯᠠᠯ᠎ᠳᠤ ᠬᠣᠯᠪᠣᠭᠳᠠᠭᠰᠠᠨ ᠬᠠᠤᠯᠢ ᠬᠡᠷᠡᠭᠵᠢᠭᠦᠯᠦᠯᠲᠡ ᠵᠢᠨ ᠪᠠᠢ᠌ᠴᠠᠭ᠋ᠠᠯᠲᠠ ᠵᠢ ᠬᠠᠤᠯᠢ᠎ᠪᠠᠷ ᠵᠠᠰᠠᠬᠤ ᠵᠠᠰᠠᠭ᠎ᠤᠨ ᠣᠷᠳᠣᠨ᠎ᠤ ᠪᠠᠢ᠌ᠭᠤᠯᠤᠯᠲᠠ ᠵᠢᠨ ᠬᠢᠨᠠᠨ ᠰᠢᠯᠭ᠋ᠠᠯᠲᠠ᠎ᠳᠤ ᠣᠷᠣᠭᠤᠯᠵᠤ᠂  ᠪᠠᠢ᠌ᠩᠭᠤᠵᠢᠭᠤᠯᠤᠭᠰᠠᠨ ᠦᠨᠡᠯᠡᠨ ᠪᠠᠢ᠌ᠴᠠᠭ᠋ᠠᠬᠤ ᠲᠣᠭᠲᠠᠴᠠ ᠵᠢ ᠪᠠᠢ᠌ᠭᠤᠯᠤᠨ᠂  ᠠᠵᠤ ᠠᠬᠤᠢ᠌ᠯᠠᠯ᠎ᠤᠨ ᠵᠠᠭ᠋ᠠᠯᠳᠤᠬᠤ ᠠᠷᠭ᠎ᠠ ᠵᠠᠮ᠎ᠢ ᠰᠠᠭ᠋ᠠᠳ ᠦᠭᠡᠢ ᠨᠠᠪᠲᠠᠷᠡᠭᠦᠯᠵᠦ᠂  ᠠᠵᠤ ᠠᠬᠤᠢ᠌ᠯᠠᠯ᠎ᠳᠤ ᠬᠣᠯᠪᠣᠭᠳᠠᠭᠰᠠᠨ ᠬᠠᠤᠯᠢ ᠬᠡᠷᠡᠭᠵᠢᠭᠦᠯᠦᠯᠲᠡ ᠵᠢ ᠪᠦᠬᠦ ᠲᠠᠯ᠎ᠠ᠎ᠪᠠᠷ  ᠬᠠᠤᠯᠢᠵᠢᠭᠤᠯᠬᠤ᠂  ᠵᠢᠷᠤᠮᠵᠢᠭᠤᠯᠬᠤ ᠵᠠᠮ᠎ᠳᠤ ᠣᠷᠣᠭᠤᠯᠬᠤ ᠵᠢ ᠲᠦᠯᠬᠢᠨ  ᠠᠬᠢᠭᠤᠯᠵᠠᠢ᠃ 

      ᠲᠣᠰ ᠤᠳᠠᠭ᠋ᠠᠨ᠎ᠤ ᠬᠡᠷᠡᠭ᠎ᠤᠨ ᠡᠪᠬᠡᠮᠡᠯ᠎ᠢ ᠦᠨᠡᠯᠡᠨ ᠪᠠᠢ᠌ᠴᠠᠭ᠋ᠠᠬᠤ ᠠᠵᠢᠯ᠎ᠳᠤ 《ᠪᠡᠶ᠎ᠡ ᠵᠢᠨ ᠪᠠᠢ᠌ᠴᠠᠭ᠋ᠠᠯᠲᠠ ᠬᠢᠵᠦ  ᠣᠨᠣᠰᠢᠯᠠᠨ ᠡᠮᠨᠡᠬᠦ》  ᠦᠢ᠍ᠯᠡᠳᠦᠯ᠎ᠢ ᠭᠦᠢ᠍ᠴᠡᠳ ᠪᠠᠳᠠᠷᠠᠭᠤᠯᠵᠤ᠂ 《ᠪᠠᠢ᠌ᠴᠠᠭ᠋ᠠᠬᠤ᠂  ᠥᠭᠡᠷᠡᠴᠢᠯᠡᠬᠦ᠂  ᠪᠠᠶ᠋ᠢᠭᠤᠯᠬᠤ》  ᠪᠥᠬᠥ ᠬᠡᠯᠬᠢᠶᠡᠨ᠎ᠤ ᠬᠢᠨᠠᠯᠲᠠ ᠲᠠᠯᠪᠢᠬᠤ ᠰᠢᠰᠲ᠋ᠧᠮ᠎ᠢ ᠪᠠᠶ᠋ᠢᠭᠤᠯᠬᠤ᠎ᠪᠠᠷ ᠳᠠᠮᠵᠢᠭᠤᠯᠤᠨ᠂  ᠬᠠᠤᠯᠢ ᠬᠡᠷᠡᠭᠵᠢᠭᠦᠯᠬᠦ ᠵᠢᠷᠤᠮ᠎ᠤᠨ ᠬᠡᠮ ᠰᠣᠭᠣᠭ᠂  ᠬᠠᠤᠯᠢ ᠴᠠᠭ᠋ᠠᠵᠠ ᠵᠢᠨ ᠬᠡᠷᠡᠭᠯᠡᠯᠲᠡ ᠵᠣᠬᠢᠰ ᠦᠭᠡᠢ ᠵᠡᠷᠭᠡ ᠠᠰᠠᠭᠤᠳᠠᠯ᠎ᠢ ᠣᠨᠣᠪᠴᠢᠲᠠᠶ ᠢᠯᠡᠷᠡᠭᠦᠯᠬᠦ ᠵᠢᠨ ᠬᠠᠮᠲᠤ ᠴᠡᠭᠴᠡᠯᠡᠨ ᠥᠭᠡᠷᠡᠴᠢᠯᠡᠵᠦ᠂  ᠬᠠᠤᠯᠢ ᠬᠡᠷᠡᠭᠵᠢᠭᠦᠯᠬᠦ ᠠᠵᠢᠯᠯᠠᠭ᠎ᠠ ᠵᠢᠨ ᠵᠢᠷᠤᠮᠵᠢᠯᠳᠤ ᠴᠢᠨᠠᠷ ᠪᠠ ᠴᠢᠩᠭ᠎ᠠ ᠨᠢᠮᠪᠠᠢ ᠴᠢᠨᠠᠷ᠎ᠢ ᠢᠯᠡᠳᠲᠡ ᠴᠢᠩᠭ᠋ᠠᠷᠠᠭᠤᠯᠵᠤ᠂  ᠬᠠᠤᠯᠢ᠎ᠪᠠᠷ ᠵᠠᠰᠠᠬᠤ ᠡᠵᠡᠩᠨᠡᠯᠲᠡ ᠵᠢᠨ ᠣᠷᠴᠢᠨ ᠨᠥᠬᠥᠴᠡᠯ᠎ᠢ ᠰᠢᠯᠢᠳᠡᠭᠵᠢᠭᠦᠯᠬᠦ᠂  ᠬᠠᠤᠯᠢ᠎ᠪᠠᠷ ᠵᠠᠰᠠᠬᠤ ᠵᠠᠰᠠᠭ᠎ᠤᠨ ᠣᠷᠳᠣᠨ᠎ᠤ ᠪᠠᠢ᠌ᠭᠤᠯᠤᠯᠲᠠ ᠵᠢ ᠲᠦᠯᠬᠢᠨ ᠠᠬᠢᠭᠤᠯᠬᠤ᠎ᠳᠤ ᠬᠦᠴᠦᠲᠡᠢ ᠲᠤᠯᠭ᠋ᠠᠭᠤᠷᠢᠯᠠᠯ ᠬᠠᠩᠭ᠋ᠠᠭᠰᠠᠨ ᠪᠠᠢ᠌ᠨ᠎ᠠ᠃

ᠢᠷᠡᠯᠲᠡ᠄ᠤᠷᠠᠳ᠎ᠤᠨ ᠳᠤᠮᠳᠠᠳᠤ ᠬᠣᠰᠢᠭᠤᠨ᠎ᠤ ᠬᠠᠤᠯᠢ ᠴᠠᠭ᠋ᠠᠵᠠ ᠵᠢᠨ ᠲᠣᠪᠴᠢᠶ᠎ᠠ
          
ᠬᠠᠮᠢᠶ᠎ᠡ ᠪᠦᠬᠦᠢ ᠰᠣᠨᠢᠨ
 
            