ᠣᠢ᠌ᠷ᠎ᠠ᠎ᠳᠤ᠂ ᠳᠣᠲᠣᠭ᠋ᠠᠳᠤ ᠵᠢ ᠬᠠᠮᠠᠭ᠋ᠠᠯᠠᠬᠤ ᠶᠠᠮᠤᠨ᠎ᠠᠴᠠ ᠬᠣᠶᠠᠳᠤᠭ᠋ᠠᠷ ᠪᠦᠯᠦᠭ᠎ᠤᠨ 50 ᠦᠨᠳᠦᠰᠦᠲᠡᠨ᠎ᠤ ᠡᠳ᠋ ᠬᠥᠷᠥᠩᠭᠡ ᠵᠢᠨ ᠭᠡᠰᠬᠡᠯᠲᠡ ᠵᠢᠨ ᠲᠥᠷᠥᠯ᠎ᠤᠨ ᠮᠡᠬᠡᠯᠡᠯ ᠵᠢᠴᠢ ᠮᠡᠬᠡᠯᠡᠯ᠎ᠳᠤ ᠬᠣᠯᠪᠣᠭᠳᠠᠭᠰᠠᠨ APP ᠵᠢᠨ ᠨᠡᠷᠡᠰ᠎ᠢ ᠨᠡᠢ᠌ᠲᠡᠯᠡᠪᠡ᠃
ᠡᠳᠡᠭᠡᠷ ᠮᠡᠬᠡᠯᠡᠯ᠎ᠤᠨ ᠵᠦᠢ᠍ᠯᠡᠰ᠎ᠨᠢ ᠤᠯᠤᠰ᠂ ᠦᠨᠳᠦᠰᠦᠲᠡᠨ᠎ᠤ ᠲᠤᠭ᠎ᠢ ᠡᠷᠭᠦᠵᠦ᠂ ᠲᠥᠷᠥ ᠵᠢᠨ ᠪᠠᠢ᠌ᠭᠤᠯᠭ᠎ᠠ ᠵᠢᠨ ᠠᠯᠪᠠᠨ ᠪᠢᠴᠢᠭ᠂ ᠭᠡᠷᠡᠴᠢ ᠦᠨᠡᠮᠯᠡᠯ᠂ ᠲᠠᠮᠠᠭ᠎ᠠ ᠵᠢ ᠬᠠᠭᠤᠷᠮᠠᠭᠯᠠᠨ ᠵᠣᠬᠢᠶᠠᠬᠤ᠎ᠪᠠᠷ ᠳᠠᠮᠵᠢᠭᠤᠯᠤᠨ᠂ ᠤᠯᠤᠰ᠎ᠤᠨ ᠬᠣᠯᠪᠣᠭᠳᠠᠯ ᠪᠦᠬᠦᠢ ᠲᠥᠷᠥ ᠵᠢᠨ ᠪᠣᠳᠣᠯᠭ᠎ᠠ ᠵᠡᠷᠭᠡ ᠠᠷᠭ᠎ᠠ ᠪᠠᠷᠢᠯ᠎ᠢ ᠵᠣᠬᠢᠶᠠᠵᠤ᠂ ᠲᠤᠰᠬᠠᠢ APP ᠵᠢ ᠨᠡᠭᠡᠭᠡᠨ ᠬᠥᠭᠵᠢᠭᠦᠯᠵᠦ ᠬᠤᠳᠠᠯ ᠬᠠᠭᠤᠷᠮᠠᠭ ᠪᠡᠯᠡ ᠣᠷᠣᠭᠤᠯᠤᠯᠲᠠ ᠵᠢᠨ ᠵᠦᠢ᠍ᠯᠡᠰ᠎ᠢ ᠳᠡᠯᠭᠡᠷᠡᠭᠦᠯᠵᠦ᠂ ᠰᠦᠯᠵᠢᠶᠡᠨ᠎ᠤ ᠪᠦᠯᠦᠭᠯᠡᠯ ᠵᠶ᠋ᠡᠷ ᠳᠠᠮᠵᠢᠭᠤᠯᠤᠨ ᠣᠷᠣᠯᠠᠭᠴᠢ ᠡᠷᠢᠵᠦ᠂ ᠳᠣᠷᠣᠭᠰᠢ ᠬᠥᠭᠵᠢᠭᠦᠯᠵᠦ᠂ ᠰᠦᠯᠵᠢᠶᠡᠨ᠎ᠤ ᠬᠤᠷᠠᠯ᠎ᠤᠨ ᠪᠣᠯᠪᠠᠰᠤᠷᠠᠯ᠎ᠢ ᠠᠰᠢᠭᠯᠠᠨ 《ᠲᠠᠷᠢᠬᠢ ᠵᠢ ᠨᠢ ᠤᠬᠢᠶᠠᠵᠤ》᠂ ᠪᠠᠭ᠎ᠠ ᠪᠡᠯᠡ ᠣᠷᠣᠭᠤᠯᠪᠠᠯ ᠳᠠᠷᠤᠢ ᠶᠡᠬᠡ ᠬᠡᠮᠵᠢᠶᠡᠨ᠎ᠤ ᠬᠠᠷᠢᠭᠤ ᠬᠠᠷᠠᠮᠵᠢ ᠣᠯᠵᠤ ᠴᠢᠳᠠᠨ᠎ᠠ ᠭᠡᠵᠦ ᠬᠤᠳᠠᠯ ᠬᠡᠯᠡᠵᠦ᠂ ᠬᠣᠬᠢᠷᠠᠯ ᠠᠮᠰᠠᠭᠴᠢ ᠵᠢ ᠬᠠᠭᠤᠷᠤᠨ ᠮᠡᠬᠡᠯᠡᠵᠦ ᠪᠠᠢ᠌ᠭ᠋ᠠᠳ ᠰᠦᠯᠵᠢᠶᠡᠨ ᠳᠡᠭᠡᠷ᠎ᠡ ᠬᠡᠯᠡᠯᠴᠡᠭᠡᠷ ᠲᠣᠭᠲᠠᠭ᠋ᠠᠯᠭ᠋ᠠᠵᠤ᠂ ᠲᠠᠸᠠᠷ ᠬᠤᠳᠠᠯᠳᠤᠨ ᠠᠪᠴᠤ ᠪᠡᠯᠡ ᠣᠷᠣᠭᠤᠯᠤᠯᠲᠠ᠎ᠳᠤ ᠣᠷᠣᠯᠴᠠᠭᠤᠯᠤᠨ᠎ᠠ᠂ ᠡᠨᠡ ᠬᠦ᠌ ᠠᠷᠭ᠎ᠠ ᠮᠠᠶᠢᠭ ᠵᠶ᠋ᠠᠷ ᠮᠡᠬᠡᠯᠡᠯ ᠶᠠᠪᠤᠭᠤᠯᠤᠨ᠎ᠠ᠃
ᠨᠡᠷᠡᠰ᠎ᠨᠢ ᠳᠣᠣᠷᠠᠬᠢ ᠮᠡᠲᠦ᠄





ᠮᠠᠨ᠎ᠤ ᠤᠯᠤᠰ᠎ᠲᠤ ᠦᠨᠳᠦᠰᠦᠲᠡᠨ᠎ᠤ ᠡᠳ᠋ ᠬᠥᠷᠥᠩᠭᠡ ᠵᠢᠨ ᠭᠡᠰᠭᠡᠯᠲᠡ ᠵᠢᠨ ᠲᠥᠷᠥᠯ ᠵᠦᠢ᠍ᠯ ᠪᠠ ᠵᠣᠬᠢᠶᠠᠨ ᠪᠠᠢ᠌ᠭᠤᠯᠤᠯᠲᠠ ᠭᠡᠵᠦ ᠶᠠᠷᠦ ᠪᠠᠢ᠌ᠳᠠᠭ ᠦᠭᠡᠢ ᠭᠡᠵᠦ ᠳᠣᠲᠣᠭ᠋ᠠᠳᠤ ᠵᠢ ᠬᠠᠮᠠᠭ᠋ᠠᠯᠠᠬᠤ ᠪᠠᠢ᠌ᠭᠤᠯᠭ᠎ᠠ᠎ᠠᠴᠠ ᠥᠷᠭᠡᠨ ᠣᠯᠠᠨ ᠲᠦᠮᠡᠨ᠎ᠳᠤ ᠰᠠᠨᠠᠭᠤᠯᠵᠤ ᠪᠠᠢ᠌ᠨ᠎ᠠ᠃ ᠤᠯᠠᠨ ᠵᠶ᠋ᠠᠷ ᠵᠶ᠋ᠠᠨ ᠮᠡᠬᠡᠯᠡᠬᠦ ᠵᠢ ᠲᠠᠨᠢᠬᠤ ᠤᠬᠠᠮᠰᠠᠷ ᠵᠶ᠋ᠠᠨ ᠦᠨᠡᠨ ᠬᠦ᠌ ᠴᠢᠩᠭ᠋ᠠᠳᠬᠠᠵᠤ᠂ ᠮᠡᠬᠡᠯᠡᠬᠦ ᠵᠢ ᠰᠡᠷᠭᠡᠢ᠌ᠯᠡᠬᠦ ᠴᠢᠳᠠᠪᠤᠷᠢ᠎ᠪᠠᠨ ᠳᠡᠭᠡᠭᠰᠢᠯᠡᠭᠦᠯᠦᠭᠡᠷᠡᠢ᠃ ᠬᠣᠯᠪᠣᠭᠳᠠᠯ ᠪᠦᠬᠦᠢ ᠬᠠᠤᠯᠢ ᠴᠠᠭ᠋ᠠᠵᠠ ᠵᠢᠨ ᠲᠣᠭᠲᠠᠭ᠋ᠠᠯ᠎ᠢ ᠦᠨᠳᠦᠰᠦᠯᠡᠪᠡᠯ᠂ ᠦᠨᠳᠦᠰᠦᠲᠡᠨ᠎ᠤ ᠡᠳ᠋ ᠬᠥᠷᠥᠩᠭᠡ ᠵᠢᠨ ᠭᠡᠰᠭᠡᠯᠲᠡ ᠵᠢᠨ ᠲᠥᠷᠥᠯ᠎ᠤᠨ ᠮᠡᠳᠡᠭᠡ ᠵᠠᠩᠭᠢ ᠵᠢ ᠳᠠᠮᠵᠢᠭᠤᠯᠤᠨ ᠲᠠᠷᠬᠠᠭ᠋ᠠᠭᠰᠠᠨ᠂ ᠳᠠᠢ᠌ᠴᠢᠯᠠᠭᠰᠠᠨ᠂ ᠤᠬᠠᠭᠤᠯᠤᠭᠰᠠᠨ᠂ ᠡᠰᠡᠬᠦᠯ᠎ᠡ ᠭᠡᠰᠢᠭᠦᠨ ᠡᠯᠰᠡᠵᠦ᠂ ᠠᠵᠢᠯᠲᠠᠨ ᠵᠣᠬᠢᠶᠠᠨ ᠪᠠᠢ᠌ᠭᠤᠯᠵᠤ ᠬᠠᠤᠯᠢ ᠪᠤᠰᠤ᠎ᠪᠠᠷ ᠴᠤᠭᠯᠠᠷᠠᠭᠤᠯᠤᠭᠰᠠᠨ ᠪᠠᠢ᠌ᠪᠠᠯ ᠴᠥᠮ ᠬᠠᠤᠯᠢ ᠵᠢ ᠵᠥᠷᠢᠴᠡᠵᠦ ᠶᠠᠯ᠎ᠠ ᠬᠢᠭᠰᠡᠨ ᠰᠡᠵᠢᠭᠲᠡᠢ ᠪᠣᠯᠬᠣᠷ ᠳᠣᠲᠣᠭ᠋ᠠᠳᠤ ᠵᠢ ᠬᠠᠮᠠᠭ᠋ᠠᠯᠠᠬᠤ ᠪᠠᠢ᠌ᠭᠤᠯᠭ᠎ᠠ᠎ᠠᠴᠠ ᠬᠠᠤᠯᠢ ᠶᠣᠰᠣᠭ᠋ᠠᠷ ᠴᠢᠩᠭ᠎ᠠ ᠪᠠᠢ᠌ᠴᠠᠭ᠋ᠠᠨ ᠰᠢᠢ᠍ᠳᠪᠦᠷᠢᠯᠡᠨ᠎ᠡ᠃ ᠬᠡᠷᠪᠡ ᠡᠢ᠌ᠮᠦᠷᠬᠦ ᠬᠠᠤᠯᠢ ᠵᠥᠷᠢᠴᠡᠭᠰᠡᠨ ᠶᠠᠯᠠᠲᠤ
ᠬᠡᠷᠡᠭ᠎ᠤᠨ ᠰᠦᠪᠡᠭᠴᠢ ᠵᠢ ᠣᠯᠵᠤ ᠮᠡᠳᠡᠪᠡᠯ᠂ ᠳᠠᠷᠤᠢ᠌ᠬᠠᠨ ᠳᠣᠲᠣᠭ᠋ᠠᠳᠤ ᠵᠢ ᠬᠠᠮᠠᠭ᠋ᠠᠯᠠᠬᠤ ᠪᠠᠢ᠌ᠭᠤᠯᠭ᠎ᠠ᠎ᠳᠤ ᠢᠯᠡᠴᠢᠯᠡᠨ ᠮᠡᠳᠡᠭᠦᠯᠬᠦ ᠪᠣᠯᠪᠠᠤ᠃