ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠬᠠᠣᠯᠢ᠎ᠪᠠᠷ ᠵᠠᠰᠠᠬᠤ
ᠦᠢᠯᠡᠴᠢᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠦᠢᠯᠡᠴᠢᠯᠡᠭᠡ   -   ᠰᠣᠷᠪᠣᠯᠵᠢᠯᠠᠭ᠎ᠠ
ᠬᠠᠤᠯᠢ ᠴᠠᠭ᠋ᠠᠵᠠ ᠵᠢᠨ ᠶᠠᠮᠤᠨ᠎ᠤ ᠬᠠᠷᠢᠭᠤᠴᠠᠯᠭ᠋ᠠᠲᠠᠨ 《ᠬᠠᠤᠯᠢ ᠲᠣᠭᠲᠠᠭ᠋ᠠᠯ ᠳᠦᠷᠢᠮ ᠲᠣᠭᠲᠠᠭ᠋ᠠᠯ᠎ᠢ ᠳᠡᠩᠰᠡᠯᠡᠵᠦ ᠬᠢᠨᠠᠨ ᠪᠠᠢ᠌ᠴᠠᠭ᠋ᠠᠬᠤ ᠳᠦᠷᠢᠮ》᠎ᠤᠨ ᠲᠤᠬᠠᠢ ᠰᠤᠷᠪᠤᠯᠵᠢᠯᠠᠭᠴᠢ ᠵᠢᠨ ᠠᠰᠠᠭᠤᠯᠲᠠ ᠵᠢ ᠬᠠᠷᠢᠭᠤᠯᠤᠭᠰᠠᠨ᠎ᠨᠢ (ᠨᠢᠭᠡ)
ᠨᠡᠶ᠋ᠢᠲᠡᠯᠡᠭᠰᠡᠨ ᠴᠠᠭ᠄ 2024-10-04

      2024 ᠣᠨ᠎ᠤ 8 ᠰᠠᠷ᠎ᠠ ᠵᠢᠨ 30᠎ᠤ ᠡᠳᠦᠷ᠂ ᠲᠥᠷᠥ ᠵᠢᠨ ᠶᠠᠪᠤᠳᠠᠯ᠎ᠤᠨ ᠬᠣᠷᠢᠶᠠᠨ᠎ᠤ ᠶᠡᠷᠦᠩᠬᠡᠢ ᠰᠠᠢ᠌ᠳ ᠯᠢ ᠴᠢᠶᠠᠩ 789 ᠳ᠋ᠦᠭᠡᠷ ᠲᠣᠭ᠋ᠠᠲᠤ ᠲᠥᠷᠥ ᠵᠢᠨ ᠶᠠᠪᠤᠳᠠᠯ᠎ᠤᠨ ᠬᠣᠷᠢᠶᠠᠨ᠎ᠤ ᠵᠠᠷᠯᠢᠭ᠎ᠲᠤ ᠭᠠᠷ᠎ᠤᠨ ᠥᠰᠥᠭ ᠵᠢᠷᠤᠵᠤ᠂ 《ᠬᠠᠤᠯᠢ ᠲᠣᠭᠲᠠᠭ᠋ᠠᠯ ᠳᠦᠷᠢᠮ ᠲᠣᠭᠲᠠᠭ᠋ᠠᠯ᠎ᠢ ᠳᠡᠩᠰᠡᠯᠡᠵᠦ ᠬᠢᠨᠠᠨ ᠪᠠᠢ᠌ᠴᠠᠭ᠋ᠠᠬᠤ ᠳᠦᠷᠢᠮ》 (ᠳᠣᠷᠣᠭᠰᠢ 《ᠳᠦᠷᠢᠮ》 ᠭᠡᠵᠦ ᠲᠣᠪᠴᠢᠯᠠᠨ᠎ᠠ)᠎ᠢ ᠨᠡᠢ᠌ᠲᠡᠯᠡᠵᠦ᠂ 2024 ᠣᠨ᠎ᠤ 11 ᠰᠠᠷ᠎ᠠ ᠵᠢᠨ 1᠎ᠤ ᠡᠳᠦᠷ᠎ᠠᠴᠠ ᠡᠬᠢᠯᠡᠵᠦ ᠬᠡᠷᠡᠭᠵᠢᠭᠦᠯᠦᠨ᠎ᠡ᠃ ᠲᠦᠷᠦᠭᠦᠬᠡᠨ᠂ ᠬᠠᠤᠯᠢ ᠴᠠᠭ᠋ᠠᠵᠠ ᠵᠢᠨ ᠶᠠᠮᠤᠨ᠎ᠤ ᠬᠠᠷᠢᠭᠤᠴᠠᠯᠭ᠋ᠠᠲᠠᠨ 《ᠳᠦᠷᠢᠮ》᠎ᠤᠨ ᠬᠣᠯᠪᠣᠭᠳᠠᠯ ᠪᠦᠬᠦᠢ ᠠᠰᠠᠭᠤᠳᠠᠯ᠎ᠤᠨ ᠲᠤᠬᠠᠢ ᠰᠤᠷᠪᠤᠯᠵᠢᠯᠠᠭᠴᠢ ᠵᠢᠨ ᠠᠰᠠᠭᠤᠯᠲᠠ ᠵᠢ ᠬᠠᠷᠢᠭᠤᠯᠪᠠ᠃

      ᠠᠰᠠᠭᠤᠯᠲᠠ᠄ 《ᠳᠦᠷᠢᠮ》᠎ᠢ ᠨᠡᠢ᠌ᠲᠡᠯᠡᠭᠰᠡᠨ ᠠᠬᠤᠢ ᠪᠠᠢ᠌ᠳᠠᠯ᠎ᠢ ᠲᠥᠬᠥᠮ  ᠲᠠᠨᠢᠯᠴᠠᠭᠤᠯᠬᠤ ᠪᠣᠯᠪᠠ ᠦᠦ?

      ᠬᠠᠷᠢᠭᠤᠯᠲᠠ᠄ ᠬᠠᠤᠯᠢ ᠲᠣᠭᠲᠠᠭ᠋ᠠᠯ ᠳᠦᠷᠢᠮ ᠲᠣᠭᠲᠠᠭ᠋ᠠᠯ᠎ᠢ ᠳᠡᠩᠰᠡᠯᠡᠵᠦ ᠬᠢᠨᠠᠨ ᠪᠠᠢ᠌ᠴᠠᠭ᠋ᠠᠬᠤ ᠪᠣᠯ ᠤᠯᠤᠰ᠎ᠤᠨ ᠬᠠᠤᠯᠢ᠎ᠪᠠᠷ ᠵᠠᠰᠠᠬᠤ ᠵᠢᠨ ᠨᠢᠭᠡᠳᠦᠯ᠎ᠢ ᠬᠠᠮᠠᠭ᠋ᠠᠯᠠᠬᠤ ᠴᠢᠬᠤᠯᠠ ᠳᠦᠷᠢᠮ ᠮᠥᠨ᠃ ᠨᠠᠮ᠎ᠤᠨ ᠲᠥᠪ ᠬᠣᠷᠢᠶ᠎ᠠ᠂ ᠲᠥᠷᠥ ᠵᠢᠨ ᠶᠠᠪᠤᠳᠠᠯ᠎ᠤᠨ ᠬᠣᠷᠢᠶ᠎ᠠ ᠳᠡᠩᠰᠡᠯᠡᠵᠦ ᠬᠢᠨᠠᠨ ᠪᠠᠢ᠌ᠴᠠᠭ᠋ᠠᠬᠤ ᠠᠵᠢᠯ᠎ᠢ ᠳᠡᠭᠡᠳᠦ 《ᠬᠠᠤᠯᠢ ᠲᠣᠭᠲᠠᠭ᠋ᠠᠯ ᠳᠦᠷᠢᠮ ᠲᠣᠭᠲᠠᠭ᠋ᠠᠯ᠎ᠢ ᠳᠠᠩᠰᠠᠯᠠᠬᠤ ᠳᠦᠷᠢᠮ》᠎ᠢ 2002 ᠣᠨ᠎ᠤ 1 ᠰᠠᠷ᠎ᠠ ᠵᠢᠨ 1᠎ᠤ ᠡᠳᠦᠷ᠎ᠠᠴᠠ ᠡᠬᠢᠯᠡᠨ ᠬᠡᠷᠡᠭᠵᠢᠭᠦᠯᠦᠭᠰᠡᠨ᠎ᠠᠴᠠ  ᠨᠠᠭ᠋ᠠᠰᠢ᠂ ᠳᠡᠩᠰᠡᠯᠡᠵᠦ ᠬᠢᠨᠠᠨ ᠪᠠᠢ᠌ᠴᠠᠭ᠋ᠠᠬᠤ ᠠᠵᠢᠯ᠎ᠢ ᠬᠠᠤᠯᠢ ᠶᠣᠰᠣᠭ᠋ᠠᠷ ᠪᠦᠲᠦᠮᠵᠢᠲᠡᠶ ᠥᠷᠨᠢᠭᠦᠯᠬᠦ ᠵᠢ ᠪᠠᠲᠤᠯᠠᠬᠤ᠎ᠳᠤ ᠴᠢᠬᠤᠯᠠ ᠦᠢ᠍ᠯᠡᠳᠦᠯ ᠪᠠᠳᠠᠷᠠᠭᠤᠯᠪᠠ᠃ ᠪᠦᠬᠦ ᠲᠠᠯ᠎ᠠ᠎ᠪᠠᠷ ᠬᠠᠤᠯᠢ ᠶᠣᠰᠣᠭ᠋ᠠᠷ ᠤᠯᠤᠰ ᠵᠶ᠋ᠠᠨ ᠵᠠᠰᠠᠬᠤ ᠶᠠᠪᠤᠳᠠᠯ᠎ᠢ ᠭᠦᠨᠵᠡᠭᠡᠢ ᠠᠬᠢᠭᠤᠯᠬᠤ ᠵᠢ ᠳᠠᠭ᠋ᠠᠯᠳᠤᠨ᠂ ᠨᠠᠮ᠎ᠤᠨ ᠲᠥᠪ ᠬᠣᠷᠢᠶ᠎ᠠ᠂ ᠲᠥᠷᠥ ᠵᠢᠨ ᠶᠠᠪᠤᠳᠠᠯ᠎ᠤᠨ ᠬᠣᠷᠢᠶ᠎ᠠ᠎ᠠᠴᠠ ᠳᠠᠩᠰᠠᠯᠠᠵᠤ ᠬᠢᠨᠠᠨ ᠪᠠᠢ᠌ᠴᠠᠭ᠋ᠠᠬᠤ ᠠᠵᠢᠯ᠎ᠳᠤ ᠰᠢᠨ᠎ᠡ ᠱᠠᠭ᠋ᠠᠷᠳᠠᠯᠭ᠎ᠠ ᠳᠤᠷᠠᠳᠴᠤ᠂ ᠬᠠᠤᠯᠢ ᠲᠣᠭᠲᠠᠭ᠋ᠠᠬᠤ ᠬᠠᠤᠯᠢ᠎ᠳᠤ ᠬᠣᠶᠠᠷ ᠤᠳᠠᠭ᠎ᠠ ᠵᠠᠰᠠᠪᠤᠷᠢ ᠣᠷᠣᠭᠤᠯᠬᠤ᠎ᠳᠠᠭᠠᠨ ᠳᠠᠨᠭ᠌ᠰᠠᠯᠠᠵᠤ ᠬᠢᠨᠠᠨ ᠪᠠᠢ᠌ᠴᠠᠭ᠋ᠠᠬᠤ ᠳᠦᠷᠢᠮ᠎ᠢ ᠲᠡᠭᠦᠯᠳᠡᠷᠵᠢᠭᠦᠯᠵᠦ᠂ ᠪᠦᠬᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠢ᠌ᠩᠭᠤ ᠵᠢᠨ ᠬᠣᠷᠢᠶ᠎ᠠ᠎ᠠᠴᠠ ᠳᠠᠨᠭ᠌ᠰᠠᠯᠠᠵᠤ ᠬᠢᠨᠠᠨ ᠪᠠᠢ᠌ᠴᠠᠭ᠋ᠠᠬᠤ ᠳᠦᠷᠢᠮ᠎ᠢ ᠲᠡᠭᠦᠯᠳᠡᠷᠵᠢᠭᠦᠯᠦᠨ ᠴᠢᠩᠭ᠋ᠠᠳᠬᠠᠬᠤ ᠲᠤᠬᠠᠢ ᠲᠤᠰᠬᠠᠢ ᠲᠣᠭᠲᠠᠭ᠋ᠠᠯ ᠭᠠᠷᠭ᠋ᠠᠵᠤ᠂ ᠳᠠᠨᠭ᠌ᠰᠠᠯᠠᠵᠤ ᠬᠢᠨᠠᠨ ᠪᠠᠢ᠌ᠴᠠᠭ᠋ᠠᠬᠤ ᠠᠵᠢᠯ᠎ᠤᠨ ᠦᠢ᠍ᠯᠡᠳᠦᠯᠭᠡ ᠵᠢᠨ ᠳᠤᠮᠳᠠ ᠪᠠᠰᠠ ᠳᠠᠨᠭ᠌ᠰᠠᠯᠠᠵᠤ ᠬᠢᠨᠠᠨ ᠪᠠᠢ᠌ᠴᠠᠭ᠋ᠠᠬᠤ ᠵᠢᠷᠤᠮ ᠲᠡᠭᠦᠯᠳᠡᠷᠵᠢᠭᠡᠳᠦᠢ ᠪᠠᠢ᠌ᠬᠤ᠂ ᠬᠢᠨᠠᠨ ᠪᠠᠢ᠌ᠴᠠᠭ᠋ᠠᠬᠤ ᠵᠦᠢ᠍ᠯᠡᠰ ᠪᠦᠷᠢᠨ ᠪᠤᠰᠤ ᠪᠠᠢ᠌ᠬᠤ᠂ ᠬᠣᠯᠪᠣᠭᠳᠠᠯ ᠪᠦᠬᠦᠢ ᠠᠵᠢᠯ᠎ᠤᠨ ᠲᠣᠭᠲᠠᠴᠠ ᠪᠦᠷᠢᠨ ᠪᠤᠰᠤ ᠪᠠᠢ᠌ᠬᠤ ᠵᠡᠷᠭᠡ ᠰᠢᠨ᠎ᠡ ᠪᠠᠢ᠌ᠳᠠᠯ ᠰᠢᠨ᠎ᠡ ᠠᠰᠠᠭᠤᠳᠠᠯ ᠲᠤᠯᠭ᠋ᠠᠷᠠᠵᠤ ᠪᠠᠢ᠌ᠨ᠎ᠠ᠃ 《ᠬᠠᠤᠯᠢ ᠲᠣᠭᠲᠠᠭ᠋ᠠᠯ ᠳᠦᠷᠢᠮ ᠲᠣᠭᠲᠠᠭ᠋ᠠᠯ᠎ᠢ ᠳᠠᠩᠰᠠᠯᠠᠬᠤ ᠳᠦᠷᠢᠮ》᠎ᠨᠢ ᠨᠢᠭᠡᠨᠲᠡ ᠰᠢᠨ᠎ᠡ ᠴᠠᠭ ᠦᠶ᠎ᠡ ᠵᠢᠨ ᠳᠡᠩᠰᠡᠯᠡᠵᠦ ᠬᠢᠨᠠᠨ ᠪᠠᠢ᠌ᠴᠠᠭ᠋ᠠᠬᠤ ᠠᠵᠢᠯ᠎ᠤᠨ ᠬᠡᠷᠡᠭᠴᠡᠭᠡ᠎ᠳᠤ ᠪᠦᠷᠢᠮᠦᠰᠦᠨ ᠵᠣᠬᠢᠴᠠᠬᠤ ᠦᠭᠡᠢ ᠪᠣᠯᠤᠭᠰᠠᠨ ᠪᠠ ᠲᠡᠭᠦᠨ᠎ᠢ ᠬᠠᠩᠭ᠋ᠠᠵᠤ ᠳᠡᠶ᠋ᠢᠯᠬᠦ ᠦᠭᠡᠢ ᠪᠣᠯᠤᠭᠰᠠᠨ ᠪᠣᠯᠬᠣᠷ ᠵᠠᠰᠠᠪᠤᠷᠢ ᠣᠷᠣᠭᠤᠯᠤᠨ ᠲᠡᠭᠦᠯᠳᠡᠷᠵᠢᠭᠦᠯᠬᠦ ᠴᠢᠬᠤᠯᠠᠲᠠᠢ ᠪᠠᠢ᠌ᠨ᠎ᠠ᠃

      ᠬᠠᠤᠯᠢ ᠴᠠᠭ᠋ᠠᠵᠠ ᠵᠢᠨ ᠶᠠᠮᠤᠨ ᠭᠦᠨᠵᠡᠭᠡᠢ ᠪᠠᠢ᠌ᠴᠠᠭ᠋ᠠᠨ ᠰᠤᠳᠤᠯᠤᠯᠲᠠ ᠬᠢᠵᠦ᠂ ᠥᠷᠭᠡᠨ ᠵᠶ᠋ᠡᠷ ᠰᠠᠨᠠᠯ ᠰᠣᠨᠣᠰᠤᠭᠰᠠᠨ ᠪᠥᠭᠡᠳ ᠨᠡᠢ᠌ᠭᠡᠮ ᠨᠡᠶ᠋ᠢᠲᠡ᠎ᠠᠴᠠ ᠢᠯᠡ᠎ᠪᠠᠷ ᠰᠠᠨᠠᠯ ᠬᠤᠷᠢᠶᠠᠭᠰᠠᠨ ᠰᠠᠭᠤᠷᠢᠨ ᠳᠡᠭᠡᠷ᠎ᠡ᠂ ᠵᠠᠰᠠᠪᠤᠷᠢ ᠣᠷᠣᠭᠤᠯᠤᠭᠰᠠᠨ ᠲᠥᠰᠥᠯ᠎ᠤᠨ ᠬᠦᠷᠭᠡᠵᠦ ᠬᠢᠨᠠᠭᠤᠯᠬᠤ ᠨᠣᠣᠷᠠᠭ᠎ᠢ ᠲᠤᠭᠤᠷᠪᠢᠭᠰᠠᠨ ᠪᠥᠭᠡᠳ ᠳᠦᠷᠢᠮ᠎ᠤᠨ ᠨᠡᠷᠡᠢ᠌ᠳᠦᠯ᠎ᠢ 《ᠬᠠᠤᠯᠢ ᠲᠣᠭᠲᠠᠭ᠋ᠠᠯ ᠳᠦᠷᠢᠮ ᠲᠣᠭᠲᠠᠭ᠋ᠠᠯ᠎ᠢ ᠲᠠᠨᠭ᠌ᠰᠠᠯᠠᠵᠤ ᠬᠢᠨᠠᠨ ᠪᠠᠢ᠌ᠴᠠᠭ᠋ᠠᠬᠤ ᠳᠦᠷᠢᠮ》 ᠭᠡᠵᠦ ᠵᠠᠰᠠᠪᠠ᠃ ᠡᠭᠦᠨ᠎ᠤ ᠲᠠᠷᠠᠭ᠎ᠠ ᠪᠠᠰᠠ ᠬᠣᠯᠪᠣᠭᠳᠠᠯ ᠪᠦᠬᠦᠢ ᠲᠥᠪ᠎ᠤᠨ  ᠨᠢᠭᠡᠴᠡ᠂ ᠣᠷᠣᠨ ᠨᠤᠲᠤᠭ᠎ᠤᠨ ᠠᠷᠠᠳ᠎ᠤᠨ ᠵᠠᠰᠠᠭ᠎ᠤᠨ ᠣᠷᠳᠣᠨ᠂ ᠨᠡᠢ᠌ᠭᠡᠮ᠎ᠤᠨ ᠪᠦᠯᠬᠦᠮ ᠪᠠ ᠲᠤᠰᠬᠠᠢ ᠮᠡᠷᠭᠡᠵᠢᠯᠲᠡᠨ ᠡᠷᠳᠡᠮᠲᠡᠨ᠎ᠤ ᠰᠠᠨᠠᠯ᠎ᠢ ᠥᠷᠭᠡᠨ ᠵᠶ᠋ᠡᠷ ᠬᠤᠷᠢᠶᠠᠵᠤ᠂ ᠱᠠᠨᠳᠦ᠋ᠩ᠂ ᠾᠧᠨᠠᠨ᠎ᠳᠤ ᠬᠦᠷᠴᠦ ᠲᠤᠬᠠᠢ ᠵᠢᠨ ᠭᠠᠵᠠᠷ᠎ᠲᠤᠨᠢ ᠪᠠᠢ᠌ᠴᠠᠭ᠋ᠠᠨ ᠰᠤᠳᠤᠯᠤᠯᠲᠠ ᠬᠢᠵᠦ᠂ ᠲᠠᠬᠢᠨ ᠳᠠᠪᠲᠠᠨ ᠰᠤᠳᠤᠯᠵᠤ ᠵᠠᠰᠠᠪᠤᠷᠢ ᠣᠷᠣᠭᠤᠯᠬᠤ᠎ᠪᠠᠷ ᠲᠠᠮᠵᠢᠨ 《ᠳᠦᠷᠢᠮ (ᠲᠥᠰᠥᠯ)》᠎ᠢ ᠪᠤᠢ ᠪᠣᠯᠭ᠋ᠠᠪᠠ᠃ 2024 ᠣᠨ᠎ᠤ 8 ᠰᠠᠷ᠎ᠠ ᠵᠢᠨ 19᠎ᠤ ᠡᠳᠦᠷ᠂ ᠲᠥᠷᠥ ᠵᠢᠨ ᠶᠠᠪᠤᠳᠠᠯ᠎ᠤᠨ ᠬᠣᠷᠢᠶᠠᠨ᠎ᠤ ᠪᠠᠢ᠌ᠩᠭᠤ ᠵᠢᠨ ᠬᠤᠷᠠᠯᠳᠤᠭ᠋ᠠᠨ᠎ᠠᠴᠠ 《ᠳᠦᠷᠢᠮ (ᠲᠥᠰᠥᠯ)》᠎ᠢ ᠬᠢᠨᠠᠨ ᠶᠠᠷᠢᠯᠴᠠᠵᠤ ᠪᠠᠲᠤᠯᠠᠪᠠ᠃ 2024 ᠣᠨ᠎ᠤ 8 ᠰᠠᠷ᠎ᠠ ᠵᠢᠨ 30᠎ᠤ ᠡᠳᠦᠷ᠂ ᠯᠢ ᠴᠢᠶᠠᠩ ᠶᠡᠷᠦᠩᠬᠡᠢ ᠰᠠᠢ᠌ᠳ ᠲᠥᠷᠥ ᠵᠢᠨ ᠶᠠᠪᠤᠳᠠᠯ᠎ᠤᠨ ᠬᠣᠷᠢᠶᠠᠨ᠎ᠤ ᠵᠠᠷᠯᠢᠭ᠎ᠲᠤ ᠭᠠᠷ᠎ᠤᠨ ᠥᠰᠥᠭ ᠵᠢᠷᠤᠵᠤ᠂ 《ᠳᠦᠷᠢᠮ》᠎ᠢ ᠠᠯᠪᠠᠨ ᠶᠣᠰᠣᠭ᠋ᠠᠷ ᠨᠡᠢ᠌ᠲᠡᠯᠡᠪᠡ᠃

      ᠠᠰᠠᠭᠤᠯᠲᠠ᠄ ᠵᠠᠰᠠᠪᠤᠷᠢ ᠣᠷᠣᠭᠤᠯᠬᠤ ᠠᠵᠢᠯ᠎ᠤᠨ ᠶᠡᠷᠦᠩᠬᠡᠢ ᠰᠡᠳᠬᠢᠮᠵᠢ᠎ᠨᠢ ᠶᠠᠭᠤ ᠪᠤᠶ?

      ᠬᠠᠷᠢᠭᠤᠯᠲᠠ᠄ ᠵᠠᠰᠠᠪᠤᠷᠢ ᠣᠷᠣᠭᠤᠯᠬᠤ ᠠᠵᠢᠯ᠎ᠳᠤ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠣᠳᠤᠯᠭ᠎ᠠ ᠪᠣᠯᠭ᠋ᠠᠬᠤ ᠵᠢ ᠪᠠᠷᠢᠮᠲᠠᠯᠠᠵᠤ᠂ ᠰᠢ ᠵᠢᠨ ᠫᠢᠩ᠎ᠤᠨ  ᠬᠠᠤᠯᠢᠵᠢᠯ᠎ᠤᠨ ᠦᠵᠡᠯ ᠰᠠᠨᠠᠭ᠎ᠠ ᠪᠣᠯᠣᠨ ᠰᠢ ᠵᠢᠨ ᠫᠢᠩ ᠶᠡᠷᠦᠩᠬᠡᠢ ᠱᠦᠵᠢ ᠵᠢᠨ  ᠳᠠᠨᠭ᠌ᠰᠠᠯᠠᠵᠤ ᠬᠢᠨᠠᠨ ᠪᠠᠢ᠌ᠴᠠᠭ᠋ᠠᠬᠤ ᠠᠵᠢᠯ᠎ᠤᠨ  ᠲᠤᠬᠠᠢ ᠴᠢᠬᠤᠯᠠ ᠵᠢᠭ᠋ᠠᠪᠤᠷᠢ ᠵᠢᠨ  ᠵᠣᠷᠢᠭ ᠰᠠᠨᠠᠭ᠎ᠠ ᠵᠢ  ᠭᠦᠨᠵᠡᠭᠡᠢ  ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ ᠳᠣᠣᠷᠠᠬᠢ ᠶᠡᠷᠦᠩᠬᠡᠢ ᠰᠡᠳᠬᠢᠴᠡ ᠵᠢ  ᠵᠢᠷᠤᠮᠯᠠᠵᠠᠢ᠄ ᠨᠢᠭᠡ᠎ᠳᠤ  ᠳᠠᠨᠭ᠌ᠰᠠᠯᠠᠵᠤ ᠬᠢᠨᠠᠨ ᠪᠠᠢ᠌ᠴᠠᠭ᠋ᠠᠬᠤ ᠠᠵᠢᠯ᠎ᠳᠠᠬᠢ  ᠨᠠᠮ᠎ᠤᠨ  ᠤᠳᠤᠷᠢᠳᠤᠯᠭ᠎ᠠ ᠵᠢ  ᠪᠠᠷᠢᠮᠲᠠᠯᠠᠨ᠂ ᠳᠠᠨᠭ᠌ᠰᠠᠯᠠᠵᠤ ᠬᠢᠨᠠᠨ ᠪᠠᠢ᠌ᠴᠠᠭ᠋ᠠᠬᠤ ᠠᠵᠢᠯ᠎ᠤᠨ  ᠲᠤᠬᠠᠢ ᠨᠠᠮ᠎ᠤᠨ  ᠲᠥᠪ ᠬᠣᠷᠢᠶ᠎ᠠ᠂ ᠲᠦᠷᠦ ᠵᠢᠨ  ᠶᠠᠪᠤᠳᠠᠯ᠎ᠤᠨ  ᠬᠣᠷᠢᠶᠠᠨ᠎ᠤ  ᠳᠠᠨᠭ᠌ᠰᠠᠯᠠᠵᠤ ᠬᠢᠨᠠᠨ ᠪᠠᠢ᠌ᠴᠠᠭ᠋ᠠᠬᠤ ᠠᠵᠢᠯ᠎ᠤᠨ  ᠰᠢᠢ᠍ᠳᠪᠦᠷᠢᠲᠦ ᠪᠣᠳᠣᠯᠭ᠎ᠠ ᠵᠢᠨ  ᠪᠠᠢ᠌ᠷᠢᠯᠠᠭᠤᠯᠤᠯᠲᠠ ᠵᠢ  ᠬᠠᠤᠯᠢ ᠲᠣᠭᠲᠠᠭ᠋ᠠᠯ ᠳᠦᠷᠢᠮ ᠪᠣᠯᠭ᠋ᠠᠨ  ᠬᠤᠪᠢᠷᠠᠭᠤᠯᠤᠨ᠎ᠠ᠃ ᠬᠣᠶᠠᠷ᠎ᠲᠤ ᠠᠰᠠᠭᠤᠳᠠᠯ ᠵᠶ᠋ᠠᠷ ᠤᠳᠤᠷᠢᠳᠤᠮᠵᠢ ᠪᠣᠯᠭ᠋ᠠᠬᠤ ᠵᠢ ᠪᠠᠷᠢᠮᠲᠠᠯᠠᠵᠤ᠂ ᠳᠠᠨᠭ᠌ᠰᠠᠯᠠᠵᠤ ᠬᠢᠨᠠᠨ ᠪᠠᠢ᠌ᠴᠠᠭ᠋ᠠᠬᠤ ᠳᠦᠷᠢᠮ᠎ᠤᠨ ᠲᠣᠭᠲᠠᠴᠠ ᠵᠢ ᠬᠠᠨᠳᠤᠯᠭ᠋ᠠᠲᠤ ᠴᠢᠨᠠᠷᠲᠠᠢ᠎ᠪᠠᠷ ᠨᠠᠷᠢᠯᠢᠭᠵᠢᠭᠤᠯᠤᠨ ᠲᠡᠭᠦᠯᠳᠡᠷᠵᠢᠭᠦᠯᠵᠦ᠂ 《ᠵᠦᠢ᠍ᠯ  ᠪᠠᠢ᠌ᠪᠠᠯ ᠵᠠᠪᠠᠯ  ᠳᠠᠩᠰᠠᠯᠠᠬᠤ᠂ ᠳᠠᠩᠰᠠᠯᠠᠭᠰᠠᠨ ᠪᠠᠢ᠌ᠪᠠᠯ ᠵᠠᠪᠠᠯ ᠬᠢᠨᠠᠬᠤ᠂ ᠪᠤᠷᠤᠭᠤ ᠪᠠᠢ᠌ᠪᠠᠯ ᠵᠠᠪᠠᠯ ᠵᠠᠯᠠᠷᠠᠭᠤᠯᠬᠤ》 ᠱᠠᠭ᠋ᠠᠷᠳᠠᠯᠭ᠎ᠠ ᠵᠢ  ᠨᠠᠢ᠌ᠳᠠᠪᠤᠷᠢᠵᠢᠭᠤᠯᠤᠨ᠎ᠠ᠃ ᠭᠤᠷᠪᠠ᠎ᠳᠤ ᠨᠢᠭᠡᠳᠦᠯᠲᠡᠢ ᠲᠥᠯᠥᠪᠯᠡᠨ ᠵᠣᠬᠢᠴᠠᠭᠤᠯᠬᠤ ᠵᠢ ᠪᠠᠷᠢᠮᠲᠠᠯᠠᠵᠤ᠂ ᠰᠢᠨ᠎ᠡ᠎ᠪᠠᠷ ᠵᠠᠰᠠᠪᠤᠷᠢ ᠣᠷᠣᠭᠤᠯᠤᠭᠰᠠᠨ ᠬᠠᠤᠯᠢ ᠲᠣᠭᠲᠠᠭ᠋ᠠᠬᠤ ᠬᠠᠤᠯᠢ ᠵᠢ ᠲᠤᠭᠤᠰᠢᠯᠠᠭᠤᠯᠤᠨ ᠬᠡᠷᠡᠭᠵᠢᠭᠦᠯᠵᠦ᠂ ᠲᠠᠨᠭ᠌ᠰᠠᠯᠠᠵᠤ ᠬᠢᠨᠠᠨ ᠪᠠᠢ᠌ᠴᠠᠭ᠋ᠠᠬᠤ ᠳᠦᠷᠢᠮ᠎ᠢ ᠲᠡᠭᠦᠯᠳᠡᠷᠵᠢᠭᠦᠯᠦᠨ ᠴᠢᠩᠭ᠋ᠠᠳᠬᠠᠬᠤ ᠲᠤᠬᠠᠢ ᠪᠦᠬᠥ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠢ᠌ᠩᠭᠤ ᠵᠢᠨ ᠬᠣᠷᠢᠶᠠᠨ᠎ᠤ ᠲᠣᠭᠲᠠᠭ᠋ᠠᠯ᠎ᠲᠠᠢ ᠰᠠᠢ᠌ᠲᠤᠷ  ᠵᠤᠯᠭ᠋ᠠᠭᠤᠯᠤᠨ᠎ᠠ᠃

      ᠠᠰᠠᠭᠤᠯᠲᠠ᠄ 《ᠳᠦᠷᠢᠮ》᠎ᠳᠤ ᠬᠠᠤᠯᠢ ᠲᠣᠭᠲᠠᠭ᠋ᠠᠬᠤ ᠵᠣᠷᠢᠯᠭ᠎ᠠ ᠵᠢ ᠲᠡᠭᠦᠯᠳᠡᠷᠵᠢᠭᠦᠯᠬᠦ᠂ ᠠᠵᠢᠯ᠎ᠤᠨ ᠱᠠᠭ᠋ᠠᠷᠳᠠᠯᠭ᠎ᠠ ᠵᠢ ᠲᠣᠳᠣᠷᠬᠠᠢ᠌ᠯᠠᠬᠤ ᠲᠠᠯ᠎ᠠ᠎ᠪᠠᠷ ᠶᠠᠮᠠᠷ ᠶᠠᠮᠠᠷ ᠲᠣᠭᠲᠠᠭ᠋ᠠᠯ ᠭᠠᠷᠭ᠋ᠠᠭᠰᠠᠨ ᠪᠣᠶ?

      ᠬᠠᠷᠢᠭᠤᠯᠲᠠ᠄ ᠳᠡᠩᠰᠡᠯᠡᠵᠦ ᠬᠢᠨᠠᠨ ᠪᠠᠢ᠌ᠴᠠᠭ᠋ᠠᠬᠤ ᠬᠢᠨᠠᠯᠲᠠ ᠲᠠᠯᠪᠢᠬᠤ ᠲᠤᠰᠢᠶᠠᠯ ᠬᠠᠷᠢᠭᠤᠴᠠᠯᠭ᠎ᠠ᠎ᠪᠠᠨ ᠨᠠᠩ ᠰᠠᠢ᠌ᠨ ᠭᠦᠢ᠍ᠴᠡᠳᠬᠡᠬᠦ ᠵᠢᠨ ᠲᠥᠯᠥᠭᠡ᠂ 《ᠳᠦᠷᠢᠮ》᠎ᠳᠤ ᠰᠢᠨ᠎ᠡ ᠪᠠᠢ᠌ᠳᠠᠯ ᠰᠢᠨ᠎ᠡ ᠱᠠᠭ᠋ᠠᠷᠳᠠᠯᠭ᠎ᠠ ᠵᠢ ᠦᠨᠳᠦᠰᠦᠯᠡᠨ᠂ ᠬᠠᠤᠯᠢ ᠲᠣᠭᠲᠠᠭ᠋ᠠᠬᠤ ᠵᠣᠷᠢᠯᠭ᠎ᠠ ᠵᠢ ᠲᠡᠭᠦᠯᠳᠡᠷᠵᠢᠭᠦᠯᠦᠭᠰᠡᠨ ᠪᠥᠭᠡᠳ ᠠᠵᠢᠯ᠎ᠤᠨ ᠱᠠᠭ᠋ᠠᠷᠳᠠᠯᠭ᠎ᠠ ᠵᠢ ᠲᠣᠳᠣᠷᠬᠠᠢ᠌ᠯᠠᠪᠠ᠄ ᠨᠢᠭᠡ᠎ᠳᠤ ᠬᠠᠤᠯᠢ ᠲᠣᠭᠲᠠᠭ᠋ᠠᠬᠤ ᠵᠣᠷᠢᠯᠭ᠎ᠠ᠎ᠳᠤ 《ᠬᠠᠤᠯᠢ ᠲᠣᠭᠲᠠᠭ᠋ᠠᠯ᠂ ᠳᠦᠷᠢᠮ ᠲᠣᠭᠲᠠᠭ᠋ᠠᠯ᠎ᠢ ᠳᠡᠩᠰᠡᠯᠡᠵᠦ ᠬᠢᠨᠠᠨ ᠪᠠᠢ᠌ᠴᠠᠭ᠋ᠠᠬᠤ ᠠᠵᠢᠯ᠎ᠢ ᠵᠢᠷᠤᠮᠵᠢᠭᠤᠯᠵᠤ᠂ ᠳᠡᠩᠰᠡᠯᠡᠵᠦ ᠬᠢᠨᠠᠨ ᠪᠠᠢ᠌ᠴᠠᠭ᠋ᠠᠬᠤ ᠴᠢᠳᠠᠪᠤᠷᠢ ᠪᠠ ᠶᠠᠰᠤ ᠴᠢᠨᠠᠷ᠎ᠢ ᠳᠡᠭᠡᠭᠰᠢᠯᠡᠭᠦᠯᠬᠦ》 ᠠᠭᠤᠯᠭ᠎ᠠ ᠵᠢ ᠨᠡᠮᠡᠪᠡ᠃ ᠬᠣᠶᠠᠷ᠎ᠲᠤ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠤᠳᠤᠷᠢᠳᠤᠯᠭ᠎ᠠ ᠵᠢ ᠪᠠᠷᠢᠮᠲᠠᠯᠠᠬᠤ᠂ ᠠᠷᠠᠳ ᠲᠦᠮᠡᠨ ᠵᠶ᠋ᠡᠷ ᠭᠣᠣᠯ ᠪᠣᠯᠭ᠋ᠠᠬᠤ ᠵᠢ ᠪᠠᠷᠢᠮᠲᠠᠯᠠᠬᠤ᠂  ᠵᠦᠢ᠍ᠯ ᠪᠠᠢ᠌ᠪᠠᠯ ᠵᠠᠪᠠᠯ  ᠳᠠᠩᠰᠠᠯᠠᠬᠤ᠂ ᠳᠠᠩᠰᠠᠯᠠᠭᠰᠠᠨ ᠪᠠᠢ᠌ᠪᠠᠯ ᠵᠠᠪᠠᠯ ᠬᠢᠨᠠᠬᠤ᠂ ᠪᠤᠷᠤᠭᠤ ᠪᠠᠢ᠌ᠪᠠᠯ ᠵᠠᠪᠠᠯ ᠵᠠᠯᠠᠷᠠᠭᠤᠯᠬᠤ ᠵᠢ ᠪᠠᠷᠢᠮᠲᠠᠯᠠᠵᠤ᠂ ᠬᠠᠤᠯᠢ᠎ᠳᠤ ᠲᠣᠭᠲᠠᠭ᠋ᠠᠭᠰᠠᠨ ᠡᠷᠬᠡ ᠵᠢᠨ ᠬᠡᠪᠴᠢᠶ᠎ᠡ ᠪᠠ ᠵᠢᠷᠤᠮ᠎ᠤᠨ ᠶᠣᠰᠣᠭ᠋ᠠᠷ ᠶᠠᠪᠤᠭᠳᠠᠭᠤᠯᠬᠤ ᠵᠢ ᠠᠵᠢᠯ᠎ᠤᠨ ᠱᠠᠭ᠋ᠠᠷᠳᠠᠯᠭ᠎ᠠ  ᠪᠣᠯᠭ᠋ᠠᠵᠠᠢ᠃

      ᠠᠰᠠᠭᠤᠯᠲᠠ᠄ 《ᠳᠦᠷᠢᠮ》᠎ᠳᠤ 《ᠵᠦᠢ᠍ᠯ ᠪᠠᠢ᠌ᠪᠠᠯ  ᠵᠠᠪᠠᠯ  ᠳᠠᠩᠰᠠᠯᠠᠬᠤ》 ᠭᠡᠳᠡᠭ᠎ᠢ ᠨᠠᠢ᠌ᠳᠠᠪᠤᠷᠢᠵᠢᠭᠤᠯᠬᠤ ᠲᠠᠯ᠎ᠠ᠎ᠪᠠᠷ ᠶᠠᠮᠠᠷ ᠶᠠᠮᠠᠷ ᠲᠣᠭᠲᠠᠭ᠋ᠠᠯ᠎ᠤᠳ᠎ᠢ ᠨᠡᠮᠡᠭᠰᠡᠨ ᠪᠤᠶ?

      ᠬᠠᠷᠢᠭᠤᠯᠲᠠ᠄ 《ᠵᠦᠢ᠍ᠯ ᠪᠠᠢ᠌ᠪᠠᠯ  ᠵᠠᠪᠠᠯ  ᠳᠠᠩᠰᠠᠯᠠᠬᠤ》 ᠵᠢ ᠤᠯᠠᠮ ᠨᠢᠭᠡ ᠠᠯᠬᠤᠮ ᠨᠠᠢ᠌ᠳᠠᠪᠤᠷᠢᠵᠢᠭᠤᠯᠵᠤ᠂ ᠮᠡᠳᠡᠭᠦᠯᠦᠨ ᠳᠠᠩᠰᠠᠯᠠᠭᠤᠯᠬᠤ ᠵᠢᠷᠤᠮᠵᠢᠭᠤᠯᠤᠯᠲᠠ ᠵᠢᠨ ᠬᠢᠷᠢ ᠲᠦᠪᠰᠢᠨ᠎ᠢ ᠳᠡᠭᠡᠭᠰᠢᠯᠡᠭᠦᠯᠬᠦ ᠵᠢᠨ ᠲᠥᠯᠥᠭᠡ᠂ 《ᠳᠦᠷᠢᠮ》᠎ᠳᠤ ᠳᠣᠣᠷᠠᠬᠢ ᠮᠡᠲᠦ ᠲᠣᠭᠲᠠᠭ᠋ᠠᠯ ᠭᠠᠷᠭ᠋ᠠᠪᠠ᠄ ᠨᠢᠭᠡ᠎ᠳᠤ ᠳᠡᠩᠰᠡᠯᠡᠵᠦ ᠬᠢᠨᠠᠨ ᠪᠠᠢ᠌ᠴᠠᠭ᠋ᠠᠵᠤ ᠬᠢᠨᠠᠯᠲᠠ ᠲᠠᠯᠪᠢᠬᠤ ᠡᠲᠡᠭᠡᠳ᠎ᠢ ᠨᠡᠮᠡᠵᠦ᠂ ᠫᠦᠳᠦ᠋ᠩ ᠰᠢᠨ᠎ᠡ ᠲᠣᠭᠣᠷᠢᠭ᠎ᠤᠨ ᠬᠠᠤᠯᠢ ᠲᠣᠭᠲᠠᠭ᠋ᠠᠯ᠂ ᠬᠠᠢ᠌ᠨᠠᠨ᠎ᠤ ᠴᠢᠯᠦᠭᠡᠲᠦ ᠠᠷᠠᠯᠵᠢᠶᠠᠨ᠎ᠤ ᠭᠠᠷᠠᠮ᠎ᠤᠨ ᠬᠠᠤᠯᠢ ᠲᠣᠭᠲᠠᠭ᠋ᠠᠯ᠂ ᠬᠠᠤᠯᠢ ᠴᠠᠭ᠋ᠠᠵᠠ᠎ᠳᠤ ᠲᠣᠭᠲᠠᠭ᠋ᠠᠭᠰᠠᠨ ᠪᠠᠢ᠌ᠭᠤᠯᠤᠮᠵᠢ ᠵᠢᠨ ᠲᠣᠭᠲᠠᠭ᠋ᠠᠭᠰᠠᠨ ᠳᠦᠷᠢᠮ ᠲᠣᠭᠲᠠᠭ᠋ᠠᠯ᠎ᠢ ᠳᠠᠩᠰᠠᠯᠠᠬᠤ ᠬᠡᠪᠴᠢᠶᠡᠨ᠎ᠳᠤ ᠣᠷᠣᠭᠤᠯᠵᠤ᠂ ᠮᠡᠳᠡᠭᠦᠯᠦᠨ ᠳᠠᠩᠰᠠᠯᠠᠭᠤᠯᠬᠤ ᠪᠡᠶᠡᠴᠢ ᠴᠣᠭᠴᠠ ᠵᠢ᠎ᠨᠢ  ᠲᠣᠳᠣᠷᠬᠠᠢ᠌ᠯᠠᠨ᠎ᠠ᠃ ᠬᠣᠶᠠᠷ᠎ᠲᠤ ᠮᠡᠳᠡᠭᠦᠯᠦᠨ ᠳᠠᠩᠰᠠᠯᠠᠭᠤᠯᠬᠤ ᠮᠠᠲ᠋ᠧᠷᠢᠶᠠᠯ᠎ᠤᠨ ᠲᠣᠭ᠎ᠠ ᠬᠡᠮᠵᠢᠶ᠎ᠡ ᠵᠢ ᠴᠣᠮᠬᠠᠳᠬᠠᠵᠤ᠂ ᠮᠡᠳᠡᠭᠦᠯᠦᠨ ᠳᠠᠩᠰᠠᠯᠠᠭᠤᠯᠬᠤ ᠮᠠᠲ᠋ᠧᠷᠢᠶᠠᠯ᠎ᠢ ᠨᠢᠭᠡ ᠬᠡᠯᠪᠡᠷᠢ ᠵᠢᠨ ᠠᠷᠪᠠᠨ ᠬᠤᠪᠢ ᠪᠠᠢ᠌ᠭᠰᠠᠨ᠎ᠠᠴᠠ᠎ᠨᠢ ᠨᠢᠭᠡ ᠬᠡᠯᠪᠡᠷᠢ ᠵᠢᠨ ᠭᠤᠷᠪᠠᠨ ᠬᠤᠪᠢ ᠪᠣᠯᠭ᠋ᠠᠨ ᠲᠣᠬᠢᠷᠠᠭᠤᠯᠬᠤ ᠵᠢᠨ ᠬᠠᠮᠲᠤ ᠮᠡᠳᠡᠭᠦᠯᠦᠨ ᠬᠦᠷᠭᠡᠬᠦ ᠡᠯᠧᠺᠲᠷᠣᠨ ᠪᠢᠴᠢᠭ ᠮᠠᠲ᠋ᠧᠷᠢᠶᠠᠯ᠎ᠳᠤ ᠱᠠᠭ᠋ᠠᠷᠳᠠᠯᠭ᠎ᠠ ᠳᠤᠷᠠᠳᠴᠤ᠂ ᠲᠣᠭᠲᠠᠭ᠋ᠠᠬᠤ ᠪᠠᠢ᠌ᠭᠤᠯᠭ᠎ᠠ ᠵᠢᠨ ᠠᠵᠢᠯ᠎ᠤᠨ ᠳᠠᠷᠤᠭ᠋ᠠᠰᠤ ᠵᠢ  ᠬᠥᠩᠭᠡᠷᠡᠭᠦᠯᠦᠨ᠎ᠡ᠃ ᠭᠤᠷᠪᠠ᠎ᠳᠤ ᠮᠡᠳᠡᠭᠦᠯᠦᠨ ᠳᠠᠩᠰᠠᠯᠠᠭᠤᠯᠬᠤ ᠱᠠᠭ᠋ᠠᠷᠳᠠᠯᠭ᠎ᠠ ᠵᠢ ᠴᠢᠩᠳᠠᠯᠠᠵᠤ᠂ ᠴᠠᠭ ᠲᠤᠬᠠᠢ᠎ᠳᠤᠨᠢ ᠮᠡᠳᠡᠭᠦᠯᠦᠨ ᠳᠠᠩᠰᠠᠯᠠᠭᠤᠯᠤᠭᠰᠠᠨ ᠦᠭᠡᠢ᠂ ᠵᠢᠷᠤᠮᠵᠢᠭᠤᠨ ᠪᠤᠰᠤ ᠵᠠᠷᠢᠮ ᠠᠰᠠᠭᠤᠳᠠᠯ᠎ᠳᠤ ᠴᠢᠭᠯᠡᠭᠦᠯᠦᠨ᠂ 15 ᠡᠳᠦᠷ᠎ᠤᠨ ᠨᠥᠬᠥᠪᠦᠷᠢᠯᠡᠬᠦ ᠪᠤᠶᠤ ᠳᠠᠭᠢᠵᠤ ᠮᠡᠳᠡᠭᠦᠯᠦᠨ ᠬᠦᠷᠭᠡᠵᠦ ᠳᠠᠩᠰᠠᠯᠠᠭᠤᠯᠬᠤ ᠴᠠᠭ᠎ᠤᠨ ᠬᠢᠵᠠᠭ᠋ᠠᠷ᠎ᠢ ᠲᠣᠳᠣᠷᠬᠠᠢ ᠲᠣᠭᠲᠠᠭ᠋ᠠᠪᠠ᠃

      ᠠᠰᠠᠭᠤᠯᠲᠠ᠄ 《ᠳᠦᠷᠢᠮ》᠎ᠳᠤ 《ᠳᠠᠩᠰᠠᠯᠠᠭᠰᠠᠨ ᠪᠠᠢ᠌ᠪᠠᠯ ᠵᠠᠪᠠᠯ ᠬᠢᠨᠠᠬᠤ》 ᠵᠢ ᠨᠠᠢ᠌ᠳᠠᠪᠤᠷᠢᠵᠢᠭᠤᠯᠬᠤ ᠲᠠᠯ᠎ᠠ᠎ᠪᠠᠷ ᠶᠠᠮᠠᠷ ᠶᠠᠮᠠᠷ ᠲᠣᠭᠲᠠᠭ᠋ᠠᠯ᠎ᠤᠳ᠎ᠢ ᠨᠡᠮᠡᠭᠰᠡᠨ ᠪᠣᠶ?

      ᠬᠠᠷᠢᠭᠤᠯᠲᠠ᠄ 《ᠳᠠᠩᠰᠠᠯᠠᠭᠰᠠᠨ ᠪᠠᠢ᠌ᠪᠠᠯ ᠵᠠᠪᠠᠯ ᠬᠢᠨᠠᠬᠤ》 ᠵᠢ ᠤᠯᠠᠮ ᠨᠢᠭᠡ ᠠᠯᠬᠤᠮ ᠨᠠᠢ᠌ᠳᠠᠪᠤᠷᠢᠵᠢᠭᠤᠯᠬᠤ ᠵᠢᠨ ᠲᠥᠯᠥᠭᠡ᠂ ᠬᠢᠨᠠᠨ ᠪᠠᠢ᠌ᠴᠠᠭ᠋ᠠᠯᠲᠠ ᠵᠢᠨ ᠰᠢᠨᠵᠢᠯᠡᠬᠦ ᠤᠬᠠᠭ᠋ᠠᠨᠴᠢᠯᠠᠯᠲᠠ ᠵᠢᠨ ᠬᠢᠷᠢ ᠲᠦᠪᠰᠢᠨ᠎ᠢ ᠳᠡᠭᠡᠭᠰᠢᠯᠡᠭᠦᠯᠬᠦ᠎ᠳᠤ᠂ 《ᠳᠦᠷᠢᠮ》᠎ᠳᠤ ᠳᠣᠣᠷᠠᠬᠢ ᠮᠡᠲᠦ ᠲᠣᠭᠲᠠᠭ᠋ᠠᠯ ᠭᠠᠷᠭ᠋ᠠᠪᠠ᠄ ᠨᠢᠭᠡ᠎ᠳᠤ ᠬᠢᠨᠠᠨ ᠪᠠᠢ᠌ᠴᠠᠭ᠋ᠠᠬᠤ ᠠᠷᠭ᠎ᠠ ᠮᠠᠶᠢᠭ᠎ᠤᠨ ᠲᠣᠭᠲᠠᠭ᠋ᠠᠯ᠎ᠢ ᠨᠡᠮᠡᠵᠦ᠂ ᠲᠥᠷᠥ ᠵᠢᠨ ᠶᠠᠪᠤᠳᠠᠯ᠎ᠤᠨ ᠬᠣᠷᠢᠶᠠᠨ᠎ᠤ ᠳᠡᠩᠰᠡᠯᠡᠵᠦ ᠬᠢᠨᠠᠨ ᠪᠠᠢ᠌ᠴᠠᠭ᠋ᠠᠬᠤ ᠠᠵᠢᠯ᠎ᠤᠨ ᠪᠠᠢ᠌ᠭᠤᠯᠤᠮᠵᠢ᠎ᠨᠢ ᠮᠡᠳᠡᠭᠦᠯᠦᠨ ᠬᠦᠷᠭᠡᠵᠦ ᠳᠠᠩᠰᠠᠯᠠᠭᠤᠯᠤᠭᠰᠠᠨ ᠬᠠᠤᠯᠢ ᠲᠣᠭᠲᠠᠭ᠋ᠠᠯ ᠳᠦᠷᠢᠮ ᠲᠣᠭᠲᠠᠭ᠋ᠠᠯ᠎ᠳᠤ ᠰᠠᠨᠠᠭ᠋ᠠᠴᠢᠯᠠᠭ᠎ᠠ᠎ᠠᠴᠠ᠎ᠪᠠᠨ ᠬᠢᠨᠠᠨ ᠪᠠᠢ᠌ᠴᠠᠭ᠋ᠠᠯᠲᠠ ᠬᠢᠬᠦ ᠵᠢᠨ ᠬᠠᠮᠲᠤ ᠬᠡᠷᠡᠭᠴᠡᠭᠡ᠎ᠪᠠᠨ ᠦᠨᠳᠦᠰᠦᠯᠡᠨ ᠲᠤᠰᠬᠠᠢ ᠵᠦᠢ᠍ᠯ᠎ᠤᠨ ᠬᠢᠨᠠᠨ ᠪᠠᠢ᠌ᠴᠠᠭ᠋ᠠᠯᠲᠠ ᠬᠢᠵᠦ᠂ ᠪᠤᠰᠤᠳ ᠪᠠᠢ᠌ᠭᠤᠯᠭ᠎ᠠ ᠵᠢᠨ ᠳᠡᠩᠰᠡᠯᠡᠵᠦ ᠬᠢᠨᠠᠨ ᠪᠠᠢ᠌ᠴᠠᠭ᠋ᠠᠬᠤ ᠠᠵᠢᠯ᠎ᠤᠨ ᠪᠠᠢ᠌ᠭᠤᠯᠤᠮᠵᠢ᠎ᠯᠤᠭ᠎ᠠ ᠬᠠᠮᠲᠤᠷᠠᠨ ᠪᠠᠢ᠌ᠴᠠᠭ᠋ᠠᠨ ᠰᠤᠳᠤᠯᠤᠯᠲᠠ ᠬᠢᠬᠦ ᠪᠤᠶᠤ ᠬᠠᠮᠲᠤᠷᠠᠨ ᠬᠢᠨᠠᠨ ᠪᠠᠢ᠌ᠴᠠᠭ᠋ᠠᠯᠲᠠ ᠬᠢᠵᠦ ᠪᠣᠯᠣᠨ᠎ᠠ ᠭᠡᠵᠦ ᠲᠣᠳᠣᠷᠬᠠᠢ ᠲᠣᠭᠲᠠᠭ᠋ᠠᠪᠠ᠃ ᠬᠣᠶᠠᠷ᠎ᠲᠤ ᠬᠢᠨᠠᠨ ᠪᠠᠢ᠌ᠴᠠᠭ᠋ᠠᠬᠤ ᠵᠦᠢ᠍ᠯᠡᠰ᠎ᠢ ᠲᠡᠭᠦᠯᠳᠡᠷᠵᠢᠭᠦᠯᠵᠦ᠂ ᠨᠠᠮ᠎ᠤᠨ ᠲᠥᠪ ᠬᠣᠷᠢᠶ᠎ᠠ᠂  ᠲᠦᠷᠦ ᠵᠢᠨ ᠶᠠᠪᠤᠳᠠᠯ᠎ᠤᠨ ᠬᠣᠷᠢᠶᠠᠨ᠎ᠤ ᠴᠢᠬᠤᠯᠠ ᠶᠡᠬᠡ ᠰᠢᠢ᠍ᠳᠪᠦᠷᠢᠲᠦ ᠪᠣᠳᠣᠯᠭ᠎ᠠ ᠵᠢᠨ ᠪᠠᠢ᠌ᠷᠢᠯᠠᠭᠤᠯᠤᠯᠲᠠ ᠪᠠ ᠤᠯᠤᠰ᠎ᠤᠨ ᠴᠢᠬᠤᠯᠠ ᠶᠡᠬᠡ ᠥᠭᠡᠷᠡᠴᠢᠯᠡᠯᠲᠡ ᠵᠢᠨ ᠴᠢᠭᠯᠡᠯ᠎ᠳᠤ ᠨᠡᠢ᠌ᠴᠡᠬᠦ ᠡᠰᠡᠬᠦ᠂ ᠳᠦᠷᠢᠮ ᠲᠣᠭᠲᠠᠭ᠋ᠠᠯ᠎ᠳᠤ ᠲᠣᠭᠲᠠᠭ᠋ᠠᠭᠰᠠᠨ ᠠᠷᠭ᠎ᠠ ᠬᠡᠮᠵᠢᠶ᠎ᠡ᠎ᠨᠢ ᠬᠠᠤᠯᠢ ᠲᠣᠭᠲᠠᠭ᠋ᠠᠬᠤ ᠵᠣᠷᠢᠯᠭ᠎ᠠ ᠪᠠ ᠪᠣᠳᠠᠲᠤ ᠪᠠᠢ᠌ᠳᠠᠯ᠎ᠳᠤ ᠨᠡᠢ᠌ᠴᠡᠬᠦ ᠡᠰᠡᠬᠦ ᠵᠢ ᠬᠢᠨᠠᠨ ᠪᠠᠢ᠌ᠴᠠᠭ᠋ᠠᠬᠤ ᠵᠦᠢ᠍ᠯᠡᠰ ᠪᠣᠯᠭ᠋ᠠᠨ ᠨᠡᠮᠡᠪᠡ᠃ ᠭᠤᠷᠪᠠ᠎ᠳᠤ ᠬᠢᠨᠠᠨ ᠪᠠᠢ᠌ᠴᠠᠭ᠋ᠠᠬᠤ ᠰᠢᠨᠵᠢᠯᠡᠬᠦ ᠤᠬᠠᠭ᠋ᠠᠨᠴᠢ ᠴᠢᠨᠠᠷ᠎ᠢ ᠴᠢᠩᠭ᠋ᠠᠳᠬᠠᠬᠤ ᠵᠢ ᠪᠣᠳᠣᠯᠬᠢᠯᠠᠨ᠂ ᠲᠦᠷᠦ ᠵᠢᠨ ᠶᠠᠪᠤᠳᠠᠯ᠎ᠤᠨ ᠬᠣᠷᠢᠶᠠᠨ᠎ᠤ ᠲᠠᠨᠭ᠌ᠰᠠᠯᠠᠵᠤ ᠬᠢᠨᠠᠨ ᠪᠠᠢ᠌ᠴᠠᠭ᠋ᠠᠬᠤ ᠠᠵᠢᠯ᠎ᠤᠨ ᠪᠠᠢ᠌ᠭᠤᠯᠤᠮᠵᠢ᠎ᠨᠢ ᠶᠠᠷᠢᠯᠴᠠᠬᠤ ᠬᠤᠷᠠᠯ᠂ ᠨᠤᠲᠠᠯᠠᠯᠲᠠ ᠵᠢᠨ ᠬᠤᠷᠠᠯ ᠵᠡᠷᠭᠡ ᠤᠯᠠᠨ ᠵᠦᠢ᠍ᠯ᠎ᠤᠨ ᠠᠷᠭ᠎ᠠ ᠮᠠᠶᠢᠭ ᠵᠶ᠋ᠠᠷ ᠰᠠᠨᠠᠯ ᠰᠣᠨᠣᠰᠴᠤ ᠪᠣᠯᠬᠤ ᠵᠢ ᠲᠣᠳᠣᠷᠬᠠᠢ᠌ᠯᠠᠬᠤ ᠵᠢᠨ ᠬᠠᠮᠲᠤ ᠲᠠᠨᠭ᠌ᠰᠠᠯᠠᠵᠤ ᠬᠢᠨᠠᠨ ᠪᠠᠢ᠌ᠴᠠᠭ᠋ᠠᠬᠤ ᠲᠤᠰᠬᠠᠢ ᠮᠡᠷᠭᠡᠵᠢᠯᠲᠡᠨ᠎ᠤ ᠵᠥᠪᠯᠡᠯ᠎ᠤᠨ ᠦᠢ᠍ᠯᠡᠳᠦᠯ᠎ᠢ ᠪᠠᠳᠠᠷᠠᠭᠤᠯᠬᠤ ᠵᠢ ᠴᠢᠬᠤᠯᠠᠴᠢᠯᠠᠪᠠ᠃ 

ᠢᠷᠡᠯᠲᠡ᠄ᠬᠠᠤᠯᠢ ᠴᠠᠭ᠋ᠠᠵᠠ ᠵᠢᠨ ᠶᠠᠮᠤᠨ
          
ᠬᠠᠮᠢᠶ᠎ᠡ ᠪᠦᠬᠦᠢ ᠰᠣᠨᠢᠨ
 
            