ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠬᠠᠣᠯᠢ᠎ᠪᠠᠷ ᠵᠠᠰᠠᠬᠤ
ᠦᠢᠯᠡᠴᠢᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠦᠢᠯᠡᠴᠢᠯᠡᠭᠡ   -   ᠲᠠᠨ᠎ᠳᠤ ᠦᠢᠯᠡᠴᠢᠯᠡᠬᠦ᠌
ᠨᠠᠰᠤᠨ᠎ᠳᠤ ᠦᠯᠦ ᠭᠦᠷᠦᠭᠰᠡᠳ ᠮᠠᠰᠢᠨ ᠲᠡᠷᠭᠡ ᠵᠢᠯᠣᠭᠣᠳᠤᠭ᠋ᠠᠳ ᠰᠢᠢ᠍ᠳᠭᠡᠭᠳᠡᠪᠡ
ᠨᠡᠶ᠋ᠢᠲᠡᠯᠡᠭᠰᠡᠨ ᠴᠠᠭ᠄ 2025-02-13

      ᠲᠦᠩᠯᠢᠶᠣᠣ ᠬᠣᠲᠠ ᠵᠢᠨ ᠨᠠᠢ᠍ᠮᠠᠨ ᠬᠣᠰᠢᠭᠤᠨ᠎ᠤ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ ᠵᠢᠨ ᠵᠠᠮ ᠬᠠᠷᠢᠯᠴᠠᠭ᠋ᠠᠨ᠎ᠤ ᠬᠠᠮᠢᠶᠠᠷᠤᠯᠲᠠ ᠵᠢᠨ ᠶᠡᠬᠡ ᠠᠩᠭᠢ ᠬᠠᠷᠢᠶ᠎ᠠ ᠣᠷᠣᠨ᠎ᠳᠤ᠎ᠪᠠᠨ ᠡᠪᠦᠯ᠎ᠤᠨ ᠤᠯᠠᠷᠢᠯ᠎ᠤᠨ ᠵᠠᠮ ᠬᠠᠷᠢᠯᠴᠠᠭ᠋ᠠᠨ᠎ᠤ ᠬᠠᠤᠯᠢ᠎ᠠᠴᠠ ᠵᠥᠷᠢᠴᠡᠭᠰᠡᠨ ᠠᠵᠢᠯᠯᠠᠭ᠎ᠠ ᠵᠢ ᠴᠡᠭᠴᠡᠯᠡᠨ ᠵᠠᠰᠠᠬᠤ ᠲᠤᠰᠬᠠᠢ ᠠᠵᠢᠯᠯᠠᠭ᠎ᠠ ᠥᠷᠨᠢᠭᠦᠯᠬᠦ ᠦᠶ᠎ᠡ᠎ᠳᠤ᠂ ᠨᠠᠰᠤᠨ᠎ᠳᠤ ᠥᠯᠥ ᠭᠦᠷᠦᠭᠰᠡᠳ ᠦᠨᠡᠮᠯᠡᠯ ᠦᠭᠡᠢ᠎ᠪᠠᠷ ᠮᠠᠰᠢᠨ ᠲᠡᠷᠭᠡ ᠵᠢᠯᠣᠭᠣᠳᠤᠭᠰᠠᠨ ᠵᠠᠮ ᠬᠠᠷᠢᠯᠴᠠᠭ᠋ᠠᠨ᠎ᠤ ᠬᠠᠤᠯᠢ᠎ᠠᠴᠠ ᠵᠥᠷᠢᠴᠡᠭᠰᠡᠨ ᠦᠢᠯᠡ ᠠᠵᠢᠯᠯᠠᠭ᠎ᠠ ᠵᠢ ᠪᠠᠢ᠌ᠴᠠᠭ᠋ᠠᠨ ᠭᠠᠷᠭ᠋ᠠᠪᠠ᠃

      2024 ᠣᠨ᠎ᠤ 12 ᠰᠠᠷ᠎ᠠ ᠵᠢᠨ 26᠎ᠤ ᠡᠳᠦᠷ᠎ᠤᠨ 21 ᠴᠠᠭ᠎ᠤᠨ ᠦᠶ᠎ᠡ᠎ᠪᠠᠷ᠂ ᠠᠷᠠᠳ᠎ᠤᠨ ᠴᠠᠭᠳᠠᠭ᠎ᠠ ᠬᠠᠷᠢᠶ᠎ᠠ ᠣᠷᠣᠨ᠎ᠤ ᠲᠡᠷᠭᠡ ᠬᠥᠰᠬᠡ ᠵᠢ ᠪᠠᠢ᠌ᠴᠠᠭ᠋ᠠᠬᠤ ᠦᠶ᠎ᠡ᠎ᠳᠤ ᠨᠢᠭᠡᠨ ᠵᠢᠵᠢᠭ ᠰᠠᠭᠤᠳᠠᠯ᠎ᠤᠨ ᠮᠠᠰᠢᠨ ᠲᠡᠷᠭᠡᠨ᠎ᠤ ᠵᠢᠯᠣᠭᠣᠴᠢ ᠵᠢᠨ ᠳᠦᠷᠰᠦ ᠪᠠᠢ᠌ᠳᠠᠯ᠎ᠨᠢ ᠨᠠᠰᠤᠨ᠎ᠳᠤ ᠭᠦᠷᠦᠭᠰᠡᠳ᠎ᠲᠠᠢ ᠠᠳᠠᠯᠢ ᠦᠭᠡᠢ ᠪᠠᠢ᠌ᠬᠤ ᠵᠢ ᠣᠯᠵᠤ ᠮᠠᠲᠠᠵᠠᠢ᠃ ᠠᠷᠠᠳ᠎ᠤᠨ ᠴᠠᠭᠳᠠᠭ᠎ᠠ ᠲᠡᠭᠦᠨ᠎ᠢ ᠵᠢᠯᠣᠭᠣᠴᠢ ᠵᠢᠨ ᠦᠨᠡᠮᠯᠡᠯ᠂ ᠪᠡᠶ᠎ᠡ ᠵᠢᠨ ᠦᠨᠡᠮᠯᠡᠯ ᠵᠡᠷᠭᠡ ᠬᠠᠮᠢᠶ᠎ᠠ ᠪᠦᠬᠦᠢ ᠭᠡᠷᠡᠴᠢ ᠦᠨᠡᠮᠯᠡᠯ ᠵᠶ᠋ᠡᠨ ᠭᠠᠷᠭ᠋ᠠᠵᠤ ᠦᠵᠡᠭᠦᠯᠭᠦ ᠵᠢ ᠱᠠᠭ᠋ᠠᠷᠳᠠᠬᠤ᠎ᠳᠤ᠂ ᠵᠢᠯᠣᠭᠣᠴᠢ ᠸᠠᠩ ᠣᠪᠣᠭᠲᠤ 《ᠨᠠᠳᠠ᠎ᠳᠤ

ᠵᠢᠯᠣᠭᠣᠴᠢ ᠵᠢᠨ ᠦᠨᠡᠮᠯᠡᠯ ᠪᠠᠢ᠌ᠬᠤ ᠦᠭᠡᠢ》 ᠭᠡᠪᠡ᠃ ᠠᠷᠠᠳ᠎ᠤᠨ ᠴᠠᠭᠳᠠᠭ᠎ᠠ ᠸᠠᠩ ᠣᠪᠣᠭᠲᠤ ᠵᠢᠨ ᠪᠡᠶ᠎ᠡ ᠵᠢᠨ ᠦᠨᠡᠮᠯᠡᠯ᠎ᠤᠨ ᠮᠡᠳᠡᠭᠡ ᠵᠠᠩᠭᠢ ᠵᠢ ᠪᠠᠢ᠌ᠴᠠᠭ᠋ᠠᠨ ᠯᠠᠪᠯᠠᠭᠰᠠᠨ ᠵᠢᠡᠷ᠂ ᠸᠠᠩ ᠣᠪᠣᠭᠲᠤ ᠪᠣᠯ ᠨᠠᠰᠤᠨ᠎ᠳᠤ ᠥᠯᠥ ᠭᠦᠷᠦᠭᠰᠡᠳ ᠪᠠᠢ᠌ᠵᠤ᠂ ᠦᠨᠡᠮᠯᠡᠯ ᠦᠭᠡᠢ᠎ᠪᠠᠷ ᠮᠠᠰᠢᠨ ᠲᠡᠷᠭᠡ ᠵᠢᠯᠣᠭᠣᠳᠤᠭᠰᠠᠨ᠎ᠢ ᠲᠣᠳᠣᠯᠠᠵᠠᠢ᠃ ᠤᠤᠯ᠎ᠨᠢ ᠸᠠᠩ ᠣᠪᠣᠭᠲᠤ ᠡᠨᠡ ᠵᠢᠯ 15 ᠪᠦᠬᠦᠯᠢ ᠨᠠᠰᠤᠲᠠᠢ᠂ ᠭᠡᠷ᠎ᠤᠨ ᠠᠬᠠᠮᠠᠳ ᠵᠢᠡᠨ ᠳᠠᠭ᠋ᠠᠵᠦ ᠲᠦᠷᠦᠯ ᠰᠠᠳᠤᠨ᠎ᠳᠠᠭᠠᠨ ᠠᠢ᠌ᠯᠴᠢᠯᠠᠵᠤ᠂ ᠬᠤᠭᠤᠯᠠ ᠢᠳᠡᠬᠦ ᠳᠤᠮᠳᠠ ᠭᠡᠷ᠎ᠤᠨ ᠠᠬᠠᠮᠠᠳ᠎ᠨᠢ ᠪᠦᠷ ᠠᠷᠢᠬᠢ ᠤᠤᠭᠤᠭᠰᠠᠨ ᠲᠤᠯᠠ ᠲᠡᠷᠡ ᠮᠠᠰᠢᠨ ᠲᠡᠷᠭᠡ ᠵᠢᠯᠣᠭᠣᠳᠤᠨ ᠭᠡᠷ᠎ᠤᠨ ᠠᠬᠠᠮᠠᠳ ᠵᠢᠡᠨ ᠠᠪᠴᠤ ᠭᠡᠷ᠎ᠲᠡᠭᠡᠨ ᠬᠠᠷᠢᠬᠤ᠎ᠪᠠᠷ ᠶᠠᠪᠤᠭᠰᠠᠨ ᠪᠠᠢ᠌ᠪᠠ᠃ ᠠᠷᠠᠳ᠎ᠤᠨ ᠴᠠᠭᠳᠠᠭ᠎ᠠ ᠸᠠᠩ ᠣᠪᠣᠭᠲᠤ ᠵᠢᠴᠢ ᠲᠡᠷᠭᠡᠨ᠎ᠳᠤ ᠰᠠᠭᠤᠭᠰᠠᠨ ᠭᠡᠷ᠎ᠤᠨ ᠠᠬᠠᠮᠠᠳ᠎ᠢ ᠰᠢᠭᠦᠮᠵᠢᠯᠡᠨ ᠰᠤᠷᠭ᠋ᠠᠵᠤ᠂ ᠮᠠᠰᠢᠨ ᠲᠡᠷᠭᠡ ᠵᠢ᠎ᠨᠢ ᠬᠠᠤᠯᠢ ᠶᠣᠰᠣᠭ᠋ᠠᠷ ᠲᠦᠷ ᠦᠯᠡᠳᠡᠭᠡᠵᠦ ᠠᠪᠬᠤ ᠵᠢᠨ ᠬᠠᠮᠲᠤ 《ᠪᠦᠭᠦᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠵᠠᠮ ᠬᠠᠷᠢᠯᠴᠠᠭ᠋ᠠᠨ᠎ᠤ ᠠᠮᠤᠷ ᠲᠦᠪᠰᠢᠨ᠎ᠤ ᠬᠠᠤᠯᠢ》 ᠵᠢᠨ ᠬᠠᠮᠢᠶ᠎ᠠ ᠪᠦᠬᠦᠢ ᠲᠣᠭᠲᠠᠭ᠋ᠠᠯ᠎ᠢ ᠦᠨᠳᠦᠰᠦᠯᠡᠨ᠂ 2000 ᠲᠥᠭᠥᠷᠢᠭ ᠵᠶ᠋ᠠᠷ ᠲᠣᠷᠭ᠋ᠠᠬᠤ ᠰᠢᠢ᠍ᠳᠬᠡᠯ ᠥᠭᠪᠡ᠃

      ᠵᠠᠮ ᠬᠠᠷᠢᠯᠴᠠᠭ᠋ᠠᠨ᠎ᠤ ᠴᠠᠭᠳᠠᠭ᠎ᠠ᠎ᠠᠴᠠ᠂ ᠨᠠᠰᠤᠨ᠎ᠳᠤ ᠥᠯᠥ ᠭᠦᠷᠦᠭᠰᠡᠳ ᠮᠠᠰᠢᠨ ᠲᠡᠷᠭᠡ ᠵᠢᠯᠤᠭᠣᠳᠬᠤ᠎ᠨᠢ ᠡᠩ ᠲᠡᠷᠢᠭᠦᠨ᠎ᠳᠤ ᠵᠠᠮ ᠬᠠᠷᠢᠯᠴᠠᠭ᠋ᠠᠨ᠎ᠤ ᠬᠠᠤᠯᠢ ᠲᠣᠭᠲᠠᠭ᠋ᠠᠯ᠎ᠳᠤ ᠨᠡᠢ᠌ᠴᠡᠬᠦ ᠦᠭᠡᠢ;  ᠳᠠᠭᠢᠪᠠᠯ ᠲᠡᠳᠡ ᠰᠤᠷᠤᠯᠴᠠᠯᠭ᠎ᠠ ᠪᠣᠯᠪᠠᠰᠤᠷᠠᠯ ᠰᠢᠯᠭ᠋ᠠᠯᠲᠠ ᠵᠢ ᠥᠩᠭᠡᠷᠡᠭᠡᠭᠰᠡᠨ ᠦᠭᠡᠢ᠂ ᠵᠠᠮ ᠬᠠᠷᠢᠯᠴᠠᠭ᠋ᠠᠨ᠎ᠤ ᠠᠮᠤᠷ ᠲᠦᠪᠰᠢᠨ᠎ᠤ ᠳᠦᠷᠢᠮ ᠲᠣᠭᠲᠠᠭ᠋ᠠᠯ᠎ᠢ ᠭᠦᠢ᠍ᠴᠡᠳ ᠣᠢ᠌ᠯᠠᠭ᠋ᠠᠬᠤ ᠦᠭᠡᠢ ᠤᠴᠢᠷ᠎ᠠᠴᠠ ᠭᠢᠯᠪᠠᠷᠬᠠᠨ ᠵᠠᠮ ᠬᠠᠷᠢᠯᠴᠠᠭ᠋ᠠᠨ᠎ᠤ ᠡᠨᠳᠡᠯ ᠡᠭᠦᠰᠳᠡᠭ᠃ ᠭᠡᠷ᠎ᠤᠨ ᠠᠬᠠᠮᠠᠳ ᠬᠢᠨᠠᠨ ᠬᠠᠮᠢᠶᠠᠷᠬᠤ ᠬᠠᠷᠢᠭᠤᠴᠠᠯᠭ᠎ᠠ᠎ᠪᠠᠨ ᠴᠢᠩᠭ᠎ᠠ ᠭᠦᠢ᠍ᠴᠡᠳᠬᠡᠵᠦ᠂ ᠨᠠᠰᠤᠨ᠎ᠳᠤ ᠦᠯᠦ ᠭᠦᠷᠦᠭᠰᠡᠳ᠎ᠲᠤ ᠠᠮᠤᠷ ᠲᠦᠪᠰᠢᠨ᠎ᠤ ᠬᠥᠮᠦᠵᠢᠯ᠎ᠢ ᠰᠠᠢ᠌ᠲᠤᠷ ᠬᠢᠬᠦ ᠬᠡᠷᠡᠭᠲᠡᠢ ᠭᠡᠵᠦ ᠰᠠᠨᠠᠭᠤᠯᠵᠤ ᠪᠤᠢ᠃ 

ᠢᠷᠡᠯᠲᠡ᠄ᠳᠤᠮᠳᠠᠳᠤ ᠤᠯᠤᠰ᠎ᠤᠨ ᠮᠣᠩᠭᠤᠯ ᠬᠡᠯᠡᠨ᠎ᠤ ᠰᠣᠨᠢᠨ ᠮᠡᠳᠡᠭᠡ ᠵᠢᠨ ᠰᠦᠯᠵᠢᠶ᠎ᠡ
          
ᠬᠠᠮᠢᠶ᠎ᠡ ᠪᠦᠬᠦᠢ ᠰᠣᠨᠢᠨ
 
            