ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠬᠠᠣᠯᠢ᠎ᠪᠠᠷ ᠵᠠᠰᠠᠬᠤ
ᠦᠢᠯᠡᠴᠢᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠦᠢᠯᠡᠴᠢᠯᠡᠭᠡ   -   ᠲᠠᠨ᠎ᠳᠤ ᠦᠢᠯᠡᠴᠢᠯᠡᠬᠦ᠌
ᠥᠪᠥᠷ ᠮᠣᠩᠭᠣᠯ᠎ᠤᠨ ᠳᠣᠲᠣᠭ᠋ᠠᠳᠤ ᠵᠢ ᠬᠠᠮᠠᠭ᠋ᠠᠯᠠᠬᠤ ᠲᠢᠩᠬᠢᠮ᠎ᠤᠨ ᠵᠠᠮ ᠬᠠᠷᠢᠯᠴᠠᠭ᠋ᠠᠨ᠎ᠤ ᠬᠠᠮᠢᠶᠠᠷᠤᠯᠲᠠ ᠵᠢᠨ ᠲᠣᠪᠴᠢᠶ᠎ᠠ ᠬᠠᠩᠰᠢ ᠵᠢᠨ ᠠᠮᠠᠷᠠᠯᠲᠠ᠎ᠳᠤ ᠵᠣᠷᠢᠭᠤᠯᠤᠭᠰᠠᠨ 《ᠬᠣᠶᠠᠷ ᠨᠡᠢ᠌ᠲᠡᠯᠡᠯ ᠨᠢᠭᠡ ᠰᠠᠨᠠᠭᠤᠯᠤᠮᠵᠢ》
ᠨᠡᠶ᠋ᠢᠲᠡᠯᠡᠭᠰᠡᠨ ᠴᠠᠭ᠄ 2025-04-03

      ᠬᠠᠩᠰᠢ ᠵᠢᠨ ᠠᠮᠠᠷᠠᠯᠲᠠ ᠵᠢᠨ ᠬᠤᠭᠤᠴᠠᠭ᠋ᠠᠨ᠎ᠳᠤ ᠵᠠᠮ ᠬᠠᠷᠢᠯᠴᠠᠭ᠋ᠠᠨ᠎ᠤ ᠠᠶᠤᠯ ᠦᠭᠡᠢ ᠰᠠᠭ᠋ᠠᠳ ᠥᠬᠡᠶ ᠨᠡᠪᠲᠡᠷᠡᠬᠦ ᠵᠢ ᠦᠨᠡᠨ ᠬᠦ᠌ ᠪᠠᠲᠤᠯᠠᠬᠤ ᠵᠢᠨ ᠲᠥᠯᠥᠭᠡ᠂ ᠥᠪᠥᠷ ᠮᠣᠩᠭᠣᠯ᠎ᠤᠨ ᠳᠣᠲᠣᠭ᠋ᠠᠳᠤ ᠵᠢ ᠬᠠᠮᠠᠭ᠋ᠠᠯᠠᠬᠤ ᠲᠢᠩᠬᠢᠮ᠎ᠤᠨ ᠵᠠᠮ ᠬᠠᠷᠢᠯᠴᠠᠭ᠋ᠠᠨ᠎ᠤ ᠬᠠᠮᠢᠶᠠᠷᠤᠯᠲᠠ ᠵᠢᠨ ᠲᠣᠪᠴᠢᠶ᠎ᠠ᠎ᠠᠴᠠ ᠲᠡᠷᠭᠡ ᠶᠠᠪᠤᠬᠤ ᠤᠳᠠᠭ᠋ᠠᠨ ᠪᠣᠯᠣᠮᠵᠢᠲᠠᠢ ᠵᠠᠮ᠎ᠤᠨ ᠬᠡᠰᠡᠭ᠂  ᠴᠠᠭ᠎ᠤᠨ ᠬᠡᠰᠡᠭ᠂  ᠡᠨᠳᠡᠯ᠎ᠤᠨ ᠳᠠᠯᠳᠠ ᠭᠡᠮ᠎ᠤᠨ ᠬᠡᠰᠡᠭ᠂  ᠴᠠᠭ ᠠᠭᠤᠷ᠎ᠤᠨ ᠪᠠᠶ᠋ᠢᠳᠠᠯ᠂  ᠵᠠᠮ ᠬᠠᠷᠢᠯᠴᠠᠭ᠋ᠠᠨ᠎ᠤ ᠠᠮᠤᠷ  ᠲᠦᠪᠰᠢᠨ᠎ᠤ ᠰᠠᠨᠠᠭᠤᠯᠤᠮᠵᠢ ᠵᠡᠷᠭᠡ ᠠᠭᠤᠯᠭ᠎ᠠ ᠵᠢ ᠨᠡᠶ᠋ᠢᠲᠡᠯᠡᠵᠦ᠂  ᠠᠶᠠᠨᠴᠢᠳ᠎ᠲᠤ ᠶᠠᠪᠤᠵᠤ ᠰᠠᠭᠤᠬᠤ ᠴᠠᠭ᠂  ᠵᠠᠮ ᠱᠤᠭᠤᠮ ᠪᠠ ᠠᠷᠭ᠎ᠠ ᠬᠡᠯᠪᠡᠷᠢ ᠵᠢ ᠵᠦᠶ  ᠵᠣᠬᠢᠰᠲᠠᠶ ᠰᠣᠩᠭᠣᠵᠤ᠂  ᠮᠠᠭᠤ ᠴᠠᠭ ᠠᠭᠤᠷ᠎ᠢ ᠰᠡᠷᠭᠡᠶ᠋ᠢᠯᠡᠵᠦ᠂  ᠠᠮᠤᠷ ᠲᠦᠪᠰᠢᠨ ᠵᠶ᠋ᠠᠷ ᠵᠢᠯᠣᠭᠣᠳᠬᠤ᠂  ᠪᠣᠯᠪᠠᠰᠤᠨ ᠵᠶ᠋ᠠᠷ ᠬᠠᠤᠯᠢ ᠵᠢ ᠰᠠᠬᠢᠬᠤ᠂  ᠠᠮᠤᠷ  ᠲᠦᠪᠰᠢᠨ ᠵᠶ᠋ᠠᠷ ᠬᠡᠷ᠎ᠲᠤ᠎ᠪᠠᠨ ᠬᠠᠷᠢᠬᠤ ᠵᠢ ᠰᠠᠨᠠᠭᠤᠯᠪᠠ᠃

      ᠨᠢᠭᠡ᠂  ᠲᠡᠷᠭᠡ᠎ᠪᠠᠨ ᠰᠠᠢ᠌ᠲᠤᠷ ᠪᠠᠢ᠌ᠴᠠᠭ᠋ᠠᠨ ᠵᠠᠮ ᠱᠤᠭᠤᠮ᠎ᠢ ᠤᠷᠢᠳᠴᠢᠯᠠᠨ ᠲᠥᠯᠥᠪᠯᠡᠬᠦ ᠬᠡᠷᠡᠭᠲᠡᠶ᠄ ᠠᠮᠠᠷᠠᠯᠲᠠ ᠵᠢᠨ ᠬᠤᠭᠤᠴᠠᠭ᠋ᠠᠨ᠎ᠳᠤ ᠥᠪᠡᠰᠦᠪᠡᠨ ᠲᠡᠷᠭᠡ ᠵᠢᠯᠣᠭᠣᠳᠴᠤ ᠭᠠᠳᠠᠭᠰᠢ ᠶᠠᠪᠤᠬᠤ᠎ᠠᠴᠠ ᠡᠮᠦᠨ᠎ᠡ᠂  ᠲᠡᠷᠭᠡᠨ ᠲᠣᠷᠣᠮᠰᠣᠯᠠᠭᠤᠷ᠂  ᠬᠦᠷᠳᠦ᠂  ᠳ᠋ᠧᠩ ᠵᠡᠷᠭᠡ ᠭᠤᠤᠯᠳᠠᠯᠭ᠎ᠠ᠎ᠲᠠᠢ ᠬᠡᠰᠡᠭ᠎ᠤᠨ ᠪᠠᠶ᠋ᠢᠳᠠᠯ᠎ᠢ ᠰᠠᠶ᠋ᠢᠲᠤᠷ ᠪᠠᠶ᠋ᠢᠴᠠᠭ᠋ᠠᠬᠤ ᠬᠡᠷᠡᠭᠲᠡᠶ;  ᠴᠠᠭ ᠬᠤᠭᠤᠴᠠᠭ᠎ᠠ ᠪᠣᠯᠤᠨ ᠵᠠᠮ ᠱᠤᠭᠤᠮ ᠵᠶ᠋ᠠᠨ ᠤᠷᠢᠳᠴᠢᠯᠠᠨ ᠲᠥᠯᠥᠪᠵᠢᠭᠦᠯᠵᠦ᠂  ᠴᠠᠭ ᠠᠭᠤᠷ᠎ᠤᠨ ᠪᠠᠶ᠋ᠢᠳᠠᠯ᠎ᠢ ᠴᠠᠭ  ᠲᠤᠬᠠᠶ᠎ᠳᠤ᠎ᠨᠢ ᠠᠩᠬᠠᠷᠬᠤ ᠬᠡᠷᠡᠭᠲᠡᠶ᠃       

      ᠬᠣᠶᠠᠷ᠂  ᠬᠠᠪᠤᠷ᠎ᠤᠨ ᠤᠯᠠᠷᠢᠯ᠎ᠳᠤ ᠶᠠᠳᠠᠷᠠᠭ᠎ᠠ᠎ᠲᠠᠢ ᠲᠡᠷᠭᠡ ᠵᠢᠯᠣᠭᠣᠳᠬᠤ ᠵᠢ ᠪᠣᠯᠭᠣᠮᠵᠢᠯᠠᠬᠤ ᠬᠡᠷᠡᠭᠲᠡᠶ᠄ ᠲᠡᠷᠭᠡ ᠵᠢᠯᠣᠭᠣᠳᠬᠤ ᠶᠠᠪᠤᠴᠠ᠎ᠳᠤ ᠶᠠᠳᠠᠷᠠᠬᠤ᠂ ᠨᠣᠢ᠌ᠷᠮᠣᠭᠯᠠᠬᠤ ᠵᠡᠷᠭᠡ ᠪᠠᠶ᠋ᠢᠳᠠᠯ ᠭᠠᠷᠪᠠᠯ᠂  ᠴᠠᠭ ᠲᠤᠬᠠᠶ᠎ᠳᠤ᠎ᠨᠢ ᠦᠢ᠍ᠯᠡᠴᠢᠯᠡᠭᠡᠨ᠎ᠤ ᠲᠣᠭᠣᠷᠢᠭ᠎ᠲᠤ ᠬᠦᠷᠬᠦ ᠪᠤᠶᠤ ᠵᠠᠮ᠎ᠠᠴᠠ ᠪᠠᠭᠤᠵᠤ ᠠᠮᠠᠷᠠᠬᠤ ᠭᠠᠵᠠᠷ ᠡᠷᠢᠵᠦ  ᠠᠮᠠᠷᠠᠭ᠋ᠠᠷᠠᠶ᠃       

      ᠭᠤᠷᠪᠠ᠂ 《ᠶᠢᠰᠦᠨ ᠦᠰᠦᠭᠲᠦ ᠵᠤᠷᠰᠢᠯ》᠎ᠢ ᠪᠠᠲᠤ ᠴᠡᠭᠡᠵᠢᠯᠡᠬᠦ ᠬᠡᠷᠡᠭᠲᠡᠶ᠄ ᠡᠨᠳᠡᠯ ᠭᠠᠷᠬᠤ᠂  ᠲᠡᠷᠭᠡ ᠬᠥᠰᠬᠡ ᠵᠢᠨ ᠭᠡᠮᠲᠦᠯ ᠭᠠᠷᠬᠤ ᠵᠡᠷᠭᠡ ᠪᠠᠴᠢᠮ  ᠪᠠᠶ᠋ᠢᠳᠠᠯ ᠭᠠᠷᠪᠠᠯ᠂ 《ᠲᠡᠷᠭᠡ᠎ᠪᠠᠨ ᠬᠥᠪᠡᠭᠡᠳᠡᠭᠦᠯᠵᠦ ᠵᠣᠭᠰᠣᠭ᠋ᠠᠬᠤ ᠲᠤᠬᠠᠢ ᠵᠢᠨ ᠲᠠᠯᠠᠪᠠᠢ᠎ᠠᠴᠠ ᠵᠠᠢ᠌ᠯᠠᠬᠤ ᠳᠠᠷᠤᠶ ᠲᠦᠭᠰᠢᠭᠦᠷᠢ ᠮᠡᠳᠡᠭᠦᠯᠬᠦ》  ᠦᠨᠳᠦᠷ  ᠬᠤᠷᠳᠤ ᠵᠢᠨ ᠵᠠᠰᠠᠮᠠᠯ ᠵᠠᠮ᠎ᠤᠨ ᠠᠮᠢ ᠪᠠᠲᠤᠯᠠᠬᠤ 《ᠶᠢᠰᠦᠨ ᠦᠰᠦᠭᠲᠦ ᠵᠤᠷᠰᠢᠯ》᠎ᠢ ᠪᠠᠲᠤ ᠴᠡᠭᠡᠵᠢᠯᠡᠬᠦ ᠬᠡᠷᠡᠭᠲᠡᠶ;  ᠮᠠᠰᠢᠨ ᠲᠡᠷᠭᠡ᠎ᠪᠠᠨ ᠪᠠᠴᠢᠮ ᠪᠠᠶ᠋ᠢᠳᠠᠯ᠎ᠢ ᠠᠷᠭ᠋ᠠᠴᠠᠬᠤ ᠵᠠᠮ᠎ᠳᠤ ᠵᠣᠭᠰᠣᠭ᠋ᠠᠭᠰᠠᠨ᠎ᠤ ᠳᠠᠷᠠᠭ᠎ᠠ᠂ 《ᠬᠤᠤᠰ ᠭᠢᠯᠪᠠᠭ᠋ᠠᠨ ᠳ᠋ᠧᠩ》᠎ᠢ ᠨᠡᠭᠡᠭᠡᠵᠦ᠂  ᠮᠠᠰᠢᠨ ᠲᠡᠷᠭᠡᠨ᠎ᠤ 150 ᠮᠧᠲᠷ ᠠᠷᠤ᠎ᠳᠤ ᠭᠤᠷᠪᠠᠯᠵᠢᠨ ᠫᠠᠶ᠋ᠢᠰᠠ ᠲᠠᠯᠪᠢᠵᠤ᠂  ᠪᠣᠶ ᠪᠥᠬᠥᠶ ᠬᠥᠮᠦᠰ ᠬᠡᠷᠡᠰᠬᠡ ᠵᠢᠨ ᠭᠠᠳᠠᠨ᠎ᠠ ᠭᠠᠷᠴᠤ᠂  ᠴᠠᠭᠳᠠᠭ᠎ᠠ᠎ᠳᠤ ᠲᠥᠭᠰᠢᠭᠦᠷᠢ ᠮᠡᠳᠡᠭᠦᠯᠵᠦ ᠠᠪᠤᠷᠠᠨ ᠲᠤᠰᠠᠯᠠᠬᠤ ᠵᠢ ᠬᠦᠯᠢᠶᠡᠨ᠎ᠡ᠃       

      ᠳᠥᠷᠪᠡ᠂  ᠲᠠᠷᠢᠶᠠᠯᠠᠬᠤ ᠮᠠᠯᠵᠢᠬᠤ ᠣᠷᠣᠨ ᠵᠶ᠋ᠠᠷ ᠲᠡᠷᠭᠡ᠎ᠪᠠᠷ ᠶᠠᠪᠤᠬᠤ᠎ᠳᠤ᠎ᠪᠠᠨ ᠪᠣᠯᠭᠣᠮᠵᠢᠲᠠᠶ ᠪᠠᠶ᠋ᠢᠬᠤ ᠬᠡᠷᠡᠭᠲᠡᠶ᠄ ᠲᠠᠷᠢᠶᠠᠯᠠᠬᠤ ᠮᠠᠯᠵᠢᠬᠤ ᠣᠷᠣᠨ᠎ᠤ  ᠵᠠᠮ ᠵᠶ᠋ᠠᠷ ᠶᠠᠪᠤᠬᠤ᠎ᠳᠤ᠎ᠪᠠᠨ᠂  ᠵᠠᠮ᠎ᠤᠨ ᠪᠠᠶ᠋ᠢᠳᠠᠯ᠎ᠤᠨ ᠬᠤᠪᠢᠷᠠᠯᠲᠠ ᠵᠢ ᠴᠠᠭ ᠢᠮᠠᠭᠲᠠ ᠠᠩᠬᠠᠷᠴᠤ᠂  ᠲᠡᠷᠭᠡ ᠣᠨᠣᠭ᠎ᠠ ᠮᠤᠷᠤᠶ᠋ᠢᠬᠤ᠂  ᠨᠠᠯᠠᠤ ᠵᠠᠮ ᠵᠶ᠋ᠠᠷ  ᠶᠠᠪᠤᠭᠤᠯᠬᠤ᠎ᠳᠤ᠎ᠪᠠᠨ ᠤᠳᠠᠭ᠋ᠠᠨ ᠶᠠᠪᠤᠬᠤ ᠵᠢᠨ ᠬᠠᠮᠲᠤ ᠪᠦᠷᠢᠶ᠎ᠡ᠎ᠪᠠᠷ ᠳᠠᠭᠤᠨ ᠳᠣᠬᠢᠶ᠎ᠠ ᠥᠭᠴᠦ᠂  ᠡᠨᠳᠡᠯ ᠭᠠᠷᠬᠤ᠎ᠠᠴᠠ ᠵᠠᠶ᠋ᠢᠯᠠᠰᠬᠢᠬᠦ ᠬᠡᠷᠡᠭᠲᠡᠶ᠃       

      ᠲᠠᠪᠤ᠂  ᠠᠶᠠᠨᠴᠢᠳ᠎ᠤᠨ ᠲᠡᠷᠭᠡᠨ᠎ᠳᠤ ᠰᠠᠭᠤᠵᠤ ᠭᠠᠳᠠᠭᠰᠢ ᠶᠠᠪᠤᠬᠤ᠎ᠳᠤ᠂  ᠵᠢᠩᠬᠢᠨᠢ ᠠᠶᠠᠨᠴᠢᠳ᠎ᠤᠨ ᠲᠡᠭᠡᠭᠡᠪᠦᠷᠢ ᠵᠢᠨ ᠥᠷᠲᠡᠭᠡ ᠴᠢᠭ᠎ᠲᠤ ᠣᠴᠢᠭ᠋ᠠᠷᠠᠶ᠄  ᠠᠮᠠᠷᠠᠯᠲᠠ ᠵᠢᠨ ᠬᠤᠭᠤᠴᠠᠭ᠋ᠠᠨ᠎ᠳᠤ ᠲᠡᠷᠭᠡᠨ᠎ᠳᠤ ᠰᠠᠭᠤᠵᠤ ᠭᠠᠳᠠᠭᠰᠢ ᠭᠠᠷᠬᠤ᠎ᠳᠤ᠂  ᠠᠶᠠᠨᠴᠢᠳ᠎ᠤᠨ ᠲᠡᠭᠡᠭᠡᠪᠦᠷᠢ ᠵᠢᠨ ᠥᠷᠲᠡᠭᠡ ᠴᠢᠭ᠎ᠲᠤ ᠬᠦᠷᠴᠦ ᠬᠠᠤᠯᠢ  ᠶᠣᠰᠣᠨ᠎ᠤ ᠲᠡᠭᠡᠭᠡᠪᠦᠷᠢ ᠵᠢᠨ ᠠᠶᠠᠨᠴᠢᠳ᠎ᠤᠨ ᠲᠡᠷᠭᠡᠨ᠎ᠳᠤ ᠰᠠᠭᠤᠬᠤ ᠪᠤᠶᠤ ᠬᠠᠤᠯᠢ ᠶᠣᠰᠣᠨ᠎ᠤ ᠬᠢᠷᠢ ᠬᠡᠮ᠎ᠲᠠᠢ ᠵᠢᠭᠤᠯᠴᠢᠯᠠᠯ᠎ᠤᠨ ᠭᠠᠵᠠᠷ ᠪᠣᠯᠤᠨ ᠵᠢᠭᠤᠯᠴᠢᠯᠠᠯ᠎ᠤᠨ  ᠳᠠᠭ᠋ᠠᠭ᠋ᠠᠴᠢᠯᠠᠭᠰᠠᠨ ᠲᠡᠷᠭᠡᠨ᠎ᠳᠤ ᠰᠠᠭᠤᠬᠤ ᠵᠢ ᠰᠣᠩᠭᠣᠵᠤ᠂  ᠲᠡᠷᠭᠡᠨ᠎ᠳᠤ ᠰᠠᠭᠤᠬᠤ᠎ᠳᠤ᠎ᠪᠠᠨ ᠡᠷᠬᠡᠪᠰᠢ ᠠᠶᠤᠯ ᠦᠭᠡᠢ ᠵᠢᠨ ᠪᠦᠰᠡ᠎ᠪᠠᠨ ᠰᠠᠶ᠋ᠢᠲᠤᠷ ᠪᠦᠰᠡᠯᠡᠵᠦ᠂  ᠠᠶᠠᠨᠴᠢᠳ᠎ᠤᠨ ᠲᠣᠭ᠎ᠠ᠎ᠨᠢ ᠰᠠᠭᠤᠳᠠᠯ᠎ᠤᠨ ᠲᠣᠭ᠎ᠠ᠎ᠠᠴᠠ ᠬᠡᠲᠦᠷᠡᠭᠰᠡᠨ ᠠᠶᠠᠨᠴᠢᠳ᠎ᠤᠨ ᠲᠡᠷᠭᠡ᠂ 《ᠬᠠᠷ᠎ᠠ ᠲᠡᠷᠭᠡ》᠎ᠳᠤ ᠰᠠᠭᠤᠬᠤ ᠵᠢ ᠡᠷᠡᠰ ᠰᠠᠭᠤᠬᠤ ᠦᠭᠡᠢ᠃ 

ᠢᠷᠡᠯᠲᠡ᠄ᠦᠪᠦᠷ ᠮᠤᠩᠭᠤᠯ᠎ᠤᠨ ᠲᠤᠳᠤᠭ᠋ᠠᠳᠦ ᠵᠢ ᠬᠠᠮᠠᠭ᠋ᠠᠯᠠᠬᠤ ᠲᠢᠩᠬᠢᠮ
          
ᠬᠠᠮᠢᠶ᠎ᠡ ᠪᠦᠬᠦᠢ ᠰᠣᠨᠢᠨ
 
            