ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠬᠠᠣᠯᠢ᠎ᠪᠠᠷ ᠵᠠᠰᠠᠬᠤ
ᠦᠢᠯᠡᠴᠢᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠦᠢᠯᠡᠴᠢᠯᠡᠭᠡ   -   ᠲᠠᠨ᠎ᠳᠤ ᠦᠢᠯᠡᠴᠢᠯᠡᠬᠦ᠌
ᠡᠳᠡᠭᠡᠷ ᠰᠡᠭᠦᠳᠡᠷ᠎ᠢ ᠰᠦᠯᠵᠢᠶᠡᠨ ᠳᠡᠭᠡᠷ᠎ᠡ ᠪᠢᠲᠡᠭᠡᠢ ᠳᠤᠷ᠎ᠠ᠎ᠪᠠᠷ ᠵᠶ᠋ᠠᠨ ᠲᠠᠯᠪᠢᠭ᠋ᠠᠷᠠᠢ
ᠨᠡᠶ᠋ᠢᠲᠡᠯᠡᠭᠰᠡᠨ ᠴᠠᠭ᠄ 2024-10-08

      ᠤᠯᠤᠰ᠎ᠤᠨ ᠪᠠᠶᠠᠷ᠎ᠤᠨ ᠠᠮᠠᠷᠠᠯᠲᠠ ᠵᠢᠨ ᠬᠤᠭᠤᠴᠠᠭ᠋ᠠᠨ᠎ᠳᠤ ᠣᠯᠠᠩᠬᠢ ᠬᠥᠮᠥᠰ ᠭᠠᠳᠠᠭᠰᠢ ᠵᠢᠭᠤᠯᠴᠢᠯᠠᠨ ᠠᠶᠠᠯᠠᠵᠤ᠂ ᠲᠦᠷᠦᠯ ᠰᠠᠳᠤᠨ ᠨᠠᠢ᠌ᠵᠢ ᠨᠥᠬᠥᠳ᠎ᠲᠠᠢ᠎ᠪᠠᠨ ᠤᠴᠠᠷᠠᠨ ᠵᠣᠯᠭ᠋ᠠᠵᠤ ᠤᠷᠮ᠎ᠠ ᠰᠡᠳᠬᠢᠯ ᠵᠢᠡᠨ ᠰᠡᠷᠭᠦᠭᠡᠵᠦ ᠶᠠᠪᠤᠳᠠᠭ᠃ ᠲᠡᠭᠡᠭᠡᠳ ᠠᠮᠲᠠᠲᠤ ᠢᠳᠡᠭᠡᠨ᠂ ᠭᠤᠶᠣ ᠦᠵᠡᠮᠵᠢ᠎ᠪᠠᠨ ᠰᠡᠭᠦᠳᠡᠷ ᠲᠠᠲᠠᠵᠤ ᠨᠠᠢ᠌ᠵᠠ ᠵᠢᠨ ᠲᠣᠭᠣᠷᠢᠭ᠂ ᠣᠬᠣᠷ ᠸᠢᠳᠢᠤ᠋ ᠳᠡᠭᠡᠷ᠎ᠡ ᠬᠤᠪᠢᠶᠠᠯᠴᠠᠬᠤ ᠳᠤᠷᠠᠲᠠᠢ ᠪᠠᠢ᠌ᠳᠠᠭ᠃

      ᠭᠡᠲᠡᠯ᠎ᠡ ᠡᠲᠡᠭᠡᠷ ᠦᠢ᠍ᠯᠡ ᠶᠠᠪᠤᠳᠠᠯ ᠴᠢᠨᠢ ᠬᠤᠪᠢ ᠬᠥᠮᠥᠨ᠎ᠤ ᠮᠡᠳᠡᠭᠡ ᠵᠠᠩᠭᠢ᠎ᠪᠠᠨ ᠳᠠᠮ ᠵᠶ᠋ᠠᠷ

ᠵᠠᠳᠠᠷᠠᠭᠤᠯᠬᠤ ᠵᠢ ᠲᠠ ᠮᠡᠳᠡᠨ᠎ᠡ ᠤᠤ? ᠬᠡᠷᠪᠡ ᠣᠨᠳᠣᠣ ᠰᠠᠨᠠᠭ᠎ᠠ᠎ᠲᠠᠢ ᠬᠥᠮᠥᠨ ᠬᠡᠷᠡᠭᠯᠡᠪᠡᠯ ᠥᠪᠡᠷ ᠪᠡᠶ᠎ᠡ ᠪᠠ ᠭᠡᠷ᠎ᠤᠨ ᠬᠥᠮᠥᠰ᠎ᠤᠨ ᠡᠳ᠋ ᠬᠥᠷᠥᠩᠭᠡ ᠴᠢᠨᠠᠭᠰᠢᠯᠠᠪᠠᠯ ᠬᠤᠪᠢ ᠬᠥᠮᠥᠨ᠎ᠤ ᠠᠮᠤᠷ ᠲᠦᠪᠰᠢᠨ᠎ᠢ ᠰᠦᠷᠳᠡᠭᠦᠯᠵᠦ ᠮᠡᠳᠡᠨ᠎ᠡ᠃ ᠬᠠᠮᠢᠶ᠎ᠠ ᠪᠦᠬᠦᠢ ᠬᠦᠷᠢᠶ᠎ᠡ ᠴᠠᠷᠠᠭ᠋ᠠᠨ᠎ᠤ ᠲᠤᠰᠬᠠᠢ ᠮᠡᠷᠭᠡᠵᠢᠯᠲᠡᠨ᠎ᠠᠴᠠ ᠳᠣᠣᠷᠠᠬᠢ ᠬᠡᠳᠦᠨ ᠵᠦᠢ᠍ᠯ᠎ᠤᠨ ᠰᠡᠭᠦᠳᠡᠷ᠎ᠢ ᠰᠦᠯᠵᠢᠶᠡᠨ ᠳᠡᠭᠡᠷ᠎ᠡ ᠲᠠᠯᠪᠢᠬᠤ᠎ᠠᠴᠠ ᠬᠢᠴᠢᠶᠡᠭᠡᠷᠡᠢ ᠭᠡᠵᠦ ᠤᠯᠠᠨ᠎ᠳᠤ ᠰᠠᠨᠠᠭᠤᠯᠤᠨ᠎ᠠ᠃

      1.  ᠭᠠᠷ᠎ᠲᠠᠭᠠᠨ ᠪᠡᠶ᠎ᠡ ᠵᠢᠨ ᠦᠨᠡᠮᠯᠡᠯ ᠪᠠᠷᠢᠭᠰᠠᠨ ᠰᠡᠭᠦᠳᠡᠷ᠎ᠢ ᠲᠠᠯᠪᠢᠵᠤ ᠪᠤᠯᠬᠤ ᠦᠭᠡᠢ

      ᠡᠲᠡᠭᠡᠷ ᠰᠡᠭᠦᠳᠡᠷ᠎ᠲᠤ ᠬᠤᠪᠢ ᠬᠥᠮᠥᠨ᠎ᠤ ᠣᠪᠣᠭ ᠨᠡᠷ᠎ᠡ᠂ ᠪᠡᠶ᠎ᠡ ᠵᠢᠨ ᠦᠨᠡᠮᠯᠡᠯ᠎ᠤᠨ ᠨᠣᠮᠧᠷ᠂ ᠣᠷᠣᠨ ᠰᠠᠭᠤᠴᠠ ᠵᠢᠨ ᠬᠠᠶᠢᠭ ᠵᠡᠷᠭᠡ ᠮᠡᠳᠡᠭᠡ ᠵᠠᠩᠭᠢ ᠪᠠᠢ᠌ᠳᠠᠭ᠂ ᠬᠡᠷᠪᠡ ᠵᠠᠳᠠᠷᠠᠬᠤ᠎ᠳᠤ ᠭᠦᠷᠪᠡᠯ ᠬᠠᠤᠯᠢ ᠪᠤᠰᠤ ᠡᠲᠡᠭᠡᠳ ᠡᠲᠡᠭᠡᠷ ᠮᠡᠳᠡᠭᠡ ᠵᠠᠩᠭᠢ ᠵᠢ ᠠᠰᠢᠭᠯᠠᠨ ᠪᠡᠶ᠎ᠡ ᠵᠢᠨ ᠬᠢᠷᠢ ᠭᠡᠮ᠎ᠢ ᠴᠢᠨᠢ ᠬᠤᠯᠠᠭ᠋ᠠᠢ᠌ᠯᠠᠨ ᠬᠡᠷᠡᠭᠯᠡᠵᠦ᠂ ᠢᠲᠡᠭᠡᠮᠵᠢ ᠵᠢᠨ ᠺᠠᠷᠲ᠂ ᠵᠢᠭᠡᠯᠡᠯᠭᠡ ᠵᠡᠷᠭᠡ ᠮᠥᠩᠭᠥᠨ ᠭᠦᠢ᠍ᠯᠭᠡᠭᠡᠨ᠎ᠤ ᠲᠤᠬᠠᠢ᠌ᠯᠠᠭᠰᠠᠨ ᠠᠵᠢᠯ᠎ᠢ ᠭᠦᠢ᠍ᠴᠡᠳᠬᠡᠵᠦ᠂ ᠴᠢᠨᠠᠭᠰᠢᠯᠠᠪᠠᠯ ᠬᠠᠤᠯᠢ ᠵᠢ ᠵᠥᠷᠢᠴᠡᠬᠦ ᠠᠵᠢᠯᠯᠠᠭ᠎ᠠ ᠬᠢᠵᠦ ᠮᠡᠳᠡᠨ᠎ᠡ᠃ ᠡᠭᠦᠨ᠎ᠠᠴᠠ ᠭᠠᠳᠠᠨ᠎ᠠ᠂ ᠭᠠᠷ᠎ᠲᠠᠭᠠᠨ ᠴᠠᠭ᠋ᠠᠨ ᠴᠠᠭ᠋ᠠᠰᠤ ᠪᠠᠷᠢᠬᠤ ᠰᠡᠭᠦᠳᠡᠷ ᠪᠤᠶᠤ ᠰᠣᠨᠢᠨ ᠪᠠᠷᠢᠬᠤ ᠰᠡᠭᠦᠳᠡᠷ᠎ᠢ ᠦᠷᠭᠦᠯᠵᠢ ᠪᠡᠶ᠎ᠡ ᠵᠢᠨ ᠬᠢᠷᠢ ᠭᠡᠮ᠎ᠢ ᠰᠢᠯᠭ᠋ᠠᠬᠤ᠎ᠳᠤ ᠬᠡᠷᠡᠭᠯᠡᠳᠡᠭ᠂ ᠬᠡᠷᠪᠡ ᠬᠠᠤᠯᠢ ᠪᠤᠰᠤ ᠡᠲᠡᠭᠡᠳ ᠣᠯᠵᠤ ᠠᠪᠤᠪᠠᠯ᠂ ᠬᠠᠭᠤᠷᠮᠠᠭ ᠦᠨᠡᠮᠯᠡᠯ ᠦᠢ᠍ᠯᠡᠳᠬᠦ ᠪᠤᠶᠤ ᠰᠦᠯᠵᠢᠶᠡᠨ᠎ᠤ ᠮᠡᠬᠡᠯᠡᠯ ᠶᠠᠪᠤᠭᠤᠯᠬᠤ᠎ᠳᠤ ᠬᠡᠷᠡᠭᠯᠡᠵᠦ ᠮᠡᠳᠡᠨ᠎ᠡ᠂ ᠢᠩᠭᠢᠪᠡᠯ ᠬᠤᠪᠢ ᠬᠥᠮᠥᠨ᠎ᠳᠤ ᠴᠢᠨᠢ ᠠᠵᠤ ᠠᠬᠤᠢ ᠵᠢᠨ ᠬᠣᠬᠢᠷᠠᠯ ᠪᠠ ᠨᠡᠷ᠎ᠡ ᠲᠥᠷᠥ ᠵᠢᠨ ᠬᠣᠬᠢᠷᠠᠯ ᠤᠴᠠᠷᠠᠭᠤᠯᠵᠤ ᠮᠡᠳᠡᠨ᠎ᠡ᠃

      2. ᠡᠯ᠎ᠡ ᠵᠦᠢ᠍ᠯ᠎ᠤᠨ ᠭᠡᠷᠡᠴᠢ ᠪᠠᠷᠢᠮᠲᠠ ᠵᠢᠨ ᠲᠥᠷᠥᠯ᠎ᠤᠨ ᠰᠡᠭᠦᠳᠡᠷ᠎ᠢ ᠲᠠᠯᠪᠢᠵᠤ ᠪᠤᠯᠬᠤ ᠦᠭᠡᠢ

      ᠮᠠᠰᠢ ᠤᠯᠠᠨ ᠬᠥᠮᠥᠨ ᠠᠵᠢᠯ ᠵᠶ᠋ᠠᠷ ᠭᠠᠳᠠᠭᠰᠢ ᠭᠠᠷᠬᠤ᠂ ᠵᠢᠭᠤᠯᠴᠢᠯᠠᠬᠤ᠎ᠳᠠᠭᠠᠨ ᠪᠦᠷ ᠭᠠᠯᠲᠤ ᠲᠡᠷᠭᠡᠨ᠎ᠤ ᠪᠢᠯᠧᠲ ᠪᠤᠶᠤ ᠨᠢᠰᠬᠡᠯ᠎ᠳᠤ ᠰᠠᠭᠤᠬᠤ ᠫᠠᠢ᠌ᠰᠠ᠎ᠪᠠᠨ ᠰᠡᠭᠦᠳᠡᠷᠯᠡᠵᠦ᠂ ᠥᠪᠡᠷ᠎ᠤᠨ ᠨᠠᠢ᠌ᠵᠠ ᠵᠢᠨ ᠲᠣᠭᠣᠷᠢᠭ᠎ᠲᠠᠭᠠᠨ ᠲᠠᠯᠪᠢᠵᠤ ᠬᠤᠪᠢᠶᠠᠯᠴᠠᠬᠤ ᠳᠤᠷᠠᠲᠠᠢ ᠪᠠᠢ᠌ᠳᠠᠭ᠃ ᠡᠳᠡᠭᠡᠷ ᠪᠢᠯᠧᠲ ᠭᠡᠷᠡᠴᠢ ᠳᠡᠭᠡᠷ᠎ᠡ ᠴᠢᠨᠢ ᠣᠪᠣᠭ ᠨᠡᠷ᠎ᠡ᠂ ᠮᠣᠷᠳᠠᠬᠤ ᠭᠠᠵᠠᠷ᠂ ᠬᠦᠷᠬᠦ ᠭᠠᠵᠠᠷ ᠵᠡᠷᠭᠡ ᠮᠡᠳᠡᠭᠡ ᠵᠠᠩᠭᠢ ᠪᠠᠢ᠌ᠳᠠᠭ ᠵᠶ᠋ᠠᠷ ᠪᠠᠷᠠᠬᠤ ᠦᠭᠡᠢ᠂ ᠵᠢᠷᠤᠭ᠋ᠠᠰᠤᠨ ᠺᠣᠳ᠋ ᠪᠤᠶᠤ ᠬᠣᠶᠠᠷ ᠬᠡᠮᠵᠢᠯᠲᠦ ᠺᠣᠳ᠋ ᠳᠡᠭᠡᠷ᠎ᠡ᠎ᠨᠢ ᠠᠶᠠᠨᠴᠢᠳ᠎ᠤᠨ ᠬᠤᠪᠢ ᠬᠥᠮᠥᠨ᠎ᠤ ᠮᠡᠳᠡᠭᠡ ᠵᠠᠩᠭᠢ ᠪᠠᠢ᠌ᠳᠠᠭ᠎ᠠᠴᠠ ᠬᠠᠤᠯᠢ ᠪᠤᠰᠤ ᠡᠲᠡᠭᠡᠳ᠎ᠲᠤ ᠠᠰᠢᠭᠯᠠᠭᠳᠠᠬᠤ ᠪᠣᠯᠣᠯᠴᠠᠭ᠎ᠠ᠎ᠲᠠᠢ ᠶᠤᠮ᠃

      3.  ᠭᠡᠷ᠎ᠤᠨ ᠲᠦᠯᠬᠢᠭᠦᠷ᠂ ᠲᠡᠷᠭᠡᠨ ᠫᠠᠢ᠌ᠰᠠ ᠵᠡᠷᠭᠡ ᠰᠡᠭᠦᠳᠡᠷ᠎ᠢ ᠲᠠᠯᠪᠢᠵᠤ ᠪᠤᠯᠬᠤ ᠦᠭᠡᠢ

      ᠬᠠᠤᠯᠢ ᠪᠤᠰᠤ ᠡᠲᠡᠭᠡᠳ ᠲᠣᠮᠣ ᠳ᠋ᠠᠢ᠌ᠲ᠋ᠠ ᠵᠡᠷᠭᠡ ᠮᠡᠷᠭᠡᠵᠢᠯ᠎ᠤᠨ ᠠᠷᠭ᠎ᠠ ᠪᠠᠷᠢᠯ ᠵᠢᠡᠷ ᠳᠠᠮᠵᠢᠭᠤᠯᠤᠨ᠂ ᠰᠡᠭᠦᠳᠡᠷ ᠨᠡᠢ᠌ᠲᠡᠯᠡᠭᠰᠡᠨ ᠬᠥᠮᠥᠨ᠎ᠤ ᠤᠨᠴᠠᠭ᠋ᠠᠢ ᠴᠠᠭ ᠬᠤᠭᠤᠴᠠᠭ᠋ᠠᠨ᠎ᠳᠠᠬᠢ ᠣᠨᠴᠠ ᠲᠣᠭᠲᠠᠭᠰᠠᠨ ᠣᠷᠣᠨ ᠪᠠᠢ᠌ᠷᠢ ᠵᠢ ᠵᠠᠳᠠᠯᠤᠨ ᠭᠠᠷᠭ᠋ᠠᠬᠤ ᠪᠥᠭᠡᠳ ᠪᠠᠰᠠ ᠨᠡᠢ᠌ᠲᠡᠯᠡᠭᠰᠡᠨ ᠬᠥᠮᠥᠨ᠎ᠤ ᠠᠮᠢᠳᠤᠷᠠᠯ᠎ᠤᠨ ᠳᠠᠳᠬᠠᠯ᠎ᠢ ᠣᠢ᠌ᠯᠭ᠋ᠠᠵᠤ ᠪᠣᠯᠣᠨ᠎ᠠ᠃ ᠢᠩᠭᠢᠬᠦᠯᠡᠷ ᠰᠦᠯᠵᠢᠶᠡᠨ ᠳᠡᠭᠡᠷ᠎ᠡ ᠲᠠᠯᠪᠢᠬᠤ ᠰᠡᠭᠦᠳᠡᠷ᠎ᠲᠤ ᠭᠡᠷ᠎ᠤᠨ ᠲᠦᠯᠬᠢᠭᠦᠷ᠂ ᠲᠡᠷᠭᠡᠨ ᠫᠠᠢ᠌ᠰᠠ ᠵᠢᠨ ᠨᠣᠮᠧᠷ ᠵᠡᠷᠭᠡ ᠢᠯᠡᠷᠬᠡᠢ ᠣᠨᠴᠠᠯᠢᠭ᠎ᠲᠠᠢ ᠶᠠᠭᠤᠮᠠᠰ᠎ᠢ ᠪᠢᠲᠡᠭᠡᠢ ᠣᠷᠣᠭᠤᠯᠤᠭ᠋ᠠᠷᠠᠢ᠃

ᠢᠷᠡᠯᠲᠡ᠄ᠳᠤᠮᠳᠠᠳᠤ ᠤᠯᠤᠰ᠎ᠤᠨ ᠮᠣᠩᠭᠤᠯ ᠬᠡᠯᠡᠨ᠎ᠤ ᠰᠣᠨᠢᠨ ᠮᠡᠳᠡᠭᠡ ᠵᠢᠨ ᠰᠦᠯᠵᠢᠶ᠎ᠡ
          
ᠬᠠᠮᠢᠶ᠎ᠡ ᠪᠦᠬᠦᠢ ᠰᠣᠨᠢᠨ
 
            