ᠡᠨᠡ ᠵᠢᠯ᠎ᠠᠴᠠ ᠨᠠᠭ᠋ᠠᠰᠢ᠂ ᠡᠷᠲᠡ ᠵᠢᠨ ᠰᠤᠷᠭ᠋ᠠᠨ ᠬᠥᠮᠦᠵᠢᠯ᠂ ᠪᠡᠶ᠎ᠡ ᠴᠢᠭᠢᠷᠠᠭᠵᠢᠭᠤᠯᠬᠤ ᠵᠡᠷᠭᠡ ᠤᠷᠢᠳᠴᠢᠯᠠᠨ ᠵᠠᠷᠤᠴᠠᠭᠤᠯᠬᠤ ᠬᠡᠯᠪᠡᠷᠢ ᠵᠢᠨ ᠬᠡᠷᠡᠭᠯᠡᠭᠡᠨ᠎ᠤ ᠬᠦᠷᠢᠶᠡᠨ᠎ᠳᠤ ᠢᠯᠡᠷᠡᠭᠰᠡᠨ 《ᠠᠵᠢᠯ ᠮᠡᠷᠭᠡᠵᠢᠯ᠎ᠤᠨ ᠲᠡᠯᠭᠡᠬᠦᠷ
ᠬᠠᠭ᠋ᠠᠭᠴᠢ》 ᠵᠢᠨ ᠬᠡᠷᠡᠭᠯᠡᠭᠴᠢᠳ᠎ᠤᠨ ᠡᠷᠬᠡ ᠠᠰᠢᠭ᠎ᠲᠤ ᠬᠠᠯᠳᠠᠭᠰᠠᠨ ᠠᠰᠠᠭᠤᠳᠠᠯ ᠨᠡᠢ᠌ᠭᠡᠮ ᠨᠡᠶ᠋ᠢᠲᠡ ᠵᠢᠨ ᠠᠩᠬᠠᠷᠤᠯ᠎ᠢ ᠲᠠᠲᠠᠪᠠ᠃ ᠣᠢ᠌ᠷ᠎ᠠ ᠵᠢᠨ ᠡᠳᠦᠷ ᠳᠤᠮᠳᠠᠳᠤ ᠤᠯᠤᠰ᠎ᠤᠨ ᠬᠡᠷᠡᠭᠯᠡᠭᠴᠢᠳ᠎ᠤᠨ ᠨᠡᠢ᠌ᠭᠡᠮᠯᠢᠭ ᠬᠡᠷᠡᠭᠯᠡᠭᠡ ᠵᠢᠨ ᠰᠠᠨᠠᠭᠤᠯᠤᠮᠵᠢ ᠨᠡᠢ᠌ᠲᠡᠯᠡᠵᠦ᠂ ᠤᠷᠢᠳᠴᠢᠯᠠᠨ ᠵᠠᠷᠤᠴᠠᠭᠤᠯᠬᠤ ᠬᠡᠯᠪᠡᠷᠢ ᠵᠢᠨ ᠬᠡᠷᠡᠭᠯᠡᠭᠡ ᠵᠢ ᠪᠣᠯᠭᠣᠮᠵᠢᠲᠠᠢ ᠲᠣᠭᠲᠠᠭ᠋ᠠᠵᠤ᠂ ᠴᠢᠳᠠᠯ᠎ᠤᠨ ᠵᠶ᠋ᠠᠨ ᠬᠢᠷᠢ᠎ᠪᠠᠷ ᠬᠢᠵᠦ᠂ ᠡᠷᠬᠡᠪᠰᠢ ᠪᠢᠴᠢᠭ᠎ᠤᠨ ᠭᠡᠷ᠎ᠡ ᠲᠣᠭᠲᠠᠬᠤ ᠬᠡᠷᠡᠭᠲᠡᠢ᠂ ᠲᠡᠯᠭᠡᠬᠦᠷ ᠵᠶ᠋ᠡᠨ ᠬᠠᠭ᠋ᠠᠬᠤ ᠠᠵᠢᠯᠯᠠᠭ᠎ᠠ᠎ᠳᠤ ᠤᠷᠢᠳ ᠵᠶ᠋ᠠᠷ ᠭᠡᠷᠡᠴᠢ ᠦᠯᠡᠳᠡᠭᠡᠵᠦ ᠵᠠᠭ᠋ᠠᠯᠳᠤᠬᠤ ᠬᠡᠷᠡᠭᠲᠡᠢ ᠭᠡᠵᠦ ᠥᠷᠭᠡᠨ ᠣᠯᠠᠨ ᠬᠡᠷᠡᠭᠯᠡᠭᠴᠢᠳ᠎ᠲᠤ ᠰᠠᠨᠠᠭᠤᠯᠵᠤ ᠪᠠᠢ᠌ᠨ᠎ᠠ᠃
ᠳᠤᠮᠳᠠᠳᠤ ᠤᠯᠤᠰ᠎ᠤᠨ ᠬᠡᠷᠡᠭᠯᠡᠭᠴᠢᠳ᠎ᠤᠨ ᠨᠡᠢ᠌ᠭᠡᠮᠯᠢᠭ᠎ᠤᠨ ᠬᠣᠯᠪᠣᠭᠳᠠᠯ ᠪᠦᠬᠦᠢ ᠬᠠᠷᠢᠭᠤᠴᠠᠯᠭ᠋ᠠᠲᠠᠨ᠎ᠤ ᠲᠠᠨᠢᠯᠴᠠᠭᠤᠯᠤᠭᠰᠠᠨ ᠵᠶ᠋ᠠᠷ᠂ ᠠᠵᠢᠯ ᠮᠡᠷᠭᠡᠵᠢᠯ᠎ᠤᠨ ᠲᠡᠯᠭᠡᠬᠦᠷ ᠬᠠᠭ᠋ᠠᠭᠴᠢ ᠭᠡᠳᠡᠭ᠎ᠨᠢ ᠡᠵᠡᠩᠨᠡᠯᠲᠡ ᠮᠠᠭᠤ᠂ ᠢᠯᠠᠩᠭᠤᠶ᠎ᠠ ᠤᠷᠢᠳᠴᠢᠯᠠᠨ ᠵᠠᠷᠤᠳᠠᠯ ᠲᠤᠰᠢᠶᠠᠬᠤ ᠡᠵᠡᠩᠨᠡᠯᠲᠡ ᠵᠢᠨ ᠵᠠᠭᠪᠤᠷ᠎ᠢ ᠬᠡᠷᠡᠭᠯᠡᠵᠦ ᠪᠠᠢ᠌ᠭ᠎ᠠ ᠡᠵᠡᠩᠨᠡᠭᠴᠢ᠎ᠳᠤ᠂ ᠲᠡᠯᠭᠡᠬᠦᠷ ᠬᠠᠭ᠋ᠠᠬᠤ ᠲᠥᠰᠥᠯ᠎ᠢ ᠤᠬᠠᠭ᠋ᠠᠯᠠᠨ ᠰᠡᠳᠦᠵᠦ᠂ ᠲᠡᠯᠭᠡᠬᠦᠷ ᠬᠠᠭ᠋ᠠᠬᠤ ᠠᠵᠢᠯᠯᠠᠭ᠎ᠠ ᠶᠠᠪᠤᠭᠤᠯᠬᠤ ᠵᠢᠨ ᠬᠠᠮᠲᠤ
ᠡᠵᠡᠩᠨᠡᠭᠴᠢ ᠵᠢᠨ ᠦᠯᠡᠳᠡᠭᠡᠭᠰᠡᠨ ᠡᠷᠬᠡ᠎ᠪᠠᠨ ᠬᠠᠮᠠᠭ᠋ᠠᠯᠠᠬᠤ ᠵᠢᠭᠤᠷᠠᠯᠳᠤᠭ᠋ᠠᠨ᠎ᠢ ᠰᠢᠢ᠍ᠳᠪᠦᠷᠢᠯᠡᠳᠡᠭ ᠬᠠᠮᠲᠤᠯᠢᠭ᠎ᠢ ᠵᠢᠭ᠋ᠠᠵᠤ ᠪᠠᠢ᠌ᠨ᠎ᠠ᠃
ᠠᠵᠢᠯ ᠮᠡᠷᠭᠡᠵᠢᠯ᠎ᠤᠨ ᠲᠡᠯᠭᠡᠬᠦᠷ ᠬᠠᠭ᠋ᠠᠭᠴᠢ ᠵᠢᠨ ᠶᠡᠷᠦᠳᠡ ᠵᠢᠨ ᠬᠢᠳᠡᠯ ᠪᠣᠯ ᠡᠵᠡᠩᠨᠡᠯᠲᠡ᠎ᠨᠢ ᠮᠠᠭᠤ ᠪᠠᠢ᠌ᠵᠤ ᠤᠳᠠᠯ ᠦᠭᠡᠢ ᠡᠭᠦᠳᠡ᠎ᠪᠠᠨ ᠬᠠᠭ᠋ᠠᠬᠤ᠎ᠪᠠᠨ ᠲᠣᠳᠣᠷᠬᠠᠢ ᠮᠡᠳᠡᠵᠦ ᠪᠠᠢ᠌ᠭ᠋ᠠᠳ ᠡᠵᠡᠩᠨᠡᠭᠴᠢᠳ᠎ᠲᠠᠢ ᠬᠣᠯᠪᠤᠭ᠋ᠠᠯᠠᠨ ᠬᠢᠮᠳᠠ ᠦᠨ᠎ᠡ᠎ᠪᠠᠷ ᠪᠣᠷᠤᠯᠠᠭᠤᠯᠭ᠎ᠠ ᠵᠢ ᠠᠬᠢᠭᠤᠯᠵᠤ᠂ ᠨᠠᠩ ᠣᠯᠠᠨ ᠤᠷᠢᠳᠴᠢᠯᠠᠨ ᠵᠠᠷᠤᠴᠠᠭᠤᠯᠤᠭᠰᠠᠨ ᠪᠡᠯᠡ ᠮᠥᠩᠭᠥ ᠵᠢ ᠰᠢᠩᠭᠡᠬᠡᠨ ᠠᠪᠴᠤ ᠰᠢᠯᠵᠢᠭᠦᠯᠦᠨ ᠬᠡᠷᠡᠭᠯᠡᠨ᠎ᠡ; ᠲᠠᠬᠢᠭ᠋ᠠᠳ ᠤᠤᠯ᠎ᠤᠨ ᠬᠠᠤᠯᠢ᠎ᠪᠠᠷ ᠲᠣᠭᠲᠠᠭ᠋ᠠᠭᠰᠠᠨ ᠲᠥᠯᠥᠭᠡᠯᠡᠭᠴᠢ ᠵᠢ ᠪᠤᠰᠤᠳ ᠪᠣᠳᠠᠲᠠᠢ ᠥᠷᠢ ᠲᠥᠯᠥᠬᠦ ᠴᠢᠳᠠᠪᠤᠷᠢ ᠦᠭᠡᠢ ᠬᠥᠮᠥᠨ ᠵᠶ᠋ᠡᠷ ᠰᠤᠯᠢᠨ᠂ ᠤᠤᠯ᠎ᠤᠨ ᠬᠠᠤᠯᠢ᠎ᠪᠠᠷ ᠲᠣᠭᠲᠠᠭ᠋ᠠᠭᠰᠠᠨ ᠲᠥᠯᠥᠭᠡᠯᠡᠭᠴᠢ᠎ᠪᠠᠷ 《ᠪᠡᠯᠡᠨ ᠵᠣᠭᠣᠰ᠎ᠢ ᠮᠡᠬᠡᠯᠡᠨ ᠠᠪᠠᠴᠢᠭᠤᠯᠵᠤ》᠂ ᠤᠤᠯ᠎ᠤᠨ ᠬᠠᠤᠯᠢ ᠴᠠᠭ᠋ᠠᠵᠠ ᠵᠢᠨ ᠬᠠᠷᠢᠴᠠᠭ᠎ᠠ᠎ᠠᠴᠠ᠎ᠨᠢ ᠰᠠᠯᠭ᠋ᠠᠨᠠ; ᠬᠠᠮᠤᠭ ᠰᠡᠭᠦᠯ᠎ᠳᠤ ᠨᠢᠭᠡ ᠯᠡ ᠰᠥᠨᠢ ᠵᠢᠨ ᠬᠣᠭᠣᠷᠣᠨᠳᠤ ᠡᠭᠦᠳᠡ᠎ᠪᠠᠨ ᠬᠠᠭ᠋ᠠᠵᠤ᠂ ᠤᠤᠯ᠎ᠤᠨ ᠡᠵᠡᠩᠨᠡᠭᠴᠢ ᠬᠣᠯᠪᠣᠭ᠎ᠠ ᠲᠠᠰᠤᠷᠠᠭ᠋ᠠᠳ ᠬᠠᠷᠠᠭᠳᠠᠬᠤ ᠦᠭᠡᠢ ᠪᠣᠯᠵᠤ᠂ ᠠᠵᠢᠯ ᠮᠡᠷᠭᠡᠵᠢᠯ᠎ᠤᠨ ᠲᠡᠯᠭᠡᠬᠦᠷ ᠬᠠᠭ᠋ᠠᠭᠴᠢᠠᠴᠠ ᠬᠡᠷᠡᠭᠯᠡᠭᠡᠨ᠎ᠤ ᠵᠠᠭ᠋ᠠᠯᠳᠤᠯᠭ᠎ᠠ᠂ ᠡᠯ᠎ᠡ ᠵᠦᠢ᠍ᠯ᠎ᠤᠨ ᠵᠠᠭ᠋ᠠᠯᠳᠤᠯᠭ᠎ᠠ ᠵᠡᠷᠭᠡ ᠤᠴᠢᠷ ᠶᠠᠪᠤᠳᠠᠯ᠎ᠢ ᠬᠦᠯᠢᠶᠡᠨ ᠠᠪᠴᠤ ᠰᠢᠢ᠍ᠳᠪᠦᠷᠢᠯᠡᠳᠡᠭ᠃ ᠠᠵᠢᠯ ᠮᠡᠷᠭᠡᠵᠢᠯ᠎ᠤᠨ ᠲᠡᠯᠭᠡᠬᠦᠷ ᠬᠠᠭ᠋ᠠᠬᠤ
ᠠᠵᠢᠯᠯᠠᠭ᠎ᠠ᠎ᠨᠢ ᠣᠯᠠᠩᠬᠢ᠎ᠳᠠᠭᠠᠨ ᠤᠷᠢᠳᠴᠢᠯᠠᠨ ᠵᠠᠷᠤᠴᠠᠭᠤᠯᠬᠤ ᠬᠡᠯᠪᠡᠷᠢ ᠵᠢᠨ ᠬᠡᠷᠡᠭᠯᠡᠭᠡᠨ᠎ᠤ ᠬᠦᠷᠢᠶᠡᠨ᠎ᠳᠤ ᠡᠭᠦᠰᠳᠡᠭ᠂ ᠡᠭᠦᠨ᠎ᠤ ᠵᠣᠷᠢᠯᠭ᠎ᠠ᠎ᠨᠢ ᠡᠵᠡᠩᠨᠡᠭᠴᠢᠳ᠎ᠢ ᠬᠠᠪᠰᠤᠷᠤᠨ ᠤᠷᠢᠳᠴᠢᠯᠠᠨ ᠵᠠᠷᠤᠴᠠᠭᠤᠯᠤᠭᠰᠠᠨ ᠬᠡᠷᠡᠭᠯᠡᠭᠡᠨ᠎ᠤ ᠪᠡᠯᠡ ᠮᠥᠩᠭᠥ ᠵᠢ ᠮᠡᠬᠡᠯᠡᠨ ᠠᠪᠠᠴᠢᠭᠤᠯᠵᠤ᠂ ᠬᠠᠤᠯᠢ ᠵᠢᠨ ᠬᠠᠷᠢᠭᠤᠴᠠᠯᠭ᠎ᠠ᠎ᠠᠴᠠ ᠵᠠᠢ᠌ᠯᠠᠭᠤᠯᠤᠨ᠂ ᠡᠵᠡᠩᠨᠡᠭᠴᠢ ᠵᠢᠨ ᠬᠠᠷᠢᠭᠤᠴᠠᠯᠭ᠎ᠠ ᠡᠭᠦᠷᠭᠡᠯᠡᠬᠦ ᠥᠪᠡᠷ᠎ᠤᠨ ᠥᠷᠲᠡᠭ ᠪᠠ ᠠᠶᠤᠯ ᠲᠦᠭᠰᠢᠭᠦᠷᠢ ᠵᠢ ᠪᠠᠭ᠋ᠠᠰᠬᠠᠬᠤ ᠵᠢᠨ ᠲᠥᠯᠥᠭᠡ ᠶᠤᠮ᠃
ᠳᠤᠮᠳᠠᠳᠤ ᠤᠯᠤᠰ᠎ᠤᠨ ᠬᠡᠷᠡᠭᠯᠡᠭᠴᠢᠳ᠎ᠤᠨ ᠨᠡᠢ᠌ᠭᠡᠮᠯᠢᠭ᠎ᠠᠴᠠ᠂ ᠬᠡᠷᠡᠭᠯᠡᠭᠴᠢᠳ ᠪᠣᠷᠤᠯᠠᠭᠤᠯᠭ᠎ᠠ ᠵᠢ ᠠᠬᠢᠭᠤᠯᠬᠤ᠂ ᠢᠯᠠᠩᠭᠤᠶ᠎ᠠ ᠤᠷᠢᠳᠴᠢᠯᠠᠨ ᠵᠠᠷᠤᠴᠠᠭᠤᠯᠬᠤ ᠬᠡᠯᠪᠡᠷᠢ ᠵᠢᠨ ᠬᠡᠷᠡᠭᠯᠡᠭᠡ ᠵᠢᠨ ᠪᠣᠷᠤᠯᠠᠭᠤᠯᠭ᠎ᠠ ᠵᠢ ᠠᠬᠢᠭᠤᠯᠬᠤ ᠲᠠᠯ᠎ᠠ᠎ᠪᠠᠷ ᠰᠡᠷᠭᠡᠭ ᠪᠠᠢ᠌ᠬᠤ ᠬᠡᠷᠡᠭᠲᠡᠢ᠃ ᠤᠷᠢᠳ ᠵᠶ᠋ᠠᠷ ᠬᠡᠷᠡᠭᠯᠡᠭᠡᠨ᠎ᠤ ᠬᠦᠰᠡᠯ ᠪᠠ ᠪᠣᠳᠠᠲᠠᠢ ᠬᠡᠷᠡᠭᠯᠡᠭᠡᠨ᠎ᠤ ᠴᠢᠳᠠᠪᠤᠷᠢ᠎ᠪᠠᠨ ᠦᠨᠡᠯᠡᠨ ᠵᠢᠱ᠌ᠢᠵᠦ᠂ ᠳᠠᠷᠠᠭ᠎ᠠ᠎ᠨᠢ ᠬᠤᠳᠠᠯᠳᠤᠭ᠋ᠠᠴᠢᠨ᠎ᠤ ᠢᠲᠡᠭᠡᠯ ᠬᠦᠨᠳᠦ᠂ ᠲᠠᠸᠠᠷ᠎ᠤᠨ ᠦᠢ᠍ᠯᠡᠴᠢᠯᠡᠭᠡᠨ᠎ᠤ ᠶᠠᠰᠤ ᠴᠢᠨᠠᠷ ᠵᠡᠷᠭᠡ ᠵᠢ ᠤᠶᠠᠯᠳᠤᠭᠤᠯᠤᠨ ᠬᠠᠷᠢᠴᠠᠭᠤᠯᠵᠤ᠂ ᠪᠣᠯᠭᠣᠮᠵᠢᠲᠠᠢ ᠰᠢᠢ᠍ᠳᠪᠦᠷᠢ ᠭᠠᠷᠭ᠋ᠠᠵᠤ᠂ ᠬᠢᠮᠳᠠᠷᠠᠯᠢ ᠬᠥᠭᠡᠭᠡᠴᠡᠯᠳᠦᠬᠦ᠎ᠠᠴᠠ ᠪᠣᠯᠵᠤ ᠴᠦᠯᠲᠦ ᠮᠥᠯᠲᠥ ᠵᠠᠷᠤᠴᠠᠭᠤᠯᠵᠤ ᠪᠣᠯᠬᠤ ᠦᠭᠡᠢ ᠭᠡᠵᠦ ᠰᠠᠨᠠᠭᠤᠯᠵᠤ ᠪᠤᠢ᠃
ᠬᠡᠷᠡᠭᠯᠡᠭᠴᠢᠳ᠎ᠲᠤ ᠰᠠᠨᠠᠭᠤᠯᠬᠤ᠎ᠨᠢ᠂ ᠡᠵᠡᠩᠨᠡᠭᠴᠢ ᠵᠢ ᠱᠠᠭ᠋ᠠᠷᠳᠠᠵᠤ᠂ ᠬᠡᠷᠡᠭᠯᠡᠭᠴᠢᠳ᠎ᠤᠨ ᠡᠷᠬᠡ ᠠᠰᠢᠭ᠎ᠢ ᠬᠠᠮᠠᠭ᠋ᠠᠯᠠᠬᠤ ᠬᠠᠤᠯᠢ ᠵᠢ ᠬᠡᠷᠡᠭᠵᠢᠭᠦᠯᠬᠦ ᠳᠦᠷᠢᠮ᠎ᠤᠨ ᠲᠣᠭᠲᠠᠭ᠋ᠠᠯ ᠶᠣᠰᠣᠭ᠋ᠠᠷ ᠪᠢᠴᠢᠭ᠎ᠤᠨ ᠭᠡᠷ᠎ᠡ ᠬᠠᠩᠭ᠋ᠠᠵᠤ᠂ ᠲᠠᠸᠠᠷ᠎ᠤᠨ ᠦᠢ᠍ᠯᠡᠴᠢᠯᠡᠭᠡᠨ᠎ᠤ ᠪᠣᠳᠠᠲᠠᠢ ᠠᠭᠤᠯᠭ᠎ᠠ᠂ ᠦᠨ᠎ᠡ ᠮᠥᠩᠭᠥ ᠵᠢᠨ ᠵᠠᠷᠤᠳᠠᠯ᠂ ᠤᠷᠢᠳᠴᠢᠯᠠᠨ ᠥᠭᠭᠦᠭᠰᠡᠨ ᠵᠣᠭᠣᠰ᠎ᠢ ᠪᠤᠴᠠᠭ᠋ᠠᠬᠤ ᠬᠡᠯᠪᠡᠷᠢ᠂ ᠭᠡᠷ᠎ᠡ᠎ᠠᠴᠠ ᠵᠥᠷᠢᠴᠡᠭᠰᠡᠨ ᠬᠠᠷᠢᠭᠤᠴᠠᠯᠭ᠎ᠠ ᠵᠡᠷᠭᠡ ᠭᠡᠷ᠎ᠡ ᠵᠢᠨ ᠭᠣᠣᠯ ᠵᠦᠢ᠍ᠯ ᠵᠤᠷᠪᠤᠰ᠎ᠢ ᠨᠠᠷᠢᠨ ᠨᠢᠮᠪᠠᠢ ᠬᠢᠨᠠᠨ ᠦᠵᠡᠵᠦ᠂ ᠠᠯᠢ ᠴᠢᠳᠠᠬᠤ᠎ᠪᠠᠷ ᠨᠢᠭᠡ ᠯᠡ ᠤᠳᠠᠭ᠎ᠠ ᠵᠢᠨ ᠴᠢᠨᠠᠷᠲᠠᠢ᠎ᠪᠠᠷ ᠶᠡᠬᠡ ᠲᠣᠭ᠎ᠠ᠎ᠪᠠᠷ ᠵᠣᠭᠣᠰ ᠨᠡᠮᠡᠬᠦ ᠦᠭᠡᠢ ᠪᠠᠢ᠌ᠵᠤ᠂ ᠫᠢᠶᠣᠣ᠂ ᠪᠠᠷᠢᠮᠲᠠ᠂ ᠡᠵᠡᠩᠨᠡᠭᠴᠢᠳ᠎ᠲᠠᠢ ᠨᠡᠪᠲᠡᠷᠡᠯᠴᠡᠭᠰᠡᠨ ᠲᠡᠮᠳᠡᠭᠯᠡᠯ ᠵᠡᠷᠭᠡ ᠭᠡᠷᠡᠴᠢ ᠪᠠᠷᠢᠮᠲᠠ ᠵᠢ ᠰᠠᠢ᠌ᠲᠤᠷ ᠬᠠᠳᠠᠭ᠋ᠠᠯᠠᠬᠤ ᠬᠡᠷᠡᠭᠲᠡᠢ᠃
ᠬᠡᠷᠪᠡ ᠬᠤᠳᠠᠯᠳᠤᠭ᠋ᠠᠴᠢᠨ ᠡᠭᠦᠳᠡ᠎ᠪᠠᠨ ᠬᠠᠭ᠋ᠠᠭᠰᠠᠨ᠂ ᠳᠤᠲᠠᠭ᠋ᠠᠭᠰᠠᠨ᠂ ᠬᠣᠯᠪᠣᠭ᠎ᠠ ᠲᠠᠰᠤᠷᠠᠭᠰᠠᠨ ᠪᠥᠭᠡᠳ ᠠᠵᠢᠯ ᠮᠡᠷᠭᠡᠵᠢᠯ᠎ᠤᠨ ᠲᠡᠯᠭᠡᠬᠦᠷ ᠵᠶ᠋ᠠᠨ ᠬᠠᠭ᠋ᠠᠭᠰᠠᠨ ᠠᠵᠢᠯᠯᠠᠭ᠎ᠠ ᠵᠢᠨ ᠪᠠᠢ᠌ᠳᠠᠯ᠎ᠲᠠᠢ ᠪᠠᠢ᠌ᠪᠠᠯ᠂ ᠬᠡᠷᠡᠭᠯᠡᠭᠴᠢᠳ ᠬᠣᠯᠪᠣᠭᠳᠠᠯ ᠪᠦᠬᠦᠢ ᠭᠡᠷᠡᠴᠢ ᠪᠠᠷᠢᠮᠲᠠ ᠴᠤᠭᠯᠠᠭᠤᠯᠵᠤ᠂ ᠲᠤᠬᠠᠢ ᠵᠢᠨ ᠭᠠᠵᠠᠷ᠎ᠤᠨ ᠬᠡᠷᠡᠭᠯᠡᠭᠴᠢᠳ᠎ᠤᠨ ᠨᠡᠢ᠌ᠭᠡᠮᠯᠢᠭ᠎ᠤᠨ ᠵᠣᠬᠢᠶᠠᠨ ᠪᠠᠢ᠌ᠭᠤᠯᠤᠯᠲᠠ ᠪᠤᠶᠤ ᠬᠣᠯᠪᠣᠭᠳᠠᠯ ᠪᠦᠬᠦᠢ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠲᠤ ᠵᠠᠭ᠋ᠠᠯᠳᠤᠬᠤ ᠵᠢ ᠰᠠᠨᠠᠭᠤᠯᠤᠶ᠎ᠠ᠃ ᠬᠡᠷᠪᠡ ᠬᠤᠳᠠᠯᠳᠤᠭ᠋ᠠᠴᠢᠨ ᠡᠭᠦᠳᠡ᠎ᠪᠠᠨ ᠬᠠᠭ᠋ᠠᠬᠤ᠎ᠠᠴᠠ ᠡᠮᠦᠨ᠎ᠡ ᠬᠤᠤᠪᠢᠯᠳᠤᠭᠠᠲᠠᠢᠪᠠᠷ ᠪᠣᠷᠤᠯᠠᠭᠤᠯᠭ᠎ᠠ ᠵᠢ ᠠᠬᠢᠭᠤᠯᠵᠤ ᠵᠣᠭᠣᠰ᠎ᠢ ᠮᠡᠬᠡᠯᠡᠨ ᠠᠪᠤᠭᠰᠠᠨ ᠰᠡᠵᠢᠭᠯᠡᠯ᠎ᠲᠠᠢ ᠪᠠᠢ᠌ᠪᠠᠯ᠂ ᠴᠠᠭ ᠲᠤᠬᠠᠢᠳᠤᠨᠢ ᠳᠣᠲᠣᠭ᠋ᠠᠳᠤ ᠵᠢ ᠬᠠᠮᠠᠭ᠋ᠠᠯᠠᠬᠤ ᠪᠠᠢ᠌ᠭᠤᠯᠭ᠎ᠠ᠎ᠳᠤ ᠪᠠᠢ᠌ᠳᠠᠯ᠎ᠢ ᠲᠤᠰᠬᠠᠬᠤ ᠬᠡᠷᠡᠭᠲᠡᠢ᠃ ᠴᠢᠬᠤᠯᠠᠲᠠᠢ ᠦᠶ᠎ᠡ᠎ᠳᠤ ᠬᠡᠷᠡᠭᠯᠡᠭᠴᠢᠳ ᠪᠠᠰᠠ ᠠᠷᠠᠳ᠎ᠤᠨ ᠰᠢᠭᠦᠬᠦ ᠬᠣᠷᠢᠶᠠᠨ᠎ᠳᠤ ᠵᠠᠭ᠋ᠠᠯᠳᠤᠵᠤ᠂ ᠥᠪᠡᠷ᠎ᠤᠨ ᠡᠷᠬᠡ ᠠᠰᠢᠭ ᠵᠶ᠋ᠠᠨ ᠬᠠᠤᠯᠢ ᠶᠣᠰᠣᠭ᠋ᠠᠷ ᠬᠠᠮᠠᠭ᠋ᠠᠯᠠᠵᠤ ᠪᠣᠯᠣᠨ᠎ᠠ᠃