ᠰᠢᠨ᠎ᠡ ᠵᠢᠯ ᠴᠠᠭ᠋ᠠᠨ ᠰᠠᠷ᠎ᠠ ᠣᠢ᠌ᠷᠠᠳᠬᠤ ᠦᠶ᠎ᠡ᠎ᠳᠤ᠂ ᠬᠤᠸᠠᠷ ᠫᠤᠤᠵᠢᠩ᠎ᠤᠨ ᠪᠣᠷᠤᠯᠠᠭᠤᠯᠭ᠎ᠠ ᠰᠠᠢ᠌ᠨ ᠪᠠᠢ᠌ᠳᠠᠭ᠃ 《ᠡᠪᠦᠯ᠎ᠤᠨ ᠤᠯᠠᠷᠢᠯ᠎ᠤᠨ ᠠᠵᠢᠯᠯᠠᠭ᠎ᠠ》 ᠵᠢᠨ ᠪᠠᠢ᠌ᠷᠢᠯᠠᠭᠤᠯᠤᠯᠲᠠ ᠵᠢᠨ ᠱᠠᠭ᠋ᠠᠷᠳᠠᠯᠭ᠎ᠠ ᠵᠢ ᠭᠦᠨᠵᠡᠭᠡᠢ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ ᠬᠤᠸᠠᠷ ᠫᠤᠤᠵᠢᠩ᠎ᠤᠨ ᠬᠦᠷᠢᠶᠡᠨ᠎ᠤ ᠠᠮᠤᠷ ᠲᠦᠪᠰᠢᠨ᠎ᠢ ᠪᠦᠭᠦ ᠬᠦᠴᠦᠨ ᠵᠢᠡᠷ ᠬᠠᠮᠠᠭ᠋ᠠᠯᠠᠬᠤ ᠵᠢᠨ ᠲᠤᠯᠠᠳᠠ᠂ ᠲᠦᠷᠦᠭᠦᠬᠡᠨ ᠭᠦᠭᠡᠬᠤᠳᠠ ᠵᠢᠨ ᠠᠵᠤ ᠠᠬᠤᠢ ᠮᠡᠷᠭᠡᠵᠢᠯ᠎ᠤᠨ ᠨᠡᠭᠡᠭᠡᠯᠲᠡ ᠵᠢᠨ ᠲᠣᠭᠣᠷᠢᠭ᠎ᠤᠨ ᠳᠣᠲᠣᠭ᠋ᠠᠳᠤ ᠵᠢ ᠬᠠᠮᠠᠭ᠋ᠠᠯᠠᠬᠤ ᠬᠤᠪᠢᠶᠠᠷᠢ ᠲᠣᠪᠴᠢᠶ᠎ᠠ ᠵᠢᠨ᠎ᠬᠢᠨ ᠴᠢᠩᠭ᠎ᠠ ᠪᠠᠢ᠌ᠴᠠᠭ᠋ᠠᠨ ᠴᠢᠩᠭ᠎ᠠ ᠬᠠᠮᠢᠶᠠᠷᠬᠤ᠂ ᠴᠤᠬᠤᠢ᠌ᠯᠳᠠ ᠵᠢᠨ ᠬᠤᠭᠤᠴᠠᠭ᠋ᠠᠨ᠎ᠳᠤ ᠴᠡᠭᠴᠡᠯᠡᠨ ᠵᠠᠰᠠᠬᠤ ᠵᠢ ᠪᠠᠷᠢᠮᠲᠠᠯᠠᠨ᠂ ᠨᠢᠭᠡᠨ ᠬᠤᠸᠠᠷ ᠫᠤᠤᠵᠢᠩ᠎ᠢ ᠬᠠᠤᠯᠢ ᠪᠤᠰᠤ᠎ᠪᠠᠷ ᠦᠢ᠍ᠯᠡᠳᠪᠦᠷᠢᠯᠡᠨ ᠬᠠᠳᠠᠭ᠋ᠠᠯᠠᠵᠤ ᠪᠣᠷᠣᠯᠠᠭᠤᠯᠤᠭᠰᠠᠨ ᠡᠭᠦᠷ ᠴᠡᠭ᠎ᠢ ᠰᠦᠢ᠍ᠷᠡᠭᠦᠯᠵᠦ᠂ ᠤᠯᠠᠨ ᠲᠦᠮᠡᠨ᠎ᠤ ᠠᠮᠢ ᠨᠠᠰᠤ ᠡᠳ᠋ ᠬᠥᠷᠥᠩᠭᠡ ᠵᠢᠨ ᠠᠮᠤᠷ ᠲᠦᠪᠰᠢᠨ᠎ᠢ ᠦᠨᠡᠨ ᠬᠦ᠌ ᠪᠠᠲᠤᠯᠠᠪᠠ᠃
ᠪᠠᠢ᠌ᠴᠠᠭ᠋ᠠᠭᠰᠠᠨ ᠵᠢᠡᠷ᠂ ᠲᠤᠰ ᠬᠥᠮᠥᠷᠭᠡ᠎ᠨᠢ ᠲᠤᠰ ᠭᠠᠵᠠᠷ᠎ᠤᠨ ᠳᠡᠯᠭᠡᠭᠦᠷ᠎ᠤᠨ ᠡᠵᠡᠨᠳᠡᠨ ᠵᠠᠩ ᠣᠪᠣᠭᠲᠤ ᠪᠠ ᠬᠠᠨ ᠣᠪᠣᠭᠲᠤ ᠵᠢᠨ᠎ᠳᠤ ᠪᠤᠢ᠃ ᠵᠢᠯ᠎ᠤᠨ ᠰᠡᠭᠦᠯᠴᠢ ᠪᠤᠯᠬᠤ᠎ᠳᠤ᠂ ᠵᠠᠩ ᠣᠪᠣᠭᠲᠤ ᠪᠠ ᠬᠠᠨ ᠣᠪᠣᠭᠲᠤ ᠬᠤᠸᠠᠷ ᠫᠤᠤᠵᠢᠩ ᠦᠢ᠍ᠯᠡᠳᠪᠦᠷᠢᠯᠡᠬᠦ ᠬᠠᠤᠯᠢ ᠪᠤᠰᠤ ᠭᠠᠷ ᠦᠢ᠍ᠯᠡᠳᠬᠡᠯ᠎ᠤᠨ ᠭᠠᠵᠠᠷ ᠡᠷᠭᠢᠯᠡᠨ ᠬᠢᠬᠦ᠎ᠪᠠᠷ ᠬᠡᠯᠡᠯᠴᠡᠨ ᠲᠣᠭᠲᠠᠵᠤ᠂ ᠲᠡᠳᠡ ᠬᠣᠶᠠᠭᠤᠯᠠ ᠬᠠᠷᠢᠶ᠎ᠠ ᠣᠷᠣᠨ᠎ᠤ ᠨᠢᠭᠡᠨ ᠲᠤᠰᠬᠤᠨ᠎ᠳᠤ ᠬᠥᠮᠥᠷᠭᠡ ᠲᠦᠷᠢᠶᠡᠰᠦᠯᠡᠨ᠂ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠨ ᠵᠥᠪᠰᠢᠶᠡᠷᠡᠯ᠎ᠢ ᠣᠯᠣᠭᠰᠠᠨ ᠦᠭᠡᠢ ᠪᠠᠢ᠌ᠳᠠᠯ ᠳᠣᠣᠷ᠎ᠠ᠂ ᠰᠦᠨ ᠣᠪᠣᠭᠲᠤ᠂ ᠵᠠᠩ ᠣᠪᠣᠭᠲᠤ ᠪᠠ ᠭᠤᠤ ᠣᠪᠣᠭᠲᠤ ᠵᠢ ᠬᠥᠯᠥᠰᠦᠯᠡᠨ ᠲᠦᠷᠢᠶᠡᠰᠦᠯᠡᠭᠰᠡᠨ ᠬᠥᠮᠥᠷᠭᠡᠨ ᠳᠣᠲᠣᠷ᠎ᠠ ᠬᠠᠤᠯᠢ ᠪᠤᠰᠤ᠎ᠪᠠᠷ ᠬᠤᠸᠠᠷ ᠫᠤᠤᠵᠢᠩ ᠦᠢ᠍ᠯᠡᠳᠪᠦᠷᠢᠯᠡᠵᠦ᠂ ᠮᠥᠨ ᠴᠦ᠍ ᠲᠡᠭᠦᠨ᠎ᠤ ᠡᠵᠡᠩᠨᠡᠵᠦ ᠪᠠᠢ᠌ᠭ᠎ᠠ ᠳᠡᠯᠭᠡᠭᠦᠷᠲᠡᠭᠡᠨ ᠪᠣᠷᠣᠯᠠᠭᠤᠯᠤᠨ ᠬᠤᠳᠠᠯᠳᠤᠵᠤ ᠠᠰᠢᠭ ᠣᠯᠵᠠᠢ᠃ ᠣᠳᠣᠬᠠᠨ᠎ᠳᠤ᠂ ᠵᠠᠩ ᠣᠪᠣᠭᠲᠤ ᠪᠠ ᠬᠠᠨ ᠣᠪᠣᠭᠲᠤ ᠨᠢᠭᠡᠨᠲᠡ ᠡᠷᠡᠭᠦᠦ ᠵᠢᠨ ᠬᠡᠷᠡᠭ ᠵᠢᠡᠷ ᠲᠦᠷ ᠬᠣᠷᠢᠭᠳᠠᠵᠤ᠂ ᠰᠦᠨ ᠣᠪᠣᠭᠲᠤ᠂ ᠵᠠᠩ ᠣᠪᠣᠭᠲᠤ ᠪᠠ ᠭᠤᠤ ᠣᠪᠣᠭᠲᠤ ᠵᠠᠰᠠᠭ ᠵᠠᠬᠢᠷᠭ᠋ᠠᠨ ᠵᠢᠡᠷ ᠲᠦᠷ ᠬᠣᠷᠢᠭᠳᠠᠵᠤ᠂ ᠬᠡᠷᠡᠭ᠎ᠲᠤ ᠬᠣᠯᠪᠣᠭᠳᠠᠭᠰᠠᠨ ᠬᠤᠸᠠᠷ ᠫᠤᠤᠵᠢᠩ᠎ᠢ ᠬᠠᠤᠯᠢ ᠶᠣᠰᠣᠭ᠋ᠠᠷ ᠪᠡᠷᠢᠴᠠᠭ᠋ᠠᠨ ᠬᠤᠷᠢᠶᠠᠮᠵᠢᠯᠠᠪᠠ᠃
ᠣᠳᠣᠬᠠᠨ᠎ᠳᠤ᠂ ᠭᠦᠭᠡᠬᠤᠳᠠ ᠵᠢᠨ ᠠᠵᠤ ᠠᠬᠤᠢ ᠮᠡᠷᠭᠡᠵᠢᠯ᠎ᠤᠨ ᠨᠡᠭᠡᠭᠡᠯᠲᠡ ᠵᠢᠨ ᠲᠣᠭᠣᠷᠢᠭ᠎ᠤᠨ ᠳᠣᠲᠣᠭ᠋ᠠᠳᠤ ᠵᠢ ᠬᠠᠮᠠᠭ᠋ᠠᠯᠠᠬᠤ ᠬᠤᠪᠢᠶᠠᠷᠢ ᠲᠣᠪᠴᠢᠶ᠎ᠠ ᠵᠢᠨ᠎ᠬᠢᠨ ᠳᠤᠰ ᠬᠡᠷᠡᠭ᠎ᠢ ᠤᠯᠠᠮ ᠨᠢᠭᠡ ᠠᠯᠬᠤᠮ ᠭᠦᠨᠵᠡᠭᠡᠢ ᠪᠠᠢ᠌ᠴᠠᠭ᠋ᠠᠨ ᠰᠢᠢ᠍ᠳᠪᠦᠷᠢᠯᠡᠵᠦ᠂ ᠬᠡᠷᠡᠭ᠎ᠢ ᠲᠠᠩᠨᠠᠨ ᠰᠢᠢ᠍ᠳᠪᠦᠷᠢᠯᠡᠬᠦ ᠪᠠ ᠡᠬᠢ ᠰᠤᠷᠪᠤᠯᠵᠢ ᠵᠢ᠎ᠨᠢ ᠡᠷᠢᠬᠦ ᠠᠵᠢᠯ᠎ᠢ ᠪᠦᠭᠦ ᠬᠦᠴᠦᠨ ᠵᠢᠡᠷ ᠰᠠᠢ᠌ᠲᠤᠷ ᠬᠢᠵᠦ᠂ ᠬᠡᠷᠡᠭ᠎ᠲᠤ ᠬᠣᠯᠪᠣᠭᠳᠠᠭᠰᠠᠨ ᠬᠥᠮᠥᠰ᠂ ᠬᠡᠷᠡᠭ᠎ᠲᠤ ᠬᠣᠯᠪᠣᠭᠳᠠᠭᠰᠠᠨ ᠲᠦᠭᠦᠬᠡᠢ ᠮᠠᠲᠸᠷᠢᠶᠠᠯ ᠬᠠᠩᠭ᠋ᠠᠭᠰᠠᠨ ᠪᠠ ᠪᠣᠷᠣᠯᠠᠭᠤᠯᠬᠤ ᠬᠡᠯᠬᠢᠶ᠎ᠡ ᠵᠢ ᠡᠴᠦᠰ᠎ᠲᠤᠨᠢ ᠲᠤᠯᠲᠠᠯ᠎ᠠ ᠪᠠᠢ᠌ᠴᠠᠭ᠋ᠠᠨ᠂ ᠬᠠᠤᠯᠢ ᠶᠣᠰᠣᠭ᠋ᠠᠷ ᠴᠡᠭᠴᠡᠯᠡᠨ ᠵᠠᠰᠠᠵᠤ ᠪᠤᠢ᠃