ᠲᠦᠷᠦᠭᠦᠬᠡᠨ ᠸᠠᠩ ᠠᠪᠠᠬᠠᠢ ᠨᠢᠭᠡᠨ ᠠᠵᠢᠯᠲᠠᠨ ᠡᠯᠰᠡᠬᠦ ᠰᠦᠯᠵᠢᠶᠡᠨ᠎ᠤ ᠲᠠᠪᠴᠠᠩ ᠳᠡᠭᠡᠷ᠎ᠡ ᠲᠣᠪᠴᠢ
ᠨᠠᠮᠲᠠᠷ ᠵᠢᠡᠨ ᠲᠤᠰᠢᠶᠠᠭᠰᠠᠨ᠎ᠤ ᠲᠠᠷᠠᠭ᠎ᠠ᠂ ᠨᠢᠭᠡᠨ ᠺᠤᠮᠫᠠᠨᠢ ᠵᠢᠨ ᠦᠢ᠍ᠯᠡᠴᠢᠯᠡᠭᠴᠢ ᠬᠡᠮᠡᠭᠰᠡᠨ ᠬᠥᠮᠥᠨ᠎ᠤ ᠤᠲᠠᠰᠤ ᠵᠢ ᠲᠤᠰᠪᠠ᠃ ᠤᠲᠠᠰᠤᠨ ᠳᠡᠭᠡᠷ᠎ᠡ᠂ ᠦᠢ᠍ᠯᠡᠴᠢᠯᠡᠭᠴᠢ᠎ᠠᠴᠠ ᠸᠠᠩ ᠠᠪᠠᠬᠠᠢ᠎ᠳᠤ᠂ ᠰᠦᠯᠵᠢᠶᠡᠨ᠎ᠤ ᠨᠡᠪᠲᠡᠷᠡᠭᠦᠯᠦᠭᠴᠢ᠎ᠳᠤ ᠱᠠᠩᠨᠠᠯ ᠥᠭᠪᠡᠯ ᠬᠠᠷᠢᠭᠤ ᠣᠯᠭᠣᠮᠵᠢ ᠥᠭᠭᠦᠨ᠎ᠡ ᠭᠡᠪᠡ᠃ ᠲᠤᠷᠰᠢᠵᠤ ᠦᠵᠡᠶ᠎ᠡ ᠭᠡᠰᠡᠨ ᠪᠤᠳᠤᠯ ᠵᠢᠡᠷ ᠸᠠᠩ ᠠᠪᠠᠬᠠᠢ ᠨᠦᠭᠦᠭᠡ ᠡᠲᠡᠭᠡᠳ᠎ᠤᠨ ᠵᠢᠡᠨ ᠱᠠᠭ᠋ᠠᠷᠳᠠᠯᠭ᠎ᠠ᠎ᠪᠠᠷ ᠨᠢᠭᠡᠨ ᠵᠣᠭᠣᠭᠳᠠᠬᠤ ᠵᠥᠭᠡᠯᠡᠨ ᠲᠤᠨ᠎ᠤ᠎ᠬᠢ ᠪᠠᠭᠤᠯᠭ᠋ᠠᠨ ᠤᠭᠰᠠᠷᠠᠪᠠ᠃
ᠲᠠᠷᠠᠭ᠎ᠠ᠎ᠨᠢ᠂ ᠸᠠᠩ ᠠᠪᠠᠬᠠᠢ ᠦᠢ᠍ᠯᠡᠴᠢᠯᠡᠭᠴᠢ ᠵᠢᠨ ᠵᠢᠯᠣᠭᠣᠳᠤᠯᠭ᠎ᠠ᠎ᠪᠠᠷ᠂ ᠰᠦᠯᠵᠢᠶᠡᠨ᠎ᠤ
ᠨᠡᠪᠲᠡᠷᠡᠭᠦᠯᠦᠭᠴᠢ᠎ᠳᠤ ᠪᠢᠯᠧᠲ ᠥᠭᠴᠦ᠂ ᠳᠠᠷᠠᠭ᠋ᠠᠯᠠᠨ ᠬᠡᠳᠦᠨ ᠡᠭᠦᠷᠭᠡ ᠵᠢ ᠪᠡᠶᠡᠯᠡᠭᠦᠯᠦᠭᠰᠡᠨ᠎ᠤ ᠲᠠᠷᠠᠭ᠎ᠠ᠂ ᠲᠡᠷᠡ ᠬᠠᠷᠢᠭᠤ ᠣᠯᠭᠣᠮᠵᠢ ᠣᠯᠵᠠᠢ᠃ ᠶᠠᠭ ᠡᠨᠡ ᠦᠶ᠎ᠡ᠎ᠳᠤ᠂ ᠦᠢ᠍ᠯᠡᠴᠢᠯᠡᠭᠴᠢ᠎ᠠᠴᠠ ᠸᠠᠩ ᠠᠪᠠᠬᠠᠢ᠎ᠳᠤ᠂ 《ᠣᠷᠣᠯᠠᠨ ᠥᠭᠬᠦ ᠬᠥᠷᠥᠩᠭᠡ ᠥᠭᠪᠡᠯ ᠨᠡᠩ ᠶᠡᠬᠡ ᠠᠰᠢᠭ ᠣᠯᠵᠤ ᠪᠣᠯᠣᠨ᠎ᠠ》 ᠭᠡᠪᠡ᠃ ᠸᠠᠩ ᠠᠪᠠᠬᠠᠢ ᠤᠯᠠᠨ ᠶᠠᠭᠤᠮ᠎ᠠ ᠪᠤᠳᠤᠯ ᠦᠭᠡᠢ᠎ᠪᠠᠷ ᠨᠦᠭᠦᠭᠡ ᠡᠲᠡᠭᠡᠳ᠎ᠤᠨ ᠵᠢᠡᠨ ᠱᠠᠭ᠋ᠠᠷᠳᠠᠯᠭ᠎ᠠ᠎ᠪᠠᠷ 10 ᠲᠦᠮᠡᠨ ᠲᠥᠭᠥᠷᠢᠭ ᠪᠡᠯᠡᠳᠬᠡᠨ ᠬᠦᠷᠭᠡᠬᠦ᠎ᠪᠠᠷ ᠪᠣᠯᠪᠠ᠃
ᠡᠨᠡ ᠦᠶ᠎ᠡ᠎ᠳᠤ ᠴᠠᠭᠳᠠᠭ᠎ᠠ ᠨᠠᠷ᠎ᠠᠴᠠ ᠰᠦᠯᠵᠢᠶᠡᠨ᠎ᠤ ᠮᠡᠬᠡᠯᠡᠯ᠎ᠢ ᠡᠰᠡᠷᠭᠦᠴᠡᠬᠦ ᠰᠦᠪᠡᠭᠴᠢ ᠵᠢ ᠦᠨᠳᠦᠰᠦᠯᠡᠨ ᠸᠠᠩ ᠠᠪᠠᠬᠠᠢ ᠵᠢᠨ ᠪᠠᠢ᠌ᠳᠠᠯ᠎ᠢ ᠮᠡᠳᠡᠵᠦ᠂ ᠤᠯᠠᠨ ᠭᠠᠵᠠᠷ᠎ᠤᠨ ᠳᠣᠲᠣᠭ᠋ᠠᠳᠤ ᠵᠢ ᠬᠠᠮᠠᠭ᠋ᠠᠯᠠᠬᠤ ᠪᠠᠢ᠌ᠭᠤᠯᠭ᠎ᠠ ᠵᠢᠨ ᠬᠠᠮᠵᠢᠯᠴᠠᠭ᠎ᠠ᠎ᠪᠠᠷ᠂ ᠴᠠᠭᠳᠠᠭ᠎ᠠ ᠨᠠᠷ ᠸᠠᠩ ᠠᠪᠠᠬᠠᠢ᠎ᠲᠠᠢ ᠬᠠᠷᠢᠯᠴᠠᠵᠤ᠂ ᠨᠠᠷᠢᠨ ᠪᠠᠢ᠌ᠳᠠᠯ᠎ᠢ ᠮᠡᠳᠡᠭᠦᠯᠬᠦ᠎ᠪᠠᠷ ᠳᠠᠮᠵᠢᠨ᠂ ᠸᠠᠩ ᠠᠪᠠᠬᠠᠢ ᠥᠪᠡᠷ᠎ᠤᠨ ᠮᠡᠬᠡᠯᠡᠭᠳᠡᠭᠰᠡᠨ ᠵᠢᠡᠨ ᠣᠯᠵᠤ ᠮᠡᠳᠡᠵᠡᠢ᠃
ᠴᠠᠭᠳᠠᠭ᠎ᠠ ᠨᠠᠷ᠎ᠤᠨ ᠬᠠᠮᠵᠢᠯᠴᠠᠭ᠎ᠠ᠎ᠪᠠᠷ ᠸᠠᠩ ᠠᠪᠠᠬᠠᠢ ᠮᠡᠬᠡᠯᠡᠯ᠎ᠤᠨ 《ᠤᠨᠠᠭᠤᠯᠢ》᠎ᠠᠴᠠ ᠵᠠᠢ᠌ᠯᠠᠪᠠ᠃ 《ᠡᠨᠡ ᠵᠣᠭᠣᠰ᠎ᠢ ᠪᠢ ᠰᠦᠯᠵᠢᠶᠡᠨ᠎ᠠᠴᠠ ᠵᠢᠭᠡᠯᠡᠭᠰᠡᠨ ᠶᠤᠮ᠂ ᠶᠡᠬᠡ ᠠᠰᠢᠭ ᠣᠯᠬᠤ ᠭᠡᠵᠦ ᠰᠢᠨᠤᠬᠠᠢ᠌ᠷᠠᠭ᠋ᠠᠳ ᠡᠰᠡᠯ᠎ᠡ ᠮᠡᠬᠡᠯᠡᠭᠳᠡᠬᠦ ᠰᠢᠬᠠᠵᠠᠢ᠂ ᠴᠠᠭᠳᠠᠭ᠎ᠠ ᠨᠠᠷ᠎ᠤᠨ ᠵᠣᠭᠣᠰ ᠮᠥᠩᠭᠥ ᠵᠢ ᠡᠭᠡᠭᠦᠯᠦᠨ ᠠᠪᠴᠢᠷᠠᠵᠤ ᠥᠭᠭᠦᠭᠰᠡᠨ᠎ᠳᠤ ᠪᠠᠶᠠᠷᠯᠠᠯ᠎ᠠ》 ᠭᠡᠵᠦ ᠸᠠᠩ ᠠᠪᠠᠬᠠᠢ ᠰᠡᠳᠬᠢᠯ ᠳᠣᠭᠳᠣᠯᠤᠨ ᠶᠠᠷᠢᠨ᠎ᠠ᠃
ᠴᠠᠭᠳᠠᠭ᠎ᠠ ᠨᠠᠷ᠎ᠠᠴᠠ᠄ 《ᠰᠦᠯᠵᠢᠶᠡᠨ ᠳᠡᠭᠡᠷ᠎ᠡ ᠠᠵᠢᠯ ᠡᠷᠢᠬᠦ᠎ᠳᠡᠭᠡᠨ ᠡᠷᠬᠡᠪᠰᠢ ᠠᠵᠢᠯᠲᠠᠨ ᠡᠯᠰᠡᠬᠦ ᠵᠢᠩᠬᠢᠨᠢ ᠰᠦᠯᠵᠢᠶ᠎ᠡ ᠵᠢᠨ ᠲᠠᠪᠴᠠᠩ ᠵᠢᠡᠷ ᠲᠠᠮᠵᠢᠨ ᠠᠵᠢᠯ ᠡᠷᠢᠬᠦ ᠴᠢᠬᠤᠯᠠᠲᠠᠢ᠂ ᠠᠵᠢᠯᠲᠠᠨ ᠡᠯᠰᠡᠬᠦ ᠠᠵᠤ ᠠᠬᠤᠢ᠌ᠯᠠᠯ᠎ᠤᠨ ᠠᠯᠪᠠᠨ᠎ᠤ ᠰᠦᠯᠵᠢᠶ᠎ᠡ᠂ ᠠᠯᠪᠠᠨ᠎ᠤ ᠲᠠᠯ᠎ᠠ ᠵᠢᠨ ᠤᠲᠠᠰᠤ ᠵᠡᠷᠭᠡ ᠵᠢ ᠬᠠᠷᠭᠤᠭᠤᠯᠬᠤ᠎ᠪᠠᠷ ᠲᠠᠮᠵᠢᠨ ᠦᠨᠡᠨ ᠪᠣᠳᠠᠲᠠᠢ ᠡᠰᠡᠬᠦ ᠵᠢ᠎ᠨᠢ ᠯᠠᠪᠯᠠᠬᠤ ᠴᠢᠬᠤᠯᠠᠲᠠᠢ᠃ ᠤᠯᠠᠨ ᠵᠢᠡᠷ ᠵᠢᠡᠨ ᠡᠯ᠎ᠡ ᠵᠦᠢ᠍ᠯ᠎ᠤᠨ ᠰᠦᠯᠵᠢᠶᠡᠨ᠎ᠤ ᠮᠡᠬᠡᠯᠡᠯ᠎ᠢ ᠢᠯᠭ᠋ᠠᠨ ᠲᠠᠨᠢᠬᠤ ᠮᠡᠳᠡᠯᠭᠡ ᠵᠢ ᠰᠤᠷᠤᠯᠴᠠᠨ᠂ ᠥᠪᠡᠷ᠎ᠢ᠎ᠪᠠᠨ ᠬᠠᠮᠠᠭ᠋ᠠᠯᠠᠬᠤ ᠤᠬᠠᠮᠰᠠᠷ ᠵᠢᠡᠨ ᠳᠡᠭᠡᠭᠰᠢᠯᠡᠭᠦᠯᠪᠡᠯ ᠵᠣᠬᠢᠨ᠎ᠠ》 ᠭᠡᠵᠦ ᠰᠠᠨᠠᠭᠤᠯᠵᠤ ᠪᠠᠢ᠌ᠨ᠎ᠠ᠃