ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠬᠠᠣᠯᠢ᠎ᠪᠠᠷ ᠵᠠᠰᠠᠬᠤ
ᠦᠢᠯᠡᠴᠢᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠦᠢᠯᠡᠴᠢᠯᠡᠭᠡ   -   ᠲᠠᠨ᠎ᠳᠤ ᠦᠢᠯᠡᠴᠢᠯᠡᠬᠦ᠌
ᠵᠢᠯᠣᠭᠣᠴᠢ ᠲᠡᠷᠭᠡᠨ ᠫᠠᠢ᠌ᠰᠠ ᠵᠢᠨ ᠨᠣᠮᠧᠷ᠎ᠢ ᠰᠣᠯᠢᠭ᠋ᠠᠳ ᠰᠢᠢ᠍ᠳᠭᠡᠭᠳᠡᠪᠡ
ᠨᠡᠶ᠋ᠢᠲᠡᠯᠡᠭᠰᠡᠨ ᠴᠠᠭ᠄ 2025-03-17

      ᠣᠢ᠌ᠷ᠎ᠠ᠎ᠳᠤ᠂ ᠭᠦᠭᠡᠬᠣᠲᠠ ᠵᠢᠨ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ ᠵᠢᠨ ᠵᠠᠮ ᠬᠠᠷᠢᠯᠴᠠᠭ᠋ᠠᠨ᠎ᠤ ᠬᠠᠮᠢᠶᠠᠷᠤᠯᠲᠠ ᠵᠢᠨ ᠰᠠᠯᠪᠤᠷᠢ ᠠᠩᠭᠢ 《ᠭᠦᠭᠡᠬᠣᠲᠠ ᠵᠢᠨ ᠣᠶᠤᠨᠲᠤ ᠵᠠᠮ ᠬᠠᠷᠢᠯᠴᠠᠭ᠋ᠠᠨ᠎ᠤ ᠬᠠᠮᠢᠶᠠᠷᠤᠯᠲᠠ》 ᠵᠢᠨ ᠰᠢᠰᠲ᠋ᠧᠮ ᠵᠶ᠋ᠡᠷ ᠳᠠᠮᠵᠢᠨ᠂ ᠨᠣᠮᠧᠷ ᠰᠣᠯᠢᠬᠤ ᠨᠠᠭ᠋ᠠᠯᠲᠠ ᠵᠢ ᠠᠰᠢᠭᠯᠠᠨ ᠮᠠᠰᠢᠨᠲᠤ ᠲᠡᠷᠭᠡᠨ᠎ᠤ ᠨᠣᠮᠧᠷ᠎ᠤᠨ ᠫᠠᠢ᠌ᠰᠠ ᠵᠢ ᠬᠠᠭᠤᠷᠮᠠᠭᠯᠠᠨ ᠵᠣᠬᠢᠶᠠᠭᠰᠠᠨ ᠬᠡᠷᠡᠭ᠎ᠢ ᠠᠮᠵᠢᠯᠲᠠ᠎ᠲᠠᠢ ᠢᠯᠡᠷᠡᠭᠦᠯᠪᠡ᠃

      2 ᠰᠠᠷ᠎ᠠ ᠵᠢᠨ 22᠎ᠤᠨ ᠡᠳᠦᠷ᠂ ᠭᠦᠭᠡᠬᠣᠲᠠ ᠵᠢᠨ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ ᠵᠢᠨ ᠵᠠᠮ ᠬᠠᠷᠢᠯᠴᠠᠭ᠋ᠠᠨ᠎ᠤ ᠬᠠᠮᠢᠶᠠᠷᠤᠯᠲᠠ ᠵᠢᠨ ᠰᠠᠯᠪᠤᠷᠢ ᠠᠩᠭᠢ ᠨᠢᠭᠡᠨ ᠲᠦᠷᠢᠶᠡᠰᠦᠨ ᠮᠠᠰᠢᠨ ᠲᠡᠷᠭᠡᠨ᠎ᠤ ᠵᠢᠯᠣᠭᠣᠴᠢ ᠵᠢᠨ ᠬᠡᠷᠡᠭ᠎ᠤᠨ ᠮᠡᠳᠡᠭᠦᠯᠦᠯᠲᠡ ᠵᠢ ᠲᠤᠰᠴᠤ᠂ ᠲᠡᠭᠦᠨ᠎ᠤ ᠮᠠᠰᠢᠨ ᠲᠡᠷᠭᠡ᠎ᠨᠢ ᠭᠡᠨᠡᠳᠲᠡ ᠣᠯᠠᠨ ᠬᠠᠤᠯᠢ ᠵᠥᠷᠢᠴᠡᠭᠰᠡᠨ ᠲᠡᠮᠳᠡᠭᠯᠡᠯ ᠭᠠᠷᠴᠠᠢ ᠭᠡᠯ᠎ᠡ᠃ ᠲᠣᠰ ᠰᠠᠯᠪᠤᠷᠢ ᠠᠩᠭᠢ᠎ᠨᠢ ᠵᠠᠮ ᠬᠠᠷᠢᠯᠴᠠᠭ᠋ᠠᠨ᠎ᠤ ᠲᠣᠮᠣ ᠳ᠋ᠠᠢ᠌ᠲ᠋ᠠ ᠵᠢᠨ ᠲᠠᠪᠴᠠᠩ ᠵᠶ᠋ᠠᠷ ᠳᠠᠮᠵᠢᠭᠤᠯᠤᠨ᠂ ᠬᠡᠷᠡᠭ᠎ᠲᠤ ᠬᠣᠯᠪᠣᠭᠳᠠᠭᠰᠠᠨ ᠴᠠᠭ᠂ ᠵᠠᠮ᠎ᠤᠨ ᠬᠡᠰᠡᠭ᠎ᠤᠨ  ᠸᠢᠳᠢᠤ᠋ ᠲᠣᠭ᠎ᠠ ᠪᠠᠷᠢᠮᠲᠠ᠎ᠳᠤ ᠣᠶᠤᠨᠴᠢ ᠰᠢᠭᠰᠢᠨ ᠪᠠᠢ᠌ᠴᠠᠭ᠋ᠠᠯᠲᠠ ᠬᠢᠪᠡ᠃ ᠰᠢᠰᠲ᠋ᠧᠮ᠎ᠤᠨ ᠬᠠᠷᠢᠴᠠᠭᠤᠯᠤᠯ ᠵᠶ᠋ᠠᠷ ᠳᠡᠮᠵᠢᠨ᠂ ᠠᠷᠠᠳ᠎ᠤᠨ ᠴᠠᠭᠳᠠᠭ᠎ᠠ ᠬᠠᠤᠯᠢ ᠵᠥᠷᠢᠴᠡᠭᠰᠡᠨ ᠲᠡᠷᠭᠡᠨ ᠫᠠᠢ᠌ᠰᠠ ᠵᠢᠨ ᠨᠣᠮᠧᠷ᠎ᠤᠨ 《0》 ᠲᠣᠭ᠎ᠠ ᠵᠢᠨ ᠭᠦᠪᠡᠭᠡ ᠵᠠᠬ᠎ᠠ᠎ᠨᠢ ᠪᠠᠯᠠᠷᠬᠠᠢ᠂ ᠭᠡᠷᠡᠯ ᠣᠢ᠌ᠯᠤᠭᠤᠯᠵᠤ ᠲᠡᠢ᠌ᠯᠭᠦ ᠦᠭᠡᠢ ᠵᠡᠷᠭᠡ ᠠᠰᠠᠭᠤᠳᠠᠯ ᠣᠷᠣᠰᠢᠵᠤ ᠪᠠᠢ᠌ᠬᠤ ᠵᠢ ᠣᠯᠵᠤ ᠮᠡᠳᠡᠵᠡᠢ᠃ ᠲᠣᠰ ᠲᠡᠷᠭᠡᠨ᠎ᠤ ᠬᠠᠤᠯᠢ ᠵᠥᠷᠢᠴᠡᠭᠰᠡᠨ ᠦᠢᠯᠡ ᠠᠵᠢᠯᠯᠠᠭ᠎ᠠ᠎ᠨᠢ ᠦᠷᠭᠦᠯᠵᠢ ᠰᠥᠨᠢ᠎ᠪᠠᠷ ᠡᠭᠦᠰᠴᠦ᠂ ᠬᠢᠨᠠᠯᠲᠠ ᠬᠠᠮᠢᠶᠠᠷᠤᠯᠲᠠ᠎ᠠᠴᠠ ᠵᠣᠷᠢᠭᠤᠳᠠ ᠵᠠᠢ᠌ᠯᠠᠵᠤ ᠪᠠᠢ᠌ᠬᠤ᠎ᠨᠢ ᠮᠡᠳᠡᠭᠳᠡᠨ᠎ᠡ᠃ 2 ᠰᠠᠷ᠎ᠠ ᠵᠢᠨ 25᠎ᠤ ᠰᠥᠨᠢ᠂ ᠲᠣᠰ ᠮᠠᠰᠢᠨ ᠲᠡᠷᠭᠡ

ᠭᠦᠭᠡᠬᠤᠳᠠ ᠵᠢᠨ ᠭᠠᠯᠲᠤ ᠲᠡᠷᠭᠡᠨ᠎ᠤ ᠵᠡᠭᠦᠨ ᠥᠷᠲᠡᠭᠡ ᠵᠢᠨ ᠣᠢ᠌ᠷᠠᠯᠴᠠᠭ᠎ᠠ ᠪᠠᠢ᠌ᠬᠤ ᠵᠢ ᠸᠢᠳᠢᠤ᠋ ᠰᠢᠰᠲ᠋ᠧᠮ ᠤᠷᠢᠳᠴᠢᠯᠠᠨ ᠰᠡᠷᠡᠮᠵᠢᠯᠡᠭᠦᠯᠵᠦ᠂ ᠰᠢᠨ᠎ᠡ ᠬᠣᠲᠠ ᠲᠣᠭᠣᠷᠢᠭ᠎ᠤᠨ ᠵᠠᠮ ᠬᠠᠷᠢᠯᠴᠠᠭ᠋ᠠᠨ᠎ᠤ ᠬᠠᠮᠢᠶᠠᠷᠤᠯᠲᠠ ᠵᠢᠨ ᠶᠡᠬᠡ ᠠᠩᠭᠢ ᠵᠢᠨ ᠠᠷᠠᠳ᠎ᠤᠨ ᠴᠠᠭᠳᠠᠭ᠎ᠠ ᠲᠡᠷᠡ ᠳᠠᠷᠤᠢ᠎ᠳᠤᠨᠢ ᠬᠡᠷᠡᠭ᠎ᠲᠤ ᠬᠣᠯᠪᠣᠭᠳᠠᠭᠰᠠᠨ ᠲᠡᠷᠭᠡ ᠵᠢ ᠬᠠᠰᠢᠵᠤ᠂ ᠴᠠᠭᠳᠠᠭ᠎ᠠ ᠲᠡᠷᠭᠡᠨ ᠳᠣᠲᠣᠷ᠎ᠠ᠎ᠠᠴᠠ ᠨᠣᠮᠧᠷ ᠰᠣᠯᠢᠬᠤ ᠨᠠᠭ᠋ᠠᠯᠲᠠ ᠵᠢ ᠡᠷᠢᠵᠦ ᠣᠯᠣᠭᠰᠠᠨ ᠪᠠᠢ᠌ᠨ᠎ᠠ᠃ ᠣᠯᠠᠨ ᠭᠡᠷᠡᠴᠢ ᠪᠠᠷᠢᠮᠲᠠ᠎ᠶᠢᠨ ᠡᠮᠦᠨ᠎ᠡ᠂ ᠵᠢᠯᠣᠭᠣᠴᠢ ᠶᠠᠩ ᠣᠪᠣᠭᠲᠤ ᠬᠠᠤᠯᠢ ᠵᠢ ᠵᠥᠷᠢᠴᠡᠭᠰᠡᠨ ᠪᠣᠳᠠᠲᠤ ᠬᠡᠷᠡᠭ᠎ᠢ ᠲᠡᠷᠡ

ᠳᠣᠣᠷ᠎ᠠ᠎ᠨᠢ ᠮᠡᠳᠡᠷᠡᠪᠡ᠃

      ᠵᠢᠯᠣᠭᠣᠴᠢ ᠶᠠᠩ ᠣᠪᠣᠭᠲᠤ ᠪᠣᠯ ᠲᠦᠷᠢᠶᠡᠰᠦᠨ ᠮᠠᠰᠢᠨ᠎ᠤ ᠺᠤᠮᠫᠠᠨᠢ ᠵᠢᠨ ᠰᠥᠨᠢ ᠵᠢᠨ ᠡᠭᠡᠯᠵᠢ ᠵᠢᠨ ᠵᠢᠯᠣᠭᠣᠴᠢ ᠪᠣᠯᠣᠨ᠎ᠠ᠃ ᠲᠡᠷᠡ ᠰᠦᠯᠵᠢᠶᠡᠨ ᠲᠠᠪᠴᠠᠩ᠎ᠠᠴᠠ ᠨᠣᠮᠧᠷ ᠰᠣᠯᠢᠬᠤ ᠨᠠᠭ᠋ᠠᠯᠲᠠ ᠬᠤᠳᠠᠯᠳᠤᠨ ᠠᠪᠤᠭᠰᠠᠨ᠎ᠤ ᠳᠠᠷᠠᠭ᠎ᠠ᠂ ᠰᠥᠨᠢ ᠪᠤᠯᠬᠤ ᠪᠦᠷᠢ ᠲᠡᠷᠭᠡᠨ ᠫᠠᠢ᠌ᠰᠠ ᠵᠢᠨ ᠨᠣᠮᠧᠷ ᠵᠢᠡᠨ ᠥᠭᠡᠷᠡᠲᠦᠭᠦᠯᠳᠡᠭ ᠪᠠᠢ᠌ᠵᠠᠢ᠃ ᠬᠠᠷᠭᠤᠭᠤᠯᠤᠨ ᠪᠠᠢ᠌ᠴᠠᠭ᠋ᠠᠬᠤ᠎ᠪᠠᠷ ᠳᠡᠮᠵᠢᠨ᠂ ᠲᠣᠰ ᠵᠢᠯᠣᠭᠣᠴᠢ ᠲᠡᠷᠭᠡᠨ ᠫᠠᠢ᠌ᠰᠠᠨ᠎ᠳᠤ ᠬᠣᠯᠪᠣᠭᠳᠠᠭᠰᠠᠨ ᠬᠠᠤᠯᠢ ᠵᠢ ᠵᠥᠷᠢᠴᠡᠭᠰᠡᠨ ᠦᠢᠯᠡ ᠠᠵᠢᠯᠯᠠᠭ᠎ᠠ ᠵᠢ ᠣᠯᠠᠨ ᠤᠳᠠᠭ᠎ᠠ ᠬᠢᠵᠦ᠂ ᠤᠤᠯ᠎ᠤᠨ ᠲᠡᠷᠭᠡᠨ ᠫᠠᠢ᠌ᠰᠠ ᠵᠢᠨ ᠡᠵᠡᠨ᠎ᠳᠤ 11 ᠵᠤᠷᠪᠤᠰ ᠵᠠᠮ ᠬᠠᠷᠢᠯᠴᠠᠭ᠋ᠠᠨ᠎ᠤ ᠬᠠᠤᠯᠢ ᠵᠢ ᠵᠥᠷᠢᠴᠡᠭᠰᠡᠨ ᠠᠵᠢᠯᠯᠠᠭ᠎ᠠ ᠵᠢ ᠲᠡᠮᠳᠡᠭᠯᠡᠭᠦᠯᠪᠡ᠃

      《ᠪᠦᠭᠦᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠵᠠᠮ ᠬᠠᠷᠢᠯᠴᠠᠭ᠋ᠠᠨ᠎ᠤ ᠠᠮᠤᠷ ᠲᠦᠪᠰᠢᠨ᠎ᠤ

ᠬᠠᠤᠯᠢ》 ᠵᠢᠨ ᠲᠣᠭᠲᠠᠭ᠋ᠠᠯ᠎ᠢ ᠦᠨᠳᠦᠰᠦᠯᠡᠪᠡᠯ᠂ ᠮᠠᠰᠢᠨᠲᠤ ᠲᠡᠷᠭᠡᠨ᠎ᠤ ᠨᠣᠮᠧᠷ᠎ᠤᠨ ᠫᠠᠢ᠌ᠰᠠ ᠵᠢ ᠬᠠᠭᠤᠷᠮᠠᠭᠯᠠᠨ ᠵᠣᠬᠢᠶᠠᠬᠤ᠂ ᠬᠤᠪᠢᠷᠠᠭᠤᠯᠤᠨ ᠵᠣᠬᠢᠶᠠᠪᠠᠯ 5000 ᠲᠥᠭᠥᠷᠢᠭ ᠵᠣᠭᠣᠰ ᠵᠶ᠋ᠠᠷ ᠲᠣᠷᠭ᠋ᠠᠵᠤ᠂ ᠵᠢᠯᠣᠭᠣᠴᠢ ᠵᠢᠨ ᠦᠨᠡᠮᠯᠡᠯ᠎ᠢ᠎ᠨᠢ 12 ᠬᠤᠪᠢ ᠬᠠᠰᠤᠬᠤ ᠵᠢᠨ ᠬᠠᠮᠲᠤ 15 ᠡᠳᠦᠷ᠎ᠤᠨ ᠳᠣᠲᠣᠷ᠎ᠠ ᠵᠠᠰᠠᠭ ᠵᠠᠬᠢᠷᠭ᠋ᠠᠨ ᠵᠶ᠋ᠠᠷ ᠲᠦᠷ ᠬᠣᠷᠢᠬᠤ᠎ᠪᠠᠷ ᠨᠡᠢ᠌ᠯᠡᠭᠦᠯᠦᠨ ᠰᠢᠢ᠍ᠳᠬᠡᠨ᠎ᠡ᠃ ᠣᠳᠣᠬᠠᠨ᠎ᠳᠤ ᠲᠤᠰ ᠬᠡᠷᠡᠭ᠎ᠢ ᠴᠢᠨᠠᠭᠰᠢᠳᠠ ᠪᠠᠢ᠌ᠴᠠᠭ᠋ᠠᠵᠤ ᠪᠤᠢ᠃

ᠢᠷᠡᠯᠲᠡ᠄ᠳᠤᠮᠳᠠᠳᠤ ᠤᠯᠤᠰ᠎ᠤᠨ ᠮᠣᠩᠭᠤᠯ ᠬᠡᠯᠡᠨ᠎ᠤ ᠰᠣᠨᠢᠨ ᠮᠡᠳᠡᠭᠡ ᠵᠢᠨ ᠰᠦᠯᠵᠢᠶ᠎ᠡ
          
ᠬᠠᠮᠢᠶ᠎ᠡ ᠪᠦᠬᠦᠢ ᠰᠣᠨᠢᠨ
 
            