ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠬᠠᠣᠯᠢ᠎ᠪᠠᠷ ᠵᠠᠰᠠᠬᠤ
ᠦᠢᠯᠡᠴᠢᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠦᠢᠯᠡᠴᠢᠯᠡᠭᠡ   -   ᠰᠣᠷᠪᠣᠯᠵᠢᠯᠠᠭ᠎ᠠ
ᠬᠠᠤᠯᠢ ᠴᠠᠭ᠋ᠠᠵᠠ ᠵᠢᠨ ᠶᠠᠮᠤᠨ᠂ ᠡᠳ᠋᠎ᠤᠨ ᠵᠠᠰᠠᠭ᠎ᠤᠨ ᠶᠠᠮᠤᠨ᠂ ᠦᠨᠡᠲᠦ ᠲᠡᠮᠳᠡᠭᠲᠦ ᠵᠢ ᠬᠢᠨᠠᠨ ᠬᠠᠮᠢᠶᠠᠷᠬᠤ ᠵᠥᠪᠯᠡᠯ᠎ᠤᠨ ᠬᠠᠷᠢᠭᠤᠴᠠᠯᠭ᠋ᠠᠲᠠᠨ 《ᠲᠦᠷᠦ ᠵᠢᠨ ᠶᠠᠪᠤᠳᠠᠯ᠎ᠤᠨ ᠬᠣᠷᠢᠶᠠᠨ᠎ᠤ ᠵᠠᠭᠤᠴᠢ ᠪᠠᠢ᠌ᠭᠤᠯᠤᠮᠵᠢ ᠵᠢᠨ ᠺᠣᠮᠫᠠᠨᠢ ᠵᠢᠨ ᠢᠯᠡ᠎ᠪᠠᠷ ᠰᠲ᠋ᠣᠺ ᠲᠠᠷᠬᠠᠭ᠋ᠠᠬᠤ᠎ᠳᠤ ᠦᠢ᠍ᠯᠡᠴᠢᠯᠡᠭᠡ ᠬᠠᠩᠭ᠋ᠠᠬᠤ ᠵᠢ ᠵᠢᠷᠤᠮᠵᠢᠭᠤᠯᠬᠤ ᠲᠤᠬᠠᠢ ᠲᠣᠭᠲᠠᠭ᠋ᠠᠯ》᠎ᠤᠨ ᠲᠤᠬᠠᠢ ᠰᠤᠷᠪᠤᠯᠵᠢᠯᠠᠭᠴᠢ ᠵᠢᠨ ᠠᠰᠠᠭᠤᠯᠲᠠ ᠵᠢ ᠬᠠᠷᠢᠭᠤᠯᠤᠭᠰᠠᠨ᠎ᠨᠢ (ᠬᠣᠶᠠᠷ)
ᠨᠡᠶ᠋ᠢᠲᠡᠯᠡᠭᠰᠡᠨ ᠴᠠᠭ᠄ 2025-01-27

      ᠠᠰᠠᠭᠤᠯᠲᠠ᠄ 《ᠲᠣᠭᠲᠠᠭ᠋ᠠᠯ》᠎ᠳᠤ ᠵᠠᠭᠤᠴᠢ  ᠪᠠᠢ᠌ᠭᠤᠯᠤᠮᠵᠢ᠎ᠠᠴᠠ ᠺᠣᠮᠫᠠᠨᠢ ᠵᠢᠨ ᠰᠲ᠋ᠣᠺ᠎ᠢ ᠢᠯᠡ᠎ᠪᠠᠷ ᠲᠠᠷᠬᠠᠭ᠋ᠠᠬᠤ᠎ᠳᠤ ᠦᠢ᠍ᠯᠡᠴᠢᠯᠡᠭᠡ ᠬᠠᠩᠭ᠋ᠠᠬᠤ ᠲᠤᠬᠠᠢ ᠶᠠᠮᠠᠷ ᠶᠠᠮᠠᠷ ᠱᠠᠭ᠋ᠠᠷᠳᠠᠯᠭ᠎ᠠ ᠳᠤᠷᠠᠳᠤᠭᠰᠠᠨ ᠪᠤᠢ?  

      ᠬᠠᠷᠢᠭᠤᠯᠲᠠ᠄  ᠬᠥᠷᠥᠩᠭᠡ ᠵᠢᠨ ᠵᠠᠬ᠎ᠠ ᠳᠡᠯᠭᠡᠭᠦᠷ᠎ᠤᠨ ᠦᠢ᠍ᠯᠡᠳᠦᠯᠭᠡ᠎ᠲᠠᠢ ᠤᠶᠠᠯᠳᠤᠭᠤᠯᠬᠤ ᠵᠢᠨ ᠬᠠᠮᠲᠤ 《ᠦᠨᠡᠲᠦ ᠲᠡᠮᠳᠡᠭᠲᠦ ᠵᠢᠨ ᠬᠠᠤᠯᠢ》  ᠵᠡᠷᠭᠡ ᠬᠠᠤᠯᠢ ᠴᠠᠭ᠋ᠠᠵᠠ᠎ᠲᠠᠢ ᠵᠣᠯᠭ᠋ᠠᠭᠤᠯᠵᠤ᠂ 《ᠲᠣᠭᠲᠠᠭ᠋ᠠᠯ》᠎ᠳᠤ ᠵᠠᠭᠤᠴᠢ  ᠪᠠᠢ᠌ᠭᠤᠯᠤᠮᠵᠢ᠎ᠠᠴᠠ ᠺᠣᠮᠫᠠᠨᠢ ᠵᠢᠨ ᠢᠯᠡ᠎ᠪᠠᠷ ᠰᠲ᠋ᠣᠺ ᠲᠠᠷᠬᠠᠭ᠋ᠠᠬᠤ᠎ᠳᠤ ᠦᠢ᠍ᠯᠡᠴᠢᠯᠡᠭᠡ ᠬᠠᠩᠭ᠋ᠠᠬᠤ ᠲᠤᠬᠠᠢ ᠳᠣᠣᠷᠠᠬᠢ ᠮᠡᠲᠦ ᠲᠣᠭᠲᠠᠭ᠋ᠠᠯ ᠭᠠᠷᠭ᠋ᠠᠵᠠᠢ᠄  ᠨᠢᠭᠡ᠎ᠳᠤ ᠦᠨᠡᠨᠴᠢ ᠢᠲᠡᠭᠡᠮᠵᠢᠲᠡᠢ ᠪᠠᠢ᠌ᠬᠤ᠂  ᠬᠢᠴᠢᠶᠡᠨ ᠴᠢᠷᠮᠠᠢ᠌ᠵᠤ ᠬᠠᠷᠢᠭᠤᠴᠠᠯᠭ᠎ᠠ᠎ᠪᠠᠨ ᠭᠦᠢ᠍ᠴᠡᠳᠬᠡᠬᠦ᠂  ᠪᠡᠶ᠎ᠡ᠎ᠪᠠᠨ ᠳᠠᠭ᠋ᠠᠭ᠋ᠠᠵᠤ ᠪᠤᠰᠤᠳᠴᠢ ᠪᠠᠢ᠌ᠬᠤ ᠵᠠᠷᠴᠢᠮ᠎ᠢ ᠵᠢᠷᠤᠮᠯᠠᠬᠤ ᠬᠡᠷᠡᠭᠲᠡᠢ᠃  ᠬᠣᠶᠠᠷ᠎ᠲᠤ ᠵᠣᠬᠢᠴᠠᠩᠭᠤᠢ ᠲᠤᠰᠬᠠᠢ ᠮᠡᠷᠭᠡᠵᠢᠯ᠎ᠤᠨ ᠴᠢᠳᠠᠪᠤᠷᠢ ᠪᠠ ᠬᠢᠷᠢ ᠬᠡᠮ᠎ᠲᠠᠢ ᠠᠵᠢᠯ ᠡᠷᠬᠢᠯᠡᠭᠰᠡᠳ᠎ᠢ ᠲᠣᠬᠢᠷᠠᠭᠤᠯᠵᠤ᠂  ᠠᠰᠢᠭ ᠲᠤᠰᠠ ᠵᠢᠨ ᠮᠥᠷᠭᠥᠯᠳᠦᠭᠡᠨ᠎ᠢ ᠬᠢᠨᠠᠨ ᠪᠠᠢ᠌ᠴᠠᠭ᠋ᠠᠬᠤ ᠵᠡᠷᠭᠡ ᠠᠶᠤᠯ ᠲᠦᠭᠰᠢᠭᠦᠷᠢ ᠵᠢ ᠬᠢᠵᠠᠭ᠋ᠠᠷᠯᠠᠬᠤ ᠪᠦᠲᠦᠮᠵᠢᠲᠡᠶ ᠳᠦᠷᠢᠮ᠎ᠢ ᠪᠠᠶ᠋ᠢᠭᠤᠯᠬᠤ ᠬᠡᠷᠡᠭᠲᠡᠢ᠃  ᠭᠤᠷᠪᠠ᠎ᠳᠤ ᠺᠣᠮᠫᠠᠨᠢ᠎ᠲᠠᠢ ᠬᠠᠮᠵᠢᠯᠴᠠᠨ ᠡᠳ᠋᠎ᠤᠨ ᠶᠠᠪᠤᠳᠠᠯ᠎ᠢ ᠬᠠᠭᠤᠷᠮᠠᠭᠯᠠᠨ ᠵᠣᠬᠢᠶᠠᠬᠤ᠂  ᠮᠡᠬᠡᠯᠡᠨ ᠲᠠᠷᠬᠠᠭ᠋ᠠᠬᠤ᠂  ᠲᠣᠭᠲᠠᠭ᠋ᠠᠯ᠎ᠢ ᠵᠥᠷᠢᠴᠡᠭᠰᠡᠨ ᠮᠡᠳᠡᠭᠡ ᠵᠠᠩᠭᠢ ᠵᠢ ᠨᠡᠢ᠌ᠲᠡᠯᠡᠬᠦ ᠵᠡᠷᠭᠡ ᠬᠠᠤᠯᠢ ᠲᠣᠭᠲᠠᠭ᠋ᠠᠯ᠎ᠢ ᠵᠥᠷᠢᠴᠡᠭᠰᠡᠨ ᠦᠢ᠍ᠯᠡ ᠠᠵᠢᠯᠯᠠᠭ᠎ᠠ ᠵᠢ ᠬᠢᠵᠦ ᠪᠣᠯᠬᠤ ᠦᠭᠡᠢ᠂  ᠬᠠᠤᠯᠢ᠎ᠳᠤ ᠲᠣᠭᠲᠠᠭ᠋ᠠᠭᠰᠠᠨ ᠨᠥᠬᠥᠴᠡᠯ ᠪᠠ ᠱᠠᠭ᠋ᠠᠷᠳᠠᠯᠭ᠎ᠠ᠎ᠳᠤ ᠨᠡᠢ᠌ᠴᠡᠬᠦ ᠦᠭᠡᠢ ᠺᠣᠮᠫᠠᠨᠢ ᠵᠢ ᠬᠠᠪᠰᠤᠷᠴᠤ ᠪᠠᠢ᠌ᠭ᠋ᠠᠳ ᠳᠡᠭᠡᠷ᠎ᠡ ᠳᠤᠷᠠᠳᠤᠭᠰᠠᠨ ᠠᠷᠭ᠎ᠠ ᠮᠠᠶᠢᠭ ᠵᠶ᠋ᠠᠷ ᠰᠲ᠋ᠣᠺ᠎ᠢ ᠢᠯᠡ᠎ᠪᠠᠷ ᠲᠠᠷᠬᠠᠭ᠋ᠠᠵᠤ ᠪᠣᠯᠬᠤ ᠦᠭᠡᠢ᠃  ᠳᠥᠷᠪᠡ᠎ᠳᠤ ᠦᠢ᠍ᠯᠡᠳᠦᠭᠰᠡᠨ᠂ ᠭᠠᠷᠭ᠋ᠠᠵᠤ ᠥᠭᠭᠦᠭᠰᠡᠨ ᠪᠢᠴᠢᠭ ᠮᠠᠲ᠋ᠧᠷᠢᠶᠠᠯ᠎ᠳᠤ ᠬᠤᠳᠠᠯ ᠬᠠᠭᠤᠷᠮᠠᠭ ᠲᠡᠮᠳᠡᠭᠯᠡᠯ᠂  ᠪᠤᠷᠤᠭᠤ ᠵᠦᠭ ᠬᠥᠲᠥᠯᠬᠦ ᠴᠢᠨᠠᠷᠲᠠᠢ ᠲᠣᠭ᠋ᠠᠴᠢᠯᠲᠠ ᠪᠤᠶᠤ ᠴᠢᠬᠤᠯᠠ ᠶᠡᠬᠡ ᠣᠷᠬᠢᠭᠳᠠᠭᠤᠯᠤᠯ᠎ᠲᠠᠢ ᠪᠠᠢ᠌ᠵᠤ ᠪᠣᠯᠬᠤ ᠦᠭᠡᠢ᠃ 

      ᠠᠰᠠᠭᠤᠯᠲᠠ᠄ 《ᠲᠣᠭᠲᠠᠭ᠋ᠠᠯ》᠎ᠳᠤ ᠵᠠᠭᠤᠴᠢ ᠪᠠᠢ᠌ᠭᠤᠯᠤᠮᠵᠢ ᠵᠢᠨ ᠰᠦᠢ᠍ᠳᠬᠡᠯ ᠬᠤᠷᠢᠶᠠᠬᠤ ᠲᠤᠬᠠᠢ ᠶᠠᠮᠠᠷ ᠶᠠᠮᠠᠷ ᠲᠣᠭᠲᠠᠭ᠋ᠠᠯ ᠭᠠᠷᠭ᠋ᠠᠭᠰᠠᠨ ᠪᠤᠢ?  

      ᠬᠠᠷᠢᠭᠤᠯᠲᠠ᠄ 《ᠲᠣᠭᠲᠠᠭ᠋ᠠᠯ》᠎ᠳᠤ ᠵᠠᠭᠤᠴᠢ  ᠪᠠᠢ᠌ᠭᠤᠯᠤᠮᠵᠢ᠎ᠠᠴᠠ ᠺᠣᠮᠫᠠᠨᠢ ᠵᠢᠨ ᠢᠯᠡ᠎ᠪᠠᠷ ᠰᠲ᠋ᠣᠺ ᠲᠠᠷᠬᠠᠭ᠋ᠠᠬᠤ᠎ᠳᠤ ᠦᠢ᠍ᠯᠡᠴᠢᠯᠡᠭᠡ ᠬᠠᠩᠭ᠋ᠠᠬᠤ᠎ᠳᠤ ᠰᠦᠢ᠍ᠳᠬᠡᠯ ᠬᠤᠷᠢᠶᠠᠬᠤ ᠵᠠᠷᠴᠢᠮ᠎ᠢ ᠲᠣᠳᠣᠷᠬᠠᠢ ᠲᠣᠭᠲᠠᠭ᠋ᠠᠵᠠᠢ᠃  ᠵᠠᠭᠤᠴᠢ ᠪᠠᠢ᠌ᠭᠤᠯᠤᠮᠵᠢ ᠵᠠᠬ᠎ᠠ ᠳᠡᠯᠭᠡᠭᠦᠷᠴᠢᠯᠡᠬᠦ ᠵᠠᠷᠴᠢᠮ᠎ᠢ ᠵᠢᠷᠤᠮᠯᠠᠵᠤ᠂  ᠠᠵᠢᠯ᠎ᠤᠨ ᠬᠡᠮᠵᠢᠶ᠎ᠡ᠂  ᠬᠡᠷᠡᠭᠰᠡᠬᠦ ᠡᠬᠢ ᠪᠠᠶᠠᠯᠢᠭ᠎ᠤᠨ ᠣᠷᠣᠭᠤᠯᠤᠯᠲᠠ ᠵᠡᠷᠭᠡ ᠬᠦᠴᠦᠨ ᠵᠦᠢ᠍ᠯ᠎ᠢ ᠦᠨᠳᠦᠰᠦᠯᠡᠨ ᠰᠦᠢ᠍ᠳᠬᠡᠯ ᠬᠤᠷᠢᠶᠠᠬᠤ ᠪᠠᠷᠢᠮᠵᠢᠶ᠎ᠠ ᠵᠢ ᠵᠦᠢ ᠵᠣᠬᠢᠰᠲᠠᠢ ᠲᠣᠭᠲᠠᠭ᠋ᠠᠬᠤ ᠵᠢᠨ ᠬᠠᠮᠲᠤ ᠡᠯ᠎ᠡ ᠲᠦᠷᠦᠯ᠎ᠤᠨ ᠵᠠᠭᠤᠴᠢ ᠪᠠᠢ᠌ᠭᠤᠯᠤᠮᠵᠢ᠎ᠳᠤ ᠪᠣᠳᠠᠲᠠᠢ ᠱᠠᠭ᠋ᠠᠷᠳᠠᠯᠭ᠎ᠠ ᠳᠤᠷᠠᠳᠴᠠᠢ᠄  ᠨᠢᠭᠡ᠎ᠳᠤ ᠦᠨᠡᠲᠦ ᠲᠡᠮᠳᠡᠭᠲᠦ ᠵᠢᠨ ᠺᠣᠮᠫᠠᠨᠢ ᠪᠠᠲᠤᠯᠠᠨ ᠲᠠᠨᠢᠯᠴᠠᠭᠤᠯᠬᠤ ᠲᠤᠬᠠᠢ᠌ᠯᠠᠭᠰᠠᠨ ᠠᠵᠢᠯ ᠡᠷᠬᠢᠯᠡᠬᠦ᠎ᠳᠤ ᠠᠵᠢᠯ᠎ᠤᠨ ᠠᠬᠢᠴᠠ ᠵᠢᠨ ᠶᠣᠰᠣᠭ᠋ᠠᠷ ᠦᠢ᠍ᠯᠡᠴᠢᠯᠡᠭᠡᠨ᠎ᠤ ᠰᠦᠢ᠍ᠳᠬᠡᠯ᠎ᠢ ᠱᠠᠲᠤ ᠬᠤᠪᠢᠶᠠᠨ ᠬᠤᠷᠢᠶᠠᠵᠤ ᠪᠣᠯᠣᠨ᠎ᠠ᠂  ᠭᠡᠪᠡᠴᠦ ᠰᠲ᠋ᠣᠺ᠎ᠢ ᠢᠯᠡ᠎ᠪᠠᠷ ᠲᠠᠷᠬᠠᠭ᠋ᠠᠵᠤ ᠵᠠᠬ᠎ᠠ ᠳᠡᠯᠭᠡᠭᠦᠷ᠎ᠲᠤ ᠭᠠᠷᠭ᠋ᠠᠭᠰᠠᠨ ᠦᠷ᠎ᠡ ᠳ᠋ᠦᠩ ᠵᠶ᠋ᠡᠷ ᠰᠦᠢ᠍ᠳᠬᠡᠯ ᠬᠤᠷᠢᠶᠠᠬᠤ ᠨᠥᠬᠥᠴᠡᠯ ᠪᠣᠯᠭ᠋ᠠᠵᠤ ᠪᠣᠯᠬᠤ ᠦᠭᠡᠢ;  ᠦᠨᠡᠲᠦ ᠲᠡᠮᠳᠡᠭᠲᠦ ᠵᠢᠨ ᠺᠣᠮᠫᠠᠨᠢ ᠳᠠᠭ᠋ᠠᠭ᠋ᠠᠨ ᠪᠣᠷᠣᠯᠠᠭᠤᠯᠬᠤ ᠲᠤᠬᠠᠢ᠌ᠯᠠᠭᠰᠠᠨ ᠠᠵᠢᠯ᠎ᠢ ᠡᠷᠬᠢᠯᠡᠬᠦ᠎ᠳᠡᠭᠡᠨ ᠲᠦᠷᠦ ᠵᠢᠨ ᠶᠠᠪᠤᠳᠠᠯ᠎ᠤᠨ ᠬᠣᠷᠢᠶᠠᠨ᠎ᠤ ᠦᠨᠡᠲᠦ ᠲᠡᠮᠳᠡᠭᠲᠦ ᠵᠢ ᠬᠢᠨᠠᠨ ᠬᠠᠮᠢᠶᠠᠷᠬᠤ ᠪᠠᠢ᠌ᠭᠤᠯᠤᠮᠵᠢ ᠵᠢᠨ ᠲᠣᠭᠲᠠᠭ᠋ᠠᠯ᠎ᠳᠤ ᠨᠡᠢ᠌ᠴᠡᠭᠦᠯᠵᠦ᠂  ᠵᠦᠢ᠍ᠯᠡᠰ᠎ᠤᠨ ᠥᠪᠡᠷ᠎ᠤᠨ ᠦᠷᠳᠡᠭ ᠵᠡᠷᠭᠡ ᠬᠦᠴᠦᠨ ᠵᠦᠢ᠍ᠯ᠎ᠢ ᠶᠡᠷᠦᠩᠬᠡᠢ᠌ᠯᠡᠨ ᠦᠨᠡᠯᠡᠨ ᠵᠢᠱ᠌ᠢᠵᠦ ᠦᠢ᠍ᠯᠡᠴᠢᠯᠡᠭᠡᠨ᠎ᠤ ᠰᠦᠢ᠍ᠳᠬᠡᠯ ᠬᠤᠷᠢᠶᠠᠬᠤ ᠬᠡᠷᠡᠭᠲᠡᠢ᠂  ᠲᠠᠷᠬᠠᠭ᠋ᠠᠬᠤ ᠬᠡᠪᠴᠢᠶ᠎ᠡ ᠶᠣᠰᠣᠭ᠋ᠠᠷ ᠰᠦᠢ᠍ᠳᠬᠡᠯ ᠬᠤᠷᠢᠶᠠᠬᠤ ᠬᠠᠷᠢᠴᠠᠯ᠎ᠢ ᠠᠬᠢᠨ ᠨᠡᠮᠡᠭᠳᠡᠭᠦᠯᠵᠦ ᠪᠣᠯᠬᠤ ᠦᠭᠡᠢ᠃  ᠬᠣᠶᠠᠷ᠎ᠲᠤ ᠨᠢᠭᠲᠠᠯᠠᠨ ᠪᠤᠳᠤᠭᠴᠢ ᠵᠢᠨ ᠬᠡᠷᠡᠭ ᠡᠷᠬᠢᠯᠡᠬᠦ ᠭᠠᠵᠠᠷ ᠬᠢᠨᠠᠨ ᠪᠤᠳᠤᠬᠤ ᠲᠤᠬᠠᠢ᠌ᠯᠠᠭᠰᠠᠨ ᠠᠵᠢᠯ᠎ᠢ ᠭᠦᠢ᠍ᠴᠡᠳᠬᠡᠬᠦ᠎ᠳᠡᠭᠡᠨ ᠠᠵᠢᠯ᠎ᠤᠨ ᠠᠬᠢᠴᠠ ᠵᠢᠨ ᠶᠣᠰᠣᠭ᠋ᠠᠷ ᠦᠢ᠍ᠯᠡᠴᠢᠯᠡᠭᠡᠨ᠎ᠤ ᠰᠦᠢ᠍ᠳᠬᠡᠯ᠎ᠢ ᠱᠠᠲᠤ ᠬᠤᠪᠢᠶᠠᠨ ᠬᠤᠷᠢᠶᠠᠵᠤ ᠪᠣᠯᠣᠨ᠎ᠠ᠂  ᠭᠡᠪᠡᠴᠦ ᠬᠢᠨᠠᠨ ᠪᠤᠳᠤᠭᠰᠠᠨ ᠦᠷ᠎ᠡ ᠳ᠋ᠦᠩ ᠪᠤᠶᠤ ᠰᠲ᠋ᠣᠺ᠎ᠢ ᠢᠯᠡ᠎ᠪᠠᠷ ᠲᠠᠷᠬᠠᠭ᠋ᠠᠵᠤ ᠵᠠᠬ᠎ᠠ ᠳᠡᠯᠭᠡᠭᠦᠷ᠎ᠲᠤ ᠭᠠᠷᠭ᠋ᠠᠭᠰᠠᠨ ᠦᠷ᠎ᠡ ᠳ᠋ᠦᠩ ᠵᠶ᠋ᠡᠷ ᠰᠦᠢ᠍ᠳᠬᠡᠯ ᠬᠤᠷᠢᠶᠠᠬᠤ ᠨᠥᠬᠥᠴᠡᠯ ᠪᠣᠯᠭ᠋ᠠᠵᠤ ᠪᠣᠯᠬᠤ ᠦᠭᠡᠢ᠃  ᠭᠤᠷᠪᠠ᠎ᠳᠤ ᠬᠠᠤᠯᠢᠴᠢ ᠵᠢᠨ ᠬᠡᠷᠡᠭ ᠡᠷᠬᠢᠯᠡᠬᠦ ᠭᠠᠵᠠᠷ᠎ᠨᠢ ᠺᠣᠮᠫᠠᠨᠢ ᠵᠢᠨ ᠢᠯᠡ᠎ᠪᠠᠷ ᠰᠲ᠋ᠣᠺ ᠲᠠᠷᠬᠠᠭ᠋ᠠᠬᠤ᠎ᠳᠤ ᠦᠢ᠍ᠯᠡᠴᠢᠯᠡᠭᠡ ᠬᠠᠩᠭ᠋ᠠᠬᠤ᠎ᠳᠠᠭᠠᠨ ᠬᠠᠤᠯᠢᠴᠢ ᠵᠢᠨ ᠬᠡᠷᠡᠭ ᠡᠷᠬᠢᠯᠡᠬᠦ ᠭᠠᠵᠠᠷ᠎ᠠᠴᠠ ᠨᠢᠭᠡᠳᠦᠯᠲᠡᠢ ᠰᠦᠢ᠍ᠳᠬᠡᠯ ᠬᠤᠷᠢᠶᠠᠬᠤ ᠬᠡᠷᠡᠭᠲᠡᠢ ᠪᠥᠭᠡᠳ ᠬᠠᠤᠯᠢᠴᠢ ᠵᠢᠨ ᠦᠢ᠍ᠯᠡᠴᠢᠯᠡᠭᠡᠨ᠎ᠤ ᠰᠦᠢ᠍ᠳᠬᠡᠯ ᠬᠤᠷᠢᠶᠠᠬᠤ ᠲᠤᠬᠠᠢ ᠲᠦᠷᠦ ᠵᠢᠨ ᠶᠠᠪᠤᠳᠠᠯ᠎ᠤᠨ ᠬᠣᠷᠢᠶᠠᠨ᠎ᠤ ᠬᠠᠤᠯᠢ ᠴᠠᠭ᠋ᠠᠵᠠ ᠵᠢᠨ ᠵᠠᠰᠠᠭ ᠵᠠᠬᠢᠷᠭ᠎ᠠ ᠵᠡᠷᠭᠡ ᠰᠠᠯᠠᠭ᠎ᠠ ᠮᠥᠴᠢᠷ᠎ᠤᠨ ᠬᠣᠯᠪᠣᠭᠳᠠᠯ ᠪᠦᠬᠦᠢ ᠲᠣᠭᠲᠠᠭ᠋ᠠᠯ᠎ᠳᠤ ᠨᠡᠢ᠌ᠴᠡᠭᠰᠡᠨ ᠪᠠᠢ᠌ᠬᠤ ᠬᠡᠷᠡᠭᠲᠡᠢ᠃ 

      ᠠᠰᠠᠭᠤᠯᠲᠠ᠄ 《ᠲᠣᠭᠲᠠᠭ᠋ᠠᠯ》᠎ᠢ ᠨᠡᠢ᠌ᠲᠡᠯᠡᠭᠰᠡᠨ᠎ᠨᠢ ᠵᠠᠭᠤᠴᠢ ᠪᠠᠢ᠌ᠭᠤᠯᠤᠮᠵᠢ ᠵᠢᠨ ᠰᠦᠢ᠍ᠳᠬᠡᠯ ᠬᠤᠷᠢᠶᠠᠬᠤ᠎ᠳᠤ ᠨᠥᠯᠥᠭᠡ ᠦᠵᠡᠭᠦᠯᠬᠦ ᠦᠦ?  

      ᠬᠠᠷᠢᠭᠤᠯᠲᠠ᠄ 《ᠲᠣᠭᠲᠠᠭ᠋ᠠᠯ》 ᠎ᠨᠢ ᠵᠠᠭᠤᠴᠢ ᠪᠠᠢ᠌ᠭᠤᠯᠤᠮᠵᠢ ᠵᠢᠨ ᠦᠢ᠍ᠯᠡᠴᠢᠯᠡᠭᠡᠨ᠎ᠤ ᠺᠣᠮᠫᠠᠨᠢ ᠵᠢᠨ ᠢᠯᠡ᠎ᠪᠠᠷ ᠰᠲ᠋ᠣᠺ ᠲᠠᠷᠬᠠᠭ᠋ᠠᠬᠤ ᠶᠠᠪᠤᠴᠠ᠎ᠳᠠᠬᠢ ᠰᠦᠢ᠍ᠳᠬᠡᠯ ᠬᠤᠷᠢᠶᠠᠬᠤ ᠦᠢᠯᠡ ᠠᠵᠢᠯᠯᠠᠭ᠎ᠠ ᠵᠢ ᠵᠢᠷᠤᠮᠵᠢᠭᠤᠯᠬᠤ᠎ᠳᠤ ᠰᠠᠭᠤᠷᠢᠯᠠᠵᠤ᠂  ᠠᠵᠢᠯ ᠲᠥᠷᠥᠯ᠎ᠤᠨ ᠰᠦᠢ᠍ᠳᠬᠡᠯ ᠬᠤᠷᠢᠶᠠᠬᠤ ᠪᠠᠷᠢᠮᠵᠢᠶ᠎ᠠ ᠵᠢ ᠨᠠᠩ ᠢᠯᠡ᠂  ᠲᠥᠪ ᠭᠣᠥᠯᠴᠢ᠂  ᠢᠯᠡ ᠲᠣᠳᠣ ᠪᠣᠯᠭ᠋ᠠᠬᠤ ᠵᠢ ᠲᠦᠯᠬᠢᠨ ᠠᠬᠢᠭᠤᠯᠵᠤ᠂  ᠵᠠᠭᠤᠴᠢ ᠪᠠᠢ᠌ᠭᠤᠯᠤᠮᠵᠢ ᠵᠢᠨ ᠪᠡᠶ᠎ᠡ᠎ᠪᠠᠨ ᠳᠠᠭ᠋ᠠᠭ᠋ᠠᠬᠤ ᠴᠢᠨᠠᠷ᠎ᠢ ᠴᠢᠩᠭ᠋ᠠᠷᠠᠭᠤᠯᠤᠨ᠂  ᠵᠠᠭᠤᠴᠢ ᠪᠠᠢ᠌ᠭᠤᠯᠤᠮᠵᠢ ᠵᠢᠨ ᠬᠡᠪ᠎ᠤᠨ ᠰᠦᠢ᠍ᠳᠬᠡᠯ ᠬᠤᠷᠢᠶᠠᠬᠤ ᠦᠢᠯᠡ ᠠᠵᠢᠯᠯᠠᠭ᠎ᠠ ᠵᠢ ᠨᠥᠯᠥᠭᠡᠯᠡᠬᠦ ᠦᠭᠡᠢ᠎ᠳᠤ  ᠰᠠᠭᠤᠷᠢᠯᠠᠵᠠᠢ᠃ 《ᠲᠣᠭᠲᠠᠭ᠋ᠠᠯ》᠎ᠳᠤ ᠳᠤᠷᠠᠳᠤᠭᠰᠠᠨ ᠪᠣᠳᠠᠲᠠᠢ ᠱᠠᠭ᠋ᠠᠷᠳᠠᠯᠭ᠎ᠠ ᠪᠣᠯ ᠵᠠᠭᠤᠴᠢ ᠪᠠᠢ᠌ᠭᠤᠯᠤᠮᠵᠢ ᠵᠢᠨ ᠰᠦᠢ᠍ᠳᠬᠡᠯ ᠬᠤᠷᠢᠶᠠᠬᠤ ᠦᠢ᠍ᠯᠡ ᠠᠵᠢᠯᠯᠠᠭ᠎ᠠ ᠵᠢ ᠤᠯᠠᠮ ᠨᠢᠭᠡ ᠠᠯᠬᠤᠮ ᠵᠢᠷᠤᠮᠵᠢᠭᠤᠯᠤᠭᠰᠠᠨ ᠶᠠᠪᠤᠳᠠᠯ ᠪᠣᠯᠣᠨ᠎ᠠ᠂  ᠡᠭᠦᠨ᠎ᠤ ᠵᠣᠷᠢᠯᠭ᠎ᠠ᠎ᠨᠢ ᠬᠣᠯᠪᠣᠭᠳᠠᠯ ᠪᠦᠬᠦᠢ ᠰᠦᠢ᠍ᠳᠬᠡᠯ ᠬᠤᠷᠢᠶᠠᠬᠤ ᠦᠢ᠍ᠯᠡ ᠠᠵᠢᠯᠯᠠᠭ᠎ᠠ ᠵᠢᠨ ᠪᠤᠰᠤᠳᠴᠢ ᠪᠥᠭᠡᠳ ᠭᠣᠣᠯᠴᠢ᠎ᠪᠠᠷ ᠠᠵᠢᠯ ᠡᠷᠬᠢᠯᠡᠬᠦ ᠵᠢ᠎ᠨᠢ ᠨᠥᠯᠥᠭᠡᠯᠡᠬᠦ ᠵᠢ ᠰᠡᠷᠭᠡᠢ᠌ᠯᠡᠵᠦ᠂  ᠲᠥᠪ ᠭᠣᠣᠯᠴᠢ᠂  ᠵᠢᠷᠤᠮᠵᠢᠭᠰᠠᠨ ᠵᠠᠬ᠎ᠠ ᠳᠡᠯᠭᠡᠭᠦᠷ᠎ᠤᠨ ᠡᠮᠬᠢ ᠵᠢᠷᠤᠮ᠎ᠢ ᠪᠦᠷᠢᠯᠳᠦᠭᠦᠯᠬᠦ᠎ᠳᠤ ᠠᠰᠢᠭᠲᠠᠢ ᠪᠣᠯᠭ᠋ᠠᠬᠤ ᠵᠢᠨ ᠲᠥᠯᠥᠭᠡ ᠶᠤᠮ᠃ ᠦᠢ᠍ᠯᠡᠳᠦᠯᠭᠡ ᠵᠢᠨ ᠳᠤᠮᠳᠠ᠂  ᠵᠣᠩᠬᠢᠯᠠᠬᠤ ᠤᠯᠠᠨ ᠲᠣᠭ᠋ᠠᠨ᠎ᠤ ᠵᠠᠭᠤᠴᠢ ᠪᠠᠢ᠌ᠭᠤᠯᠤᠮᠵᠢ ᠠᠵᠢᠯ ᠡᠷᠬᠢᠯᠡᠬᠦ ᠶᠠᠪᠤᠴᠠ᠎ᠳᠠᠭᠠᠨ ᠰᠦᠢ᠍ᠳᠬᠡᠯ ᠬᠤᠷᠢᠶᠠᠬᠤ ᠵᠢ ᠵᠢᠷᠤᠮᠵᠢᠭᠤᠯᠵᠤ ᠴᠢᠳᠠᠳᠠᠭ᠂ 《ᠲᠣᠭᠲᠠᠭ᠋ᠠᠯ》᠎ᠤᠨ ᠱᠠᠭ᠋ᠠᠷᠳᠠᠯᠭ᠎ᠠ᠎ᠳᠤ ᠦᠯᠦ ᠨᠡᠢ᠌ᠴᠡᠬᠦ ᠴᠥᠭᠡᠨ ᠲᠣᠭ᠋ᠠᠨ᠎ᠤ ᠰᠦᠢ᠍ᠳᠬᠡᠯ ᠬᠤᠷᠢᠶᠠᠬᠤ ᠠᠵᠢᠯᠯᠠᠭ᠎ᠠ ᠵᠢ ᠵᠠᠭᠤᠴᠢ ᠪᠠᠢ᠌ᠭᠤᠯᠤᠮᠵᠢ ᠪᠣᠯᠣᠨ ᠲᠠᠷᠬᠠᠭ᠋ᠠᠭᠴᠢ ᠴᠠᠭ ᠲᠤᠬᠠᠢ᠎ᠳᠤᠨᠢ ᠵᠠᠯᠠᠷᠠᠭᠤᠯᠬᠤ ᠬᠡᠷᠡᠭᠲᠡᠢ᠂  ᠡᠰᠡ ᠲᠡᠭᠡᠪᠡᠯ ᠵᠣᠬᠢᠴᠠᠩᠭᠤᠢ ᠬᠠᠤᠯᠢ ᠵᠢᠨ ᠬᠠᠷᠢᠭᠤᠴᠠᠯᠭ᠎ᠠ ᠡᠭᠦᠷᠭᠡᠯᠡᠬᠦ ᠪᠣᠯᠣᠨ᠎ᠠ᠃ 

      ᠠᠰᠠᠭᠤᠯᠲᠠ᠄  ᠶᠠᠭᠤᠨ᠎ᠳᠤ ᠣᠷᠣᠨ ᠨᠤᠲᠤᠭ᠎ᠤᠨ ᠠᠷᠠᠳ᠎ᠤᠨ ᠵᠠᠰᠠᠭ᠎ᠤᠨ ᠣᠷᠳᠣᠨ᠎ᠠᠴᠠ ᠲᠠᠷᠬᠠᠭ᠋ᠠᠭᠴᠢ ᠪᠤᠶᠤ ᠵᠠᠭᠤᠴᠢ ᠪᠠᠢ᠌ᠭᠤᠯᠤᠮᠵᠢ᠎ᠳᠤ ᠱᠠᠩᠨᠠᠯ ᠣᠯᠭᠣᠵᠤ ᠪᠣᠯᠬᠤ ᠦᠭᠡᠢ ᠭᠡᠵᠦ ᠲᠣᠭᠲᠠᠭ᠋ᠠᠭᠰᠠᠨ ᠪᠤᠢ?  

      ᠬᠠᠷᠢᠭᠤᠯᠲᠠ᠄  ᠦᠢ᠍ᠯᠡᠳᠦᠯᠭᠡ ᠵᠢᠨ ᠳᠤᠮᠳᠠ᠂  ᠵᠠᠷᠢᠮ ᠣᠷᠣᠨ ᠨᠤᠲᠤᠭ᠎ᠤᠨ ᠠᠷᠠᠳ᠎ᠤᠨ ᠵᠠᠰᠠᠭ᠎ᠤᠨ ᠣᠷᠳᠣᠨ ᠲᠠᠷᠬᠠᠭ᠋ᠠᠭᠴᠢ ᠪᠤᠶᠤ ᠵᠠᠭᠤᠴᠢ ᠪᠠᠢ᠌ᠭᠤᠯᠤᠮᠵᠢ᠎ᠳᠤ ᠱᠠᠩᠨᠠᠯ ᠣᠯᠭᠣᠬᠤ᠎ᠪᠠᠷ ᠳᠠᠮᠵᠢᠭᠤᠯᠤᠨ᠂  ᠲᠤᠬᠠᠢ ᠵᠢᠨ ᠭᠠᠵᠠᠷ᠎ᠤᠨ ᠠᠵᠤ ᠠᠬᠤᠢ᠌ᠯᠠᠯ᠎ᠤᠨ ᠵᠠᠬ᠎ᠠ ᠳᠡᠯᠭᠡᠭᠦᠷ᠎ᠲᠤ ᠠᠮᠵᠢᠯᠲᠠ᠎ᠲᠠᠢ᠎ᠪᠠᠷ ᠭᠠᠷᠬᠤ ᠲᠣᠬᠢᠶᠠᠯᠳᠤᠮᠵᠢ ᠵᠢ ᠳᠡᠭᠡᠭᠰᠢᠯᠡᠭᠦᠯᠬᠦ ᠵᠢᠨ ᠬᠠᠮᠲᠤ ᠡᠭᠦᠨ ᠵᠶ᠋ᠡᠷ ᠣᠷᠣᠨ ᠪᠦᠰᠡ ᠵᠢᠨ ᠠᠵᠤ ᠠᠬᠤᠢ ᠵᠢ ᠳᠠᠢ᠌ᠴᠢᠯᠠᠬᠤ ᠵᠢᠱ᠌ᠢᠶ᠎ᠡ ᠦᠵᠡᠭᠦᠯᠬᠦ ᠦᠢ᠍ᠯᠡᠳᠦᠯ ᠭᠠᠷᠭ᠋ᠠᠬᠤ ᠵᠢ ᠬᠦᠰᠡᠵᠦ ᠪᠠᠢ᠌ᠨ᠎ᠠ᠂  ᠭᠡᠪᠡᠴᠦ ᠵᠠᠷᠢᠮ ᠭᠡᠮ ᠰᠣᠭᠣᠭ ᠠᠯᠬᠤᠮ ᠠᠯᠬᠤᠮ ᠵᠶ᠋ᠠᠷ ᠢᠯᠡᠷᠡᠵᠦ ᠪᠠᠢ᠌ᠨ᠎ᠠ᠄  ᠨᠢᠭᠡ᠎ᠳᠤ ᠣᠷᠣᠨ ᠪᠦᠰᠡ ᠵᠢᠨ ᠬᠣᠭᠣᠷᠣᠨᠳᠣᠬᠢ ᠮᠠᠭᠤ ᠥᠷᠢᠰᠦᠯᠳᠦᠭᠡᠨ᠎ᠢ ᠡᠭᠦᠰᠬᠡᠵᠦ᠂  ᠡᠳ᠋᠎ᠤᠨ ᠵᠠᠰᠠᠭ᠎ᠤᠨ ᠳᠠᠷᠤᠭ᠋ᠠᠰᠤ ᠵᠢ ᠨᠡᠮᠡᠭᠳᠡᠭᠦᠯᠵᠦ᠂  ᠵᠠᠰᠠᠭ᠎ᠤᠨ ᠠᠵᠢᠯ᠎ᠤᠨ ᠪᠦᠲᠦᠮᠵᠢ ᠵᠢᠨ ᠦᠵᠡᠯᠲᠡ ᠵᠢ ᠭᠠᠵᠢᠭᠤᠳᠠᠭᠤᠯᠵᠤ ᠮᠡᠳᠡᠨ᠎ᠡ;  ᠬᠣᠶᠠᠷ᠎ᠲᠤ ᠵᠠᠭᠤᠴᠢ ᠪᠠᠢ᠌ᠭᠤᠯᠤᠮᠵᠢ ᠵᠢ ᠬᠥᠲᠥᠯᠥᠨ ᠵᠢᠯᠤᠭᠣᠳᠴᠤ ᠪᠠᠢ᠌ᠭ᠋ᠠᠳ ᠣᠬᠣᠷ ᠬᠤᠭᠤᠴᠠᠭ᠋ᠠᠨ᠎ᠤ ᠠᠰᠢᠭ ᠲᠤᠰᠠ ᠵᠢ ᠬᠥᠭᠡᠭᠡᠴᠡᠯᠳᠦᠭᠦᠯᠵᠦ᠂ 《ᠡᠭᠦᠳᠡ ᠬᠠᠷᠠᠭᠴᠢ》 ᠵᠢᠨ ᠳᠦᠷᠢ ᠵᠢᠨ ᠪᠠᠢ᠌ᠷᠢ ᠲᠣᠭᠲᠠᠭ᠋ᠠᠯᠲᠠ᠎ᠠᠴᠠ ᠵᠠᠢ᠌ᠳᠠᠭᠤᠯᠵᠤ ᠮᠡᠳᠡᠨ᠎ᠠ᠃  ᠡᠢ᠌ᠮᠦ᠎ᠠᠴᠠ᠂  ᠣᠷᠣᠨ ᠨᠤᠲᠤᠭ᠎ᠤᠨ ᠵᠠᠰᠠᠭ᠎ᠤᠨ ᠣᠷᠳᠣᠨ᠎ᠤ ᠱᠠᠩᠨᠠᠨ ᠬᠥᠬᠢᠭᠦᠯᠬᠦ ᠠᠵᠢᠯᠯᠠᠭ᠎ᠠ ᠵᠢ ᠤᠯᠠᠮ ᠨᠢᠭᠡ ᠠᠯᠬᠤᠮ ᠬᠢᠵᠠᠭ᠋ᠠᠷᠯᠠᠵᠤ᠂  ᠵᠠᠬ᠎ᠠ ᠳᠡᠯᠭᠡᠭᠦᠷᠴᠢᠯᠡᠭᠰᠡᠨ᠂  ᠬᠠᠤᠯᠢ᠎ᠪᠠᠷ ᠵᠠᠰᠠᠭᠰᠠᠨ ᠬᠤᠳᠠᠯᠳᠤᠭ᠎ᠠ ᠡᠷᠭᠢᠯᠡᠬᠦ ᠣᠷᠴᠢᠨ ᠨᠥᠬᠥᠴᠡᠯ᠎ᠢ ᠪᠣᠶ ᠪᠣᠯᠭ᠋ᠠᠵᠤ᠂  ᠺᠣᠮᠫᠠᠨᠢ ᠵᠢᠨ ᠵᠠᠬ᠎ᠠ ᠳᠡᠯᠭᠡᠭᠦᠷ᠎ᠲᠤ ᠭᠠᠷᠬᠤ ᠵᠢ ᠪᠣᠳᠠᠲᠤ ᠴᠣᠭᠴᠠ ᠵᠢᠨ ᠠᠵᠤ ᠠᠬᠤᠢ ᠵᠢᠨ ᠬᠥᠭᠵᠢᠯᠲᠡ ᠵᠢ ᠳᠡᠮᠵᠢᠬᠦ ᠡᠬᠢ ᠰᠤᠷᠪᠤᠯᠵᠢ᠎ᠳᠤ ᠪᠤᠴᠠᠭ᠋ᠠᠬᠤ ᠵᠢ ᠠᠬᠢᠭᠤᠯᠬᠤ ᠴᠢᠬᠤᠯᠠᠲᠠᠢ ᠪᠠᠢ᠌ᠨ᠎ᠠ᠃ 

      《ᠲᠣᠭᠲᠠᠭ᠋ᠠᠯ》᠎ᠳᠤ ᠲᠣᠳᠣᠷᠬᠠᠢ ᠲᠣᠭᠲᠠᠭ᠋ᠠᠭᠰᠠᠨ᠎ᠨᠢ᠂  ᠲᠣᠰ ᠲᠣᠭᠲᠠᠭ᠋ᠠᠯ᠎ᠢ ᠬᠡᠷᠡᠭᠵᠢᠭᠦᠯᠦᠭᠰᠡᠨ ᠡᠳᠦᠷ᠎ᠠᠴᠠ ᠡᠬᠢᠯᠡᠨ᠂  ᠣᠷᠣᠨ ᠨᠤᠲᠤᠭ᠎ᠤᠨ ᠡᠯ᠎ᠡ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ ᠲᠣᠭᠲᠠᠭ᠋ᠠᠯ᠎ᠢ ᠵᠥᠷᠢᠴᠡᠨ ᠲᠠᠷᠬᠠᠭ᠋ᠠᠭᠴᠢ ᠪᠤᠶᠤ ᠵᠠᠭᠤᠴᠢ ᠪᠠᠢ᠌ᠭᠤᠯᠤᠮᠵᠢ ᠵᠢ ᠱᠠᠩᠨᠠᠨ ᠬᠥᠬᠢᠭᠦᠯᠦᠭᠰᠡᠨ ᠪᠠᠢ᠌ᠪᠠᠯ ᠨᠡᠬᠡᠮᠵᠢᠯᠡᠨ ᠠᠪᠴᠢᠷᠠᠬᠤ ᠬᠡᠷᠡᠭᠲᠡᠢ᠃  ᠭᠡᠪᠡᠴᠦ ᠬᠣᠯᠪᠣᠭᠳᠠᠯ ᠪᠦᠬᠦᠢ ᠬᠠᠤᠯᠢ ᠴᠠᠭ᠋ᠠᠵᠠ ᠵᠢᠨ ᠲᠣᠭᠲᠠᠭ᠋ᠠᠯ᠎ᠢ ᠦᠨᠳᠦᠰᠦᠯᠡᠪᠡᠯ᠂ 《ᠲᠣᠭᠲᠠᠭ᠋ᠠᠯ》᠎ᠢ ᠬᠡᠷᠡᠭᠵᠢᠭᠦᠯᠬᠦ᠎ᠠᠴᠠ ᠡᠮᠦᠨ᠎ᠡ ᠵᠠᠰᠠᠭ᠎ᠤᠨ ᠣᠷᠳᠣᠨ᠎ᠠᠴᠠ ᠨᠢᠭᠡᠨᠲᠡ ᠣᠯᠭᠣᠭᠰᠠᠨ ᠱᠠᠩᠨᠠᠯ᠎ᠢ ᠨᠡᠬᠡᠮᠵᠢᠯᠡᠨ ᠠᠪᠴᠢᠷᠠᠬᠤ ᠦᠭᠡᠢ᠃ 

      ᠠᠰᠠᠭᠤᠯᠲᠠ᠄ 《ᠲᠣᠭᠲᠠᠭ᠋ᠠᠯ》᠎ᠢ  ᠲᠤᠭᠤᠰᠢᠯᠠᠭᠤᠯᠤᠨ ᠬᠡᠷᠡᠭᠵᠢᠭᠦᠯᠬᠦ ᠵᠢ ᠬᠡᠷᠬᠢᠨ ᠠᠬᠢᠭᠤᠯᠬᠤ ᠪᠣᠶ?  

      ᠬᠠᠷᠢᠭᠤᠯᠲᠠ᠄  ᠦᠨᠡᠲᠦ ᠲᠡᠮᠳᠡᠭᠲᠦ ᠵᠢᠨ ᠬᠢᠨᠠᠯᠲᠠ ᠬᠠᠮᠢᠶᠠᠷᠤᠯᠲᠠ ᠵᠢᠨ ᠵᠥᠪᠯᠡᠯ᠂  ᠡᠳ᠋᠎ᠤᠨ ᠵᠠᠰᠠᠭ᠎ᠤᠨ ᠶᠠᠮᠤᠨ᠂ ᠬᠠᠤᠯᠢ ᠴᠠᠭ᠋ᠠᠵᠠ ᠵᠢᠨ ᠶᠠᠮᠤᠨ ᠵᠡᠷᠭᠡ ᠰᠠᠯᠠᠭ᠎ᠠ ᠮᠥᠴᠢᠷ ᠮᠡᠳᠡᠭᠡ ᠵᠠᠩᠭᠢ ᠵᠢᠨ ᠨᠡᠪᠲᠡᠷᠡᠯᠴᠡᠭᠡ ᠪᠠ ᠵᠣᠬᠢᠴᠠᠭᠤᠯᠭ᠎ᠠ ᠬᠠᠮᠵᠢᠯᠴᠠᠭ᠎ᠠ᠎ᠪᠠᠨ ᠴᠢᠩᠭ᠋ᠠᠳᠬᠠᠵᠤ᠂  ᠲᠤᠰᠢᠶᠠᠯ ᠬᠠᠷᠢᠭᠤᠴᠠᠯᠭ᠎ᠠ ᠵᠢᠨ ᠠᠵᠢᠯ᠎ᠤᠨ ᠬᠤᠪᠢᠶᠠᠷᠢᠯᠠᠯ ᠶᠣᠰᠣᠭ᠋ᠠᠷ᠂  ᠵᠠᠭᠤᠴᠢ ᠪᠠᠢ᠌ᠭᠤᠯᠤᠮᠵᠢ ᠵᠢᠨ ᠠᠵᠢᠯ ᠡᠷᠭᠢᠯᠡᠬᠦ ᠠᠵᠢᠯᠯᠠᠭ᠎ᠠ᠎ᠳᠤ ᠬᠠᠤᠯᠢ ᠶᠣᠰᠣᠭ᠋ᠠᠷ ᠬᠢᠨᠠᠯᠲᠠ ᠬᠠᠮᠢᠶᠠᠷᠤᠯᠲᠠ᠎ᠪᠠᠨ ᠴᠢᠩᠭ᠋ᠠᠳᠬᠠᠵᠤ᠂ 《ᠲᠣᠭᠲᠠᠭ᠋ᠠᠯ》᠎ᠤᠨ ᠪᠦᠲᠦᠮᠵᠢᠲᠡᠶ ᠬᠡᠷᠡᠭᠵᠢᠭᠦᠯᠦᠭᠳᠡᠬᠦ ᠵᠢ ᠦᠨᠡᠨ ᠬᠦ᠌  ᠪᠠᠲᠤᠯᠠᠬᠤ ᠬᠡᠷᠡᠭᠲᠡᠢ᠃  ᠨᠢᠭᠡ᠎ᠳᠤ᠂  ᠤᠬᠠᠭᠤᠯᠭ᠎ᠠ ᠵᠢᠯᠣᠭᠣᠳᠤᠯᠭ᠎ᠠ᠎ᠪᠠᠨ   ᠴᠢᠩᠭ᠋ᠠᠳᠬᠠᠬᠤ ᠬᠡᠷᠡᠭᠲᠡᠢ᠃  ᠡᠯ᠎ᠡ ᠱᠠᠲᠤᠨ᠎ᠤ ᠦᠨᠡᠲᠦ ᠲᠡᠮᠳᠡᠭᠲᠦ ᠵᠢᠨ ᠬᠢᠨᠠᠯᠲᠠ ᠬᠠᠮᠢᠶᠠᠷᠤᠯᠲᠠ᠂  ᠡᠳ᠋᠎ᠤᠨ ᠵᠠᠰᠠᠭ᠂  ᠬᠠᠤᠯᠢ ᠴᠠᠭ᠋ᠠᠵᠠ ᠵᠢᠨ ᠵᠠᠰᠠᠭ ᠵᠠᠬᠢᠷᠭ᠎ᠠ ᠵᠡᠷᠭᠡ ᠰᠠᠯᠠᠭ᠎ᠠ ᠮᠥᠴᠢᠷ᠎ᠤᠨ ᠠᠵᠢᠯᠲᠠᠨ᠎ᠢ ᠵᠣᠬᠢᠶᠠᠨ ᠪᠠᠢ᠌ᠭᠤᠯᠤᠨ ᠰᠤᠷᠤᠯᠴᠠᠯᠭ᠎ᠠ  ᠪᠣᠯᠪᠠᠰᠤᠷᠠᠯ᠎ᠢ ᠥᠷᠨᠢᠭᠦᠯᠵᠦ᠂ 《ᠲᠣᠭᠲᠠᠭ᠋ᠠᠯ》᠎ᠢ ᠣᠨᠣᠪᠴᠢᠲᠠᠶ ᠣᠢ᠌ᠯᠠᠭ᠋ᠠᠬᠤ ᠪᠠ ᠴᠢᠩᠭ᠎ᠠ ᠬᠡᠷᠡᠭᠵᠢᠭᠦᠯᠬᠦ ᠵᠢ ᠦᠨᠡᠨ ᠬᠦ᠌  ᠪᠠᠲᠤᠯᠠᠬᠤ ᠬᠡᠷᠡᠭᠲᠡᠢ᠃  ᠵᠠᠭᠤᠴᠢ ᠪᠠᠢ᠌ᠭᠤᠯᠤᠮᠵᠢ ᠵᠢ ᠬᠥᠲᠥᠯᠥᠨ ᠵᠢᠯᠤᠭᠣᠳᠴᠤ ᠪᠠᠢ᠌ᠭ᠋ᠠᠳ ᠦᠢ᠍ᠯᠡᠴᠢᠯᠡᠭᠡᠨ᠎ᠤ ᠦᠢ᠍ᠯᠡ ᠠᠵᠢᠯᠯᠠᠭ᠎ᠠ ᠵᠢ᠎ᠨᠢ ᠵᠢᠷᠤᠮᠵᠢᠭᠤᠯᠵᠤ᠂  ᠠᠵᠢᠯ ᠲᠦᠷᠦᠯ᠎ᠤᠨ ᠡᠷᠡᠭᠦᠯ ᠵᠶ᠋ᠡᠷ ᠬᠥᠭᠵᠢᠬᠦ ᠵᠢ  ᠠᠬᠢᠭᠤᠯᠬᠤ ᠬᠡᠷᠡᠭᠲᠡᠢ᠃  ᠬᠣᠶᠠᠷ᠎ᠲᠤ 《ᠲᠣᠭᠲᠠᠭ᠋ᠠᠯ》᠎ᠢ ᠴᠢᠩᠭ᠎ᠠ   ᠨᠠᠢ᠌ᠳᠠᠪᠤᠷᠢᠵᠢᠭᠤᠯᠬᠤ ᠬᠡᠷᠡᠭᠲᠡᠢ᠃  ᠡᠳᠦᠷ ᠲᠤᠲᠤᠮ᠎ᠤᠨ ᠬᠢᠨᠠᠯᠲᠠ ᠬᠠᠮᠢᠶᠠᠷᠤᠯᠲᠠ ᠵᠢᠨ ᠠᠵᠢᠯ᠎ᠤᠨ ᠳᠤᠮᠳᠠ᠂  ᠪᠠᠢ᠌ᠴᠠᠭ᠋ᠠᠬᠤ᠎ᠪᠠᠷ ᠥᠭᠡᠷᠡᠴᠢᠯᠡᠬᠦ ᠵᠢ ᠠᠬᠢᠭᠤᠯᠵᠤ᠂  ᠵᠠᠭᠤᠴᠢ ᠪᠠᠢ᠌ᠭᠤᠯᠤᠮᠵᠢ ᠵᠢ ᠰᠢᠮᠳᠠᠭᠤᠯᠵᠤ ᠪᠠᠢ᠌ᠭ᠋ᠠᠳ ᠰᠦᠢ᠍ᠳᠬᠡᠯ ᠬᠤᠷᠢᠶᠠᠬᠤ ᠦᠢᠯᠡ ᠠᠵᠢᠯᠯᠠᠭ᠎ᠠ ᠵᠢ  ᠵᠢᠷᠤᠮᠵᠢᠭᠤᠯᠬᠤ ᠬᠡᠷᠡᠭᠲᠡᠢ᠃  ᠬᠠᠮᠢᠶ᠎ᠠ ᠪᠦᠬᠦᠢ ᠲᠤᠬᠠᠢ᠌ᠯᠠᠭᠰᠠᠨ ᠠᠵᠢᠯ᠎ᠤᠨ ᠰᠦᠢ᠍ᠳᠬᠡᠯ ᠬᠤᠷᠢᠶᠠᠭᠰᠠᠨ ᠪᠠᠢ᠌ᠳᠠᠯ᠎ᠤᠨ ᠬᠠᠤᠯᠢ ᠬᠡᠷᠡᠭᠵᠢᠭᠦᠯᠦᠯᠲᠡ ᠵᠢᠨ ᠪᠠᠢ᠌ᠴᠠᠭ᠋ᠠᠯᠲᠠ ᠵᠢᠨ ᠡᠷᠴᠢᠮ᠎ᠢ ᠴᠢᠩᠭ᠋ᠠᠷᠠᠭᠤᠯᠵᠤ᠂ 《ᠲᠣᠭᠲᠠᠭ᠋ᠠᠯ》᠎ᠢ ᠵᠥᠷᠢᠴᠡᠭᠰᠡᠨ ᠬᠠᠮᠢᠶ᠎ᠠ ᠪᠦᠬᠦᠢ ᠪᠠᠢ᠌ᠳᠠᠯ ᠣᠷᠣᠰᠢᠵᠤ ᠪᠠᠢ᠌ᠬᠤ ᠵᠢ ᠣᠯᠵᠤ ᠮᠡᠳᠡᠪᠡᠯ᠂  ᠬᠠᠤᠯᠢ ᠲᠣᠭᠲᠠᠭ᠋ᠠᠯ ᠶᠣᠰᠣᠭ᠋ᠠᠷ ᠴᠢᠩᠭ᠎ᠠ ᠰᠢᠢ᠍ᠳᠪᠦᠷᠢᠯᠡᠬᠦ ᠬᠡᠷᠡᠭᠲᠡᠢ᠃  ᠭᠤᠷᠪᠠ᠎ᠳᠤ᠂  ᠣᠯᠣᠯᠴᠠᠭ᠎ᠠ ᠬᠠᠮᠲᠤᠷᠠᠯᠴᠠᠭ᠎ᠠ᠎ᠪᠠᠨ  ᠴᠢᠩᠭ᠋ᠠᠳᠬᠠᠬᠤ ᠬᠡᠷᠡᠭᠲᠡᠢ᠃  ᠡᠯ᠎ᠡ ᠱᠠᠲᠤᠨ᠎ᠤ ᠦᠨᠡᠲᠦ ᠲᠡᠮᠳᠡᠭᠲᠦ ᠵᠢᠨ ᠬᠢᠨᠠᠯᠲᠠ ᠬᠠᠮᠢᠶᠠᠷᠤᠯᠲᠠ᠂  ᠡᠳ᠋᠎ᠤᠨ ᠵᠠᠰᠠᠭ᠂  ᠬᠠᠤᠯᠢ ᠴᠠᠭ᠋ᠠᠵᠠ ᠵᠢᠨ ᠵᠠᠰᠠᠭ ᠵᠠᠬᠢᠷᠭ᠎ᠠ ᠵᠡᠷᠭᠡ ᠰᠠᠯᠠᠭ᠎ᠠ ᠮᠥᠴᠢᠷ᠎ᠤᠳ ᠠᠵᠢᠯ᠎ᠤᠨ ᠲᠣᠭᠲᠠᠴᠠ᠎ᠪᠠᠨ ᠪᠦᠷᠢᠨᠰᠢᠭᠦᠯᠦᠨ ᠲᠡᠭᠦᠯᠳᠡᠷᠵᠢᠭᠦᠯᠵᠦ᠂  ᠨᠢᠭᠲᠠ ᠬᠠᠮᠵᠢᠯᠴᠠᠨ᠂  ᠨᠡᠢ᠌ᠯᠡᠮᠡᠯ ᠬᠦᠴᠦᠨ᠎ᠢ ᠪᠦᠷᠢᠯᠳᠦᠭᠦᠯᠵᠦ᠂ 《ᠲᠣᠭᠲᠠᠭ᠋ᠠᠯ》᠎ᠢ  ᠲᠤᠭᠤᠰᠢᠯᠠᠭᠤᠯᠤᠨ ᠬᠡᠷᠡᠭᠵᠢᠭᠦᠯᠬᠦ ᠠᠵᠢᠯ᠎ᠢ ᠬᠠᠮᠲᠤᠪᠠᠷ ᠰᠠᠢ᠌ᠲᠤᠷ ᠬᠢᠵᠦ᠂  ᠰᠲ᠋ᠣᠺ ᠵᠶ᠋ᠠᠨ ᠵᠠᠬ᠎ᠠ ᠳᠡᠯᠭᠡᠭᠦᠷ᠎ᠲᠤ ᠭᠠᠷᠭ᠋ᠠᠭᠰᠠᠨ ᠺᠣᠮᠫᠠᠨᠢ ᠵᠢᠨ ᠶᠠᠰᠤ ᠴᠢᠨᠠᠷ᠎ᠢ ᠦᠨᠡᠨᠬᠦ ᠳᠡᠭᠡᠭᠰᠢᠯᠡᠭᠦᠯᠦᠨ᠂  ᠪᠡᠯᠡ ᠣᠷᠣᠭᠤᠯᠤᠭᠴᠢᠳ᠎ᠤᠨ ᠬᠠᠤᠯᠢ ᠶᠣᠰᠣᠨ᠎ᠤ ᠡᠷᠬᠡ ᠠᠰᠢᠭ᠎ᠢ ᠬᠠᠮᠠᠭ᠋ᠠᠯᠠᠵᠤ᠂  ᠬᠥᠷᠥᠩᠭᠡ ᠵᠢᠨ ᠵᠠᠬ᠎ᠠ ᠳᠡᠯᠭᠡᠭᠦᠷ᠎ᠤᠨ ᠡᠷᠡᠭᠦᠯ ᠲᠣᠭᠲᠠᠭᠤᠨ ᠵᠶ᠋ᠠᠷ ᠬᠥᠭᠵᠢᠬᠦ ᠵᠢ  ᠠᠬᠢᠭᠤᠯᠬᠤ ᠬᠡᠷᠡᠭᠲᠡᠢ᠃ 

ᠢᠷᠡᠯᠲᠡ᠄ᠬᠠᠤᠯᠢ ᠴᠠᠭ᠋ᠠᠵᠠ ᠵᠢᠨ ᠶᠠᠮᠤᠨ
          
ᠬᠠᠮᠢᠶ᠎ᠡ ᠪᠦᠬᠦᠢ ᠰᠣᠨᠢᠨ
 
            