ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠬᠠᠣᠯᠢ᠎ᠪᠠᠷ ᠵᠠᠰᠠᠬᠤ
ᠦᠢᠯᠡᠴᠢᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠦᠢᠯᠡᠴᠢᠯᠡᠭᠡ   -   ᠰᠣᠷᠪᠣᠯᠵᠢᠯᠠᠭ᠎ᠠ
ᠬᠠᠤᠯᠢ ᠴᠠᠭ᠋ᠠᠵᠠ ᠵᠢᠨ ᠶᠠᠮᠤᠨ᠂ ᠪᠠᠢ᠌ᠭ᠋ᠠᠯᠢ ᠵᠢᠨ ᠡᠬᠢ ᠪᠠᠶᠠᠯᠢᠭ᠎ᠤᠨ ᠶᠠᠮᠤᠨ᠂ ᠣᠷᠣᠨ ᠰᠠᠭᠤᠴᠠ ᠪᠠ ᠬᠣᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠶᠠᠮᠤᠨ᠂ ᠤᠯᠤᠰ᠎ᠤᠨ ᠣᠶ ᠰᠢᠭᠤᠢ ᠡᠪᠡᠰᠦ ᠪᠡᠯᠴᠢᠭᠡᠷ᠎ᠤᠨ ᠲᠣᠪᠴᠢᠶ᠎ᠠ ᠵᠢᠨ ᠬᠠᠷᠢᠭᠤᠴᠠᠯᠭ᠋ᠠᠲᠠᠨ 《ᠡᠷᠲᠡᠨ᠎ᠤ ᠮᠣᠳᠣ ᠨᠠᠷᠠᠲᠤ ᠮᠣᠳᠣ ᠵᠢ ᠬᠠᠮᠠᠭ᠋ᠠᠯᠠᠬᠤ ᠳᠦᠷᠢᠮ》᠎ᠤᠨ ᠲᠤᠬᠠᠢ ᠰᠤᠷᠪᠤᠯᠵᠢᠯᠠᠭᠴᠢ ᠵᠢᠨ ᠠᠰᠠᠭᠤᠯᠲᠠ ᠵᠢ ᠬᠠᠷᠢᠭᠤᠯᠤᠭᠰᠠᠨ᠎ᠨᠢ (ᠨᠢᠭᠡ)
ᠨᠡᠶ᠋ᠢᠲᠡᠯᠡᠭᠰᠡᠨ ᠴᠠᠭ᠄ 2025-02-11

      2025 ᠣᠨ᠎ᠤ 1 ᠰᠠᠷ᠎ᠠ ᠵᠢᠨ 25᠎ᠤ ᠡᠳᠦᠷ᠂  ᠲᠥᠷᠥ ᠵᠢᠨ ᠶᠠᠪᠤᠳᠠᠯ᠎ᠤᠨ ᠬᠣᠷᠢᠶᠠᠨ᠎ᠤ ᠶᠡᠷᠦᠩᠬᠡᠢ ᠰᠠᠢ᠌ᠳ ᠯᠢ ᠴᠢᠶᠠᠩ ᠲᠥᠷᠥ ᠵᠢᠨ ᠶᠠᠪᠤᠳᠠᠯ᠎ᠤᠨ ᠬᠣᠷᠢᠶᠠᠨ᠎ᠤ 800 ᠳ᠋ᠤᠭ᠋ᠠᠷ ᠵᠠᠷᠯᠢᠭ᠎ᠲᠤ ᠭᠠᠷ᠎ᠤᠨ ᠥᠰᠥᠭ ᠵᠢᠷᠤᠵᠤ᠂ 《ᠡᠷᠲᠡᠨ᠎ᠤ ᠮᠣᠳᠣ ᠨᠠᠷᠠᠲᠤ ᠮᠣᠳᠣ ᠵᠢ ᠬᠠᠮᠠᠭ᠋ᠠᠯᠠᠬᠤ ᠳᠦᠷᠢᠮ》 (ᠳᠣᠷᠣᠭᠰᠢ 《ᠳᠦᠷᠢᠮ》  ᠭᠡᠵᠦ ᠲᠣᠪᠴᠢᠯᠠᠨ᠎ᠠ)᠎ᠢ ᠨᠡᠢ᠌ᠲᠡᠯᠡᠵᠦ᠂ 2025 ᠣᠨ᠎ᠤ 3 ᠰᠠᠷ᠎ᠠ ᠵᠢᠨ 15᠎ᠤ ᠡᠳᠦᠷ᠎ᠠᠴᠠ ᠡᠬᠢᠯᠡᠵᠦ ᠬᠡᠷᠡᠭᠵᠢᠭᠦᠯᠦᠨ᠎ᠡ᠃  ᠲᠦᠷᠦᠭᠦᠬᠡᠨ᠂  ᠬᠠᠤᠯᠢ  ᠴᠠᠭ᠋ᠠᠵᠠ ᠵᠢᠨ ᠶᠠᠮᠤᠨ᠂  ᠪᠠᠢ᠌ᠭ᠋ᠠᠯᠢ ᠵᠢᠨ ᠡᠬᠢ ᠪᠠᠶᠠᠯᠢᠭ᠎ᠤᠨ ᠶᠠᠮᠤᠨ᠂  ᠣᠷᠣᠨ ᠰᠠᠭᠤᠴᠠ ᠪᠠ ᠬᠣᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠶᠠᠮᠤᠨ᠂  ᠤᠯᠤᠰ᠎ᠤᠨ ᠣᠶ ᠰᠢᠭᠤᠢ ᠡᠪᠡᠰᠦ ᠪᠡᠯᠴᠢᠭᠡᠷ᠎ᠤᠨ ᠲᠣᠪᠴᠢᠶ᠎ᠠ ᠵᠢᠨ ᠬᠠᠷᠢᠭᠤᠴᠠᠯᠭ᠋ᠠᠲᠠᠨ 《ᠳᠦᠷᠢᠮ》᠎ᠤᠨ ᠬᠣᠯᠪᠣᠭᠳᠠᠯ ᠪᠦᠬᠦᠢ ᠠᠰᠠᠭᠤᠳᠠᠯ᠎ᠤᠨ ᠲᠤᠬᠠᠢ ᠰᠤᠷᠪᠤᠯᠵᠢᠯᠠᠭᠴᠢ ᠵᠢᠨ ᠠᠰᠠᠭᠤᠯᠲᠠ ᠵᠢ ᠬᠠᠷᠢᠭᠤᠯᠪᠠ᠃ 

      ᠠᠰᠠᠭᠤᠯᠲᠠ᠄ 《ᠳᠦᠷᠢᠮ》᠎ᠢ ᠨᠡᠢ᠌ᠲᠡᠯᠡᠭᠰᠡᠨ ᠠᠬᠤᠢ ᠪᠠᠢ᠌ᠳᠠᠯ᠎ᠢ ᠲᠥᠬᠥᠮ  ᠲᠠᠨᠢᠯᠴᠠᠭᠤᠯᠬᠤ ᠪᠣᠯᠪᠠᠤ? 

      ᠡᠷᠲᠡᠨ᠎ᠤ ᠮᠣᠳᠣ ᠨᠡᠷᠡᠲᠦ ᠮᠣᠳᠣ ᠪᠣᠯ ᠲᠤᠢ᠌ᠯ᠎ᠤᠨ ᠬᠣᠪᠣᠷ ᠨᠠᠨᠳᠢᠨ ᠪᠠᠢ᠌ᠭ᠋ᠠᠯᠢ ᠵᠢᠨ ᠲᠡᠦᠬᠡ ᠵᠢᠨ ᠥᠪ ᠪᠣᠯᠬᠤ ᠪᠥᠭᠡᠳ ᠲᠡᠦᠬᠡ᠂  ᠰᠣᠶᠣᠯ᠂  ᠠᠮᠢ ᠠᠬᠤᠢ ᠵᠡᠷᠭᠡ ᠵᠢᠨ ᠴᠢᠬᠤᠯᠠ ᠦᠨ᠎ᠡ ᠥᠷᠲᠡᠭ᠎ᠲᠠᠢ ᠪᠠᠢ᠌ᠵᠤ᠂ 《ᠨᠣᠭᠣᠭ᠋ᠠᠨ ᠥᠩᠭᠡᠲᠦ ᠤᠯᠤᠰ᠎ᠤᠨ ᠡᠷᠳᠡᠨᠢ》 《ᠠᠮᠢ᠎ᠲᠠᠢ ᠲᠡᠦᠬᠡ ᠵᠢᠨ ᠳᠤᠷᠠᠰᠬᠠᠯᠲᠤ ᠵᠦᠢ᠍ᠯ》  ᠭᠡᠵᠦ ᠠᠯᠳᠠᠷᠰᠢᠭᠰᠠᠨ ᠶᠤᠮ᠃  ᠶᠡᠷᠦᠩᠬᠡᠢ ᠱᠦᠵᠢ  ᠰᠢ ᠵᠢᠨ ᠫᠢᠩ  ᠡᠷᠲᠡᠨ᠎ᠤ ᠮᠣᠳᠣ ᠨᠡᠷᠡᠳᠦ ᠮᠣᠳᠣ ᠵᠢ ᠬᠠᠮᠠᠭ᠋ᠠᠯᠠᠬᠤ ᠠᠵᠢᠯ᠎ᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠵᠤ᠂  ᠤᠯᠠᠨ ᠤᠳᠠᠭ᠎ᠠ ᠴᠢᠬᠤᠯᠠ ᠵᠢᠭ᠋ᠠᠪᠤᠷᠢ ᠴᠣᠬᠣᠯᠠᠪᠤᠷᠢ ᠥᠭᠴᠦ᠂  ᠡᠷᠲᠡᠨ᠎ᠤ ᠮᠣᠳᠣ ᠨᠡᠷᠡᠳᠦ ᠮᠣᠳᠣ ᠵᠢ ᠰᠠᠢ᠌ᠲᠤᠷ ᠬᠠᠮᠠᠭ᠋ᠠᠯᠠᠵᠤ᠂  ᠳᠤᠮᠳᠠᠳᠤ ᠵᠢᠨ ᠰᠢᠯᠢᠳᠡᠭ ᠤᠯᠠᠮᠵᠢᠯᠠᠯᠲᠤ ᠰᠣᠶᠣᠯ᠎ᠢ ᠰᠠᠢ᠌ᠲᠤᠷ ᠤᠯᠠᠮᠵᠢᠯᠠᠵᠤ᠂  ᠡᠷᠲᠡᠨ᠎ᠤ ᠮᠣᠳᠣ ᠨᠡᠷᠡᠳᠦ ᠮᠣᠳᠣ ᠵᠢ ᠬᠠᠮᠠᠭ᠋ᠠᠯᠠᠬᠤ ᠠᠵᠢᠯ᠎ᠢ ᠰᠠᠢ᠌ᠲᠤᠷ ᠬᠢᠬᠦ᠎ᠳᠤ ᠦᠨᠳᠦᠰᠦᠨ ᠵᠢᠷᠤᠮᠯᠠᠯ ᠬᠠᠩᠭ᠋ᠠᠵᠠᠢ᠃  ᠨᠠᠮ᠎ᠤᠨ ᠠᠷᠪᠠᠨ ᠨᠠᠢ᠍ᠮᠠᠳᠤᠭ᠋ᠠᠷ ᠶᠡᠬᠡ ᠬᠤᠷᠠᠯ᠎ᠠᠴᠠ  ᠨᠠᠭ᠋ᠠᠰᠢ᠂  ᠰᠢ ᠵᠢᠨ ᠫᠢᠩ᠎ᠤᠨ ᠠᠮᠢ ᠠᠬᠤᠢ ᠵᠢᠨ ᠪᠣᠯᠪᠠᠰᠤᠨ᠎ᠤ ᠦᠵᠡᠯ ᠰᠠᠨᠠᠭ᠋ᠠᠨ᠎ᠤ ᠵᠢᠯᠣᠭᠣᠳᠤᠯᠭ᠎ᠠ ᠳᠣᠣᠷ᠎ᠠ᠂  ᠡᠷᠲᠡᠨ᠎ᠤ ᠮᠣᠳᠣ ᠨᠡᠷᠡᠳᠦ ᠮᠣᠳᠣ ᠵᠢ ᠬᠠᠮᠠᠭ᠋ᠠᠯᠠᠬᠤ ᠠᠵᠢᠯ ᠲᠦᠷᠭᠡᠨ ᠲᠠᠪᠰᠢᠯᠳᠠ᠎ᠲᠠᠢ ᠪᠣᠯᠵᠠᠢ᠃  ᠬᠣᠶᠠᠳᠤᠭ᠋ᠠᠷ ᠤᠳᠠᠭ᠋ᠠᠨ᠎ᠤ ᠪᠥᠬᠥ ᠤᠯᠤᠰ᠎ᠤᠨ ᠡᠷᠲᠡᠨ᠎ᠤ ᠮᠣᠳᠣ ᠨᠠᠷᠠᠲᠤ ᠮᠣᠳᠣᠨ᠎ᠤ ᠡᠬᠢ ᠪᠠᠶᠠᠯᠢᠭ᠎ᠤᠨ ᠨᠡᠢ᠌ᠳᠡᠮ ᠎ᠤᠨ ᠪᠠᠢ᠌ᠴᠠᠭ᠋ᠠᠯᠲᠠ ᠵᠢᠨ ᠦᠷ᠎ᠡ ᠳ᠋ᠦᠩ᠎ᠠᠴᠠ ᠦᠵᠡᠪᠡᠯ᠂  ᠮᠠᠨ᠎ᠤ ᠤᠯᠤᠰ᠎ᠤᠨ ᠨᠡᠢ᠌ᠳᠡᠮ ᠎ᠤᠨ ᠪᠠᠢ᠌ᠴᠠᠭ᠋ᠠᠯᠲᠠ ᠵᠢᠨ ᠬᠡᠪᠴᠢᠶᠡᠨ᠎ᠳᠠᠬᠢ ᠡᠷᠲᠡᠨ᠎ᠤ ᠮᠣᠳᠣ ᠨᠠᠷᠠᠲᠤ ᠮᠣᠳᠣ ᠨᠡᠶ᠋ᠢᠲᠡ 508.19 ᠲᠦᠮᠡᠨ ᠰᠠᠭᠤᠷᠢ ᠪᠠᠢ᠌ᠵᠤ᠂  ᠬᠣᠲᠠ᠎ᠳᠤ ᠲᠠᠷᠬᠠᠵᠤ ᠪᠠᠢ᠌ᠭ᠎ᠠ᠎ᠨᠢ 24.66 ᠲᠦᠮᠡᠨ ᠰᠠᠭᠤᠷᠢ ᠪᠠᠢ᠌ᠵᠤ᠂  ᠬᠥᠳᠡᠭᠡ ᠲᠣᠰᠬᠣᠨ᠎ᠳᠤ ᠲᠠᠷᠬᠠᠵᠤ ᠪᠠᠢ᠌ᠭ᠎ᠠ᠎ᠨᠢ 483.53 ᠲᠦᠮᠡᠨ ᠰᠠᠭᠤᠷᠢ ᠪᠠᠢ᠌ᠨ᠎ᠠ᠃ 

      ᠭᠡᠪᠡᠴᠦ᠂  ᠣᠳᠣᠬᠠᠨ᠎ᠳᠤ ᠡᠷᠲᠡᠨ᠎ᠤ ᠮᠣᠳᠣ ᠨᠡᠷᠡᠲᠦ ᠮᠣᠳᠣ ᠵᠢ ᠬᠠᠮᠠᠭ᠋ᠠᠯᠠᠬᠤ ᠠᠵᠢᠯ᠎ᠳᠤ ᠮᠥᠨ ᠯᠡ ᠪᠠᠴᠢᠮ ᠰᠢᠢ᠍ᠳᠪᠦᠷᠢᠯᠡᠬᠦ ᠴᠢᠬᠤᠯᠠᠲᠠᠢ ᠠᠰᠠᠭᠤᠳᠠᠯ᠎ᠤᠳ ᠣᠷᠣᠰᠢᠵᠤ ᠪᠠᠢ᠌ᠨ᠎ᠠ᠂  ᠵᠢᠱ᠌ᠢᠶᠡᠯᠡᠪᠡᠯ ᠬᠠᠤᠯᠢ᠎ᠠᠴᠠ ᠵᠥᠷᠢᠴᠡᠨ ᠡᠷᠲᠡᠨ᠎ᠤ ᠮᠣᠳᠣ ᠨᠡᠷᠡᠲᠦ ᠮᠣᠳᠣ ᠵᠢ ᠣᠭᠲᠣᠯᠬᠤ᠂  ᠰᠢᠯᠵᠢᠭᠦᠯᠬᠦ᠂  ᠬᠣᠬᠢᠷᠠᠭᠤᠯᠬᠤ ᠠᠵᠢᠯᠯᠠᠭ᠎ᠠ ᠪᠠᠢ᠌ᠨ ᠪᠠᠢ᠌ᠨ ᠭᠠᠷᠴᠤ᠂ ᠴᠥᠭᠡᠨ ᠲᠣᠭ᠋ᠠᠨ᠎ᠤ ᠭᠠᠵᠠᠷ ᠣᠷᠣᠨ ᠡᠷᠲᠡᠨ᠎ᠤ ᠮᠣᠳᠣ ᠨᠡᠷᠡᠳᠦ ᠮᠣᠳᠣ ᠵᠢ ᠬᠠᠮᠠᠭ᠋ᠠᠯᠠᠬᠤ ᠬᠠᠷᠢᠭᠤᠴᠠᠯᠭ᠎ᠠ ᠵᠢ ᠲᠡᠷᠡ ᠶᠣᠰᠣᠭ᠋ᠠᠷ᠎ᠨᠢ ᠨᠠᠢ᠌ᠳᠠᠪᠤᠷᠢᠵᠢᠭᠤᠯᠤᠭᠰᠠᠨ ᠦᠭᠡᠢ᠂  ᠬᠤᠳᠠ ᠬᠥᠳᠡᠭᠡ ᠵᠢᠨ ᠬᠣᠭᠣᠷᠣᠨᠳᠣᠬᠢ᠂  ᠭᠠᠵᠠᠷ ᠣᠷᠣᠨ᠎ᠤ ᠬᠣᠭᠣᠷᠣᠨᠳᠣᠬᠢ ᠡᠷᠲᠡᠨ᠎ᠤ ᠮᠣᠳᠣ ᠨᠡᠷᠡᠳᠦ ᠮᠣᠳᠣ ᠵᠢ ᠬᠠᠮᠠᠭ᠋ᠠᠯᠠᠬᠤ ᠬᠠᠮᠢᠶᠠᠷᠤᠯᠲᠠ ᠵᠢᠨ ᠱᠠᠭ᠋ᠠᠷᠳᠠᠯᠭ᠎ᠠ ᠨᠢᠭᠡᠳᠦᠯ ᠦᠭᠡᠢ ᠪᠠᠢ᠌ᠬᠤ ᠵᠡᠷᠭᠡ᠎ᠠᠴᠠ ᠪᠣᠯᠵᠤ᠂  ᠦᠢ᠍ᠯᠡᠳᠦᠯᠭᠡ ᠵᠢᠨ ᠲᠤᠷᠰᠢᠯᠭ᠎ᠠ᠎ᠪᠠᠨ ᠳ᠋ᠦᠩᠨᠡᠭᠰᠡᠨ ᠰᠠᠭᠤᠷᠢᠨ ᠳᠡᠭᠡᠷ᠎ᠡ ᠲᠤᠰᠬᠠᠢ ᠵᠠᠰᠠᠭ ᠵᠠᠬᠢᠷᠭ᠋ᠠᠨ᠎ᠤ ᠬᠠᠤᠯᠢ ᠲᠣᠭᠲᠠᠭ᠋ᠠᠯ᠎ᠢ ᠲᠣᠭᠲᠠᠭ᠋ᠠᠵᠤ᠂  ᠡᠷᠲᠡᠨ᠎ᠤ ᠮᠣᠳᠣ ᠨᠡᠷᠡᠳᠦ ᠮᠣᠳᠣ ᠵᠢ ᠬᠠᠮᠠᠭ᠋ᠠᠯᠠᠬᠤ ᠬᠠᠮᠢᠶᠠᠷᠤᠯᠲᠠ ᠵᠢᠨ ᠳᠦᠷᠢᠮ᠎ᠢ ᠪᠠᠢ᠌ᠭᠤᠯᠤᠨ ᠲᠡᠭᠦᠯᠳᠡᠷᠵᠢᠭᠦᠯᠵᠦ᠂  ᠡᠷᠲᠡᠨ᠎ᠤ ᠮᠣᠳᠣ ᠨᠡᠷᠡᠳᠦ ᠮᠣᠳᠣ ᠵᠢ ᠬᠠᠮᠠᠭ᠋ᠠᠯᠠᠬᠤ᠎ᠳᠤ ᠬᠠᠤᠯᠢ᠎ᠪᠠᠷ ᠵᠠᠰᠠᠬᠤ ᠪᠠᠲᠤ ᠴᠢᠩᠭ᠎ᠠ ᠪᠠᠲᠤᠯᠠᠭ᠎ᠠ ᠬᠠᠩᠭ᠋ᠠᠬᠤ ᠶᠠᠪᠤᠳᠠᠯ ᠲᠤᠯᠭ᠋ᠠᠮ᠎ᠠ ᠱᠠᠭ᠋ᠠᠷᠳᠠᠭᠳᠠᠵᠤ ᠪᠠᠢ᠌ᠨ᠎ᠠ᠃ 

      ᠠᠰᠠᠭᠤᠯᠲᠠ᠄ 《ᠳᠦᠷᠢᠮ》᠎ᠢ ᠲᠣᠭᠲᠠᠭ᠋ᠠᠬᠤ ᠶᠡᠷᠦᠩᠬᠡᠢ ᠰᠡᠳᠬᠢᠮᠵᠢ᠎ᠨᠢ ᠶᠠᠭᠤ ᠪᠣᠶ?

      《ᠳᠦᠷᠢᠮ》᠎ᠳᠤ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠣᠳᠤᠯᠭ᠎ᠠ ᠪᠣᠯᠭ᠋ᠠᠬᠤ ᠵᠢ ᠪᠠᠷᠢᠮᠲᠠᠯᠠᠵᠤ᠂  ᠰᠢ ᠵᠢᠨ ᠫᠢᠩ᠎ᠤᠨ  ᠠᠮᠢ ᠠᠬᠤᠢ ᠵᠢᠨ ᠪᠣᠯᠪᠠᠰᠤᠨ᠎ᠤ  ᠦᠵᠡᠯ ᠰᠠᠨᠠᠭ᠎ᠠ ᠵᠢ ᠪᠦᠬᠦ ᠲᠠᠯ᠎ᠠ᠎ᠪᠠᠷ  ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂  ᠶᠡᠷᠦᠩᠬᠡᠢ ᠰᠡᠳᠬᠢᠴᠡ ᠵᠢᠨ ᠲᠠᠯ᠎ᠠ᠎ᠪᠠᠷ ᠭᠣᠣᠯᠳᠠᠭᠤ ᠳᠣᠣᠷᠠᠬᠢ ᠬᠡᠳᠦᠨ ᠲᠠᠯ᠎ᠠ ᠵᠢ ᠡᠵᠡᠮᠰᠢᠵᠡᠢ᠄ ᠨᠢᠭᠡ᠎ᠳᠤ᠂  ᠰᠢᠨᠵᠢᠯᠡᠬᠦ ᠤᠬᠠᠭ᠋ᠠᠨᠴᠢ᠎ᠪᠠᠷ ᠬᠠᠮᠠᠭ᠋ᠠᠯᠠᠬᠤ ᠵᠢ ᠪᠠᠷᠢᠮᠲᠠᠯᠠᠵᠤ᠂  ᠤᠭ ᠭᠠᠵᠠᠷ᠎ᠲᠤᠨᠢ ᠬᠠᠮᠠᠭ᠋ᠠᠯᠠᠬᠤ ᠵᠢ ᠲᠤᠪᠤᠢ᠍ᠢ᠍ᠯᠭ᠋ᠠᠵᠦ᠂  ᠡᠷᠲᠡᠨ᠎ᠤ ᠮᠣᠳᠣ ᠨᠡᠷᠡᠳᠦ ᠮᠣᠳᠣ ᠵᠢᠴᠢ ᠲᠡᠭᠦᠨ᠎ᠤ ᠤᠷᠭᠤᠯᠲᠠ ᠵᠢᠨ ᠣᠷᠴᠢᠨ ᠲᠣᠭᠣᠷᠢᠨ᠎ᠢ ᠬᠣᠬᠢᠷᠠᠭᠤᠯᠤᠭᠰᠠᠨ ᠨᠡᠢ᠌ᠲᠡᠯᠢᠭ ᠠᠰᠠᠭᠤᠳᠠᠯ᠎ᠳᠤ ᠠᠩᠬᠠᠷᠤᠯ ᠵᠶ᠋ᠠᠨ ᠲᠥᠪᠯᠡᠷᠡᠭᠦᠯᠵᠦ᠂  ᠬᠠᠮᠠᠭ᠋ᠠᠯᠠᠬᠤ ᠬᠠᠷᠢᠭᠤᠴᠠᠯᠭ᠎ᠠ ᠵᠢ ᠪᠣᠳᠠᠲᠠᠢ᠌ᠵᠢᠭᠤᠯᠵᠤ᠂  ᠠᠵᠢᠯ᠎ᠤᠨ ᠬᠠᠮᠲᠤᠷᠠᠯ ᠬᠦᠴᠦᠨ᠎ᠢ ᠪᠦᠷᠢᠯᠳᠦᠭᠦᠯᠬᠦ ᠵᠢ ᠴᠢᠬᠤᠯᠠᠴᠢᠯᠠᠪᠠ᠃  ᠬᠣᠶᠠᠷ᠎ᠲᠤ ᠱᠠᠲᠤ ᠬᠤᠪᠢᠶᠠᠨ ᠬᠠᠮᠢᠶᠠᠷᠬᠤ ᠵᠢ ᠴᠢᠩᠭ᠋ᠠᠳᠬᠠᠵᠤ᠂  ᠠᠳᠠᠯᠢ ᠪᠤᠰᠤ ᠮᠣᠳᠣᠨ᠎ᠤ ᠨᠠᠰᠤ ᠵᠢᠯ᠎ᠲᠠᠢ ᠡᠷᠲᠡᠨ᠎ᠤ ᠮᠣᠳᠣ ᠨᠠᠷᠠᠲᠤ ᠮᠣᠳᠣᠨ᠎ᠳᠤ ᠴᠢᠭᠯᠡᠭᠦᠯᠦᠨ᠂  ᠪᠥᠬᠥ ᠲᠠᠯ᠎ᠠ᠎ᠪᠠᠷ ᠬᠠᠮᠠᠭ᠋ᠠᠯᠠᠭᠰᠠᠨ ᠰᠠᠭᠤᠷᠢᠨ ᠳᠡᠭᠡᠷ᠎ᠡ ᠨᠠᠩ ᠬᠠᠨᠳᠤᠯᠭ᠋ᠠᠲᠤ ᠴᠢᠨᠠᠷᠲᠠᠢ ᠬᠠᠮᠠᠭ᠋ᠠᠯᠠᠯᠲᠠ ᠵᠢᠨ ᠠᠷᠭ᠎ᠠ ᠬᠡᠮᠵᠢᠶ᠎ᠡ ᠵᠢ ᠲᠣᠭᠲᠠᠭ᠋ᠠᠵᠤ᠂  ᠬᠠᠮᠢᠶᠠᠷᠴᠤ ᠠᠷᠠᠴᠢᠯᠠᠬᠤ ᠵᠢ ᠤᠶᠠᠯᠳᠤᠭᠤᠯᠬᠤ ᠵᠢ  ᠴᠢᠬᠤᠯᠠᠴᠢᠯᠠᠵᠠᠢ᠃  ᠭᠤᠷᠪᠠ᠎ᠳᠤ ᠬᠠᠮᠠᠭ᠋ᠠᠯᠠᠬᠤ ᠪᠠ ᠬᠥᠭᠵᠢᠭᠦᠯᠬᠦ ᠵᠢᠨ ᠬᠣᠭᠣᠷᠣᠨᠳᠣᠬᠢ ᠬᠠᠷᠢᠴᠠᠭ᠎ᠠ ᠵᠢ ᠨᠢᠭᠡᠳᠦᠯᠲᠡᠢ ᠲᠥᠯᠥᠪᠯᠡᠵᠦ᠂  ᠡᠷᠲᠡᠨ᠎ᠤ ᠮᠣᠳᠣ ᠨᠡᠷᠡᠳᠦ ᠮᠣᠳᠣᠨ᠎ᠤ ᠡᠬᠢ ᠪᠠᠶᠠᠯᠢᠭ᠎ᠢ ᠡᠪᠳᠡᠬᠦ ᠤᠢ᠌ᠭᠡᠢ ᠪᠠᠢ᠌ᠬᠤ ᠤᠷᠢᠲᠠᠯ᠎ᠤᠨ ᠳᠣᠣᠷ᠎ᠠ ᠠᠮᠢ ᠠᠬᠤᠢ ᠵᠢᠨ ᠵᠢᠭᠤᠯᠴᠢᠯᠠᠯ᠂  ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠢ ᠵᠦᠢ ᠵᠣᠬᠢᠰᠲᠠᠢ ᠥᠷᠨᠢᠭᠦᠯᠬᠦ ᠵᠢ ᠵᠥᠪᠰᠢᠶᠡᠷᠡᠵᠦ᠂  ᠬᠠᠮᠠᠭ᠋ᠠᠯᠠᠬᠤ ᠪᠠ ᠬᠥᠭᠵᠢᠭᠦᠯᠬᠦ ᠰᠠᠢ᠌ᠨ ᠣᠷᠴᠢᠯ᠎ᠢ  ᠪᠡᠶᠡᠯᠡᠭᠦᠯᠦᠨ᠎ᠡ᠃  ᠳᠥᠷᠪᠡ᠎ᠳᠤ᠂  ᠰᠣᠶᠣᠯ᠎ᠢ ᠤᠯᠠᠮᠵᠢᠯᠠᠨ ᠵᠠᠯᠭ᠋ᠠᠮᠵᠢᠯᠠᠬᠤ ᠵᠢ ᠴᠢᠬᠤᠯᠠᠴᠢᠯᠠᠵᠤ᠂  ᠡᠷᠲᠡᠨ᠎ᠤ ᠮᠣᠳᠣ ᠨᠡᠷᠡᠳᠦ ᠮᠣᠳᠣ ᠵᠢ ᠬᠠᠮᠠᠭ᠋ᠠᠯᠠᠬᠤ ᠤᠬᠠᠭᠤᠯᠭ᠎ᠠ ᠬᠥᠮᠦᠵᠢᠯ ᠵᠶ᠋ᠡᠷ ᠳᠠᠮᠵᠢᠭᠤᠯᠤᠨ᠂  ᠡᠷᠲᠡᠨ᠎ᠤ ᠮᠣᠳᠣ ᠨᠡᠷᠡᠳᠦ ᠮᠣᠳᠣᠨ᠎ᠤ ᠲᠡᠦᠬᠡ ᠪᠠ ᠰᠣᠶᠣᠯ᠎ᠤᠨ ᠦᠨ᠎ᠡ ᠦᠷᠳᠡᠭ᠎ᠢ ᠵᠦᠢ ᠵᠣᠬᠢᠰᠲᠠᠢ ᠪᠠᠳᠠᠷᠠᠭᠤᠯᠵᠤ᠂  ᠳᠤᠮᠳᠠᠳᠤ ᠵᠢᠨ ᠰᠢᠯᠢᠳᠡᠭ ᠤᠯᠠᠮᠵᠢᠯᠠᠯᠲᠤ ᠰᠣᠶᠣᠯ᠎ᠢ ᠤᠯᠠᠮᠵᠢᠯᠠᠨ ᠵᠠᠯᠭ᠋ᠠᠮᠵᠢᠯᠠᠬᠤ ᠵᠢ ᠠᠬᠢᠭᠤᠯᠤᠨ᠎ᠠ᠃ 

      ᠠᠰᠠᠭᠤᠯᠲᠠ᠄ 《ᠳᠦᠷᠢᠮ》᠎ᠳᠤ ᠵᠠᠰᠠᠭ᠎ᠤᠨ ᠣᠷᠳᠣᠨ ᠵᠢᠴᠢ ᠲᠡᠭᠦᠨ᠎ᠤ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠨ ᠡᠷᠲᠡᠨ᠎ᠤ ᠮᠣᠳᠣ ᠨᠠᠷᠠᠲᠤ ᠮᠣᠳᠣ ᠵᠢ ᠬᠠᠮᠠᠭ᠋ᠠᠯᠠᠨ ᠬᠠᠮᠢᠶᠠᠷᠬᠤ ᠲᠤᠰᠢᠶᠠᠯ ᠬᠠᠷᠢᠭᠤᠴᠠᠯᠭ᠎ᠠ ᠵᠢᠨ ᠠᠵᠢᠯ᠎ᠤᠨ ᠬᠤᠪᠢᠶᠠᠷᠢᠯᠠᠯ᠎ᠤᠨ ᠲᠠᠯ᠎ᠠ᠎ᠪᠠᠷ ᠶᠠᠮᠠᠷ ᠶᠠᠮᠠᠷ ᠲᠣᠭᠲᠠᠭ᠋ᠠᠯ ᠭᠠᠷᠭ᠋ᠠᠭᠰᠠᠨ ᠪᠣᠶ?

      《ᠳᠦᠷᠢᠮ》᠎ᠳᠤ᠂  ᠨᠢᠭᠡ᠎ᠳᠤ᠂  ᠪᠥᠬᠥ ᠤᠯᠤᠰ᠎ᠤᠨ ᠨᠣᠭᠣᠭ᠋ᠠᠷᠠᠭᠤᠯᠤᠯᠲᠠ ᠵᠢᠨ ᠵᠥᠪᠯᠡᠯ᠎ᠠᠴᠠ ᠪᠥᠬᠥ ᠤᠯᠤᠰ᠎ᠤᠨ ᠡᠷᠲᠡᠨ᠎ᠤ ᠮᠣᠳᠣ ᠨᠠᠷᠠᠲᠤ ᠮᠣᠳᠣ ᠵᠢ ᠬᠠᠮᠠᠭ᠋ᠠᠯᠠᠨ ᠬᠠᠮᠢᠶᠠᠷᠬᠤ ᠠᠵᠢᠯ᠎ᠢ ᠵᠣᠬᠢᠶᠠᠨ ᠪᠠᠢ᠌ᠭᠤᠯᠵᠤ ᠤᠳᠤᠷᠢᠳᠬᠤ ᠵᠢ ᠬᠠᠷᠢᠭᠤᠴᠠᠨ᠎ᠠ᠃  ᠲᠥᠷᠥ  ᠵᠢᠨ ᠶᠠᠪᠤᠳᠠᠯ᠎ᠤᠨ ᠬᠣᠷᠢᠶᠠᠨ᠎ᠤ ᠤᠢ ᠰᠢᠭᠤᠢ ᠵᠢᠨ ᠡᠷᠬᠢᠯᠡᠠ ᠬᠠᠮᠢᠶᠠᠷᠬᠤ ᠰᠠᠯᠠᠭ᠎ᠠ ᠮᠥᠴᠢᠷ᠂  ᠣᠷᠣᠨ ᠰᠠᠭᠤᠴᠠ ᠪᠠ ᠬᠤᠳᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠡᠷᠬᠢᠯᠡᠠ ᠬᠠᠮᠢᠶᠠᠷᠬᠤ ᠰᠠᠯᠠᠭ᠎ᠠ ᠮᠥᠴᠢᠷ ᠲᠤᠰᠢᠶᠠᠯ ᠬᠠᠷᠢᠭᠤᠴᠠᠯᠭ᠎ᠠ ᠵᠢᠨ ᠵᠶ᠋ᠠᠨ ᠬᠤᠪᠢᠶᠠᠷᠢᠯᠠᠯ ᠶᠣᠰᠣᠭ᠋ᠠᠷ ᠪᠦᠬᠦ ᠤᠯᠤᠰ᠎ᠤᠨ ᠡᠷᠲᠡᠨ᠎ᠤ ᠮᠣᠳᠣ ᠨᠡᠷᠡᠳᠦ ᠮᠣᠳᠣ ᠵᠢ ᠬᠠᠮᠠᠭ᠋ᠠᠯᠠᠨ ᠬᠠᠮᠢᠶᠠᠷᠬᠤ ᠠᠵᠢᠯ᠎ᠢ ᠬᠠᠷᠢᠭᠤᠴᠠᠨ᠎ᠠ᠃  ᠲᠦᠷᠦ ᠵᠢᠨ ᠶᠠᠪᠤᠳᠠᠯ᠎ᠤᠨ ᠬᠣᠷᠢᠶᠠᠨ᠎ᠤ ᠪᠤᠰᠤᠳ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠳ ᠲᠤᠰ ᠲᠤᠰ᠎ᠤᠨ ᠵᠶ᠋ᠠᠨ ᠲᠤᠰᠢᠶᠠᠯ ᠬᠠᠷᠢᠭᠤᠴᠠᠯᠭ᠎ᠠ ᠵᠢᠨ ᠬᠡᠪᠴᠢᠶᠡᠨ ᠳᠣᠲᠣᠷ᠎ᠠ ᠡᠷᠲᠡᠨ᠎ᠤ ᠮᠣᠳᠣ ᠨᠡᠷᠡᠳᠦ ᠮᠣᠳᠣ ᠵᠢ ᠬᠠᠮᠠᠭ᠋ᠠᠯᠠᠨ ᠬᠠᠮᠢᠶᠠᠷᠬᠤ ᠬᠣᠯᠪᠣᠭᠳᠠᠯ ᠪᠦᠬᠦᠢ ᠠᠵᠢᠯ᠎ᠢ ᠬᠠᠷᠢᠭᠤᠴᠠᠨ᠎ᠠ᠃  ᠬᠣᠶᠠᠷ᠎ᠲᠤ ᠰᠢᠶᠠᠨ᠎ᠤ ᠱᠠᠲᠤᠨ᠎ᠠᠴᠠ ᠳᠡᠭᠡᠭᠰᠢᠬᠢ ᠣᠷᠣᠨ ᠨᠤᠲᠤᠭ᠎ᠤᠨ ᠠᠷᠠᠳ᠎ᠤᠨ ᠵᠠᠰᠠᠭ᠎ᠤᠨ ᠣᠷᠳᠣᠨ ᠡᠷᠲᠡᠨ᠎ᠤ ᠮᠣᠳᠣ ᠨᠡᠷᠡᠳᠦ ᠮᠣᠳᠣ ᠵᠢ ᠬᠠᠮᠠᠭ᠋ᠠᠯᠠᠨ ᠬᠠᠮᠢᠶᠠᠷᠬᠤ ᠠᠵᠢᠯ᠎ᠢ ᠵᠣᠬᠢᠶᠠᠨ ᠪᠠᠢ᠌ᠭᠤᠯᠵᠤ ᠤᠳᠤᠷᠢᠳᠬᠤ᠎ᠪᠠᠨ ᠴᠢᠩᠭ᠋ᠠᠳᠬᠠᠬᠤ ᠬᠡᠷᠡᠭᠲᠡᠢ᠃  ᠰᠢᠶᠠᠨ᠎ᠤ ᠱᠠᠲᠤᠨ᠎ᠠᠴᠠ ᠳᠡᠭᠡᠭᠰᠢᠬᠢ ᠣᠷᠣᠨ ᠨᠤᠲᠤᠭ᠎ᠤᠨ ᠠᠷᠠᠳ᠎ᠤᠨ ᠵᠠᠰᠠᠭ᠎ᠤᠨ ᠣᠷᠳᠣᠨ᠎ᠤ ᠤᠢ ᠰᠢᠭᠤᠢ ᠵᠢᠨ ᠡᠷᠬᠢᠯᠡᠠ ᠬᠠᠮᠢᠶᠠᠷᠬᠤ ᠰᠠᠯᠠᠭ᠎ᠠ ᠮᠥᠴᠢᠷ᠂  ᠬᠤᠳᠠ ᠵᠢᠨ ᠨᠣᠭᠣᠭ᠋ᠠᠷᠠᠭᠤᠯᠤᠯᠲᠠ ᠵᠢᠨ ᠡᠷᠬᠢᠯᠡᠠ ᠬᠠᠮᠢᠶᠠᠷᠬᠤ ᠰᠠᠯᠠᠭ᠎ᠠ ᠮᠥᠴᠢᠷ ᠲᠤᠰᠢᠶᠠᠯ ᠬᠠᠷᠢᠭᠤᠴᠠᠯᠭ᠎ᠠ ᠵᠢᠨ ᠠᠵᠢᠯ᠎ᠤᠨ ᠬᠤᠪᠢᠶᠠᠷᠢᠯᠠᠯ ᠶᠣᠰᠣᠭ᠋ᠠᠷ ᠲᠤᠰ ᠵᠠᠰᠠᠭ ᠵᠠᠬᠢᠷᠭ᠋ᠠᠨ᠎ᠤ ᠣᠷᠣᠨ᠎ᠤ᠎ᠪᠠᠨ ᠳᠣᠲᠣᠷᠠᠬᠢ ᠡᠷᠲᠡᠨ᠎ᠤ ᠮᠣᠳᠣ ᠨᠡᠷᠡᠳᠦ ᠮᠣᠳᠣ ᠵᠢ ᠬᠠᠮᠠᠭ᠋ᠠᠯᠠᠨ ᠬᠠᠮᠢᠶᠠᠷᠬᠤ  ᠠᠵᠢᠯ᠎ᠢ ᠬᠠᠷᠢᠭᠤᠴᠠᠬᠤ ᠬᠡᠷᠡᠭᠲᠡᠢ᠃  ᠰᠢᠶᠠᠨ᠎ᠤ ᠱᠠᠲᠤᠨ᠎ᠠᠴᠠ ᠳᠡᠭᠡᠭᠰᠢᠬᠢ ᠣᠷᠣᠨ ᠨᠤᠲᠤᠭ᠎ᠤᠨ ᠠᠷᠠᠳ᠎ᠤᠨ ᠵᠠᠰᠠᠭ᠎ᠤᠨ ᠣᠷᠳᠣᠨ᠎ᠤ ᠪᠤᠰᠤᠳ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠳ ᠲᠤᠰ ᠲᠤᠰ᠎ᠤᠨ ᠵᠶ᠋ᠠᠨ ᠲᠤᠰᠢᠶᠠᠯ ᠬᠠᠷᠢᠭᠤᠴᠠᠯᠭ᠎ᠠ ᠵᠢᠨ ᠬᠡᠪᠴᠢᠶᠡᠨ ᠳᠣᠲᠣᠷ᠎ᠠ ᠡᠷᠲᠡᠨ᠎ᠤ ᠮᠣᠳᠣ ᠨᠡᠷᠡᠳᠦ ᠮᠣᠳᠣ ᠵᠢ ᠬᠠᠮᠠᠭ᠋ᠠᠯᠠᠨ ᠬᠠᠮᠢᠶᠠᠷᠬᠤ ᠬᠣᠯᠪᠣᠭᠳᠠᠯ ᠪᠦᠬᠦᠢ ᠠᠵᠢᠯ᠎ᠢ  ᠬᠠᠷᠢᠭᠤᠴᠠᠬᠤ ᠬᠡᠷᠡᠭᠲᠡᠢ᠃  ᠭᠤᠷᠪᠠ᠎ᠳᠤ ᠰᠢᠶᠠᠩ ᠪᠠᠯᠭ᠋ᠠᠰᠤᠨ᠎ᠤ ᠠᠷᠠᠳ᠎ᠤᠨ ᠵᠠᠰᠠᠭ᠎ᠤᠨ ᠣᠷᠳᠣᠨ᠂  ᠵᠡᠭᠡᠯᠢ ᠭᠤᠳᠤᠮᠵᠢ ᠵᠢᠨ ᠬᠡᠷᠡᠭ ᠡᠷᠬᠢᠯᠡᠬᠦ ᠭᠠᠵᠠᠷ ᠵᠢᠴᠢ ᠭᠠᠴᠠᠭ᠋ᠠᠨ᠎ᠤ ᠠᠷᠠᠳ᠎ᠤᠨ ᠵᠥᠪᠯᠡᠯ᠂  ᠰᠠᠭᠤᠭ᠋ᠠᠯᠢ ᠠᠷᠠᠳ᠎ᠤᠨ ᠵᠥᠪᠯᠡᠯ᠎ᠨᠢ ᠡᠷᠲᠡᠨ᠎ᠤ ᠮᠣᠳᠣ ᠨᠡᠷᠡᠲᠦ ᠮᠣᠳᠣ ᠵᠢ ᠬᠠᠮᠠᠭ᠋ᠠᠯᠠᠨ ᠬᠠᠮᠢᠶᠠᠷᠬᠤ ᠬᠣᠯᠪᠣᠭᠳᠠᠯ ᠪᠦᠬᠦᠢ ᠠᠵᠢᠯ᠎ᠢ ᠬᠠᠮᠵᠢᠨ ᠰᠠᠢ᠌ᠲᠤᠷ ᠬᠢᠬᠦ ᠬᠡᠷᠡᠭᠲᠡᠢ  ᠭᠡᠵᠦ ᠲᠣᠭᠲᠠᠭ᠋ᠠᠵᠠᠢ᠃ 

      ᠠᠰᠠᠭᠤᠯᠲᠠ᠄ 《ᠳᠦᠷᠢᠮ》᠎ᠳᠤ ᠡᠷᠲᠡᠨ᠎ᠤ ᠮᠣᠳᠣ ᠨᠠᠷᠠᠲᠤ ᠮᠣᠳᠣ ᠵᠢ ᠲᠠᠰ ᠬᠤᠪᠢᠶᠠᠨ ᠲᠥᠷᠥᠯ ᠬᠤᠪᠢᠶᠠᠬᠤ ᠪᠠ ᠮᠠᠭ᠋ᠠᠳᠯᠠᠨ ᠲᠣᠭᠲᠠᠭ᠋ᠠᠵᠤ ᠨᠡᠢ᠌ᠲᠡᠯᠡᠬᠦ ᠲᠤᠬᠠᠢ ᠬᠡᠷᠬᠢᠨ ᠲᠣᠭᠲᠠᠭ᠋ᠠᠭᠰᠠᠨ ᠪᠣᠶ?

      《ᠳᠦᠷᠢᠮ》᠎ᠳᠤ  ᠲᠣᠭᠲᠠᠭ᠋ᠠᠭᠰᠠᠨ ᠵᠶ᠋ᠠᠷ᠂  ᠡᠷᠲᠡᠨ᠎ᠤ ᠮᠣᠳᠣ ᠭᠡᠳᠡᠭ᠎ᠨᠢ 100 ᠵᠢᠯ᠎ᠠᠴᠠ ᠳᠡᠭᠡᠭᠰᠢᠬᠢ ᠮᠣᠳᠣ ᠵᠢ ᠵᠢᠭ᠋ᠠᠵᠤ ᠪᠣᠶ᠂  ᠡᠭᠦᠨ᠎ᠳᠤ ᠬᠥᠮᠥᠨ᠎ᠤ ᠬᠦᠴᠦ᠎ᠪᠠᠷ ᠪᠣᠢ᠌ᠵᠢᠭᠤᠯᠤᠭᠰᠠᠨ᠂  ᠮᠣᠳᠣᠨ ᠮᠠᠲ᠋ᠧᠷᠢᠶᠠᠯ ᠦᠢ᠍ᠯᠡᠳᠪᠦᠷᠢᠯᠡᠬᠦ᠎ᠪᠠᠷ ᠭᠣᠣᠯ ᠵᠣᠷᠢᠯᠭ᠎ᠠ ᠪᠣᠯᠭ᠋ᠠᠭᠰᠠᠨ ᠲᠠᠸᠠᠷ᠎ᠤᠨ ᠣᠶ ᠵᠢᠨ ᠳᠣᠲᠣᠷᠠᠬᠢ ᠮᠣᠳᠣ ᠵᠢ ᠪᠠᠭᠲᠠᠭ᠋ᠠᠬᠤ ᠦᠭᠡᠢ;  ᠨᠡᠷᠡᠳᠦ ᠮᠣᠳᠣ ᠭᠡᠳᠡᠭ᠎ᠨᠢ ᠲᠡᠦᠬᠡ᠂  ᠰᠣᠶᠣᠯ᠂  ᠰᠢᠨᠵᠢᠯᠡᠬᠦ ᠤᠬᠠᠭ᠋ᠠᠨ᠂  ᠦᠵᠡᠮᠵᠢ ᠵᠢᠨ ᠴᠢᠬᠤᠯᠠ ᠦᠨ᠎ᠡ  ᠥᠷᠲᠡᠭ ᠎ᠲᠠᠢ ᠪᠤᠶᠤ ᠴᠢᠬᠤᠯᠠ ᠳᠤᠷᠠᠰᠬᠠᠯ᠎ᠤᠨ ᠠᠴᠢ ᠬᠣᠯᠪᠣᠭᠳᠠᠯ᠎ᠲᠠᠢ ᠮᠣᠳᠣ ᠵᠢ ᠵᠢᠭ᠋ᠠᠵᠤ ᠪᠠᠢ᠌ᠨ᠎ᠠ᠃ 

《ᠳᠦᠷᠢᠮ》᠎ᠳᠤ ᠮᠣᠳᠣᠨ᠎ᠤ ᠨᠠᠰᠤ ᠵᠢᠯ᠎ᠨᠢ 500 ᠵᠢᠯ᠎ᠠᠴᠠ ᠳᠡᠭᠡᠭᠰᠢ᠂ 300 ᠵᠢᠯ᠎ᠠᠴᠠ ᠳᠡᠭᠡᠭᠰᠢ 500 ᠵᠢᠯ ᠬᠦᠷᠬᠦ ᠦᠭᠡᠢ᠂ 100 ᠵᠢᠯ᠎ᠠᠴᠠ ᠳᠡᠭᠡᠭᠰᠢ 300 ᠵᠢᠯ ᠬᠦᠷᠬᠦ ᠦᠭᠡᠢ ᠡᠷᠲᠡᠨ᠎ᠤ ᠮᠣᠳᠣᠨ᠎ᠳᠤ ᠲᠣᠰ ᠲᠣᠰ ᠨᠢᠭᠡᠳᠦᠭᠡᠷ ᠳᠡᠰ᠂  ᠬᠣᠶᠠᠳᠤᠭ᠋ᠠᠷ ᠳᠡᠰ᠂  ᠭᠤᠷᠪᠠᠳᠤᠭ᠋ᠠᠷ ᠳᠡᠰ᠎ᠤᠨ ᠬᠠᠮᠠᠭ᠋ᠠᠯᠠᠯᠲᠠ ᠵᠢ ᠬᠡᠷᠡᠭᠵᠢᠭᠦᠯᠦᠨ᠎ᠡ;  ᠨᠡᠷᠡᠳᠦ ᠮᠣᠳᠣᠨ᠎ᠳᠤ ᠴᠥᠮ ᠨᠢᠭᠡᠳᠦᠭᠡᠷ ᠳᠡᠰ᠎ᠤᠨ ᠬᠠᠮᠠᠭ᠋ᠠᠯᠠᠯᠲᠠ ᠵᠢ ᠬᠡᠷᠡᠭᠵᠢᠭᠦᠯᠦᠨ᠎ᠡ;  ᠬᠡᠰᠡᠭ ᠬᠤᠳᠠ ᠵᠢᠨ ᠪᠣᠳᠠᠲᠠᠢ ᠪᠠᠢ᠌ᠳᠠᠯ᠎ᠢ ᠪᠣᠳᠣᠯᠬᠢᠯᠠᠨ᠂ ᠮᠤᠵᠢ ᠵᠢᠨ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠠᠴᠠ ᠬᠤᠳᠠ ᠵᠢᠨ ᠡᠷᠲᠡᠨ᠎ᠤ ᠮᠣᠳᠣ ᠵᠢ ᠲᠡᠰ ᠳᠡᠪᠰᠢᠭᠦᠯᠦᠨ ᠬᠠᠮᠠᠭ᠋ᠠᠯᠠᠬᠤ ᠵᠢ ᠵᠥᠪᠰᠢᠶᠡᠷᠡᠨ᠎ᠡ;  ᠵᠣᠬᠢᠬᠤ ᠣᠷᠣᠨ ᠪᠦᠰᠡ ᠵᠢᠨ ᠳᠣᠲᠣᠷ᠎ᠠ ᠲᠥᠪᠯᠡᠷᠡᠨ ᠤᠷᠭᠤᠵᠤ ᠪᠦᠷᠢᠯᠳᠦᠭᠰᠡᠨ ᠡᠷᠲᠡᠨ᠎ᠤ ᠮᠣᠳᠣᠨ᠎ᠤ ᠰᠦᠷᠦᠭ᠎ᠲᠤ ᠪᠦᠬᠦᠯᠢ ᠴᠣᠭᠴᠠ ᠵᠢᠨ ᠬᠠᠮᠠᠭ᠋ᠠᠯᠠᠯᠲᠠ ᠵᠢ ᠬᠡᠷᠡᠭᠵᠢᠭᠦᠯᠦᠨ᠎ᠡ᠃  ᠡᠷᠲᠡᠨ᠎ᠤ ᠮᠣᠳᠣ ᠨᠡᠷᠡᠳᠦ ᠮᠣᠳᠣ ᠵᠢ ᠨᠡᠢ᠌ᠳᠡᠮ ᠪᠠᠢ᠌ᠴᠠᠭ᠋ᠠᠬᠤ᠂  ᠮᠠᠭ᠋ᠠᠳᠯᠠᠨ ᠲᠣᠭᠲᠠᠭ᠋ᠠᠬᠤ ᠪᠠ ᠨᠡᠢ᠌ᠲᠡᠯᠡᠬᠦ ᠵᠢᠷᠤᠮ᠎ᠤᠨ ᠲᠤᠬᠠᠢ᠂ 《ᠳᠦᠷᠢᠮ》᠎ᠳᠤ᠂  ᠪᠦᠬᠦ ᠤᠯᠤᠰ᠎ᠤᠨ ᠨᠣᠭᠣᠭ᠋ᠠᠷᠠᠭᠤᠯᠤᠯᠲᠠ ᠵᠢᠨ ᠺᠣᠮᠢᠰ᠎ᠠᠴᠠ ᠪᠦᠬᠦ ᠤᠯᠤᠰ᠎ᠤᠨ ᠡᠷᠲᠡᠨ᠎ᠤ ᠮᠣᠳᠣ ᠨᠡᠷᠡᠳᠦ ᠮᠣᠳᠣᠨ᠎ᠤ ᠡᠬᠢ ᠪᠠᠶᠠᠯᠢᠭ᠎ᠤᠨ ᠨᠡᠢ᠌ᠳᠡᠮ ᠪᠠᠢ᠌ᠴᠠᠭ᠋ᠠᠯᠲᠠ ᠵᠢ ᠲᠣᠭᠲᠠᠮᠠᠯ ᠬᠤᠭᠤᠴᠠᠭ᠎ᠠ᠎ᠲᠠᠢ᠎ᠪᠠᠷ ᠵᠣᠬᠢᠶᠠᠨ ᠪᠠᠢ᠌ᠭᠤᠯᠤᠨ ᠥᠷᠨᠢᠭᠦᠯᠵᠦ᠂  ᠰᠢᠶᠠᠨ᠎ᠤ ᠱᠠᠲᠤᠨ᠎ᠠᠴᠠ ᠳᠡᠭᠡᠭᠰᠢᠬᠢ ᠣᠷᠣᠨ ᠨᠤᠲᠤᠭ᠎ᠤᠨ ᠠᠷᠠᠳ᠎ᠤᠨ ᠵᠠᠰᠠᠭ᠎ᠤᠨ ᠣᠷᠳᠣᠨ᠎ᠤ ᠡᠷᠲᠡᠨ᠎ᠤ ᠮᠣᠳᠣ ᠨᠡᠷᠡᠳᠦ ᠮᠣᠳᠣᠨ᠎ᠤ ᠡᠷᠬᠢᠯᠡᠨ ᠬᠠᠮᠢᠶᠠᠷᠬᠤ ᠰᠠᠯᠠᠭ᠎ᠠ ᠮᠥᠴᠢᠷ᠎ᠠᠴᠠ ᠡᠷᠲᠡᠨ᠎ᠤ ᠮᠣᠳᠣ ᠨᠡᠷᠡᠳᠦ ᠮᠣᠳᠣᠨ᠎ᠤ ᠡᠬᠢ ᠪᠠᠶᠠᠯᠢᠭ᠎ᠤᠨ ᠨᠥᠬᠥᠪᠦᠷᠢ ᠪᠠᠢ᠌ᠴᠠᠭ᠋ᠠᠯᠲᠠ ᠵᠢ ᠴᠠᠭ᠎ᠲᠤᠨᠢ ᠲᠣᠬᠢᠷᠠᠭᠤᠯᠤᠨ ᠥᠷᠨᠢᠭᠦᠯᠦᠨ᠎ᠡ;  ᠰᠢᠶᠠᠨ᠎ᠤ ᠱᠠᠲᠤᠨ᠎ᠠᠴᠠ ᠳᠡᠭᠡᠭᠰᠢᠬᠢ ᠣᠷᠣᠨ ᠨᠤᠲᠤᠭ᠎ᠤᠨ ᠠᠷᠠᠳ᠎ᠤᠨ ᠵᠠᠰᠠᠭ᠎ᠤᠨ ᠣᠷᠳᠣᠨ᠎ᠤ ᠡᠷᠲᠡᠨ᠎ᠤ ᠮᠣᠳᠣ ᠨᠡᠷᠡᠳᠦ ᠮᠣᠳᠣ ᠵᠢ ᠡᠷᠬᠢᠯᠡᠠ ᠬᠠᠮᠢᠶᠠᠷᠬᠤ ᠰᠠᠯᠠᠭ᠎ᠠ ᠮᠥᠴᠢᠷ ᠪᠠᠢ᠌ᠴᠠᠭ᠋ᠠᠯᠲᠠ ᠵᠢᠨ ᠦᠷ᠎ᠡ ᠳ᠋ᠦᠩ᠎ᠢ ᠦᠨᠳᠦᠰᠦᠯᠡᠨ ᠡᠷᠲᠡᠨ᠎ᠤ ᠮᠣᠳᠣ ᠨᠡᠷᠡᠳᠦ ᠮᠣᠳᠣ ᠵᠢ ᠮᠠᠭ᠋ᠠᠳᠯᠠᠨ ᠲᠣᠭᠲᠠᠭ᠋ᠠᠵᠤ᠂  ᠲᠤᠰ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠳᠤ ᠮᠡᠳᠡᠭᠦᠯᠵᠦ ᠵᠥᠪᠰᠢᠶᠡᠷᠡᠭᠦᠯᠦᠭᠰᠡᠨ᠎ᠤ ᠲᠡᠷᠡᠭ᠎ᠠ  ᠬᠠᠤᠯᠢ ᠶᠣᠰᠣᠭ᠋ᠠᠷ ᠨᠡᠢ᠌ᠲᠡᠯᠡᠨ᠎ᠡ᠃ 

ᠢᠷᠡᠯᠲᠡ᠄ᠬᠠᠤᠯᠢ ᠴᠠᠭ᠋ᠠᠵᠠ ᠵᠢᠨ ᠶᠠᠮᠤᠨ
          
ᠬᠠᠮᠢᠶ᠎ᠡ ᠪᠦᠬᠦᠢ ᠰᠣᠨᠢᠨ
 
            