ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠬᠠᠣᠯᠢ᠎ᠪᠠᠷ ᠵᠠᠰᠠᠬᠤ
ᠦᠢᠯᠡᠴᠢᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠦᠢᠯᠡᠴᠢᠯᠡᠭᠡ   -   ᠰᠣᠷᠪᠣᠯᠵᠢᠯᠠᠭ᠎ᠠ
ᠬᠠᠤᠯᠢ ᠴᠠᠭ᠋ᠠᠵᠠ ᠵᠢᠨ ᠶᠠᠮᠤᠨ᠎ᠤ ᠬᠠᠷᠢᠭᠤᠴᠠᠯᠭ᠋ᠠᠲᠠᠨ 《ᠬᠠᠤᠯᠢ ᠲᠣᠭᠲᠠᠭ᠋ᠠᠯ ᠳᠦᠷᠢᠮ ᠲᠣᠭᠲᠠᠭ᠋ᠠᠯ᠎ᠢ ᠳᠡᠩᠰᠡᠯᠡᠵᠦ ᠬᠢᠨᠠᠨ ᠪᠠᠢ᠌ᠴᠠᠭ᠋ᠠᠬᠤ ᠳᠦᠷᠢᠮ》᠎ᠤᠨ ᠲᠤᠬᠠᠢ ᠰᠤᠷᠪᠤᠯᠵᠢᠯᠠᠭᠴᠢ ᠵᠢᠨ ᠠᠰᠠᠭᠤᠯᠲᠠ ᠵᠢ ᠬᠠᠷᠢᠭᠤᠯᠤᠭᠰᠠᠨ᠎ᠨᠢ (ᠬᠣᠶᠠᠷ)
ᠨᠡᠶ᠋ᠢᠲᠡᠯᠡᠭᠰᠡᠨ ᠴᠠᠭ᠄ 2024-10-13

      ᠠᠰᠠᠭᠤᠯᠲᠠ᠄ 《ᠳᠦᠷᠢᠮ》᠎ᠳᠤ 《ᠪᠤᠷᠤᠭᠤ ᠪᠠᠢ᠌ᠪᠠᠯ ᠵᠠᠪᠠᠯ ᠵᠠᠯᠠᠷᠠᠭᠤᠯᠬᠤ》 ᠵᠢ ᠨᠠᠢ᠌ᠳᠠᠪᠤᠷᠢᠵᠢᠭᠤᠯᠬᠤ ᠲᠠᠯ᠎ᠠ᠎ᠪᠠᠷ ᠶᠠᠮᠠᠷ ᠶᠠᠮᠠᠷ ᠲᠣᠭᠲᠠᠭ᠋ᠠᠯ ᠨᠡᠮᠡᠭᠰᠡᠨ ᠪᠤᠶ?

      ᠬᠠᠷᠢᠭᠤᠯᠲᠠ᠄ 《ᠪᠤᠷᠤᠭᠤ ᠪᠠᠢ᠌ᠪᠠᠯ ᠵᠠᠪᠠᠯ ᠵᠠᠯᠠᠷᠠᠭᠤᠯᠬᠤ》 ᠵᠢ ᠤᠯᠠᠮ ᠨᠢᠭᠡ ᠠᠯᠬᠤᠮ ᠨᠠᠢ᠌ᠳᠠᠪᠤᠷᠢᠵᠢᠭᠤᠯᠵᠤ᠂ ᠪᠤᠷᠤᠭᠤ ᠵᠢ ᠵᠠᠯᠠᠷᠠᠭᠤᠯᠬᠤ ᠵᠢ ᠨᠠᠷᠢᠯᠢᠭ ᠣᠨᠣᠴᠠᠲᠠᠢ ᠪᠣᠯᠭ᠋ᠠᠬᠤ ᠬᠢᠷᠢ ᠲᠦᠪᠰᠢᠨ᠎ᠢ ᠳᠡᠭᠡᠭᠰᠢᠯᠡᠭᠦᠯᠬᠦ ᠵᠢᠨ ᠲᠥᠯᠥᠭᠡ᠂ 《ᠳᠦᠷᠢᠮ》᠎ᠳᠤ ᠳᠣᠣᠷᠠᠬᠢ ᠮᠡᠲᠦ ᠲᠣᠭᠲᠠᠭ᠋ᠠᠯ ᠭᠠᠷᠭ᠋ᠠᠪᠠ᠄ ᠨᠢᠭᠡ᠎ᠳᠤ ᠰᠢᠯᠵᠢᠭᠦᠯᠦᠨ ᠬᠦᠷᠭᠡᠵᠦ ᠬᠢᠨᠠᠨ ᠪᠠᠢ᠌ᠴᠠᠭ᠋ᠠᠯᠭ᠋ᠠᠬᠤ ᠲᠠᠰ ᠳᠠᠷᠠᠭ᠋ᠠᠯᠠᠯ᠎ᠢ ᠰᠢᠯᠢᠳᠡᠭᠵᠢᠭᠦᠯᠵᠦ᠂ ᠬᠢᠨᠠᠨ ᠪᠠᠢ᠌ᠴᠠᠭ᠋ᠠᠭ᠋ᠠᠳ ᠣᠯᠵᠤ ᠮᠡᠳᠡᠭᠰᠡᠨ ᠣᠷᠣᠨ ᠨᠤᠲᠤᠭ᠎ᠤᠨ ᠴᠢᠨᠠᠷᠲᠠᠢ ᠬᠠᠤᠯᠢ ᠲᠣᠭᠲᠠᠭ᠋ᠠᠯ᠎ᠨᠢ ᠵᠠᠰᠠᠭ ᠵᠠᠬᠢᠷᠭ᠋ᠠᠨ᠎ᠤ ᠬᠠᠤᠯᠢ ᠲᠣᠭᠲᠠᠭ᠋ᠠᠯ᠎ᠲᠠᠢ ᠬᠠᠷᠰᠢᠯᠳᠤᠵᠤ ᠪᠠᠢ᠌ᠪᠠᠯ᠂ ᠲᠥᠷᠥ ᠵᠢᠨ ᠶᠠᠪᠤᠳᠠᠯ᠎ᠤᠨ ᠬᠣᠷᠢᠶᠠᠨ᠎ᠤ ᠳᠡᠩᠰᠡᠯᠡᠵᠦ ᠬᠢᠨᠠᠨ ᠪᠠᠢ᠌ᠴᠠᠭ᠋ᠠᠬᠤ ᠠᠵᠢᠯ᠎ᠤᠨ

ᠪᠠᠢ᠌ᠭᠤᠯᠤᠮᠵᠢ᠎ᠠᠴᠠ ᠪᠥᠬᠥ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠢ᠌ᠩᠭᠤ ᠵᠢᠨ ᠬᠣᠷᠢᠶᠠᠨ᠎ᠤ ᠠᠵᠢᠯ᠎ᠤᠨ ᠪᠠᠢ᠌ᠭᠤᠯᠤᠮᠵᠢ᠎ᠳᠤ ᠰᠢᠯᠵᠢᠭᠦᠯᠦᠨ ᠬᠦᠷᠭᠡᠵᠦ ᠰᠤᠳᠤᠯᠤᠨ ᠰᠢᠢ᠍ᠳᠪᠦᠷᠢᠯᠡᠭᠦᠯᠦᠨ᠎ᠡ; ᠴᠢᠬᠤᠯᠠᠲᠠᠢ ᠦᠶ᠎ᠡ᠎ᠳᠤ  ᠲᠥᠷᠥ ᠵᠢᠨ ᠶᠠᠪᠤᠳᠠᠯ᠎ᠤᠨ ᠬᠣᠷᠢᠶ᠎ᠠ᠎ᠠᠴᠠ ᠪᠦᠬᠦ ᠤᠯᠤᠰ᠎ᠤᠨ ᠠᠷᠠᠳ᠎ᠤᠨ ᠲᠦᠯᠦᠭᠡᠯᠡᠭᠴᠢᠳ᠎ᠤᠨ ᠶᠡᠬᠡ ᠬᠤᠷᠠᠯ᠎ᠤᠨ ᠪᠠᠢ᠌ᠩᠭᠤ ᠵᠢᠨ ᠬᠤᠷᠢᠶ᠎ᠠ᠎ᠳᠤ ᠲᠤᠰᠢᠶᠠᠵᠤ ᠰᠢᠢ᠍ᠳᠪᠦᠷᠢᠯᠡᠭᠦᠯᠦᠨ᠎ᠡ;  ᠬᠣᠶᠠᠷ᠎ᠲᠤ ᠳᠦᠷᠢᠮ ᠲᠣᠭᠲᠠᠭ᠋ᠠᠯ᠎ᠤᠨ ᠪᠤᠷᠤᠭᠤ ᠵᠢ ᠵᠠᠯᠠᠷᠠᠭᠤᠯᠬᠤ ᠵᠢᠷᠤᠮ᠎ᠢ ᠲᠡᠭᠦᠯᠳᠡᠷᠵᠢᠭᠦᠯᠵᠦ᠂ ᠲᠦᠷᠦ ᠵᠢᠨ ᠶᠠᠪᠤᠳᠠᠯ᠎ᠤᠨ ᠬᠣᠷᠢᠶᠠᠨ᠎ᠤ ᠲᠠᠨᠭ᠌ᠰᠠᠯᠠᠵᠤ ᠬᠢᠨᠠᠨ ᠪᠠᠢ᠌ᠴᠠᠭ᠋ᠠᠬᠤ ᠠᠵᠢᠯ᠎ᠤᠨ ᠪᠠᠢ᠌ᠭᠤᠯᠤᠮᠵᠢ᠎ᠨᠢ ᠲᠣᠭᠲᠠᠭ᠋ᠠᠭᠰᠠᠨ ᠪᠠᠢ᠌ᠭᠤᠯᠭ᠎ᠠ᠎ᠲᠠᠢ ᠨᠡᠪᠲᠡᠷᠡᠯᠴᠡᠬᠦ᠂ ᠬᠢᠨᠠᠨ ᠪᠠᠢ᠌ᠴᠠᠭ᠋ᠠᠬᠤ  ᠪᠢᠴᠢᠭ᠎ᠤᠨ ᠰᠠᠨᠠᠯ ᠳᠤᠷᠠᠳᠬᠤ ᠵᠡᠷᠭᠡ ᠠᠷᠭ᠎ᠠ ᠮᠠᠶᠢᠭ ᠵᠶ᠋ᠠᠷ ᠳᠦᠷᠢᠮ ᠲᠣᠭᠲᠠᠭ᠋ᠠᠯ᠎ᠤᠨ ᠪᠤᠷᠤᠭᠤ ᠵᠢ ᠵᠠᠯᠠᠷᠠᠭᠤᠯᠵᠤ ᠪᠣᠯᠣᠨ᠎ᠠ᠂ ᠡᠰᠡᠬᠦᠯ᠎ᠡ ᠰᠢᠢ᠍ᠳᠪᠦᠷᠢᠯᠡᠬᠦ ᠰᠠᠨᠠᠯ ᠳᠤᠷᠠᠳᠴᠤ ᠲᠦᠷᠦ ᠵᠢᠨ ᠶᠠᠪᠤᠳᠠᠯ᠎ᠤᠨ ᠬᠣᠷᠢᠶᠠᠨ᠎ᠳᠤ ᠮᠡᠳᠡᠭᠦᠯᠦᠨ ᠲᠣᠭᠲᠠᠭ᠋ᠠᠯᠭ᠋ᠠᠵᠤ ᠪᠣᠯᠣᠨ᠎ᠠ ᠭᠡᠳᠡᠭ᠎ᠢ ᠲᠣᠳᠣᠷᠬᠠᠢ᠌ᠯᠠᠪᠠ᠃

      ᠠᠰᠠᠭᠤᠯᠲᠠ᠄ 《ᠳᠦᠷᠢᠮ》᠎ᠳᠤ ᠳᠡᠩᠰᠡᠯᠡᠵᠦ ᠬᠢᠨᠠᠨ ᠪᠠᠢ᠌ᠴᠠᠭ᠋ᠠᠬᠤ ᠠᠵᠢᠯ᠎ᠤᠨ ᠳᠦᠷᠢᠮ ᠲᠣᠭᠲᠠᠴᠠ ᠵᠢ ᠪᠦᠷᠢᠨᠰᠢᠭᠦᠯᠬᠦ ᠲᠠᠯ᠎ᠠ᠎ᠪᠠᠷ ᠶᠠᠮᠠᠷ ᠶᠠᠮᠠᠷ ᠠᠷᠭ᠎ᠠ ᠬᠡᠮᠵᠢᠶ᠎ᠡ ᠠᠪᠤᠭᠰᠠᠨ ᠪᠣᠶ?

      ᠬᠠᠷᠢᠭᠤᠯᠲᠠ᠄ 《ᠳᠦᠷᠢᠮ》᠎ᠳᠤ ᠣᠯᠠᠨ ᠵᠢᠯ᠎ᠤᠨ ᠲᠤᠷᠰᠢᠬᠢ ᠳᠡᠩᠰᠡᠯᠡᠵᠦ ᠬᠢᠨᠠᠨ ᠪᠠᠢ᠌ᠴᠠᠭ᠋ᠠᠭᠰᠠᠨ ᠠᠵᠢᠯ᠎ᠤᠨ ᠦᠢ᠍ᠯᠡᠳᠦᠯᠭᠡ ᠵᠢᠨ ᠲᠤᠷᠰᠢᠯᠭ᠎ᠠ ᠵᠢ ᠰᠢᠰᠲ᠋ᠧᠮ᠎ᠲᠠᠢ ᠳ᠋ᠦᠩᠨᠡᠵᠦ᠂ ᠪᠦᠷᠢᠨ ᠲᠡᠭᠦᠯᠳᠡᠷ ᠰᠢᠰᠲ᠋ᠧᠮ᠎ᠲᠠᠢ ᠳᠦᠷᠢᠮ᠎ᠤᠨ ᠰᠢᠰᠲ᠋ᠧᠮ᠎ᠢ ᠪᠠᠶ᠋ᠢᠭᠤᠯᠬᠤ ᠵᠢ ᠲᠦᠯᠬᠢᠨ ᠠᠬᠢᠭᠤᠯᠵᠤ᠂ ᠳᠣᠣᠷᠠᠬᠢ ᠠᠭᠤᠯᠭ᠎ᠠ ᠵᠢ ᠨᠥᠬᠥᠪᠦᠷᠢᠯᠡᠨ ᠲᠣᠭᠲᠠᠭ᠋ᠠᠪᠠ᠄ ᠨᠢᠭᠡ᠎ᠳᠤ ᠲᠥᠷᠥ ᠵᠢᠨ ᠶᠠᠪᠤᠳᠠᠯ᠎ᠤᠨ ᠬᠣᠷᠢᠶ᠎ᠠ ᠵᠢᠨ ᠳᠡᠩᠰᠡᠯᠡᠵᠦ ᠬᠢᠨᠠᠨ ᠪᠠᠢ᠌ᠴᠠᠭ᠋ᠠᠬᠤ ᠠᠵᠢᠯ᠎ᠤᠨ ᠪᠠᠢ᠌ᠭᠤᠯᠤᠮᠵᠢ ᠵᠢᠨ ᠲᠤᠰᠢᠶᠠᠯ ᠬᠠᠷᠢᠭᠤᠴᠠᠯᠭ᠎ᠠ ᠵᠢ ᠪᠣᠳᠠᠲᠠᠢ᠌ᠵᠢᠭᠤᠯᠵᠤ᠂ ᠲᠥᠷᠥ ᠵᠢᠨ ᠶᠠᠪᠤᠳᠠᠯ᠎ᠤᠨ ᠬᠣᠷᠢᠶ᠎ᠠ ᠵᠢᠨ ᠳᠡᠩᠰᠡᠯᠡᠵᠦ ᠬᠢᠨᠠᠨ ᠪᠠᠢ᠌ᠴᠠᠭ᠋ᠠᠬᠤ ᠠᠵᠢᠯ᠎ᠤᠨ ᠪᠠᠢ᠌ᠭᠤᠯᠤᠮᠵᠢ ᠵᠢᠨ ᠳᠡᠩᠰᠡᠯᠡᠵᠦ ᠬᠢᠨᠠᠨ ᠪᠠᠢ᠌ᠴᠠᠭ᠋ᠠᠬᠤ ᠠᠵᠢᠯ᠎ᠤᠨ ᠳᠦᠷᠢᠮ᠎ᠢ ᠪᠦᠷᠢᠨᠰᠢᠭᠦᠯᠵᠦ᠂ ᠵᠢᠯ ᠪᠦᠷᠢ ᠲᠥᠷᠥ ᠵᠢᠨ ᠶᠠᠪᠤᠳᠠᠯ᠎ᠤᠨ ᠬᠣᠷᠢᠶ᠎ᠠ᠎ᠳᠤ ᠠᠵᠢᠯ᠎ᠤᠨ ᠪᠠᠢ᠌ᠳᠠᠯ ᠵᠶ᠋ᠠᠨ ᠮᠡᠳᠡᠭᠦᠯᠬᠦ ᠬᠡᠷᠡᠭᠲᠡᠢ ᠭᠡᠵᠦ ᠲᠣᠳᠣᠷᠬᠠᠢ ᠲᠣᠭᠲᠠᠭ᠋ᠠᠪᠠ᠃ ᠬᠣᠶᠠᠷ᠎ᠲᠤ᠂ ᠳᠠᠨᠭ᠌ᠰᠠᠯᠠᠵᠤ ᠬᠢᠨᠠᠨ ᠪᠠᠢ᠌ᠴᠠᠭ᠋ᠠᠬᠤ ᠨᠡᠢ᠌ᠯᠡᠮᠡᠯ ᠬᠦᠴᠦᠨ᠎ᠢ ᠪᠦᠷᠢᠯᠳᠦᠭᠦᠯᠬᠦ ᠵᠢ ᠠᠬᠢᠭᠤᠯᠵᠤ᠂ ᠲᠦᠷᠦ ᠵᠢᠨ ᠶᠠᠪᠤᠳᠠᠯ᠎ᠤᠨ ᠬᠣᠷᠢᠶᠠᠨ᠎ᠤ ᠳᠠᠨᠭ᠌ᠰᠠᠯᠠᠵᠤ ᠬᠢᠨᠠᠨ ᠪᠠᠢ᠌ᠴᠠᠭ᠋ᠠᠬᠤ ᠠᠵᠢᠯ᠎ᠤᠨ ᠪᠠᠢ᠌ᠭᠤᠯᠤᠮᠵᠢ ᠳᠠᠨᠭ᠌ᠰᠠᠯᠠᠵᠤ ᠬᠢᠨᠠᠨ ᠪᠠᠢ᠌ᠴᠠᠭ᠋ᠠᠬᠤ ᠵᠢ ᠵᠣᠯᠭ᠋ᠠᠭᠤᠯᠬᠤ ᠬᠠᠮᠲᠤᠷᠠᠨ ᠬᠥᠳᠡᠯᠦᠯᠴᠡᠬᠦ ᠲᠣᠭᠲᠠᠴᠠ᠎ᠪᠠᠷ ᠳᠠᠮᠵᠢᠭᠤᠯᠤᠨ ᠪᠤᠰᠤᠳ ᠪᠠᠢ᠌ᠭᠤᠯᠭ᠎ᠠ ᠵᠢᠨ ᠳᠠᠨᠭ᠌ᠰᠠᠯᠠᠵᠤ ᠬᠢᠨᠠᠨ ᠪᠠᠢ᠌ᠴᠠᠭ᠋ᠠᠬᠤ ᠠᠵᠢᠯ᠎ᠤᠨ ᠪᠠᠢ᠌ᠭᠤᠯᠤᠮᠵᠢ᠎ᠯᠤᠭ᠎ᠠ ᠵᠢᠨ ᠬᠠᠷᠢᠯᠴᠠᠭ᠎ᠠ ᠪᠠ ᠬᠠᠮᠵᠢᠯᠴᠠᠭ᠎ᠠ  ᠬᠠᠪᠰᠤᠷᠤᠯᠴᠠᠭ᠎ᠠ᠎ᠪᠠᠨ ᠴᠢᠩᠭ᠋ᠠᠳᠬᠠᠬᠤ ᠬᠡᠷᠡᠭᠲᠡᠢ ᠭᠡᠵᠦ ᠲᠣᠭᠲᠠᠭ᠋ᠠᠪᠠ᠃ ᠭᠤᠷᠪᠠ᠎ᠳᠤ ᠣᠷᠣᠨ ᠨᠤᠲᠤᠭ᠎ᠯᠤᠭ᠎ᠠ ᠵᠢᠨ ᠬᠠᠷᠢᠯᠴᠠᠭ᠎ᠠ ᠵᠢᠯᠣᠭᠣᠳᠤᠯᠭ᠎ᠠ᠎ᠪᠠᠨ ᠴᠢᠩᠭ᠋ᠠᠳᠬᠠᠵᠤ᠂ ᠲᠦᠷᠦ ᠵᠢᠨ ᠶᠠᠪᠤᠳᠠᠯ᠎ᠤᠨ ᠬᠣᠷᠢᠶᠠᠨ᠎ᠤ ᠳᠠᠨᠭ᠌ᠰᠠᠯᠠᠵᠤ ᠬᠢᠨᠠᠨ ᠪᠠᠢ᠌ᠴᠠᠭ᠋ᠠᠬᠤ ᠠᠵᠢᠯ᠎ᠤᠨ ᠪᠠᠢ᠌ᠭᠤᠯᠤᠮᠵᠢ᠎ᠨᠢ ᠪᠣᠯᠪᠠᠰᠤᠷᠠᠯ᠂ ᠬᠡᠷᠡᠭ᠎ᠤᠨ ᠵᠢᠱ᠌ᠢᠶ᠎ᠡ᠎ᠪᠠᠷ ᠵᠢᠯᠤᠭᠣᠳᠬᠤ ᠵᠡᠷᠭᠡ ᠠᠷᠭ᠎ᠠ ᠮᠠᠶᠢᠭ ᠵᠶ᠋ᠠᠷ ᠳᠠᠮᠵᠢᠭᠤᠯᠤᠨ᠂ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠎ᠤ ᠳᠦᠷᠢᠮ ᠲᠣᠭᠲᠠᠭ᠋ᠠᠯ᠎ᠢ ᠳᠠᠨᠭ᠌ᠰᠠᠯᠠᠵᠤ ᠬᠢᠨᠠᠨ ᠪᠠᠢ᠌ᠴᠠᠭ᠋ᠠᠬᠤ ᠠᠵᠢᠯ᠎ᠤᠨ ᠴᠢᠳᠠᠪᠤᠷᠢ ᠪᠠ ᠶᠠᠰᠤ ᠴᠢᠨᠠᠷ᠎ᠢ  ᠳᠡᠭᠡᠭᠰᠢᠯᠡᠭᠦᠯᠬᠦ ᠬᠡᠷᠡᠭᠲᠡᠢ ᠭᠡᠵᠦ ᠲᠣᠭᠲᠠᠭ᠋ᠠᠵᠠᠢ᠃

      ᠠᠰᠠᠭᠤᠯᠲᠠ᠄ 《ᠳᠦᠷᠢᠮ》᠎ᠢ  ᠲᠤᠭᠤᠰᠢᠯᠠᠭᠤᠯᠤᠨ ᠬᠡᠷᠡᠭᠵᠢᠭᠦᠯᠬᠦ ᠵᠢ ᠬᠡᠷᠬᠢᠨ ᠠᠬᠢᠭᠤᠯᠬᠤ ᠪᠣᠶ?

      ᠬᠠᠷᠢᠭᠤᠯᠲᠠ᠄ ᠳᠠᠷᠠᠭ᠋ᠠᠴᠢ ᠵᠢᠨ ᠠᠯᠬᠤᠮ᠎ᠳᠤ᠂ ᠬᠠᠤᠯᠢ ᠴᠠᠭ᠋ᠠᠵᠠ ᠵᠢᠨ ᠶᠠᠮᠤᠨ ᠨᠠᠮ᠎ᠤᠨ ᠲᠥᠪ ᠬᠣᠷᠢᠶ᠎ᠠ᠂ ᠲᠥᠷᠥ ᠵᠢᠨ ᠶᠠᠪᠤᠳᠠᠯ᠎ᠤᠨ ᠬᠣᠷᠢᠶᠠᠨ᠎ᠤ ᠤᠳᠤᠷᠢᠳᠤᠯᠭ᠎ᠠ ᠳᠣᠣᠷ᠎ᠠ᠂ ᠣᠷᠣᠨ ᠨᠤᠲᠤᠭ᠎ᠤᠨ ᠴᠢᠨᠠᠷᠲᠠᠢ ᠬᠠᠤᠯᠢ ᠲᠣᠭᠲᠠᠭ᠋ᠠᠯ᠂ ᠰᠠᠯᠠᠭ᠎ᠠ ᠮᠥᠴᠢᠷ᠎ᠤᠨ ᠳᠦᠷᠢᠮ ᠲᠣᠭᠲᠠᠭ᠋ᠠᠯ ᠪᠠ ᠣᠷᠣᠨ ᠨᠤᠲᠤᠭ᠎ᠤᠨ ᠵᠠᠰᠠᠭ᠎ᠤᠨ ᠣᠷᠳᠣᠨ᠎ᠤ ᠳᠦᠷᠢᠮ ᠲᠣᠭᠲᠠᠭ᠋ᠠᠯ᠎ᠢ ᠳᠠᠩᠰᠠᠯᠠᠵᠤ ᠬᠢᠨᠠᠨ ᠪᠠᠢ᠌ᠴᠠᠭ᠋ᠠᠬᠤ ᠡᠭᠦᠷᠭᠡ ᠬᠠᠷᠢᠭᠤᠴᠠᠯᠭ᠎ᠠ ᠵᠢᠨ ᠲᠣᠭᠣᠷᠢᠨ᠎ᠳᠤ᠂

《ᠳᠦᠷᠢᠮ》᠎ᠢ ᠲᠤᠭᠤᠰᠢᠯᠠᠭᠤᠯᠤᠨ ᠬᠡᠷᠡᠭᠵᠢᠭᠦᠯᠬᠦ ᠶᠠᠪᠤᠳᠠᠯ᠎ᠢ ᠨᠠᠮ᠎ᠤᠨ ᠬᠣᠷᠢᠳᠤᠭ᠋ᠠᠷ ᠶᠡᠬᠡ ᠬᠤᠷᠠᠯ ᠪᠠ ᠬᠣᠷᠢᠳᠤᠭ᠋ᠠᠷ ᠬᠤᠭᠤᠴᠠᠭ᠋ᠠᠨ᠎ᠤ ᠲᠥᠪ ᠬᠣᠷᠢᠶᠠᠨ᠎ᠤ ᠭᠤᠷᠪᠠᠳᠤᠭ᠋ᠠᠷ ᠪᠥᠬᠥᠳᠡ ᠬᠤᠷᠠᠯ᠎ᠤᠨ ᠵᠣᠷᠢᠭ ᠰᠠᠨᠠᠭ᠎ᠠ ᠵᠢ ᠰᠤᠷᠤᠯᠴᠠᠨ ᠲᠤᠭᠤᠰᠢᠯᠠᠭᠤᠯᠬᠤ ᠴᠢᠬᠤᠯᠠ ᠠᠷᠭ᠎ᠠ ᠬᠡᠮᠵᠢᠶ᠎ᠡ ᠪᠣᠯᠭ᠋ᠠᠵᠤ᠂ ᠡᠳᠦᠷ ᠲᠤᠳᠤᠮ᠎ᠤᠨ ᠴᠢᠬᠤᠯᠠ ᠵᠥᠪᠯᠡᠬᠦ ᠵᠦᠢ᠍ᠯ᠎ᠳᠡᠭᠡᠨ ᠣᠷᠣᠭᠤᠯᠵᠤ᠂ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠵᠤ᠂ ᠨᠠᠷᠢᠨ ᠨᠢᠮᠪᠠᠢ ᠵᠣᠬᠢᠶᠠᠨ ᠪᠠᠢ᠌ᠭᠤᠯᠵᠤ᠂ ᠳᠣᠣᠷᠠᠬᠢ ᠭᠤᠷᠪᠠᠨ ᠲᠠᠯ᠎ᠠ ᠵᠢᠨ ᠠᠵᠢᠯ᠎ᠢ ᠲᠣᠪᠤᠢ᠌ᠯᠭ᠋ᠠᠨ ᠰᠠᠢ᠌ᠲᠤᠷ ᠠᠳᠬᠤᠨ᠎ᠠ᠄ ᠨᠢᠭᠡ᠎ᠳᠤ ᠰᠤᠷᠤᠯᠴᠠᠯᠭ᠎ᠠ ᠤᠬᠠᠭᠤᠯᠭ᠎ᠠ᠎ᠪᠠᠨ ᠴᠢᠩᠭ᠋ᠠᠳᠬᠠᠵᠤ᠂ ᠦᠵᠡᠯ ᠰᠠᠨᠠᠭ᠎ᠠ ᠲᠠᠨᠢᠯᠲᠠ᠎ᠪᠠᠨ ᠳᠡᠭᠡᠭᠰᠢᠯᠡᠭᠦᠯᠦᠨ᠎ᠡ᠃ ᠨᠠᠮ᠎ᠤᠨ ᠬᠣᠷᠢᠳᠤᠭ᠋ᠠᠷ ᠬᠤᠭᠤᠴᠠᠭ᠋ᠠᠨ᠎ᠤ ᠲᠥᠪ ᠬᠣᠷᠢᠶᠠᠨ᠎ᠤ ᠭᠤᠷᠪᠠᠳᠤᠭ᠋ᠠᠷ ᠪᠥᠬᠥᠳᠡ ᠬᠤᠷᠠᠯ᠎ᠤᠨ ᠵᠣᠷᠢᠭ ᠰᠠᠨᠠᠭ᠎ᠠ ᠵᠢ ᠰᠤᠷᠤᠯᠴᠠᠨ  ᠲᠤᠭᠤᠰᠢᠯᠠᠭᠤᠯᠬᠤ᠎ᠲᠠᠢ ᠤᠶᠠᠯᠳᠤᠭᠤᠯᠤᠨ᠂  ᠳᠠᠪᠬᠤᠷᠭ᠎ᠠ  ᠱᠠᠲᠤ ᠬᠤᠪᠢᠶᠠᠬᠤ᠂ ᠪᠦᠬᠦ ᠠᠵᠢᠯᠲᠠᠨ᠎ᠢ ᠬᠠᠮᠤᠷᠬᠤ ᠠᠷᠭ᠎ᠠ ᠮᠠᠶᠢᠭ᠎ᠢ ᠠᠪᠴᠤ᠂ ᠮᠤᠵᠢ ᠵᠢᠨ ᠱᠠᠲᠤᠨ᠎ᠤ ᠬᠠᠤᠯᠢ ᠴᠠᠭ᠋ᠠᠵᠠ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ ᠪᠠ ᠲᠦᠷᠦ ᠵᠢᠨ ᠶᠠᠪᠤᠳᠠᠯ᠎ᠤᠨ ᠬᠣᠷᠢᠶᠠᠨ᠎ᠤ ᠰᠠᠯᠠᠭ᠎ᠠ ᠮᠥᠴᠢᠷ᠎ᠤᠨ ᠬᠠᠤᠯᠢ ᠳᠦᠷᠢᠮ᠎ᠤᠨ ᠪᠠᠢ᠌ᠭᠤᠯᠤᠮᠵᠢ ᠵᠢᠨ ᠠᠵᠢᠯᠲᠠᠨ᠎ᠢ ᠵᠣᠬᠢᠶᠠᠨ ᠪᠠᠢ᠌ᠭᠤᠯᠤᠨ ᠰᠤᠷᠤᠯᠴᠠᠯᠭ᠎ᠠ   ᠪᠣᠯᠪᠠᠰᠤᠷᠠᠯ᠎ᠢ ᠥᠷᠨᠢᠭᠦᠯᠵᠦ᠂ ᠮᠤᠵᠢ ᠵᠢᠨ ᠱᠠᠲᠤᠨ᠎ᠤ ᠬᠠᠤᠯᠢ ᠴᠠᠭ᠋ᠠᠵᠠ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠤᠨ ᠲᠤᠰ ᠭᠠᠵᠠᠷ ᠣᠷᠣᠨ᠎ᠤ᠎ᠪᠠᠨ ᠰᠤᠷᠤᠯᠴᠠᠯᠭ᠎ᠠ  ᠪᠣᠯᠪᠠᠰᠤᠷᠠᠯ᠎ᠢ ᠵᠣᠬᠢᠶᠠᠨ  ᠪᠠᠢ᠌ᠭᠤᠯᠤᠨ ᠥᠷᠨᠢᠭᠦᠯᠬᠦ ᠵᠢ ᠵᠢᠯᠤᠭᠣᠳᠴᠤ᠂ 《ᠳᠦᠷᠢᠮ》᠎ᠢ ᠣᠨᠣᠪᠴᠢᠲᠠᠶ ᠣᠢ᠌ᠯᠠᠭ᠋ᠠᠬᠤ ᠵᠢ ᠪᠠᠲᠤᠯᠠᠬᠤ ᠬᠡᠷᠡᠭᠲᠡᠢ᠃ ᠬᠣᠶᠠᠷ᠎ᠲᠤ ᠭᠣᠣᠯ ᠪᠣᠯᠬᠤ ᠶᠡᠬᠡ ᠲᠠᠯ᠎ᠠ᠎ᠲᠠᠢ ᠤᠶᠠᠯᠳᠤᠭᠤᠯᠤᠨ᠂ ᠪᠦᠲᠦᠮᠵᠢᠲᠡᠶ᠎ᠪᠠᠷ ᠬᠡᠷᠡᠭᠵᠢᠭᠦᠯᠬᠦ ᠵᠢ ᠲᠦᠯᠬᠢᠨ ᠠᠬᠢᠭᠤᠯᠤᠨ᠎ᠠ᠃ ᠣᠷᠣᠨ ᠨᠤᠲᠤᠭ ᠪᠠ ᠰᠠᠯᠠᠭ᠎ᠠ ᠮᠥᠴᠢᠷ᠎ᠤᠨ ᠬᠠᠤᠯᠢ ᠲᠣᠭᠲᠠᠭ᠋ᠠᠯᠲᠠ᠎ᠨᠢ ᠳᠡᠭᠡᠳᠦ ᠪᠠᠢ᠌ᠷᠢ ᠵᠢᠨ ᠬᠠᠤᠯᠢ᠎ᠲᠠᠢ ᠨᠢᠭᠡᠳᠦᠯ ᠦᠭᠡᠢ ᠪᠠᠢ᠌ᠬᠤ᠂ ᠪᠦᠬᠦ ᠤᠯᠤᠰ᠎ᠤᠨ ᠨᠢᠭᠡᠳᠦᠯᠲᠡᠢ ᠲᠣᠮᠣ ᠵᠠᠬ᠎ᠠ ᠳᠡᠯᠭᠡᠭᠦᠷ᠎ᠢ ᠨᠥᠯᠥᠭᠡᠯᠡᠬᠦ᠂ ᠬᠤᠳᠠᠯᠳᠤᠭ᠎ᠠ ᠡᠷᠭᠢᠯᠡᠬᠦ ᠣᠷᠴᠢᠨ ᠲᠣᠭᠣᠷᠢᠨ᠎ᠢ ᠬᠣᠬᠢᠷᠠᠭᠤᠯᠬᠤ ᠵᠡᠷᠭᠡ ᠠᠰᠠᠭᠤᠳᠠᠯ᠎ᠢ ᠭᠣᠣᠯᠳᠠᠯᠭ᠎ᠠ᠎ᠲᠠᠢ ᠠᠩᠬᠠᠷᠴᠤ᠂ ᠥᠮᠴᠢᠯᠡᠯ᠎ᠤᠨ

ᠡᠷᠬᠡ ᠵᠢᠨ ᠬᠠᠮᠠᠭ᠋ᠠᠯᠠᠯᠲᠠ᠂ ᠵᠠᠬ᠎ᠠ ᠳᠡᠯᠭᠡᠭᠦᠷ᠎ᠲᠤ ᠣᠷᠣᠬᠤ ᠵᠢ ᠵᠥᠪᠰᠢᠶᠡᠷᠡᠬᠦ᠂ ᠭᠣᠣᠯᠴᠢ᠎ᠪᠠᠷ ᠥᠷᠢᠰᠦᠯᠳᠦᠬᠦ ᠵᠡᠷᠭᠡ ᠭᠣᠣᠯᠳᠠᠯᠭ᠎ᠠ᠎ᠲᠠᠢ ᠬᠦᠷᠢᠶᠡᠨ᠎ᠳᠠᠬᠢ ᠬᠠᠤᠯᠢ ᠲᠣᠭᠲᠠᠭ᠋ᠠᠯ ᠳᠦᠷᠢᠮ ᠲᠣᠭᠲᠠᠭ᠋ᠠᠯ᠎ᠢ ᠲᠠᠨᠭ᠌ᠰᠠᠯᠠᠵᠤ ᠬᠢᠨᠠᠨ ᠪᠠᠢ᠌ᠴᠠᠭ᠋ᠠᠬᠤ ᠪᠠ ᠠᠰᠠᠭᠤᠳᠠᠯ᠎ᠤᠨ ᠰᠤᠳᠤᠯᠭ᠋ᠠᠨ᠎ᠢ ᠴᠢᠩᠭ᠋ᠠᠳᠬᠠᠵᠤ᠂ ᠪᠠᠢ᠌ᠳᠠᠯ᠎ᠢ᠎ᠨᠢ ᠦᠵᠡᠵᠦ ᠪᠠᠢ᠌ᠭ᠋ᠠᠳ ᠬᠠᠮᠲᠤᠷᠠᠨ ᠬᠢᠨᠠᠨ ᠪᠠᠢ᠌ᠴᠠᠭ᠋ᠠᠬᠤ᠂ ᠲᠤᠰᠬᠠᠢ ᠵᠦᠢ᠍ᠯ ᠵᠶ᠋ᠡᠷ ᠬᠢᠨᠠᠨ ᠪᠠᠢ᠌ᠴᠠᠭ᠋ᠠᠬᠤ ᠠᠵᠢᠯ᠎ᠢ ᠥᠷᠨᠢᠭᠦᠯᠵᠦ᠂ ᠣᠷᠣᠨ ᠨᠤᠲᠤᠭ᠎ᠤᠨ ᠬᠠᠮᠠᠭ᠋ᠠᠯᠠᠯᠲᠠ ᠪᠠ ᠵᠠᠬ᠎ᠠ ᠳᠡᠯᠭᠡᠭᠦᠷ᠎ᠤᠨ ᠬᠡᠰᠡᠭᠯᠡᠯ᠎ᠢ ᠬᠦᠴᠦᠯᠡᠨ ᠡᠪᠳᠡᠵᠦ᠂ ᠪᠦᠬᠦ ᠤᠯᠤᠰ᠎ᠤᠨ ᠨᠢᠭᠡᠳᠦᠯᠲᠡᠢ ᠲᠣᠮᠣ ᠵᠠᠬ᠎ᠠ ᠳᠡᠯᠭᠡᠭᠦᠷ᠎ᠢ ᠪᠠᠶ᠋ᠢᠭᠤᠯᠬᠤ᠎ᠳᠤ ᠬᠦᠴᠦ ᠨᠡᠮᠡᠷᠢᠯᠡᠵᠦ᠂ ᠬᠤᠳᠠᠯᠳᠤᠭ᠎ᠠ ᠡᠵᠡᠩᠨᠡᠬᠦ ᠣᠷᠴᠢᠨ ᠨᠥᠬᠥᠴᠡᠯ᠎ᠢ ᠰᠢᠯᠢᠳᠡᠭᠵᠢᠭᠦᠯᠦᠨ᠎ᠡ᠃ ᠭᠤᠷᠪᠠ᠎ᠳᠤ ᠢᠵᠢ ᠪᠦᠷᠢᠳᠦᠭᠰᠡᠨ  ᠳᠦᠷᠢᠮ᠎ᠢ ᠲᠡᠭᠦᠯᠳᠡᠷᠵᠢᠭᠦᠯᠵᠦ᠂ ᠠᠵᠢᠯ᠎ᠤᠨ ᠴᠢᠨᠠᠷ ᠴᠢᠨᠰᠠᠭ᠎ᠠ ᠦᠷ᠎ᠡ ᠪᠦᠲᠦᠮᠵᠢ ᠵᠢ ᠳᠡᠭᠡᠭᠰᠢᠯᠡᠭᠦᠯᠦᠨ᠎ᠡ᠃ 《ᠳᠦᠷᠢᠮ》᠎ᠤᠨ ᠲᠣᠭᠲᠠᠭ᠋ᠠᠯ᠎ᠢ ᠨᠠᠷᠢᠯᠢᠭᠵᠢᠭᠤᠯᠤᠨ ᠨᠠᠢ᠌ᠳᠠᠪᠤᠷᠢᠵᠢᠭᠤᠯᠵᠤ᠂ ᠬᠠᠤᠯᠢ ᠴᠠᠭ᠋ᠠᠵᠠ ᠵᠢᠨ ᠶᠠᠮᠤᠨ᠎ᠤ ᠬᠣᠯᠪᠣᠭᠳᠠᠯ ᠪᠦᠬᠦᠢ ᠠᠵᠢᠯ᠎ᠤᠨ ᠵᠢᠷᠤᠮᠵᠢᠯ᠎ᠳᠤ ᠵᠠᠰᠠᠪᠤᠷᠢ ᠣᠷᠣᠭᠤᠯᠵᠤ᠂ ᠳᠣᠲᠣᠭ᠋ᠠᠳᠤ ᠵᠢᠨ ᠠᠵᠢᠯ᠎ᠤᠨ ᠲᠣᠭᠲᠠᠴᠠ ᠵᠢ ᠰᠢᠯᠢᠳᠡᠭᠵᠢᠭᠦᠯᠦᠨ᠎ᠡ; ᠭᠠᠳᠠᠷ ᠲᠠᠯ᠎ᠠ ᠬᠢᠭᠡᠳ ᠪᠤᠰᠤᠳ ᠪᠠᠢ᠌ᠭᠤᠯᠤᠯᠭ᠎ᠠ ᠵᠢᠨ ᠳᠡᠩᠰᠡᠯᠡᠵᠦ ᠬᠢᠨᠠᠨ ᠪᠠᠢ᠌ᠴᠠᠭ᠋ᠠᠬᠤ ᠠᠵᠢᠯ᠎ᠤᠨ ᠪᠠᠢ᠌ᠭᠤᠯᠤᠮᠵᠢ ᠵᠢᠨ ᠬᠠᠮᠵᠢᠯᠴᠠᠨ ᠬᠠᠪᠰᠤᠷᠤᠯᠴᠠᠬᠤ  ᠲᠣᠭᠲᠠᠴᠠ ᠵᠢ ᠲᠡᠭᠦᠯᠳᠡᠷᠵᠢᠭᠦᠯᠵᠦ᠂ ᠠᠵᠢᠯ᠎ᠤᠨ ᠨᠡᠢ᠌ᠯᠡᠮᠡᠯ ᠬᠦᠴᠦᠨ᠎ᠢ ᠨᠢᠭᠲᠠᠷᠠᠭᠤᠯᠤᠨ᠎ᠠ᠃ ᠮᠤᠵᠢ ᠵᠢᠨ ᠱᠠᠲᠤᠨ᠎ᠤ ᠬᠠᠤᠯᠢ ᠴᠠᠭ᠋ᠠᠵᠠ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠤᠨ ᠪᠣᠳᠠᠲᠤ ᠪᠠᠢ᠌ᠳᠠᠯ᠎ᠲᠠᠢ᠎ᠪᠠᠨ ᠤᠶᠠᠯᠳᠤᠭᠤᠯᠤᠨ ᠲᠠᠨᠭ᠌ᠰᠠᠯᠠᠵᠤ ᠬᠢᠨᠠᠨ ᠪᠠᠢ᠌ᠴᠠᠭ᠋ᠠᠬᠤ ᠳᠦᠷᠢᠮ᠎ᠤᠨ ᠲᠣᠭᠲᠠᠭ᠋ᠠᠯ᠎ᠢ ᠨᠡᠢ᠌ᠲᠡᠯᠡᠬᠦ ᠪᠤᠶᠤ ᠲᠡᠭᠦᠨ᠎ᠳᠤ ᠵᠠᠰᠠᠪᠤᠷᠢ ᠣᠷᠣᠭᠤᠯᠤᠨ ᠲᠡᠭᠦᠯᠳᠡᠷᠵᠢᠭᠦᠯᠬᠦ ᠵᠢ ᠲᠦᠯᠬᠢᠨ ᠠᠬᠢᠭᠤᠯᠵᠤ᠂ ᠳᠦᠷᠢᠮ᠎ᠤᠨ ᠰᠢᠰᠲ᠋ᠧᠮ᠎ᠤᠨ ᠰᠢᠰᠲ᠋ᠧᠮᠲᠦ ᠴᠢᠨᠠᠷ᠂ ᠪᠦᠬᠦᠯᠢ ᠴᠣᠭᠴᠠᠲᠤ ᠴᠢᠨᠠᠷ᠂ ᠬᠠᠮᠵᠢᠯᠴᠠᠬᠤ ᠴᠢᠨᠠᠷ᠎ᠢ ᠴᠢᠩᠭ᠋ᠠᠳᠬᠠᠵᠤ᠂ ᠲᠠᠨᠭ᠌ᠰᠠᠯᠠᠵᠤ ᠬᠢᠨᠠᠨ ᠪᠠᠢ᠌ᠴᠠᠭ᠋ᠠᠬᠤ ᠳᠦᠷᠢᠮ᠎ᠤᠨ ᠪᠦᠬᠦᠯᠢ ᠴᠣᠭᠴᠠ ᠵᠢᠨ ᠦᠢ᠍ᠯᠡᠳᠦᠯ ᠴᠢᠳᠠᠪᠤᠷᠢ ᠵᠢ ᠳᠡᠭᠡᠭᠰᠢᠯᠡᠭᠦᠯᠦᠨ᠎ᠡ᠃

ᠢᠷᠡᠯᠲᠡ᠄ᠬᠠᠤᠯᠢ ᠴᠠᠭ᠋ᠠᠵᠠ ᠵᠢᠨ ᠶᠠᠮᠤᠨ
          
ᠬᠠᠮᠢᠶ᠎ᠡ ᠪᠦᠬᠦᠢ ᠰᠣᠨᠢᠨ
 
            