ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠬᠠᠣᠯᠢ᠎ᠪᠠᠷ ᠵᠠᠰᠠᠬᠤ
ᠦᠢᠯᠡᠴᠢᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠦᠢᠯᠡᠴᠢᠯᠡᠭᠡ   -   ᠰᠣᠷᠪᠣᠯᠵᠢᠯᠠᠭ᠎ᠠ
ᠡᠳ᠋᠎ᠤᠨ ᠵᠠᠰᠠᠭ᠎ᠤᠨ ᠶᠠᠮᠤᠨ᠂ ᠰᠤᠷᠭ᠋ᠠᠨ ᠬᠥᠮᠦᠵᠢᠯ᠎ᠤᠨ ᠶᠠᠮᠤᠨ᠂ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠶᠠᠮᠤᠨ᠎ᠤ ᠬᠣᠯᠪᠣᠭᠳᠠᠯ ᠪᠦᠬᠦᠢ ᠵᠤᠷᠭ᠋ᠠᠨ ᠲᠣᠪᠴᠢᠶᠠᠨ᠎ᠤ ᠬᠠᠷᠢᠭᠤᠴᠠᠯᠭ᠋ᠠᠲᠠᠳ ᠰᠣᠷᠣᠭᠴᠢᠳ᠎ᠢ ᠡᠳ᠋ ᠮᠥᠩᠭᠥ᠎ᠪᠠᠷ ᠲᠤᠰᠠᠯᠠᠬᠤ ᠲᠥᠷᠥ ᠵᠢᠨ ᠪᠣᠳᠣᠯᠭ᠎ᠠ᠎ᠳᠤ ᠲᠣᠬᠢᠷᠠᠭᠤᠯᠤᠯᠲᠠ ᠬᠢᠭᠰᠡᠨ ᠲᠤᠬᠠᠢ ᠰᠤᠷᠪᠤᠯᠵᠢᠯᠠᠭᠴᠢ ᠵᠢᠨ ᠬᠣᠯᠪᠣᠭᠳᠠᠯ ᠪᠦᠬᠦᠢ ᠠᠰᠠᠭᠤᠯᠲᠠ᠎ᠨᠤᠭᠤᠳ᠎ᠢ ᠬᠠᠷᠢᠭᠤᠯᠪᠠ (ᠬᠣᠶᠠᠷ)
ᠨᠡᠶ᠋ᠢᠲᠡᠯᠡᠭᠰᠡᠨ ᠴᠠᠭ᠄ 2024-11-08

      ᠭᠤᠷᠪᠠ᠂ ᠳᠡᠭᠡᠳᠦ ᠵᠡᠷᠭᠡ ᠵᠢᠨ ᠰᠤᠷᠭ᠋ᠠᠨ ᠬᠥᠮᠦᠵᠢᠯ᠎ᠤᠨ ᠱᠠᠲᠤᠨ᠎ᠤ ᠰᠣᠷᠣᠭᠴᠢᠳ᠎ᠢ ᠡᠳ᠋ ᠮᠥᠩᠭᠥ᠎ᠪᠠᠷ ᠲᠤᠰᠠᠯᠠᠬᠤ ᠲᠥᠷᠥ ᠵᠢᠨ ᠪᠣᠳᠣᠯᠭ᠎ᠠ᠎ᠳᠤ ᠲᠣᠬᠢᠷᠠᠭᠤᠯᠤᠯᠲᠠ ᠬᠢᠭᠰᠡᠨ᠎ᠤ ᠭᠣᠣᠯ ᠠᠭᠤᠯᠭ᠎ᠠ᠎ᠨᠢ ᠶᠠᠭᠤ ᠶᠠᠭᠤ ᠪᠠᠢ᠌ᠬᠤ ᠪᠣᠶ?

      ᠬᠠᠷᠢᠭᠤᠯᠲᠠ᠄ ᠨᠢᠭᠡ᠎ᠳᠤ᠂ ᠵᠢᠩᠬᠢᠨᠢ ᠠᠩᠭᠢ ᠲᠤᠰᠬᠠᠢ ᠮᠡᠷᠭᠡᠵᠢᠯ᠎ᠤᠨ ᠠᠩᠭᠢ ᠵᠢᠨ ᠰᠣᠷᠣᠭᠴᠢᠳ᠎ᠢ ᠤᠯᠤᠰ᠎ᠤᠨ ᠰᠤᠷᠤᠯᠭ᠎ᠠ ᠵᠢᠨ ᠱᠠᠩᠨᠠᠯ᠎ᠤᠨ ᠮᠥᠩᠭᠥ᠎ᠪᠠᠷ ᠱᠠᠩᠨᠠᠬᠤ ᠣᠷᠣᠨ ᠲᠣᠭ᠎ᠠ ᠵᠢ ᠳᠠᠬᠢᠨ ᠵᠶ᠋ᠠᠷ ᠨᠡᠮᠡᠭᠳᠡᠭᠦᠯᠵᠦ᠂ ᠱᠠᠩᠨᠠᠬᠤ ᠪᠠᠷᠢᠮᠵᠢᠶ᠎ᠠ ᠵᠢ ᠴᠤ᠌ ᠳᠡᠭᠡᠭᠰᠢᠯᠡᠭᠦᠯᠪᠡ᠃ 2024 ᠣᠨ᠎ᠠᠴᠠ ᠡᠬᠢᠯᠡᠨ᠂ ᠵᠢᠩᠬᠢᠨᠢ ᠠᠩᠭᠢ ᠲᠤᠰᠬᠠᠢ ᠮᠡᠷᠭᠡᠵᠢᠯ᠎ᠤᠨ ᠠᠩᠭᠢ ᠵᠢᠨ ᠰᠣᠷᠣᠭᠴᠢᠳ᠎ᠢ ᠤᠯᠤᠰ᠎ᠤᠨ ᠰᠤᠷᠤᠯᠭ᠎ᠠ ᠵᠢᠨ ᠱᠠᠩᠨᠠᠯ᠎ᠤᠨ ᠮᠥᠩᠭᠥ᠎ᠪᠠᠷ ᠱᠠᠩᠨᠠᠬᠤ ᠣᠷᠣᠨ ᠲᠣᠭ᠎ᠠ ᠵᠢ ᠵᠢᠯ ᠪᠦᠷᠢ 6 ᠲᠦᠮᠡᠨ ᠬᠥᠮᠥᠨ ᠪᠠᠢ᠌ᠭᠰᠠᠨ᠎ᠠᠴᠠ ᠨᠡᠮᠡᠭᠳᠡᠭᠦᠯᠦᠭᠡᠳ 12 ᠲᠦᠮᠡᠨ ᠬᠥᠮᠥᠨ ᠪᠣᠯᠭ᠋ᠠᠵᠤ᠂ ᠱᠠᠩᠨᠠᠯ᠎ᠤᠨ ᠪᠠᠷᠢᠮᠵᠢᠶ᠎ᠠ ᠵᠢ ᠰᠣᠷᠣᠭᠴᠢ ᠨᠢᠵᠡᠭᠡᠳ᠎ᠲᠤ ᠵᠢᠯ ᠪᠦᠷᠢ 8000 ᠲᠥᠭᠥᠷᠢᠭ ᠣᠯᠭᠣᠳᠠᠭ ᠪᠠᠢ᠌ᠭᠰᠠᠨ᠎ᠠᠴᠠ ᠨᠡᠮᠡᠭᠳᠡᠭᠦᠯᠦᠭᠡᠳ 10000 ᠲᠥᠭᠥᠷᠢᠭ ᠣᠯᠭᠣᠬᠤ ᠪᠣᠯᠭ᠋ᠠᠵᠠᠢ᠃ ᠬᠣᠶᠠᠷ᠎ᠲᠤ ᠰᠤᠳᠤᠯᠬᠤ ᠰᠣᠷᠣᠭᠴᠢᠳ᠎ᠢ ᠤᠯᠤᠰ᠎ᠤᠨ ᠰᠤᠷᠤᠯᠭ᠎ᠠ ᠵᠢᠨ ᠱᠠᠩᠨᠠᠯ᠎ᠤᠨ ᠮᠥᠩᠭᠥ᠎ᠪᠠᠷ ᠱᠠᠩᠨᠠᠬᠤ ᠣᠷᠣᠨ ᠲᠣᠭ᠎ᠠ ᠵᠢ ᠳᠠᠬᠢᠨ ᠵᠶ᠋ᠠᠷ ᠨᠡᠮᠡᠭᠳᠡᠭᠦᠯᠪᠡ᠃ 2024 ᠣᠨ᠎ᠠᠴᠠ ᠡᠬᠢᠯᠡᠨ᠂ ᠰᠤᠳᠤᠯᠬᠤ ᠰᠣᠷᠣᠭᠴᠢᠳ᠎ᠢ ᠤᠯᠤᠰ᠎ᠤᠨ ᠰᠤᠷᠤᠯᠭ᠎ᠠ ᠵᠢᠨ ᠱᠠᠩᠨᠠᠯ᠎ᠤᠨ ᠮᠥᠩᠭᠥ᠎ᠪᠠᠷ ᠱᠠᠩᠨᠠᠬᠤ ᠣᠷᠣᠨ ᠲᠣᠭ᠎ᠠ ᠵᠢ ᠵᠢᠯ ᠪᠦᠷᠢ 4.5 ᠲᠦᠮᠡᠨ ᠬᠥᠮᠥᠨ ᠪᠠᠢ᠌ᠭᠰᠠᠨ᠎ᠠᠴᠠ ᠨᠡᠮᠡᠭᠳᠡᠭᠦᠯᠦᠭᠡᠳ 9 ᠲᠦᠮᠡᠨ ᠬᠥᠮᠥᠨ ᠪᠣᠯᠭ᠋ᠠᠵᠠᠢ᠂ ᠡᠭᠦᠨ᠎ᠳᠤ ᠠᠰᠫᠢᠷᠠᠨᠲ᠎ᠢ 3.5 ᠲᠦᠮᠡᠨ ᠬᠥᠮᠥᠨ ᠪᠠᠢ᠌ᠭᠰᠠᠨ᠎ᠠᠴᠠ ᠨᠡᠮᠡᠭᠳᠡᠭᠦᠯᠦᠭᠡᠳ 7 ᠲᠦᠮᠡᠨ ᠬᠥᠮᠥᠨ᠂ ᠳ᠋ᠣᠺᠲ᠋ᠣᠷᠠᠨᠲ᠎ᠢ 1 ᠲᠦᠮᠡᠨ ᠬᠥᠮᠥᠨ ᠪᠠᠢ᠌ᠭᠰᠠᠨ᠎ᠠᠴᠠ ᠨᠡᠮᠡᠭᠳᠡᠭᠦᠯᠦᠭᠡᠳ 2 ᠲᠦᠮᠡᠨ ᠬᠥᠮᠥᠨ ᠪᠣᠯᠭ᠋ᠠᠭᠰᠠᠨ ᠪᠠᠢ᠌ᠨ᠎ᠠ᠃ ᠭᠤᠷᠪᠠ᠎ᠳᠤ ᠳᠡᠭᠡᠳᠦ ᠵᠡᠷᠭᠡ ᠵᠢᠨ ᠵᠢᠩᠬᠢᠨᠢ ᠠᠩᠭᠢ ᠲᠤᠰᠬᠠᠢ ᠮᠡᠷᠭᠡᠵᠢᠯ᠎ᠤᠨ ᠠᠩᠭᠢ ᠵᠢᠨ ᠰᠣᠷᠣᠭᠴᠢᠳ᠎ᠢ ᠤᠯᠤᠰ᠎ᠤᠨ ᠤᠷᠮᠠᠰᠢᠭᠤᠯᠤᠨ ᠵᠣᠷᠢᠭᠵᠢᠭᠤᠯᠬᠤ ᠰᠤᠷᠤᠯᠭ᠎ᠠ ᠵᠢᠨ ᠱᠠᠩᠨᠠᠯ᠎ᠤᠨ ᠮᠥᠩᠭᠥ᠎ᠪᠠᠷ ᠱᠠᠩᠨᠠᠬᠤ ᠪᠠᠷᠢᠮᠵᠢᠶ᠎ᠠ ᠵᠢ ᠳᠡᠭᠡᠭᠰᠢᠯᠡᠭᠦᠯᠪᠡ᠃ 2024 ᠣᠨ᠎ᠠᠴᠠ ᠡᠬᠢᠯᠡᠨ᠂ ᠵᠢᠩᠬᠢᠨᠢ ᠠᠩᠭᠢ ᠲᠤᠰᠬᠠᠢ ᠮᠡᠷᠭᠡᠵᠢᠯ᠎ᠤᠨ ᠠᠩᠭᠢ ᠵᠢᠨ ᠰᠣᠷᠣᠭᠴᠢᠳ᠎ᠢ ᠤᠯᠤᠰ᠎ᠤᠨ ᠤᠷᠮᠠᠰᠢᠭᠤᠯᠤᠨ ᠵᠣᠷᠢᠭᠵᠢᠭᠤᠯᠬᠤ ᠰᠤᠷᠤᠯᠭ᠎ᠠ ᠵᠢᠨ ᠱᠠᠩᠨᠠᠯ᠎ᠤᠨ ᠮᠥᠩᠭᠥ᠎ᠪᠠᠷ ᠱᠠᠩᠨᠠᠬᠤ ᠪᠠᠷᠢᠮᠵᠢᠶ᠎ᠠ ᠵᠢ ᠰᠣᠷᠣᠭᠴᠢ ᠨᠢᠵᠡᠭᠡᠳ᠎ᠲᠤ ᠵᠢᠯ ᠪᠦᠷᠢ 5000 ᠲᠥᠭᠥᠷᠢᠭ ᠣᠯᠭᠣᠳᠠᠭ ᠪᠠᠢ᠌ᠭᠰᠠᠨ᠎ᠠᠴᠠ ᠨᠡᠮᠡᠭᠳᠡᠭᠦᠯᠦᠭᠡᠳ 6000 ᠲᠥᠭᠥᠷᠢᠭ ᠣᠯᠭᠣᠬᠤ ᠪᠣᠯᠭ᠋ᠠᠵᠠᠢ᠃ ᠳᠥᠷᠪᠡ᠎ᠳᠤ ᠵᠢᠩᠬᠢᠨᠢ ᠠᠩᠭᠢ ᠲᠤᠰᠬᠠᠢ ᠮᠡᠷᠭᠡᠵᠢᠯ᠎ᠤᠨ ᠠᠩᠭᠢ ᠵᠢᠨ ᠰᠤᠷᠤᠭᠴᠢᠳ᠎ᠢ ᠤᠯᠤᠰ᠎ᠤᠨ ᠰᠤᠷᠤᠯᠭ᠎ᠠ ᠵᠢᠨ ᠳᠡᠳᠬᠦᠪᠦᠷᠢ ᠵᠢᠨ ᠮᠥᠩᠭᠥ᠎ᠪᠠᠷ ᠲᠤᠰᠠᠯᠠᠬᠤ ᠪᠠᠷᠢᠮᠵᠢᠶ᠎ᠠ ᠵᠢ ᠳᠡᠭᠡᠭᠰᠢᠯᠡᠭᠦᠯᠪᠡ᠃ 2024 ᠣᠨ᠎ᠤ ᠨᠠᠮᠤᠷ᠎ᠤᠨ ᠤᠯᠠᠷᠢᠯ᠎ᠤᠨ ᠰᠤᠷᠤᠯᠭ᠎ᠠ ᠵᠢᠨ ᠬᠤᠭᠤᠴᠠᠭ᠎ᠠ᠎ᠠᠴᠠ ᠡᠬᠢᠯᠡᠨ᠂ ᠵᠢᠩᠬᠢᠨᠢ ᠠᠩᠭᠢ ᠲᠤᠰᠬᠠᠢ ᠮᠡᠷᠭᠡᠵᠢᠯ᠎ᠤᠨ ᠠᠩᠭᠢ ᠵᠢᠨ ᠰᠣᠷᠣᠭᠴᠢᠳ (ᠪᠡᠯᠡᠳᠬᠡᠯ ᠠᠩᠭᠢ ᠵᠢᠨ ᠰᠣᠷᠣᠭᠴᠢ ᠵᠢ ᠪᠠᠭᠲᠠᠭ᠋ᠠᠨ᠎ᠠ᠂ ᠴᠡᠷᠢᠭ᠎ᠤᠨ ᠠᠯᠪᠠᠨ᠎ᠠᠴᠠ ᠬᠠᠯᠠᠭᠳᠠᠭᠰᠠᠨ ᠪᠠᠢ᠌ᠯᠳᠤᠭᠴᠢ ᠰᠣᠷᠣᠭᠴᠢ ᠵᠢ ᠪᠠᠭᠲᠠᠭ᠋ᠠᠬᠤ ᠦᠭᠡᠢ)᠎ᠢ ᠤᠯᠤᠰ᠎ᠤᠨ ᠰᠤᠷᠤᠯᠭ᠎ᠠ ᠵᠢᠨ ᠳᠡᠳᠬᠦᠪᠦᠷᠢ ᠵᠢᠨ ᠮᠥᠩᠭᠥ᠎ᠪᠠᠷ ᠲᠤᠰᠠᠯᠠᠬᠤ ᠳᠤᠮᠳᠠᠴᠢ ᠪᠠᠷᠢᠮᠵᠢᠶ᠎ᠠ ᠵᠢ ᠰᠣᠷᠣᠭᠴᠢ ᠨᠢᠵᠡᠭᠡᠳ᠎ᠲᠤ ᠵᠢᠯ ᠪᠦᠷᠢ 3300 ᠲᠥᠭᠥᠷᠢᠭ ᠣᠯᠭᠣᠳᠠᠭ ᠪᠠᠢ᠌ᠭᠰᠠᠨ᠎ᠠᠴᠠ ᠨᠡᠮᠡᠭᠳᠡᠭᠦᠯᠦᠭᠡᠳ 3700 ᠲᠥᠭᠥᠷᠢᠭ ᠣᠯᠭᠣᠬᠤ ᠪᠣᠯᠭ᠋ᠠᠪᠠ᠂ ᠪᠣᠳᠠᠲᠠᠢ ᠪᠠᠷᠢᠮᠵᠢᠶ᠎ᠠ ᠵᠢ ᠰᠣᠷᠣᠭᠴᠢ ᠨᠢᠵᠡᠭᠡᠳ᠎ᠲᠤ ᠵᠢᠯ ᠪᠦᠷᠢ 2500᠎ᠠᠴᠠ 5000 ᠲᠥᠭᠥᠷᠢᠭ᠎ᠤᠨ ᠬᠡᠪᠴᠢᠶᠡᠨ ᠳᠣᠲᠣᠷ᠎ᠠ ᠶᠡᠬᠡ ᠳᠡᠭᠡᠳᠦ ᠰᠤᠷᠭ᠋ᠠᠭᠤᠯᠢ᠎ᠨᠤᠭᠤᠳ ᠥᠪᠡᠰᠦᠪᠡᠨ ᠲᠣᠭᠲᠠᠭ᠋ᠠᠬᠤ ᠪᠥᠭᠡᠳ 2᠎ᠠᠴᠠ 3 ᠲᠠᠰ ᠬᠤᠪᠢᠶᠠᠵᠤ ᠪᠣᠯᠣᠨ᠎ᠠ᠃ ᠪᠦᠬᠦᠯᠢ ᠡᠳᠦᠷ᠎ᠤᠨ ᠳᠦᠷᠢᠮᠲᠦ ᠰᠤᠷᠭ᠋ᠠᠭᠤᠯᠢ᠎ᠳᠤ ᠪᠠᠢ᠌ᠭ᠎ᠠ ᠴᠡᠷᠢᠭ᠎ᠤᠨ ᠠᠯᠪᠠᠨ᠎ᠠᠴᠠ ᠬᠠᠯᠠᠭᠳᠠᠭᠰᠠᠨ ᠪᠠᠢ᠌ᠯᠳᠤᠭᠴᠢ ᠰᠣᠷᠣᠭᠴᠢᠳ ᠴᠥᠮ ᠵᠢᠩᠬᠢᠨᠢ ᠠᠩᠭᠢ ᠲᠤᠰᠬᠠᠢ ᠮᠡᠷᠭᠡᠵᠢᠯ᠎ᠤᠨ ᠠᠩᠭᠢ ᠵᠢᠨ ᠰᠣᠷᠣᠭᠴᠢᠳ᠎ᠲᠤ ᠣᠯᠭᠣᠬᠤ ᠤᠯᠤᠰ᠎ᠤᠨ ᠰᠤᠷᠤᠯᠭ᠎ᠠ ᠵᠢᠨ ᠳᠡᠳᠬᠦᠪᠦᠷᠢ ᠵᠢᠨ ᠮᠥᠩᠭᠥ ᠵᠢ ᠬᠦᠷᠲᠡᠨ᠎ᠡ᠂ ᠲᠤᠰᠠᠯᠠᠬᠤ ᠪᠠᠷᠢᠮᠵᠢᠶ᠎ᠠ ᠵᠢ ᠰᠣᠷᠣᠭᠴᠢ ᠨᠢᠵᠡᠭᠡᠳ᠎ᠲᠤ ᠵᠢᠯ ᠪᠦᠷᠢ 3300 ᠲᠥᠭᠥᠷᠢᠭ ᠣᠯᠭᠣᠳᠠᠭ ᠪᠠᠢ᠌ᠭᠰᠠᠨ᠎ᠠᠴᠠ ᠨᠡᠮᠡᠭᠳᠡᠭᠦᠯᠦᠭᠡᠳ 3700 ᠲᠥᠭᠥᠷᠢᠭ ᠣᠯᠭᠣᠬᠤ ᠪᠣᠯᠭ᠋ᠠᠪᠠ᠃ ᠲᠠᠪᠤ᠎ᠳᠤ ᠰᠤᠳᠤᠯᠬᠤ ᠰᠣᠷᠣᠭᠴᠢᠳ᠎ᠢ ᠰᠤᠷᠤᠯᠭ᠎ᠠ ᠵᠢᠨ ᠱᠠᠩᠨᠠᠯ᠎ᠤᠨ ᠮᠥᠩᠭᠥ᠎ᠪᠠᠷ ᠳᠡᠮᠵᠢᠬᠦ ᠪᠠᠷᠢᠮᠵᠢᠶ᠎ᠠ ᠵᠢ ᠳᠡᠭᠡᠭᠰᠢᠯᠡᠭᠦᠯᠪᠡ᠃ 2025 ᠣᠨ᠎ᠠᠴᠠ ᠡᠬᠢᠯᠡᠨ᠂ ᠲᠥᠪ᠎ᠤᠨ ᠰᠢᠭᠤᠳ ᠬᠠᠷᠢᠶᠠᠲᠤ ᠶᠡᠬᠡ ᠳᠡᠭᠡᠳᠦ ᠰᠤᠷᠭ᠋ᠠᠭᠤᠯᠢ᠎ᠨᠤᠭᠤᠳ᠎ᠤᠨ ᠰᠤᠳᠤᠯᠬᠤ ᠰᠣᠷᠣᠭᠴᠢᠳ᠎ᠲᠤ ᠣᠯᠭᠣᠬᠤ ᠰᠤᠷᠤᠯᠭ᠎ᠠ ᠵᠢᠨ ᠱᠠᠩᠨᠠᠯ᠎ᠤᠨ ᠮᠥᠩᠭᠥ᠎ᠳᠠᠬᠢ ᠲᠥᠪ᠎ᠤᠨ ᠡᠳ᠋᠎ᠤᠨ ᠵᠠᠰᠠᠭ᠎ᠤᠨ ᠳᠡᠮᠵᠢᠯᠭᠡ ᠵᠢᠨ ᠪᠠᠷᠢᠮᠵᠢᠶ᠎ᠠ ᠵᠢ ᠳᠡᠭᠡᠭᠰᠢᠯᠡᠭᠦᠯᠪᠡ᠂ ᠡᠭᠦᠨ᠎ᠳᠤ᠄ ᠠᠰᠫᠢᠷᠠᠨᠲ ᠨᠢᠵᠡᠭᠡᠳ᠎ᠲᠤ ᠵᠢᠯ ᠪᠦᠷᠢ 8000 ᠲᠥᠭᠥᠷᠢᠭ ᠣᠯᠭᠣᠳᠠᠭ ᠪᠠᠢ᠌ᠭᠰᠠᠨ᠎ᠠᠴᠠ ᠨᠡᠮᠡᠭᠳᠡᠭᠦᠯᠦᠭᠡᠳ 10000 ᠲᠥᠭᠥᠷᠢᠭ᠂ ᠳ᠋ᠣᠺᠲ᠋ᠣᠷᠠᠨᠲ ᠨᠢᠵᠡᠭᠡᠳ᠎ᠲᠤ ᠵᠢᠯ ᠪᠦᠷᠢ 10000 ᠲᠥᠭᠥᠷᠢᠭ ᠣᠯᠭᠣᠳᠠᠭ ᠪᠠᠢ᠌ᠭᠰᠠᠨ᠎ᠠᠴᠠ ᠨᠡᠮᠡᠭᠳᠡᠭᠦᠯᠦᠭᠡᠳ 12000 ᠲᠥᠭᠥᠷᠢᠭ ᠣᠯᠭᠣᠬᠤ ᠪᠣᠯᠭ᠋ᠠᠪᠠ᠃ ᠲᠥᠪ᠎ᠤᠨ ᠰᠢᠭᠤᠳ ᠬᠠᠷᠢᠶᠠᠲᠤ ᠶᠡᠬᠡ ᠳᠡᠭᠡᠳᠦ ᠰᠤᠷᠭ᠋ᠠᠭᠤᠯᠢ᠎ᠨᠤᠭᠤᠳ ᠰᠤᠳᠤᠯᠬᠤ ᠰᠣᠷᠣᠭᠴᠢᠳ᠎ᠤᠨ ᠰᠤᠷᠤᠯᠭ᠎ᠠ ᠵᠢᠨ ᠬᠢᠷᠢ ᠪᠦᠲᠦᠮᠵᠢ᠂ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠦᠷ᠎ᠡ ᠪᠦᠲᠦᠭᠡᠯ᠂ ᠨᠡᠢ᠌ᠭᠡᠮ᠎ᠤᠨ ᠦᠢ᠍ᠯᠡᠴᠢᠯᠡᠭᠡ ᠵᠡᠷᠭᠡ ᠬᠦᠴᠦᠨ ᠵᠦᠢ᠍ᠯ᠎ᠢ ᠦᠨᠳᠦᠰᠦᠯᠡᠨ᠂ ᠠᠰᠫᠢᠷᠠᠨᠲ᠎ᠤᠨ ᠰᠤᠷᠤᠯᠭ᠎ᠠ ᠵᠢᠨ ᠱᠠᠩᠨᠠᠯ᠎ᠤᠨ ᠮᠥᠩᠭᠥ ᠵᠢᠨ ᠬᠠᠮᠤᠷᠬᠤ ᠬᠡᠪᠴᠢᠶ᠎ᠡ᠂ ᠵᠡᠷᠭᠡ ᠲᠠᠰ᠂ ᠱᠠᠩᠨᠠᠯ᠎ᠤᠨ ᠪᠠᠷᠢᠮᠵᠢᠶ᠎ᠠ ᠵᠢ ᠳᠣᠭᠲᠠᠭ᠋ᠠᠨ᠎ᠠ᠂ ᠱᠠᠩᠨᠠᠯ᠎ᠤᠨ ᠪᠠᠷᠢᠮᠵᠢᠶ᠎ᠠ ᠵᠢ ᠲᠠᠰ ᠬᠤᠪᠢᠶᠠᠨ ᠲᠣᠭᠲᠠᠭ᠋ᠠᠵᠤ ᠪᠣᠯᠣᠨ᠎ᠠ᠂ ᠲᠡᠭᠡᠬᠦ᠎ᠳᠤ᠎ᠪᠠᠨ ᠠᠰᠫᠢᠷᠠᠨᠲ ᠨᠢᠵᠡᠭᠡᠳ᠎ᠲᠤ ᠵᠢᠯ ᠪᠦᠷᠢ 20000 ᠲᠥᠭᠥᠷᠢᠭ᠂ ᠳ᠋ᠣᠺᠲ᠋ᠣᠷᠠᠨᠲ ᠨᠢᠵᠡᠭᠡᠳ᠎ᠲᠤ ᠵᠢᠯ ᠪᠦᠷᠢ 30000 ᠲᠥᠭᠥᠷᠢᠭ᠎ᠠᠴᠠ ᠬᠡᠲᠦᠷᠡᠭᠦᠯᠵᠦ ᠪᠣᠯᠬᠤ ᠦᠭᠡᠢ᠃ ᠰᠤᠳᠤᠯᠬᠤ ᠰᠣᠷᠣᠭᠴᠢᠳ᠎ᠢ ᠰᠤᠷᠤᠯᠭ᠎ᠠ ᠵᠢᠨ ᠱᠠᠩᠨᠠᠯ᠎ᠤᠨ ᠮᠥᠩᠭᠥ᠎ᠪᠠᠷ ᠱᠠᠩᠨᠠᠬᠤ ᠣᠷᠣᠨ ᠲᠣᠭ᠎ᠠ ᠵᠢᠨ ᠬᠤᠪᠢᠶᠠᠷᠢᠯᠠᠯᠲᠠ ᠵᠢ ᠰᠠᠭᠤᠷᠢ ᠰᠢᠨᠵᠢᠯᠡᠭᠡᠨ᠎ᠤ ᠰᠠᠯᠠᠭ᠎ᠠ ᠪᠠ ᠤᠯᠤᠰ᠎ᠤᠨ ᠪᠠᠴᠢᠮ ᠱᠠᠭ᠋ᠠᠷᠳᠠᠭᠳᠠᠬᠤ ᠰᠢᠨᠵᠢᠯᠡᠭᠡᠨ᠎ᠤ ᠰᠠᠯᠠᠭ᠎ᠠ (ᠲᠤᠰᠬᠠᠢ ᠮᠡᠷᠭᠡᠵᠢᠯ᠂ ᠴᠢᠭᠯᠡᠯ) ᠲᠡᠢ᠌ᠰᠢ᠂ ᠰᠢᠨ᠎ᠡ ᠵᠢ ᠡᠭᠦᠳᠬᠦ ᠣᠷᠣᠢ᠌ᠯᠠᠭᠰᠠᠨ ᠴᠢᠳᠠᠪᠤᠷᠢᠲᠠᠨ᠂ ᠪᠠᠴᠢᠮ ᠱᠠᠭ᠋ᠠᠷᠳᠠᠭᠳᠠᠬᠤ ᠪᠠ ᠳᠤᠲᠠᠭᠳᠠᠵᠤ ᠪᠠᠢ᠌ᠭ᠎ᠠ ᠴᠢᠳᠠᠪᠤᠷᠢᠲᠠᠨ ᠲᠡᠢ᠌ᠰᠢ᠂ ᠡᠷᠳᠡᠮ ᠰᠢᠨᠵᠢᠯᠡᠭᠡᠨ᠎ᠤ ᠬᠡᠯᠪᠡᠷᠢ ᠵᠢᠨ ᠰᠤᠳᠤᠯᠬᠤ ᠰᠣᠷᠣᠭᠴᠢ ᠲᠡᠢ᠌ᠰᠢ ᠬᠡᠯᠪᠡᠢ᠌ᠯᠭᠡᠬᠦ ᠬᠡᠷᠡᠭᠲᠡᠢ᠃

      ᠳᠥᠷᠪᠡ᠂ ᠥᠨᠳᠥᠷ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠱᠠᠲᠤᠨ᠎ᠤ ᠰᠣᠷᠣᠭᠴᠢᠳ᠎ᠢ ᠡᠳ᠋ ᠮᠥᠩᠭᠥ᠎ᠪᠠᠷ ᠲᠤᠰᠠᠯᠠᠬᠤ ᠲᠥᠷᠥ ᠵᠢᠨ ᠪᠣᠳᠣᠯᠭ᠎ᠠ᠎ᠳᠤ ᠲᠣᠬᠢᠷᠠᠭᠤᠯᠤᠯᠲᠠ ᠬᠢᠭᠰᠡᠨ᠎ᠤ ᠭᠣᠣᠯ ᠠᠭᠤᠯᠭ᠎ᠠ᠎ᠨᠢ ᠶᠠᠭᠤ ᠶᠠᠭᠤ ᠪᠠᠢ᠌ᠬᠤ ᠪᠣᠶ?

      ᠬᠠᠷᠢᠭᠤᠯᠲᠠ᠄ ᠨᠢᠭᠡ᠎ᠳᠤ ᠡᠩ᠎ᠤᠨ ᠥᠨᠳᠥᠷ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠰᠣᠷᠣᠭᠴᠢᠳ᠎ᠲᠤ ᠣᠯᠭᠣᠬᠤ ᠤᠯᠤᠰ᠎ᠤᠨ ᠰᠤᠷᠤᠯᠭ᠎ᠠ ᠵᠢᠨ ᠳᠡᠳᠬᠦᠪᠦᠷᠢ ᠵᠢᠨ ᠮᠥᠩᠭᠥᠨ᠎ᠤ ᠪᠠᠷᠢᠮᠵᠢᠶ᠎ᠠ ᠵᠢ ᠳᠡᠭᠡᠭᠰᠢᠯᠡᠭᠦᠯᠪᠡ᠃ 2025 ᠣᠨ᠎ᠤ ᠬᠠᠪᠤᠷ᠎ᠤᠨ ᠤᠯᠠᠷᠢᠯ᠎ᠤᠨ ᠰᠤᠷᠤᠯᠭ᠎ᠠ ᠵᠢᠨ ᠬᠤᠭᠤᠴᠠᠭ᠎ᠠ᠎ᠠᠴᠠ ᠡᠬᠢᠯᠡᠨ᠂ ᠡᠩ᠎ᠤᠨ ᠥᠨᠳᠥᠷ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠰᠣᠷᠣᠭᠴᠢᠳ᠎ᠲᠤ ᠣᠯᠭᠣᠬᠤ ᠤᠯᠤᠰ᠎ᠤᠨ ᠰᠤᠷᠤᠯᠭ᠎ᠠ ᠵᠢᠨ ᠳᠡᠳᠬᠦᠪᠦᠷᠢ ᠵᠢᠨ ᠮᠥᠩᠭᠥ ᠵᠢᠨ ᠳᠤᠮᠳᠠᠴᠢ ᠲᠤᠰᠠᠯᠠᠬᠤ ᠪᠠᠷᠢᠮᠵᠢᠶ᠎ᠠ ᠵᠢ ᠰᠣᠷᠣᠭᠴᠢ ᠨᠢᠵᠡᠭᠡᠳ᠎ᠲᠤ ᠵᠢᠯ ᠪᠦᠷᠢ 2000 ᠲᠥᠭᠥᠷᠢᠭ ᠣᠯᠭᠣᠳᠠᠭ ᠪᠠᠢ᠌ᠭᠰᠠᠨ᠎ᠠᠴᠠ ᠨᠡᠮᠡᠭᠳᠡᠭᠦᠯᠦᠭᠡᠳ 2300 ᠲᠥᠭᠥᠷᠢᠭ ᠣᠯᠭᠣᠬᠤ ᠪᠣᠯᠭ᠋ᠠᠪᠠ᠂ ᠪᠣᠳᠠᠲᠠᠢ ᠪᠠᠷᠢᠮᠵᠢᠶ᠎ᠠ ᠵᠢ ᠡᠯ᠎ᠡ ᠭᠠᠵᠠᠷ᠎ᠤᠨ᠎ᠬᠢᠨ ᠪᠣᠳᠠᠲᠠᠢ ᠪᠠᠢ᠌ᠳᠠᠯ᠎ᠲᠠᠢ᠎ᠪᠠᠨ ᠤᠶᠠᠯᠳᠤᠭᠤᠯᠤᠨ 1200᠎ᠠᠴᠠ 3500 ᠲᠥᠭᠥᠷᠢᠭ᠎ᠤᠨ ᠬᠡᠪᠴᠢᠶᠡᠨ᠎ᠳᠤ ᠲᠣᠭᠲᠠᠭ᠋ᠠᠬᠤ ᠪᠥᠭᠡᠳ 2᠎ᠠᠴᠠ 3 ᠲᠠᠰ ᠬᠤᠪᠢᠶᠠᠵᠤ ᠪᠣᠯᠣᠨ᠎ᠠ᠃ ᠬᠣᠶᠠᠷ᠎ᠲᠤ ᠳᠤᠮᠳᠠ ᠵᠡᠷᠭᠡ ᠵᠢᠨ ᠠᠵᠢᠯ ᠮᠡᠷᠭᠡᠵᠢᠯ᠎ᠤᠨ ᠰᠤᠷᠭ᠋ᠠᠭᠤᠯᠢ ᠵᠢᠨ ᠰᠣᠷᠣᠭᠴᠢᠳ᠎ᠲᠤ ᠣᠯᠭᠣᠬᠤ ᠤᠯᠤᠰ᠎ᠤᠨ ᠰᠤᠷᠤᠯᠭ᠎ᠠ ᠵᠢᠨ ᠳᠡᠳᠬᠦᠪᠦᠷᠢ ᠵᠢᠨ ᠮᠥᠩᠭᠥᠨ᠎ᠤ ᠬᠠᠮᠤᠷᠬᠤ ᠬᠡᠪᠴᠢᠶ᠎ᠡ ᠵᠢ ᠥᠷᠭᠡᠳᠬᠡᠨ᠂ ᠲᠤᠰᠠᠯᠠᠬᠤ ᠪᠠᠷᠢᠮᠵᠢᠶ᠎ᠠ ᠵᠢ ᠳᠡᠭᠡᠭᠰᠢᠯᠡᠭᠦᠯᠪᠡ᠃ 2025 ᠣᠨ᠎ᠤ ᠬᠠᠪᠤᠷ᠎ᠤᠨ ᠤᠯᠠᠷᠢᠯ᠎ᠤᠨ ᠰᠤᠷᠤᠯᠭ᠎ᠠ ᠵᠢᠨ ᠬᠤᠭᠤᠴᠠᠭ᠎ᠠ᠎ᠠᠴᠠ ᠡᠬᠢᠯᠡᠨ᠂ ᠳᠤᠮᠳᠠ ᠵᠡᠷᠭᠡ ᠵᠢᠨ ᠠᠵᠢᠯ ᠮᠡᠷᠭᠡᠵᠢᠯ᠎ᠤᠨ ᠰᠤᠷᠭ᠋ᠠᠭᠤᠯᠢ ᠵᠢᠨ ᠪᠦᠬᠦᠯᠢ ᠡᠳᠦᠷ᠎ᠤᠨ ᠳᠦᠷᠢᠮᠲᠦ ᠰᠤᠷᠤᠯᠭ᠎ᠠ ᠵᠢᠨ ᠨᠠᠮᠲᠠᠷ᠎ᠲᠠᠢ ᠰᠤᠷᠭ᠋ᠠᠨ ᠬᠥᠮᠦᠵᠢᠯ᠎ᠤᠨ ᠵᠢᠩᠬᠢᠨᠢ ᠰᠤᠷᠤᠯᠭ᠎ᠠ ᠵᠢᠨ ᠬᠠᠷᠢᠶ᠎ᠠ ᠪᠦᠬᠦᠢ ᠭᠤᠷᠪᠠᠳᠤᠭ᠋ᠠᠷ ᠣᠨ᠎ᠤ ᠰᠤᠷᠭ᠋ᠠᠭᠤᠯᠢ᠎ᠳᠤ ᠪᠠᠢ᠌ᠭ᠎ᠠ ᠮᠥᠷᠲᠡᠭᠡᠨ ᠲᠠᠷᠢᠶᠠᠯᠠᠩ᠎ᠳᠤ ᠬᠣᠯᠪᠣᠭᠳᠠᠬᠤ ᠲᠤᠰᠬᠠᠢ ᠮᠡᠷᠭᠡᠵᠢᠯ᠎ᠲᠠᠢ ᠰᠣᠷᠣᠭᠴᠢᠳ ᠬᠢᠭᠡᠳ ᠲᠠᠷᠢᠶᠠᠯᠠᠩ᠎ᠳᠤ ᠡᠰᠡ ᠬᠣᠯᠪᠣᠭᠳᠠᠬᠤ ᠲᠤᠰᠬᠠᠢ ᠮᠡᠷᠭᠡᠵᠢᠯ᠎ᠲᠠᠢ ᠭᠡᠷ ᠪᠦᠯᠢ ᠵᠢᠨ ᠠᠵᠤ ᠠᠬᠤᠢ᠎ᠨᠢ ᠬᠦᠴᠢᠷᠳᠡᠯᠲᠡᠢ ᠰᠣᠷᠣᠭᠴᠢᠳ᠎ᠢ ᠤᠯᠤᠰ᠎ᠤᠨ ᠰᠤᠷᠤᠯᠭ᠎ᠠ ᠵᠢᠨ ᠳᠡᠳᠬᠦᠪᠦᠷᠢ ᠵᠢᠨ ᠮᠥᠩᠭᠥ᠎ᠪᠠᠷ ᠲᠤᠰᠠᠯᠠᠬᠤ ᠬᠡᠪᠴᠢᠶᠡᠨ ᠣᠷᠣᠭᠤᠯᠤᠨ᠎ᠠ᠃ ᠯᠢᠦ ᠫᠠᠨ ᠱᠠᠨ ᠠᠭᠤᠯᠠᠷᠬᠠᠭ ᠣᠷᠣᠨ ᠵᠡᠷᠭᠡ ᠤᠤᠯ᠎ᠤᠨ ᠵᠠᠯᠭ᠋ᠠᠯᠳᠤᠭᠰᠠᠨ ᠣᠨᠴᠠ ᠬᠦᠴᠢᠷᠳᠡᠯᠲᠡᠢ 11 ᠭᠠᠵᠠᠷ ᠣᠷᠣᠨ ᠪᠠ ᠲᠥᠪᠡᠳ᠎ᠤᠨ ᠥᠪᠡᠷᠲᠡᠭᠡᠨ ᠵᠠᠰᠠᠬᠤ ᠣᠷᠣᠨ᠂ ᠰᠸᠴᠤᠸᠠᠨ ᠶᠦᠨᠨᠠᠨ ᠭᠠᠨᠰᠤ ᠬᠥᠬᠡᠨᠠᠭᠤᠷ ᠳᠥᠷᠪᠡᠨ ᠮᠤᠵᠢ ᠵᠢᠨ ᠲᠥᠪᠡᠳ ᠦᠨᠳᠦᠰᠦᠲᠡᠨ ᠬᠢᠭᠡᠳ ᠪᠤᠰᠤᠳ ᠦᠨᠳᠦᠰᠦᠲᠡᠨ᠎ᠤ ᠬᠠᠮᠲᠤ᠎ᠪᠠᠷ ᠰᠠᠭᠤᠷᠢᠰᠢᠵᠤ ᠪᠠᠢ᠌ᠭ᠎ᠠ ᠥᠪᠡᠷᠲᠡᠭᠡᠨ ᠵᠠᠰᠠᠬᠤ ᠵᠧᠦ ᠰᠢᠶᠠᠨ᠂ ᠰᠢᠨᠵᠢᠶᠠᠩ᠎ᠤᠨ ᠡᠮᠦᠨᠡᠲᠦ ᠬᠡᠰᠡᠭ᠎ᠤᠨ ᠳᠦᠷᠪᠡᠨ ᠲᠤᠰᠬᠠᠢ ᠣᠷᠣᠨ᠎ᠤ ᠳᠡᠰ᠎ᠤᠨ ᠣᠷᠣᠨ ᠵᠧᠦ ᠵᠢᠨ ᠳᠤᠮᠳᠠ ᠵᠡᠷᠭᠡ ᠵᠢᠨ ᠠᠵᠢᠯ ᠮᠡᠷᠭᠡᠵᠢᠯ᠎ᠤᠨ ᠰᠤᠷᠭ᠋ᠠᠭᠤᠯᠢ ᠵᠢᠨ ᠭᠤᠷᠪᠠᠳᠤᠭ᠋ᠠᠷ ᠣᠨ᠎ᠤ ᠬᠥᠳᠡᠭᠡ ᠲᠣᠰᠬᠣᠨ᠎ᠠᠴᠠ ᠢᠷᠡᠯᠲᠡᠢ ᠰᠣᠷᠣᠭᠴᠢᠳ (ᠰᠢᠶᠠᠨ᠎ᠤ ᠬᠤᠲᠠ ᠵᠢ ᠪᠠᠭᠲᠠᠭ᠋ᠠᠬᠤ ᠦᠭᠡᠢ)᠎ᠢ ᠴᠥᠮ ᠤᠯᠤᠰ᠎ᠤᠨ ᠰᠤᠷᠤᠯᠭ᠎ᠠ ᠵᠢᠨ ᠳᠡᠳᠬᠦᠪᠦᠷᠢ ᠵᠢᠨ ᠮᠥᠩᠭᠥ᠎ᠪᠠᠷ ᠲᠤᠰᠠᠯᠠᠬᠤ ᠬᠡᠪᠴᠢᠶᠡᠨ᠎ᠳᠤ ᠣᠷᠣᠭᠤᠯᠪᠠ᠃ ᠡᠳ᠋ ᠮᠥᠩᠭᠥ᠎ᠪᠠᠷ ᠲᠤᠰᠠᠯᠠᠬᠤ ᠳᠤᠮᠳᠠᠴᠢ ᠪᠠᠷᠢᠮᠵᠢᠶ᠎ᠠ ᠵᠢ ᠰᠣᠷᠣᠭᠴᠢ ᠨᠢᠵᠡᠭᠡᠳ᠎ᠲᠤ ᠵᠢᠯ ᠪᠦᠷᠢ 2000 ᠲᠥᠭᠥᠷᠢᠭ ᠣᠯᠭᠣᠳᠠᠭ ᠪᠠᠢ᠌ᠭᠰᠠᠨ᠎ᠠᠴᠠ ᠨᠡᠮᠡᠭᠳᠡᠭᠦᠯᠦᠭᠡᠳ 2300 ᠲᠥᠭᠥᠷᠢᠭ ᠣᠯᠭᠣᠬᠤ ᠪᠣᠯᠭ᠋ᠠᠵᠠᠢ᠂ ᠪᠣᠳᠠᠲᠠᠢ ᠪᠠᠷᠢᠮᠵᠢᠶ᠎ᠠ ᠵᠢ ᠡᠯ᠎ᠡ ᠭᠠᠵᠠᠷ᠎ᠤᠨ᠎ᠬᠢᠨ ᠪᠣᠳᠠᠲᠤ ᠪᠠᠢ᠌ᠳᠠᠯ᠎ᠲᠠᠢ᠎ᠪᠠᠨ ᠤᠶᠠᠯᠳᠤᠭᠤᠯᠤᠨ 1200᠎ᠠᠴᠠ 3500 ᠲᠥᠭᠥᠷᠢᠭ᠎ᠤᠨ ᠬᠡᠪᠴᠢᠶᠡᠨ ᠳᠣᠲᠣᠷ᠎ᠠ ᠳᠣᠭᠲᠠᠭ᠋ᠠᠬᠤ ᠪᠥᠭᠡᠳ 2᠎ᠠᠴᠠ 3 ᠲᠠᠰ ᠬᠤᠪᠢᠶᠠᠵᠤ ᠪᠣᠯᠣᠨ᠎ᠠ᠃

      ᠲᠠᠪᠤ᠂ 《ᠮᠡᠳᠡᠭᠳᠡᠯ》᠎ᠢ ᠲᠤᠭᠤᠰᠢᠯᠠᠭᠤᠯᠤᠨ ᠨᠠᠢ᠌ᠳᠠᠪᠤᠷᠢᠵᠢᠭᠤᠯᠬᠤ᠎ᠪᠠᠨ ᠬᠡᠷᠬᠢᠨ ᠪᠠᠲᠤᠯᠠᠬᠤ ᠪᠤᠢ?

      ᠬᠠᠷᠢᠭᠤᠯᠲᠠ᠄ ᠰᠢᠨ᠎ᠡ ᠲᠥᠷᠥ ᠵᠢᠨ ᠪᠣᠳᠣᠯᠭ᠎ᠠ ᠵᠢ ᠨᠠᠢ᠌ᠳᠠᠪᠤᠷᠢᠵᠢᠭᠤᠯᠤᠨ ᠪᠣᠲᠠᠲᠠᠢ᠌ᠵᠢᠭᠤᠯᠬᠤ ᠵᠢ ᠦᠨᠡᠨ ᠬᠦ᠌ ᠪᠠᠲᠤᠯᠠᠬᠤ ᠵᠢᠨ ᠲᠥᠯᠥᠭᠡ᠂ ᠡᠳ᠋᠎ᠤᠨ ᠵᠠᠰᠠᠭ᠎ᠤᠨ ᠶᠠᠮᠤᠨ᠎ᠨᠢ ᠰᠤᠷᠭ᠋ᠠᠨ ᠬᠥᠮᠦᠵᠢᠯ᠎ᠤᠨ ᠶᠠᠮᠤᠨ᠂ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠶᠠᠮᠤᠨ ᠵᠡᠷᠭᠡ ᠰᠠᠯᠠᠭ᠎ᠠ ᠮᠥᠴᠢᠷ᠎ᠲᠠᠢ ᠬᠠᠮᠲᠤᠷᠠᠨ ᠳᠥᠷᠪᠡᠨ ᠲᠠᠯ᠎ᠠ ᠵᠢᠨ ᠠᠵᠢᠯ᠎ᠢ ᠭᠣᠣᠯᠳᠠᠯᠭ᠎ᠠ᠎ᠲᠠᠢ ᠥᠷᠨᠢᠭᠦᠯᠬᠦ ᠪᠣᠯᠣᠨ᠎ᠠ᠄ ᠨᠢᠭᠡ᠎ᠳᠤ ᠵᠣᠬᠢᠶᠠᠨ ᠪᠠᠢ᠌ᠭᠤᠯᠵᠤ ᠤᠳᠤᠷᠢᠳᠬᠤ᠎ᠪᠠᠨ ᠴᠢᠩᠭ᠋ᠠᠳᠬᠠᠨ᠎ᠠ᠃ ᠡᠯ᠎ᠡ ᠭᠠᠵᠠᠷ᠎ᠤᠨ ᠡᠳ᠋᠎ᠤᠨ ᠵᠠᠰᠠᠭ᠂ ᠰᠤᠷᠭ᠋ᠠᠨ ᠬᠥᠮᠦᠵᠢᠯ᠂ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠡᠷᠭᠡ ᠬᠣᠯᠪᠣᠭᠳᠠᠯ ᠪᠦᠬᠦᠢ ᠰᠠᠯᠠᠭ᠎ᠠ ᠮᠥᠴᠢᠷ ᠪᠠ ᠰᠤᠷᠭ᠋ᠠᠭᠤᠯᠢ᠎ᠨᠤᠭᠤᠳ᠎ᠤᠨ ᠵᠣᠬᠢᠶᠠᠨ ᠪᠠᠢ᠌ᠭᠤᠯᠵᠤ ᠤᠳᠤᠷᠢᠳᠬᠤ᠎ᠪᠠᠨ ᠦᠨᠡᠨ ᠬᠦ᠌ ᠴᠢᠩᠭ᠋ᠠᠳᠬᠠᠬᠤ ᠵᠢ᠎ᠨᠢ ᠠᠬᠢᠭᠤᠯᠵᠤ᠂ ᠡᠨᠡ ᠬᠦ᠌ ᠲᠥᠷᠥ ᠵᠢᠨ ᠪᠣᠳᠣᠯᠭ᠎ᠠ ᠵᠢᠨ ᠲᠣᠬᠢᠷᠠᠭᠤᠯᠤᠯᠲᠠ ᠵᠢᠨ ᠠᠵᠢᠯ᠎ᠢ ᠴᠠᠭ ᠲᠤᠬᠠᠢ᠎ᠳᠤ᠎ᠨᠢ ᠲᠦᠯᠬᠢᠨ ᠠᠬᠢᠭᠤᠯᠵᠤ᠂ ᠲᠣᠰ ᠭᠠᠵᠠᠷ ᠣᠷᠣᠨ ᠲᠣᠰ ᠰᠤᠷᠭ᠋ᠠᠭᠤᠯᠢ ᠵᠢᠨ ᠵᠶ᠋ᠠᠨ ᠰᠤᠷᠤᠯᠭ᠎ᠠ ᠵᠢᠨ ᠱᠠᠩᠨᠠᠯ᠎ᠤᠨ ᠮᠥᠩᠭᠥ ᠪᠠ ᠰᠤᠷᠤᠯᠭ᠎ᠠ ᠵᠢᠨ ᠳᠡᠳᠬᠦᠪᠦᠷᠢ ᠵᠢᠨ ᠮᠥᠩᠭᠥ ᠵᠢᠨ ᠲᠥᠷᠥ ᠵᠢᠨ ᠪᠣᠳᠣᠯᠭ᠎ᠠ᠎ᠳᠤ ᠵᠠᠰᠠᠪᠤᠷᠢ ᠣᠷᠣᠭᠤᠯᠤᠨ᠂ 2024 ᠣᠨ᠎ᠳᠠᠬᠢ ᠤᠯᠤᠰ᠎ᠤᠨ ᠰᠤᠷᠤᠯᠭ᠎ᠠ ᠵᠢᠨ ᠱᠠᠩᠨᠠᠯ᠎ᠤᠨ ᠮᠥᠩᠭᠥ᠎ᠪᠠᠷ ᠱᠠᠩᠨᠠᠬᠤ ᠣᠷᠣᠨ ᠲᠣᠭ᠎ᠠ ᠵᠢ ᠨᠡᠮᠡᠵᠦ ᠨᠥᠬᠥᠪᠦᠷᠢᠯᠡᠬᠦ ᠪᠠ ᠤᠯᠤᠰ᠎ᠤᠨ ᠰᠤᠷᠤᠯᠭ᠎ᠠ ᠵᠢᠨ ᠲᠡᠳᠬᠦᠮᠵᠢ ᠵᠢᠨ ᠮᠥᠩᠭᠥ ᠵᠢ ᠣᠯᠭᠣᠬᠤ ᠠᠵᠢᠯ᠎ᠢ ᠦᠨᠡᠨ ᠬᠦ᠌ ᠰᠠᠢ᠌ᠲᠤᠷ ᠬᠢᠨ᠎ᠡ᠃ ᠬᠣᠶᠠᠷ᠎ᠲᠤ ᠪᠡᠯᠡ ᠮᠥᠩᠭᠥᠨ᠎ᠤ ᠪᠠᠲᠤᠯᠠᠭ᠎ᠠ ᠵᠢ ᠴᠢᠩᠭ᠋ᠠᠷᠠᠭᠤᠯᠤᠨ᠎ᠠ᠃ ᠲᠣᠰ ᠤᠳᠠᠭ᠋ᠠᠨ᠎ᠤ ᠲᠥᠷᠥ ᠵᠢᠨ ᠪᠣᠳᠣᠯᠭ᠎ᠠ ᠵᠢᠨ ᠲᠣᠬᠢᠷᠠᠭᠤᠯᠤᠯᠲᠠ᠎ᠳᠤ ᠬᠡᠷᠡᠭᠰᠡᠬᠦ ᠪᠡᠯᠡ ᠮᠥᠩᠭᠥ ᠵᠢ ᠲᠥᠪ᠎ᠤᠨ ᠡᠳ᠋᠎ᠤᠨ ᠵᠠᠰᠠᠭ ᠪᠠ ᠣᠷᠣᠨ ᠨᠤᠲᠤᠭ᠎ᠤᠨ ᠡᠳ᠋᠎ᠤᠨ ᠵᠠᠰᠠᠭ᠎ᠠᠴᠠ ᠣᠲᠣ ᠵᠢᠨ ᠬᠡᠷᠡᠭᠵᠢᠭᠦᠯᠵᠦ ᠪᠠᠢ᠌ᠭ᠎ᠠ ᠠᠷᠭ᠎ᠠ ᠵᠠᠮ ᠪᠠ ᠬᠤᠪᠢᠳᠠᠨ ᠡᠭᠦᠷᠭᠡᠯᠡᠬᠦ ᠠᠷᠭ᠎ᠠ ᠮᠠᠶᠢᠭ ᠵᠶ᠋ᠠᠷ ᠦᠷᠭᠦᠯᠵᠢᠯᠡᠨ ᠬᠠᠮᠲᠤ᠎ᠳᠤ᠎ᠪᠠᠨ ᠡᠭᠦᠷᠭᠡᠯᠡᠨ᠎ᠡ᠃ ᠭᠤᠷᠪᠠᠨ ᠰᠠᠯᠠᠭ᠎ᠠ ᠮᠥᠴᠢᠷ᠎ᠠᠴᠠ ᠡᠯ᠎ᠡ ᠭᠠᠵᠠᠷ᠎ᠤᠨ᠎ᠬᠢᠨ᠎ᠤ ᠪᠡᠯᠡ ᠮᠥᠩᠭᠥ ᠵᠢ ᠨᠢᠭᠡᠳᠦᠯᠲᠡᠢ ᠲᠥᠯᠥᠪᠯᠡᠨ ᠳᠣᠬᠢᠷᠠᠭᠤᠯᠬᠤ ᠵᠢ ᠰᠢᠮᠳᠠᠭᠤᠯᠵᠤ᠂ ᠲᠥᠰᠥᠪ᠎ᠢ ᠴᠠᠭ ᠲᠤᠬᠠᠢ᠎ᠳᠤ᠎ᠨᠢ ᠪᠠᠭᠤᠯᠭ᠋ᠠᠨ᠂ ᠪᠡᠯᠡ ᠮᠥᠩᠭᠥ ᠵᠢ ᠬᠡᠷᠡᠭᠯᠡᠭᠰᠡᠨ ᠪᠠ ᠲᠦᠷᠦ ᠵᠢᠨ ᠪᠣᠳᠣᠯᠭ᠎ᠠ ᠵᠢ ᠬᠡᠷᠡᠭᠵᠢᠭᠦᠯᠦᠭᠰᠡᠨ ᠪᠠᠢ᠌ᠳᠠᠯ᠎ᠳᠤ ᠬᠢᠨᠠᠯᠲᠠ ᠬᠠᠮᠢᠶᠠᠷᠤᠯᠲᠠ ᠬᠢᠨ᠎ᠡ᠃ ᠭᠤᠷᠪᠠ᠎ᠳᠤ ᠪᠣᠯᠪᠠᠰᠤᠷᠠᠭᠤᠯᠬᠤ ᠵᠢᠭ᠋ᠠᠨ ᠵᠢᠯᠤᠭᠣᠳᠬᠤ ᠵᠢ ᠴᠢᠩᠭ᠋ᠠᠳᠬᠠᠨ᠎ᠠ᠃ ᠪᠥᠬᠥ ᠤᠯᠤᠰ᠎ᠤᠨ ᠰᠣᠷᠣᠭᠴᠢᠳ᠎ᠢ ᠡᠳ᠋ ᠮᠥᠩᠭᠥ᠎ᠪᠠᠷ ᠲᠤᠰᠠᠯᠠᠬᠤ ᠬᠠᠮᠢᠶᠠᠷᠤᠯᠲᠠ ᠵᠢᠨ ᠲᠥᠪ ᠪᠠ ᠪᠥᠬᠥ ᠤᠯᠤᠰ᠎ᠤᠨ ᠮᠡᠷᠭᠡᠵᠢᠯ᠎ᠤᠨ ᠠᠵᠢᠯᠴᠢᠨ᠎ᠤ ᠳᠡᠭᠡᠳᠦ ᠰᠤᠷᠭ᠋ᠠᠭᠤᠯᠢ᠎ᠨᠤᠭᠤᠳ᠎ᠤᠨ ᠰᠣᠷᠣᠭᠴᠢᠳ᠎ᠢ ᠡᠳ᠋ ᠮᠥᠩᠭᠥ᠎ᠪᠠᠷ ᠲᠤᠰᠠᠯᠠᠬᠤ ᠬᠠᠮᠢᠶᠠᠷᠤᠯᠲᠠ ᠵᠢᠨ ᠠᠵᠢᠯ᠎ᠤᠨ ᠠᠯᠪᠠᠨ ᠭᠡᠷ᠎ᠠᠴᠠ ᠡᠯ᠎ᠡ ᠭᠠᠵᠠᠷ ᠡᠯ᠎ᠡ ᠰᠤᠷᠭ᠋ᠠᠭᠤᠯᠢ᠎ᠳᠤ ᠬᠠᠨᠳᠤᠭᠤᠯᠤᠨ ᠲᠤᠬᠠᠢ᠌ᠯᠠᠭᠰᠠᠨ ᠠᠵᠢᠯ᠎ᠤᠨ ᠪᠣᠯᠪᠠᠰᠤᠷᠠᠯ᠎ᠢ ᠥᠷᠭᠡᠨ ᠵᠶ᠋ᠡᠷ ᠥᠷᠨᠢᠭᠦᠯᠵᠦ᠂ ᠲᠥᠷᠥ ᠵᠢᠨ ᠪᠣᠳᠣᠯᠭ᠎ᠠ ᠵᠢᠨ ᠲᠠᠯ᠎ᠠ᠎ᠪᠠᠷ᠎ᠬᠢ ᠪᠣᠯᠪᠠᠰᠤᠷᠠᠯ ᠬᠢᠬᠦ ᠠᠷᠭ᠎ᠠ ᠵᠠᠮ᠎ᠢ ᠥᠷᠭᠡᠳᠬᠡᠨ᠂ ᠲᠥᠷᠥ ᠵᠢᠨ ᠪᠣᠳᠣᠯᠭ᠎ᠠ ᠵᠢᠨ ᠠᠭᠤᠯᠭ᠎ᠠ ᠵᠢ ᠨᠠᠷᠢᠯᠢᠭ ᠲᠠᠢ᠌ᠯᠪᠤᠷᠢᠯᠠᠵᠤ᠂ ᠲᠥᠷᠥ ᠵᠢᠨ ᠪᠣᠳᠣᠯᠭ᠎ᠠ ᠵᠢᠨ ᠬᠡᠷᠡᠭᠵᠢᠭᠦᠯᠦᠯᠲᠡ ᠵᠢ ᠵᠢᠷᠤᠮᠵᠢᠭᠤᠯᠤᠨ ᠪᠣᠲᠠᠲᠠᠢ᠌ᠵᠢᠭᠤᠯᠬᠤ ᠵᠢ ᠪᠠᠲᠤᠯᠠᠨ᠎ᠠ᠃ ᠳᠥᠷᠪᠡ᠎ᠳᠤ ᠤᠬᠠᠭᠤᠯᠬᠤ ᠡᠷᠴᠢᠮ ᠵᠶ᠋ᠡᠨ ᠴᠢᠩᠭ᠋ᠠᠷᠠᠭᠤᠯᠤᠨ᠎ᠠ᠃ ᠲᠥᠷᠥ ᠵᠢᠨ ᠪᠣᠳᠣᠯᠭ᠎ᠠ ᠵᠢ ᠤᠬᠠᠭᠤᠯᠬᠤ ᠠᠷᠭ᠎ᠠ ᠮᠠᠶᠢᠭ᠎ᠲᠤ ᠰᠢᠨ᠎ᠡ ᠵᠢ ᠡᠭᠦᠳᠴᠦ᠂ ᠭᠣᠣᠯ ᠵᠠᠭᠤᠴᠢᠯᠠᠭᠤᠷ᠂ ᠫᠤᠷᠲᠸᠯ ᠰᠦᠯᠵᠢᠶ᠎ᠡ᠂ ᠸᠢᠴᠠᠲ ᠣᠯᠠᠨ ᠨᠡᠢ᠌ᠲᠠ ᠵᠢᠨ ᠲᠠᠪᠴᠠᠩ ᠵᠡᠷᠭᠡ ᠣᠯᠠᠨ ᠠᠷᠭ᠎ᠠ ᠵᠠᠮ ᠵᠶ᠋ᠠᠷ ᠤᠬᠠᠭᠤᠯᠤᠨ ᠲᠠᠢ᠌ᠯᠪᠤᠷᠢᠯᠠᠵᠤ᠂ ᠲᠥᠷᠥ ᠵᠢᠨ ᠪᠣᠳᠣᠯᠭ᠎ᠠ᠎ᠪᠠᠷ ᠥᠷᠭᠡᠨ ᠣᠯᠠᠨ ᠰᠣᠷᠣᠭᠴᠢᠳ᠎ᠲᠤ ᠳᠠᠷᠤᠢ᠌ᠬᠠᠨ ᠠᠰᠢᠭ ᠬᠦᠷᠲᠡᠭᠡᠨ᠂ ᠰᠣᠷᠣᠭᠴᠢᠳ᠎ᠢ ᠡᠳ᠋ ᠮᠥᠩᠭᠥ᠎ᠪᠠᠷ ᠲᠤᠰᠠᠯᠠᠬᠤ ᠲᠥᠷᠥ ᠵᠢᠨ ᠪᠣᠳᠣᠯᠭ᠎ᠠ᠎ᠪᠠᠷ ᠬᠦᠴᠢᠷᠳᠡᠯᠲᠡᠢ ᠵᠢ ᠲᠤᠰᠠᠯᠠᠬᠤ᠂ ᠰᠢᠯᠢᠳᠡᠭ᠎ᠢ ᠱᠠᠩᠨᠠᠬᠤ᠂ ᠬᠥᠲᠥᠯᠥᠨ ᠵᠢᠯᠤᠭᠣᠳᠬᠤ᠂ ᠬᠥᠮᠥᠨ ᠬᠥᠮᠥᠵᠢᠭᠦᠯᠬᠦ ᠴᠢᠳᠠᠮᠵᠢ ᠵᠢ᠎ᠨᠢ ᠦᠨᠡᠨ ᠬᠦ᠌ ᠰᠠᠢ᠌ᠲᠤᠷ ᠪᠠᠳᠠᠷᠠᠭᠤᠯᠤᠨ᠎ᠠ᠃

ᠢᠷᠡᠯᠲᠡ᠄ᠦᠪᠦᠷ ᠮᠣᠩᠭᠤᠯ᠎ᠤᠨ ᠵᠠᠰᠠᠭ᠎ᠤᠨ ᠣᠷᠳᠤᠨ
          
ᠬᠠᠮᠢᠶ᠎ᠡ ᠪᠦᠬᠦᠢ ᠰᠣᠨᠢᠨ
 
            