ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠬᠠᠣᠯᠢ᠎ᠪᠠᠷ ᠵᠠᠰᠠᠬᠤ
ᠦᠢᠯᠡᠴᠢᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠦᠢᠯᠡᠴᠢᠯᠡᠭᠡ   -   ᠲᠠᠨ᠎ᠳᠤ ᠦᠢᠯᠡᠴᠢᠯᠡᠬᠦ᠌
ᠬᠢᠯᠢ᠎ᠠᠴᠠ ᠭᠠᠷᠬᠤ ᠵᠢ ᠬᠢᠵᠠᠭ᠋ᠠᠷᠯᠠᠵᠤ ᠥᠷᠢᠲᠦᠭᠰᠡᠨ ᠵᠣᠭᠣᠰ᠎ᠢ᠎ᠨᠢ ᠪᠤᠴᠠᠭ᠋ᠠᠯᠭ᠋ᠠᠪᠠ
ᠨᠡᠶ᠋ᠢᠲᠡᠯᠡᠭᠰᠡᠨ ᠴᠠᠭ᠄ 2024-05-18

      ᠣᠢ᠌ᠷ᠎ᠠ᠎ᠳᠤ᠂ ᠬᠢᠩᠭ᠋ᠠᠨ ᠠᠢ᠌ᠮᠠᠭ᠎ᠤᠨ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ ᠵᠢᠨ ᠬᠢᠯᠢ᠎ᠪᠠᠷ ᠣᠷᠣᠵᠤ ᠭᠠᠷᠬᠤ ᠬᠠᠮᠢᠶᠠᠷᠤᠯᠲᠠ ᠵᠢᠨ ᠰᠠᠯᠪᠤᠷᠢ ᠠᠩᠭᠢ᠎ᠠᠴᠠ ᠬᠢᠩᠭ᠋ᠠᠨ ᠠᠢ᠌ᠮᠠᠭ᠎ᠤᠨ ᠤᠯᠠᠭ᠋ᠠᠨᠬᠣᠲᠠ ᠵᠢᠨ ᠠᠷᠠᠳ᠎ᠤᠨ ᠰᠢᠭᠦᠬᠦ ᠬᠣᠷᠢᠶ᠎ᠠ᠎ᠲᠠᠢ ᠬᠠᠮᠲᠤᠷᠠᠨ ᠢᠲᠡᠭᠡᠮᠵᠢ ᠠᠯᠳᠠᠭᠰᠠᠨ ᠭᠦᠢ᠍ᠴᠡᠳᠬᠡᠭᠳᠡᠭᠴᠢ ᠵᠠᠩ ᠣᠪᠣᠭᠲᠤ᠎ᠳᠤ ᠬᠢᠯᠢ᠎ᠠᠴᠠ ᠭᠠᠷᠬᠤ ᠵᠢ ᠬᠢᠵᠠᠭ᠋ᠠᠷᠯᠠᠬᠤ ᠠᠷᠭ᠎ᠠ ᠬᠡᠮᠵᠢᠶ᠎ᠡ ᠠᠪᠤᠭᠰᠠᠨ ᠵᠢᠡᠷ᠂ ᠵᠠᠩ ᠣᠪᠣᠭᠲᠤ ᠰᠠᠨᠠᠭ᠋ᠠᠴᠢᠯᠠᠭ᠎ᠠ᠎ᠠᠴᠠ᠎ᠪᠠᠨ 100 ᠲᠦᠮᠡᠨ ᠲᠥᠭᠥᠷᠢᠭ᠎ᠤᠨ ᠥᠷᠢᠲᠦᠭᠰᠡᠨ ᠵᠣᠭᠣᠰ ᠵᠢᠡᠨ ᠪᠤᠴᠠᠭ᠋ᠠᠭᠰᠠᠨ ᠪᠠᠢ᠌ᠨ᠎ᠠ᠃ ᠣᠢ᠌ᠯᠠᠭ᠋ᠠᠭᠰᠠᠨ ᠵᠶ᠋ᠠᠷ᠂ ᠲᠤᠰ ᠬᠡᠷᠡᠭ᠎ᠨᠢ ᠬᠢᠩᠭ᠋ᠠᠨ ᠠᠢ᠌ᠮᠠᠭ᠎ᠤᠨ ᠡᠨᠡ ᠵᠢᠯ᠎ᠤᠨ ᠠᠩᠬᠠᠳᠠᠭᠴᠢ ᠲᠤᠬᠠᠢ ᠵᠢᠨ ᠬᠥᠮᠥᠨ ᠬᠢᠯᠢ᠎ᠠᠴᠠ ᠭᠠᠷᠬᠤ ᠵᠢ ᠬᠢᠵᠠᠭ᠋ᠠᠷᠯᠠᠬᠤ ᠠᠷᠭ᠎ᠠ ᠬᠡᠮᠵᠢᠶ᠎ᠡ ᠠᠪᠤᠭᠰᠠᠨ᠎ᠤ ᠳᠠᠷᠠᠭ᠎ᠠ᠂ ᠵᠣᠭᠣᠰ ᠪᠤᠴᠠᠭ᠋ᠠᠬᠤ ᠡᠭᠦᠷᠭᠡ᠎ᠪᠠᠨ ᠭᠦᠢ᠍ᠴᠡᠳᠬᠡᠭᠰᠡᠨ ᠨᠡᠢ᠌ᠲᠡᠯᠢᠭ ᠬᠡᠷᠡᠭ᠎ᠤᠨ ᠵᠢᠱ᠌ᠢᠶ᠎ᠡ ᠪᠣᠯᠣᠨ᠎ᠠ᠃

      2023 ᠣᠨ᠎ᠳᠤ᠂ ᠵᠠᠩ ᠣᠪᠣᠭᠲᠤ ᠵᠢ ᠤᠯᠠᠭ᠋ᠠᠨᠬᠣᠲᠠ ᠵᠢᠨ ᠠᠷᠠᠳ᠎ᠤᠨ ᠰᠢᠭᠦᠬᠦ ᠬᠣᠷᠢᠶ᠎ᠠ᠎ᠠᠴᠠ ᠭᠤᠸᠠᠨ ᠣᠪᠣᠭᠲᠤ᠎ᠳᠤ ᠥᠷᠢᠲᠦᠭᠰᠡᠨ ᠵᠢᠭᠡᠯᠡᠯᠭᠡ ᠵᠢᠴᠢ ᠡᠬᠡ ᠮᠥᠩᠭᠥ ᠵᠢ 300 ᠭᠠᠷᠤᠢ ᠲᠦᠮᠡᠨ ᠲᠥᠭᠥᠷᠢᠭ ᠲᠥᠯᠥᠬᠦ᠎ᠪᠠᠷ ᠰᠢᠭᠦᠨ ᠲᠠᠰᠤᠯᠪᠠ᠃ ᠭᠡᠲᠡᠯ᠎ᠡ ᠵᠠᠩ ᠣᠪᠣᠭᠲᠤ ᠲᠥᠯᠥᠬᠦ ᠡᠭᠦᠷᠭᠡ᠎ᠪᠠᠨ ᠭᠦᠢ᠍ᠴᠡᠳᠬᠡᠬᠦ ᠦᠭᠡᠢ᠂ ᠰᠢᠭᠦᠬᠦ ᠬᠣᠷᠢᠶ᠎ᠠ ᠵᠠᠩ ᠣᠪᠣᠭᠲᠤ᠎ᠲᠠᠢ ᠣᠯᠠᠨ ᠤᠳᠠᠭ᠎ᠠ ᠬᠠᠷᠢᠯᠴᠠᠭᠰᠠᠨ ᠪᠤᠯᠪᠠᠴᠤ ᠦᠷ᠎ᠡ ᠳ᠋ᠦᠩ ᠭᠠᠷᠤᠭᠰᠠᠨ ᠦᠭᠡᠢ᠂ ᠭᠤᠸᠠᠨ ᠣᠪᠣᠭᠲᠤ ᠵᠠᠩ ᠣᠪᠣᠭᠲᠤ ᠵᠢᠨ ᠦᠷᠭᠦᠯᠵᠢ ᠬᠢᠯᠢ᠎ᠪᠠᠷ ᠣᠷᠣᠵᠤ ᠭᠠᠷᠴᠤ᠂ ᠵᠣᠷᠢᠭᠤᠳᠠ ᠵᠣᠭᠣᠰ ᠪᠤᠴᠠᠭ᠋ᠠᠬᠤ ᠦᠭᠡᠢ ᠭᠡᠵᠦ ᠰᠡᠵᠢᠭᠯᠡᠨ᠂ ᠰᠢᠭᠦᠬᠦ ᠬᠣᠷᠢᠶ᠎ᠠ᠎ᠳᠤ ᠵᠠᠩ ᠣᠪᠣᠭᠲᠤ ᠵᠢᠨ ᠬᠢᠯᠢ᠎ᠠᠴᠠ ᠭᠠᠷᠬᠤ ᠵᠢ ᠬᠢᠵᠠᠭ᠋ᠠᠷᠯᠠᠬᠤ᠎ᠪᠠᠷ ᠭᠤᠶᠤᠴᠢᠯᠠᠵᠠᠢ᠃

      ᠤᠯᠠᠭ᠋ᠠᠨᠬᠣᠲᠠ ᠵᠢᠨ ᠠᠷᠠᠳ᠎ᠤᠨ ᠰᠢᠭᠦᠬᠦ ᠬᠣᠷᠢᠶ᠎ᠠ ᠬᠡᠷᠡᠭ᠎ᠢ ᠰᠢᠭᠦᠭᠰᠡᠨ᠎ᠤ ᠳᠠᠷᠠᠭ᠎ᠠ᠂ ᠵᠠᠩ ᠣᠪᠣᠭᠲᠤ ᠵᠢ ᠬᠠᠤᠯᠢ ᠶᠣᠰᠣᠭ᠋ᠠᠷ ᠢᠲᠡᠭᠡᠯ ᠠᠯᠳᠠᠭᠰᠠᠨ ᠭᠦᠢ᠍ᠴᠡᠳᠬᠡᠭᠳᠡᠭᠴᠢ ᠵᠢᠨ ᠨᠡᠷᠡᠰ᠎ᠲᠤ ᠣᠷᠣᠭᠤᠯᠤᠭᠰᠠᠨ ᠪᠥᠭᠡᠳ ᠳᠣᠲᠣᠭ᠋ᠠᠳᠤ ᠵᠢ ᠬᠠᠮᠠᠭ᠋ᠠᠯᠠᠬᠤ ᠪᠠᠢ᠌ᠭᠤᠯᠭ᠎ᠠ᠎ᠳᠤ ᠲᠡᠭᠦᠨ᠎ᠢ ᠬᠠᠤᠯᠢ᠎ᠪᠠᠷ ᠲᠣᠭᠲᠠᠭ᠋ᠠᠭᠰᠠᠨ ᠬᠢᠯᠢ᠎ᠠᠴᠠ ᠭᠠᠷᠴᠤ ᠪᠤᠯᠬᠤ ᠦᠭᠡᠢ ᠬᠥᠮᠥᠨ ᠪᠤᠯᠭ᠋ᠠᠬᠤ᠎ᠪᠠᠷ ᠳᠤᠷᠠᠳᠪᠠ᠃ ᠬᠢᠨᠠᠨ ᠬᠠᠷᠭᠤᠭᠤᠯᠬᠤ᠎ᠪᠠᠷ ᠳᠠᠮᠵᠢᠭ᠋ᠠᠳ᠂ ᠬᠢᠩᠭ᠋ᠠᠨ ᠠᠢ᠌ᠮᠠᠭ᠎ᠤᠨ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ ᠵᠢᠨ ᠬᠢᠯᠢ᠎ᠪᠠᠷ ᠣᠷᠣᠵᠤ ᠭᠠᠷᠬᠤ ᠬᠠᠮᠢᠶᠠᠷᠤᠯᠲᠠ ᠵᠢᠨ ᠰᠠᠯᠪᠤᠷᠢ ᠠᠩᠭᠢ᠎ᠠᠴᠠ ᠵᠠᠩ ᠣᠪᠣᠭᠲᠤ᠎ᠳᠤ ᠬᠢᠯᠢ᠎ᠪᠠᠷ ᠭᠠᠷᠬᠤ ᠵᠢ᠎ᠨᠢ ᠬᠢᠵᠠᠭ᠋ᠠᠷᠯᠠᠬᠤ ᠠᠷᠭ᠎ᠠ ᠬᠡᠮᠵᠢᠶ᠎ᠡ ᠠᠪᠴᠠᠢ᠃ ᠵᠠᠩ ᠣᠪᠣᠭᠲᠤ ᠦᠷᠭᠦᠯᠵᠢ ᠬᠢᠯᠢ ᠵᠢᠨ ᠳᠣᠲᠣᠨ᠎ᠠ ᠭᠠᠳᠠᠨ᠎ᠠ ᠠᠷᠠᠯᠵᠢᠶ᠎ᠠ ᠬᠢᠵᠦ᠂ ᠬᠢᠯᠢ᠎ᠠᠴᠠ ᠭᠠᠷᠬᠤ ᠵᠢ᠎ᠨᠢ ᠬᠢᠵᠠᠭ᠋ᠠᠷᠯᠠᠭᠰᠠᠨ᠎ᠤ ᠳᠠᠷᠠᠭ᠎ᠠ᠂ ᠬᠡᠷᠡᠭ ᠳᠠᠭ᠋ᠠᠭ᠋ᠠᠨ ᠰᠢᠢ᠍ᠳᠬᠡᠭᠴᠢ᠎ᠲᠠᠢ ᠬᠠᠷᠢᠯᠴᠠᠵᠤ 《ᠤᠷᠢᠳ ᠵᠶ᠋ᠠᠷ ᠨᠢᠭᠡ ᠯᠡ ᠤᠳᠠᠭ᠎ᠠ᠎ᠳᠤ 100 ᠲᠦᠮᠡᠨ ᠲᠥᠭᠥᠷᠢᠭ ᠲᠥᠯᠥᠵᠦ᠂ ᠦᠯᠡᠳᠡᠭᠰᠡᠨ ᠬᠡᠷᠡᠭ᠎ᠤᠨ ᠵᠣᠭᠣᠰ᠎ᠢ ᠬᠤᠭᠤᠴᠠᠭ᠎ᠠ ᠬᠤᠪᠢᠶᠠᠨ ᠲᠥᠯᠥᠬᠦ》 ᠲᠥᠯᠥᠪᠯᠡᠭᠡ ᠳᠤᠷᠠᠳᠪᠠ᠃ ᠭᠤᠸᠠᠨ ᠣᠪᠣᠭᠲᠤ ᠲᠤᠰ ᠵᠣᠭᠣᠰ ᠪᠤᠴᠠᠭ᠋ᠠᠬᠤ ᠲᠥᠯᠥᠪᠯᠡᠭᠡ ᠵᠢ ᠵᠥᠪᠰᠢᠶᠡᠷᠡᠵᠦ᠂ ᠵᠠᠩ ᠣᠪᠣᠭᠲᠤ ᠪᠠᠩᠬᠢ᠎ᠪᠠᠷ ᠵᠣᠭᠣᠰ ᠰᠢᠯᠵᠢᠭᠦᠯᠵᠦ100 ᠲᠦᠮᠡᠨ ᠲᠥᠭᠥᠷᠢᠭ ᠲᠥᠯᠥᠭᠰᠡᠨ ᠪᠠᠢ᠌ᠨ᠎ᠠ᠃

ᠢᠷᠡᠯᠲᠡ᠄ᠳᠤᠮᠳᠠᠳᠤ ᠤᠯᠤᠰ᠎ᠤᠨ ᠮᠣᠩᠭᠤᠯ ᠬᠡᠯᠡᠨ᠎ᠤ ᠰᠣᠨᠢᠨ ᠮᠡᠳᠡᠭᠡ ᠵᠢᠨ ᠰᠦᠯᠵᠢᠶ᠎ᠡ
          
ᠬᠠᠮᠢᠶ᠎ᠡ ᠪᠦᠬᠦᠢ ᠰᠣᠨᠢᠨ
 
            