ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠬᠠᠣᠯᠢ᠎ᠪᠠᠷ ᠵᠠᠰᠠᠬᠤ
ᠦᠢᠯᠡᠴᠢᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠦᠢᠯᠡᠴᠢᠯᠡᠭᠡ   -   ᠲᠠᠨ᠎ᠳᠤ ᠦᠢᠯᠡᠴᠢᠯᠡᠬᠦ᠌
ᠠᠳᠠᠯ ᠠᠬᠤᠢ ᠵᠢᠨ ᠰᠦᠢ᠍ᠳᠬᠡᠯ ᠲᠤᠰᠢᠶᠠᠬᠤ ᠵᠢ ᠲᠡᠪᠴᠢᠬᠦ᠎ᠪᠠᠷ ᠠᠰᠠᠭᠤᠳᠠᠯ ᠵᠢᠡᠨ ᠰᠢᠢ᠍ᠳᠪᠦᠷᠢᠯᠡᠬᠦ᠎ᠨᠢ ᠵᠣᠬᠢᠰᠲᠠᠢ ᠤᠤ?
ᠨᠡᠶ᠋ᠢᠲᠡᠯᠡᠭᠰᠡᠨ ᠴᠠᠭ᠄ 2024-12-03

      ᠠᠮᠢᠳᠤᠷᠠᠯ ᠳᠤᠮᠳᠠ ᠠᠳᠠᠯ ᠠᠬᠤᠢ ᠵᠢᠨ ᠰᠦᠢ᠍ᠳᠬᠡᠯ ᠲᠤᠰᠢᠶᠠᠬᠤ ᠦᠭᠡᠢ᠎ᠪᠠᠷ ᠡᠷᠬᠡ ᠠᠰᠢᠭ ᠵᠢᠡᠨ ᠬᠠᠮᠠᠭ᠋ᠠᠯᠠᠬᠤ᠎ᠪᠠᠷ ᠤᠷᠤᠯᠳᠤᠳᠠᠭ ᠦᠵᠡᠭᠳᠡᠯ ᠴᠥᠭᠡᠨ ᠪᠤᠰᠤ ᠬᠠᠷᠠᠭᠳᠠᠨ᠎ᠠ᠃

      ᠵᠠᠷᠢᠮ ᠥᠮᠴᠢᠲᠡᠨ᠎ᠠᠴᠠ᠂ ᠠᠳᠠᠯ ᠠᠬᠤᠢ ᠵᠢᠨ ᠦᠢ᠍ᠯᠡᠴᠢᠯᠡᠭᠡ᠎ᠨᠢ ᠰᠠᠨᠠᠭ᠋ᠠᠨ᠎ᠳᠤ ᠬᠦᠷᠬᠦ ᠦᠭᠡᠢ ᠪᠤᠶᠤ ᠪᠠᠷᠢᠮᠵᠢᠶ᠎ᠠ᠎ᠳᠤ ᠬᠦᠷᠬᠦ ᠦᠭᠡᠢ᠂ ᠡᠰᠡᠬᠦᠯ᠎ᠡ ᠠᠳᠠᠯ ᠠᠬᠤᠢ ᠵᠢᠨ ᠺᠤᠮᠫᠠᠨᠢ᠎ᠨᠢ ᠬᠠᠷᠢᠭᠤᠴᠠᠯᠭ᠎ᠠ᠎ᠪᠠᠨ ᠠᠯᠳᠠᠭᠰᠠᠨ᠂ ᠡᠷᠬᠡ᠎ᠳᠤ ᠬᠠᠯᠳᠠᠭᠰᠠᠨ ᠠᠵᠢᠯᠯᠠᠭ᠎ᠠ᠎ᠲᠠᠢ ᠬᠡᠮᠡᠨ ᠦᠵᠡᠵᠦ᠂ ᠠᠳᠠᠯ ᠠᠬᠤᠢ ᠵᠢᠨ ᠰᠦᠢ᠍ᠳᠬᠡᠯ ᠲᠤᠰᠢᠶᠠᠬᠤ ᠦᠭᠡᠢ᠎ᠪᠠᠷ 《ᠡᠰᠡᠷᠭᠦᠴᠡᠯ》 ᠲᠠᠯᠪᠢᠵᠤ᠂ ᠬᠠᠨᠤᠮᠵᠢ ᠦᠭᠡᠢ ᠪᠠᠢ᠌ᠬᠤ᠎ᠪᠠᠨ ᠢᠯᠡᠳᠬᠡᠳᠡᠭ᠃ ᠥᠮᠴᠢᠲᠡᠨ᠎ᠠᠴᠠ ᠭᠡᠷ᠎ᠡ᠎ᠳᠤ ᠲᠣᠭᠲᠠᠭ᠋ᠠᠭᠰᠠᠨ ᠠᠳᠠᠯ ᠠᠬᠤᠢ ᠵᠢᠨ ᠰᠦᠢ᠍ᠳᠬᠡᠯ ᠲᠤᠰᠢᠶᠠᠬᠤ ᠪᠣᠯ ᠭᠡᠷ᠎ᠡ ᠵᠢᠨ ᠡᠭᠦᠷᠭᠡ ᠮᠥᠨ᠂ ᠪᠠᠰᠠ ᠴᠤ᠌ ᠬᠠᠤᠯᠢ ᠴᠠᠭ᠋ᠠᠵᠠ ᠵᠢᠨ ᠡᠭᠦᠷᠭᠡ ᠮᠥᠨ᠃ ᠠᠳᠠᠯ ᠠᠬᠤᠢ ᠵᠢᠨ ᠺᠤᠮᠫᠠᠨᠢ᠎ᠨᠢ ᠭᠡᠷ᠎ᠡ ᠶᠣᠰᠣᠭ᠋ᠠᠷ ᠦᠢ᠍ᠯᠡᠴᠢᠯᠡᠭᠡ ᠬᠠᠩᠭ᠋ᠠᠵᠤ᠂ ᠥᠮᠴᠢᠲᠡᠨ᠎ᠨᠢ ᠭᠡᠷ᠎ᠡ ᠶᠣᠰᠣᠭ᠋ᠠᠷ ᠠᠳᠠᠯ ᠠᠬᠤᠢ ᠵᠢᠨ ᠰᠦᠢ᠍ᠳᠬᠡᠯ ᠲᠤᠰᠢᠶᠠᠬᠤ᠎ᠨᠢ ᠵᠦᠢ ᠶᠣᠰᠣᠨ᠎ᠤ ᠤᠴᠢᠷ᠃ ᠭᠠᠭᠴᠠ ᠬᠦ᠌ ᠠᠳᠠᠯ ᠠᠬᠤᠢ ᠵᠢᠨ ᠺᠤᠮᠫᠠᠨᠢ᠎ᠨᠢ ᠦᠢ᠍ᠯᠡᠴᠢᠯᠡᠭᠡᠨ᠎ᠤ ᠬᠠᠷᠢᠭᠤᠴᠠᠯᠭ᠎ᠠ᠎ᠪᠠᠨ ᠭᠦᠢ᠍ᠴᠡᠳᠬᠡᠬᠦ ᠦᠭᠡᠢ ᠪᠤᠶᠤ ᠦᠢ᠍ᠯᠡᠴᠢᠯᠡᠭᠡᠨ᠎ᠤ ᠬᠠᠷᠢᠭᠤᠴᠠᠯᠭ᠎ᠠ᠎ᠪᠠᠨ ᠭᠦᠢ᠍ᠴᠡᠳᠬᠡᠬᠦ᠎ᠨᠢ ᠪᠦᠬᠦᠯᠢ ᠴᠣᠭᠴᠠ ᠳᠡᠭᠡᠷ᠎ᠡ᠎ᠪᠠᠨ ᠪᠣᠳᠠᠲᠠᠢ᠌ᠵᠢᠭᠤᠯᠤᠭᠰᠠᠨ ᠦᠭᠡᠢ᠂ ᠭᠡᠷ᠎ᠡ᠎ᠳᠤ ᠲᠣᠭᠲᠠᠭᠰᠠᠨ ᠶᠠᠰᠤ ᠴᠢᠨᠠᠷ᠎ᠤᠨ ᠱᠠᠭ᠋ᠠᠷᠳᠠᠯᠭ᠎ᠠ᠎ᠳᠤ ᠨᠡᠢ᠌ᠴᠡᠬᠦ ᠦᠭᠡᠢ᠎ᠠᠴᠠ ᠪᠣᠯᠵᠤ ᠠᠳᠠᠯ ᠠᠬᠤᠢ ᠵᠢᠨ ᠦᠢ᠍ᠯᠡᠴᠢᠯᠡᠭᠡᠨ᠎ᠤ ᠭᠡᠷ᠎ᠡ ᠵᠢᠨ ᠬᠠᠷᠠᠯᠲᠠ ᠵᠣᠷᠢᠯᠲᠠ ᠵᠢ ᠪᠡᠶᠡᠯᠡᠭᠦᠯᠵᠦ ᠳᠡᠶ᠋ᠢᠯᠭᠦ ᠦᠭᠡᠢ ᠪᠣᠯᠤᠭᠰᠠᠨ ᠪᠠᠢ᠌ᠪᠠᠯ ᠥᠮᠴᠢᠲᠡᠨ ᠰᠠᠶᠢ ᠬᠠᠤᠯᠢ ᠶᠣᠰᠣᠭ᠋ᠠᠷ ᠠᠳᠠᠯ ᠠᠬᠤᠢ ᠵᠢᠨ ᠦᠢ᠍ᠯᠡᠴᠢᠯᠡᠭᠡᠨ᠎ᠤ ᠭᠡᠷ᠎ᠡ ᠵᠢ ᠬᠦᠴᠦᠨ ᠦᠭᠡᠢ ᠪᠤᠯᠭ᠋ᠠᠬᠤ ᠵᠢᠨ ᠬᠠᠮᠲᠤ᠂ ᠠᠳᠠᠯ ᠠᠬᠤᠢ ᠵᠢᠨ ᠰᠦᠢ᠍ᠳᠬᠡᠯ ᠲᠤᠰᠢᠶᠠᠬᠤ ᠵᠢ ᠲᠡᠪᠴᠢᠬᠦ ᠡᠷᠬᠡ᠎ᠲᠠᠢ᠃ ᠬᠡᠷᠪᠡ ᠠᠳᠠᠯ ᠠᠬᠤᠢ ᠵᠢᠨ ᠦᠢ᠍ᠯᠡᠴᠢᠯᠡᠭᠡ᠎ᠨᠢ ᠪᠦᠬᠦᠯᠢ ᠴᠣᠭᠴᠠ ᠳᠡᠭᠡᠷ᠎ᠡ᠎ᠪᠠᠨ ᠪᠣᠳᠠᠲᠠᠢ᠌ᠵᠢᠵᠤ᠂ ᠪᠦᠭᠦ ᠲᠠᠯ᠎ᠠ ᠵᠢᠨ ᠴᠢᠨᠠᠷᠲᠠᠢ ᠠᠰᠠᠭᠤᠳᠠᠯ ᠣᠷᠣᠰᠢᠬᠤ ᠦᠭᠡᠢ᠂ ᠵᠥᠪᠭᠡᠨ ᠣᠨᠴᠠ ᠵᠠᠷᠢᠮ ᠭᠣᠭᠴᠣᠭ᠎ᠠ᠎ᠳᠤ ᠵᠠᠷᠢᠮ ᠵᠢᠵᠢᠭ ᠰᠠᠵᠢᠭ ᠠᠰᠠᠭᠤᠳᠠᠯ ᠣᠷᠣᠰᠢᠵᠤ ᠪᠠᠢ᠌ᠪᠠᠯ ᠥᠮᠴᠢᠲᠡᠨ᠎ᠨᠢ ᠬᠣᠶᠠᠷ ᠲᠠᠯ᠎ᠠ ᠵᠢᠨ ᠪᠣᠯᠵᠣᠨ ᠲᠣᠭᠲᠠᠭᠰᠠᠨ ᠶᠣᠰᠣᠭ᠋ᠠᠷ ᠠᠳᠠᠯ ᠠᠬᠤᠢ ᠵᠢᠨ ᠰᠦᠢ᠍ᠳᠬᠡᠯ ᠵᠢᠡᠨ ᠲᠤᠰᠢᠶᠠᠬᠤ ᠵᠢᠨ ᠬᠠᠮᠲᠤ᠂ ᠣᠨᠴᠠ ᠵᠠᠷᠢᠮ ᠠᠰᠠᠭᠤᠳᠠᠯ᠎ᠳᠤ ᠴᠢᠭᠯᠡᠭᠦᠯᠦᠨ ᠠᠳᠠᠯ ᠠᠬᠤᠢ ᠵᠢᠨ ᠺᠤᠮᠫᠠᠨᠢ᠎ᠲᠠᠢ ᠵᠥᠪᠳᠡᠯᠴᠡᠬᠦ ᠪᠤᠶᠤ ᠬᠠᠤᠯᠢ ᠶᠣᠰᠣᠭ᠋ᠠᠷ ᠡᠷᠬᠡ᠎ᠪᠠᠨ ᠬᠠᠮᠠᠭ᠋ᠠᠯᠠᠵᠤ ᠪᠣᠯᠣᠨ᠎ᠠ᠂ ᠭᠡᠪᠡᠴᠦ ᠰᠦᠢ᠍ᠳᠬᠡᠯ᠎ᠢ ᠥᠷᠢᠲᠦᠬᠦ᠂ ᠰᠦᠢ᠍ᠳᠬᠡᠯ᠎ᠢ ᠬᠣᠢ᠌ᠰᠢᠯᠠᠭᠤᠯᠬᠤ ᠵᠡᠷᠭᠡ ᠭᠡᠯᠪᠡᠷᠢ᠎ᠪᠠᠷ ᠤᠴᠢᠷ ᠶᠠᠪᠤᠳᠠᠯ᠎ᠢ ᠰᠢᠢ᠍ᠳᠪᠦᠷᠢᠯᠡᠬᠦ᠎ᠨᠢ ᠵᠣᠬᠢᠰ ᠦᠭᠡᠢ ᠪᠠᠢ᠌ᠵᠤ ᠮᠡᠳᠡᠨ᠎ᠡ᠃

      ᠠᠳᠠᠯ ᠠᠬᠤᠢ ᠵᠢᠨ ᠺᠤᠮᠫᠠᠨᠢ᠎ᠨᠢ ᠥᠮᠴᠢᠲᠡᠨ᠎ᠤ ᠬᠠᠮᠲᠤ᠎ᠪᠠᠷ ᠥᠮᠴᠢᠯᠡᠬᠦ ᠣᠷᠣᠨ ᠵᠠᠢ᠎ᠠᠴᠠ ᠡᠭᠦᠰᠦᠭᠰᠡᠨ ᠠᠰᠢᠭ ᠣᠯᠵᠠᠪᠤᠷᠢ ᠵᠢ ᠡᠵᠡᠯᠡᠨ ᠬᠡᠷᠡᠭᠯᠡᠭᠰᠡᠨ ᠵᠡᠷᠭᠡ ᠠᠳᠠᠯ ᠠᠬᠤᠢ ᠵᠢᠨ ᠦᠢ᠍ᠯᠡᠴᠢᠯᠡᠭᠡᠨ᠎ᠤ ᠠᠰᠠᠭᠤᠳᠠᠯ᠎ᠨᠢ ᠡᠷᠬᠡ᠎ᠳᠤ ᠬᠠᠯᠳᠠᠭᠰᠠᠨ ᠠᠵᠢᠯᠯᠠᠭ᠎ᠠ᠎ᠳᠤ ᠲᠣᠭ᠋ᠠᠴᠠᠭᠳᠠᠨ᠎ᠠ᠂ ᠥᠮᠴᠢᠲᠡᠨ᠎ᠨᠢ ᠡᠷᠬᠡ᠎ᠪᠠᠨ ᠬᠠᠮᠠᠭ᠋ᠠᠯᠠᠬᠤ ᠶᠠᠪᠤᠴᠠ᠎ᠳᠤ ᠲᠡᠭᠦᠨ᠎ᠢ ᠵᠦᠪᠭᠡᠨ ᠠᠳᠠᠯ ᠠᠬᠤᠢ ᠵᠢᠨ ᠰᠦᠢ᠍ᠳᠬᠡᠯ᠎ᠲᠠᠢ ᠬᠣᠯᠪᠣᠬᠤ᠎ᠨᠢ ᠭᠦᠢ᠍ᠴᠡᠳ ᠪᠤᠰᠤ ᠪᠤᠶᠤ ᠬᠠᠤᠯᠢ ᠶᠣᠰᠣᠨ᠎ᠤ ᠬᠦᠴᠦᠨ ᠦᠭᠡᠢ ᠪᠠᠢ᠌ᠵᠤ ᠮᠡᠳᠡᠨ᠎ᠡ᠂ ᠬᠠᠷᠢᠨ ᠠᠳᠠᠯ ᠠᠬᠤᠢ ᠵᠢᠨ ᠦᠢ᠍ᠯᠡᠴᠢᠯᠡᠭᠡᠨ᠎ᠤ ᠡᠷᠬᠡ᠎ᠳᠤ ᠬᠠᠯᠳᠠᠭᠰᠠᠨ ᠬᠠᠮᠢᠶ᠎ᠠ ᠪᠦᠬᠦᠢ ᠠᠵᠢᠯᠯᠠᠭ᠎ᠠ ᠵᠢᠨ ᠰᠢᠨᠵᠢ ᠴᠢᠨᠠᠷ᠎ᠢ ᠲᠣᠳᠣᠷᠬᠠᠢ ᠲᠠᠨᠢᠵᠤ᠂ ᠵᠥᠪᠳᠡᠯᠴᠡᠬᠦ᠂ ᠢᠯᠡᠴᠢᠯᠡᠨ ᠮᠡᠳᠡᠭᠦᠯᠬᠦ᠂ ᠵᠠᠭ᠋ᠠᠯᠳᠤᠬᠤ᠂ ᠬᠥᠨᠳᠡᠯᠡᠨ᠎ᠠᠴᠠ ᠲᠠᠰᠤᠯᠤᠭᠤᠯᠬᠤ ᠵᠡᠷᠭᠡ ᠬᠠᠤᠯᠢ ᠴᠠᠭ᠋ᠠᠵᠠ ᠵᠢᠨ ᠠᠷᠭ᠎ᠠ ᠪᠠᠷᠢᠯ ᠵᠶ᠋ᠠᠷ ᠳᠠᠮᠵᠢᠨ ᠡᠷᠬᠡ᠎ᠪᠠᠨ ᠬᠠᠮᠠᠭ᠋ᠠᠯᠠᠬᠤ᠎ᠨᠢ ᠨᠡᠩ ᠴᠢᠬᠤᠯᠠ᠃ ᠭᠡᠷ᠎ᠡ᠎ᠠᠴᠠ ᠵᠥᠷᠢᠴᠡᠭᠰᠡᠨ ᠠᠵᠢᠯᠯᠠᠭ᠎ᠠ ᠪᠠ ᠡᠷᠬᠡ᠎ᠳᠤ ᠬᠠᠯᠳᠠᠭᠰᠠᠨ ᠠᠵᠢᠯᠯᠠᠭ᠎ᠠ ᠵᠢᠨ ᠮᠥᠨ ᠴᠢᠨᠠᠷ᠎ᠢ ᠲᠣᠳᠣᠷᠬᠠᠢ ᠣᠢ᠌ᠯᠠᠭ᠋ᠠᠵᠤ᠂ ᠡᠷᠬᠡ ᠪᠠ ᠬᠠᠷᠢᠭᠤᠴᠠᠯᠭ᠎ᠠ ᠵᠢ ᠨᠠᠷᠢᠨ ᠰᠠᠯᠭ᠋ᠠᠵᠤ᠂ ᠲᠣᠰ ᠲᠣᠰ᠎ᠲᠤᠨᠢ ᠰᠢᠢ᠍ᠳᠪᠦᠷᠢᠯᠡᠪᠡᠯ ᠰᠠᠶᠢ ᠡᠷᠬᠡ ᠠᠰᠢᠭ ᠵᠶ᠋ᠠᠨ ᠬᠠᠤᠯᠢ ᠶᠣᠰᠣᠭ᠋ᠠᠷ ᠬᠠᠮᠠᠭ᠋ᠠᠯᠠᠵᠤ ᠴᠢᠳᠠᠬᠤ ᠮᠥᠷᠲᠡᠭᠡᠨ ᠭᠡᠷ᠎ᠡ᠎ᠠᠴᠠ ᠵᠥᠷᠢᠴᠡᠭᠰᠡᠨ ᠠᠵᠢᠯᠯᠠᠭ᠎ᠠ ᠵᠢ ᠰᠢᠢ᠍ᠳᠪᠦᠷᠢᠯᠡᠬᠦ ᠠᠷᠭ᠎ᠠ᠎ᠪᠠᠷ ᠡᠷᠬᠡ᠎ᠳᠤ ᠬᠠᠯᠳᠠᠭᠰᠠᠨ ᠠᠵᠢᠯᠯᠠᠭ᠎ᠠ ᠵᠢ ᠰᠢᠢ᠍ᠳᠪᠦᠷᠢᠯᠡᠬᠦ ᠪᠠᠢ᠌ᠳᠠᠯ ᠭᠠᠷᠬᠤ᠎ᠠᠴᠠ ᠵᠠᠢ᠌ᠯᠠᠰᠬᠢᠵᠦ ᠴᠢᠳᠠᠨ᠎ᠠ᠃

ᠢᠷᠡᠯᠲᠡ᠄ᠳᠤᠮᠳᠠᠳᠤ ᠤᠯᠤᠰ᠎ᠤᠨ ᠮᠣᠩᠭᠤᠯ ᠬᠡᠯᠡᠨ᠎ᠤ ᠰᠣᠨᠢᠨ ᠮᠡᠳᠡᠭᠡ ᠵᠢᠨ ᠰᠦᠯᠵᠢᠶ᠎ᠡ
          
ᠬᠠᠮᠢᠶ᠎ᠡ ᠪᠦᠬᠦᠢ ᠰᠣᠨᠢᠨ
 
            