ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠬᠠᠣᠯᠢ᠎ᠪᠠᠷ ᠵᠠᠰᠠᠬᠤ
ᠦᠢᠯᠡᠴᠢᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠦᠢᠯᠡᠴᠢᠯᠡᠭᠡ   -   ᠲᠠᠨ᠎ᠳᠤ ᠦᠢᠯᠡᠴᠢᠯᠡᠬᠦ᠌
ᠡᠷᠲᠡᠨ᠎ᠤ ᠰᠡᠭᠡᠷᠲᠡᠨ᠎ᠤ ᠴᠢᠯᠠᠭᠤᠵᠢᠮᠠᠯ᠎ᠢ ᠮᠠᠯᠲᠠᠨ ᠫᠠᠨᠽᠠᠯᠠᠵᠤ ᠬᠤᠳᠠᠯᠳᠤᠭ᠋ᠠᠳ ᠬᠠᠤᠯᠢ ᠵᠢᠨ ᠲᠣᠣᠷ᠎ᠲᠤ ᠤᠨᠠᠪᠠ
ᠨᠡᠶ᠋ᠢᠲᠡᠯᠡᠭᠰᠡᠨ ᠴᠠᠭ᠄ 2025-03-24

      ᠴᠢᠩ ᠱᠦᠢ ᠾᠧ ᠰᠢᠶᠠᠨ᠎ᠤ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ ᠵᠢᠨ ᠡᠷᠡᠭᠦᠦ ᠵᠢᠨ ᠬᠡᠷᠡᠭ᠎ᠢ ᠲᠠᠩᠨᠠᠨ ᠪᠠᠢ᠌ᠴᠠᠭ᠋ᠠᠬᠤ ᠶᠡᠬᠡ ᠠᠩᠭᠢ ᠤᠯᠠᠨ ᠲᠦᠮᠡᠨ᠎ᠤ ᠢᠯᠡᠴᠢᠯᠡᠨ ᠮᠡᠳᠡᠭᠦᠯᠦᠯᠲᠡ ᠵᠢ ᠲᠤᠰᠴᠤ᠂ 《ᠯᠠᠮ᠎ᠠ ᠵᠢᠨ ᠲᠣᠬᠣᠢ ᠪᠠᠯᠭ᠋ᠠᠰᠤᠨ᠎ᠳᠤ ᠨᠢᠭᠡ ᠪᠦᠯᠦᠭ ᠬᠥᠮᠥᠨ ᠪᠠᠭ᠋ᠠᠵᠢ ᠬᠡᠷᠡᠭᠯᠡᠭᠦᠷ ᠠᠪᠴᠤ᠂ ᠦᠷᠭᠦᠯᠵᠢ ᠣᠷᠣᠢ ᠰᠥᠨᠢ᠎ᠪᠠᠷ ᠬᠥᠳᠡᠯᠦᠯᠴᠡᠵᠦ᠂ ᠳᠤᠷ᠎ᠠ᠎ᠪᠠᠷ ᠵᠢᠡᠨ ᠬᠤᠯᠠᠭ᠋ᠠᠢ᠌ᠯᠠᠨ ᠮᠠᠯᠲᠠᠵᠤ ᠪᠠᠢ᠌ᠬᠤ ᠮᠠᠭ᠋ᠠᠳ ᠦᠭᠡᠢ᠂ ᠳᠣᠲᠣᠭ᠋ᠠᠳᠤ ᠵᠢ ᠬᠠᠮᠠᠭ᠋ᠠᠯᠠᠬᠤ ᠪᠠᠢ᠌ᠭᠤᠯᠭ᠎ᠠ᠎ᠠᠴᠠ ᠪᠠᠢ᠌ᠴᠠᠭ᠋ᠠᠬᠤ ᠪᠣᠯᠪᠠᠤ》 ᠭᠡᠪᠡ᠃

      ᠲᠤᠰ ᠰᠦᠪᠡᠭᠴᠢ ᠵᠢ ᠣᠯᠣᠭᠰᠠᠨ᠎ᠤ ᠲᠠᠷᠠᠭ᠎ᠠ᠂ ᠡᠷᠡᠭᠦᠦ ᠵᠢᠨ ᠬᠡᠷᠡᠭ᠎ᠢ ᠲᠠᠩᠨᠠᠨ ᠪᠠᠢ᠌ᠴᠠᠭ᠋ᠠᠬᠤ ᠶᠡᠬᠡ ᠠᠩᠭᠢ ᠪᠠᠷᠢᠨ ᠴᠠᠭᠳᠠᠭ᠎ᠠ ᠵᠢ ᠵᠣᠬᠢᠶᠠᠨ ᠪᠠᠢ᠌ᠭᠤᠯᠤᠨ ᠯᠠᠮ᠎ᠠ ᠵᠢᠨ ᠲᠣᠬᠣᠢ ᠪᠠᠯᠭ᠋ᠠᠰᠤᠨ᠎ᠳᠤ ᠣᠴᠢᠭᠤᠯᠪᠠ᠃ ᠵᠢᠭᠰᠠᠭ᠋ᠠᠨ ᠪᠠᠢ᠌ᠴᠠᠭ᠋ᠠᠭ᠋ᠠᠳ᠂ ᠴᠠᠭᠳᠠᠭ᠎ᠠ ᠨᠠᠷ ᠯᠠᠮ᠎ᠠ ᠵᠢᠨ ᠲᠣᠬᠣᠢ ᠪᠠᠯᠭ᠋ᠠᠰᠤᠨ᠎ᠤ ᠨᠢᠭᠡᠨ ᠠᠭᠤᠯᠠᠨ᠎ᠳᠤ ᠠᠩᠬᠠᠷᠤᠯ ᠵᠢᠡᠨ ᠬᠠᠨᠳᠤᠭᠤᠯᠪᠠ᠃ ᠲᠤᠰ ᠠᠭᠤᠯᠠ ᠮᠠᠰᠢ ᠡᠭᠴᠡ᠂ ᠵᠠᠮ ᠴᠢᠬᠤᠯ᠂ ᠶᠠᠪᠤᠬᠤ᠎ᠳᠤ ᠬᠦᠴᠢᠷᠲᠡᠢ ᠪᠠᠢ᠌ᠵᠤ᠂ 3 ᠬᠤᠯᠠᠭ᠋ᠠᠢ᠌ᠯᠠᠵᠤ ᠮᠠᠯᠲᠠᠭᠰᠠᠨ ᠨᠦᠬᠡ᠎ᠲᠠᠢ ᠪᠠᠢ᠌ᠯ᠎ᠠ᠃ ᠨᠢᠭᠡ ᠣᠷᠣᠢ ᠰᠠᠬᠢᠵᠤ ᠬᠦᠯᠢᠶᠡᠬᠦ᠎ᠪᠠᠷ ᠳᠠᠮᠵᠢᠭᠤᠯᠤᠨ᠂ ᠴᠠᠭᠳᠠᠭ᠎ᠠ ᠨᠠᠷ ᠲᠠᠷᠠᠭ᠎ᠠ ᠡᠳᠦᠷ᠎ᠤᠨ ᠬᠢᠨᠢ ᠥᠷᠯᠥᠭᠡ ᠡᠷᠲᠡ ᠭᠢᠯᠠᠪ ᠴᠢᠯᠠᠪ ᠬᠢᠭᠰᠡᠨ ᠰᠡᠵᠢᠭᠯᠡᠯᠲᠡᠢ ᠬᠡᠳᠦᠨ ᠬᠥᠮᠥᠨ᠎ᠢ ᠢᠯᠡᠷᠡᠭᠦᠯᠵᠦ᠂

ᠡᠷᠲᠡᠨ᠎ᠤ ᠰᠡᠭᠡᠷᠲᠡᠨ᠎ᠤ ᠴᠢᠯᠠᠭᠤᠵᠢᠮᠠᠯ᠎ᠢ ᠬᠤᠯᠠᠭ᠋ᠠᠢ᠌ᠯᠠᠨ ᠮᠠᠯᠲᠠᠭᠰᠠᠨ 9 ᠶᠠᠯ᠎ᠠ ᠵᠢᠨ ᠰᠡᠵᠢᠭᠲᠡᠨ᠎ᠢ ᠲᠤᠬᠠᠢ ᠵᠢᠨ ᠲᠠᠯᠠᠪᠠᠢ᠎ᠳᠤᠨᠢ ᠪᠠᠷᠢᠪᠴᠢᠯᠠᠪᠠ᠃

      ᠰᠢᠭᠦᠵᠦ ᠠᠰᠠᠭᠤᠭᠰᠠᠨ ᠵᠢᠡᠷ ᠡᠨᠡ ᠪᠣᠯ ᠨᠠᠷᠢᠨ ᠲᠥᠯᠥᠪᠯᠡᠭᠡ᠎ᠲᠠᠢ᠂ ᠠᠵᠢᠯ᠎ᠤᠨ ᠬᠤᠪᠢᠶᠠᠷᠢᠯᠠᠯ ᠲᠣᠳᠣᠷᠬᠠᠢ ᠡᠷᠲᠡᠨ᠎ᠤ ᠰᠡᠭᠡᠷᠲᠡᠨ᠎ᠤ ᠴᠢᠯᠠᠭᠤᠵᠢᠮᠠᠯ᠎ᠢ ᠬᠤᠯᠠᠭ᠋ᠠᠢ᠌ᠯᠠᠨ ᠮᠠᠯᠲᠠᠵᠤ ᠫᠠᠨᠽᠠᠯᠠᠭᠰᠠᠨ ᠡᠪᠰᠡᠯ ᠪᠦᠯᠦᠭ ᠪᠤᠯᠬᠤ ᠵᠢ ᠣᠯᠵᠤ ᠮᠡᠳᠡᠪᠡ᠃ ᠶᠠᠯ᠎ᠠ ᠵᠢᠨ ᠰᠡᠵᠢᠭᠲᠡᠨ᠎ᠤ ᠲᠤᠰᠢᠶᠠᠭᠰᠠᠨ ᠵᠢᠡᠷ᠂ ᠲᠡᠳᠡᠨᠦᠰ ᠬᠣᠶᠠᠷ ᠳᠤᠭᠤᠢ᠌ᠯᠠᠩ ᠬᠤᠪᠢᠶᠠᠵᠤ᠂ ᠨᠢᠭᠡ ᠳᠤᠭᠤᠢ᠌ᠯᠠᠩ᠎ᠨᠢ ᠨᠦᠭᠡᠨ ᠵᠠᠮ ᠮᠠᠯᠲᠠᠵᠤ ᠡᠷᠲᠡᠨ᠎ᠤ ᠰᠡᠭᠡᠷᠲᠡᠨ᠎ᠤ ᠴᠢᠯᠠᠭᠤᠵᠢᠮᠠᠯ᠎ᠢ ᠬᠤᠯᠠᠭ᠋ᠠᠢ᠌ᠯᠠᠨ ᠮᠠᠯᠲᠠᠵᠤ᠂ ᠨᠦᠭᠦᠭᠡ ᠨᠢᠭᠡ ᠳᠤᠭᠤᠢ᠌ᠯᠠᠩ᠎ᠨᠢ ᠬᠤᠯᠠᠭ᠋ᠠᠢ᠌ᠯᠠᠨ ᠮᠠᠯᠲᠠᠭᠰᠠᠨ ᠡᠷᠲᠡᠨ᠎ᠤ ᠰᠡᠭᠡᠷᠲᠡᠨ᠎ᠤ ᠴᠢᠯᠠᠭᠤᠵᠢᠮᠠᠯ᠎ᠢ ᠲᠣᠭᠲᠠᠬᠤ ᠰᠢᠶᠠᠨ᠎ᠤ ᠯᠢ ᠣᠪᠣᠭᠲᠤ᠂ ᠸᠠᠩ ᠣᠪᠣᠭᠲᠤ᠎ᠳᠤ ᠬᠤᠳᠠᠯᠳᠤᠨ ᠥᠭᠴᠦ ᠳᠤᠮᠳᠠ᠎ᠠᠴᠠ᠎ᠨᠢ ᠠᠰᠢᠭ ᠣᠯᠳᠠᠭ᠃ ᠴᠠᠭᠳᠠᠭ᠎ᠠ ᠨᠠᠷ ᠪᠠᠷᠢᠨ ᠲᠣᠭᠲᠠᠬᠤ ᠰᠢᠶᠠᠨ᠎ᠳᠤ ᠬᠦᠷᠴᠦ ᠪᠤᠵᠠᠷ ᠡᠳ᠋᠎ᠢ ᠬᠤᠷᠢᠶᠠᠭᠰᠠᠨ ᠶᠠᠯ᠎ᠠ ᠵᠢᠨ ᠰᠡᠵᠢᠭᠲᠡᠨ ᠯᠢ ᠣᠪᠣᠭᠲᠤ᠂ ᠸᠠᠩ ᠣᠪᠣᠭᠲᠤ ᠵᠢ ᠪᠠᠷᠢᠪᠴᠢᠯᠠᠪᠠ᠃ ᠡᠨᠳᠡ ᠭᠦᠷᠦᠭᠡᠳ ᠡᠨᠡ ᠬᠦ᠌ ᠡᠷᠲᠡᠨ᠎ᠤ ᠰᠡᠭᠡᠷᠲᠡᠨ᠎ᠤ ᠴᠢᠯᠠᠭᠤᠵᠢᠮᠠᠯ᠎ᠢ ᠬᠤᠯᠠᠭ᠋ᠠᠢ᠌ᠯᠠᠨ ᠮᠠᠯᠲᠠᠭᠰᠠᠨ ᠬᠡᠷᠡᠭ᠎ᠢ ᠰᠢᠢ᠍ᠳᠪᠦᠷᠢᠯᠡᠵᠦ᠂ ᠨᠡᠢ᠌ᠳᠡ 120 ᠭᠠᠷᠤᠢ ᠺᠢᠯᠦᠭᠷᠡᠮ ᠴᠢᠯᠠᠭᠤᠵᠢᠮᠠᠯ᠎ᠢ ᠬᠤᠷᠢᠶᠠᠮᠵᠢᠯᠠᠨ᠂ 12 ᠶᠠᠯ᠎ᠠ ᠵᠢᠨ ᠰᠡᠵᠢᠭᠲᠡᠨ᠎ᠢ ᠪᠠᠷᠢᠪᠴᠢᠯᠠᠪᠠ᠃

      ᠶᠠᠯ᠎ᠠ ᠵᠢᠨ ᠰᠡᠵᠢᠭᠲᠡᠨ᠎ᠤ ᠮᠠᠯᠲᠠᠭᠰᠠᠨ ᠵᠦᠢ᠍ᠯᠡᠰ᠎ᠨᠢ ᠬᠥᠬᠥᠲᠡᠨ ᠠᠮᠢᠳᠠᠨ᠎ᠤ ᠶᠠᠰᠤᠨ᠎ᠤ ᠴᠢᠯᠠᠭᠤᠵᠢᠮᠠᠯ ᠶᠤᠮ᠃ ᠵᠢᠱ᠌ᠢᠶᠡᠯᠡᠪᠡᠯ᠂ ᠬᠡᠷᠢᠰ᠂ ᠪᠤᠭᠤ᠂ ᠵᠠᠭ᠋ᠠᠨ᠂ ᠦᠬᠡᠷ᠂ ᠬᠣᠨᠢ ᠵᠡᠷᠭᠡ ᠠᠮᠢᠳᠠᠨ ᠦᠬᠦᠭᠰᠡᠨ᠎ᠤ ᠲᠠᠷᠠᠭ᠎ᠠ ᠭᠠᠵᠠᠷ᠎ᠲᠤ ᠪᠤᠯᠠᠬᠳᠠᠵᠤ ᠪᠦᠷᠢᠯᠳᠦᠭᠰᠡᠨ ᠴᠢᠯᠠᠭᠤᠵᠢᠮᠠᠯ ᠪᠣᠯᠣᠨ᠎ᠠ᠃ ᠲᠤᠰᠬᠠᠢ ᠮᠡᠷᠭᠡᠵᠢᠯᠲᠡᠨ᠎ᠠᠴᠠ ᠪᠡᠷᠢᠴᠠᠭ᠋ᠠᠨ᠎ᠳᠤ ᠦᠯᠡᠳᠡᠭᠡᠭᠰᠡᠨ ᠴᠢᠯᠠᠭᠤᠵᠢᠮᠠᠯ᠎ᠳᠤ ᠬᠢᠨᠠᠨ ᠲᠣᠭᠲᠠᠭ᠋ᠠᠯᠲᠠ ᠬᠢᠭᠡᠳ᠂ ᠴᠥᠮ ᠤᠯᠤᠰ᠎ᠠᠴᠠ ᠬᠠᠮᠠᠭ᠋ᠠᠯᠠᠵᠤ ᠪᠠᠢ᠌ᠭ᠎ᠠ ᠡᠷᠲᠡᠨ᠎ᠤ ᠰᠡᠭᠡᠷᠲᠡᠨ᠎ᠤ ᠴᠢᠯᠠᠭᠤᠵᠢᠮᠠᠯ ᠪᠠᠢ᠌ᠵᠤ᠂ ᠡᠳᠡᠭᠡᠷ ᠴᠢᠯᠠᠭᠤᠵᠢᠮᠠᠯ᠎ᠨᠢ ᠡᠷᠲᠡᠨ᠎ᠤ ᠰᠡᠭᠡᠷᠲᠡᠨ᠎ᠤ ᠬᠤᠪᠢᠰᠤᠯᠲᠠ᠂ ᠡᠷᠲᠡᠨ᠎ᠤ ᠭᠠᠵᠠᠷ ᠵᠦᠢ᠂ ᠡᠷᠲᠡᠨ᠎ᠤ ᠣᠷᠴᠢᠨ ᠲᠣᠭᠣᠷᠢᠨ᠎ᠢ ᠰᠤᠳᠤᠯᠬᠤ᠎ᠳᠤ ᠴᠥᠮ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠦᠨ᠎ᠡ ᠦᠷᠳᠡᠭ᠎ᠲᠠᠢ ᠶᠤᠮ᠃

      ᠴᠠᠭᠳᠠᠭ᠎ᠠ ᠵᠢᠨ ᠰᠠᠨᠠᠭᠤᠯᠤᠮᠵᠢ᠄ ᠡᠷᠲᠡᠨ᠎ᠤ ᠰᠡᠭᠡᠷᠲᠡᠨ᠎ᠤ ᠴᠢᠯᠠᠭᠤᠵᠢᠮᠠᠯ᠎ᠢ ᠬᠤᠯᠠᠭ᠋ᠠᠢ᠌ᠯᠠᠨ ᠮᠠᠯᠲᠠᠬᠤ ᠪᠣᠯ ᠬᠠᠤᠯᠢ᠎ᠠᠴᠠ ᠵᠥᠷᠢᠴᠡᠭᠰᠡᠨ ᠠᠵᠢᠯᠯᠠᠭ᠎ᠠ ᠪᠣᠯᠣᠨ᠎ᠠ᠃ ᠳᠤᠷ᠎ᠠ᠎ᠪᠠᠷ ᠵᠢᠡᠨ ᠴᠢᠯᠠᠭᠤᠵᠢᠮᠠᠯ᠎ᠢ ᠬᠤᠯᠠᠭ᠋ᠠᠢ᠌ᠯᠠᠨ ᠮᠠᠯᠲᠠᠬᠤ᠎ᠨᠢ ᠡᠷᠲᠡᠨ᠎ᠤ ᠰᠡᠭᠡᠷᠲᠡᠨ᠎ᠤ ᠴᠢᠯᠠᠭᠤᠵᠢᠮᠠᠯ᠎ᠢ ᠬᠤᠯᠠᠭ᠋ᠠᠢ᠌ᠯᠠᠨ ᠮᠠᠯᠲᠠᠭᠰᠠᠨ ᠶᠠᠯ᠎ᠠ ᠬᠢᠭᠰᠡᠨ ᠵᠢᠡᠷ ᠰᠡᠵᠢᠭᠯᠡᠭᠳᠡᠵᠦ᠂

ᠳᠤᠷ᠎ᠠ᠎ᠪᠠᠷ ᠵᠢᠡᠨ ᠡᠷᠲᠡᠨ᠎ᠤ ᠴᠢᠯᠠᠭᠤᠵᠢᠮᠠᠯ᠎ᠢ ᠬᠤᠳᠠᠯᠳᠤᠨ ᠠᠪᠬᠤ᠎ᠨᠢ ᠬᠠᠤᠯᠢ ᠵᠢ ᠵᠥᠷᠢᠴᠡᠨ᠎ᠡ᠃

ᠢᠷᠡᠯᠲᠡ᠄ᠳᠤᠮᠳᠠᠳᠤ ᠤᠯᠤᠰ᠎ᠤᠨ ᠮᠣᠩᠭᠤᠯ ᠬᠡᠯᠡᠨ᠎ᠤ ᠰᠣᠨᠢᠨ ᠮᠡᠳᠡᠭᠡ ᠵᠢᠨ ᠰᠦᠯᠵᠢᠶ᠎ᠡ
          
ᠬᠠᠮᠢᠶ᠎ᠡ ᠪᠦᠬᠦᠢ ᠰᠣᠨᠢᠨ
 
            