ᠨᠠᠮ᠎ᠤᠨ ᠬᠣᠷᠢᠳᠤᠭ᠋ᠠᠷ ᠶᠡᠬᠡ ᠬᠤᠷᠠᠯ ᠪᠠ ᠬᠣᠷᠢᠳᠤᠭ᠋ᠠᠷ ᠬᠤᠭᠤᠴᠠᠭ᠋ᠠᠨ᠎ᠤ ᠲᠥᠪ ᠬᠣᠷᠢᠶᠠᠨ᠎ᠤ ᠬᠣᠶᠠᠳᠤᠭ᠋ᠠᠷ᠂ ᠭᠤᠷᠪᠠᠳᠤᠭ᠋ᠠᠷ ᠪᠥᠬᠥᠳᠡ ᠬᠤᠷᠠᠯᠳᠤᠭ᠋ᠠᠨ᠎ᠤ ᠵᠣᠷᠢᠭ ᠰᠠᠨᠠᠭ᠎ᠠ ᠵᠢ ᠪᠥᠬᠥ ᠲᠠᠯ᠎ᠠ᠎ᠪᠠᠷ ᠲᠤᠭᠤᠰᠢᠯᠠᠭᠤᠯᠵᠤ᠂ ᠪᠥᠬᠥ ᠰᠤᠷᠤᠯᠭ᠎ᠠ ᠵᠢᠨ ᠬᠤᠭᠤᠴᠠᠭ᠋ᠠᠨ᠎ᠳᠠᠬᠢ ᠰᠣᠷᠣᠭᠴᠢᠳ᠎ᠢ ᠡᠳ᠋ ᠮᠥᠩᠭᠥ᠎ᠪᠠᠷ ᠲᠤᠰᠠᠯᠠᠬᠤ ᠲᠣᠭᠲᠠᠯᠴᠠᠭ᠎ᠠ ᠵᠢ ᠲᠡᠭᠦᠯᠳᠡᠷᠵᠢᠭᠦᠯᠬᠦ ᠵᠢᠨ ᠲᠥᠯᠥᠭᠡ᠂ ᠡᠳ᠋᠎ᠤᠨ ᠵᠠᠰᠠᠭ᠎ᠤᠨ ᠶᠠᠮᠤᠨ᠂ ᠰᠤᠷᠭ᠋ᠠᠨ ᠬᠥᠮᠦᠵᠢᠯ᠎ᠤᠨ ᠶᠠᠮᠤᠨ᠂ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠶᠠᠮᠤᠨ ᠳᠡᠭᠡᠳᠦ ᠵᠡᠷᠭᠡ ᠵᠢᠨ ᠰᠤᠷᠭ᠋ᠠᠨ ᠬᠥᠮᠦᠵᠢᠯ᠎ᠤᠨ ᠱᠠᠲᠤ ᠦᠶ᠎ᠡ ᠪᠠ ᠥᠨᠳᠥᠷ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠱᠠᠲᠤ ᠦᠶ᠎ᠡ᠎ᠳᠠᠬᠢ ᠤᠯᠤᠰ᠎ᠤᠨ ᠰᠤᠷᠤᠯᠭ᠎ᠠ ᠵᠢᠨ ᠱᠠᠩᠨᠠᠯ᠎ᠤᠨ ᠮᠥᠩᠭᠥ ᠪᠠ ᠰᠤᠷᠤᠯᠭ᠎ᠠ ᠵᠢᠨ ᠳᠡᠳᠬᠦᠪᠦᠷᠢ ᠵᠢᠨ ᠮᠥᠩᠭᠥᠨ᠎ᠤ ᠲᠥᠷᠥ ᠵᠢᠨ ᠪᠣᠳᠣᠯᠭ᠎ᠠ᠎ᠳᠤ ᠲᠣᠬᠢᠷᠠᠭᠤᠯᠤᠯᠲᠠ ᠬᠢᠬᠦ ᠲᠤᠬᠠᠢ ᠮᠡᠳᠡᠭᠳᠡᠯ》 (ᠡᠳ᠋ ᠰᠤᠷᠭ᠋ᠠᠨ [2024] 181 ᠳ᠋ᠦ᠍ᠭᠡᠷ ᠲᠣᠭ᠋ᠠᠲᠤ᠂ ᠳᠣᠷᠣᠭᠰᠢ 《ᠮᠡᠳᠡᠭᠳᠡᠯ》 ᠭᠡᠵᠦ ᠲᠣᠪᠴᠢᠯᠠᠪᠠ)᠎ᠢ ᠳᠠᠷᠤᠮᠠᠯᠯᠠᠨ ᠶᠠᠪᠤᠭᠤᠯᠪᠠ᠃ ᠣᠢ᠌ᠷ᠎ᠠ᠎ᠳᠤ᠂ ᠡᠳ᠋᠎ᠤᠨ ᠵᠠᠰᠠᠭ᠎ᠤᠨ ᠶᠠᠮᠤᠨ᠂ ᠰᠤᠷᠭ᠋ᠠᠨ ᠬᠥᠮᠦᠵᠢᠯ᠎ᠤᠨ ᠶᠠᠮᠤᠨ᠂ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠶᠠᠮᠤᠨ᠎ᠤ ᠬᠣᠯᠪᠣᠭᠳᠠᠯ ᠪᠦᠬᠦᠢ ᠵᠤᠷᠭ᠋ᠠᠨ ᠲᠣᠪᠴᠢᠶᠠᠨ᠎ᠤ ᠬᠠᠷᠢᠭᠤᠴᠠᠯᠭ᠋ᠠᠲᠠᠳ ᠰᠣᠷᠣᠭᠴᠢᠳ᠎ᠢ ᠡᠳ᠋ ᠮᠥᠩᠭᠥ᠎ᠪᠠᠷ ᠲᠤᠰᠠᠯᠠᠬᠤ ᠲᠥᠷᠥ ᠵᠢᠨ ᠪᠣᠳᠣᠯᠭ᠎ᠠ᠎ᠳᠠᠬᠢ ᠲᠣᠰ ᠤᠳᠠᠭ᠋ᠠᠨ᠎ᠤ ᠲᠣᠬᠢᠷᠠᠭᠤᠯᠤᠯᠲᠠ ᠵᠢᠨ ᠠᠬᠤᠢ ᠪᠠᠢ᠌ᠳᠠᠯ ᠪᠠ ᠠᠴᠢ ᠬᠣᠯᠪᠣᠭᠳᠠᠯ᠂ ᠳᠣᠬᠢᠷᠠᠭᠤᠯᠬᠤ ᠵᠠᠷᠴᠢᠮ᠂ ᠭᠣᠣᠯ ᠠᠭᠤᠯᠭ᠎ᠠ᠂ ᠨᠠᠢ᠌ᠳᠠᠪᠤᠷᠢᠵᠢᠭᠤᠯᠬᠤ ᠱᠠᠭ᠋ᠠᠷᠳᠠᠯᠭ᠎ᠠ ᠵᠡᠷᠭᠡ ᠠᠰᠠᠭᠤᠳᠠᠯ᠎ᠤᠨ ᠲᠠᠯ᠎ᠠ᠎ᠪᠠᠷ ᠰᠤᠷᠪᠤᠯᠵᠢᠯᠠᠭᠴᠢ ᠵᠢᠨ ᠠᠰᠠᠭᠤᠯᠲᠠ᠎ᠨᠤᠭᠤᠳ᠎ᠢ ᠬᠠᠷᠢᠭᠤᠯᠵᠠᠢ᠃
ᠨᠢᠭᠡ᠂ ᠲᠣᠰ ᠤᠳᠠᠭ᠋ᠠᠨ᠎ᠤ ᠲᠥᠷᠥ ᠵᠢᠨ ᠪᠣᠳᠣᠯᠭ᠎ᠠ᠎ᠳᠤ ᠲᠣᠬᠢᠷᠠᠭᠤᠯᠤᠯᠲᠠ ᠬᠢᠭᠰᠡᠨ ᠠᠬᠤᠢ ᠪᠠᠢ᠌ᠳᠠᠯ ᠪᠠ ᠠᠴᠢ ᠬᠣᠯᠪᠣᠭᠳᠠᠯ᠎ᠨᠢ ᠶᠠᠭᠤ ᠪᠣᠶ?
ᠬᠠᠷᠢᠭᠤᠯᠲᠠ᠄ ᠣᠳᠣᠬᠠᠨ᠎ᠳᠤ᠂ ᠮᠠᠨ᠎ᠤ ᠤᠯᠤᠰ ᠨᠢᠭᠡᠨᠲᠡ ᠰᠣᠷᠣᠭᠴᠢᠳ᠎ᠢ ᠡᠳ᠋ ᠮᠥᠩᠭᠥ᠎ᠪᠠᠷ ᠲᠤᠰᠠᠯᠠᠬᠤ ᠳᠡᠯᠡᠬᠡᠢ ᠳᠡᠭᠡᠷᠡᠬᠢ ᠬᠠᠮᠤᠭ᠎ᠤᠨ ᠶᠡᠬᠡ ᠬᠡᠪᠴᠢᠶᠡᠲᠡᠢ ᠲᠣᠭᠲᠠᠯᠴᠠᠭ᠎ᠠ ᠵᠢ ᠪᠠᠢ᠌ᠭᠤᠯᠤᠭ᠋ᠠᠳ᠂ ᠬᠡᠪᠴᠢᠶᠡᠨ᠎ᠤ ᠲᠠᠯ᠎ᠠ᠎ᠪᠠᠷ ᠪᠦᠬᠦᠢ᠌ᠯᠡ ᠰᠤᠷᠤᠯᠭ᠎ᠠ ᠵᠢᠨ ᠱᠠᠲᠤ ᠦᠶ᠎ᠡ᠂ ᠪᠦᠬᠦᠢ᠌ᠯᠡ ᠰᠤᠷᠭ᠋ᠠᠭᠤᠯᠢ᠂ ᠪᠦᠬᠦᠢ᠌ᠯᠡ ᠭᠡᠷ᠎ᠤᠨ ᠠᠮᠢᠳᠤᠷᠠᠯ᠎ᠨᠢ ᠬᠦᠴᠢᠷᠳᠡᠯ᠎ᠲᠠᠢ ᠰᠤᠷᠤᠭᠴᠢᠳ ᠪᠦᠬᠦᠨ᠎ᠢ ᠬᠠᠮᠤᠷᠴᠤ᠂ ᠣᠷᠣᠭᠤᠯᠤᠯᠲᠠ ᠵᠢᠨ ᠲᠠᠯ᠎ᠠ᠎ᠪᠠᠷ ᠡᠯ᠎ᠡ ᠱᠠᠲᠤᠨ᠎ᠤ ᠡᠳ᠋᠎ᠤᠨ ᠵᠠᠰᠠᠭ ᠰᠣᠷᠣᠭᠴᠢᠳ᠎ᠢ ᠡᠳ᠋ ᠮᠥᠩᠭᠥ᠎ᠪᠠᠷ ᠲᠤᠰᠠᠯᠠᠬᠤ ᠨᠥᠬᠥᠪᠦᠷᠢ ᠵᠢᠨ ᠵᠠᠷᠤᠳᠠᠯ᠎ᠢ ᠡᠩ ᠲᠡᠷᠢᠭᠦᠨ᠎ᠳᠤ ᠪᠠᠲᠤᠯᠠᠵᠤ᠂ ᠳᠦᠷᠢᠮ᠎ᠤᠨ ᠲᠠᠯ᠎ᠠ᠎ᠪᠠᠷ ᠨᠢᠭᠡ ᠰᠤᠷᠤᠭᠴᠢ ᠵᠢ ᠴᠤ᠌ ᠭᠡᠷ᠎ᠤᠨ ᠠᠮᠢᠳᠤᠷᠠᠯ᠎ᠨᠢ ᠬᠦᠴᠢᠷᠳᠡᠯᠲᠡᠢ᠎ᠠᠴᠠ ᠪᠣᠯᠵᠤ ᠰᠤᠷᠤᠯᠭ᠎ᠠ ᠠᠯᠳᠠᠭᠤᠯᠬᠤ ᠦᠭᠡᠢ ᠪᠠᠢ᠌ᠯᠭ᠋ᠠᠨ᠂ ᠴᠢᠳᠠᠮᠵᠢ ᠵᠢᠨ ᠲᠠᠯ᠎ᠠ᠎ᠪᠠᠷ ᠰᠢᠨᠵᠢᠯᠡᠬᠦ ᠤᠬᠠᠭ᠋ᠠᠨ ᠰᠤᠷᠭ᠋ᠠᠨ ᠬᠥᠮᠦᠵᠢᠯ ᠵᠶ᠋ᠡᠷ ᠤᠯᠤᠰ ᠵᠶ᠋ᠠᠨ ᠮᠠᠨᠳᠤᠭᠤᠯᠬᠤ ᠪᠠᠢ᠌ᠯᠳᠤᠬᠤ ᠪᠣᠳᠣᠯᠭ᠎ᠠ ᠵᠢ ᠭᠦᠨᠵᠡᠭᠡᠢ ᠬᠡᠷᠡᠭᠵᠢᠭᠦᠯᠬᠦ᠂ ᠶᠠᠳᠠᠭᠤ᠎ᠠᠴᠠ ᠠᠩᠭᠢᠵᠢᠷᠠᠭᠤᠯᠬᠤ ᠰᠢᠪᠲᠤᠯᠤᠯᠲᠠ ᠵᠢᠨ ᠳᠠᠢ᠌ᠯᠠᠯᠳᠤᠭ᠋ᠠᠨ᠎ᠤ ᠢᠯᠠᠯᠲᠠ ᠵᠢ ᠡᠷᠡᠰ ᠣᠯᠬᠤ᠂ ᠴᠢᠨᠡᠭᠡᠯᠢᠭ ᠨᠡᠢ᠌ᠭᠡᠮ᠎ᠢ ᠪᠦᠬᠦ ᠲᠠᠯ᠎ᠠ᠎ᠪᠠᠷ ᠪᠡᠶᠡᠯᠡᠭᠦᠯᠬᠦ᠎ᠳᠤ ᠬᠦᠴᠢᠷᠳᠡᠯᠲᠡᠢ ᠵᠢ ᠲᠤᠰᠠᠯᠠᠬᠤ᠂ ᠰᠢᠯᠢᠳᠡᠭ᠎ᠢ ᠱᠠᠩᠨᠠᠬᠤ᠂ ᠬᠥᠲᠥᠯᠥᠨ ᠵᠢᠯᠤᠭᠣᠳᠬᠤ᠂ ᠬᠥᠮᠥᠨ ᠬᠥᠮᠥᠵᠢᠭᠦᠯᠬᠦ ᠴᠢᠬᠤᠯᠠ ᠦᠢ᠍ᠯᠡᠳᠦᠯ ᠭᠠᠷᠭ᠋ᠠᠪᠠ᠃
ᠣᠢ᠌ᠷ᠎ᠠ ᠵᠢᠨ ᠵᠢᠯ᠎ᠤᠳ᠎ᠲᠤ᠂ ᠨᠠᠮ᠎ᠤᠨ ᠲᠥᠪ ᠬᠣᠷᠢᠶ᠎ᠠ᠂ ᠲᠥᠷᠥ ᠵᠢᠨ ᠶᠠᠪᠤᠳᠠᠯ᠎ᠤᠨ ᠬᠣᠷᠢᠶᠠᠨ᠎ᠤ ᠰᠢᠢ᠍ᠳᠪᠦᠷᠢᠲᠦ ᠪᠣᠳᠣᠯᠭ᠎ᠠ ᠪᠠᠢ᠌ᠷᠢᠯᠠᠭᠤᠯᠤᠯᠲᠠ ᠶᠣᠰᠣᠭ᠋ᠠᠷ᠂ ᠡᠳ᠋᠎ᠤᠨ ᠵᠠᠰᠠᠭ᠎ᠤᠨ ᠶᠠᠮᠤᠨ᠎ᠨᠢ ᠰᠤᠷᠭ᠋ᠠᠨ ᠬᠥᠮᠦᠵᠢᠯ᠎ᠤᠨ ᠶᠠᠮᠤᠨ᠂ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠶᠠᠮᠤᠨ ᠵᠡᠷᠭᠡ ᠬᠣᠯᠪᠣᠭᠳᠠᠯ ᠪᠦᠬᠦᠢ ᠰᠠᠯᠠᠭ᠎ᠠ ᠮᠥᠴᠢᠷ᠎ᠲᠠᠢ ᠬᠠᠮᠲᠤᠷᠠᠨ᠂ ᠰᠣᠷᠣᠭᠴᠢᠳ᠎ᠢ ᠡᠳ᠋ ᠮᠥᠩᠭᠥ᠎ᠪᠠᠷ ᠲᠤᠰᠠᠯᠠᠬᠤ ᠤᠯᠤᠰ᠎ᠤᠨ ᠲᠥᠷᠥ ᠵᠢᠨ ᠪᠣᠳᠣᠯᠭ᠎ᠠ ᠵᠢᠨ ᠲᠣᠭᠲᠠᠯᠴᠠᠭ᠎ᠠ ᠵᠢ ᠲᠠᠰᠤᠷᠠᠯᠲᠠ ᠦᠭᠡᠢ ᠲᠡᠭᠦᠯᠳᠡᠷᠵᠢᠭᠦᠯᠦᠨ᠂ ᠤᠯᠤᠰ᠎ᠤᠨ ᠡᠳ᠋ ᠮᠥᠩᠭᠥ᠎ᠪᠠᠷ ᠲᠤᠰᠠᠯᠠᠬᠤ ᠪᠠᠷᠢᠮᠵᠢᠶᠠᠨ᠎ᠳᠤ ᠵᠣᠬᠢᠰᠲᠠᠢ ᠴᠠᠭᠲᠤᠨᠢ ᠬᠥᠳᠡᠯᠦᠩᠭᠦᠢ ᠲᠣᠬᠢᠷᠠᠭᠤᠯᠤᠯᠲᠠ ᠬᠢᠵᠦ᠂ ᠡᠳ᠋᠎ᠤᠨ ᠵᠠᠰᠠᠭ᠎ᠤᠨ ᠣᠷᠣᠭᠤᠯᠤᠯᠲᠠ ᠵᠢᠨ ᠡᠷᠴᠢᠮ ᠵᠶ᠋ᠡᠨ ᠦᠷᠭᠦᠯᠵᠢᠯᠡᠨ ᠴᠢᠩᠭ᠋ᠠᠷᠠᠭᠤᠯᠤᠭ᠋ᠠᠳ ᠤᠯᠤᠰ᠎ᠤᠨ ᠡᠳ᠋ ᠮᠥᠩᠭᠥ᠎ᠪᠠᠷ ᠲᠤᠰᠠᠯᠠᠬᠤ ᠬᠢᠷᠢ ᠲᠦᠪᠰᠢᠨ᠎ᠢ ᠠᠯᠬᠤᠮ ᠠᠯᠬᠤᠮ ᠵᠶ᠋ᠠᠷ ᠳᠡᠭᠡᠭᠰᠢᠯᠡᠭᠦᠯᠪᠡ᠃ 2023 ᠣᠨ᠎ᠳᠤ᠂ ᠪᠥᠬᠥ ᠤᠯᠤᠰ᠎ᠲᠤ ᠡᠯ᠎ᠡ ᠰᠤᠷᠤᠯᠭ᠎ᠠ ᠵᠢᠨ ᠱᠠᠲᠤᠨ᠎ᠤ ᠰᠣᠷᠣᠭᠴᠢᠳ᠎ᠢ ᠨᠡᠶ᠋ᠢᠲᠡ 1.6 ᠳ᠋ᠦᠩᠰᠢᠭᠤᠷ ᠬᠥᠮᠥᠨ ᠤᠳᠠᠭ᠎ᠠ ᠡᠳ᠋ ᠮᠥᠩᠭᠥ᠎ᠪᠠᠷ ᠲᠤᠰᠠᠯᠠᠵᠤ᠂ ᠲᠤᠰᠠᠯᠠᠭᠰᠠᠨ ᠵᠣᠭᠣᠰᠤᠨ᠎ᠤ ᠲᠣᠭ᠎ᠠ ᠨᠡᠶ᠋ᠢᠲᠡ 3111 ᠳ᠋ᠦᠩᠰᠢᠭᠤᠷ ᠲᠥᠭᠥᠷᠢᠭ᠎ᠲᠤ ᠬᠦᠷᠴᠡᠢ᠃ ᠡᠭᠦᠨ᠎ᠳᠤ᠂ ᠪᠦᠬᠦ ᠤᠯᠤᠰ᠎ᠤᠨ ᠡᠳ᠋᠎ᠤᠨ ᠵᠠᠰᠠᠭ᠎ᠠᠴᠠ 2161 ᠳ᠋ᠦᠩᠰᠢᠭᠤᠷ ᠲᠥᠭᠥᠷᠢᠭ᠎ᠤᠨ ᠪᠡᠯᠡ ᠣᠷᠣᠭᠤᠯᠤᠭᠰᠠᠨ᠎ᠨᠢ ᠪᠠᠷᠤᠭ ᠡᠳ᠋ ᠮᠥᠩᠭᠥ᠎ᠪᠠᠷ ᠲᠤᠰᠠᠯᠠᠭᠰᠠᠨ ᠪᠦᠬᠦ ᠵᠣᠭᠣᠰᠤᠨ᠎ᠤ ᠲᠣᠭ᠋ᠠᠨ᠎ᠤ 69% ᠵᠢ ᠡᠵᠡᠯᠡᠵᠦ᠂ ᠭᠡᠷ᠎ᠤᠨ ᠠᠮᠢᠳᠤᠷᠠᠯ᠎ᠨᠢ ᠬᠦᠴᠢᠷᠳᠡᠯᠲᠡᠢ ᠰᠤᠷᠤᠭᠴᠢᠳ᠎ᠤᠨ ᠠᠵᠤ ᠠᠬᠤᠢ ᠵᠢᠨ ᠳᠠᠷᠤᠭ᠋ᠠᠰᠤ ᠵᠢ ᠶᠡᠬᠡ᠎ᠪᠠᠷ ᠬᠥᠩᠭᠡᠷᠡᠭᠦᠯᠦᠨ᠂ ᠲᠡᠳᠡᠨ᠎ᠤ ᠰᠤᠷᠭ᠋ᠠᠭᠤᠯᠢ᠎ᠳᠤ ᠤᠷᠤᠭᠰᠢᠲᠠᠢ ᠣᠷᠣᠬᠤ᠂ ᠰᠡᠳᠬᠢᠯ ᠠᠮᠤᠷ ᠰᠤᠷᠤᠯᠴᠠᠬᠤ ᠵᠢ᠎ᠨᠢ ᠪᠠᠲᠤᠯᠠᠵᠤ᠂ ᠰᠤᠷᠤᠯᠭ᠎ᠠ᠎ᠳᠤ᠎ᠪᠠᠨ ᠠᠮᠵᠢᠯᠲᠠ ᠣᠯᠵᠤ᠂ ᠪᠦᠬᠦ ᠲᠠᠯ᠎ᠠ᠎ᠪᠠᠷ ᠬᠥᠭᠵᠢᠬᠦ ᠵᠢ᠎ᠨᠢ ᠤᠷᠮᠠᠰᠢᠭᠤᠯᠤᠨ ᠵᠣᠷᠢᠭᠵᠢᠭᠤᠯᠪᠠ᠃
ᠨᠡᠢ᠌ᠭᠡᠮ ᠠᠵᠤ ᠠᠬᠤᠢ ᠵᠢᠨ ᠬᠥᠭᠵᠢᠯᠲᠡ ᠵᠢᠨ ᠬᠢᠷᠢ ᠲᠦᠪᠰᠢᠨ᠎ᠤ ᠳᠡᠭᠡᠭᠰᠢᠯᠡᠬᠦ ᠪᠠ ᠰᠤᠷᠭ᠋ᠠᠭᠤᠯᠢ᠎ᠳᠤ ᠪᠠᠢ᠌ᠭ᠎ᠠ ᠰᠤᠷᠤᠭᠴᠢᠳ᠎ᠤᠨ ᠲᠣᠭ᠎ᠠ ᠨᠡᠮᠡᠭᠳᠡᠬᠦ ᠵᠢ ᠳᠠᠭ᠋ᠠᠯᠳᠤᠨ᠂ ᠤᠯᠤᠰ᠎ᠤᠨ ᠰᠤᠷᠤᠯᠭ᠎ᠠ ᠵᠢᠨ ᠱᠠᠩᠨᠠᠯ᠎ᠤᠨ ᠮᠥᠩᠭᠥ᠎ᠪᠠᠷ ᠱᠠᠩᠨᠠᠬᠤ ᠣᠷᠣᠨ ᠲᠣᠭ᠎ᠠ ᠵᠢ ᠵᠣᠬᠢᠬᠤ ᠬᠡᠮᠵᠢᠶ᠎ᠡ᠎ᠪᠠᠷ ᠨᠡᠮᠡᠭᠳᠡᠭᠦᠯᠵᠦ᠂ ᠤᠯᠤᠰ᠎ᠤᠨ ᠰᠤᠷᠤᠯᠭ᠎ᠠ ᠵᠢᠨ ᠳᠡᠳᠬᠦᠪᠦᠷᠢ ᠵᠢᠨ ᠮᠥᠩᠭᠥ᠎ᠪᠠᠷ ᠲᠤᠰᠠᠯᠠᠬᠤ ᠪᠠᠷᠢᠮᠵᠢᠶ᠎ᠠ ᠵᠢ ᠵᠣᠬᠢᠰᠲᠠᠢ᠎ᠪᠠᠷ ᠳᠡᠭᠡᠭᠰᠢᠯᠡᠭᠦᠯᠬᠦ ᠬᠡᠷᠡᠭᠲᠡᠢ ᠬᠡᠮᠡᠨ ᠬᠡᠰᠡᠭ ᠭᠠᠵᠠᠷ ᠣᠷᠣᠨ ᠪᠠ ᠰᠤᠷᠭ᠋ᠠᠭᠤᠯᠢ᠎ᠨᠤᠭᠤᠳ ᠲᠤᠰᠬᠠᠭᠰᠠᠨ ᠪᠠᠢ᠌ᠨ᠎ᠠ᠃ ᠲᠣᠰ ᠤᠳᠠᠭ᠋ᠠᠨ᠎ᠤ ᠰᠣᠷᠣᠭᠴᠢᠳ᠎ᠢ ᠡᠳ᠋ ᠮᠥᠩᠭᠥ᠎ᠪᠠᠷ ᠲᠤᠰᠠᠯᠠᠬᠤ ᠲᠥᠷᠥ ᠵᠢᠨ ᠪᠣᠳᠣᠯᠭ᠎ᠠ᠎ᠳᠠᠬᠢ ᠲᠣᠬᠢᠷᠠᠭᠤᠯᠤᠯᠲᠠ ᠪᠣᠯ ᠲᠥᠪ ᠬᠣᠷᠢᠶᠠᠨ᠎ᠤ ᠤᠯᠤᠰ ᠲᠥᠷᠥ ᠵᠢᠨ ᠲᠣᠪᠴᠢᠶᠠᠨ᠎ᠤ ᠪᠠᠢ᠌ᠩᠭᠤ ᠵᠢᠨ ᠬᠣᠷᠢᠶᠠᠨ᠎ᠤ ᠬᠤᠷᠠᠯᠳᠤᠭ᠋ᠠᠨ᠂ ᠲᠥᠪ ᠬᠣᠷᠢᠶᠠᠨ᠎ᠤ ᠤᠯᠤᠰ ᠲᠥᠷᠥ ᠵᠢᠨ ᠲᠣᠪᠴᠢᠶᠠᠨ᠎ᠤ ᠬᠤᠷᠠᠯᠳᠤᠭ᠋ᠠᠨ᠎ᠤ ᠨᠡᠮᠡᠭᠳᠡᠯ᠎ᠤᠨ ᠬᠠᠮ ᠲᠥᠷᠥ ᠵᠢᠨ ᠪᠣᠳᠣᠯᠭ᠎ᠠ ᠵᠢᠨ ᠲᠤᠬᠠᠢ ᠪᠠᠢ᠌ᠷᠢᠯᠠᠭᠤᠯᠤᠯᠲᠠ ᠵᠢᠨ ᠴᠢᠬᠤᠯᠠ ᠠᠷᠭ᠎ᠠ ᠪᠠᠷᠢᠯ ᠪᠣᠯᠣᠨ᠎ᠠ᠂ ᠲᠣᠰ ᠳᠣᠬᠢᠷᠠᠭᠤᠯᠤᠯᠲᠠ᠎ᠨᠢ ᠨᠡᠩ ᠶᠡᠬᠡ ᠡᠷᠴᠢᠮ ᠵᠶ᠋ᠡᠷ ᠰᠢᠯᠢᠳᠡᠭ᠎ᠢ ᠱᠠᠩᠨᠠᠨ ᠬᠦᠴᠢᠷᠳᠡᠯᠲᠡᠢ ᠵᠢ ᠲᠤᠰᠠᠯᠠᠬᠤ᠂ ᠨᠡᠩ ᠣᠯᠠᠨ ᠰᠤᠷᠤᠭᠴᠢᠳ᠎ᠢ ᠬᠠᠮᠤᠷᠬᠤ᠎ᠪᠠᠷ ᠳᠠᠮᠵᠢᠭᠤᠯᠤᠨ᠂ ᠥᠷᠭᠡᠨ ᠤᠯᠠᠨ ᠰᠤᠷᠤᠭᠴᠢᠳ᠎ᠤᠨ ᠰᠢᠷᠭ᠋ᠠᠭᠤ ᠰᠤᠷᠤᠯᠴᠠᠬᠤ᠂ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠳᠤ ᠰᠢᠮᠳᠠᠬᠤ ᠵᠢ᠎ᠨᠢ ᠤᠷᠮᠠᠰᠢᠭᠤᠯᠤᠨ ᠬᠥᠭᠵᠢᠭᠡᠵᠦ᠂ ᠰᠢᠨ᠎ᠡ ᠵᠢ ᠡᠭᠦᠳᠬᠦ ᠣᠷᠣᠢ᠌ᠯᠠᠭᠰᠠᠨ ᠴᠢᠳᠠᠪᠤᠷᠢᠲᠠᠳ᠂ ᠪᠠᠴᠢᠮ ᠱᠠᠭ᠋ᠠᠷᠳᠠᠭᠳᠠᠵᠤ ᠪᠠᠢ᠌ᠭ᠎ᠠ ᠴᠢᠳᠠᠪᠤᠷᠢᠲᠠᠳ ᠬᠥᠮᠥᠵᠢᠭᠳᠡᠬᠦ ᠵᠢ ᠨᠡᠩ ᠪᠦᠲᠦᠮᠵᠢᠲᠡᠢ ᠠᠬᠢᠭᠤᠯᠬᠤ ᠪᠣᠯᠣᠨ᠎ᠠ; ᠲᠡᠷᠡᠴᠢᠯᠡᠨ᠂ ᠭᠡᠷ᠎ᠤᠨ ᠠᠮᠢᠳᠤᠷᠠᠯ᠎ᠨᠢ ᠬᠦᠴᠢᠷᠳᠡᠯᠲᠡᠢ ᠰᠤᠷᠤᠭᠴᠢᠳ᠎ᠤᠨ ᠰᠡᠳᠬᠢᠯ ᠠᠮᠤᠷ ᠰᠤᠷᠤᠯᠴᠠᠬᠤ᠂ ᠰᠤᠷᠤᠯᠭ᠎ᠠ᠎ᠪᠠᠨ ᠤᠷᠤᠭᠰᠢᠲᠠᠢ ᠲᠡᠭᠦᠰᠬᠡᠬᠦ ᠵᠢ ᠨᠡᠩ ᠰᠠᠢ᠌ᠲᠤᠷ ᠪᠠᠲᠤᠯᠠᠵᠤ᠂ ᠰᠤᠷᠭ᠋ᠠᠨ ᠬᠥᠮᠦᠵᠢᠯ᠎ᠤᠨ ᠭᠣᠣᠯᠴᠢ ᠪᠠᠢ᠌ᠬᠤ ᠵᠢ ᠨᠡᠩ ᠪᠦᠲᠦᠮᠵᠢᠲᠡᠶ ᠠᠬᠢᠭᠤᠯᠤᠨ᠂ ᠤᠯᠤᠰ ᠵᠶ᠋ᠠᠨ ᠬᠦᠴᠦᠷᠬᠡᠭᠵᠢᠭᠦᠯᠬᠦ ᠪᠦᠲᠦᠭᠡᠨ ᠪᠠᠢ᠌ᠭᠤᠯᠤᠯᠲᠠ᠂ ᠦᠨᠳᠦᠰᠦᠲᠡᠨ᠎ᠤ ᠰᠡᠷᠭᠦᠨ ᠮᠠᠨᠳᠤᠯᠲᠠ ᠵᠢ ᠠᠬᠢᠭᠤᠯᠬᠤ᠎ᠳᠤ ᠪᠠᠲᠤ ᠲᠦᠰᠢᠭ ᠲᠤᠯᠭ᠋ᠠᠭᠤᠷᠢ ᠪᠣᠯᠬᠤ ᠪᠣᠯᠣᠨ᠎ᠠ᠃
ᠬᠣᠶᠠᠷ᠂ ᠲᠣᠰ ᠤᠳᠠᠭ᠋ᠠᠨ᠎ᠤ ᠲᠥᠷᠥ ᠵᠢᠨ ᠪᠣᠳᠣᠯᠭ᠎ᠠ ᠵᠢᠨ ᠲᠣᠬᠢᠷᠠᠭᠤᠯᠤᠯᠲᠠ᠎ᠳᠤ ᠶᠠᠭᠤ ᠵᠢ ᠶᠡᠷᠦᠩᠬᠡᠢ᠌ᠯᠡᠨ ᠪᠣᠳᠣᠯᠬᠢᠯᠠᠭᠰᠠᠨ ᠪᠣᠶ?
ᠬᠠᠷᠢᠭᠤᠯᠲᠠ᠄ ᠲᠣᠰ ᠤᠳᠠᠭ᠋ᠠᠨ᠎ᠤ ᠲᠥᠷᠥ ᠵᠢᠨ ᠪᠣᠳᠣᠯᠭ᠎ᠠ ᠵᠢᠨ ᠲᠣᠬᠢᠷᠠᠭᠤᠯᠤᠯᠲᠠ᠎ᠳᠤ 《ᠭᠤᠷᠪᠠ ᠵᠢ ᠨᠢᠭᠡᠳᠦᠯᠲᠡᠢ ᠲᠥᠯᠥᠪᠯᠡᠨ ᠪᠣᠳᠣᠯᠬᠢᠯᠠᠬᠤ》 ᠵᠢ ᠪᠠᠷᠢᠮᠲᠠᠯᠠᠪᠠ᠃ ᠨᠢᠭᠡ᠎ᠳᠤ ᠤᠯᠤᠰ᠎ᠤᠨ ᠪᠠᠢ᠌ᠯᠳᠤᠬᠤ ᠪᠣᠳᠣᠯᠭ᠎ᠠ᠎ᠳᠤ ᠦᠢ᠍ᠯᠡᠴᠢᠯᠡᠬᠦ ᠪᠠ ᠠᠷᠠᠳ᠎ᠤᠨ ᠠᠮᠢᠳᠤᠷᠠᠯ᠎ᠤᠨ ᠬᠡᠷᠡᠭᠴᠡᠭᠡ ᠵᠢ ᠬᠠᠩᠭ᠋ᠠᠬᠤ ᠵᠢ ᠨᠢᠭᠡᠳᠦᠯᠲᠡᠢ ᠲᠥᠯᠥᠪᠯᠡᠨ ᠪᠣᠳᠣᠯᠬᠢᠯᠠᠪᠠ᠃ ᠤᠯᠤᠰ᠎ᠤᠨ ᠰᠤᠷᠤᠯᠭ᠎ᠠ ᠵᠢᠨ ᠱᠠᠩᠨᠠᠯ᠎ᠤᠨ ᠮᠥᠩᠭᠥ᠎ᠪᠠᠷ ᠱᠠᠩᠨᠠᠬᠤ ᠣᠷᠣᠨ ᠲᠣᠭ᠎ᠠ ᠵᠢ ᠶᠡᠬᠡ᠎ᠪᠠᠷ ᠨᠡᠮᠡᠭᠳᠡᠭᠦᠯᠵᠦ᠂ ᠰᠤᠷᠤᠯᠭ᠎ᠠ ᠵᠢᠨ ᠱᠠᠩᠨᠠᠯ᠎ᠤᠨ ᠮᠥᠩᠭᠥ᠎ᠪᠠᠷ ᠱᠠᠩᠨᠠᠬᠤ ᠪᠠᠷᠢᠮᠵᠢᠶ᠎ᠠ ᠵᠢ ᠳᠡᠭᠡᠭᠰᠢᠯᠡᠭᠦᠯᠦᠨ᠂ ᠮᠣᠷᠠᠯ ᠰᠤᠷᠤᠯᠭ᠎ᠠ ᠬᠣᠣᠰᠯᠠᠭᠰᠠᠨ ᠰᠣᠷᠣᠭᠴᠢᠳ᠎ᠢ ᠱᠠᠩᠨᠠᠬᠤ ᠡᠷᠴᠢᠮ ᠵᠶ᠋ᠡᠨ ᠴᠢᠩᠭ᠋ᠠᠷᠠᠭᠤᠯᠪᠠ; ᠪᠠᠰᠠ ᠤᠯᠤᠰ᠎ᠤᠨ ᠰᠤᠷᠤᠯᠭ᠎ᠠ ᠵᠢᠨ ᠳᠡᠳᠬᠦᠪᠦᠷᠢ ᠵᠢᠨ ᠮᠥᠩᠭᠥ᠎ᠪᠠᠷ ᠲᠤᠰᠠᠯᠠᠬᠤ ᠪᠠᠷᠢᠮᠵᠢᠶ᠎ᠠ ᠵᠢ ᠵᠣᠬᠢᠬᠤ ᠬᠡᠮᠵᠢᠶ᠎ᠡ᠎ᠪᠠᠷ ᠳᠡᠭᠡᠭᠰᠢᠯᠡᠭᠦᠯᠦᠨ᠂ ᠭᠡᠷ᠎ᠤᠨ ᠠᠮᠢᠳᠤᠷᠠᠯ᠎ᠨᠢ ᠬᠦᠴᠢᠷᠳᠡᠯᠲᠡᠢ ᠰᠤᠷᠤᠭᠴᠢᠳ᠎ᠢ ᠬᠠᠪᠰᠤᠷᠤᠨ ᠠᠮᠢᠳᠤᠷᠠᠯ᠎ᠤᠨ ᠬᠦᠴᠢᠷᠳᠡᠯ᠎ᠢ᠎ᠨᠢ ᠨᠡᠩ ᠰᠠᠢ᠌ᠨ ᠰᠢᠢ᠍ᠳᠪᠦᠷᠢᠯᠡᠵᠦ᠂ ᠤᠯᠤᠰ᠎ᠤᠨ ᠡᠯ᠎ᠡ ᠲᠦᠷᠦᠯ᠎ᠤᠨ ᠰᠤᠷᠤᠯᠭ᠎ᠠ ᠵᠢᠨ ᠱᠠᠩᠨᠠᠯ᠎ᠤᠨ ᠮᠥᠩᠭᠥ ᠪᠠ ᠰᠤᠷᠤᠯᠭ᠎ᠠ ᠵᠢᠨ ᠳᠡᠳᠬᠦᠪᠦᠷᠢ ᠵᠢᠨ ᠮᠥᠩᠭᠥ ᠵᠢᠨ ᠤᠷᠮᠠᠰᠢᠭᠤᠯᠤᠨ ᠵᠣᠷᠢᠭᠵᠢᠭᠤᠯᠬᠤ ᠪᠠ ᠪᠠᠲᠤᠯᠠᠬᠤ ᠦᠢ᠍ᠯᠡᠳᠦᠯ᠎ᠢ᠎ᠨᠢ ᠨᠡᠩ ᠰᠠᠢ᠌ᠲᠤᠷ ᠪᠠᠳᠠᠷᠠᠭᠤᠯᠬᠤ ᠪᠣᠯᠭ᠋ᠠᠪᠠ᠃ ᠬᠣᠶᠠᠷ᠎ᠲᠤ ᠪᠠᠷᠢᠮᠵᠢᠶ᠎ᠠ ᠵᠢ ᠳᠡᠭᠡᠭᠰᠢᠯᠡᠭᠦᠯᠬᠦ ᠪᠠ ᠬᠡᠪᠴᠢᠶ᠎ᠡ ᠵᠢ ᠥᠷᠭᠡᠳᠬᠡᠬᠦ ᠵᠢ ᠨᠢᠭᠡᠳᠦᠯᠲᠡᠢ ᠲᠥᠯᠥᠪᠯᠡᠨ ᠪᠣᠳᠣᠯᠬᠢᠯᠠᠪᠠ᠃ ᠳᠡᠭᠡᠳᠦ ᠵᠡᠷᠭᠡ ᠵᠢᠨ ᠰᠤᠷᠭ᠋ᠠᠭᠤᠯᠢ ᠵᠢᠨ ᠵᠢᠩᠬᠢᠨᠢ ᠠᠩᠭᠢ ᠲᠤᠰᠬᠠᠢ ᠮᠡᠷᠭᠡᠵᠢᠯ᠎ᠤᠨ ᠠᠩᠭᠢ ᠵᠢᠨ ᠰᠣᠷᠣᠭᠴᠢᠳ᠎ᠲᠤ ᠣᠯᠭᠣᠬᠤ ᠤᠯᠤᠰ᠎ᠤᠨ ᠰᠤᠷᠤᠯᠭ᠎ᠠ ᠵᠢᠨ ᠱᠠᠩᠨᠠᠯ᠎ᠤᠨ ᠮᠥᠩᠭᠥ᠂ ᠤᠯᠤᠰ᠎ᠤᠨ ᠤᠷᠮᠠᠰᠢᠭᠤᠯᠤᠨ ᠵᠣᠷᠢᠭᠵᠢᠭᠤᠯᠬᠤ ᠱᠠᠩᠨᠠᠯ᠎ᠤᠨ ᠮᠥᠩᠭᠥ ᠪᠠ ᠰᠤᠳᠤᠯᠬᠤ ᠰᠣᠷᠣᠭᠴᠢᠳ᠎ᠢ ᠰᠤᠷᠤᠯᠭ᠎ᠠ ᠵᠢᠨ ᠱᠠᠩᠨᠠᠯ᠎ᠤᠨ ᠮᠥᠩᠭᠥ᠎ᠪᠠᠷ ᠱᠠᠩᠨᠠᠬᠤ ᠪᠠᠷᠢᠮᠵᠢᠶ᠎ᠠ ᠵᠢ᠎ᠨᠢ ᠵᠣᠬᠢᠬᠤ ᠬᠡᠮᠵᠢᠶ᠎ᠡ᠎ᠪᠠᠷ ᠳᠡᠭᠡᠭᠰᠢᠯᠡᠭᠦᠯᠵᠦ᠂ ᠳᠡᠭᠡᠳᠦ ᠵᠡᠷᠭᠡ ᠵᠢᠨ ᠰᠤᠷᠭ᠋ᠠᠭᠤᠯᠢ ᠵᠢᠨ ᠵᠢᠩᠬᠢᠨᠢ ᠠᠩᠭᠢ ᠲᠤᠰᠬᠠᠢ ᠮᠡᠷᠭᠡᠵᠢᠯ᠎ᠤᠨ ᠠᠩᠭᠢ ᠵᠢᠨ ᠰᠣᠷᠣᠭᠴᠢᠳ᠎ᠲᠤ ᠣᠯᠭᠣᠬᠤ ᠪᠠ ᠥᠨᠳᠥᠷ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠱᠠᠲᠤ ᠦᠶ᠎ᠡ᠎ᠳᠠᠬᠢ ᠤᠯᠤᠰ᠎ᠤᠨ ᠲᠡᠳᠬᠦᠮᠵᠢ ᠵᠢᠨ ᠮᠥᠩᠭᠥ᠎ᠪᠠᠷ ᠲᠤᠰᠠᠯᠠᠬᠤ ᠪᠠᠷᠢᠮᠵᠢᠶ᠎ᠠ ᠵᠢ ᠳᠡᠭᠡᠭᠰᠢᠯᠡᠭᠦᠯᠪᠡ; ᠪᠠᠰᠠ ᠶᠡᠬᠡ ᠳᠡᠭᠡᠳᠦ ᠰᠤᠷᠭ᠋ᠠᠭᠤᠯᠢ ᠵᠢᠨ ᠤᠯᠤᠰ᠎ᠤᠨ ᠰᠤᠷᠤᠯᠭ᠎ᠠ ᠵᠢᠨ ᠱᠠᠩᠨᠠᠯ᠎ᠤᠨ ᠮᠥᠩᠭᠥ᠎ᠪᠠᠷ ᠱᠠᠩᠨᠠᠬᠤ ᠣᠷᠣᠨ ᠲᠣᠭ᠎ᠠ ᠵᠢ ᠶᠡᠬᠡ᠎ᠪᠠᠷ ᠨᠡᠮᠡᠭᠳᠡᠭᠦᠯᠵᠦ᠂ ᠳᠤᠮᠳᠠ ᠵᠡᠷᠭᠡ ᠵᠢᠨ ᠠᠵᠢᠯ ᠮᠡᠷᠭᠡᠵᠢᠯ᠎ᠤᠨ ᠰᠤᠷᠭ᠋ᠠᠭᠤᠯᠢ (ᠮᠡᠷᠭᠡᠵᠢᠯ᠎ᠤᠨ ᠠᠵᠢᠯᠴᠢᠨ᠎ᠤ ᠳᠡᠭᠡᠳᠦ ᠰᠤᠷᠭ᠋ᠠᠭᠤᠯᠢ ᠵᠢ ᠪᠠᠭᠲᠠᠭ᠋ᠠᠨ᠎ᠠ᠂ ᠳᠣᠷᠣᠭᠰᠢ ᠠᠳᠠᠯᠢ) ᠵᠢᠨ ᠰᠣᠷᠣᠭᠴᠢᠳ᠎ᠲᠤ ᠣᠯᠭᠣᠬᠤ ᠤᠯᠤᠰ᠎ᠤᠨ ᠰᠤᠷᠤᠯᠭ᠎ᠠ ᠵᠢᠨ ᠳᠡᠳᠬᠦᠪᠦᠷᠢ ᠵᠢᠨ ᠮᠥᠩᠭᠥ ᠵᠢᠨ ᠬᠠᠮᠤᠷᠬᠤ ᠬᠡᠪᠴᠢᠶ᠎ᠡ ᠵᠢ ᠥᠷᠭᠡᠳᠬᠡᠨ᠂ ᠰᠤᠷᠤᠭᠴᠢ ᠪᠠ ᠰᠤᠷᠭ᠋ᠠᠭᠤᠯᠢ ᠵᠢᠨ ᠪᠣᠳᠠᠲᠤ ᠬᠡᠷᠡᠭᠴᠡᠭᠡ᠎ᠳᠤ ᠨᠡᠩ ᠢᠯᠡᠭᠦᠦ ᠨᠡᠢ᠌ᠴᠡᠭᠦᠯᠪᠡ᠃ ᠭᠤᠷᠪᠠ᠎ᠳᠤ ᠳᠡᠭᠡᠳᠦ ᠵᠡᠷᠭᠡ ᠵᠢᠨ ᠰᠤᠷᠭ᠋ᠠᠨ ᠬᠥᠮᠦᠵᠢᠯ ᠪᠠ ᠥᠨᠳᠥᠷ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠱᠠᠲᠤᠨ᠎ᠤ ᠰᠤᠷᠭ᠋ᠠᠨ ᠬᠥᠮᠦᠵᠢᠯ᠎ᠢ ᠨᠢᠭᠡᠳᠦᠯᠲᠡᠢ ᠲᠥᠯᠥᠪᠯᠡᠨ ᠪᠣᠳᠣᠯᠬᠢᠯᠠᠪᠠ᠃ ᠥᠨᠥ ᠵᠢᠯ ᠳᠡᠭᠡᠳᠦ ᠵᠡᠷᠭᠡ ᠵᠢᠨ ᠰᠤᠷᠭ᠋ᠠᠨ ᠬᠥᠮᠦᠵᠢᠯ᠎ᠤᠨ ᠰᠣᠷᠣᠭᠴᠢᠳ᠎ᠢ ᠡᠳ᠋ ᠮᠥᠩᠭᠥ᠎ᠪᠠᠷ ᠲᠤᠰᠠᠯᠠᠬᠤ ᠲᠥᠷᠥ ᠵᠢᠨ ᠪᠣᠳᠣᠯᠭ᠎ᠠ᠎ᠳᠤ ᠭᠣᠣᠯᠳᠠᠯᠭ᠎ᠠ᠎ᠲᠠᠢ ᠲᠣᠬᠢᠷᠠᠭᠤᠯᠤᠯᠲᠠ ᠬᠢᠭᠰᠡᠨ ᠮᠥᠷᠲᠡᠭᠡᠨ ᠢᠷᠡᠬᠦ ᠵᠢᠯ ᠪᠠᠰᠠ ᠥᠨᠳᠥᠷ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠱᠠᠲᠤᠨ᠎ᠤ ᠰᠣᠷᠣᠭᠴᠢᠳ᠎ᠢ ᠡᠳ᠋ ᠮᠥᠩᠭᠥ᠎ᠪᠠᠷ ᠲᠤᠰᠠᠯᠠᠬᠤ ᠲᠥᠷᠥ ᠵᠢᠨ ᠪᠣᠳᠣᠯᠭ᠎ᠠ᠎ᠳᠤ ᠲᠣᠬᠢᠷᠠᠭᠤᠯᠤᠯᠲᠠ ᠬᠢᠬᠦ ᠵᠢ ᠬᠠᠮᠲᠤᠳᠤᠨᠢ ᠬᠠᠷᠠᠭ᠋ᠠᠯᠵᠠᠵᠤ᠂ ᠡᠩ᠎ᠤᠨ ᠥᠨᠳᠥᠷ ᠵᠡᠷᠭᠡ ᠵᠢᠨ ᠳᠤᠮᠳᠠᠳᠤ ᠰᠤᠷᠭ᠋ᠠᠭᠤᠯᠢ ᠪᠠ ᠳᠤᠮᠳᠠ ᠵᠡᠷᠭᠡ ᠵᠢᠨ ᠠᠵᠢᠯ ᠮᠡᠷᠭᠡᠵᠢᠯ᠎ᠤᠨ ᠰᠤᠷᠭ᠋ᠠᠭᠤᠯᠢ ᠵᠢᠨ ᠰᠣᠷᠣᠭᠴᠢᠳ᠎ᠲᠤ ᠣᠯᠭᠣᠬᠤ ᠤᠯᠤᠰ᠎ᠤᠨ ᠰᠤᠷᠤᠯᠭ᠎ᠠ ᠵᠢᠨ ᠳᠡᠳᠬᠦᠪᠦᠷᠢ ᠵᠢᠨ ᠮᠥᠩᠭᠥ᠎ᠪᠠᠷ ᠲᠤᠰᠠᠯᠠᠬᠤ ᠪᠠᠷᠢᠮᠵᠢᠶ᠎ᠠ ᠵᠢ ᠳᠡᠭᠡᠭᠰᠢᠯᠡᠭᠦᠯᠦᠨ᠂ ᠨᠥᠬᠥᠴᠡᠯ᠎ᠳᠤ ᠨᠡᠢ᠌ᠴᠡᠬᠦ ᠳᠤᠮᠳᠠ ᠵᠡᠷᠭᠡ ᠵᠢᠨ ᠠᠵᠢᠯ ᠮᠡᠷᠭᠡᠵᠢᠯ᠎ᠤᠨ ᠰᠤᠷᠭ᠋ᠠᠭᠤᠯᠢ ᠵᠢᠨ ᠭᠤᠷᠪᠠᠳᠤᠭ᠋ᠠᠷ ᠣᠨ᠎ᠤ ᠰᠤᠷᠭ᠋ᠠᠭᠤᠯᠢ᠎ᠳᠤ ᠪᠠᠢ᠌ᠭ᠎ᠠ ᠰᠣᠷᠣᠭᠴᠢᠳ᠎ᠢ ᠤᠯᠤᠰ᠎ᠤᠨ ᠰᠤᠷᠤᠯᠭ᠎ᠠ ᠵᠢᠨ ᠳᠡᠳᠬᠦᠪᠦᠷᠢ ᠵᠢᠨ ᠮᠥᠩᠭᠥ᠎ᠪᠠᠷ ᠲᠤᠰᠠᠯᠠᠬᠤ ᠬᠡᠪᠴᠢᠶᠡᠨ᠎ᠳᠤ ᠣᠷᠣᠭᠤᠯᠵᠤ᠂ ᠨᠠᠩ ᠣᠯᠠᠨ ᠰᠣᠷᠣᠭᠴᠢᠳ᠎ᠲᠤ ᠡᠳ᠋ ᠮᠥᠩᠭᠥ᠎ᠪᠠᠷ ᠲᠤᠰᠠᠯᠠᠬᠤ ᠲᠥᠷᠥ ᠵᠢᠨ ᠪᠣᠳᠣᠯᠭ᠎ᠠ ᠵᠢᠨ ᠴᠡᠪᠡᠷ ᠠᠰᠢᠭ᠎ᠢ ᠬᠦᠷᠲᠡᠭᠡᠬᠦ ᠪᠣᠯᠭ᠋ᠠᠪᠠ᠃