2024 ᠣᠨ᠎ᠤ 9 ᠰᠠᠷ᠎ᠠ ᠵᠢᠨ 24᠎ᠤ ᠡᠳᠦᠷ᠂ ᠲᠥᠷᠥ ᠵᠢᠨ ᠶᠠᠪᠤᠳᠠᠯ᠎ᠤᠨ ᠬᠣᠷᠢᠶᠠᠨ᠎ᠤ ᠶᠡᠷᠦᠩᠬᠡᠢ ᠰᠠᠢ᠌ᠳ ᠯᠢ ᠴᠢᠶᠠᠩ 790 ᠳ᠋ᠦ᠍ᠭᠡᠷ ᠲᠣᠭ᠋ᠠᠲᠤ ᠲᠥᠷᠥ ᠵᠢᠨ ᠶᠠᠪᠤᠳᠠᠯ᠎ᠤᠨ ᠬᠣᠷᠢᠶᠠᠨ᠎ᠤ ᠵᠠᠷᠯᠢᠭ᠎ᠲᠤ ᠭᠠᠷᠤᠨ ᠥᠰᠥᠭ ᠵᠢᠷᠤᠵᠤ᠂ 《ᠰᠦᠯᠵᠢᠶᠡᠨ᠎ᠤ ᠲᠣᠭ᠎ᠠ ᠪᠠᠷᠢᠮᠲᠠ ᠵᠢᠨ ᠠᠮᠤᠷ ᠲᠦᠪᠰᠢᠨ᠎ᠤ ᠬᠠᠮᠢᠶᠠᠷᠤᠯᠲᠠ ᠵᠢᠨ ᠳᠦᠷᠢᠮ》 (ᠳᠣᠷᠣᠭᠰᠢ 《ᠳᠦᠷᠢᠮ》 ᠭᠡᠵᠦ ᠲᠣᠪᠴᠢᠯᠠᠨ᠎ᠠ)᠎ᠢ ᠨᠡᠢ᠌ᠲᠡᠯᠡᠵᠦ᠂ 2025 ᠣᠨ᠎ᠤ 1 ᠰᠠᠷ᠎ᠠ ᠵᠢᠨ 1᠎ᠤ ᠡᠳᠦᠷ᠎ᠠᠴᠠ ᠡᠬᠢᠯᠡᠵᠦ ᠬᠡᠷᠡᠭᠵᠢᠭᠦᠯᠦᠨ᠎ᠡ᠃ ᠲᠦᠷᠦᠭᠦᠬᠡᠨ᠂ ᠬᠠᠤᠯᠢ ᠴᠠᠭ᠋ᠠᠵᠠ ᠵᠢᠨ ᠶᠠᠮᠤᠨ᠂ ᠤᠯᠤᠰ᠎ᠤᠨ ᠢᠨᠲ᠋ᠧᠷ ᠰᠦᠯᠵᠢᠶᠡᠨ᠎ᠤ ᠮᠡᠳᠡᠭᠡ ᠵᠠᠩᠭᠢᠵᠢᠯᠲᠠ ᠵᠢᠨ ᠠᠯᠪᠠᠨ ᠭᠡᠷ᠎ᠤᠨ ᠬᠠᠷᠢᠭᠤᠴᠠᠯᠭ᠋ᠠᠲᠠᠨ 《ᠳᠦᠷᠢᠮ》᠎ᠤᠨ ᠬᠣᠯᠪᠣᠭᠳᠠᠯ ᠪᠦᠬᠦᠢ ᠠᠰᠠᠭᠤᠳᠠᠯ᠎ᠤᠨ ᠲᠤᠬᠠᠢ ᠰᠤᠷᠪᠤᠯᠵᠢᠯᠠᠭᠴᠢ ᠵᠢᠨ ᠠᠰᠠᠭᠤᠯᠲᠠ ᠵᠢ ᠬᠠᠷᠢᠭᠤᠯᠪᠠ᠃
ᠠᠰᠠᠭᠤᠯᠲᠠ᠄ 《ᠳᠦᠷᠢᠮ》᠎ᠢ ᠨᠡᠢ᠌ᠲᠡᠯᠡᠭᠰᠡᠨ ᠠᠬᠤᠢ ᠪᠠᠢ᠌ᠳᠠᠯ᠎ᠢ ᠲᠥᠬᠥᠮ ᠲᠠᠨᠢᠯᠴᠠᠭᠤᠯᠬᠤ ᠪᠣᠯᠪᠠᠦ?
ᠬᠠᠷᠢᠭᠤᠯᠲᠠ᠄ ᠨᠠᠮ᠎ᠤᠨ ᠲᠥᠪ ᠬᠣᠷᠢᠶ᠎ᠠ᠂ ᠲᠥᠷᠥ ᠵᠢᠨ ᠶᠠᠪᠤᠳᠠᠯ᠎ᠤᠨ ᠬᠣᠷᠢᠶ᠎ᠠ ᠰᠦᠯᠵᠢᠶᠡᠨ᠎ᠤ ᠲᠣᠭ᠎ᠠ ᠪᠠᠷᠢᠮᠲᠠ ᠵᠢᠨ ᠠᠮᠤᠷ ᠲᠦᠪᠰᠢᠨ᠎ᠤ ᠬᠠᠮᠢᠶᠠᠷᠤᠯᠲᠠ ᠵᠢᠨ ᠠᠵᠢᠯ᠎ᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠵᠤ ᠪᠠᠢ᠌ᠨ᠎ᠠ᠃ ᠨᠠᠮ᠎ᠤᠨ ᠬᠣᠷᠢᠳᠤᠭ᠋ᠠᠷ ᠬᠤᠭᠤᠴᠠᠭ᠋ᠠᠨ᠎ᠤ ᠲᠥᠪ ᠬᠣᠷᠢᠶᠠᠨ᠎ᠤ ᠭᠤᠷᠪᠠᠳᠤᠭ᠋ᠠᠷ ᠪᠦᠬᠦᠳᠡ ᠬᠤᠷᠠᠯ᠎ᠠᠴᠠ᠂ ᠲᠣᠭ᠎ᠠ ᠪᠠᠷᠢᠮᠲᠠ ᠵᠢᠨ ᠠᠮᠤᠷ ᠲᠦᠪᠰᠢᠨ᠎ᠤ ᠵᠠᠰᠠᠯᠲᠠ ᠵᠢᠨ ᠬᠢᠨᠠᠯᠲᠠ ᠬᠠᠮᠢᠶᠠᠷᠤᠯᠲᠠ ᠵᠢᠨ ᠴᠢᠳᠠᠪᠤᠷᠢ ᠵᠢ ᠳᠡᠭᠡᠭᠰᠢᠯᠡᠭᠦᠯᠵᠦ᠂ ᠥᠨᠳᠥᠷ ᠪᠦᠲᠦᠮᠵᠢᠲᠡᠢ ᠳᠥᠭᠥᠮ ᠳᠥᠲᠡ ᠠᠮᠤᠷ ᠲᠦᠪᠰᠢᠨ ᠲᠣᠭ᠎ᠠ ᠪᠠᠷᠢᠮᠲᠠ ᠵᠢᠨ ᠬᠢᠯᠢ ᠰᠤᠨᠳᠠᠯᠠᠭᠰᠠᠨ ᠨᠡᠭᠦᠳᠡᠯ ᠲᠣᠭᠲᠠᠴᠠ ᠵᠢ ᠪᠠᠶ᠋ᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ ᠣᠢ᠌ᠷ᠎ᠠ ᠵᠢᠨ ᠵᠢᠯ᠎ᠠᠴᠠ᠂ ᠮᠡᠳᠡᠭᠡ ᠵᠠᠩᠭᠢ ᠵᠢᠨ ᠮᠡᠷᠭᠡᠵᠢᠯ ᠪᠣᠯᠣᠨ ᠬᠥᠮᠥᠰ᠎ᠤᠨ ᠦᠢ᠍ᠯᠡᠳᠪᠦᠷᠢᠯᠡᠯ ᠠᠮᠢᠳᠤᠷᠠᠯ᠎ᠤᠨ ᠰᠣᠯᠪᠢᠴᠠᠨ ᠠᠭᠤᠰᠤᠯᠴᠠᠬᠤ ᠵᠢ ᠳᠠᠭ᠋ᠠᠯᠳᠤᠨ᠂ ᠲᠣᠭ᠎ᠠ ᠪᠠᠷᠢᠮᠲᠠ ᠵᠢ ᠰᠢᠢ᠍ᠳᠪᠦᠷᠢᠯᠡᠬᠦ ᠠᠵᠢᠯᠯᠠᠭ᠎ᠠ ᠨᠡᠩ ᠣᠯᠠᠰᠢᠷᠠᠵᠤ᠂ ᠲᠣᠭ᠎ᠠ ᠪᠠᠷᠢᠮᠲᠠ ᠵᠢᠨ ᠠᠮᠤᠷ ᠲᠦᠪᠰᠢᠨ᠎ᠤ ᠲᠦᠭᠰᠢᠭᠦᠷᠢ ᠡᠳᠦᠷ ᠢᠷᠡᠬᠦᠶ᠎ᠡ ᠰᠦᠯᠵᠢᠶᠡᠨ᠎ᠤ ᠲᠣᠭ᠎ᠠ ᠪᠠᠷᠢᠮᠲᠠ ᠵᠢᠨ ᠬᠦᠷᠢᠶᠡᠨ᠎ᠳᠤ ᠲᠥᠪᠯᠡᠷᠡᠵᠦ᠂ ᠬᠠᠤᠯᠢ ᠵᠢ ᠵᠥᠷᠢᠴᠡᠨ ᠰᠦᠯᠵᠢᠶᠡᠨ᠎ᠤ ᠲᠣᠭ᠎ᠠ ᠪᠠᠷᠢᠮᠲᠠ ᠵᠢ ᠰᠢᠢ᠍ᠳᠪᠦᠷᠢᠯᠡᠬᠦ ᠠᠵᠢᠯᠯᠠᠭ᠎ᠠ ᠪᠠᠢ᠌ᠨ ᠲᠠᠬᠢᠨ ᠡᠭᠦᠰᠴᠦ᠂ ᠠᠵᠤ ᠠᠬᠤᠢ ᠨᠡᠢ᠌ᠭᠡᠮ᠎ᠤᠨ ᠬᠥᠭᠵᠢᠯᠲᠡ ᠪᠣᠯᠣᠨ ᠤᠯᠤᠰ᠎ᠤᠨ ᠠᠮᠤᠷ ᠲᠦᠪᠰᠢᠨ᠎ᠳᠤ ᠬᠦᠨᠳᠦ ᠨᠣᠴᠢᠲᠠᠢ ᠥᠷᠢᠰᠦᠯᠳᠦᠭᠡᠨ᠎ᠢ ᠠᠪᠴᠢᠷᠠᠭᠰᠠᠨ ᠪᠠᠢ᠌ᠨ᠎ᠠ᠃ 《ᠪᠥᠬᠥᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠰᠦᠯᠵᠢᠶᠡᠨ᠎ᠤ ᠠᠮᠤᠷ ᠲᠦᠪᠰᠢᠨ᠎ᠤ ᠬᠠᠤᠯᠢ》 《ᠪᠥᠬᠥᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠲᠣᠭ᠎ᠠ ᠪᠠᠷᠢᠮᠲᠠ ᠵᠢᠨ ᠠᠮᠤᠷ ᠲᠦᠪᠰᠢᠨ᠎ᠤ ᠬᠠᠤᠯᠢ》 《ᠪᠥᠬᠥᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠬᠤᠪᠢ ᠬᠥᠮᠥᠨ᠎ᠤ ᠮᠡᠳᠡᠭᠡ ᠵᠠᠩᠭᠢ ᠵᠢ ᠬᠠᠮᠠᠭ᠋ᠠᠯᠠᠬᠤ ᠬᠠᠤᠯᠢ》᠎ᠳᠤ ᠲᠣᠭ᠎ᠠ ᠪᠠᠷᠢᠮᠲᠠ ᠵᠢᠨ ᠠᠮᠤᠷ ᠲᠦᠪᠰᠢᠨ ᠪᠠ ᠬᠤᠪᠢ ᠬᠥᠮᠥᠨ᠎ᠤ ᠮᠡᠳᠡᠭᠡ ᠵᠠᠩᠭᠢ ᠵᠢ ᠬᠠᠮᠠᠭ᠋ᠠᠯᠠᠬᠤ ᠳᠦᠷᠢᠮ᠎ᠤᠨ ᠲᠤᠬᠠᠢ ᠦᠨᠳᠦᠰᠦᠨ ᠲᠣᠭᠲᠠᠭ᠋ᠠᠯ᠎ᠢ ᠲᠣᠭᠲᠠᠭ᠋ᠠᠵᠠᠢ᠃ ᠬᠠᠤᠯᠢ ᠴᠠᠭ᠋ᠠᠵᠠ ᠵᠢᠨ ᠬᠡᠷᠡᠭᠵᠢᠭᠦᠯᠦᠯᠲᠡ ᠵᠢ ᠰᠠᠢ᠌ᠲᠤᠷ ᠬᠢᠵᠦ᠂ ᠰᠦᠯᠵᠢᠶᠡᠨ᠎ᠤ ᠲᠣᠭ᠎ᠠ ᠪᠠᠷᠢᠮᠲᠠ ᠵᠢ ᠰᠢᠢ᠍ᠳᠪᠦᠷᠢᠯᠡᠬᠦ ᠠᠵᠢᠯᠯᠠᠭ᠎ᠠ ᠵᠢ ᠵᠢᠷᠤᠮᠵᠢᠭᠤᠯᠤᠨ᠂ ᠰᠦᠯᠵᠢᠶᠡᠨ᠎ᠤ ᠲᠣᠭ᠎ᠠ ᠪᠠᠷᠢᠮᠲᠠ ᠵᠢᠨ ᠠᠮᠤᠷ ᠲᠦᠪᠰᠢᠨ᠎ᠢ ᠪᠠᠲᠤᠯᠠᠵᠤ᠂ ᠰᠦᠯᠵᠢᠶᠡᠨ᠎ᠤ ᠲᠣᠭ᠎ᠠ ᠪᠠᠷᠢᠮᠲᠠ ᠵᠢ ᠬᠠᠤᠯᠢ ᠶᠣᠰᠣᠭ᠋ᠠᠷ ᠵᠦᠢ ᠵᠣᠬᠢᠰᠲᠠᠢ ᠪᠦᠲᠦᠮᠵᠢᠲᠡᠶ ᠠᠰᠢᠭᠯᠠᠬᠤ ᠵᠢ ᠠᠬᠢᠭᠤᠯᠵᠤ᠂ ᠬᠤᠪᠢ ᠬᠥᠮᠥᠨ᠂ ᠵᠣᠬᠢᠶᠠᠨ ᠪᠠᠢ᠌ᠭᠤᠯᠤᠯᠲᠠ ᠵᠢᠨ ᠬᠠᠤᠯᠢ ᠶᠣᠰᠣᠨ᠎ᠤ ᠡᠷᠬᠡ ᠠᠰᠢᠭ᠎ᠢ ᠬᠠᠮᠠᠭ᠋ᠠᠯᠠᠵᠤ᠂ ᠤᠯᠤᠰ᠎ᠤᠨ ᠠᠮᠤᠷ ᠲᠦᠪᠰᠢᠨ ᠪᠠ ᠤᠯᠠᠨ ᠨᠡᠶ᠋ᠢᠲᠡ ᠵᠢᠨ ᠠᠰᠢᠭ ᠲᠤᠰᠠ ᠵᠢ ᠬᠠᠮᠠᠭ᠋ᠠᠯᠠᠬᠤ ᠵᠢᠨ ᠲᠥᠯᠥᠭᠡ᠂ ᠢᠵᠢ ᠪᠦᠷᠢᠳᠦᠭᠦᠯᠦᠭᠰᠡᠨ ᠵᠠᠰᠠᠭ ᠵᠠᠬᠢᠷᠭ᠋ᠠᠨ᠎ᠤ ᠬᠠᠤᠯᠢ ᠲᠣᠭᠲᠠᠭ᠋ᠠᠯ᠎ᠢ ᠲᠣᠭᠲᠠᠭ᠋ᠠᠬᠤ ᠴᠢᠬᠤᠯᠠᠲᠠᠢ ᠶᠤᠮ᠃ ᠲᠦᠷᠦ ᠵᠢᠨ ᠶᠠᠪᠤᠳᠠᠯ᠎ᠤᠨ ᠬᠣᠷᠢᠶ᠎ᠠ᠎ᠠᠴᠠ 《ᠳᠦᠷᠢᠮ》᠎ᠢ ᠲᠣᠭᠲᠠᠭ᠋ᠠᠬᠤ ᠶᠠᠪᠤᠳᠠᠯ᠎ᠢ ᠬᠠᠤᠯᠢ ᠲᠣᠭᠲᠠᠭ᠋ᠠᠬᠤ ᠠᠵᠢᠯ᠎ᠤᠨ ᠲᠥᠯᠥᠪᠯᠡᠭᠡ᠎ᠳᠤ ᠣᠷᠣᠭᠤᠯᠵᠠᠢ᠃
ᠤᠯᠤᠰ᠎ᠤᠨ ᠢᠨᠲ᠋ᠧᠷ ᠰᠦᠯᠵᠢᠶᠡᠨ᠎ᠤ ᠮᠡᠳᠡᠭᠡ ᠵᠠᠩᠭᠢᠵᠢᠯᠲᠠ ᠵᠢᠨ ᠠᠯᠪᠠᠨ ᠭᠡᠷ ᠣᠢ᠌ᠷ᠎ᠠ ᠵᠢᠨ ᠵᠢᠯ᠎ᠤᠨ ᠲᠤᠷᠰᠢᠬᠢ ᠰᠦᠯᠵᠢᠶᠡᠨ᠎ᠤ ᠲᠣᠭ᠎ᠠ ᠪᠠᠷᠢᠮᠲᠠ ᠵᠢᠨ ᠠᠮᠤᠷ ᠲᠦᠪᠰᠢᠨ᠎ᠤ ᠬᠠᠮᠢᠶᠠᠷᠤᠯᠲᠠ ᠵᠢᠨ ᠦᠢ᠍ᠯᠡᠳᠦᠯᠭᠡ ᠵᠢᠨ ᠲᠤᠷᠰᠢᠯᠭ᠎ᠠ ᠵᠢ ᠳ᠋ᠦᠩᠨᠡᠵᠦ᠂ ᠬᠣᠯᠪᠣᠭᠳᠠᠯ ᠪᠦᠬᠦᠢ ᠲᠠᠯ᠎ᠠ ᠵᠢᠨ᠎ᠬᠢᠨ᠎ᠤ ᠰᠠᠨᠠᠯ᠎ᠢ ᠬᠤᠷᠢᠶᠠᠭᠰᠠᠨ ᠪᠥᠭᠡᠳ ᠨᠡᠢ᠌ᠭᠡᠮ ᠨᠡᠶ᠋ᠢᠲᠡ᠎ᠠᠴᠠ ᠢᠯᠡ᠎ᠪᠠᠷ ᠰᠠᠨᠠᠯ ᠬᠤᠷᠢᠶᠠᠭᠰᠠᠨ ᠰᠠᠭᠤᠷᠢᠨ ᠳᠡᠭᠡᠷ᠎ᠡ᠂ ᠲᠥᠷᠥ ᠵᠢᠨ ᠶᠠᠪᠤᠳᠠᠯ᠎ᠤᠨ ᠬᠣᠷᠢᠶ᠎ᠠ᠎ᠳᠤ 《ᠳᠦᠷᠢᠮ (ᠲᠥᠰᠥᠯ᠎ᠤᠨ ᠬᠢᠨᠠᠭᠤᠯᠬᠤ᠎ᠪᠠᠷ ᠬᠦᠷᠭᠡᠬᠦ ᠨᠣᠣᠷᠠᠭ)》᠎ᠢ ᠮᠡᠳᠡᠭᠦᠯᠦᠨ ᠬᠦᠷᠭᠡᠪᠡ᠃ ᠬᠠᠤᠯᠢ ᠴᠠᠭ᠋ᠠᠵᠠ ᠵᠢᠨ ᠶᠠᠮᠤᠨ ᠬᠠᠤᠯᠢ ᠲᠣᠭᠲᠠᠭ᠋ᠠᠯᠲᠠ ᠵᠢᠨ ᠬᠢᠨᠠᠨ ᠪᠠᠢ᠌ᠴᠠᠭ᠋ᠠᠯᠲᠠ ᠵᠢᠨ ᠳᠤᠮᠳᠠ᠂ ᠬᠣᠯᠪᠣᠭᠳᠠᠯ ᠪᠦᠬᠦᠢ ᠲᠥᠪ᠎ᠤᠨ ᠨᠢᠭᠡᠴᠡ᠂ ᠣᠷᠣᠨ ᠨᠤᠲᠤᠭ᠎ᠤᠨ ᠠᠷᠠᠳ᠎ᠤᠨ ᠵᠠᠰᠠᠭ᠎ᠤᠨ ᠣᠷᠳᠣᠨ᠂ ᠠᠵᠤ ᠠᠬᠤᠢ᠌ᠯᠠᠯ ᠠᠵᠢᠯ ᠦᠢ᠍ᠯᠡᠰ᠎ᠤᠨ ᠨᠢᠭᠡᠴᠡ᠂ ᠠᠵᠢᠯ ᠲᠦᠷᠦᠯ᠎ᠤᠨ ᠨᠡᠢ᠌ᠭᠡᠮᠯᠢᠭ ᠪᠠ ᠲᠤᠰᠬᠠᠢ ᠮᠡᠷᠭᠡᠵᠢᠯᠲᠡᠨ ᠡᠷᠳᠡᠮᠲᠡᠨ᠎ᠤ ᠰᠠᠨᠠᠯ᠎ᠢ ᠥᠷᠭᠡᠨ ᠵᠶ᠋ᠡᠷ ᠬᠤᠷᠢᠶᠠᠵᠤ᠂ ᠣᠷᠣᠨ ᠨᠤᠲᠤᠭ᠎ᠲᠤ ᠬᠦᠷᠴᠦ ᠲᠤᠬᠠᠢ ᠵᠢᠨ ᠭᠠᠵᠠᠷ᠎ᠲᠤᠨᠢ ᠪᠠᠢ᠌ᠴᠠᠭ᠋ᠠᠨ ᠰᠤᠳᠤᠯᠤᠯᠲᠠ ᠬᠢᠵᠦ᠂ ᠠᠵᠤ ᠠᠬᠤᠢ᠌ᠯᠠᠯ ᠪᠠ ᠠᠵᠢᠯ ᠲᠦᠷᠦᠯ᠎ᠤᠨ ᠨᠡᠢ᠌ᠭᠡᠮᠯᠢᠭ᠎ᠤᠨ ᠶᠠᠷᠢᠯᠴᠠᠬᠤ ᠬᠤᠷᠠᠯ᠎ᠢ ᠤᠯᠠᠨ ᠤᠳᠠᠭ᠎ᠠ ᠬᠤᠷᠠᠯᠳᠤᠭᠤᠯᠵᠤ ᠰᠠᠨᠠᠯ ᠰᠣᠨᠣᠰᠴᠤ᠂ ᠤᠯᠤᠰ᠎ᠤᠨ ᠢᠨᠲᠸᠷ ᠰᠦᠯᠵᠢᠶᠡᠨ᠎ᠤ ᠮᠡᠳᠡᠭᠡ ᠵᠠᠩᠭᠢ ᠵᠢᠨ ᠠᠯᠪᠠᠨ ᠭᠡᠷ᠎ᠲᠠᠢ ᠬᠠᠮᠲᠤᠷᠠᠨ ᠲᠠᠬᠢᠨ ᠳᠠᠪᠲᠠᠨ ᠰᠤᠳᠤᠯᠤᠨ ᠵᠠᠰᠠᠪᠤᠷᠢ ᠤᠷᠤᠭᠤᠯᠤᠭ᠋ᠠᠳ 《ᠳᠦᠷᠢᠮ (ᠲᠥᠰᠥᠯ)》᠎ᠢ ᠪᠦᠷᠢᠯᠳᠦᠭᠦᠯᠵᠡᠢ᠃ 2024 ᠣᠨ᠎ᠤ 8 ᠰᠠᠷ᠎ᠠ ᠵᠢᠨ 30᠎ᠤ ᠡᠳᠦᠷ᠂ ᠲᠥᠷᠥ ᠵᠢᠨ ᠶᠠᠪᠤᠳᠠᠯ᠎ᠤᠨ ᠬᠣᠷᠢᠶᠠᠨ᠎ᠤ ᠪᠠᠢ᠌ᠩᠭᠤ ᠵᠢᠨ ᠬᠤᠷᠠᠯᠳᠤᠭ᠋ᠠᠨ᠎ᠠᠴᠠ 《ᠳᠦᠷᠢᠮ (ᠲᠥᠰᠥᠯ)》᠎ᠢ ᠬᠢᠨᠠᠨ ᠵᠦᠪᠯᠡᠵᠦ ᠪᠠᠲᠤᠯᠠᠪᠠ᠃
ᠠᠰᠠᠭᠤᠯᠲᠠ᠄ 《ᠳᠦᠷᠢᠮ》᠎ᠢ ᠲᠣᠭᠲᠠᠭ᠋ᠠᠬᠤ ᠶᠡᠷᠦᠩᠬᠡᠢ ᠰᠡᠳᠬᠢᠮᠵᠢ ᠨᠢ ᠶᠠᠭᠤ ᠪᠣᠢ?
ᠬᠠᠷᠢᠭᠤᠯᠲᠠ᠄ 《ᠳᠦᠷᠢᠮ》᠎ᠢ ᠲᠣᠭᠲᠠᠭ᠋ᠠᠬᠤ ᠠᠵᠢᠯ᠎ᠨᠢ ᠰᠢ ᠵᠢᠨ ᠫᠢᠩ ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠣᠳᠤᠯᠭ᠎ᠠ ᠪᠣᠯᠭ᠋ᠠᠬᠤ ᠵᠢ ᠪᠠᠷᠢᠮᠲᠠᠯᠠᠵᠤ᠂ ᠰᠢ ᠵᠢᠨ ᠫᠢᠩ᠎ᠤᠨ ᠬᠠᠤᠯᠢᠵᠢᠯ᠎ᠤᠨ ᠦᠵᠡᠯ ᠰᠠᠨᠠᠭ᠎ᠠ ᠪᠣᠯᠣᠨ ᠶᠡᠷᠦᠩᠬᠡᠢ ᠱᠦᠵᠢ ᠰᠢ ᠵᠢᠨ ᠫᠢᠩ᠎ᠤᠨ ᠰᠦᠯᠵᠢᠶᠡᠨ᠎ᠤ ᠬᠦᠴᠦᠷᠬᠡᠭ ᠤᠯᠤᠰ᠎ᠤᠨ ᠲᠤᠬᠠᠢ ᠴᠢᠬᠤᠯᠠ ᠦᠵᠡᠯ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠵᠤ᠂ ᠶᠡᠷᠦᠩᠬᠡᠢ ᠰᠡᠳᠬᠢᠴᠡ ᠵᠢᠨ ᠲᠠᠯ᠎ᠠ᠎ᠪᠠᠷ ᠭᠣᠣᠯᠳᠠᠭᠤ ᠳᠣᠣᠷᠠᠬᠢ ᠲᠦᠷᠪᠡᠨ ᠲᠠᠯ᠎ᠠ ᠵᠢ ᠡᠵᠡᠮᠰᠢᠵᠡᠢ᠄ ᠨᠢᠭᠡ᠎ᠳᠤ᠂ ᠨᠠᠮ᠎ᠤᠨ ᠤᠳᠤᠷᠢᠳᠤᠯᠭ᠎ᠠ ᠵᠢ ᠪᠠᠷᠢᠮᠲᠠᠯᠠᠵᠤ᠂ ᠨᠠᠮ᠎ᠤᠨ ᠬᠣᠷᠢᠳᠤᠭ᠋ᠠᠷ ᠶᠡᠬᠡ ᠬᠤᠷᠠᠯ ᠪᠣᠯᠣᠨ ᠬᠣᠷᠢᠳᠤᠭ᠋ᠠᠷ ᠬᠤᠭᠤᠴᠠᠭ᠋ᠠᠨ᠎ᠤ ᠲᠥᠪ ᠬᠣᠷᠢᠶᠠᠨ᠎ᠤ ᠬᠣᠶᠠᠳᠤᠭ᠋ᠠᠷ᠂ ᠭᠤᠷᠪᠠᠳᠤᠭ᠋ᠠᠷ ᠪᠦᠬᠦᠳᠡ ᠬᠤᠷᠠᠯ᠎ᠤᠨ ᠵᠣᠷᠢᠭ ᠰᠠᠨᠠᠭ᠎ᠠ ᠵᠢ ᠪᠦᠬᠦ ᠲᠠᠯ᠎ᠠ᠎ᠪᠠᠷ ᠲᠤᠭᠤᠰᠢᠯᠠᠭᠤᠯᠵᠤ᠂ ᠶᠡᠷᠦᠩᠬᠡᠢ ᠱᠦᠵᠢ ᠰᠢ ᠵᠢᠨ ᠫᠢᠩ᠎ᠤᠨ ᠰᠦᠯᠵᠢᠶᠡᠨ᠎ᠤ ᠲᠣᠭ᠎ᠠ ᠪᠠᠷᠢᠮᠲᠠ ᠵᠢᠨ ᠠᠮᠤᠷ ᠲᠦᠪᠰᠢᠨ᠎ᠤ ᠬᠠᠮᠢᠶᠠᠷᠤᠯᠲᠠ ᠵᠢᠨ ᠲᠤᠬᠠᠢ ᠴᠢᠬᠤᠯᠠ ᠵᠢᠭ᠋ᠠᠪᠤᠷᠢ ᠴᠣᠬᠣᠯᠠᠪᠤᠷᠢ ᠵᠢᠨ ᠵᠣᠷᠢᠭ ᠰᠠᠨᠠᠭ᠎ᠠ ᠵᠢᠴᠢ ᠨᠠᠮ᠎ᠤᠨ ᠲᠥᠪ ᠬᠣᠷᠢᠶ᠎ᠠ᠂ ᠲᠦᠷᠦ ᠵᠢᠨ ᠶᠠᠪᠤᠳᠠᠯ᠎ᠤᠨ ᠬᠣᠷᠢᠶᠠᠨ᠎ᠤ ᠰᠢᠢ᠍ᠳᠪᠦᠷᠢᠲᠦ ᠪᠣᠳᠣᠯᠭ᠎ᠠ ᠪᠠᠢ᠌ᠷᠢᠯᠠᠭᠤᠯᠤᠯᠲᠠ ᠵᠢ ᠪᠣᠳᠠᠲᠠᠢ ᠵᠦᠢ᠍ᠯ ᠵᠤᠷᠪᠤᠰ᠎ᠲᠤ ᠨᠠᠢ᠌ᠳᠠᠪᠤᠷᠢᠵᠢᠭᠤᠯᠪᠠ᠃ ᠬᠣᠶᠠᠷ᠎ᠲᠤ᠂ ᠶᠡᠷᠦᠩᠬᠡᠢ ᠴᠣᠭᠴᠠ ᠵᠢᠨ ᠤᠯᠤᠰ᠎ᠤᠨ ᠠᠮᠤᠷ ᠲᠦᠪᠰᠢᠨ᠎ᠤ ᠦᠵᠡᠯᠲᠡ ᠵᠢ ᠪᠠᠷᠢᠮᠲᠠᠯᠠᠵᠤ᠂ ᠬᠥᠭᠵᠢᠯᠲᠡ ᠪᠣᠯᠣᠨ ᠠᠮᠤᠷ ᠲᠦᠪᠰᠢᠨ᠎ᠢ ᠨᠢᠭᠡᠳᠦᠯᠲᠡᠢ ᠲᠥᠯᠥᠪᠵᠢᠭᠦᠯᠵᠦ᠂ ᠰᠦᠯᠵᠢᠶᠡᠨ᠎ᠤ ᠲᠣᠭ᠎ᠠ ᠪᠠᠷᠢᠮᠲᠠ ᠵᠢᠨ ᠠᠮᠤᠷ ᠲᠦᠪᠰᠢᠨ᠎ᠤ ᠬᠠᠮᠠᠭ᠋ᠠᠯᠠᠯᠲᠠ ᠵᠢ ᠴᠢᠩᠭ᠋ᠠᠳᠬᠠᠬᠤ ᠮᠥᠷᠲᠡᠭᠡᠨ ᠰᠦᠯᠵᠢᠶᠡᠨ᠎ᠤ ᠲᠣᠭ᠎ᠠ ᠪᠠᠷᠢᠮᠲᠠ ᠵᠢ ᠬᠠᠤᠯᠢ ᠶᠣᠰᠣᠭ᠋ᠠᠷ ᠵᠦᠢ ᠵᠣᠬᠢᠰᠲᠠᠢ ᠪᠦᠲᠦᠮᠵᠢᠲᠡᠢ ᠠᠰᠢᠭᠯᠠᠬᠤ ᠵᠢ ᠵᠣᠷᠢᠭᠵᠢᠭᠤᠯᠤᠨ ᠠᠬᠢᠭᠤᠯᠵᠠᠢ᠃ ᠭᠤᠷᠪᠠ᠎ᠳᠤ᠂ ᠠᠰᠠᠭᠤᠳᠠᠯ ᠵᠶ᠋ᠠᠷ ᠤᠳᠤᠷᠢᠳᠤᠮᠵᠢ ᠪᠣᠯᠭ᠋ᠠᠬᠤ ᠵᠢ ᠪᠠᠷᠢᠮᠲᠠᠯᠠᠵᠤ᠂ ᠬᠤᠪᠢ ᠬᠥᠮᠥᠨ᠎ᠤ ᠮᠡᠳᠡᠭᠡ ᠵᠠᠩᠭᠢ᠂ ᠴᠢᠬᠤᠯᠠ ᠳ᠋ᠠᠢ᠌ᠲ᠋ᠠ᠂ ᠰᠦᠯᠵᠢᠶᠡᠨ᠎ᠤ ᠳ᠋ᠠᠢ᠌ᠲ᠋ᠠ ᠵᠢᠨ ᠬᠢᠯᠢ ᠰᠤᠨᠳᠠᠯᠠᠨ ᠨᠡᠭᠦᠭᠦ ᠵᠡᠷᠭᠡ ᠲᠠᠯ᠎ᠠ ᠵᠢᠨ ᠲᠣᠪᠣᠢ᠌ᠮ᠎ᠠ ᠠᠰᠠᠭᠤᠳᠠᠯ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠬᠠᠨᠳᠤᠯᠭ᠋ᠠᠲᠤ ᠴᠢᠨᠠᠷᠲᠠᠢ᠎ᠪᠠᠷ ᠳᠦᠷᠢᠮ ᠪᠠ ᠠᠷᠭ᠎ᠠ ᠬᠡᠮᠵᠢᠶ᠎ᠡ ᠵᠢ ᠪᠦᠷᠢᠨᠰᠢᠭᠦᠯᠵᠡᠢ᠃ ᠳᠥᠷᠪᠡ᠎ᠳᠤ᠂ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ ᠵᠢ ᠪᠠᠷᠢᠮᠲᠠᠯᠠᠵᠤ᠂ 《ᠪᠦᠬᠦᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠰᠦᠯᠵᠢᠶᠡᠨ᠎ᠤ ᠠᠮᠤᠷ ᠲᠦᠪᠰᠢᠨ᠎ᠤ
ᠬᠠᠤᠯᠢ》᠂ 《ᠪᠦᠬᠦᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠲᠣᠭ᠎ᠠ ᠪᠠᠷᠢᠮᠲᠠ ᠵᠢᠨ ᠠᠮᠤᠷ ᠲᠦᠪᠰᠢᠨ᠎ᠤ ᠬᠠᠤᠯᠢ》᠂ 《ᠪᠦᠬᠦᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠬᠤᠪᠢ ᠬᠥᠮᠥᠨ᠎ᠤ ᠮᠡᠳᠡᠭᠡ ᠵᠠᠩᠭᠢ ᠵᠢ ᠬᠠᠮᠠᠭ᠋ᠠᠯᠠᠬᠤ ᠬᠠᠤᠯᠢ》 ᠵᠡᠷᠭᠡ ᠳᠡᠭᠡᠳᠦ ᠪᠠᠢ᠌ᠷᠢ ᠵᠢᠨ ᠬᠠᠤᠯᠢᠯᠤᠭᠠ ᠵᠢᠨ ᠬᠠᠷᠢᠴᠠᠭ᠎ᠠ ᠵᠢ ᠵᠣᠬᠢᠰᠲᠠᠢ ᠰᠢᠢ᠍ᠳᠪᠦᠷᠢᠯᠡᠵᠦ᠂ ᠬᠣᠯᠪᠣᠭᠳᠠᠯ ᠪᠦᠬᠦᠢ ᠳᠦᠷᠢᠮ ᠲᠣᠭᠲᠠᠭ᠋ᠠᠯ᠎ᠢ ᠨᠠᠷᠢᠯᠢᠭᠵᠢᠭᠤᠯᠵᠤ᠂ ᠨᠥᠬᠥᠪᠦᠷᠢᠯᠡᠵᠦ᠂ ᠲᠡᠭᠦᠯᠳᠡᠷᠵᠢᠭᠦᠯᠵᠡᠢ᠃