ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠬᠠᠣᠯᠢ᠎ᠪᠠᠷ ᠵᠠᠰᠠᠬᠤ
ᠦᠢᠯᠡᠴᠢᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠦᠢᠯᠡᠴᠢᠯᠡᠭᠡ   -   ᠲᠠᠨ᠎ᠳᠤ ᠦᠢᠯᠡᠴᠢᠯᠡᠬᠦ᠌
ᠬᠠᠤᠯᠢ ᠪᠤᠰᠤ᠎ᠪᠠᠷ ᠫᠤᠤ ᠵᠡᠪᠰᠡᠭ ᠡᠵᠡᠮᠰᠢᠭᠡᠳ ᠰᠢᠢ᠍ᠳᠭᠡᠭᠳᠡᠪᠡ
ᠨᠡᠶ᠋ᠢᠲᠡᠯᠡᠭᠰᠡᠨ ᠴᠠᠭ᠄ 2025-03-31

      ᠣᠢ᠌ᠷ᠎ᠠ᠎ᠳᠤ᠂ ᠭᠦᠭᠡᠬᠤᠳᠠ ᠵᠢᠨ ᠰᠢᠨ᠎ᠡ ᠬᠣᠲᠠ ᠲᠣᠭᠣᠷᠢᠭ᠎ᠤᠨ ᠳᠣᠲᠣᠭ᠋ᠠᠳᠤ ᠵᠢ ᠬᠠᠮᠠᠭ᠋ᠠᠯᠠᠬᠤ ᠬᠤᠪᠢᠶᠠᠷᠢ ᠲᠣᠪᠴᠢᠶ᠎ᠠ ᠵᠢᠨ ᠳ᠋ᠦᠩ ᠾᠧ᠎ᠳᠠᠬᠢ ᠲᠣᠮᠢᠯᠠᠭᠰᠠᠨ ᠰᠠᠯᠪᠤᠷᠢ ᠨᠢᠭᠡᠨ ᠬᠠᠤᠯᠢ ᠪᠤᠰᠤ᠎ᠪᠠᠷ ᠫᠤᠤ ᠵᠡᠪᠰᠡᠭ ᠡᠵᠡᠮᠰᠢᠭᠰᠡᠨ ᠬᠡᠷᠡᠭ᠎ᠢ ᠢᠯᠡᠷᠡᠭᠦᠯᠵᠦ᠂ 1 ᠬᠥᠮᠥᠨ᠎ᠢ ᠲᠦᠷ ᠬᠣᠷᠢᠪᠠ᠃

      ᠲᠦᠷᠦᠭᠦᠬᠡᠨ᠂ ᠳ᠋ᠦᠩ ᠾᠧ᠎ᠳᠠᠬᠢ ᠲᠣᠮᠢᠯᠠᠭᠰᠠᠨ ᠰᠠᠯᠪᠤᠷᠢ ᠰᠦᠪᠡᠭᠴᠢ ᠣᠯᠵᠤ᠂ ᠬᠠᠷᠢᠶ᠎ᠠ ᠣᠷᠣᠨ᠎ᠤ ᠰᠠᠭᠤᠭ᠋ᠠᠯᠢ ᠠᠷᠠᠳ ᠵᠣᠣ ᠣᠪᠣᠭᠲᠤ᠎ᠳᠤ ᠬᠡᠢ᠌ᠲᠦ ᠫᠤᠤ ᠪᠠᠢ᠌ᠬᠤ ᠰᠡᠵᠢᠭᠯᠡᠯᠲᠡᠢ ᠭᠡᠵᠦ᠂ ᠠᠷᠠᠳ᠎ᠤᠨ ᠴᠠᠭᠳᠠᠭ᠎ᠠ ᠵᠣᠣ ᠣᠪᠣᠭᠲᠤ ᠵᠢ ᠲᠡᠷᠡ ᠳᠠᠷᠤᠢ᠎ᠳᠤᠨᠢ ᠲᠣᠮᠢᠯᠠᠭᠰᠠᠨ ᠰᠠᠯᠪᠤᠷᠢ᠎ᠳᠤ ᠳᠠᠭᠤᠳᠠᠭᠰᠠᠨ ᠪᠥᠭᠡᠳ ᠭᠡᠷ᠎ᠠᠴᠠ᠎ᠨᠢ ᠨᠢᠭᠡ  ᠬᠡᠢ᠌ᠲᠦ ᠫᠤᠤ ᠵᠢᠴᠢ ᠡᠳᠦᠢ ᠲᠡᠳᠦᠢ ᠬᠡᠢ᠌ᠲᠦ ᠫᠤᠤ ᠵᠢᠨ ᠰᠡᠯᠪᠢᠭ ᠲᠣᠨᠣᠭ᠎ᠢ ᠪᠠᠢ᠌ᠴᠠᠭ᠋ᠠᠨ ᠭᠠᠷᠭ᠋ᠠᠵᠠᠢ᠃ ᠪᠠᠢ᠌ᠴᠠᠭ᠋ᠠᠭᠰᠠᠨ ᠵᠶ᠋ᠠᠷ᠂ ᠬᠠᠤᠯᠢ᠎ᠠᠴᠠ ᠵᠥᠷᠢᠴᠡᠭᠰᠡᠨ ᠦᠢᠯᠡ ᠠᠵᠢᠯᠯᠠᠭ᠋ᠠᠳᠠᠨ ᠵᠣᠣ ᠣᠪᠣᠭᠲᠤ ᠫᠤᠤ ᠵᠡᠪᠰᠡᠭ᠎ᠲᠤ ᠪᠠᠬᠠᠲᠠᠢ ᠬᠥᠮᠥᠨ ᠪᠠᠢ᠌ᠵᠤ᠂ ᠣᠯᠠᠨ ᠵᠢᠯ᠎ᠤᠨ ᠡᠮᠦᠨ᠎ᠡ ᠬᠡᠢ᠌ᠲᠦ ᠫᠤᠤ ᠵᠢᠴᠢ ᠰᠡᠯᠪᠢᠭ ᠲᠣᠨᠣᠭ ᠬᠤᠳᠠᠯᠳᠤᠨ ᠠᠪᠤᠭᠰᠠᠨ ᠪᠥᠭᠡᠳ ᠣᠯᠠᠨ ᠤᠳᠠᠭ᠎ᠠ ᠡᠨᠡ ᠬᠡᠢ᠌ᠲᠦ ᠫᠤᠤ ᠵᠢ ᠠᠪᠴᠤ ᠬᠣᠢ᠌ᠲᠤ ᠬᠣᠶᠠᠳᠤᠭ᠋ᠠᠷ ᠲᠣᠭᠣᠷᠢᠯ ᠵᠠᠮ᠎ᠤᠨ ᠣᠶ᠋ᠢᠷᠠᠯᠴᠠᠭ᠎ᠠ ᠬᠦᠷᠴᠦ ᠲᠤᠷᠰᠢᠨ ᠫᠤᠤᠳᠠᠭᠰᠠᠨ ᠪᠥᠭᠡᠳ ᠫᠤᠤ ᠵᠡᠪᠰᠡᠭ ᠵᠶ᠋ᠡᠨ ᠭᠡᠷ᠎ᠲᠡᠭᠡᠨ ᠨᠢᠭᠤᠨ ᠳᠠᠯᠳᠠᠯᠠᠭᠰᠠᠨ ᠪᠠᠢ᠌ᠨ᠎ᠠ᠃ ᠣᠳᠣᠬᠠᠨ᠎ᠳᠤ᠂ ᠳᠣᠲᠣᠭ᠋ᠠᠳᠤ ᠵᠢ ᠬᠠᠮᠠᠭ᠋ᠠᠯᠠᠬᠤ ᠪᠠᠢ᠌ᠭᠤᠯᠭ᠎ᠠ᠎ᠠᠴᠠ ᠬᠠᠤᠯᠢ᠎ᠠᠴᠠ ᠵᠥᠷᠢᠴᠡᠭᠰᠡᠨ ᠦᠢᠯᠡ ᠠᠵᠢᠯᠯᠠᠭ᠋ᠠᠳᠠᠨ ᠵᠣᠣ ᠣᠪᠣᠭᠲᠤ᠎ᠳᠤ 5 ᠡᠳᠦᠷ᠎ᠤᠨ ᠵᠠᠰᠠᠭ ᠵᠠᠬᠢᠷᠭ᠋ᠠᠨ ᠵᠶ᠋ᠠᠷ ᠲᠦᠷ ᠬᠣᠷᠢᠬᠤ ᠰᠢᠢ᠍ᠳᠬᠡᠯ ᠥᠭᠬᠦ ᠵᠢᠨ ᠬᠠᠮᠲᠤ ᠬᠡᠷᠡᠭ᠎ᠲᠤ ᠬᠣᠯᠪᠣᠭᠳᠠᠭᠰᠠᠨ ᠬᠡᠢ᠌ᠲᠦ ᠫᠤᠤ ᠵᠢᠴᠢ ᠰᠡᠯᠪᠢᠭ ᠲᠣᠨᠣᠭ᠎ᠢ᠎ᠨᠢ ᠬᠣᠷᠢᠶᠠᠨ ᠠᠪᠴᠠᠢ᠃ ᠳ᠋ᠦᠩ ᠾᠧ᠎ᠳᠠᠬᠢ ᠲᠣᠮᠢᠯᠠᠭᠰᠠᠨ ᠰᠠᠯᠪᠤᠷᠢ ᠵᠢᠨ᠎ᠬᠢᠨ ᠬᠠᠷᠢᠶ᠎ᠠ ᠣᠷᠣᠨ᠎ᠤ ᠣᠨᠴᠠᠯᠢᠭ᠎ᠲᠠᠢ᠎ᠪᠠᠨ ᠤᠶᠠᠯᠳᠤᠭᠤᠯᠤᠨ᠂ ᠫᠤᠤ ᠵᠡᠪᠰᠡᠭ᠂ ᠳᠡᠯᠪᠡᠷᠡᠬᠦ ᠪᠣᠳᠠᠰ᠎ᠲᠤ ᠬᠣᠯᠪᠣᠭᠳᠠᠭᠰᠠᠨ ᠬᠠᠤᠯᠢ᠎ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠵᠢᠨ ᠤᠬᠠᠭᠤᠯᠭ᠎ᠠ ᠵᠢ ᠦᠷᠭᠦᠯᠵᠢᠯᠡᠨ ᠥᠷᠨᠢᠭᠦᠯᠵᠦ᠂ ᠬᠠᠷᠢᠶ᠎ᠠ ᠣᠷᠣᠨ᠎ᠤ ᠣᠯᠠᠨ ᠲᠦᠮᠡᠨ᠎ᠤ ᠬᠠᠤᠯᠢ ᠵᠢ ᠣᠢ᠌ᠯᠠᠭ᠋ᠠᠬᠤ᠂ ᠬᠠᠤᠯᠢ ᠵᠢ ᠰᠠᠬᠢᠬᠤ ᠤᠬᠠᠮᠰᠠᠷ᠎ᠢ ᠴᠢᠩᠭ᠋ᠠᠳᠬᠠᠵᠤ᠂ ᠫᠤᠤ ᠵᠡᠪᠰᠡᠭ᠂ ᠳᠡᠯᠪᠡᠷᠡᠬᠦ ᠪᠣᠳᠠᠰ᠎ᠲᠤ ᠬᠣᠯᠪᠣᠭᠳᠠᠭᠰᠠᠨ ᠬᠠᠤᠯᠢ᠎ᠠᠴᠠ ᠵᠥᠷᠢᠴᠡᠭᠰᠡᠨ ᠶᠠᠯᠠᠲᠤ ᠠᠵᠢᠯᠯᠠᠭ᠎ᠠ᠎ᠳᠤ ᠴᠢᠩᠭ᠎ᠠ ᠴᠣᠬᠢᠯᠲᠠ ᠥᠭᠴᠦ᠂ ᠨᠡᠢ᠌ᠭᠡᠮ᠎ᠤᠨ ᠠᠮᠤᠷ ᠲᠦᠪᠰᠢᠨ᠎ᠤ ᠭᠡᠮ ᠰᠣᠭᠣᠭ᠎ᠢ ᠪᠦᠭᠦ ᠲᠠᠯ᠎ᠠ᠎ᠪᠠᠷ ᠠᠷᠢᠯᠭ᠋ᠠᠪᠠ᠃ ᠡᠭᠦᠨ᠎ᠤ ᠬᠠᠮᠲᠤ ᠫᠤᠤ ᠵᠡᠪᠰᠡᠭ ᠳᠡᠯᠪᠡᠷᠡᠬᠦ

ᠪᠣᠳᠠᠰ᠎ᠲᠤ ᠬᠣᠯᠪᠣᠭᠳᠠᠭᠰᠠᠨ ᠬᠠᠤᠯᠢ᠎ᠠᠴᠠ ᠵᠥᠷᠢᠴᠡᠭᠰᠡᠨ ᠶᠠᠯᠠᠲᠤ ᠠᠵᠢᠯᠯᠠᠭ᠎ᠠ᠎ᠳᠤ ᠴᠣᠬᠢᠯᠲᠠ ᠥᠭᠬᠦ ᠡᠷᠴᠢᠮ ᠵᠶ᠋ᠡᠨ ᠦᠷᠭᠦᠯᠵᠢᠯᠡᠨ ᠴᠢᠩᠭ᠋ᠠᠷᠠᠭᠤᠯᠵᠤ᠂ ᠫᠤᠤ ᠵᠡᠪᠰᠡᠭ ᠳᠡᠯᠪᠡᠷᠡᠬᠦ ᠡᠳ᠋ ᠪᠣᠳᠠᠰ᠎ᠤᠨ ᠬᠠᠤᠯᠢ᠎ᠠᠴᠠ   ᠵᠥᠷᠢᠴᠡᠭᠰᠡᠨ ᠶᠠᠯᠠᠲᠤ ᠠᠵᠢᠯᠯᠠᠭ᠎ᠠ ᠵᠢᠨ ᠡᠭᠦᠰᠬᠦ ᠵᠢ ᠦᠨᠡᠨ ᠬᠦ᠌ ᠠᠷᠢᠯᠭ᠋ᠠᠵᠤ᠂ ᠬᠠᠷᠢᠶ᠎ᠠ ᠣᠷᠣᠨ᠎ᠤ ᠨᠡᠢ᠌ᠭᠡᠮ᠎ᠤᠨ ᠠᠮᠤᠷ ᠲᠦᠪᠰᠢᠨ᠎ᠤ ᠰᠠᠢ᠌ᠨ ᠰᠠᠢ᠌ᠬᠠᠨ ᠣᠷᠴᠢᠨ ᠨᠥᠬᠥᠴᠡᠯ᠎ᠢ ᠬᠠᠮᠠᠭ᠋ᠠᠯᠠᠪᠠ᠃

      ᠴᠠᠭᠳᠠᠭ᠋ᠠᠨ᠎ᠤ ᠲᠠᠯ᠎ᠠ ᠵᠢᠨ ᠰᠠᠨᠠᠭᠤᠯᠤᠮᠵᠢ᠄ ᠫᠤᠤ ᠵᠡᠪᠰᠡᠭ ᠰᠤᠮᠤ ᠳᠠᠷᠢ ᠪᠣᠯ ᠠᠶᠤᠯᠲᠠᠢ ᠳᠡᠯᠪᠡᠷᠡᠬᠦ ᠡᠳ᠋ ᠪᠣᠳᠠᠰ᠎ᠲᠤ ᠬᠠᠷᠢᠶᠠᠯᠠᠭᠳᠠᠨ᠎ᠠ᠂ ᠫᠤᠤ ᠵᠡᠪᠰᠡᠭ ᠰᠤᠮᠤ ᠳᠠᠷᠢ ᠵᠢ ᠬᠠᠤᠯᠢ ᠪᠤᠰᠤ᠎ᠪᠠᠷ ᠡᠵᠡᠮᠰᠢᠭᠰᠡᠨ᠂ ᠬᠤᠪᠢ᠎ᠪᠠᠷ ᠵᠶ᠋ᠠᠨ ᠨᠢᠭᠤᠵᠤ ᠬᠠᠳᠠᠭ᠋ᠠᠯᠠᠭᠰᠠᠨ ᠪᠣᠯ ᠬᠠᠤᠯᠢ᠎ᠠᠴᠠ  ᠵᠥᠷᠢᠴᠡᠭᠰᠡᠨ ᠦᠢᠯᠡ ᠠᠵᠢᠯᠯᠠᠭ᠎ᠠ᠎ᠳᠤ ᠲᠣᠭ᠋ᠠᠴᠠᠭᠳᠠᠨ᠎ᠠ᠂ ᠬᠡᠷᠪᠡ ᠣᠯᠵᠤ ᠮᠡᠳᠡᠪᠡᠯ᠂ ᠰᠠᠨᠠᠭ᠋ᠠᠴᠢᠯᠠᠭ᠎ᠠ᠎ᠠᠴᠠ᠎ᠪᠠᠨ ᠳᠣᠲᠣᠭ᠋ᠠᠳᠤ ᠵᠢ ᠬᠠᠮᠠᠭ᠋ᠠᠯᠠᠬᠤ ᠪᠠᠢ᠌ᠭᠤᠯᠭ᠎ᠠ᠎ᠳᠤ ᠲᠤᠰᠢᠶᠠᠵᠤ᠂ ᠬᠤᠪᠢ᠎ᠪᠠᠷ ᠵᠶ᠋ᠠᠨ ᠬᠠᠳᠠᠭ᠋ᠠᠯᠠᠵᠤ ᠪᠤᠯᠬᠤ ᠦᠭᠡᠢ᠃ ᠡᠭᠦᠨ᠎ᠤ ᠬᠠᠮᠲᠤ ᠥᠷᠭᠡᠨ ᠤᠯᠠᠨ ᠲᠦᠮᠡᠨ ᠫᠤᠤ ᠵᠡᠪᠰᠡᠭ᠎ᠢ ᠬᠠᠤᠯᠢ ᠪᠤᠰᠤ᠎ᠪᠠᠷ ᠡᠵᠡᠮᠰᠢᠭᠰᠡᠨ᠂ ᠫᠤᠤ ᠵᠡᠪᠰᠡᠭ᠂ ᠰᠤᠮᠤ ᠲᠠᠷᠢ᠂ ᠳᠡᠯᠪᠡᠷᠡᠬᠦ ᠡᠳ᠋ ᠪᠣᠳᠠᠰ᠎ᠢ ᠬᠤᠪᠢ᠎ᠪᠠᠷ ᠵᠶ᠋ᠠᠨ ᠨᠢᠭᠤᠵᠤ ᠬᠠᠳᠠᠭ᠋ᠠᠯᠠᠭᠰᠠᠨ ᠵᠡᠷᠭᠡ ᠦᠢ᠍ᠯᠡ ᠠᠵᠢᠯᠯᠠᠭ᠎ᠠ ᠵᠢ ᠢᠳᠡᠪᠬᠢᠲᠡᠢ ᠢᠯᠡᠴᠢᠯᠡᠨ ᠮᠡᠳᠡᠭᠦᠯᠵᠦ᠂ ᠨᠡᠢ᠌ᠭᠡᠮ᠎ᠤᠨ ᠠᠮᠤᠷ ᠲᠦᠪᠰᠢᠨ᠎ᠤ ᠲᠠᠯᠳᠠ ᠭᠡᠮ᠎ᠢ ᠴᠠᠭ ᠲᠤᠬᠠᠢ᠎ᠳᠤᠨᠢ ᠠᠷᠢᠯᠭ᠋ᠠᠵᠤ᠂ ᠨᠡᠢ᠌ᠭᠡᠮ᠎ᠤᠨ ᠠᠮᠤᠷ ᠲᠦᠪᠰᠢᠨ᠎ᠤ ᠰᠠᠢ᠌ᠨ ᠰᠠᠢ᠌ᠬᠠᠨ ᠣᠷᠴᠢᠨ ᠨᠥᠬᠥᠴᠡᠯ᠎ᠢ ᠬᠠᠮᠲᠤ᠎ᠪᠠᠷ ᠬᠠᠮᠠᠭ᠋ᠠᠯᠠᠬᠤ ᠵᠢ ᠬᠦᠰᠡᠵᠦ ᠪᠠᠢ᠌ᠨ᠎ᠠ᠃

ᠢᠷᠡᠯᠲᠡ᠄ᠳᠤᠮᠳᠠᠳᠤ ᠤᠯᠤᠰ᠎ᠤᠨ ᠮᠣᠩᠭᠤᠯ ᠬᠡᠯᠡᠨ᠎ᠤ ᠰᠣᠨᠢᠨ ᠮᠡᠳᠡᠭᠡ ᠵᠢᠨ ᠰᠦᠯᠵᠢᠶ᠎ᠡ
          
ᠬᠠᠮᠢᠶ᠎ᠡ ᠪᠦᠬᠦᠢ ᠰᠣᠨᠢᠨ
 
            