ᠦᠬᠠᠢ ᠬᠤᠲᠠ ᠵᠠᠰᠠᠭ ᠵᠠᠬᠢᠷᠭ᠋ᠠᠨ᠎ᠤ ᠪᠠᠢ᠌ᠭᠤᠯᠭ᠎ᠠ ᠵᠢᠨ ᠬᠠᠷᠢᠭᠤᠴᠠᠯᠭ᠋ᠠᠲᠠᠨ᠎ᠤ ᠰᠢᠭᠦᠯᠲᠡ᠎ᠳᠤ ᠣᠷᠣᠯᠴᠠᠨ ᠵᠠᠷᠭᠤ ᠬᠦᠯᠢᠶᠡᠬᠦ ᠳᠦᠷᠢᠮ᠎ᠢ ᠨᠠᠢ᠌ᠳᠠᠪᠤᠷᠢᠵᠢᠭᠤᠯᠬᠤ᠎ᠪᠠᠷ ᠰᠢᠪᠲᠤᠯᠤᠯᠲᠠ ᠵᠢᠨ ᠴᠡᠭ ᠪᠣᠯᠭ᠋ᠠᠵᠤ᠂ 《ᠳᠦᠷᠢᠮ᠎ᠤᠨ ᠪᠠᠲᠤᠯᠠᠭ᠎ᠠ + ᠵᠠᠰᠠᠭ᠎ᠤᠨ ᠣᠷᠳᠣᠨ ᠪᠠ ᠬᠦᠷᠢᠶᠡᠯᠡᠩ ᠬᠣᠯᠪᠤᠭ᠋ᠠᠯᠠᠨ ᠬᠥᠳᠡᠯᠦᠯᠴᠡᠬᠦ + ᠰᠢᠨ᠎ᠡ ᠵᠢ ᠡᠭᠦᠳᠬᠦ᠎ᠪᠠᠷ ᠬᠥᠳᠡᠯᠭᠡᠭᠦᠷ ᠪᠣᠯᠭ᠋ᠠᠬᠤ + ᠬᠠᠷᠢᠭᠤᠴᠠᠯᠭ᠎ᠠ ᠵᠢ ᠭᠡᠳᠡᠷᠭᠦ ᠰᠢᠬᠠᠬᠤ》 ᠳᠥᠷᠪᠡ ᠵᠢ ᠨᠢᠭᠡ ᠴᠣᠭᠴᠠᠵᠢᠭᠤᠯᠬᠤ ᠠᠵᠢᠯ᠎ᠤᠨ ᠵᠠᠭᠪᠤᠷ ᠵᠶ᠋ᠠᠷ ᠳᠠᠮᠵᠢᠭᠤᠯᠤᠨ᠂ ᠵᠠᠰᠠᠭ ᠵᠠᠬᠢᠷᠭ᠋ᠠᠨ᠎ᠤ ᠮᠠᠷᠭᠤᠯᠳᠤᠭ᠋ᠠᠨ᠎ᠢ ᠡᠬᠢ ᠡᠭᠦᠰᠦᠯ᠎ᠠᠴᠠ᠎ᠨᠢ ᠵᠠᠰᠠᠬᠤ ᠪᠠ ᠬᠠᠤᠯᠢ᠎ᠪᠠᠷ ᠵᠠᠰᠠᠬᠤ ᠵᠠᠰᠠᠭ᠎ᠤᠨ ᠣᠷᠳᠣᠨ᠎ᠤ ᠪᠠᠢ᠌ᠭᠤᠯᠤᠯᠲᠠ ᠵᠢᠨ ᠶᠠᠰᠤ ᠴᠢᠨᠠᠷ᠎ᠢ ᠳᠡᠭᠡᠭᠰᠢᠯᠡᠭᠦᠯᠦᠨ ᠦᠷ᠎ᠡ ᠠᠰᠢᠭ᠎ᠢ ᠨᠡᠮᠡᠭᠳᠡᠭᠦᠯᠬᠦ ᠵᠢ ᠲᠦᠯᠬᠢᠨ ᠠᠬᠢᠭᠤᠯᠵᠤ ᠪᠠᠢ᠌ᠨ᠎ᠠ᠃
ᠦᠬᠠᠢ ᠬᠣᠲᠠ ᠵᠢᠨ᠎ᠬᠢᠨ 《ᠵᠠᠰᠠᠭ ᠵᠠᠬᠢᠷᠭ᠋ᠠᠨ᠎ᠤ ᠪᠠᠢ᠌ᠭᠤᠯᠭ᠎ᠠ ᠵᠢᠨ ᠬᠠᠷᠢᠭᠤᠴᠠᠯᠭ᠋ᠠᠲᠠᠨ ᠬᠠᠤᠯᠢ᠎ᠪᠠᠷ ᠵᠠᠰᠠᠬᠤ ᠪᠠᠢ᠌ᠭᠤᠯᠤᠯᠲᠠ ᠵᠢ ᠲᠦᠯᠬᠢᠨ ᠠᠬᠢᠭᠤᠯᠬᠤ ᠨᠢᠭᠡᠳᠦᠭᠡᠷ ᠬᠠᠷᠢᠭᠤᠴᠠᠯᠭ᠋ᠠᠲᠠᠨ᠎ᠤ ᠲᠤᠰᠢᠶᠠᠯ ᠬᠠᠷᠢᠭᠤᠴᠠᠯᠭ᠎ᠠ᠎ᠪᠠᠨ ᠭᠦᠢ᠍ᠴᠡᠳᠬᠡᠬᠦ ᠬᠡᠷᠡᠭᠲᠡᠢ᠂ ᠰᠢᠭᠦᠯᠲᠡ᠎ᠳᠤ ᠣᠷᠣᠯᠴᠠᠭᠰᠠᠨ᠎ᠨᠢ ᠳᠠᠷᠤᠢ ᠲᠤᠰᠢᠶᠠᠯ ᠬᠠᠷᠢᠭᠤᠴᠠᠯᠭ᠎ᠠ᠎ᠪᠠᠨ ᠭᠦᠢ᠍ᠴᠡᠳᠬᠡᠭᠰᠡᠨ ᠶᠠᠪᠤᠳᠠᠯ ᠮᠥᠨ᠂ ᠵᠠᠢ᠌ᠯᠠᠭᠰᠠᠨ᠎ᠨᠢ ᠳᠠᠷᠤᠢ ᠬᠠᠷᠢᠭᠤᠴᠠᠯᠭ᠎ᠠ᠎ᠪᠠᠨ ᠠᠯᠳᠠᠭᠰᠠᠨ ᠶᠠᠪᠤᠳᠠᠯ ᠮᠥᠨ》 ᠭᠡᠳᠡᠭ᠎ᠢ ᠬᠡᠷᠡᠭᠵᠢᠭᠦᠯᠵᠦ ᠪᠠᠢ᠌ᠨ᠎ᠠ᠃ 2024 ᠣᠨ᠎ᠳᠤ᠂ ᠦᠬᠠᠢ ᠬᠣᠲᠠ᠂ ᠲᠣᠭᠣᠷᠢᠭ᠎ᠤᠨ ᠵᠠᠰᠠᠭ ᠵᠠᠬᠢᠷᠭ᠋ᠠᠨ᠎ᠤ ᠪᠠᠢ᠌ᠭᠤᠯᠭ᠎ᠠ ᠵᠢᠨ ᠬᠠᠷᠢᠭᠤᠴᠠᠯᠭ᠋ᠠᠲᠠᠨ᠎ᠤ ᠰᠢᠭᠦᠯᠲᠡ᠎ᠳᠤ ᠣᠷᠣᠯᠴᠠᠵᠤ ᠵᠠᠷᠭᠤ ᠬᠦᠯᠢᠶᠡᠭᠰᠡᠨ ᠨᠣᠷᠮ᠎ᠠ 100%᠎ᠳᠤ ᠬᠥᠷᠪᠡ᠃
2025 ᠣᠨ᠎ᠤ ᠴᠠᠭ᠋ᠠᠨ ᠰᠠᠷ᠎ᠠ ᠥᠩᠭᠡᠷᠡᠮᠡᠭᠴᠡ᠂ ᠦᠬᠠᠢ ᠬᠣᠲᠠ ᠵᠢᠨ ᠨᠢᠭᠡᠨ ᠠᠳᠠᠯ ᠠᠬᠤᠢ ᠵᠢᠨ ᠺᠣᠮᠫᠠᠨᠢ ᠰᠢᠭᠦᠬᠦ ᠬᠣᠷᠢᠶᠠᠨ᠎ᠤ ᠳᠠᠭᠤᠳᠠᠬᠤ ᠪᠢᠴᠢᠭ᠎ᠢ ᠣᠯᠣᠭᠰᠠᠨ᠎ᠤ ᠳᠠᠷᠠᠭ᠎ᠠ᠄ 《ᠲᠣᠭᠣᠷᠢᠭ᠎ᠤᠨ ᠵᠠᠰᠠᠭ᠎ᠤᠨ ᠣᠷᠳᠣᠨ ᠪᠠ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠲᠣᠪᠴᠢᠶ᠎ᠠ ᠵᠠᠭ᠋ᠠᠯᠳᠤᠵᠠᠢ᠂ ᠲᠣᠭᠣᠷᠢᠭ᠎ᠤᠨ ᠳᠠᠷᠤᠭ᠎ᠠ᠂ ᠲᠣᠪᠴᠢᠶᠠᠨ ᠳᠠᠷᠤᠭ᠎ᠠ ᠢᠷᠡᠳᠡᠭ ᠪᠣᠯ ᠦᠦ?》 ᠭᠡᠵᠦ ᠳᠣᠲᠣᠷ᠎ᠠ᠎ᠪᠠᠨ ᠪᠣᠳᠣᠵᠤ ᠪᠠᠢ᠌ᠯ᠎ᠠ᠃ ᠰᠢᠭᠦᠯᠲᠡ ᠡᠬᠢᠯᠡᠭᠰᠡᠨ ᠲᠡᠷᠡ ᠡᠳᠦᠷ᠂ ᠵᠠᠭ᠋ᠠᠯᠳᠤᠭᠳᠠᠭᠴᠢ ᠵᠢᠨ ᠰᠠᠭᠤᠳᠠᠯ᠎ᠳᠤ ᠰᠠᠭᠤᠵᠤ ᠪᠠᠢ᠌ᠭᠰᠠᠨ ᠲᠣᠭᠣᠷᠢᠭ᠎ᠤᠨ ᠳᠡᠳ᠋ ᠳᠠᠷᠤᠭ᠎ᠠ ᠸᠠᠩ ᠣᠪᠣᠭᠲᠤ ᠪᠣᠯᠣᠨ ᠳᠡᠳ᠋ ᠲᠣᠪᠴᠢᠶᠠᠨ ᠳᠠᠷᠤᠭ᠎ᠠ ᠸᠠᠩ ᠣᠪᠣᠭᠲᠤ ᠵᠢ ᠣᠯᠵᠤ ᠦᠵᠡᠭᠡᠳ ᠰᠠᠨᠠᠭ᠋ᠠᠨ᠎ᠠᠴᠠ ᠭᠠᠳᠠᠭᠤᠷ ᠪᠠᠢ᠌ᠭᠰᠠᠨ ᠪᠥᠭᠡᠳ ᠵᠢᠭ᠋ᠠᠬᠠᠨ ᠬᠦᠰᠡᠯ᠎ᠲᠠᠢ ᠪᠣᠯᠵᠠᠢ᠃ ᠨᠡᠩ ᠴᠤ᠌ ᠲᠤᠰ ᠺᠣᠮᠫᠠᠨᠢ ᠵᠢᠨ ᠰᠠᠨᠠᠭ᠋ᠠᠨ᠎ᠳᠤ ᠦᠭᠡᠢ ᠪᠠᠢ᠌ᠭᠰᠠᠨ᠎ᠨᠢ᠂ ᠲᠣᠭᠣᠷᠢᠭ᠎ᠤᠨ ᠳᠡᠳ᠋ ᠳᠠᠷᠤᠭ᠎ᠠ ᠸᠠᠩ ᠣᠪᠣᠭᠲᠤ ᠪᠣᠯᠣᠨ ᠳᠡᠳ᠋ ᠲᠣᠪᠴᠢᠶᠠᠨ ᠳᠠᠷᠤᠭ᠎ᠠ ᠸᠠᠩ ᠣᠪᠣᠭᠲᠤ ᠬᠡᠷᠡᠭ᠎ᠤᠨ ᠪᠠᠢ᠌ᠳᠠᠯ᠎ᠢ ᠰᠠᠢ᠌ᠨ ᠮᠡᠳᠡᠬᠦ᠎ᠪᠠᠷ ᠪᠠᠷᠠᠬᠤ ᠦᠭᠡᠢ ᠪᠠᠰᠠ ᠬᠡᠷᠡᠭ᠎ᠤᠨ ᠮᠠᠷᠭᠤᠯᠳᠤᠭ᠋ᠠᠨ᠎ᠤ ᠲᠥᠪᠯᠡᠷᠡᠯ᠎ᠤᠨ ᠴᠡᠭ᠎ᠤᠨ ᠲᠣᠭᠣᠷᠢᠨ᠎ᠳᠤ ᠲᠣᠭ᠋ᠠᠴᠢᠨ ᠬᠠᠷᠢᠭᠤ ᠮᠠᠷᠭᠤᠵᠤ᠂ ᠡᠴᠦᠰ᠎ᠲᠡᠭᠡᠨ ᠰᠢᠭᠦᠬᠦ ᠲᠤᠰᠢᠶᠠᠯᠲᠠᠨ᠎ᠤ ᠡᠶᠡᠳᠡᠭᠦᠯᠭᠡ᠎ᠪᠠᠷ ᠬᠡᠷᠡᠭ᠎ᠤᠨ ᠬᠣᠶᠠᠷ ᠲᠠᠯ᠎ᠠ ᠵᠢᠨ ᠲᠤᠬᠠᠢ ᠵᠢᠨ ᠬᠥᠮᠥᠨ ᠡᠶᠡᠳᠡᠬᠦ ᠬᠡᠯᠡᠯᠴᠡᠭᠡᠷ ᠲᠣᠬᠢᠷᠠᠵᠤ᠂ ᠵᠠᠭ᠋ᠠᠯᠳᠤᠭᠴᠢ ᠠᠳᠠᠯ ᠠᠬᠤᠢ ᠵᠢᠨ ᠺᠣᠮᠫᠠᠨᠢ ᠵᠠᠭ᠋ᠠᠯᠳᠤᠯᠭ᠎ᠠ᠎ᠪᠠᠨ ᠪᠤᠴᠠᠭ᠋ᠠᠬᠤ᠎ᠪᠠᠷ ᠭᠤᠶᠤᠴᠢᠯᠠᠵᠠᠢ᠃ ᠲᠤᠰ ᠠᠳᠠᠯ ᠠᠬᠤᠢ ᠵᠢᠨ ᠺᠣᠮᠫᠠᠨᠢ ᠵᠢᠨ ᠬᠠᠷᠢᠭᠤᠴᠠᠯᠭ᠋ᠠᠲᠠᠨ᠄ 《ᠡᠨᠡ ᠤᠳᠠᠭ᠋ᠠᠨ᠎ᠤ ᠵᠠᠷᠭᠤ ᠵᠢ ᠵᠦᠭᠡᠷ ᠴᠣᠬᠢᠭᠰᠠᠨ ᠦᠭᠡᠢ!》 ᠭᠡᠵᠦ ᠰᠡᠳᠬᠢᠯ ᠳᠣᠭᠳᠣᠯᠤᠨ ᠶᠠᠷᠢᠵᠤ ᠪᠠᠢ᠌ᠯ᠎ᠠ᠃
ᠡᠨᠡᠬᠦ ᠬᠡᠷᠡᠭ᠎ᠤᠨ ᠠᠷᠤ᠎ᠳᠤ ᠪᠣᠯ ᠦᠬᠠᠢ ᠬᠤᠳᠠ ᠵᠢᠨ ᠣᠢ᠌ᠷ᠎ᠠ ᠵᠢᠨ ᠵᠢᠯ᠎ᠤᠨ ᠵᠠᠰᠠᠭ ᠵᠠᠬᠢᠷᠭ᠋ᠠᠨ᠎ᠤ ᠪᠠᠢ᠌ᠭᠤᠯᠭ᠎ᠠ ᠵᠢᠨ ᠬᠠᠷᠢᠭᠤᠴᠠᠯᠭ᠋ᠠᠲᠠᠨ᠎ᠤ ᠰᠢᠭᠦᠯᠲᠡ᠎ᠳᠤ ᠣᠷᠣᠯᠴᠠᠨ ᠵᠠᠷᠭᠤ ᠬᠦᠯᠢᠶᠡᠬᠦ ᠳᠦᠷᠢᠮ᠎ᠤᠨ ᠲᠠᠯ᠎ᠠ᠎ᠪᠠᠷ᠎ᠬᠢ ᠦᠢ᠍ᠯᠡᠳᠦᠯᠭᠡ ᠪᠣᠯᠣᠨ᠎ᠠ᠃ ᠥᠩᠭᠡᠷᠡᠭᠰᠡᠨ᠎ᠳᠤ᠂ ᠣᠯᠠᠨ ᠲᠦᠮᠡᠨ᠎ᠤ ᠠᠮᠠᠨ᠎ᠳᠠᠬᠢ 《ᠨᠣᠶᠠᠨ᠎ᠢ ᠵᠠᠭ᠋ᠠᠯᠳᠤᠪᠠᠯ ᠨᠣᠶᠠᠨ᠎ᠨᠢ ᠬᠠᠷᠠᠭᠳᠠᠬᠤ ᠦᠭᠡᠢ》 《ᠰᠢᠭᠦᠯᠲᠡ᠎ᠳᠤ ᠣᠷᠣᠯᠴᠠᠬᠤ᠎ᠳᠤ ᠲᠠᠭᠤ ᠴᠢᠮᠡᠭᠡ ᠦᠭᠡᠢ》 ᠦᠵᠡᠭᠳᠡᠯ᠎ᠨᠢ ᠣᠲᠣ ᠨᠢᠭᠡᠨᠲᠡ 《ᠬᠠᠷᠢᠭᠤᠴᠠᠯᠭ᠋ᠠᠲᠠᠨ᠎ᠨᠢ ᠰᠢᠭᠦᠯᠲᠡ᠎ᠳᠤ ᠣᠷᠣᠯᠴᠠᠬᠤ ᠮᠥᠷᠲᠡᠭᠡᠨ ᠰᠡᠳᠦᠪ ᠲᠠᠢ᠌ᠯᠬᠤ》 ᠰᠢᠨ᠎ᠡ ᠬᠡᠪ᠎ᠤᠨ ᠪᠠᠢ᠌ᠳᠠᠯ ᠪᠣᠯᠵᠤ ᠬᠤᠪᠢᠷᠠᠭᠰᠠᠨ ᠪᠠᠢ᠌ᠨ᠎ᠠ᠃ ᠬᠤᠪᠢᠷᠠᠯᠲᠠ ᠵᠢ ᠬᠡᠷᠬᠢᠨ ᠪᠤᠢ ᠪᠣᠯᠭ᠋ᠠᠬᠤ ᠪᠤᠢ? ᠭᠤᠷᠪᠠᠨ 《ᠲᠦᠯᠬᠢᠭᠦᠷ》 ᠨᠢ ᠦᠬᠠᠢ ᠬᠣᠲᠠ ᠵᠢᠨ ᠬᠠᠤᠯᠢ᠎ᠪᠠᠷ ᠵᠠᠰᠠᠬᠤ ᠵᠠᠰᠠᠭ᠎ᠤᠨ ᠣᠷᠳᠣᠨ᠎ᠤ ᠪᠠᠢ᠌ᠭᠤᠯᠤᠯᠲᠠ ᠵᠢᠨ ᠰᠢᠨ᠎ᠡ ᠪᠠᠢ᠌ᠳᠠᠯ᠎ᠢ ᠪᠣᠶ ᠪᠣᠯᠭ᠋ᠠᠵᠤ ᠪᠠᠢ᠌ᠨ᠎ᠠ᠃
ᠦᠬᠠᠢ ᠬᠣᠲᠠ ᠵᠢᠨ᠎ᠬᠢᠨ ᠳᠦᠷᠢᠮ᠎ᠤᠨ ᠪᠠᠲᠤᠯᠠᠭ᠎ᠠ ᠵᠢ ᠴᠢᠩᠭ᠋ᠠᠳᠬᠠᠵᠤ᠂ 《ᠵᠠᠰᠠᠭ ᠵᠠᠬᠢᠷᠭ᠋ᠠᠨ᠎ᠤ ᠪᠠᠢ᠌ᠭᠤᠯᠭ᠎ᠠ ᠵᠢᠨ ᠬᠠᠷᠢᠭᠤᠴᠠᠯᠭ᠋ᠠᠲᠠᠨ᠎ᠤ ᠰᠢᠭᠦᠯᠲᠡ᠎ᠳᠤ ᠣᠷᠣᠯᠴᠠᠨ ᠵᠠᠷᠭᠤ ᠬᠦᠯᠢᠶᠡᠬᠦ ᠠᠵᠢᠯ᠎ᠢ ᠴᠢᠩᠭ᠋ᠠᠳᠬᠠᠬᠤ ᠲᠤᠬᠠᠢ ᠬᠡᠷᠡᠭᠵᠢᠭᠦᠯᠬᠦ ᠠᠷᠭ᠎ᠠ》 ᠵᠢ ᠨᠡᠢ᠌ᠲᠡᠯᠡᠵᠦ᠂ ᠵᠠᠰᠠᠭ ᠵᠠᠬᠢᠷᠭ᠋ᠠᠨ᠎ᠤ ᠪᠠᠢ᠌ᠭᠤᠯᠭ᠎ᠠ ᠵᠢᠨ ᠬᠠᠷᠢᠭᠤᠴᠠᠯᠭ᠋ᠠᠲᠠᠨ᠎ᠤ ᠰᠢᠭᠦᠯᠲᠡ᠎ᠳᠤ ᠣᠷᠣᠯᠴᠠᠨ ᠵᠠᠷᠭᠤ ᠬᠦᠯᠢᠶᠡᠬᠦ ᠠᠵᠢᠯ᠎ᠤᠨ ᠡᠭᠦᠷᠭᠡ ᠬᠠᠷᠢᠭᠤᠴᠠᠯᠭ᠎ᠠ᠂ ᠴᠤᠪᠤᠷᠠᠯ᠎ᠢ ᠲᠣᠳᠣᠷᠬᠠᠢ᠌ᠯᠠᠵᠤ᠂ ᠵᠠᠰᠠᠭ ᠵᠠᠬᠢᠷᠭ᠋ᠠᠨ᠎ᠤ ᠪᠠᠢ᠌ᠭᠤᠯᠭ᠎ᠠ ᠵᠢᠨ ᠵᠠᠰᠠᠭ ᠵᠠᠬᠢᠷᠭ᠋ᠠᠨ᠎ᠤ ᠵᠠᠷᠭᠤ ᠬᠦᠯᠢᠶᠡᠬᠦ ᠠᠵᠢᠯ᠎ᠤᠨ ᠵᠢᠷᠤᠮᠵᠢᠭᠤᠯᠤᠯᠲᠠ᠂ ᠪᠠᠷᠢᠮᠵᠢᠶᠠᠵᠢᠭᠤᠯᠤᠯᠲᠠ ᠵᠢ ᠲᠦᠯᠬᠢᠨ ᠠᠬᠢᠭᠤᠯᠪᠠ᠃ 《ᠬᠠᠷᠢᠶ᠎ᠠ ᠣᠷᠣᠨ᠎ᠳᠤᠨᠢ ᠬᠠᠷᠢᠶᠠᠯᠠᠭᠤᠯᠬᠤ》 《ᠨᠢᠭᠡ ᠬᠡᠷᠡᠭ᠎ᠢ ᠨᠢᠭᠡ ᠲᠠᠯ᠎ᠠ᠎ᠪᠠᠷ ᠰᠢᠪᠠᠳᠠᠬᠤ》 ᠵᠠᠷᠴᠢᠮ᠎ᠤᠨ ᠶᠣᠰᠣᠭ᠋ᠠᠷ᠂ ᠰᠠᠨᠠᠭᠤᠯᠬᠤ ᠵᠠᠬᠢᠳᠠᠯ᠂ ᠰᠢᠪᠠᠳᠠᠬᠤ ᠵᠠᠬᠢᠳᠠᠯ᠂ ᠤᠯᠠᠷᠢᠯ᠎ᠤᠨ ᠮᠡᠳᠡᠭᠳᠡᠯ᠎ᠢ ᠪᠠᠭᠤᠯᠭ᠋ᠠᠵᠤ᠂ ᠵᠠᠰᠠᠭ ᠵᠠᠬᠢᠷᠭ᠋ᠠᠨ᠎ᠤ ᠪᠠᠢ᠌ᠭᠤᠯᠭ᠎ᠠ ᠵᠢᠨ ᠬᠠᠷᠢᠭᠤᠴᠠᠯᠭ᠋ᠠᠲᠠᠨ᠎ᠢ ᠰᠢᠪᠠᠳᠠᠨ ᠴᠠᠭ
ᠲᠤᠬᠠᠢᠳᠤᠨᠢ ᠰᠢᠭᠦᠯᠲᠡ᠎ᠳᠤ ᠣᠷᠣᠯᠴᠠᠭᠤᠯᠤᠨ ᠵᠠᠷᠭᠤ ᠬᠦᠯᠢᠶᠡᠯᠭᠡᠵᠦ᠂ 2024 ᠣᠨ᠎ᠳᠤ ᠵᠠᠭ᠋ᠠᠯᠳᠤᠭᠳᠠᠭᠰᠠᠨ ᠵᠠᠰᠠᠭ ᠵᠠᠬᠢᠷᠭ᠋ᠠᠨ᠎ᠤ ᠪᠠᠢ᠌ᠭᠤᠯᠭ᠎ᠠ᠎ᠳᠤ ᠵᠠᠰᠠᠭ ᠵᠠᠬᠢᠷᠭ᠋ᠠᠨ᠎ᠤ ᠪᠠᠢ᠌ᠭᠤᠯᠭ᠎ᠠ ᠵᠢᠨ ᠬᠠᠷᠢᠭᠤᠴᠠᠯᠭ᠋ᠠᠲᠠᠨ᠎ᠤ ᠰᠢᠭᠦᠯᠲᠡ᠎ᠳᠤ ᠣᠷᠣᠯᠴᠠᠭᠤᠯᠤᠨ ᠵᠠᠷᠭᠤ ᠬᠦᠯᠢᠶᠡᠯᠭᠡᠬᠦ ᠰᠠᠨᠠᠭᠤᠯᠤᠮᠵᠢ ᠵᠢᠨ ᠵᠠᠬᠢᠳᠠᠯ᠎ᠢ 244 ᠬᠤᠪᠢ ᠶᠠᠪᠤᠭᠤᠯᠪᠠ᠃
ᠦᠬᠠᠢ ᠬᠣᠲᠠ ᠵᠢᠨ᠎ᠬᠢᠨ 《ᠭᠤᠷᠪᠠᠨ ᠲᠠᠩᠬᠢᠮ᠎ᠤᠨ ᠬᠢᠴᠢᠶᠡᠯ》᠎ᠢ ᠪᠠᠢ᠌ᠭᠤᠯᠤᠨ ᠪᠣᠳᠠᠲᠤ ᠪᠠᠢ᠌ᠯᠳᠤᠭ᠋ᠠᠨ᠎ᠤ ᠴᠢᠳᠠᠪᠤᠷᠢ᠎ᠪᠠᠨ ᠳᠡᠭᠡᠭᠰᠢᠯᠡᠭᠦᠯᠵᠦ᠂ 《ᠳᠠᠭᠤᠷᠢᠶᠠᠮᠠᠯ ᠰᠢᠭᠦᠬᠦ ᠲᠢᠩᠬᠢᠮ》᠎ᠤᠨ ᠪᠣᠳᠠᠲᠤ ᠪᠣᠯᠪᠠᠰᠤᠷᠠᠯ᠎ᠤᠨ ᠬᠢᠴᠢᠶᠡᠯ ᠥᠷᠨᠢᠭᠦᠯᠵᠦ᠂ ᠵᠠᠰᠠᠭ ᠵᠠᠬᠢᠷᠭ᠋ᠠᠨ᠎ᠤ ᠪᠠᠢ᠌ᠭᠤᠯᠭ᠎ᠠ ᠵᠢᠨ ᠬᠠᠷᠢᠭᠤᠴᠠᠯᠭ᠋ᠠᠲᠠᠨ᠎ᠢ ᠵᠣᠬᠢᠶᠠᠨ ᠪᠠᠢ᠌ᠭᠤᠯᠤᠨ 《ᠳᠠᠭᠤᠷᠢᠶᠠᠮᠠᠯ ᠰᠢᠭᠦᠬᠦ ᠲᠢᠩᠬᠢᠮ》 《ᠲᠢᠩᠬᠢᠮ᠎ᠤᠨ ᠰᠢᠭᠦᠯᠲᠡ ᠵᠢᠨ ᠦᠵᠡᠭᠦᠯᠭᠡ》᠎ᠳᠤ ᠣᠷᠣᠯᠴᠠᠭᠤᠯᠵᠤ᠂ ᠰᠢᠭᠦᠬᠦ ᠲᠤᠰᠢᠶᠠᠯᠲᠠᠨ᠂ ᠬᠠᠤᠯᠢᠴᠢ ᠵᠢ ᠤᠷᠢᠵᠤ 《ᠭᠡᠨᠡᠳᠲᠡ᠎ᠪᠠᠷ ᠲᠤᠯᠭ᠋ᠠᠨ ᠠᠰᠠᠭᠤᠬᠤ》 《ᠭᠡᠷᠡᠴᠢ ᠪᠠᠷᠢᠮᠲᠠ ᠵᠢᠨ ᠭᠡᠨᠡᠳᠲᠡ ᠵᠢᠨ ᠳᠠᠭ᠋ᠠᠷᠢᠯᠲᠠ》 ᠵᠡᠷᠭᠡ ᠪᠠᠢ᠌ᠳᠠᠯ᠎ᠢ ᠵᠢᠷᠤᠭᠯᠠᠨ ᠲᠥᠯᠥᠪᠯᠡᠵᠦ᠂ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ᠎ᠤᠨ ᠬᠠᠷᠢᠭᠤᠴᠠᠯᠭ᠋ᠠᠲᠠᠨ᠎ᠤ ᠵᠠᠷᠭᠤ ᠬᠦᠯᠢᠶᠡᠬᠦ 《ᠪᠣᠳᠠᠲᠤ ᠪᠠᠢ᠌ᠯᠳᠤᠭ᠋ᠠᠨ》᠎ᠤ ᠴᠢᠳᠠᠪᠤᠷᠢ ᠵᠢ ᠲᠠᠰᠤᠷᠠᠯᠲᠠ ᠦᠭᠡᠢ ᠳᠡᠭᠡᠭᠰᠢᠯᠡᠭᠦᠯᠪᠡ᠃ ᠵᠠᠰᠠᠭ ᠵᠠᠬᠢᠷᠭ᠋ᠠᠨ᠎ᠤ ᠪᠠᠢ᠌ᠭᠤᠯᠭ᠎ᠠ ᠵᠢᠨ ᠬᠠᠷᠢᠭᠤᠴᠠᠯᠭ᠋ᠠᠲᠠᠨ᠎ᠤ ᠰᠢᠭᠦᠯᠲᠡ᠎ᠳᠤ ᠣᠷᠣᠯᠴᠠᠵᠤ ᠵᠠᠷᠭᠤ ᠬᠦᠯᠢᠶᠡᠬᠦ ᠵᠢ ᠦᠨᠡᠯᠡᠬᠦ ᠲᠣᠭᠲᠠᠴᠠ ᠵᠢ ᠪᠠᠢ᠌ᠭᠤᠯᠵᠤ᠂ 《ᠵᠠᠷᠭᠤ ᠵᠢᠨ ᠤᠷ᠎ᠠ ᠴᠢᠳᠠᠪᠤᠷᠢ᠂ ᠵᠢᠷᠤᠮ᠎ᠤᠨ ᠵᠢᠷᠤᠮᠵᠢᠯ᠂ ᠲᠤᠰᠢᠶᠠᠯ ᠬᠠᠷᠢᠭᠤᠴᠠᠯᠭ᠎ᠠ᠎ᠪᠠᠨ ᠭᠦᠢ᠍ᠴᠡᠳᠬᠡᠵᠦ ᠪᠤᠷᠤᠭᠤ᠎ᠪᠠᠨ ᠵᠠᠯᠠᠷᠠᠭᠤᠯᠬᠤ᠂ ᠨᠡᠪᠲᠡᠷᠡᠯᠴᠡᠵᠦ ᠬᠠᠷᠢᠭᠤ ᠲᠤᠰᠬᠠᠬᠤ᠂ ᠰᠠᠬᠢᠯᠭ᠎ᠠ ᠪᠠᠲᠤ ᠵᠢ ᠰᠠᠬᠢᠬᠤ᠂ ᠳᠦᠷᠢ ᠲᠥᠷᠬᠦ》 ᠵᠢᠷᠭᠤᠭ᠋ᠠᠨ ᠲᠠᠯ᠎ᠠ ᠵᠢᠨ ᠲᠣᠭᠣᠷᠢᠨ᠎ᠳᠤ ᠵᠠᠰᠠᠭ ᠵᠠᠬᠢᠷᠭ᠋ᠠᠨ᠎ᠤ ᠪᠠᠢ᠌ᠭᠤᠯᠭ᠎ᠠ ᠵᠢᠨ ᠰᠢᠭᠦᠯᠲᠡ᠎ᠳᠤ ᠣᠷᠣᠯᠴᠠᠵᠤ ᠬᠠᠷᠢᠭᠤᠴᠠᠯᠭ᠋ᠠᠲᠠᠨ᠎ᠤ ᠵᠠᠷᠭᠤ ᠬᠦᠯᠢᠶᠡᠬᠦ ᠴᠢᠳᠠᠪᠤᠷᠢ ᠵᠢ ᠶᠡᠷᠦᠩᠬᠡᠢ᠌ᠯᠡᠨ ᠦᠨᠡᠯᠡᠵᠦ᠂ ᠵᠠᠰᠠᠭ ᠵᠠᠬᠢᠷᠭ᠋ᠠᠨ᠎ᠤ ᠪᠠᠢ᠌ᠭᠤᠯᠭ᠎ᠠ ᠵᠢᠨ ᠬᠠᠷᠢᠭᠤᠴᠠᠯᠭ᠋ᠠᠲᠠᠨ᠎ᠤ ᠰᠢᠭᠦᠯᠲᠡ᠎ᠳᠤ ᠣᠷᠣᠯᠴᠠᠵᠤ ᠵᠠᠷᠭᠤ ᠬᠦᠯᠢᠶᠡᠬᠦ ᠠᠵᠢᠯ᠎ᠤᠨ ᠴᠢᠨᠠᠷ ᠴᠢᠨᠰᠠᠭ᠎ᠠ ᠵᠢᠨ ᠳᠡᠭᠡᠭᠰᠢᠯᠡᠯᠲᠡ ᠵᠢ ᠵᠢᠷᠤᠮᠵᠢᠭᠤᠯᠤᠨ ᠠᠬᠢᠭᠤᠯᠵᠠᠢ᠃
《ᠬᠠᠤᠯᠢ ᠴᠠᠭ᠋ᠠᠵᠠ ᠵᠢᠨ ᠵᠥᠪᠯᠡᠭᠴᠢ+ ᠲᠤᠬᠠᠢ᠌ᠯᠠᠭᠰᠠᠨ ᠠᠵᠢᠯ᠎ᠤᠨ ᠭᠣᠣᠯᠯᠠᠭᠴᠢ ᠬᠦᠴᠦᠨ》᠎ᠤ ᠬᠣᠣᠰ ᠬᠠᠪᠰᠤᠷᠤᠨ ᠵᠢᠯᠤᠭᠣᠳᠬᠤ ᠲᠣᠭᠲᠠᠴᠠ ᠵᠢ ᠪᠠᠢ᠌ᠭᠤᠯᠵᠤ᠂ ᠬᠦᠨᠳᠦ ᠶᠡᠬᠡ ᠪᠤᠳᠤᠯᠢᠶᠠᠨᠲᠠᠢ ᠬᠡᠷᠡᠭ᠎ᠲᠤ ᠴᠢᠭᠯᠡᠭᠦᠯᠦᠨ 《ᠨᠢᠭᠡ ᠬᠡᠷᠡᠭ᠎ᠲᠤ ᠨᠢᠭᠡ ᠠᠷᠭ᠎ᠠ ᠪᠣᠳᠣᠯᠭ᠎ᠠ》 ᠵᠢᠨ ᠵᠠᠷᠭᠤ ᠬᠦᠯᠢᠶᠡᠬᠦ ᠵᠢᠯᠣᠭᠣᠳᠤᠯᠭ᠎ᠠ ᠵᠢ ᠥᠷᠨᠢᠭᠦᠯᠵᠦ᠂ ᠬᠠᠷᠢᠭᠤᠴᠠᠯᠭ᠋ᠠᠲᠠᠨ᠎ᠤ 《ᠰᠢᠭᠦᠯᠲᠡ᠎ᠳᠤ ᠵᠣᠷᠢᠭᠲᠠᠢ᠎ᠪᠠᠷ ᠣᠷᠣᠯᠴᠠᠬᠤ᠂ ᠦᠭᠡ ᠬᠡᠯᠡᠵᠦ ᠴᠢᠳᠠᠬᠤ᠂ ᠰᠢᠢ᠍ᠳᠪᠦᠷᠢᠯᠡᠬᠦ᠎ᠳᠡᠭᠡᠨ ᠴᠢᠳᠠᠮᠠᠭ᠋ᠠᠢ》 ᠵᠢ ᠦᠨᠡᠨ ᠬᠦ᠌ ᠪᠠᠲᠤᠯᠠᠪᠠ᠃
ᠦᠬᠠᠢ ᠬᠣᠲᠠ ᠵᠢᠨ᠎ᠬᠢᠨ ᠬᠠᠷᠢᠭᠤᠴᠠᠯᠭ᠎ᠠ ᠵᠢᠨ ᠬᠡᠯᠬᠢᠶ᠎ᠡ ᠵᠢ ᠨᠠᠪᠲᠠᠷᠡᠭᠦᠯᠵᠦ᠂ ᠨᠢᠭᠡᠳᠦᠭᠡᠷ ᠬᠠᠷᠢᠭᠤᠴᠠᠯᠭ᠋ᠠᠲᠠᠨ᠎ᠤ ᠲᠤᠰᠢᠶᠠᠯ ᠬᠠᠷᠢᠭᠤᠴᠠᠯᠭ᠎ᠠ ᠵᠢ ᠪᠣᠳᠠᠲᠠᠢ᠌ᠵᠢᠭᠤᠯᠵᠠᠢ᠃ ᠰᠢᠭᠦᠯᠲᠡ᠎ᠳᠤ ᠣᠷᠣᠯᠴᠠᠵᠤ ᠵᠠᠷᠭᠤ ᠬᠦᠯᠢᠶᠡᠭᠰᠡᠨ ᠨᠤᠷᠮ᠎ᠠ᠂ ᠲᠢᠩᠬᠢᠮ᠎ᠤᠨ ᠰᠢᠭᠦᠯᠲᠡ ᠵᠢᠨ ᠢᠯᠡᠷᠡᠯ᠂ ᠮᠠᠷᠭᠤᠯᠳᠤᠭ᠋ᠠᠨ᠎ᠢ ᠨᠠᠮᠳᠠᠭᠤᠯᠤᠭᠰᠠᠨ ᠪᠣᠳᠠᠲᠤ ᠦᠷ᠎ᠡ ᠪᠦᠲᠦᠮᠵᠢ ᠵᠡᠷᠭᠡ ᠭᠦᠢ᠍ᠴᠡᠳᠬᠡᠯ ᠲᠣᠭ᠎ᠠ ᠵᠢ ᠵᠢᠯ᠎ᠤᠨ ᠡᠴᠦᠰ᠎ᠤᠨ ᠲᠣᠭ᠋ᠠᠴᠢᠯᠲᠠ ᠵᠢᠨ ᠬᠠᠤᠯᠢ ᠵᠢᠨ ᠭᠣᠣᠯ ᠠᠭᠤᠯᠭ᠎ᠠ ᠪᠣᠯᠭ᠋ᠠᠵᠤ᠂ ᠪᠢᠴᠢᠭ ᠵᠶ᠋ᠡᠷ ᠬᠠᠤᠯᠢ ᠵᠢᠨ ᠲᠣᠭ᠋ᠠᠴᠢᠯᠲᠠ᠂ ᠰᠦᠯᠵᠢᠶᠡᠨ ᠳᠡᠭᠡᠷ᠎ᠡ ᠳᠤᠷᠠᠳᠤᠭᠰᠠᠨ ᠬᠠᠤᠯᠢ ᠵᠢ ᠦᠨᠡᠯᠡᠬᠦ᠂ ᠲᠤᠬᠠᠢ ᠵᠢᠨ ᠲᠠᠯᠠᠪᠤᠷ᠎ᠲᠤ ᠬᠠᠤᠯᠢ ᠵᠢᠨ ᠲᠣᠭ᠋ᠠᠴᠢᠯᠲᠠ ᠵᠢᠨ ᠵᠡᠷᠭᠡ ᠬᠡᠯᠪᠡᠷᠢ᠎ᠪᠠᠷ ᠳᠠᠮᠵᠢᠭᠤᠯᠤᠨ᠂ ᠤᠳᠤᠷᠢᠳᠬᠤ ᠺᠠᠳ᠋ᠷ᠎ᠤᠨ ᠬᠠᠤᠯᠢ ᠶᠣᠰᠣᠭ᠋ᠠᠷ ᠲᠤᠰᠢᠶᠠᠯ ᠬᠠᠷᠢᠭᠤᠴᠠᠯᠭ᠎ᠠ᠎ᠪᠠᠨ ᠭᠦᠢ᠍ᠴᠡᠳᠬᠡᠬᠦ ᠴᠢᠳᠠᠪᠤᠷᠢ᠎ᠳᠤ ᠶᠡᠷᠦᠩᠬᠡᠢ᠌ᠯᠡᠭᠰᠡᠨ ᠦᠨᠡᠯᠡᠯᠲᠡ ᠬᠢᠵᠦ᠂ ᠤᠳᠤᠷᠢᠳᠬᠤ ᠺᠠᠳ᠋ᠷ᠎ᠢ ᠭᠡᠳᠡᠷᠬᠦ ᠰᠢᠬᠠᠮᠳᠠᠭᠤᠯᠵᠤ ᠪᠠᠢ᠌ᠭ᠋ᠠᠳ ᠬᠠᠤᠯᠢ ᠶᠣᠰᠣᠭ᠋ᠠᠷ ᠰᠢᠢ᠍ᠳᠪᠦᠷᠢᠲᠦ ᠪᠣᠳᠣᠯᠭ᠎ᠠ ᠲᠣᠭᠲᠠᠭ᠋ᠠᠬᠤ ᠪᠠ ᠵᠥᠷᠢᠴᠡᠯ᠎ᠢ ᠨᠠᠮᠳᠠᠭᠤᠯᠤᠨ ᠰᠢᠢ᠍ᠳᠪᠦᠷᠢᠯᠡᠬᠦ ᠴᠢᠳᠠᠪᠤᠷᠢ ᠵᠢ᠎ᠨᠢ ᠳᠡᠭᠡᠭᠰᠢᠯᠡᠭᠦᠯᠵᠡᠢ᠃
ᠪᠠᠢ᠌ᠭ᠋ᠠᠯᠢ ᠵᠢᠨ ᠡᠬᠢ ᠪᠠᠶᠠᠯᠢᠭ᠂ ᠣᠷᠣᠨ ᠰᠠᠭᠤᠴᠠ ᠪᠠ ᠬᠣᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ᠂ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠡᠷᠭᠡ ᠭᠣᠣᠯᠳᠠᠯᠭ᠎ᠠ᠎ᠲᠠᠢ ᠬᠦᠷᠢᠶᠡᠨ᠎ᠳᠠᠬᠢ ᠬᠡᠷᠡᠭ᠎ᠢ ᠣᠯᠠᠨ ᠢᠯᠡᠷᠡᠭᠦᠯᠬᠦ ᠪᠢᠴᠢᠭ᠎ᠲᠤ ᠴᠢᠭᠯᠡᠭᠦᠯᠦᠨ᠂ ᠭᠦᠨᠵᠡᠭᠡᠢ ᠡᠮᠬᠢᠯᠡᠨ ᠵᠠᠳᠠᠯᠵᠤ᠂ ᠵᠠᠩᠭᠢᠯᠠᠭ᠎ᠠ ᠵᠢᠨ ᠬᠡᠮ ᠰᠣᠭᠣᠭ᠎ᠢ ᠣᠨᠣᠪᠴᠢᠲᠠᠶ ᠡᠷᠢᠨ ᠣᠯᠵᠤ᠂ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠦᠯᠲᠡ ᠵᠢᠨ ᠬᠡᠷᠡᠭ᠎ᠤᠨ ᠡᠪᠬᠡᠮᠡᠯ᠎ᠢ ᠦᠨᠡᠯᠡᠨ ᠪᠠᠢ᠌ᠴᠠᠭ᠋ᠠᠬᠤ ᠵᠢ ᠴᠢᠩᠭ᠋ᠠᠳᠬᠠᠨ᠂ 《ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠦᠯᠲᠡ᠎ᠳᠤ ᠬᠢᠨᠠᠯᠲᠠ ᠲᠠᠯᠪᠢᠬᠤ ᠰᠠᠨᠠᠭᠤᠯᠭ᠎ᠠ ᠵᠢᠨ ᠪᠢᠴᠢᠭ》᠎ᠢ ᠲᠣᠭᠲᠠᠭ᠋ᠠᠨ ᠲᠠᠷᠬᠠᠭ᠋ᠠᠬᠤ ᠵᠡᠷᠭᠡ ᠠᠷᠭ᠎ᠠ ᠮᠠᠶᠢᠭ ᠵᠶ᠋ᠠᠷ ᠳᠠᠮᠵᠢᠭᠤᠯᠤᠨ᠂ ᠭᠣᠣᠯᠳᠠᠯᠭ᠎ᠠ᠎ᠲᠠᠢ ᠬᠦᠷᠢᠶᠡᠨ᠎ᠳᠠᠬᠢ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠦᠯᠲᠡ᠎ᠳᠤ ᠬᠢᠨᠠᠯᠲᠠ ᠲᠠᠯᠪᠢᠬᠤ ᠵᠢ ᠴᠢᠩᠭ᠋ᠠᠷᠠᠭᠤᠯᠵᠠᠢ᠃
ᠰᠢᠭᠦᠯᠲᠡ᠎ᠳᠤ ᠣᠷᠣᠯᠴᠠᠨ ᠵᠠᠷᠭᠤ ᠬᠦᠯᠢᠶᠡᠭᠰᠡᠨ ᠪᠠᠢ᠌ᠳᠠᠯ᠎ᠢ ᠬᠠᠤᠯᠢ᠎ᠪᠠᠷ ᠵᠠᠰᠠᠬᠤ ᠵᠢ ᠱᠠᠯᠠᠪᠳᠠᠭᠤᠯᠤᠨ ᠪᠠᠢ᠌ᠴᠠᠭ᠋ᠠᠬᠤ ᠬᠡᠪᠴᠢᠶᠡᠨ᠎ᠳᠤ ᠣᠷᠣᠭᠤᠯᠵᠤ᠂ ᠪᠦᠬᠦ ᠲᠠᠯ᠎ᠠ᠎ᠪᠠᠷ ᠬᠠᠤᠯᠢ᠎ᠪᠠᠷ ᠬᠤᠳᠠ ᠵᠢ ᠵᠠᠰᠠᠬᠤ ᠵᠢ ᠬᠢᠨᠠᠨ ᠰᠢᠯᠭ᠋ᠠᠬᠤ ᠭᠦᠢ᠍ᠴᠡᠳᠬᠡᠯ ᠲᠣᠭ᠎ᠠ ᠵᠢᠨ ᠰᠢᠰᠲ᠋ᠧᠮ᠎ᠳᠤ ᠣᠷᠣᠭᠤᠯᠵᠤ᠂ 《ᠬᠠᠲᠠᠭᠤ ᠬᠢᠵᠠᠭ᠋ᠠᠷᠯᠠᠯ》᠎ᠢ ᠪᠦᠷᠢᠯᠳᠦᠭᠦᠯᠵᠦ᠂ ᠬᠢᠨᠠᠨ ᠰᠢᠯᠭ᠋ᠠᠬᠤ 《ᠵᠢᠯᠤᠭᠣᠳᠬᠤ ᠳᠣᠬᠢᠭᠤᠷ》 ᠵᠢᠨᠷ ᠵᠠᠰᠠᠭ ᠵᠠᠬᠢᠷᠭ᠋ᠠᠨ᠎ᠤ ᠪᠠᠢ᠌ᠭᠤᠯᠭ᠎ᠠ ᠵᠢᠨ ᠬᠠᠷᠢᠭᠤᠴᠠᠯᠭ᠋ᠠᠲᠠᠨ᠎ᠢ ᠱᠠᠯᠠᠪᠳᠠᠭᠤᠯᠤᠨ ᠬᠠᠤᠯᠢᠵᠢᠯ᠎ᠤᠨ ᠪᠠᠢ᠌ᠭᠤᠯᠤᠯᠲᠠ ᠵᠢ ᠠᠬᠢᠭᠤᠯᠬᠤ ᠨᠢᠭᠡᠳᠦᠭᠡᠷ ᠬᠠᠷᠢᠭᠤᠴᠠᠯᠭ᠋ᠠᠲᠠᠨ᠎ᠤ ᠡᠭᠦᠷᠭᠡ ᠬᠠᠷᠢᠭᠤᠴᠠᠯᠭ᠎ᠠ ᠵᠢ ᠦᠨᠡᠨᠬᠦ ᠭᠦᠢ᠍ᠴᠡᠳᠬᠡᠭᠦᠯᠵᠦ᠂ ᠠᠵᠢᠯᠯᠠᠭ᠎ᠠ ᠵᠢᠨ ᠲᠠᠯ᠎ᠠ᠎ᠪᠠᠷ ᠲᠦᠷᠦᠭᠦᠯᠡᠨ ᠬᠠᠤᠯᠢᠵᠢᠯ᠎ᠢ ᠦᠢ᠍ᠯᠡᠳᠦᠯᠭᠡᠵᠢᠭᠦᠯᠵᠦ᠂ ᠵᠠᠰᠠᠭ ᠵᠠᠬᠢᠷᠭ᠋ᠠᠨ᠎ᠤ ᠮᠠᠷᠭᠤᠯᠳᠤᠭ᠋ᠠᠨ᠎ᠢ ᠦᠨᠡᠨ ᠪᠣᠳᠠᠲᠠᠢ᠎ᠪᠠᠷ ᠰᠢᠢ᠍ᠳᠪᠦᠷᠢᠯᠡᠵᠦ᠂ ᠦᠬᠠᠢ ᠬᠤᠳᠠ ᠵᠢᠨ᠎ᠬᠢᠨ ᠬᠠᠤᠯᠢᠵᠢᠯ᠎ᠤᠨ ᠬᠢᠨᠠᠨ ᠰᠢᠯᠭ᠋ᠠᠯᠲᠠ ᠵᠢ ᠭᠦᠨᠵᠡᠭᠡᠢ ᠠᠭᠤᠰᠤᠯᠴᠠᠭᠤᠯᠵᠠᠢ᠃ ᠳᠦᠷᠢᠮ᠎ᠤᠨ ᠠᠮᠢᠵᠢᠷᠠᠯ᠎ᠤᠨ ᠬᠦᠴᠦᠨ᠎ᠢ ᠬᠡᠷᠡᠭᠵᠢᠭᠦᠯᠬᠦ᠎ᠳᠤ ᠪᠤᠢ᠃ ᠦᠬᠠᠢ ᠬᠣᠲᠠ ᠵᠢᠨ ᠵᠠᠰᠠᠭ ᠵᠠᠬᠢᠷᠭ᠋ᠠᠨ᠎ᠤ ᠪᠠᠢ᠌ᠭᠤᠯᠭ᠎ᠠ ᠵᠢᠨ ᠬᠠᠷᠢᠭᠤᠴᠠᠯᠭ᠋ᠠᠲᠠᠨ᠎ᠤ ᠰᠢᠭᠦᠯᠲᠡ᠎ᠳᠤ ᠣᠷᠣᠯᠴᠠᠨ ᠵᠠᠷᠭᠤ ᠬᠦᠯᠢᠶᠡᠬᠦ ᠵᠢᠨ ᠬᠤᠪᠢᠷᠠᠯᠲᠠ᠎ᠨᠢ ᠲᠣᠭ᠎ᠠ ᠪᠠᠷᠢᠮᠲᠠ ᠳᠡᠭᠡᠷ᠎ᠡ ᠢᠯᠡᠷᠡᠵᠦ ᠪᠠᠢ᠌ᠬᠤ᠎ᠪᠠᠷ ᠪᠠᠷᠠᠬᠤ ᠦᠭᠡᠢ᠂ ᠨᠠᠩ ᠴᠤ᠌ ᠡᠲᠡᠭᠡᠷ ᠨᠠᠷᠢᠨ ᠵᠦᠢ᠍ᠯᠡᠰ᠎ᠲᠤ ᠢᠯᠡᠷᠡᠵᠦ ᠪᠠᠢ᠌ᠨ᠎ᠠ᠄
ᠰᠢᠭᠦᠬᠦ ᠲᠢᠩᠬᠢᠮ᠎ᠳᠤ᠂ ᠤᠯᠠᠮ᠎ᠠᠴᠠ ᠤᠯᠠᠮ ᠣᠯᠠᠨ ᠬᠠᠷᠢᠭᠤᠴᠠᠯᠭ᠋ᠠᠲᠠᠨ ᠬᠠᠤᠯᠢ ᠬᠡᠷᠡᠭᠵᠢᠭᠦᠯᠬᠦ ᠲᠠᠩᠰᠠ ᠡᠪᠬᠡᠮᠡᠯ᠎ᠢ ᠠᠪᠴᠢᠷᠠᠨ ᠲᠤᠬᠠᠢ ᠵᠢᠨ ᠲᠠᠯᠠᠪᠤᠷ᠎ᠲᠤ ᠭᠡᠷᠡᠴᠢ ᠪᠠᠷᠢᠮᠲᠠ ᠵᠢ ᠬᠠᠷᠢᠴᠠᠭᠤᠯᠵᠤ ᠪᠠᠢ᠌ᠨ᠎ᠠ;
ᠡᠶᠡᠳᠡᠭᠦᠯᠬᠦ ᠲᠠᠰᠤᠭ᠎ᠲᠤ᠂ ᠬᠤᠪᠢᠳᠠᠨ ᠬᠠᠮᠢᠶᠠᠷᠴᠤ ᠪᠠᠢ᠌ᠭ᠎ᠠ ᠬᠤᠳᠠ ᠵᠢᠨ ᠳᠡᠳ᠋ ᠳᠠᠷᠤᠭ᠎ᠠ ᠪᠣᠯᠣᠨ ᠲᠤᠬᠠᠢ ᠵᠢᠨ ᠬᠥᠮᠥᠨ᠎ᠨᠢ ᠲᠥᠯᠥᠪᠦᠷᠢ ᠥᠭᠬᠦ ᠲᠥᠰᠥᠯ᠎ᠢ ᠨᠢᠭᠤᠷᠳᠡᠨ ᠲᠣᠭᠲᠠᠭ᠋ᠠᠨ᠎ᠠ;
ᠬᠤᠷᠠᠯ᠎ᠤᠨ ᠭᠡᠷ᠎ᠲᠤ᠂ ᠵᠠᠷᠭᠤ ᠢᠯᠠᠭᠳᠠᠭᠰᠠᠨ ᠬᠡᠷᠡᠭ᠎ᠤᠨ ᠵᠠᠳᠠᠯᠤᠯᠲᠠ᠎ᠨᠢ ᠡᠯ᠎ᠡ ᠰᠠᠯᠠᠭ᠎ᠠ ᠮᠥᠴᠢᠷ᠎ᠤᠨ 《ᠨᠢᠭᠤᠷ ᠤᠯᠠᠢ᠌ᠵᠤ ᠬᠥᠯᠥᠰᠦ ᠭᠠᠷᠬᠤ》 ᠵᠠᠰᠠᠯᠲᠠ ᠵᠢᠨ ᠬᠢᠴᠢᠶᠡᠯ᠎ᠤᠨ ᠲᠠᠩᠬᠢᠮ ᠪᠣᠯᠣᠨ᠎ᠠ ᠁
《ᠥᠩᠭᠡᠷᠡᠭᠰᠡᠨ᠎ᠳᠤ ᠵᠠᠭ᠋ᠠᠯᠳᠤᠭᠳᠠᠭᠴᠢ ᠪᠣᠯᠬᠤ᠎ᠠᠴᠠ ᠠᠶᠤᠵᠤ ᠪᠠᠢ᠌ᠭᠰᠠᠨ ᠪᠣᠯ ᠣᠳᠣ ᠰᠢᠭᠦᠯᠲᠡ᠎ᠳᠤ ᠣᠷᠣᠯᠴᠠᠬᠤ ᠵᠢ 〈ᠬᠠᠤᠯᠢ᠎ᠪᠠᠷ ᠵᠠᠰᠠᠬᠤ ᠪᠠᠢ᠌ᠴᠠᠭ᠋ᠠᠯᠲᠠ〉 ᠪᠣᠯᠭ᠋ᠠᠵᠤ ᠪᠠᠢ᠌ᠨ᠎ᠠ》᠃ ᠨᠢᠭᠡᠨ ᠲᠣᠪᠴᠢᠶᠠᠨ ᠳᠠᠷᠤᠭ᠎ᠠ ᠵᠢᠨ ᠣᠢ᠌ᠯᠠᠭ᠋ᠠᠯᠲᠠ᠎ᠨᠢ ᠡᠨᠡ ᠤᠳᠠᠭ᠋ᠠᠨ᠎ᠤ ᠬᠤᠪᠢᠰᠤᠯᠲᠠ ᠵᠢᠨ ᠦᠨᠡᠨ ᠤᠳᠬ᠎ᠠ ᠵᠢ ᠬᠡᠯᠡᠵᠦ ᠭᠠᠷᠭ᠋ᠠᠵᠠᠢ᠃ 《ᠵᠠᠩᠭᠢᠯᠠᠭ᠎ᠠ ᠵᠢᠨ ᠴᠥᠭᠡᠨ ᠲᠣᠭ᠋ᠠᠲᠠᠨ》᠎ᠨᠢ 《ᠨᠠᠮᠠᠶ᠋ᠢ ᠰᠢᠭᠦᠯᠲᠡ᠎ᠳᠤ ᠣᠷᠣᠯᠴᠠᠭᠤᠯᠬᠤ》 ᠪᠠᠢ᠌ᠭᠰᠠᠨ᠎ᠠᠴᠠ 《ᠪᠢ ᠰᠢᠭᠦᠯᠲᠡ᠎ᠳᠤ ᠣᠷᠣᠯᠴᠠᠭᠤᠯᠬᠤ》 ᠪᠣᠯᠵᠤ᠂ ᠤᠯᠠᠨ ᠲᠦᠮᠡᠨ 《ᠵᠠᠬᠢᠳᠠᠯ ᠰᠣᠷᠪᠤᠯᠵᠢᠯᠠᠭ᠎ᠠ ᠬᠠᠤᠯᠢ ᠴᠠᠭ᠋ᠠᠵᠠ ᠵᠢ ᠢᠲᠡᠭᠡᠬᠦ ᠦᠭᠡᠢ》 ᠪᠠᠢ᠌ᠭᠰᠠᠨ᠎ᠠᠴᠠ 《ᠬᠠᠤᠯᠢ ᠴᠠᠭ᠋ᠠᠵᠠ ᠵᠢ ᠢᠲᠡᠭᠡᠭᠡᠳ ᠵᠠᠬᠢᠳᠠᠯ ᠰᠣᠷᠪᠤᠯᠵᠢᠯᠠᠭ᠎ᠠ ᠬᠢᠬᠦ ᠦᠭᠡᠢ》 ᠪᠣᠯᠵᠤ᠂ ᠬᠠᠤᠯᠢ᠎ᠪᠠᠷ ᠵᠠᠰᠠᠬᠤ ᠵᠠᠰᠠᠭ᠎ᠤᠨ ᠣᠷᠳᠣᠨ ᠪᠣᠯᠣᠨ ᠬᠠᠤᠯᠢ᠎ᠪᠠᠷ ᠵᠠᠰᠠᠬᠤ ᠨᠡᠢ᠌ᠭᠡᠮ᠎ᠤᠨ ᠬᠠᠮᠵᠢᠯᠴᠠᠨ ᠤᠷᠤᠭᠰᠢᠯᠠᠬᠤ ᠵᠠᠮ ᠤᠯᠠᠮ ᠲᠣᠳᠣᠷᠬᠠᠢ ᠪᠣᠯᠪᠠ᠃