ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠬᠠᠣᠯᠢ᠎ᠪᠠᠷ ᠵᠠᠰᠠᠬᠤ
ᠦᠢᠯᠡᠴᠢᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠦᠢᠯᠡᠴᠢᠯᠡᠭᠡ   -   ᠰᠣᠷᠪᠣᠯᠵᠢᠯᠠᠭ᠎ᠠ
ᠬᠠᠤᠯᠢ ᠴᠠᠭ᠋ᠠᠵᠠ ᠵᠢᠨ ᠶᠠᠮᠤᠨ ᠪᠠ ᠠᠵᠤ ᠦᠢ᠍ᠯᠡᠳᠪᠦᠷᠢ ᠪᠠ ᠮᠡᠳᠡᠭᠡ ᠵᠠᠩᠭᠢᠵᠢᠯᠲᠠ ᠵᠢᠨ ᠶᠠᠮᠤᠨ᠎ᠤ ᠬᠠᠷᠢᠭᠤᠴᠠᠯᠭ᠋ᠠᠲᠠᠨ 《ᠬᠣᠪᠣᠷ ᠰᠢᠷᠣᠢ ᠵᠢᠨ ᠬᠠᠮᠢᠶᠠᠷᠤᠯᠲᠠ ᠵᠢᠨ ᠳᠦᠷᠢᠮ》᠎ᠤᠨ ᠲᠤᠬᠠᠢ ᠰᠤᠷᠪᠤᠯᠵᠢᠯᠠᠭᠴᠢ ᠵᠢᠨ ᠠᠰᠠᠭᠤᠯᠲᠠ ᠵᠢ ᠬᠠᠷᠢᠭᠤᠯᠤᠭᠰᠠᠨ᠎ᠨᠢ (ᠬᠣᠶᠠᠷ)
ᠨᠡᠶ᠋ᠢᠲᠡᠯᠡᠭᠰᠡᠨ ᠴᠠᠭ᠄ 2024-11-25

      ᠠᠰᠠᠭᠤᠯᠲᠠ᠄ ᠬᠣᠪᠣᠷ ᠰᠢᠷᠣᠢ ᠵᠢᠨ ᠪᠥᠬᠥ ᠠᠵᠤ ᠦᠢ᠍ᠯᠡᠰ᠎ᠤᠨ ᠬᠡᠯᠬᠢᠶᠡᠨ᠎ᠤ ᠬᠢᠨᠠᠯᠲᠠ ᠬᠠᠮᠢᠶᠠᠷᠤᠯᠲᠠ ᠵᠢᠨ ᠰᠢᠰᠲ᠋ᠧᠮᠵᠢ ᠵᠢᠨ ᠲᠤᠬᠠᠢ 《ᠳᠦᠷᠢᠮ》᠎ᠳᠤ ᠶᠠᠮᠠᠷ ᠶᠠᠮᠠᠷ ᠲᠠᠯ᠎ᠠ᠎ᠪᠠᠷ ᠲᠣᠭᠲᠠᠭ᠋ᠠᠯ ᠭᠠᠷᠭ᠋ᠠᠭᠰᠠᠨ ᠪᠣᠶ?

      ᠬᠠᠷᠢᠭᠤᠯᠲᠠ᠄ ᠨᠢᠭᠡ᠎ᠳᠤ ᠬᠣᠪᠣᠷ ᠰᠢᠷᠣᠢ ᠮᠠᠯᠲᠠᠬᠤ᠂ ᠲᠡᠮᠦᠷᠯᠢᠭ ᠬᠠᠢ᠌ᠯᠤᠭᠤᠯᠬᠤ ᠵᠢ ᠰᠠᠯᠭ᠋ᠠᠬᠤ ᠬᠠᠮᠢᠶᠠᠷᠤᠯᠲᠠ ᠵᠢᠨ ᠱᠠᠭ᠋ᠠᠷᠳᠠᠯᠭ᠎ᠠ ᠵᠢ  ᠲᠣᠳᠣᠷᠬᠠᠢ᠌ᠯᠠᠵᠠᠢ᠃ ᠲᠥᠷᠥ ᠵᠢᠨ ᠶᠠᠪᠤᠳᠠᠯ᠎ᠤᠨ ᠬᠣᠷᠢᠶ᠎ᠠ ᠵᠢᠨ ᠠᠵᠤ ᠦᠢ᠍ᠯᠡᠳᠪᠦᠷᠢ ᠪᠠ ᠮᠡᠳᠡᠭᠡ ᠵᠠᠩᠭᠢᠵᠢᠯᠲᠠ ᠵᠢᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠨᠢ ᠬᠣᠯᠪᠣᠭᠳᠠᠯ ᠪᠦᠬᠦᠢ ᠰᠠᠯᠠᠭ᠎ᠠ ᠮᠥᠴᠢᠷ᠎ᠲᠠᠢ ᠬᠠᠮᠲᠤᠷᠠᠨ ᠬᠣᠪᠣᠷ ᠰᠢᠷᠣᠢ ᠨᠡᠭᠡᠭᠡᠨ ᠮᠠᠯᠲᠠᠬᠤ ᠠᠵᠤ ᠠᠬᠤᠢ᠌ᠯᠠᠯ ᠪᠠ ᠬᠣᠪᠣᠷ ᠰᠢᠷᠣᠢ ᠬᠠᠢ᠌ᠯᠤᠭᠤᠯᠤᠨ ᠰᠠᠯᠭ᠋ᠠᠬᠤ ᠠᠵᠤ ᠠᠬᠤᠢ᠌ᠯᠠᠯ᠎ᠢ ᠲᠣᠭᠲᠠᠭ᠋ᠠᠨ᠎ᠠ᠃ ᠪᠤᠰᠤᠳ ᠵᠣᠬᠢᠶᠠᠨ ᠪᠠᠢ᠌ᠭᠤᠯᠤᠯᠲᠠ ᠪᠣᠯᠣᠨ ᠬᠤᠪᠢ ᠬᠥᠮᠥᠨ ᠬᠣᠪᠣᠷ ᠰᠢᠷᠣᠢ ᠮᠠᠯᠲᠠᠬᠤ ᠪᠠ ᠬᠣᠪᠣᠷ ᠰᠢᠷᠣᠢ ᠬᠠᠢ᠌ᠯᠤᠭᠤᠯᠬᠤ ᠵᠢ ᠰᠠᠯᠭ᠋ᠠᠬᠤ ᠠᠵᠢᠯ᠎ᠢ ᠡᠷᠭᠢᠯᠡᠵᠦ ᠪᠣᠯᠬᠤ ᠦᠭᠡᠢ᠃ ᠬᠣᠶᠠᠷ᠎ᠲᠤ ᠶᠡᠷᠦᠩᠬᠡᠢ ᠬᠡᠮᠵᠢᠶ᠎ᠡ ᠵᠢ ᠲᠣᠬᠢᠷᠠᠭᠤᠯᠤᠨ ᠡᠵᠡᠮᠳᠡᠬᠦ ᠳᠦᠷᠢᠮ᠎ᠢ   ᠪᠠᠢ᠌ᠭᠤᠯᠵᠠᠢ᠃ ᠤᠯᠤᠰ᠎ᠠᠴᠠ ᠬᠣᠪᠣᠷ ᠰᠢᠷᠣᠢ ᠵᠢᠨ ᠡᠬᠢ ᠪᠠᠶᠠᠯᠢᠭ᠎ᠤᠨ ᠬᠠᠳᠠᠭ᠋ᠠᠯᠠᠭᠳᠠᠴᠠ ᠪᠠ ᠲᠥᠷᠥᠯ ᠵᠦᠢ᠍ᠯ᠎ᠤᠨ ᠵᠥᠷᠢᠶ᠎ᠡ᠂ ᠠᠵᠤ ᠦᠢ᠍ᠯᠡᠰ᠎ᠤᠨ ᠬᠥᠭᠵᠢᠯᠲᠡ᠂ ᠠᠮᠢ ᠠᠬᠤᠢ ᠵᠢᠨ ᠬᠠᠮᠠᠭ᠋ᠠᠯᠠᠯᠲᠠ᠂ ᠵᠠᠬ᠎ᠠ ᠳᠡᠯᠭᠡᠭᠦᠷ᠎ᠤᠨ ᠬᠡᠷᠡᠭᠴᠡᠭᠡ ᠱᠠᠭ᠋ᠠᠷᠳᠠᠯᠭ᠎ᠠ ᠵᠡᠷᠭᠡ ᠬᠦᠴᠦᠨ ᠵᠦᠢ᠍ᠯ᠎ᠢ ᠦᠨᠳᠦᠰᠦᠯᠡᠨ᠂ ᠬᠣᠪᠣᠷ ᠰᠢᠷᠣᠢ ᠵᠢ ᠨᠡᠭᠡᠭᠡᠨ ᠮᠠᠯᠲᠠᠬᠤ ᠪᠠ ᠲᠡᠮᠦᠷᠯᠢᠭ ᠬᠠᠢ᠌ᠯᠤᠭᠤᠯᠬᠤ ᠵᠢ ᠰᠠᠯᠭ᠋ᠠᠬᠤ ᠶᠡᠷᠦᠩᠬᠡᠢ ᠬᠡᠮᠵᠢᠶ᠎ᠡ ᠵᠢ ᠲᠣᠬᠢᠷᠠᠭᠤᠯᠤᠨ ᠡᠵᠡᠮᠳᠡᠬᠦ ᠵᠢ ᠬᠡᠷᠡᠭᠵᠢᠭᠦᠯᠬᠦ ᠵᠢᠨ ᠬᠠᠮᠲᠤ ᠬᠥᠳᠡᠯᠦᠩᠭᠦᠢ ᠬᠠᠮᠢᠶᠠᠷᠤᠯᠲᠠ ᠵᠢ ᠰᠢᠯᠢᠳᠡᠭᠵᠢᠭᠦᠯᠦᠨ᠎ᠡ᠃ ᠭᠤᠷᠪᠠ᠎ᠳᠤ ᠬᠣᠪᠣᠷ ᠰᠢᠷᠣᠢ ᠵᠢ ᠶᠡᠷᠦᠩᠬᠡᠢ᠌ᠯᠡᠨ ᠠᠰᠢᠭᠯᠠᠬᠤ ᠵᠢ  ᠵᠢᠷᠤᠮᠵᠢᠭᠤᠯᠵᠠᠢ᠃ ᠬᠣᠪᠣᠷ ᠰᠢᠷᠣᠢ ᠵᠢ ᠶᠡᠷᠦᠩᠬᠡᠢ᠌ᠯᠡᠨ ᠠᠰᠢᠭᠯᠠᠬᠤ ᠠᠵᠤ ᠠᠬᠤᠢ᠌ᠯᠠᠯ  ᠬᠣᠪᠣᠷ ᠰᠢᠷᠣᠢ ᠵᠢᠨ ᠠᠭᠤᠷᠬᠠᠢ ᠵᠢᠨ ᠦᠢ᠍ᠯᠡᠳᠬᠦᠨ ᠵᠶ᠋ᠡᠷ ᠲᠦᠭᠦᠬᠡᠢ ᠮᠠᠲ᠋ᠧᠷᠢᠶᠠᠯ ᠪᠣᠯᠭ᠋ᠠᠨ ᠦᠢ᠍ᠯᠡᠳᠪᠦᠷᠢᠯᠡᠬᠦ ᠠᠵᠢᠯᠯᠠᠭ᠎ᠠ ᠬᠢᠵᠦ ᠪᠣᠯᠬᠤ ᠦᠭᠡᠢ᠃ ᠳᠥᠷᠪᠡ᠎ᠳᠤ ᠦᠢ᠍ᠯᠡᠳᠬᠦᠨ᠎ᠢ ᠮᠦᠷᠳᠡᠬᠦ ᠳᠦᠷᠢᠮ᠎ᠢ  ᠪᠠᠢ᠌ᠭᠤᠯᠵᠠᠢ᠃ ᠬᠣᠪᠣᠷ ᠰᠢᠷᠣᠢ ᠨᠡᠭᠡᠭᠡᠨ ᠮᠠᠯᠲᠠᠬᠤ᠂ ᠲᠡᠮᠦᠷᠯᠢᠭ ᠬᠠᠢ᠌ᠯᠤᠭᠤᠯᠬᠤ ᠵᠢ ᠰᠠᠯᠭ᠋ᠠᠬᠤ᠂ ᠲᠡᠮᠦᠷᠯᠢᠭ ᠬᠠᠢ᠌ᠯᠤᠭᠤᠯᠬᠤ᠂ ᠶᠡᠷᠦᠩᠬᠡᠢ᠌ᠯᠡᠨ ᠠᠰᠢᠭᠯᠠᠬᠤ ᠪᠠ ᠬᠣᠪᠣᠷ ᠰᠢᠷᠣᠢ ᠵᠢᠨ ᠦᠢ᠍ᠯᠡᠳᠬᠦᠨ᠎ᠢ ᠭᠠᠳᠠᠭ᠋ᠠᠳᠤ᠎ᠳᠤ ᠭᠠᠷᠭ᠋ᠠᠬᠤ ᠠᠵᠤ ᠠᠬᠤᠢ᠌ᠯᠠᠯ᠎ᠤᠳ ᠬᠣᠪᠣᠷ ᠰᠢᠷᠣᠢ ᠵᠢᠨ ᠦᠢ᠍ᠯᠡᠳᠬᠦᠨ᠎ᠤ ᠭᠦᠢ᠍ᠯᠭᠡᠭᠡᠨ᠎ᠤ ᠴᠢᠭᠯᠡᠯ᠎ᠤᠨ ᠮᠡᠳᠡᠭᠡ ᠵᠠᠩᠭᠢ ᠵᠢ ᠦᠨᠡᠨ ᠮᠥᠨ ᠵᠶ᠋ᠡᠷ᠎ᠨᠢ ᠲᠡᠮᠳᠡᠭᠯᠡᠬᠦ ᠵᠢᠨ ᠬᠠᠮᠲᠤ ᠬᠣᠪᠣᠷ ᠰᠢᠷᠣᠢ ᠵᠢᠨ ᠦᠢ᠍ᠯᠡᠳᠬᠦᠨ᠎ᠤ ᠮᠦᠷᠳᠡᠯᠳᠡ ᠵᠢᠨ  ᠮᠡᠳᠡᠭᠡ ᠵᠠᠩᠭᠢ ᠵᠢᠨ ᠰᠢᠰᠲ᠋ᠧᠮ᠎ᠳᠤ ᠣᠷᠣᠭᠤᠯᠬᠤ ᠬᠡᠷᠡᠭᠲᠡᠢ᠃ ᠲᠠᠪᠤ᠎ᠳᠤ ᠭᠦᠢ᠍ᠯᠭᠡᠭᠡᠨ᠎ᠤ ᠬᠠᠮᠢᠶᠠᠷᠤᠯᠲᠠ ᠵᠢ  ᠴᠢᠩᠳᠠᠯᠠᠵᠠᠢ᠃ ᠶᠠᠮᠠᠷᠪᠠ ᠵᠣᠬᠢᠶᠠᠨ ᠪᠠᠢ᠌ᠭᠤᠯᠤᠯᠲᠠ ᠪᠣᠯᠣᠨ ᠬᠤᠪᠢ ᠬᠥᠮᠥᠨ ᠭᠡᠳ ᠬᠠᠤᠯᠢ ᠪᠤᠰᠤ᠎ᠪᠠᠷ ᠨᠡᠭᠡᠭᠡᠨ ᠮᠠᠯᠲᠠᠭᠰᠠᠨ ᠪᠤᠶᠤ ᠬᠠᠤᠯᠢ ᠪᠤᠰᠤ᠎ᠪᠠᠷ ᠪᠣᠯᠪᠠᠰᠤᠷᠠᠭᠤᠯᠵᠤ ᠰᠠᠯᠭ᠋ᠠᠭᠰᠠᠨ ᠬᠣᠪᠣᠷ ᠰᠢᠷᠣᠢ ᠵᠢᠨ ᠦᠢ᠍ᠯᠡᠳᠬᠦᠨ᠎ᠢ  ᠬᠤᠳᠠᠯᠳᠤᠨ ᠠᠪᠴᠤ᠂ ᠪᠣᠯᠪᠠᠰᠤᠷᠠᠭᠤᠯᠵᠤ᠂ ᠪᠣᠷᠣᠯᠠᠭᠤᠯᠵᠤ᠂ ᠭᠠᠳᠠᠭ᠋ᠠᠳᠤ᠎ᠳᠤ ᠭᠠᠷᠭ᠋ᠠᠵᠤ ᠪᠣᠯᠬᠤ ᠦᠭᠡᠢ᠃ ᠬᠣᠪᠣᠷ ᠰᠢᠷᠣᠢ ᠵᠢᠨ ᠦᠢ᠍ᠯᠡᠳᠬᠦᠨ ᠵᠢᠴᠢ ᠬᠣᠯᠪᠣᠭᠳᠠᠯ ᠪᠦᠬᠦᠢ ᠮᠡᠷᠭᠡᠵᠢᠯ᠂ ᠤᠷᠠᠯᠠᠯ᠂ ᠲᠣᠨᠣᠭᠯᠠᠯ᠎ᠢ ᠭᠠᠳᠠᠭ᠋ᠠᠳᠤ᠎ᠠᠴᠠ ᠣᠷᠣᠭᠤᠯᠵᠤ ᠭᠠᠳᠠᠭ᠋ᠠᠳᠤ᠎ᠳᠤ ᠭᠠᠷᠭ᠋ᠠᠬᠤ᠎ᠳᠤ ᠬᠣᠯᠪᠣᠭᠳᠠᠯ ᠪᠦᠬᠦᠢ ᠭᠠᠳᠠᠭ᠋ᠠᠳᠤ ᠠᠷᠠᠯᠵᠢᠶ᠎ᠠ᠂ ᠭᠠᠳᠠᠭ᠋ᠠᠳᠤ᠎ᠠᠴᠠ ᠣᠷᠣᠭᠤᠯᠵᠤ ᠭᠠᠳᠠᠭ᠋ᠠᠳᠤ᠎ᠳᠤ ᠭᠠᠷᠭ᠋ᠠᠬᠤ ᠬᠠᠮᠢᠶᠠᠷᠤᠯᠲᠠ ᠵᠢᠨ ᠬᠠᠤᠯᠢ ᠴᠠᠭ᠋ᠠᠵᠠ᠂ ᠵᠠᠰᠠᠭ ᠵᠠᠬᠢᠷᠭ᠋ᠠᠨ᠎ᠤ ᠬᠠᠤᠯᠢ ᠲᠣᠭᠲᠠᠭ᠋ᠠᠯ᠎ᠤᠨ ᠲᠣᠭᠲᠠᠭ᠋ᠠᠯ᠎ᠢ ᠵᠢᠷᠤᠮᠯᠠᠬᠤ ᠬᠡᠷᠡᠭᠲᠡᠢ᠃

      ᠠᠰᠠᠭᠤᠯᠲᠠ᠄ 《ᠳᠦᠷᠢᠮ》᠎ᠳᠤ ᠬᠢᠨᠠᠯᠲᠠ ᠬᠠᠮᠢᠶᠠᠷᠤᠯᠲᠠ ᠵᠢᠨ ᠠᠷᠭ᠎ᠠ ᠬᠡᠮᠵᠢᠶ᠎ᠡ ᠪᠠ ᠬᠠᠤᠯᠢ ᠵᠢᠨ ᠬᠠᠷᠢᠭᠤᠴᠠᠯᠭ᠎ᠠ ᠵᠢᠨ ᠲᠠᠯ᠎ᠠ᠎ᠪᠠᠷ ᠶᠠᠮᠠᠷ ᠶᠠᠮᠠᠷ ᠲᠣᠭᠲᠠᠭ᠋ᠠᠯ ᠭᠠᠷᠭ᠋ᠠᠭᠰᠠᠨ ᠪᠣᠶ?

      ᠬᠠᠷᠢᠭᠤᠯᠲᠠ᠄ ᠨᠢᠭᠡ᠎ᠳᠤ ᠬᠢᠨᠠᠯᠲᠠ ᠲᠠᠯᠪᠢᠵᠤ ᠪᠠᠢ᠌ᠴᠠᠭ᠋ᠠᠬᠤ᠎ᠪᠠᠨ  ᠴᠢᠩᠭ᠋ᠠᠳᠬᠠᠬᠤ ᠬᠡᠷᠡᠭᠲᠡᠢ᠃ ᠠᠵᠤ ᠦᠢ᠍ᠯᠡᠳᠪᠦᠷᠢ ᠪᠣᠯᠣᠨ ᠮᠡᠳᠡᠭᠡ ᠵᠠᠩᠭᠢᠵᠢᠭᠤᠯᠤᠯᠲᠠ ᠵᠢᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠣᠯᠣᠨ ᠪᠤᠰᠤᠳ ᠬᠣᠯᠪᠣᠭᠳᠠᠯ ᠪᠦᠬᠦᠢ ᠰᠠᠯᠠᠭ᠎ᠠ ᠮᠥᠴᠢᠷ  ᠡᠭᠦᠷᠭᠡ ᠬᠠᠷᠢᠭᠤᠴᠠᠯᠭ᠎ᠠ ᠵᠢᠨ ᠵᠶ᠋ᠠᠨ ᠬᠤᠪᠢᠶᠠᠷᠢᠯᠠᠯ ᠶᠣᠰᠣᠭ᠋ᠠᠷ ᠬᠣᠪᠣᠷ ᠰᠢᠷᠣᠢ ᠮᠠᠯᠲᠠᠬᠤ᠂ ᠲᠡᠮᠦᠷᠯᠢᠭ ᠬᠠᠢ᠌ᠯᠤᠭᠤᠯᠬᠤ ᠵᠢ ᠰᠠᠯᠭ᠋ᠠᠬᠤ᠂ ᠲᠡᠮᠦᠷᠯᠢᠭ ᠬᠠᠢ᠌ᠯᠤᠭᠤᠯᠬᠤ᠂ ᠶᠡᠷᠦᠩᠬᠡᠢ᠌ᠯᠡᠨ ᠠᠰᠢᠭᠯᠠᠬᠤ᠂ ᠦᠢ᠍ᠯᠡᠳᠬᠦᠨ ᠭᠦᠢ᠍ᠯᠭᠡᠭᠡᠬᠦ᠂ ᠭᠠᠳᠠᠭ᠋ᠠᠳᠤ᠎ᠠᠴᠠ ᠣᠷᠣᠭᠤᠯᠵᠤ ᠭᠠᠳᠠᠭ᠋ᠠᠳᠤ᠎ᠳᠤ  ᠭᠠᠷᠭ᠋ᠠᠬᠤ ᠵᠡᠷᠭᠡ ᠠᠵᠢᠯᠯᠠᠭ᠎ᠠ᠎ᠳᠤ  ᠬᠢᠨᠠᠯᠲᠠ ᠲᠠᠯᠪᠢᠨ ᠪᠠᠢ᠌ᠴᠠᠭ᠋ᠠᠯᠲᠠ ᠬᠢᠵᠦ᠂ ᠬᠠᠤᠯᠢ᠎ᠠᠴᠠ ᠵᠥᠷᠢᠴᠡᠭᠰᠡᠨ ᠥᠢ᠍ᠯᠡ ᠠᠵᠢᠯᠯᠠᠭ᠎ᠠ ᠵᠢ ᠴᠠᠭ ᠲᠤᠬᠠᠢ᠎ᠳᠤ ᠎ᠨᠢ ᠬᠠᠤᠯᠢ ᠶᠣᠰᠣᠭ᠋ᠠᠷ ᠰᠢᠢ᠍ᠳᠪᠦᠷᠢᠯᠡᠬᠦ ᠬᠡᠷᠡᠭᠲᠡᠢ᠃ ᠬᠢᠨᠠᠯᠲᠠ ᠲᠠᠯᠪᠢᠵᠤ ᠪᠠᠢ᠌ᠴᠠᠭ᠋ᠠᠬᠤ᠎ᠳᠠᠭᠠᠨ ᠪᠠᠢ᠌ᠴᠠᠭ᠋ᠠᠭᠳᠠᠵᠤ ᠪᠠᠢ᠌ᠭ᠎ᠠ ᠨᠢᠭᠡᠴᠢ ᠵᠢᠨ ᠬᠣᠯᠪᠣᠭᠳᠠᠯ ᠪᠦᠬᠦᠢ ᠪᠢᠴᠢᠭ ᠮᠠᠲ᠋ᠧᠷᠢᠶᠠᠯ ᠪᠠ ᠮᠠᠲ᠋ᠧᠷᠢᠶᠠᠯ᠎ᠢ ᠪᠠᠢ᠌ᠴᠠᠭ᠋ᠠᠨ ᠦᠵᠡᠬᠦ᠂ ᠪᠠᠢ᠌ᠴᠠᠭ᠋ᠠᠭᠳᠠᠵᠤ ᠪᠠᠢ᠌ᠭ᠎ᠠ ᠨᠢᠭᠡᠴᠢ ᠵᠢᠴᠢ ᠲᠡᠭᠦᠨ᠎ᠤ ᠬᠣᠯᠪᠣᠭᠳᠠᠯ ᠪᠦᠬᠦᠢ ᠬᠥᠮᠥᠰ᠎ᠠᠴᠠ ᠯᠠᠪᠯᠠᠨ ᠠᠰᠠᠭᠤᠬᠤ᠂ ᠬᠠᠤᠯᠢ ᠵᠢ ᠵᠥᠷᠢᠴᠡᠭᠰᠡᠨ ᠰᠡᠵᠢᠭᠯᠡᠯᠲᠡᠢ ᠠᠵᠢᠯᠯᠠᠭ᠎ᠠ ᠵᠢᠨ ᠲᠠᠯᠠᠪᠤᠷ᠎ᠲᠤ ᠣᠷᠣᠵᠤ ᠪᠠᠢ᠌ᠴᠠᠭ᠋ᠠᠯᠲᠠ ᠬᠢᠬᠦ ᠪᠠ ᠭᠡᠷᠡᠴᠢ ᠠᠪᠬᠤ ᠵᠡᠷᠭᠡ ᠠᠷᠭ᠎ᠠ ᠬᠡᠮᠵᠢᠶ᠎ᠡ ᠠᠪᠬᠤ ᠡᠷᠬᠡ᠎ᠲᠠᠢ᠃ ᠬᠣᠶᠠᠷ᠎ᠲᠤ ᠬᠠᠤᠯᠢ ᠵᠢᠨ ᠬᠠᠷᠢᠭᠤᠴᠠᠯᠭ᠎ᠠ ᠵᠢ ᠲᠣᠳᠣᠷᠬᠠᠢ  ᠪᠣᠯᠭ᠋ᠠᠬᠤ ᠬᠡᠷᠡᠭᠲᠡᠢ᠃ ᠬᠣᠪᠣᠷ ᠰᠢᠷᠣᠢ ᠮᠠᠯᠲᠠᠬᠤ᠂ ᠲᠡᠮᠦᠷᠯᠢᠭ ᠬᠠᠢ᠌ᠯᠤᠭᠤᠯᠬᠤ ᠵᠢ ᠰᠠᠯᠭ᠋ᠠᠬᠤ ᠠᠵᠢᠯ᠎ᠢ ᠬᠠᠤᠯᠢ ᠪᠤᠰᠤ᠎ᠪᠠᠷ ᠬᠢᠭᠰᠡᠨ᠂ ᠶᠡᠷᠦᠩᠬᠡᠢ ᠬᠡᠮᠵᠢᠶ᠎ᠡ ᠵᠢ ᠲᠣᠬᠢᠷᠠᠭᠤᠯᠤᠨ ᠡᠵᠡᠮᠳᠡᠬᠦ ᠬᠠᠮᠢᠶᠠᠷᠤᠯᠲᠠ ᠵᠢᠨ ᠲᠣᠭᠲᠠᠭ᠋ᠠᠯ᠂ ᠦᠢ᠍ᠯᠡᠳᠬᠦᠨ᠎ᠢ  ᠮᠦᠷᠳᠡᠬᠦ ᠳᠦᠷᠢᠮ᠎ᠢ  ᠵᠥᠷᠢᠴᠡᠭᠰᠡᠨ᠂ ᠬᠠᠤᠯᠢ ᠪᠤᠰᠤ᠎ᠪᠠᠷ ᠮᠠᠯᠲᠠᠭᠰᠠᠨ ᠪᠤᠶᠤ ᠬᠠᠤᠯᠢ ᠪᠤᠰᠤ᠎ᠪᠠᠷ ᠲᠡᠮᠦᠷᠯᠢᠭ ᠬᠠᠢ᠌ᠯᠤᠭᠤᠯᠵᠤ ᠰᠠᠯᠭ᠋ᠠᠭᠰᠠᠨ ᠬᠣᠪᠣᠷ ᠰᠢᠷᠣᠢ ᠵᠢᠨ ᠦᠢ᠍ᠯᠡᠳᠬᠦᠨ᠎ᠢ  ᠬᠤᠳᠠᠯᠳᠤᠨ ᠠᠪᠤᠭᠰᠠᠨ᠂ ᠪᠣᠯᠪᠠᠰᠤᠷᠠᠭᠤᠯᠤᠭᠰᠠᠨ᠂ ᠪᠣᠷᠣᠯᠠᠭᠤᠯᠤᠭᠰᠠᠨ ᠵᠡᠷᠭᠡ ᠬᠠᠤᠯᠢ᠎ᠠᠴᠠ ᠵᠥᠷᠢᠴᠡᠭᠰᠡᠨ ᠥᠢ᠍ᠯᠡ ᠠᠵᠢᠯᠯᠠᠭ᠎ᠠ᠎ᠳᠤ  ᠵᠣᠬᠢᠴᠠᠩᠭᠤᠢ ᠬᠠᠤᠯᠢ ᠴᠠᠭ᠋ᠠᠵᠠ ᠵᠢᠨ ᠬᠠᠷᠢᠭᠤᠴᠠᠯᠭ᠎ᠠ ᠵᠢ ᠲᠣᠭᠲᠠᠭ᠋ᠠᠪᠠ᠃ ᠡᠭᠦᠨ᠎ᠤ ᠬᠠᠮᠲᠤ᠂ ᠬᠣᠪᠣᠷ ᠰᠢᠷᠣᠢ ᠮᠠᠯᠲᠠᠬᠤ᠂ ᠲᠡᠮᠦᠷᠯᠢᠭ ᠬᠠᠢ᠌ᠯᠤᠭᠤᠯᠬᠤ ᠵᠢ ᠰᠠᠯᠭ᠋ᠠᠬᠤ᠂ ᠲᠡᠮᠦᠷᠯᠢᠭ ᠬᠠᠢ᠌ᠯᠤᠭᠤᠯᠬᠤ᠂ ᠶᠡᠷᠦᠩᠬᠡᠢ᠌ᠯᠡᠨ ᠠᠰᠢᠭᠯᠠᠬᠤ ᠠᠵᠢᠯ᠎ᠢ ᠡᠷᠭᠢᠯᠡᠨ ᠬᠢᠵᠦ ᠪᠠᠢ᠌ᠭ᠎ᠠ ᠠᠵᠤ ᠠᠬᠤᠢ᠌ᠯᠠᠯ  ᠡᠨᠧᠷᠭᠢ ᠠᠷᠪᠢᠯᠠᠵᠤ ᠣᠷᠴᠢᠨ ᠲᠣᠭᠣᠷᠢᠨ᠎ᠢ ᠬᠠᠮᠠᠭ᠋ᠠᠯᠠᠬᠤ᠂ ᠠᠷᠢᠭᠤᠨ ᠴᠡᠪᠡᠷ ᠦᠢ᠍ᠯᠡᠳᠪᠦᠷᠢᠯᠡᠬᠦ᠂  ᠠᠶᠤᠯᠭᠦᠢ ᠦᠢ᠍ᠯᠡᠳᠪᠦᠷᠢᠯᠡᠬᠦ ᠪᠠ ᠭᠠᠯ ᠤᠨᠲᠠᠷᠠᠭ᠋ᠠᠬᠤ ᠬᠣᠯᠪᠣᠭᠳᠠᠯ ᠪᠦᠬᠦᠢ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠢ ᠵᠥᠷᠢᠴᠡᠭᠰᠡᠨ ᠪᠠᠢ᠌ᠪᠠᠯ᠂ ᠬᠠᠮᠢᠶ᠎ᠠ ᠪᠦᠬᠦᠢ ᠰᠠᠯᠠᠭ᠎ᠠ ᠮᠥᠴᠢᠷ᠎ᠠᠴᠠ ᠡᠭᠦᠷᠭᠡ ᠬᠠᠷᠢᠭᠤᠴᠠᠯᠭ᠎ᠠ ᠵᠢᠨ ᠶᠣᠰᠣᠭ᠋ᠠᠷ ᠬᠠᠤᠯᠢ ᠶᠣᠰᠣᠭ᠋ᠠᠷ ᠰᠢᠢ᠍ᠳᠬᠡᠨ ᠲᠣᠷᠭ᠋ᠠᠨ᠎ᠠ ᠭᠡᠵᠦ ᠲᠣᠭᠲᠠᠭ᠋ᠠᠵᠠᠢ᠃

      ᠠᠰᠠᠭᠤᠯᠲᠠ᠄ 《ᠳᠦᠷᠢᠮ》᠎ᠢ ᠬᠡᠷᠡᠭᠵᠢᠭᠦᠯᠦᠭᠰᠡᠨ᠎ᠤ ᠳᠠᠷᠠᠭ᠎ᠠ᠂ ᠶᠠᠮᠠᠷ ᠶᠠᠮᠠᠷ ᠠᠵᠢᠯ᠎ᠢ ᠭᠣᠣᠯᠳᠠᠯᠭ᠎ᠠ᠎ᠲᠠᠢ ᠰᠠᠢ᠌ᠲᠤᠷ ᠬᠢᠬᠦ ᠪᠣᠶ?

      ᠬᠠᠷᠢᠭᠤᠯᠲᠠ᠄ ᠠᠵᠤ ᠦᠢ᠍ᠯᠡᠳᠪᠦᠷᠢ ᠪᠠ ᠮᠡᠳᠡᠭᠡ ᠵᠠᠩᠭᠢᠵᠢᠯᠲᠠ ᠵᠢᠨ ᠶᠠᠮᠤᠨ ᠬᠣᠯᠪᠣᠭᠳᠠᠯ ᠪᠦᠬᠦᠢ ᠰᠠᠯᠠᠭ᠎ᠠ ᠮᠥᠴᠢᠷ᠎ᠲᠠᠢ ᠬᠠᠮᠲᠤ᠎ᠪᠠᠷ 《ᠳᠦᠷᠢᠮ》᠎ᠢ  ᠲᠤᠭᠤᠰᠢᠯᠠᠭᠤᠯᠤᠨ ᠬᠡᠷᠡᠭᠵᠢᠭᠦᠯᠬᠦ ᠠᠵᠢᠯ᠎ᠢ ᠰᠠᠢ᠌ᠲᠤᠷ ᠬᠢᠬᠦ ᠬᠡᠷᠡᠭᠲᠡᠢ᠃ ᠨᠢᠭᠡ᠎ᠳᠤ ᠤᠬᠠᠭᠤᠯᠤᠨ ᠲᠠᠢ᠌ᠯᠪᠤᠷᠢᠯᠠᠬᠤ ᠡᠷᠴᠢᠮ ᠵᠶ᠋ᠡᠨ  ᠴᠢᠩᠭ᠋ᠠᠷᠠᠭᠤᠯᠬᠤ ᠬᠡᠷᠡᠭᠲᠡᠢ᠃ 《ᠳᠦᠷᠢᠮ》᠎ᠤᠨ ᠲᠤᠰᠬᠠᠢ ᠮᠡᠷᠭᠡᠵᠢᠯ᠎ᠤᠨ ᠴᠢᠨᠠᠷ ᠵᠶ᠋ᠠᠷ ᠨᠡᠯᠢᠶᠡᠳ ᠴᠢᠩᠭ᠎ᠠ ᠪᠠᠢ᠌ᠳᠠᠭ ᠣᠨᠴᠠᠯᠢᠭ᠎ᠲᠤ ᠴᠢᠭᠯᠡᠭᠦᠯᠦᠨ᠂ ᠣᠯᠠᠨ ᠵᠦᠢ᠍ᠯ᠎ᠤᠨ ᠠᠷᠭ᠎ᠠ ᠮᠠᠶᠢᠭ᠎ᠢ ᠠᠪᠴᠤ ᠪᠠᠢ᠌ᠭ᠋ᠠᠳ 《ᠳᠦᠷᠢᠮ》᠎ᠳᠤ ᠤᠬᠠᠭᠤᠯᠭ᠎ᠠ ᠬᠢᠵᠦ᠂ ᠬᠣᠪᠣᠷ ᠰᠢᠷᠣᠢ ᠵᠢᠨ ᠬᠠᠮᠢᠶᠠᠷᠤᠯᠲᠠ ᠵᠢᠨ ᠲᠤᠰᠬᠠᠢ ᠮᠡᠷᠭᠡᠵᠢᠯ᠎ᠤᠨ  ᠪᠣᠯᠪᠠᠰᠤᠷᠠᠯ᠎ᠢ ᠴᠢᠩᠭ᠋ᠠᠳᠬᠠᠨ᠂ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠨ ᠠᠵᠢᠯᠲᠠᠨ᠂ ᠠᠵᠤ ᠠᠬᠤᠢ᠌ᠯᠠᠯ ᠵᠡᠷᠭᠡ ᠵᠢ ᠬᠠᠪᠰᠤᠷᠴᠤ ᠪᠠᠢ᠌ᠭ᠋ᠠᠳ 《ᠳᠦᠷᠢᠮ》᠎ᠤᠨ ᠠᠭᠤᠯᠭ᠎ᠠ ᠵᠢ ᠨᠠᠩ ᠰᠠᠢ᠌ᠲᠤᠷ ᠡᠵᠡᠮᠰᠢᠭᠦᠯᠬᠦ ᠬᠡᠷᠡᠭᠲᠡᠢ᠃ ᠬᠣᠶᠠᠷ᠎ᠲᠤ ᠬᠡᠷᠡᠭᠵᠢᠭᠦᠯᠬᠦ ᠠᠵᠢᠯ᠎ᠢ ᠦᠨᠡᠨ ᠬᠦ᠌ ᠰᠠᠢ᠌ᠲᠤᠷ  ᠠᠳᠬᠤᠬᠤ ᠬᠡᠷᠡᠭᠲᠡᠢ᠃ 《ᠳᠦᠷᠢᠮ》᠎ᠳᠤ ᠲᠣᠭᠲᠠᠭ᠋ᠠᠭᠰᠠᠨ ᠬᠣᠪᠣᠷ ᠰᠢᠷᠣᠢ ᠵᠢᠨ ᠪᠥᠬᠥ ᠬᠡᠯᠬᠢᠶᠡᠰᠦ ᠵᠢᠨ ᠬᠠᠮᠢᠶᠠᠷᠤᠯᠲᠠ ᠵᠢᠨ ᠳᠦᠷᠢᠮ᠎ᠤᠨ ᠪᠣᠷᠣ ᠲᠥᠯᠥᠪ᠎ᠢ ᠦᠨᠳᠦᠰᠦᠯᠡᠨ᠂ ᠬᠠᠮᠢᠶ᠎ᠠ ᠪᠦᠬᠦᠢ ᠢᠵᠢ ᠪᠦᠷᠢᠳᠦᠭᠦᠯᠬᠦ ᠳᠦᠷᠢᠮ᠎ᠢ ᠲᠡᠭᠦᠯᠳᠡᠷᠵᠢᠭᠦᠯᠵᠦ᠂ ᠬᠠᠤᠯᠢ ᠬᠡᠷᠡᠭᠵᠢᠭᠦᠯᠬᠦ ᠴᠢᠳᠠᠪᠤᠷᠢ ᠪᠠ ᠬᠢᠷᠢ ᠬᠡᠮᠵᠢᠶ᠎ᠡ ᠵᠢ ᠳᠡᠭᠡᠭᠰᠢᠯᠡᠭᠦᠯᠦᠨ᠂ ᠬᠠᠤᠯᠢ ᠎ᠠᠴᠠ ᠵᠥᠷᠢᠴᠡᠭᠰᠡᠨ ᠦᠢᠯᠡ ᠠᠵᠢᠯᠯᠠᠭ᠎ᠠ ᠵᠢ ᠬᠠᠤᠯᠢ ᠶᠣᠰᠣᠭ᠋ᠠᠷ ᠴᠢᠩᠭ᠎ᠠ ᠪᠠᠢ᠌ᠴᠠᠭ᠋ᠠᠨ ᠰᠢᠢ᠍ᠳᠪᠦᠷᠢᠯᠡᠵᠦ᠂ 《ᠳᠦᠷᠢᠮ》᠎ᠢ  ᠲᠤᠭᠤᠰᠢᠯᠠᠭᠤᠯᠤᠨ ᠬᠡᠷᠡᠭᠵᠢᠭᠦᠯᠬᠦ ᠵᠢ ᠦᠨᠡᠨᠬᠦ ᠰᠠᠢ᠌ᠲᠤᠷ ᠬᠢᠬᠦ ᠬᠡᠷᠡᠭᠲᠡᠢ᠃ ᠭᠤᠷᠪᠠ᠎ᠳᠤ ᠠᠵᠤ ᠦᠢ᠍ᠯᠡᠰ᠎ᠤᠨ ᠶᠠᠰᠤ ᠴᠢᠨᠠᠷ᠎ᠢ ᠳᠡᠭᠡᠭᠰᠢᠯᠡᠭᠦᠯᠵᠦ ᠲᠠᠰ ᠳᠡᠪᠰᠢᠬᠦ ᠵᠢ  ᠠᠬᠢᠭᠤᠯᠬᠤ ᠬᠡᠷᠡᠭᠲᠡᠢ᠃ 《ᠳᠦᠷᠢᠮ》᠎ᠢ ᠬᠡᠷᠡᠭᠵᠢᠭᠦᠯᠬᠦ᠎ᠪᠠᠷ ᠠᠵᠠ ᠲᠣᠬᠢᠶᠠᠯ ᠪᠣᠯᠭ᠋ᠠᠵᠤ᠂ ᠠᠵᠤ ᠦᠢ᠍ᠯᠡᠰ᠎ᠤᠨ ᠰᠢᠨᠵᠢᠯᠡᠬᠦ ᠤᠬᠠᠭ᠋ᠠᠨ  ᠲᠸᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ᠎ᠪᠠᠷ ᠵᠢᠯᠣᠭᠣᠳᠤᠯᠭ᠎ᠠ ᠪᠣᠯᠭ᠋ᠠᠵᠤ᠂ ᠠᠵᠤ ᠠᠬᠤᠢ᠌ᠯᠠᠯ᠎ᠤᠨ ᠰᠢᠨ᠎ᠡ ᠮᠡᠷᠭᠡᠵᠢᠯ᠂ ᠰᠢᠨ᠎ᠡ ᠤᠷᠠᠯᠠᠯ᠂ ᠰᠢᠨ᠎ᠡ ᠦᠢ᠍ᠯᠡᠳᠬᠦᠨ᠂ ᠰᠢᠨ᠎ᠡ ᠮᠠᠲ᠋ᠧᠷᠢᠶᠠᠯ᠂ ᠰᠢᠨ᠎ᠡ ᠲᠣᠨᠣᠭ ᠲᠥᠬᠦᠭᠡᠷᠦᠮᠵᠢ ᠵᠢ ᠰᠤᠳᠤᠯᠤᠨ ᠨᠡᠭᠡᠭᠡᠬᠦ ᠪᠠ ᠠᠵᠤ ᠦᠶ᠋ᠢᠯᠡᠰᠵᠢᠭᠦᠯᠬᠦ ᠵᠢ ᠳᠡᠮᠵᠢᠵᠦ᠂ ᠠᠵᠤ ᠦᠢ᠍ᠯᠡᠰ᠎ᠤᠨ ᠳᠡᠭᠡᠳᠦ ᠦᠵᠦᠭᠦᠷᠵᠢᠬᠦ᠂ ᠣᠶᠤᠨᠴᠢᠯᠠᠬᠤ᠂ ᠪᠣᠬᠢᠷᠲᠤᠯ ᠦᠭᠡᠢ᠎ᠪᠠᠷ ᠥᠭᠡᠷᠡᠴᠢᠯᠡᠨ ᠲᠠᠰ ᠳᠡᠪᠰᠢᠭᠦᠯᠬᠦ ᠵᠢ ᠲᠦᠷᠭᠡᠳᠬᠡᠵᠦ᠂ ᠬᠣᠪᠣᠷ ᠰᠢᠷᠣᠢ ᠵᠢᠨ ᠠᠵᠤ ᠦᠢ᠍ᠯᠡᠰ᠎ᠤᠨ ᠬᠥᠭᠵᠢᠯᠲᠡ ᠵᠢᠨ ᠶᠠᠰᠤ ᠴᠢᠨᠠᠷ᠎ᠤᠨ ᠬᠢᠷᠢ ᠬᠡᠮᠵᠢᠶ᠎ᠡ ᠵᠢ  ᠳᠡᠭᠡᠭᠰᠢᠯᠡᠭᠦᠯᠬᠦ ᠬᠡᠷᠡᠭᠲᠡᠢ᠃ 

ᠢᠷᠡᠯᠲᠡ᠄ᠬᠠᠤᠯᠢ ᠴᠠᠭ᠋ᠠᠵᠠ ᠵᠢᠨ ᠶᠠᠮᠤᠨ
          
ᠬᠠᠮᠢᠶ᠎ᠡ ᠪᠦᠬᠦᠢ ᠰᠣᠨᠢᠨ
 
            