ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠬᠠᠣᠯᠢ᠎ᠪᠠᠷ ᠵᠠᠰᠠᠬᠤ
ᠦᠢᠯᠡᠴᠢᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠦᠢᠯᠡᠴᠢᠯᠡᠭᠡ   -   ᠲᠠᠨ᠎ᠳᠤ ᠦᠢᠯᠡᠴᠢᠯᠡᠬᠦ᠌
ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠰᠠᠯᠠᠭ᠎ᠠ ᠮᠥᠴᠢᠷ᠎ᠠᠴᠠ ᠴᠤᠤᠷᠬᠠᠯ᠎ᠢ ᠨᠢᠴᠤᠭ᠋ᠠᠵᠠᠢ
ᠨᠡᠶ᠋ᠢᠲᠡᠯᠡᠭᠰᠡᠨ ᠴᠠᠭ᠄ 2025-04-16

      ᠣᠢ᠌ᠷ᠎ᠠ᠎ᠳᠤ᠂  ᠬᠡᠰᠡᠭ ᠣᠯᠠᠨ ᠲᠦᠮᠡᠨ 《ᠲᠠᠪᠤᠨ ᠳᠠᠭ᠋ᠠᠳᠬᠠᠯ ᠨᠢᠭᠡ ᠮᠥᠩᠭᠥ ᠵᠢᠨ ᠨᠥᠬᠥᠪᠦᠷᠢ》  ᠠᠪᠬᠤ ᠮᠡᠳᠡᠭᠳᠡᠯ  ᠲᠣᠰᠣᠭᠰᠠᠨ ᠪᠠᠢ᠌ᠳᠠᠯ᠎ᠢ ᠲᠤᠰᠬᠠᠵᠠᠢ᠃  ᠡᠭᠦᠨ᠎ᠤ ᠲᠤᠬᠠᠢ᠂  ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠶᠠᠮᠤᠨ ᠢᠯᠡᠷᠬᠡᠢ᠌ᠯᠡᠬᠦ᠎ᠳᠡᠭᠡᠨ᠂  ᠶᠡᠷᠦ᠎ᠠᠴᠠ ᠡᠩ᠎ᠤᠨ ᠣᠯᠠᠨ ᠲᠦᠮᠡᠨ᠎ᠳᠤ 《ᠲᠠᠪᠤᠨ ᠳᠠᠭ᠋ᠠᠳᠬᠠᠯ ᠨᠢᠭᠡ ᠮᠥᠩᠭᠥ ᠵᠢᠨ ᠨᠥᠬᠥᠪᠦᠷᠢ》  ᠭᠡᠳᠡᠭ᠎ᠢ ᠲᠠᠷᠬᠠᠭ᠋ᠠᠵᠤ ᠥᠩᠭᠡᠷᠡᠭᠰᠡᠨ ᠦᠭᠡᠢ᠂  ᠡᠨᠡ ᠬᠦ᠌ ᠮᠡᠳᠡᠭᠳᠡᠯ ᠎ᠨᠢ  ᠬᠤᠳᠠᠯ ᠮᠡᠳᠡᠭᠡ ᠵᠠᠩᠭᠢ ᠪᠣᠯᠬᠤ ᠮᠥᠷᠲᠡᠭᠡᠨ  ᠮᠡᠬᠡᠯᠡᠯ᠎ᠤᠨ ᠰᠡᠵᠢᠭᠯᠡᠯᠲᠡᠢ ᠪᠣᠯᠬᠣᠷ ᠶᠠᠭ᠋ᠠᠬᠢᠭᠰᠠᠨ ᠴᠤ᠌ ᠢᠲᠡᠭᠡᠵᠦ ᠪᠣᠯᠬᠤ ᠦᠭᠡᠢ ᠭᠡᠵᠡᠢ᠃


01.png 

 

      ᠡᠨᠡ ᠬᠦ᠌ ᠮᠡᠳᠡᠭᠳᠡᠯ᠎ᠳᠤ᠂  ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠶᠠᠮᠤᠨ᠎ᠤ ᠬᠣᠯᠪᠣᠭᠳᠠᠯ ᠪᠦᠬᠦᠢ ᠲᠣᠭᠲᠠᠭ᠋ᠠᠯ ᠶᠣᠰᠣᠭ᠋ᠠᠷ᠂  ᠠᠵᠢᠯ᠎ᠳᠤ ᠣᠷᠣᠭ᠋ᠠᠳ ᠪᠦᠬᠦᠯᠢ ᠨᠢᠭᠡ ᠰᠠᠷ᠎ᠠ ᠪᠣᠯᠤᠭᠰᠠᠨ ᠪᠥᠭᠡᠳ ᠤᠯᠤᠰ᠎ᠤᠨ ᠲᠣᠭᠲᠠᠭ᠋ᠠᠯ ᠶᠣᠰᠣᠭ᠋ᠠᠷ ᠲᠠᠪᠤᠨ ᠳᠠᠭ᠋ᠠᠳᠬᠠᠯ ᠨᠢᠭᠡ ᠮᠥᠩᠭᠥ ᠵᠢ ᠬᠡᠪ᠎ᠤᠨ ᠶᠣᠰᠣᠭ᠋ᠠᠷ ᠲᠤᠰ᠊ ᠵᠶᠠᠭᠰᠠᠨ ᠠᠵᠢᠯᠲᠠᠨ ᠪᠦᠬᠦᠨ ᠴᠥᠮ 《ᠲᠠᠪᠤᠨ ᠳᠠᠭ᠋ᠠᠳᠬᠠᠯ ᠨᠢᠭᠡ ᠮᠥᠩᠭᠥ ᠵᠢᠨ ᠨᠥᠬᠥᠪᠦᠷᠢ》  ᠭᠤᠶᠤᠴᠢᠯᠠᠬᠤ ᠬᠢᠷᠢ ᠬᠡᠮ᠎ᠲᠠᠢ᠂  ᠡᠷᠬᠡᠪᠰᠢ ᠲᠣᠭᠲᠠᠭᠰᠠᠨ ᠴᠠᠭ᠎ᠤᠨ ᠳᠣᠲᠣᠷ᠎ᠠ ᠮᠡᠳᠡᠭᠡ ᠵᠠᠩᠭᠢ ᠵᠢ ᠭᠡᠷᠡᠴᠢᠯᠡᠬᠦ ᠪᠠ ᠨᠥᠬᠥᠪᠦᠷᠢᠯᠡᠬᠦ ᠠᠵᠢᠯ᠎ᠢ ᠪᠡᠶᠡᠯᠡᠭᠦᠯᠬᠦ ᠬᠡᠷᠡᠭᠲᠡᠢ᠂  ᠬᠤᠭᠤᠴᠠᠭ᠎ᠠ ᠥᠩᠭᠡᠷᠡᠲᠡᠯ᠎ᠡ ᠭᠦᠢ᠍ᠴᠡᠳᠬᠡᠭᠰᠡᠨ ᠦᠭᠡᠢ ᠠᠵᠢᠯᠲᠠᠨ ᠨᠥᠬᠥᠪᠦᠷᠢ ᠵᠢ  ᠬᠦᠷᠲᠡᠵᠦ ᠳᠡᠢ᠌ᠯᠬᠦ ᠦᠭᠡᠢ ᠭᠡᠵᠡᠢ᠃ 

      ᠳᠣᠣᠷᠠᠬᠢ ᠬᠣᠶᠠᠷ ᠬᠡᠮᠵᠢᠯᠳᠦ  ᠺᠣᠳ᠋᠎ᠢ ᠰᠢᠷᠪᠢᠪᠡᠯ 《ᠡᠳ᠋᠎ᠤᠨ ᠵᠠᠰᠠᠭ᠎ᠤᠨ ᠶᠠᠮᠤᠨ᠎ᠤ ᠰᠦᠯᠵᠢᠶ᠎ᠡ》  ᠭᠠᠷᠤᠭ᠋ᠠᠳ ᠢᠷᠡᠳᠡᠭ  ᠪᠥᠭᠡᠳ ᠥᠪᠡᠷ᠎ᠤᠨ ᠣᠪᠣᠭ ᠨᠡᠷ᠎ᠡ᠂  ᠪᠡᠶ᠎ᠡ ᠵᠢᠨ ᠦᠨᠡᠮᠯᠡᠯ᠎ᠤᠨ ᠨᠣᠮᠧᠷ ᠵᠡᠷᠭᠡ᠎ᠪᠠᠨ ᠣᠷᠣᠭᠤᠯᠬᠤ ᠵᠢ ᠱᠠᠭ᠋ᠠᠷᠳᠠᠳᠠᠭ᠂  ᠵᠠᠯᠭ᠋ᠠᠭ᠋ᠠᠳ ᠪᠠᠰᠠ ᠪᠠᠩᠬᠢ ᠵᠢᠨ ᠺᠠᠷᠲ᠎ᠤᠨ ᠨᠣᠮᠧᠷ᠂  ᠰᠢᠯᠭ᠋ᠠᠨ ᠪᠠᠲᠤᠯᠠᠬᠤ ᠺᠣᠳ᠋ ᠵᠡᠷᠭᠡ᠎ᠪᠠᠨ ᠲᠠᠭᠯᠠᠬᠤ ᠬᠡᠷᠡᠭᠲᠡᠢ  ᠭᠡᠳᠡᠭ᠃ 

      ᠠᠩᠬᠠᠷᠤᠭ᠋ᠠᠷᠠᠢ!  ᠡᠨᠡ ᠬᠦ᠌ ᠰᠦᠯᠵᠢᠶᠡᠨ᠎ᠤ ᠥᠷᠲᠡᠭᠡ ᠪᠣᠯ ᠬᠠᠭᠤᠷᠮᠠᠭ ᠶᠤᠮ᠃  ᠪᠢᠲᠡᠭᠡᠢ ᠢᠲᠡᠭᠡ᠂  ᠪᠢᠲᠡᠭᠡᠢ ᠲᠠᠭᠯᠠ᠂  ᠡᠨᠡ ᠪᠣᠯ ᠮᠡᠬᠡᠯᠡᠯ᠎ᠤᠨ ᠶᠡᠷᠦᠳᠡ ᠵᠢᠨ ᠠᠷᠭ᠎ᠠ᠃  ᠮᠡᠳᠡᠭᠡ ᠵᠠᠩᠭᠢ᠎ᠪᠠᠨ ᠲᠤᠰᠢᠶᠠᠭᠰᠠᠨ᠎ᠤ ᠳᠠᠷᠠᠭ᠎ᠠ ᠨᠥᠬᠥᠪᠦᠷᠢ  ᠣᠯᠵᠤ ᠳᠡᠶ᠋ᠢᠯᠬᠦ ᠦᠭᠡᠢ  ᠮᠥᠷᠲᠡᠭᠡᠨ ᠺᠠᠷᠲ᠎ᠲᠠᠬᠢ ᠵᠣᠭᠣᠰ  ᠴᠢᠨᠢ ᠪᠠᠰᠠ  ᠬᠤᠯᠠᠭ᠋ᠠᠢ᠌ᠯᠠᠭᠳᠠᠬᠤ ᠪᠣᠯᠣᠨ᠎ᠠ᠃


02.png 


      ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠰᠠᠯᠠᠭ᠎ᠠ ᠮᠥᠴᠢᠷ᠎ᠤᠨ ᠢᠯᠡᠷᠬᠡᠢ᠌ᠯᠡᠭᠰᠡᠨ ᠵᠶ᠋ᠡᠷ᠂  ᠡᠢ᠌ᠮᠦᠷᠬᠦ ᠮᠡᠬᠡᠯᠡᠯ᠎ᠨᠢ ᠶᠡᠷᠦ᠎ᠨᠢ ᠬᠠᠤᠯᠢ ᠪᠤᠰᠤ ᠠᠷᠭ᠎ᠠ ᠵᠠᠮ ᠵᠶ᠋ᠠᠷ ᠣᠯᠠᠨ ᠲᠦᠮᠡᠨ᠎ᠤ ᠭᠠᠷ ᠤᠲᠠᠰᠤᠨ᠎ᠤ ᠨᠣᠮᠧᠷ᠂  ᠸᠸᠴᠠᠲ ᠳ᠋ᠤᠭ᠋ᠠᠷ ᠪᠤᠶᠤ  ᠢᠮᠧᠯ᠎ᠤᠨ ᠲᠠᠩᠰᠠᠨ ᠨᠣᠮᠧᠷ ᠵᠡᠷᠭᠡ ᠵᠢ ᠣᠯᠵᠤ᠂  ᠳᠠᠷᠠᠭ᠎ᠠ᠎ᠨᠢ ᠬᠤᠳᠠᠯ ᠬᠠᠭᠤᠷᠮᠠᠭ ᠮᠡᠳᠡᠭᠡ ᠵᠠᠩᠭᠢ ᠶᠠᠪᠤᠭᠤᠯᠵᠤ᠂  ᠣᠯᠠᠨ ᠲᠦᠮᠡᠨ᠎ᠢ ᠥᠳᠥᠭᠡᠵᠦ ᠪᠠᠢ᠌ᠭ᠋ᠠᠳ ᠬᠣᠶᠠᠷ  ᠬᠡᠮᠵᠢᠯᠳᠦ  ᠺᠣᠳ᠋᠎ᠢ ᠰᠢᠷᠪᠢᠬᠦ ᠪᠤᠶᠤ ᠴᠥᠷᠬᠡᠯᠡᠭᠡ ᠵᠢ  ᠳᠠᠷᠤᠭᠤᠯᠵᠤ᠂  ᠬᠤᠳᠠᠯ ᠬᠠᠭᠤᠷᠮᠠᠭ 《ᠠᠯᠪᠠᠨ᠎ᠤ ᠲᠠᠯ᠎ᠠ》 ᠵᠢᠨ ᠵᠢᠵᠢᠭ ᠫᠷᠣᠭ᠌ᠷᠠᠮ ᠪᠤᠶᠤ ᠰᠦᠯᠵᠢᠶᠡᠨ ᠥᠷᠲᠡᠭᠡ᠎ᠳᠤ ᠣᠷᠣᠭᠤᠯᠬᠤ ᠵᠢᠨ ᠬᠠᠮᠲᠤ ᠪᠡᠶ᠎ᠡ ᠵᠢᠨ ᠦᠨᠡᠮᠯᠡᠯ᠂  ᠪᠠᠩᠬᠢ ᠵᠢᠨ ᠺᠠᠷᠲ᠂  ᠰᠢᠯᠭ᠋ᠠᠨ ᠪᠠᠲᠤᠯᠠᠬᠤ ᠺᠣᠳ᠋ ᠵᠡᠷᠭᠡ ᠬᠤᠪᠢ ᠬᠥᠮᠥᠨ᠎ᠤ ᠮᠡᠳᠡᠭᠡ ᠵᠠᠩᠭᠢ ᠵᠢ ᠲᠠᠭᠯᠠᠵᠤ᠂  ᠵᠣᠭᠣᠰ ᠮᠥᠩᠭᠥ ᠮᠡᠬᠡᠯᠡᠨ ᠠᠪᠬᠤ ᠵᠣᠷᠢᠯᠭ᠎ᠠ᠎ᠳᠠᠭᠠᠨ ᠭᠥᠷᠳᠡᠭ᠃ 

      《ᠲᠠᠪᠤᠨ ᠳᠠᠭ᠋ᠠᠳᠬᠠᠯ ᠨᠢᠭᠡ ᠮᠥᠩᠭᠥ ᠵᠢᠨ ᠨᠥᠬᠥᠪᠦᠷᠢ》 《ᠨᠡᠢ᠌ᠭᠡᠮ᠎ᠤᠨ ᠳᠠᠭ᠋ᠠᠳᠬᠠᠯ᠎ᠤᠨ ᠨᠥᠬᠥᠪᠦᠷᠢ》᠎ᠠᠴᠠ ᠭᠠᠳᠠᠨ᠎ᠠ᠂  ᠡᠨᠡ ᠬᠣᠶᠠᠷ ᠵᠢᠯ᠎ᠳᠤ ᠪᠠᠰᠠ 《ᠠᠵᠤ ᠠᠬᠤᠢ ᠵᠢᠨ ᠰᠡᠷᠭᠦᠯᠲᠡ ᠵᠢᠨ ᠨᠥᠬᠥᠪᠦᠷᠢ》 《ᠬᠤᠪᠢ ᠬᠥᠮᠥᠨ᠎ᠤ ᠬᠥᠳᠡᠯᠮᠦᠷᠢ ᠵᠢᠨ ᠨᠥᠬᠥᠪᠦᠷᠢ》  ᠵᠡᠷᠭᠡ ᠡᠯᠳᠡᠪ ᠵᠦᠢ᠍ᠯ᠎ᠤᠨ ᠮᠡᠬᠡᠯᠡᠯ ᠭᠠᠷᠴᠤ ᠥᠩᠭᠡᠷᠡᠵᠡᠢ᠃  ᠬᠤᠳᠠᠯ ᠬᠠᠭᠤᠷᠮᠠᠭ ᠵᠶ᠋ᠠᠷ ᠦᠨᠡᠨ ᠬᠤᠳᠠᠯ᠎ᠢ ᠰᠠᠮᠠᠭᠤᠷᠠᠭᠤᠯᠬᠤ ᠵᠢᠨ ᠲᠥᠯᠥᠭᠡ᠂  ᠮᠡᠬᠡᠯᠡᠭᠴᠢ᠎ᠠᠴᠠ  ᠶᠠᠮᠤᠨ ᠬᠣᠷᠢᠶ᠎ᠠ ᠪᠤᠶᠤ ᠣᠷᠣᠨ ᠨᠤᠲᠤᠭ᠎ᠤᠨ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠨ ᠰᠦᠯᠵᠢᠶ᠎ᠡ ᠵᠢ ᠬᠠᠭᠤᠷᠮᠠᠭᠯᠠᠨ ᠵᠣᠬᠢᠶᠠᠬᠤ ᠵᠢᠨ ᠬᠠᠮᠲᠤ  ᠬᠥᠳᠡᠯᠦᠩᠭᠦᠢ ᠴᠣᠩᠬᠣᠪᠴᠢ ᠲᠠᠭ᠋ᠠᠷᠠᠭᠤᠯᠵᠤ᠂ ᠤᠯᠠᠨ᠎ᠢ   ᠲᠣᠪᠴᠢᠳᠠᠭᠤᠯᠤᠨ ᠬᠤᠪᠢ ᠬᠥᠮᠥᠨ᠎ᠤ ᠮᠡᠳᠡᠭᠡ ᠵᠠᠩᠭᠢ ᠵᠢ  ᠲᠠᠭᠯᠠᠭᠤᠯᠤᠨ᠎ᠠ᠃ ᠪᠠᠰᠠ ᠵᠠᠷᠢᠮ ᠮᠡᠬᠡᠯᠡᠭᠴᠢ᠎ᠨᠢ ᠺᠣᠮᠫᠠᠨᠢ ᠵᠢᠨ ᠠᠵᠢᠯᠲᠠᠨ᠎ᠤ ᠶᠠᠪᠤᠳᠠᠯ᠎ᠤᠨ ᠰᠠᠯᠠᠭ᠎ᠠ ᠮᠥᠴᠢᠷ᠎ᠤᠨ ᠨᠡᠷ᠎ᠡ᠎ᠪᠠᠷ ᠠᠵᠢᠯᠲᠠᠳ᠎ᠲᠠᠭᠠᠨ ᠨᠥᠬᠥᠪᠦᠷᠢ ᠮᠥᠩᠭᠥ  ᠢᠮᠧᠯ ᠶᠠᠪᠤᠭᠤᠯᠬᠤ   ᠵᠢᠨ ᠬᠠᠮᠲᠤ ᠥᠪᠡᠷ ᠵᠶ᠋ᠡᠨ ᠭᠦᠢ᠍ᠴᠡᠳᠬᠡᠬᠦ  ᠬᠣᠶᠠᠷ  ᠬᠡᠮᠵᠢᠯᠳᠦ  ᠺᠣᠳ᠋ ᠎ᠢ ᠳᠠᠭ᠋ᠠᠯᠳᠤᠭᠤᠯᠳᠠᠭ᠃


03.png 


      ᠠᠩᠬᠠᠷᠤᠭᠤᠰᠢᠲᠠᠢ᠎ᠨᠢ᠂  ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠰᠠᠯᠠᠭ᠎ᠠ ᠮᠥᠴᠢᠷ᠎ᠠᠴᠠ  ᠨᠡᠢ᠌ᠲᠡᠯᠡᠭᠰᠡᠨ ᠮᠡᠳᠡᠭᠳᠡᠯ᠎ᠨᠢ ᠳᠠᠭ᠋ᠠᠳᠬᠠᠯ᠎ᠳᠤ ᠣᠷᠣᠯᠴᠠᠭᠴᠢ᠎ᠪᠠᠷ ᠪᠠᠩᠬᠢ ᠵᠢᠨ ᠺᠠᠷᠲ᠂  ᠨᠢᠭᠤᠴᠠ ᠨᠣᠮᠧᠷ᠂  ᠭᠠᠷ ᠤᠲᠠᠰᠤᠨ᠎ᠤ ᠰᠢᠯᠭ᠋ᠠᠨ ᠪᠠᠲᠤᠯᠠᠬᠤ ᠺᠣᠳ᠋ ᠵᠡᠷᠭᠡ ᠬᠤᠪᠢ ᠬᠥᠮᠥᠨ᠎ᠤ ᠮᠡᠳᠡᠭᠡ ᠵᠠᠩᠭᠢ ᠵᠢ ᠶᠡᠷᠦ᠎ᠠᠴᠠ ᠬᠠᠩᠭ᠋ᠠᠯᠭ᠋ᠠᠳᠠᠭ  ᠦᠭᠡᠢ ᠶᠤᠮ᠃  ᠡᠢ᠌ᠮᠦᠷᠬᠦ ᠪᠠᠢ᠌ᠳᠠᠯ᠎ᠳᠤ ᠲᠣᠬᠢᠶᠠᠯᠳᠤᠪᠠᠯ ᠵᠠᠪᠠᠯ ᠠᠷᠪᠢᠨ  ᠪᠣᠳᠣᠯᠬᠢᠯᠠᠬᠤ ᠬᠡᠷᠡᠭᠲᠡᠢ᠂  ᠬᠡᠷᠬᠢᠪᠡᠴᠦ ᠪᠣᠯᠭᠣᠮᠵᠢ ᠦᠭᠡᠢ ᠪᠠᠢ᠌ᠵᠤ ᠪᠣᠯᠬᠤ ᠦᠭᠡᠢ᠃ 

      ᠪᠠᠰᠠ ᠨᠢᠭᠡ ᠲᠥᠷᠥᠯ᠎ᠤᠨ ᠨᠡᠢ᠌ᠭᠡᠮ᠎ᠤᠨ ᠳᠠᠭ᠋ᠠᠳᠬᠠᠯ᠎ᠤᠨ ᠺᠠᠷᠲ᠎ᠤᠨ ᠪᠠᠢ᠌ᠳᠠᠯ 《ᠬᠡᠪ᠎ᠤᠨ ᠪᠤᠰᠤ》  ᠪᠠᠢ᠌ᠬᠤ ᠵᠢ ᠰᠠᠨᠠᠭᠤᠯᠬᠤ᠂  ᠰᠦᠯᠵᠢᠶᠡᠨ ᠳᠡᠭᠡᠷ᠎ᠡ ᠲᠦᠷᠭᠡᠨ ᠭᠦᠢ᠍ᠴᠡᠳᠬᠡᠬᠦ ᠵᠢ ᠬᠥᠲᠥᠯᠥᠨ ᠵᠢᠯᠤᠭᠣᠳᠬᠤ

ᠮᠡᠬᠡᠯᠡᠯ᠎ᠢ ᠴᠦ᠍ ᠳᠡᠭᠡᠳᠦ ᠬᠡᠮᠵᠢᠶ᠎ᠡ᠎ᠪᠠᠷ ᠰᠡᠷᠡᠮᠵᠢᠯᠡᠬᠦ ᠬᠡᠷᠡᠭᠲᠡᠢ᠃ 

      ᠲᠣᠭ᠋ᠠᠴᠢᠯᠠᠭᠰᠠᠨ ᠮᠡᠷᠭᠡᠵᠢᠯ᠎ᠢ ᠥᠷᠭᠡᠨ ᠵᠶ᠋ᠡᠷ ᠬᠡᠷᠡᠭᠯᠡᠬᠦ ᠵᠢ ᠳᠠᠭ᠋ᠠᠯᠳᠤᠨ᠂  ᠣᠯᠠᠨ ᠵᠶ᠋ᠠᠷ ᠵᠶ᠋ᠠᠨ ᠲᠤᠬᠠᠢ᠌ᠯᠠᠭᠰᠠᠨ ᠠᠵᠢᠯ ᠡᠷᠭᠢᠯᠡᠬᠦ᠂  ᠦᠢ᠍ᠯᠡᠴᠢᠯᠡᠭᠡ ᠭᠥᠷᠳᠡᠬᠦ᠎ᠨᠢ ᠤᠯᠠᠮ᠎ᠠᠴᠠ ᠤᠯᠠᠮ ᠥᠨᠳᠥᠷ ᠪᠦᠲᠦᠮᠵᠢᠲᠡᠶ ᠪᠥᠭᠡᠳ ᠳᠥᠭᠥᠮ ᠳᠥᠲᠡ ᠪᠣᠯᠵᠤ᠂  ᠭᠠᠷ ᠤᠲᠠᠰᠤ᠎ᠪᠠᠨ ᠨᠡᠭᠡᠭᠡᠬᠦ᠎ᠳᠤ ᠠᠮᠠᠷᠬᠠᠨ ᠪᠣᠯᠴᠢᠬᠠᠨ᠎ᠠ᠃  ᠭᠡᠪᠡᠴᠦ ᠮᠡᠬᠡᠯᠡᠭᠴᠢᠳ ᠪᠠᠰᠠ 《ᠵᠠᠪᠰᠢᠶᠠᠨ》᠎ᠢ  ᠳᠠᠯᠢᠮᠳᠠᠭᠤᠯᠤᠨ ᠡᠯᠳᠡᠪ ᠵᠦᠢ᠍ᠯ᠎ᠤᠨ ᠮᠡᠬᠡᠯᠡᠯ᠎ᠢ  ᠵᠣᠬᠢᠶᠠᠵᠤ ᠪᠠᠢ᠌ᠨ᠎ᠠ᠃


04.png 


      ᠵᠠᠷᠢᠮ ᠣᠯᠠᠨ ᠲᠦᠮᠡᠨ᠄ 《ᠲᠠᠨ᠎ᠤ ᠨᠡᠢ᠌ᠭᠡᠮ᠎ᠤᠨ ᠳᠠᠭ᠋ᠠᠳᠬᠠᠯ᠎ᠳᠤ ᠨᠢᠭᠡᠨᠲᠡ ᠬᠡᠪ᠎ᠤᠨ ᠪᠤᠰᠤ ᠪᠠᠢ᠌ᠳᠠᠯ ᠭᠠᠷᠴᠠᠢ᠂ ᠬᠡᠷᠡᠭᠯᠡᠬᠦ ᠵᠢᠨ ᠠᠷᠭ᠎ᠠ ᠦᠭᠡᠢ ᠪᠣᠯᠬᠤ᠎ᠠᠴᠠ ᠵᠠᠢ᠌ᠯᠠᠰᠬᠢᠬᠦ ᠵᠢᠨ ᠲᠥᠯᠥᠭᠡ᠂  ᠮᠡᠳᠡᠭᠳᠡᠯ᠎ᠢ ᠣᠯᠣᠭᠰᠠᠨ᠎ᠤ ᠳᠠᠷᠠᠭ᠎ᠠ ᠲᠡᠷᠡ ᠳᠠᠷᠤᠢ᠎ᠳᠤᠨᠢ XXX ᠰᠦᠯᠵᠢᠶᠡᠨ᠎ᠳᠤ ᠭᠠᠷᠴᠤ ᠳᠡᠩᠰᠡᠯᠡᠨ ᠭᠡᠷᠡᠴᠢᠯᠡᠯᠳᠡ  ᠵᠢ ᠭᠦᠢ᠍ᠴᠡᠳᠬᠡᠭᠡᠷᠡᠢ》  ᠭᠡᠰᠡᠨ ᠣᠬᠣᠷ ᠮᠡᠳᠡᠭᠡ ᠵᠢ ᠣᠯᠵᠠᠢ᠃  ᠬᠡᠷᠪᠡ ᠴᠥᠷᠬᠡᠯᠡᠭᠡ ᠵᠢ ᠲᠣᠪᠴᠢᠳᠠᠪᠠᠯ ᠳᠠᠷᠤᠢ 《ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠶᠠᠮᠤᠨ᠎ᠤ ᠰᠦᠯᠵᠢᠶ᠎ᠡ》  ᠢᠯᠡᠷᠡᠵᠦ᠂ 《ᠪᠥᠬᠥ ᠤᠯᠤᠰ᠎ᠤᠨ ᠡᠯᠧᠺᠲᠷᠣᠨ ᠨᠡᠢ᠌ᠭᠡᠮ᠎ᠤᠨ ᠪᠠᠲᠤᠯᠠᠭ᠎ᠠ ᠵᠢᠨ ᠰᠢᠰᠲ᠋ᠧᠮ᠎ᠤᠨ ᠲᠠᠰ ᠳᠡᠪᠰᠢᠬᠦ᠎ᠳᠤ ᠰᠢᠨ᠎ᠡ ᠡᠯᠧᠺᠲᠷᠣᠨ ᠨᠡᠢ᠌ᠭᠡᠮ᠎ᠤᠨ ᠪᠠᠲᠤᠯᠠᠭ᠎ᠠ ᠵᠢᠨ ᠭᠠᠷ ᠭᠦᠢ᠍ᠴᠡᠳᠬᠡᠯ ᠬᠢᠬᠦ ᠴᠢᠬᠤᠯᠠᠲᠠᠢ》  ᠭᠡᠰᠡᠨ ᠰᠠᠨᠠᠭᠤᠯᠤᠮᠵᠢ ᠵᠢ ᠭᠠᠷᠭ᠋ᠠᠬᠤ ᠪᠣᠯᠣᠨ᠎ᠠ᠃ 

      ᠵᠠᠷᠢᠮ ᠮᠡᠳᠡᠭᠡ ᠵᠠᠩᠭᠢ ᠵᠢ ᠨᠠᠰᠤᠲᠠᠢ᠌ᠴᠤᠳ᠎ᠲᠤ ᠲᠤᠰᠬᠠᠢ᠌ᠯᠠᠨ ᠬᠠᠨᠳᠤᠭᠤᠯᠵᠤ᠂ 《ᠨᠠᠰᠤᠨ᠎ᠤ ᠠᠮᠠᠷᠠᠯᠲᠠ ᠠᠪᠤᠭᠰᠠᠳ᠎ᠲᠤ ᠲᠦᠷᠭᠡᠬᠡᠨ ᠭᠡᠷᠡᠴᠢᠯᠡᠯ ᠬᠢᠯᠭᠡᠬᠦ ᠦᠭᠡᠢ ᠪᠣᠯ ᠨᠠᠰᠤᠵᠢᠯ᠎ᠤᠨ ᠠᠰᠠᠷᠠᠮᠵᠢ ᠵᠢᠨ ᠮᠥᠩᠭᠥ ᠥᠭᠬᠦ ᠵᠢ  ᠵᠣᠭᠰᠣᠭ᠋ᠠᠨ᠎ᠠ》  ᠭᠡᠵᠦ ᠪᠠᠢ᠌ᠨ᠎ᠠ᠃ 

      ᠡᠨᠡ᠎ᠨᠢ ᠦᠨᠡᠨ᠎ᠳᠡᠭᠡᠨ ᠪᠦᠷ ᠮᠡᠬᠡᠯᠡᠭᠴᠢ ᠵᠢᠨ ᠮᠡᠬᠡ ᠶᠤᠮ᠃  ᠴᠥᠷᠬᠡᠯᠡᠭᠡ ᠵᠢ ᠲᠣᠪᠴᠢᠳᠠᠪᠠᠯ ᠳᠠᠷᠤᠢ ᠬᠤᠳᠠᠯ ᠬᠠᠭᠤᠷᠮᠠᠭ ᠰᠦᠯᠵᠢᠶᠡᠨ᠎ᠤ ᠥᠷᠲᠡᠭᠡ᠎ᠳᠤ ᠰᠢᠯᠵᠢᠨ ᠣᠷᠣᠵᠤ᠂  ᠬᠤᠪᠢ ᠬᠥᠮᠥᠨ᠎ᠤ ᠮᠡᠳᠡᠭᠡ ᠵᠠᠩᠭᠢ᠎ᠪᠠᠨ ᠲᠠᠭᠯᠠᠭᠤᠯᠬᠤ᠎ᠪᠠᠷ ᠬᠠᠭᠤᠷᠤᠨ ᠮᠡᠬᠡᠯᠡᠨ᠎ᠡ᠃ 

      ᠲᠣᠳᠣᠷᠬᠠᠢ ᠪᠤᠰᠤ ᠴᠥᠷᠬᠡᠯᠡᠭᠡ ᠪᠤᠶᠤ ᠲᠣᠳᠣᠷᠬᠠᠢ ᠪᠤᠰᠤ ᠤᠲᠠᠰᠤ ᠵᠢ ᠳᠤᠷ᠎ᠠ᠎ᠪᠠᠷ ᠵᠶ᠋ᠠᠨ ᠳᠠᠷᠤᠵᠤ ᠪᠣᠯᠬᠤ ᠦᠭᠡᠢ᠂  ᠥᠯᠥ ᠲᠠᠨᠢᠬᠤ ᠰᠦᠯᠵᠢᠶᠡᠨ ᠳᠡᠭᠡᠷ᠎ᠡ ᠬᠤᠪᠢ ᠬᠥᠮᠥᠨ᠎ᠤ ᠮᠡᠳᠡᠭᠡ ᠵᠠᠩᠭᠢ ᠵᠢ ᠳᠤᠷ᠎ᠠ᠎ᠪᠠᠷ ᠵᠶ᠋ᠠᠨ ᠲᠠᠭᠯᠠᠵᠤ ᠪᠣᠯᠬᠤ ᠦᠭᠡᠢ᠂  ᠨᠠᠩ ᠴᠤ᠌ ᠲᠡᠭᠦᠨ᠎ᠤ ᠰᠠᠨᠠᠭᠤᠯᠭ᠎ᠠ᠎ᠪᠠᠷ ᠲᠠᠩᠰᠠ ᠰᠢᠯᠵᠢᠭᠦᠯᠦᠨ ᠵᠣᠭᠣᠰ ᠭᠤᠪᠢᠭᠤᠯᠬᠤ ᠵᠡᠷᠭᠡ ᠠᠵᠢᠯᠯᠠᠭ᠎ᠠ ᠵᠢ ᠬᠢᠵᠦ ᠪᠣᠯᠬᠤ ᠦᠭᠡᠢ᠂  ᠡᠳ᠋ ᠬᠥᠷᠥᠩᠭᠡ ᠵᠢᠨ ᠬᠣᠬᠢᠷᠠᠯ ᠡᠭᠦᠰᠬᠦ᠎ᠠᠴᠠ ᠰᠡᠷᠭᠡᠢ᠌ᠯᠡᠬᠦ ᠬᠡᠷᠡᠭᠲᠡᠢ᠃ 

      ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠰᠠᠯᠠᠭ᠎ᠠ ᠮᠥᠴᠢᠷ᠎ᠤᠨ ᠰᠠᠨᠠᠭᠤᠯᠤᠭᠰᠠᠨ ᠵᠶ᠋ᠠᠷ᠂  ᠨᠡᠢ᠌ᠭᠡᠮ᠎ᠤᠨ ᠳᠠᠭ᠋ᠠᠳᠬᠠᠯ᠎ᠤᠨ ᠨᠥᠬᠥᠪᠦᠷᠢ᠂  ᠬᠠᠷᠠᠭ᠋ᠠᠯᠵᠠᠯ ᠠᠪᠬᠤ᠂  ᠨᠠᠰᠤᠵᠢᠯ᠎ᠤᠨ ᠠᠰᠠᠷᠠᠮᠵᠢ ᠵᠢᠨ ᠮᠥᠩᠭᠥ ᠵᠢᠨ ᠬᠢᠷᠢ ᠬᠡᠮ᠎ᠤᠨ ᠭᠡᠷᠡᠴᠢᠯᠡᠯ ᠬᠢᠬᠦ ᠵᠡᠷᠭᠡ ᠶᠠᠮᠠᠷᠪᠠ ᠠᠰᠠᠭᠤᠳᠠᠯ᠎ᠢ ᠴᠥᠮ ᠲᠤᠬᠠᠢ ᠵᠢᠨ ᠭᠠᠵᠠᠷ᠎ᠤᠨ ᠨᠡᠢ᠌ᠭᠡᠮ᠎ᠤᠨ ᠳᠠᠭ᠋ᠠᠳᠬᠠᠯ᠎ᠤᠨ ᠭᠠᠷᠲᠠᠨ ᠭᠦᠢ᠍ᠴᠡᠳᠬᠡᠬᠦ ᠰᠠᠯᠠᠭ᠎ᠠ ᠮᠥᠴᠢᠷ᠎ᠠᠴᠠ ᠨᠤᠲᠠᠯᠠᠨ ᠵᠥᠪᠰᠢᠶᠡᠷᠡᠬᠦ ᠪᠤᠶᠤ 12333 ᠤᠲᠠᠰᠤ᠎ᠪᠠᠷ ᠠᠰᠠᠭᠤᠨ ᠯᠠᠪᠯᠠᠵᠤ ᠪᠣᠯᠣᠨ᠎ᠠ᠃ 

      ᠬᠢᠴᠢᠶᠡᠮᠵᠢ ᠦᠭᠡᠢ᠎ᠠᠴᠠ ᠪᠣᠯᠵᠤ ᠰᠦᠯᠵᠢᠶᠡᠨ᠎ᠤ ᠮᠡᠬᠡᠯᠡᠯ᠎ᠳᠤ ᠤᠴᠠᠷᠠᠪᠠᠯ᠂  ᠶᠠᠷᠢᠯᠴᠠᠭᠰᠠᠨ ᠲᠡᠮᠳᠡᠭᠯᠡᠯ᠂  ᠰᠣᠯᠢᠯᠴᠠᠭ᠋ᠠᠨ᠎ᠤ ᠲᠡᠮᠳᠡᠭᠯᠡᠯ ᠵᠡᠷᠭᠡ ᠬᠣᠯᠪᠣᠭᠳᠠᠯ ᠪᠦᠬᠦᠢ ᠭᠡᠷᠡᠴᠢ ᠪᠠᠷᠢᠮᠲᠠ ᠵᠢᠨ ᠮᠠᠲ᠋ᠧᠷᠢᠶᠠᠯ ᠵᠶ᠋ᠠᠨ ᠰᠠᠢ᠌ᠲᠤᠷ ᠬᠠᠳᠠᠭ᠋ᠠᠯᠠᠵᠤ᠂  ᠳᠠᠷᠤᠢ᠌ᠬᠠᠨ 110 ᠤᠲᠠᠰᠤ᠎ᠪᠠᠷ ᠴᠠᠭᠳᠠᠭ᠎ᠠ᠎ᠳᠤ ᠮᠡᠳᠡᠭᠦᠯᠵᠦ ᠲᠤᠰᠠᠯᠠᠮᠵᠢ ᠭᠤᠶᠤᠴᠢᠯᠠᠬᠤ ᠬᠡᠷᠡᠭᠲᠡᠢ᠃

ᠢᠷᠡᠯᠲᠡ᠄ᠰᠢᠨᠬᠤᠸᠠ ᠬᠣᠷᠢᠶ᠎ᠠ
          
ᠬᠠᠮᠢᠶ᠎ᠡ ᠪᠦᠬᠦᠢ ᠰᠣᠨᠢᠨ
 
            