ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠬᠠᠣᠯᠢ᠎ᠪᠠᠷ ᠵᠠᠰᠠᠬᠤ
ᠦᠢᠯᠡᠴᠢᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠦᠢᠯᠡᠴᠢᠯᠡᠭᠡ   -   ᠲᠠᠨ᠎ᠳᠤ ᠦᠢᠯᠡᠴᠢᠯᠡᠬᠦ᠌
ᠭᠠᠷ ᠤᠲᠠᠰᠤᠨ᠎ᠤ ᠺᠠᠷᠲ ᠵᠢᠡᠨ ᠲᠦᠷᠢᠶᠡᠰᠦᠯᠡᠭᠦᠯᠦᠭᠡᠳ ᠴᠠᠭᠢᠯᠭ᠋ᠠᠨ ᠬᠤᠯᠪᠤᠭ᠎ᠠ ᠰᠦᠯᠵᠢᠶᠡᠨ᠎ᠤ ᠮᠡᠬᠡᠯᠡᠯ᠎ᠤᠨ ᠬᠡᠷᠡᠭ᠎ᠲᠤ ᠬᠣᠯᠪᠣᠭᠳᠠᠪᠠ
ᠨᠡᠶ᠋ᠢᠲᠡᠯᠡᠭᠰᠡᠨ ᠴᠠᠭ᠄ 2025-02-26

      ᠭᠦᠭᠡᠬᠤᠳᠠ ᠵᠢᠨ ᠰᠢᠨ᠎ᠡ ᠬᠤᠳᠠ ᠲᠣᠭᠣᠷᠢᠭ᠎ᠤᠨ ᠳᠣᠲᠣᠭ᠋ᠠᠳᠤ ᠵᠢ ᠬᠠᠮᠠᠭ᠋ᠠᠯᠠᠬᠤ ᠬᠤᠪᠢᠶᠠᠷᠢ

ᠲᠣᠪᠴᠢᠶ᠎ᠠ ᠵᠢᠨ ᠰᠢᠯᠢ ᠵᠢᠨ ᠭᠣᠣᠯ ᠬᠣᠢ᠌ᠲᠤ ᠵᠠᠮ᠎ᠳᠠᠬᠢ ᠲᠣᠮᠢᠯᠠᠭᠰᠠᠨ ᠰᠠᠯᠪᠤᠷᠢ ᠤᠯᠠᠨ ᠲᠦᠮᠡᠨ᠎ᠤ ᠲᠤᠰ

ᠪᠡᠶ᠎ᠡ ᠵᠢᠨ ᠠᠰᠢᠭ ᠲᠤᠰᠠ᠎ᠪᠠᠷ ᠵᠣᠷᠢᠯᠲᠠ ᠪᠣᠯᠭ᠋ᠠᠨ᠂ ᠬᠠᠷᠢᠭᠤᠴᠠᠯᠭ᠎ᠠ ᠡᠭᠦᠷᠭᠡᠯᠡᠯ ᠵᠢᠡᠨ ᠴᠢᠩᠭ᠋ᠠᠳᠬᠠᠨ᠂ 《ᠭᠠᠷ ᠤᠲᠠᠰᠤᠨ᠎ᠤ ᠺᠠᠷᠲ ᠪᠠᠩᠬᠢ ᠵᠢᠨ ᠺᠠᠷᠲ》᠎ᠲᠠᠢ ᠬᠣᠯᠪᠣᠭᠳᠠᠭᠰᠠᠨ ᠬᠠᠤᠯᠢ᠎ᠠᠴᠠ ᠵᠥᠷᠢᠴᠡᠭᠰᠡᠨ ᠶᠠᠯᠠᠲᠤ

ᠠᠵᠢᠯᠯᠠᠭ᠎ᠠ᠎ᠳᠤ ᠴᠣᠬᠢᠯᠲᠠ ᠥᠭᠬᠦ ᠡᠷᠴᠢᠮ ᠵᠢᠡᠨ ᠴᠢᠩᠭ᠋ᠠᠷᠠᠭᠤᠯᠵᠤ᠂ ᠤᠯᠠᠨ ᠲᠦᠮᠡᠨ᠎ᠤ ᠡᠳ᠋ ᠬᠥᠷᠥᠩᠭᠡ ᠵᠢᠨ ᠠᠮᠤᠷ ᠲᠦᠪᠰᠢᠨ᠎ᠢ ᠪᠦᠭᠦ ᠬᠦᠴᠦᠨ ᠵᠢᠡᠷ ᠵᠢᠡᠨ ᠬᠠᠮᠠᠭ᠋ᠠᠯᠠᠪᠠ᠃ ᠣᠢ᠌ᠷ᠎ᠠ ᠵᠢᠨ ᠡᠳᠦᠷ᠂ ᠳᠤᠰ ᠲᠣᠮᠢᠯᠠᠭᠰᠠᠨ ᠰᠠᠯᠪᠤᠷᠢ ᠨᠢᠭᠡᠨ ᠭᠠᠷ ᠤᠲᠠᠰᠤᠨ᠎ᠤ ᠺᠠᠷᠲ ᠵᠢᠡᠨ ᠲᠦᠷᠢᠶᠡᠰᠦᠯᠡᠭᠦᠯᠦᠨ ᠴᠠᠭᠢᠯᠭ᠋ᠠᠨ ᠬᠤᠯᠪᠤᠭ᠎ᠠ ᠰᠦᠯᠵᠢᠶᠡᠨ᠎ᠤ ᠮᠡᠬᠡᠯᠡᠯ᠎ᠳᠤ ᠬᠡᠷᠡᠭᠯᠡᠭᠰᠡᠨ ᠬᠡᠷᠡᠭ᠎ᠢ ᠪᠠᠢ᠌ᠴᠠᠭ᠋ᠠᠨ ᠢᠯᠡᠷᠡᠭᠦᠯᠪᠡ᠃

      ᠰᠢᠯᠢ ᠵᠢᠨ ᠭᠣᠣᠯ ᠬᠣᠢ᠌ᠲᠤ ᠵᠠᠮ᠎ᠳᠠᠬᠢ ᠲᠣᠮᠢᠯᠠᠭᠰᠠᠨ ᠰᠠᠯᠪᠤᠷᠢ 《ᠬᠠᠷᠢᠶ᠎ᠠ ᠣᠷᠣᠨ᠎ᠤ ᠳᠣᠲᠣᠷᠠᠬᠢ ᠨᠢᠭᠡᠨ ᠰᠠᠭᠤᠭ᠋ᠠᠯᠢ ᠠᠷᠠᠳ ᠸᠠᠩ ᠣᠪᠣᠭᠲᠤ ᠵᠢᠨ ᠨᠡᠷ᠎ᠡ ᠵᠢᠨ ᠳᠣᠣᠷᠠᠬᠢ ᠨᠢᠭᠡᠨ ᠭᠠᠷ ᠤᠲᠠᠰᠤᠨ᠎ᠤ ᠺᠠᠷᠲ᠎ᠲᠤ ᠬᠡᠪ᠎ᠤᠨ ᠪᠤᠰᠤ ᠤᠲᠠᠰᠤᠨ᠎ᠤ ᠲᠡᠮᠳᠡᠭᠯᠡᠯ᠎ᠲᠠᠢ ᠪᠠᠢ᠌ᠵᠤ᠂ ᠴᠠᠭᠢᠯᠭ᠋ᠠᠨ ᠬᠤᠯᠪᠤᠭ᠎ᠠ ᠰᠦᠯᠵᠢᠶᠡᠨ᠎ᠤ ᠮᠡᠬᠡᠯᠡᠯ᠎ᠤᠨ ᠠᠵᠢᠯᠯᠠᠭ᠎ᠠ᠎ᠳᠤ ᠬᠡᠷᠡᠭᠯᠡᠭᠳᠡᠭᠰᠡᠨ ᠰᠡᠵᠢᠭᠯᠡᠯᠲᠡᠢ》 ᠭᠡᠰᠡᠨ ᠬᠡᠷᠡᠭ᠎ᠤᠨ ᠰᠦᠪᠡᠭᠴᠢ ᠵᠢ ᠲᠤᠰᠴᠤ ᠣᠯᠪᠠ᠃ ᠲᠣᠮᠢᠯᠠᠭᠰᠠᠨ

ᠰᠠᠯᠪᠤᠷᠢ ᠵᠢᠨ᠎ᠬᠢᠨ ᠴᠠᠭᠳᠠᠭ᠎ᠠ ᠲᠣᠮᠢᠯᠠᠨ ᠪᠠᠢ᠌ᠴᠠᠭ᠋ᠠᠬᠤ᠎ᠪᠠᠷ ᠲᠠᠮᠵᠢᠨ᠂ ᠸᠠᠩ ᠣᠪᠣᠭᠲᠤ 2024 ᠣᠨ᠎ᠳᠤ ᠰᠦᠯᠵᠢᠶ᠎ᠡ᠎ᠪᠠᠷ ᠲᠠᠮᠵᠢᠨ ᠨᠢᠭᠡᠨ ᠲᠠᠨᠢᠯ ᠪᠤᠰᠤ ᠡᠷᠡᠭᠲᠡᠢ᠎ᠲᠠᠢ ᠲᠠᠨᠢᠯᠴᠠᠵᠤ᠂ ᠨᠦᠭᠦᠭᠡ ᠡᠲᠡᠭᠡᠳ᠎ᠨᠢ ᠡᠳᠦᠷ ᠪᠣᠯᠭ᠋ᠠᠨ 50 ᠲᠥᠭᠥᠷᠢᠭ᠎ᠤᠨ ᠦᠨ᠎ᠡ᠎ᠪᠠᠷ ᠲᠡᠭᠦᠨ᠎ᠤ ᠦᠨᠡᠨ ᠨᠡᠷ᠎ᠡ᠎ᠪᠠᠷ ᠳᠠᠩᠰᠠᠯᠠᠭᠤᠯᠤᠭᠰᠠᠨ ᠭᠠᠷ ᠤᠲᠠᠰᠤᠨ᠎ᠤ ᠺᠠᠷᠲ᠎ᠢ ᠲᠦᠷᠢᠶᠡᠰᠦᠯᠡᠨ ᠬᠡᠷᠡᠭᠯᠡᠭᠰᠡᠨ ᠶᠠᠪᠤᠳᠠᠯ᠎ᠢ ᠢᠯᠡᠷᠡᠭᠦᠯᠪᠡ᠃ ᠸᠠᠩ ᠣᠪᠣᠭᠲᠤ ᠨᠦᠭᠦᠭᠡ ᠡᠲᠡᠭᠡᠳ᠎ᠨᠢ ᠭᠠᠷ

ᠤᠲᠠᠰᠤᠨ᠎ᠤ ᠺᠠᠷᠲ᠎ᠢ ᠬᠠᠤᠯᠢ ᠪᠤᠰᠤ ᠠᠵᠢᠯᠯᠠᠭ᠎ᠠ᠎ᠳᠤ ᠬᠡᠷᠡᠭᠯᠡᠵᠦ ᠪᠠᠢ᠌ᠭ᠎ᠠ ᠪᠣᠯᠣᠮᠵᠢ᠎ᠲᠠᠢ ᠵᠢ  ᠲᠣᠳᠣᠷᠬᠠᠢ ᠮᠡᠳᠡᠵᠦ ᠪᠠᠢ᠌ᠭ᠋ᠠᠳ ᠮᠥᠨ ᠯᠡ ᠭᠠᠷ ᠤᠲᠠᠰᠤᠨ᠎ᠤ ᠺᠠᠷᠲ ᠵᠢᠡᠨ ᠨᠦᠭᠦᠭᠡ ᠡᠲᠡᠭᠡᠳ᠎ᠲᠡᠭᠡᠨ ᠲᠦᠷᠢᠶᠡᠰᠦᠯᠡᠭᠦᠯᠦᠨ

ᠳᠤᠮᠳᠠ᠎ᠠᠴᠠ᠎ᠨᠢ ᠠᠰᠢᠭ ᠣᠯᠵᠠᠢ᠃ ᠸᠠᠩ ᠣᠪᠣᠭᠲᠤ ᠵᠢᠨ ᠠᠵᠢᠯᠯᠠᠭ᠎ᠠ᠎ᠨᠢ 《ᠪᠦᠭᠦᠳᠡ ᠨᠠᠢ᠌ᠷᠠᠮᠳᠠᠬᠤ ᠲᠤᠮᠳᠠᠳᠤ ᠠᠷᠠᠳ ᠤᠯᠤᠰ᠎ᠤᠨ ᠴᠠᠭᠢᠯᠭ᠋ᠠᠨ ᠬᠤᠯᠪᠤᠭ᠎ᠠ ᠰᠦᠯᠵᠢᠶᠡᠨ᠎ᠤ ᠮᠡᠬᠡᠯᠡᠯ᠎ᠢ ᠡᠰᠡᠷᠭᠦᠴᠡᠬᠦ ᠬᠠᠤᠯᠢ》 ᠵᠢᠨ ᠬᠣᠯᠪᠣᠭᠳᠠᠯ ᠪᠦᠬᠦᠢ ᠲᠣᠭᠲᠠᠭ᠋ᠠᠯ᠎ᠢ ᠵᠥᠷᠢᠴᠡᠵᠡᠢ᠃

      ᠴᠠᠭᠳᠠᠭ᠎ᠠ ᠨᠠᠷ᠂ ᠸᠠᠩ ᠣᠪᠣᠭᠲᠤ ᠵᠢᠨ ᠤᠲᠠᠰᠤᠳᠠᠭᠰᠠᠨ ᠲᠡᠮᠳᠡᠭᠯᠡᠯ᠂ ᠵᠣᠭᠣᠰ ᠭᠤᠪᠢᠭᠤᠯᠤᠭᠰᠠᠨ ᠲᠡᠮᠳᠡᠭᠯᠡᠯ ᠵᠢᠴᠢ ᠬᠣᠯᠪᠣᠭᠳᠠᠯ ᠪᠦᠬᠦᠢ ᠭᠡᠷᠡᠴᠢᠯᠡᠭᠴᠢ ᠵᠢᠨ ᠭᠡᠷᠡᠴᠢ ᠦᠭᠡ ᠵᠢ ᠭᠠᠷᠭ᠋ᠠᠨ ᠠᠪᠴᠤ ᠦᠵᠡᠬᠦ᠎ᠪᠠᠷ ᠲᠠᠮᠵᠢᠨ᠂

ᠲᠡᠭᠦᠨ᠎ᠤ ᠬᠠᠤᠯᠢ ᠪᠤᠰᠤ᠎ᠪᠠᠷ ᠭᠠᠷ ᠤᠲᠠᠰᠤᠨ᠎ᠤ ᠺᠠᠷᠲ ᠵᠢᠡᠨ ᠲᠦᠷᠢᠶᠡᠰᠦᠯᠡᠭᠦᠯᠦᠭᠰᠡᠨ ᠭᠡᠷᠡᠴᠢ ᠵᠢᠨ ᠬᠡᠯᠬᠢᠶ᠎ᠡ ᠵᠢ ᠲᠣᠭᠲᠠᠪᠤᠷᠢᠵᠢᠭᠤᠯᠵᠠᠢ᠃ ᠣᠳᠣᠬᠠᠨ᠎ᠳᠤ᠂ ᠳᠣᠲᠣᠭ᠋ᠠᠳᠤ ᠵᠢ ᠬᠠᠮᠠᠭ᠋ᠠᠯᠠᠬᠤ ᠪᠠᠢ᠌ᠭᠤᠯᠭ᠎ᠠ᠎ᠠᠴᠠ ᠬᠠᠮᠢᠶ᠎ᠠ ᠪᠦᠬᠦᠢ ᠬᠠᠤᠯᠢ ᠲᠣᠭᠲᠠᠭ᠋ᠠᠯ᠎ᠢ ᠦᠨᠳᠦᠰᠦᠯᠡᠨ᠂ ᠸᠠᠩ ᠣᠪᠣᠭᠲᠤ᠎ᠳᠤ ᠵᠠᠰᠠᠭ ᠵᠠᠬᠢᠷᠭ᠋ᠠᠨ ᠵᠢᠡᠷ ᠰᠢᠢ᠍ᠳᠬᠡᠯ ᠥᠭᠴᠡᠢ᠃

ᠢᠷᠡᠯᠲᠡ᠄ᠳᠤᠮᠳᠠᠳᠤ ᠤᠯᠤᠰ᠎ᠤᠨ ᠮᠣᠩᠭᠤᠯ ᠬᠡᠯᠡᠨ᠎ᠤ ᠰᠣᠨᠢᠨ ᠮᠡᠳᠡᠭᠡ ᠵᠢᠨ ᠰᠦᠯᠵᠢᠶ᠎ᠡ
          
ᠬᠠᠮᠢᠶ᠎ᠡ ᠪᠦᠬᠦᠢ ᠰᠣᠨᠢᠨ
 
            