2025 ᠣᠨ᠎ᠤ 1 ᠰᠠᠷ᠎ᠠ ᠵᠢᠨ 10᠎ᠤ ᠡᠳᠦᠷ᠂ ᠲᠥᠷᠥ ᠵᠢᠨ ᠶᠠᠪᠤᠳᠠᠯ᠎ᠤᠨ ᠬᠣᠷᠢᠶᠠᠨ᠎ᠤ ᠶᠡᠷᠦᠩᠬᠡᠢ ᠰᠠᠢ᠌ᠳ ᠯᠢ ᠴᠢᠶᠠᠩ 798 ᠳ᠋ᠤᠭ᠋ᠠᠷ ᠲᠣᠭ᠋ᠠᠲᠤ ᠲᠥᠷᠥ ᠵᠢᠨ ᠶᠠᠪᠤᠳᠠᠯ᠎ᠤᠨ ᠬᠣᠷᠢᠶᠠᠨ᠎ᠤ ᠵᠠᠷᠯᠢᠭ᠎ᠲᠤ ᠭᠠᠷᠤᠨ ᠥᠰᠥᠭ ᠵᠢᠷᠤᠵᠤ᠂ 《ᠲᠥᠷᠥ ᠵᠢᠨ ᠶᠠᠪᠤᠳᠠᠯ᠎ᠤᠨ ᠬᠣᠷᠢᠶᠠᠨ᠎ᠤ ᠵᠠᠭᠤᠴᠢ ᠪᠠᠢ᠌ᠭᠤᠯᠤᠮᠵᠢ ᠵᠢᠨ ᠺᠣᠮᠫᠠᠨᠢ ᠵᠢᠨ ᠢᠯᠡ᠎ᠪᠠᠷ ᠰᠲ᠋ᠣᠺ ᠲᠠᠷᠬᠠᠭ᠋ᠠᠬᠤ᠎ᠳᠤ ᠦᠢ᠍ᠯᠡᠴᠢᠯᠡᠭᠡ ᠬᠠᠩᠭ᠋ᠠᠬᠤ ᠵᠢ ᠵᠢᠷᠤᠮᠵᠢᠭᠤᠯᠬᠤ ᠲᠤᠬᠠᠢ ᠲᠣᠭᠲᠠᠭ᠋ᠠᠯ》 (ᠳᠣᠷᠣᠭᠰᠢ 《ᠲᠣᠭᠲᠠᠭ᠋ᠠᠯ》 ᠭᠡᠵᠦ ᠲᠣᠪᠴᠢᠯᠠᠨ᠎ᠠ)᠎ᠢ ᠨᠡᠢ᠌ᠲᠡᠯᠡᠵᠦ᠂ 2025 ᠣᠨ᠎ᠤ 2 ᠰᠠᠷ᠎ᠠ ᠵᠢᠨ 15᠎ᠤ ᠡᠳᠦᠷ᠎ᠠᠴᠠ ᠡᠬᠢᠯᠡᠵᠦ ᠬᠡᠷᠡᠭᠵᠢᠭᠦᠯᠦᠨ᠎ᠡ᠃ ᠲᠦᠷᠦᠭᠦᠬᠡᠨ᠂ ᠬᠠᠤᠯᠢ ᠴᠠᠭ᠋ᠠᠵᠠ ᠵᠢᠨ ᠶᠠᠮᠤᠨ᠂ ᠡᠳ᠋᠎ᠤᠨ ᠵᠠᠰᠠᠭ᠎ᠤᠨ ᠶᠠᠮᠤᠨ᠂ ᠦᠨᠡᠲᠦ ᠲᠡᠮᠳᠡᠭᠲᠦ ᠵᠢᠨ ᠬᠢᠨᠠᠯᠲᠠ ᠬᠠᠮᠢᠶᠠᠷᠤᠯᠲᠠ ᠵᠢᠨ ᠵᠥᠪᠯᠡᠯ᠎ᠤᠨ ᠬᠠᠷᠢᠭᠤᠴᠠᠯᠭ᠋ᠠᠲᠠᠨ 《ᠲᠣᠭᠲᠠᠭ᠋ᠠᠯ》᠎ᠤᠨ ᠬᠣᠯᠪᠣᠭᠳᠠᠯ ᠪᠦᠬᠦᠢ ᠠᠰᠠᠭᠤᠳᠠᠯ᠎ᠤᠨ ᠲᠤᠬᠠᠢ ᠰᠤᠷᠪᠤᠯᠵᠢᠯᠠᠭᠴᠢ ᠵᠢᠨ ᠠᠰᠠᠭᠤᠯᠲᠠ ᠵᠢ ᠬᠠᠷᠢᠭᠤᠯᠪᠠ᠃
ᠠᠰᠠᠭᠤᠯᠲᠠ᠄ 《ᠲᠣᠭᠲᠠᠭ᠋ᠠᠯ》᠎ᠢ ᠨᠡᠢ᠌ᠲᠡᠯᠡᠭᠰᠡᠨ ᠠᠬᠤᠢ ᠪᠠᠢ᠌ᠳᠠᠯ ᠪᠠ ᠠᠴᠢ ᠬᠣᠯᠪᠣᠭᠳᠠᠯ᠎ᠨᠢ ᠶᠠᠭᠤ ᠪᠣᠶ?
ᠬᠠᠷᠢᠭᠤᠯᠲᠠ᠄ ᠨᠠᠮ᠎ᠤᠨ ᠲᠥᠪ ᠬᠣᠷᠢᠶ᠎ᠠ᠂ ᠲᠥᠷᠥ ᠵᠢᠨ ᠶᠠᠪᠤᠳᠠᠯ᠎ᠤᠨ ᠬᠣᠷᠢᠶ᠎ᠠ ᠬᠥᠷᠥᠩᠭᠡ ᠵᠢᠨ ᠵᠠᠬ᠎ᠠ ᠳᠡᠯᠭᠡᠭᠦᠷ᠎ᠤᠨ ᠡᠷᠡᠭᠦᠯ ᠵᠶ᠋ᠡᠷ ᠬᠦᠭᠵᠢᠭᠦᠯᠬᠦ ᠵᠢ ᠳᠡᠭᠡᠳᠦ ᠬᠡᠮᠵᠢᠶ᠎ᠡ᠎ᠪᠠᠷ ᠬᠦᠨᠳᠦᠳᠬᠡᠳᠡᠭ᠃ ᠲᠥᠪ᠎ᠤᠨ ᠮᠥᠩᠭᠥᠨ ᠭᠦᠢ᠍ᠯᠭᠡᠭᠡᠨ᠎ᠤ ᠠᠵᠢᠯ᠎ᠤᠨ ᠬᠤᠷᠠᠯᠳᠤᠭ᠋ᠠᠨ᠎ᠠᠴᠠ᠂ ᠵᠠᠬ᠎ᠠ ᠳᠡᠯᠭᠡᠭᠦᠷ᠎ᠤᠨ ᠡᠮᠬᠢ ᠵᠢᠷᠤᠮ᠎ᠢ ᠬᠦᠴᠦᠯᠡᠨ ᠵᠢᠷᠤᠮᠵᠢᠭᠤᠯᠵᠤ᠂ ᠪᠡᠶ᠎ᠡ᠎ᠪᠠᠨ ᠳᠠᠭ᠋ᠠᠭ᠋ᠠᠭᠰᠠᠨ᠂ ᠪᠤᠰᠤᠳᠴᠢ᠂ ᠲᠥᠪ ᠭᠣᠣᠯᠴᠢ᠂ ᠵᠢᠷᠤᠮᠵᠢᠭᠰᠠᠨ ᠵᠠᠭᠤᠴᠢ ᠪᠠᠢ᠌ᠭᠤᠯᠤᠮᠵᠢ ᠵᠢ ᠪᠣᠢ᠌ᠵᠢᠭᠤᠯᠬᠤ ᠬᠡᠷᠡᠭᠲᠡᠢ ᠭᠡᠵᠦ ᠴᠢᠬᠤᠯᠠᠴᠢᠯᠠᠵᠠᠢ᠃ ᠰᠲ᠋ᠣᠺ ᠵᠶ᠋ᠠᠨ ᠵᠠᠬ᠎ᠠ ᠳᠡᠯᠭᠡᠭᠦᠷ᠎ᠲᠤ ᠭᠠᠷᠭ᠋ᠠᠭᠰᠠᠨ ᠺᠣᠮᠫᠠᠨᠢ ᠵᠢᠨ ᠶᠠᠰᠤ ᠴᠢᠨᠠᠷ᠎ᠢ ᠳᠡᠭᠡᠭᠰᠢᠯᠡᠭᠦᠯᠬᠦ ᠪᠣᠯ ᠬᠥᠷᠥᠩᠭᠡ ᠵᠢᠨ ᠵᠠᠬ᠎ᠠ ᠳᠡᠯᠭᠡᠭᠦᠷ᠎ᠤᠨ ᠡᠷᠡᠭᠦᠯ ᠵᠶ᠋ᠡᠷ ᠬᠥᠭᠵᠢᠬᠦ ᠵᠢ ᠲᠦᠯᠬᠢᠨ ᠠᠬᠢᠭᠤᠯᠬᠤ ᠵᠢᠨ ᠳᠣᠲᠣᠭ᠋ᠠᠳᠤ ᠱᠠᠭ᠋ᠠᠷᠳᠠᠯᠭ᠎ᠠ ᠮᠥᠨ᠂ ᠲᠡᠷᠡ᠎ᠨᠢ ᠥᠷᠭᠡᠨ ᠤᠯᠠᠨ ᠪᠡᠯᠡ ᠣᠷᠣᠭᠤᠯᠤᠭᠴᠢ ᠵᠢᠨ ᠲᠤᠰ ᠪᠡᠶ᠎ᠡ ᠵᠢᠨ ᠠᠰᠢᠭ ᠲᠤᠰᠠᠲᠠᠢ ᠬᠣᠯᠪᠣᠭᠳᠠᠵᠤ ᠪᠠᠢ᠌ᠳᠠᠭ᠂ ᠦᠨᠡᠲᠦ ᠲᠡᠮᠳᠡᠭᠲᠦ ᠵᠢᠨ ᠺᠣᠮᠫᠠᠨᠢ᠂ ᠨᠢᠭᠲᠠᠯᠠᠨ ᠪᠤᠳᠤᠭᠴᠢ ᠵᠢᠨ ᠬᠡᠷᠡᠭ ᠡᠷᠬᠢᠯᠡᠬᠦ ᠭᠠᠵᠠᠷ᠂ ᠬᠠᠤᠯᠢᠴᠢ ᠵᠢᠨ ᠬᠡᠷᠡᠭ ᠡᠷᠬᠢᠯᠡᠬᠦ ᠭᠠᠵᠠᠷ ᠵᠡᠷᠭᠡ ᠪᠠᠢ᠌ᠭᠤᠯᠤᠮᠵᠢ (ᠳᠣᠷᠣᠭᠰᠢ ᠵᠠᠭᠤᠴᠢ ᠪᠠᠢ᠌ᠭᠤᠯᠤᠮᠵᠢ ᠭᠡᠵᠦ ᠶᠡᠷᠦᠩᠬᠡᠢ᠌ᠯᠡᠨ ᠨᠡᠷᠡᠢ᠌ᠳᠦᠨ᠎ᠡ)᠎ᠨᠢ ᠺᠣᠮᠫᠠᠨᠢ ᠵᠢᠨ ᠰᠲ᠋ᠣᠺ ᠵᠶ᠋ᠠᠨ ᠵᠠᠬ᠎ᠠ ᠳᠡᠯᠭᠡᠭᠦᠷ᠎ᠲᠤ ᠭᠠᠷᠭ᠋ᠠᠬᠤ ᠪᠠ ᠪᠡᠯᠡ ᠮᠥᠩᠭᠥ ᠴᠤᠭᠯᠠᠭᠤᠯᠬᠤ ᠵᠢ ᠲᠦᠯᠬᠢᠨ ᠠᠬᠢᠭᠤᠯᠬᠤ ᠶᠠᠪᠤᠴᠠ᠎ᠳᠤ 《ᠡᠭᠦᠳᠡ ᠬᠠᠷᠠᠭᠴᠢ》 ᠵᠢᠨ ᠴᠢᠬᠤᠯᠠ ᠦᠢ᠍ᠯᠡᠳᠦᠯ ᠵᠶ᠋ᠡᠨ ᠪᠠᠳᠠᠷᠠᠭᠤᠯᠤᠭᠰᠠᠨ ᠪᠠᠢ᠌ᠨ᠎ᠠ᠃ ᠭᠡᠪᠡᠴᠦ ᠬᠡᠰᠡᠭ ᠵᠠᠭᠤᠴᠢ ᠪᠠᠢ᠌ᠭᠤᠯᠤᠮᠵᠢ᠎ᠨᠢ ᠺᠣᠮᠫᠠᠨᠢ ᠵᠢᠨ ᠰᠲ᠋ᠣᠺ᠎ᠢ ᠢᠯᠡ᠎ᠪᠠᠷ ᠲᠠᠷᠬᠠᠭ᠋ᠠᠬᠤ᠎ᠳᠤ ᠦᠢ᠍ᠯᠡᠴᠢᠯᠡᠭᠡ ᠬᠠᠩᠭ᠋ᠠᠬᠤ ᠶᠠᠪᠤᠴᠠ᠎ᠳᠤ᠂ ᠰᠦᠢ᠍ᠳᠬᠡᠯ ᠬᠤᠷᠢᠶᠠᠬᠤ ᠶᠠᠪᠤᠳᠠᠯ᠎ᠢ ᠺᠣᠮᠫᠠᠨᠢ ᠵᠢᠨ ᠰᠲ᠋ᠣᠺ᠎ᠢ ᠲᠠᠷᠬᠠᠭ᠋ᠠᠵᠤ ᠵᠠᠬ᠎ᠠ ᠳᠡᠯᠭᠡᠭᠦᠷ᠎ᠲᠤ ᠭᠠᠷᠭ᠋ᠠᠭᠰᠠᠨ ᠦᠷ᠎ᠡ ᠳ᠋ᠦᠩ᠎ᠲᠠᠢ ᠬᠣᠯᠪᠣᠭᠳᠠᠭᠤᠯᠬᠤ᠂ ᠡᠳ᠋᠎ᠤᠨ ᠶᠠᠪᠤᠳᠠᠯ᠎ᠢ ᠥᠳᠥᠭᠡᠨ ᠬᠠᠭᠤᠷᠮᠠᠭ ᠵᠶ᠋ᠠᠷ ᠵᠣᠬᠢᠶᠠᠬᠤ ᠵᠡᠷᠭᠡ ᠠᠰᠠᠭᠤᠳᠠᠯ ᠣᠷᠣᠰᠢᠵᠤ ᠪᠠᠢ᠌ᠨ᠎ᠠ᠃ ᠮᠠᠨ᠎ᠤ ᠤᠯᠤᠰ᠎ᠤᠨ ᠤᠳᠤ ᠵᠢᠨ ᠬᠡᠷᠡᠭᠵᠢᠭᠦᠯᠵᠦ ᠪᠠᠢ᠌ᠭ᠎ᠠ ᠨᠢᠭᠲᠠᠯᠠᠨ ᠪᠤᠳᠤᠬᠤ ᠬᠠᠤᠯᠢ᠂ ᠦᠨᠡᠲᠦ ᠲᠡᠮᠳᠡᠭᠲᠦ ᠵᠢᠨ ᠬᠠᠤᠯᠢ ᠵᠡᠷᠭᠡ ᠬᠠᠤᠯᠢ ᠴᠠᠭ᠋ᠠᠵᠠ᠎ᠳᠤ ᠵᠠᠭᠤᠴᠢ ᠪᠠᠢ᠌ᠭᠤᠯᠤᠮᠵᠢ ᠵᠢᠨ ᠬᠤᠳᠠᠯ ᠬᠠᠭᠤᠷᠮᠠᠭ ᠡᠳ᠋᠎ᠤᠨ ᠶᠠᠪᠤᠳᠠᠯ᠎ᠤᠨ ᠨᠢᠭᠲᠠᠯᠠᠨ ᠪᠤᠳᠤᠭᠰᠠᠨ ᠮᠡᠳᠡᠭᠦᠯᠦᠯᠲᠡ ᠵᠢ ᠨᠠᠢ᠌ᠷᠠᠭᠤᠯᠤᠨ ᠵᠤᠬᠢᠶᠠᠬᠤ᠂ ᠡᠳ᠋᠎ᠤᠨ ᠶᠠᠪᠤᠳᠠᠯ᠎ᠢ ᠬᠠᠭᠤᠷᠮᠠᠭᠯᠠᠨ ᠵᠣᠬᠢᠶᠠᠬᠤ ᠵᠡᠷᠭᠡ ᠠᠵᠢᠯᠯᠠᠭ᠎ᠠ᠎ᠳᠤ ᠬᠢᠨᠠᠯᠲᠠ ᠬᠠᠮᠢᠶᠠᠷᠤᠯᠲᠠ ᠵᠢᠨ ᠠᠷᠭ᠎ᠠ ᠬᠡᠮᠵᠢᠶ᠎ᠡ ᠪᠠ ᠬᠠᠤᠯᠢ ᠵᠢᠨ ᠬᠠᠷᠢᠭᠤᠴᠠᠯᠭ᠎ᠠ ᠵᠢ ᠲᠣᠭᠲᠠᠭ᠋ᠠᠭᠰᠠᠨ ᠪᠣᠯᠪᠠᠴᠤ ᠰᠦᠢ᠍ᠳᠬᠡᠯ ᠬᠤᠷᠢᠶᠠᠬᠤ ᠪᠣᠳᠠᠲᠠᠢ ᠠᠵᠢᠯᠯᠠᠭ᠎ᠠ᠎ᠳᠤ ᠴᠢᠭᠯᠡᠭᠦᠯᠦᠭᠰᠡᠨ ᠬᠢᠨᠠᠯᠲᠠ ᠬᠠᠮᠢᠶᠠᠷᠤᠯᠲᠠ ᠵᠢᠨ ᠲᠠᠯ᠎ᠠ᠎ᠪᠠᠷ ᠬᠠᠷᠠᠬᠠᠨ ᠵᠣᠬᠢᠴᠠᠩᠭᠤᠢ ᠵᠢᠷᠤᠮᠵᠢᠯ ᠦᠭᠡᠢ ᠪᠠᠢ᠌ᠭᠰᠠᠭ᠋ᠠᠷ᠃
《ᠲᠣᠭᠲᠠᠭ᠋ᠠᠯ》᠎ᠢ ᠨᠡᠢ᠌ᠳᠡᠯᠡᠭᠰᠡᠨ᠎ᠨᠢ᠂ ᠵᠠᠭᠤᠴᠢ ᠪᠠᠢ᠌ᠭᠤᠯᠤᠮᠵᠢ ᠵᠢᠨ ᠰᠦᠢ᠍ᠳᠬᠡᠯ ᠬᠤᠷᠢᠶᠠᠬᠤ ᠵᠡᠷᠭᠡ ᠬᠣᠯᠪᠣᠭᠳᠠᠯ ᠪᠦᠬᠦᠢ ᠦᠢ᠍ᠯᠡ ᠠᠵᠢᠯᠯᠠᠭ᠎ᠠ ᠵᠢᠨ ᠬᠢᠨᠠᠯᠲᠠ ᠬᠠᠮᠢᠶᠠᠷᠤᠯᠲᠠ ᠵᠢ ᠤᠯᠠᠮ ᠨᠢᠭᠡ ᠠᠯᠬᠤᠮ ᠴᠢᠩᠭ᠋ᠠᠳᠬᠠᠵᠤ᠂ ᠵᠠᠭᠤᠴᠢ ᠪᠠᠢ᠌ᠭᠤᠯᠤᠮᠵᠢ ᠪᠣᠯᠣᠨ ᠲᠠᠷᠬᠠᠭ᠋ᠠᠭᠴᠢ ᠵᠢᠨ ᠠᠰᠢᠭ ᠲᠤᠰᠠ ᠵᠢ ᠬᠤᠯᠪᠤᠭᠳᠠᠭᠤᠯᠬᠤ ᠵᠣᠬᠢᠰ ᠦᠭᠡᠢ ᠠᠷᠭ᠎ᠠ ᠵᠢ ᠰᠡᠷᠭᠡᠢ᠌ᠯᠡᠵᠦ᠂ ᠰᠲ᠋ᠣᠺ ᠵᠶ᠋ᠠᠨ ᠵᠠᠬ᠎ᠠ ᠳᠡᠯᠭᠡᠭᠦᠷ᠎ᠲᠤ ᠭᠠᠷᠭ᠋ᠠᠭᠰᠠᠨ ᠺᠣᠮᠫᠠᠨᠢ ᠵᠢᠨ ᠶᠠᠰᠤ ᠴᠢᠨᠠᠷ᠎ᠢ ᠳᠡᠭᠡᠭᠰᠢᠯᠡᠭᠦᠯᠬᠦ᠂ ᠪᠡᠯᠡ ᠣᠷᠣᠭᠤᠯᠤᠭᠴᠢᠳ᠎ᠤᠨ ᠬᠠᠤᠯᠢ ᠶᠣᠰᠣᠨ᠎ᠤ ᠡᠷᠬᠡ ᠠᠰᠢᠭ᠎ᠢ ᠬᠠᠮᠠᠭ᠋ᠠᠯᠠᠬᠤ᠂ ᠬᠥᠷᠥᠩᠭᠡ ᠵᠢᠨ ᠵᠠᠬ᠎ᠠ ᠳᠡᠯᠭᠡᠭᠦᠷ᠎ᠤᠨ ᠡᠷᠡᠭᠦᠯ ᠪᠥᠭᠡᠳ ᠲᠣᠭᠲᠠᠭᠤᠨ ᠵᠶ᠋ᠠᠷ ᠬᠥᠭᠵᠢᠬᠦ ᠵᠢ ᠠᠬᠢᠭᠤᠯᠬᠤ᠎ᠳᠤ ᠠᠰᠢᠭᠲᠠᠢ ᠪᠤᠯᠭ᠋ᠠᠬᠤ ᠵᠢᠨ ᠲᠦᠯᠦᠭᠡ ᠶᠤᠮ᠃
ᠠᠰᠠᠭᠤᠯᠲᠠ᠄ 《ᠲᠣᠭᠲᠠᠭ᠋ᠠᠯ》᠎ᠢ ᠲᠤᠭᠤᠷᠪᠢᠭᠰᠠᠨ ᠶᠠᠪᠤᠴᠠ ᠵᠢ ᠲᠠᠨᠢᠯᠴᠠᠭᠤᠯᠤᠭ᠋ᠠᠳ ᠥᠭᠭᠦᠨ᠎ᠡ ᠦᠦ?
ᠬᠠᠷᠢᠭᠤᠯᠲᠠ᠄ 《ᠲᠣᠭᠲᠠᠭ᠋ᠠᠯ》᠎ᠢ ᠲᠣᠭᠲᠠᠭ᠋ᠠᠬᠤ ᠶᠠᠪᠤᠴᠠ᠎ᠳᠤ᠂ ᠲᠤᠭᠤᠷᠪᠢᠨ ᠪᠢᠴᠢᠬᠦ ᠰᠠᠯᠠᠭ᠎ᠠ ᠮᠥᠴᠢᠷ᠎ᠤᠳ ᠰᠢᠨᠵᠢᠯᠡᠬᠦ ᠤᠬᠠᠭ᠋ᠠᠨᠴᠢ᠎ᠪᠠᠷ ᠬᠠᠤᠯᠢ ᠲᠣᠭᠲᠠᠭ᠋ᠠᠬᠤ᠂ ᠠᠷᠠᠳᠴᠢᠯᠠᠯ ᠵᠶ᠋ᠠᠷ ᠬᠠᠤᠯᠢ ᠲᠣᠭᠲᠠᠭ᠋ᠠᠬᠤ᠂ ᠬᠠᠤᠯᠢ ᠶᠣᠰᠣᠭ᠋ᠠᠷ ᠬᠠᠤᠯᠢ ᠲᠣᠭᠲᠠᠭ᠋ᠠᠬᠤ ᠬᠣᠯᠪᠣᠭᠳᠠᠯ ᠪᠦᠬᠦᠢ ᠱᠠᠭ᠋ᠠᠷᠳᠠᠯᠭ᠎ᠠ ᠵᠢ ᠴᠢᠩᠭ᠎ᠠ ᠵᠢᠷᠤᠮᠯᠠᠨ᠂ ᠲᠠᠰ ᠳᠠᠷᠠᠭ᠋ᠠᠯᠠᠯ ᠶᠣᠰᠣᠭ᠋ᠠᠷ ᠡᠯ᠎ᠡ ᠲᠠᠯ᠎ᠠ ᠵᠢᠨ᠎ᠬᠢᠨ᠎ᠤ ᠰᠠᠨᠠᠯ᠎ᠢ ᠥᠷᠭᠡᠨ ᠵᠶ᠋ᠡᠷ ᠰᠣᠨᠣᠰᠪᠠ᠃ ᠬᠠᠤᠯᠢ ᠴᠠᠭ᠋ᠠᠵᠠ ᠵᠢᠨ ᠶᠠᠮᠤᠨ᠂ ᠡᠳ᠋᠎ᠤᠨ ᠵᠠᠰᠠᠭ᠎ᠤᠨ ᠶᠠᠮᠤᠨ᠂ ᠦᠨᠡᠲᠦ ᠲᠡᠮᠳᠡᠭᠲᠦ ᠵᠢ ᠬᠢᠨᠠᠨ ᠬᠠᠮᠢᠶᠠᠷᠬᠤ ᠵᠥᠪᠯᠡᠯ᠎ᠨᠢ ᠲᠤᠭᠤᠷᠪᠢᠨ ᠪᠢᠴᠢᠬᠦ ᠶᠠᠪᠤᠴᠠ᠎ᠳᠤ᠂ ᠲᠤᠬᠠᠢ ᠵᠢᠨ
ᠭᠠᠵᠠᠷ᠎ᠲᠤᠨᠢ ᠬᠦᠷᠴᠦ ᠰᠤᠷᠪᠤᠯᠵᠢᠯᠠᠬᠤ᠂ ᠶᠠᠷᠢᠯᠴᠠᠬᠤ ᠬᠤᠷᠠᠯ ᠬᠤᠷᠠᠯᠳᠤᠭᠤᠯᠬᠤ ᠵᠡᠷᠭᠡ ᠠᠷᠭ᠎ᠠ ᠮᠠᠶᠢᠭ ᠵᠶ᠋ᠠᠷ ᠳᠠᠮᠵᠢᠭᠤᠯᠤᠨ᠂ ᠦᠨᠡᠲᠦ ᠲᠡᠮᠳᠡᠭᠲᠦ ᠠᠷᠠᠯᠵᠢᠶᠠᠯᠠᠬᠤ ᠭᠠᠵᠠᠷ᠂ ᠦᠨᠡᠲᠦ ᠲᠡᠮᠳᠡᠭᠲᠦ ᠵᠢᠨ ᠺᠣᠮᠫᠠᠨᠢ᠂ ᠨᠢᠭᠲᠠᠯᠠᠨ ᠪᠤᠳᠤᠭᠴᠢ ᠵᠢᠨ ᠬᠡᠷᠡᠭ ᠡᠷᠬᠢᠯᠡᠬᠦ ᠭᠠᠵᠠᠷ᠂ ᠬᠠᠤᠯᠢᠴᠢ ᠵᠢᠨ ᠬᠡᠷᠡᠭ ᠡᠷᠬᠢᠯᠡᠬᠦ ᠭᠠᠵᠠᠷ᠂ ᠰᠲ᠋ᠣᠺ ᠵᠶ᠋ᠠᠨ ᠵᠠᠬ᠎ᠠ ᠳᠡᠯᠭᠡᠭᠦᠷ᠎ᠲᠤ ᠭᠠᠷᠭ᠋ᠠᠭᠰᠠᠨ ᠺᠣᠮᠫᠠᠨᠢ᠂ ᠰᠲ᠋ᠣᠺ ᠵᠶ᠋ᠠᠨ ᠵᠠᠬ᠎ᠠ ᠳᠡᠯᠭᠡᠭᠦᠷ᠎ᠲᠤ ᠭᠠᠷᠭ᠋ᠠᠬᠤ᠎ᠪᠠᠷ ᠪᠠᠢ᠌ᠭ᠎ᠠ ᠺᠣᠮᠫᠠᠨᠢ ᠵᠢᠴᠢ ᠬᠣᠯᠪᠣᠭᠳᠠᠯ ᠪᠦᠬᠦᠢ ᠣᠷᠣᠨ ᠨᠤᠲᠤᠭ᠎ᠤᠨ ᠬᠢᠨᠠᠨ ᠬᠠᠮᠢᠶᠠᠷᠬᠤ ᠰᠠᠯᠠᠭ᠎ᠠ ᠮᠥᠴᠢᠷ᠂ ᠠᠵᠢᠯ ᠲᠦᠷᠦᠯ᠎ᠤᠨ ᠨᠡᠢ᠌ᠭᠡᠮᠯᠢᠭ᠎ᠤᠨ ᠰᠠᠨᠠᠯ᠎ᠢ ᠰᠣᠨᠣᠰᠪᠠ; ᠤᠷᠢᠳ ᠬᠣᠵᠢᠳ ᠲᠦᠷᠪᠡᠨ ᠡᠭᠡᠯᠵᠢ ᠵᠢᠨ ᠪᠢᠴᠢᠭ᠎ᠤᠨ ᠬᠡᠯᠪᠡᠷᠢ᠎ᠪᠠᠷ ᠲᠥᠪ᠎ᠤᠨ ᠬᠣᠯᠪᠣᠭᠳᠠᠯ ᠪᠦᠬᠦᠢ ᠨᠢᠭᠡᠴᠢ᠂ ᠣᠷᠣᠨ ᠨᠤᠲᠤᠭ᠎ᠤᠨ ᠠᠷᠠᠳ᠎ᠤᠨ ᠵᠠᠰᠠᠭ᠎ᠤᠨ ᠣᠷᠳᠣᠨ᠎ᠤ ᠰᠠᠨᠠᠯ᠎ᠢ ᠬᠤᠷᠢᠶᠠᠭᠰᠠᠨ ᠤ ᠬᠠᠮᠲᠤ ᠪᠠᠰᠠ ᠨᠡᠢ᠌ᠭᠡᠮ ᠨᠡᠶ᠋ᠢᠲᠡ᠎ᠠᠴᠠ ᠢᠯᠡ᠎ᠪᠠᠷ ᠰᠠᠨᠠᠯ ᠬᠤᠷᠢᠶᠠᠪᠠ᠃ ᠡᠭᠦᠨ᠎ᠤ ᠰᠠᠭᠤᠷᠢᠨ ᠳᠡᠭᠡᠷ᠎ᠡ᠂ ᠡᠯ᠎ᠡ ᠲᠠᠯ᠎ᠠ ᠵᠢᠨ᠎ᠬᠢᠨ᠎ᠤ ᠳᠤᠷᠠᠳᠤᠭᠰᠠᠨ ᠰᠠᠨᠠᠯ ᠰᠠᠨᠠᠭᠤᠯᠭ᠎ᠠ ᠵᠢ ᠵᠤᠷᠪᠤᠰ ᠳᠠᠷᠠᠭ᠋ᠠᠯᠠᠨ ᠨᠠᠷᠢᠨ ᠬᠢᠨᠠᠮᠠᠭ᠋ᠠᠢ ᠰᠤᠳᠤᠯᠵᠤ᠂ ᠵᠦᠢ ᠵᠣᠬᠢᠰᠲᠠᠢ ᠰᠠᠨᠠᠯ᠎ᠢ ᠭᠦᠢ᠍ᠴᠡᠳ ᠰᠢᠩᠭᠡᠬᠡᠨ ᠠᠪᠴᠤ᠂ ᠪᠦᠷᠢᠯᠳᠦᠭᠦᠯᠦᠭᠰᠡᠨ ᠲᠥᠰᠥᠯ᠎ᠢ ᠲᠠᠬᠢᠨ ᠳᠠᠪᠲᠠᠨ ᠵᠠᠰᠠᠨ ᠲᠡᠭᠦᠯᠳᠡᠷᠵᠢᠭᠦᠯᠵᠦ᠂ ᠬᠠᠤᠯᠢ ᠲᠣᠭᠲᠠᠭ᠋ᠠᠬᠤ ᠵᠢᠷᠤᠮ᠎ᠤᠨ ᠶᠣᠰᠣᠭ᠋ᠠᠷ ᠲᠦᠷᠦ ᠵᠢᠨ ᠶᠠᠪᠤᠳᠠᠯ᠎ᠤᠨ ᠬᠣᠷᠢᠶᠠᠨ᠎ᠤ ᠪᠠᠢ᠌ᠩᠭᠤ ᠵᠢᠨ ᠬᠤᠷᠠᠯᠳᠤᠭ᠋ᠠᠨ᠎ᠳᠤ ᠳᠡᠪᠰᠢᠭᠦᠯᠵᠦ ᠬᠢᠨᠠᠨ ᠶᠠᠷᠢᠯᠴᠠᠭᠤᠯᠤᠭᠰᠠᠨ᠎ᠤ ᠲᠠᠷᠠᠭ᠎ᠠ ᠨᠡᠢ᠌ᠲᠡᠯᠡᠵᠦ ᠬᠡᠷᠡᠭᠵᠢᠭᠦᠯᠦᠨ᠎ᠡ᠃ 《ᠲᠣᠭᠲᠠᠭ᠋ᠠᠯ》᠎ᠳᠤ ᠬᠠᠤᠯᠢ ᠲᠣᠭᠲᠠᠭ᠋ᠠᠬᠤ ᠬᠠᠮᠲᠤ ᠵᠢᠨ ᠲᠠᠨᠢᠯᠲᠠ ᠵᠢ ᠥᠷᠭᠡᠨ ᠵᠶ᠋ᠡᠷ ᠨᠢᠭᠲᠠᠷᠠᠭᠤᠯᠤᠭᠰᠠᠨ ᠶᠠᠪᠤᠳᠠᠯ ᠪᠣᠯ ᠪᠦᠬᠦ ᠶᠠᠪᠤᠴᠠ᠎ᠳᠠᠬᠢ ᠠᠷᠠᠳ᠎ᠤᠨ ᠠᠷᠠᠳᠴᠢᠯᠠᠯ᠎ᠢ ᠴᠢᠷᠮᠠᠢ᠌ᠨ ᠦᠢ᠍ᠯᠡᠳᠦᠯᠭᠡᠵᠢᠭᠦᠯᠦᠭᠰᠡᠨ ᠶᠠᠪᠤᠳᠠᠯ ᠮᠥᠨ ᠭᠡᠵᠦ ᠬᠡᠯᠡᠵᠦ ᠪᠣᠯᠣᠨ᠎ᠠ᠃
ᠠᠰᠠᠭᠤᠯᠲᠠ᠄ 《ᠲᠣᠭᠲᠠᠭ᠋ᠠᠯ》᠎ᠢ ᠬᠡᠷᠡᠭᠯᠡᠬᠦ ᠬᠡᠪᠴᠢᠶ᠎ᠡ ᠪᠠ ᠶᠡᠷᠦᠩᠬᠡᠢ ᠰᠡᠳᠬᠢᠴᠡ ᠨᠢ ᠶᠠᠭᠤ ᠪᠣᠢ?
ᠬᠠᠷᠢᠭᠤᠯᠲᠠ᠄ 《ᠲᠣᠭᠲᠠᠭ᠋ᠠᠯ》᠎ᠨᠢ ᠵᠠᠭᠤᠴᠢ ᠪᠠᠢ᠌ᠭᠤᠯᠤᠮᠵᠢ ᠵᠢᠨ ᠺᠣᠮᠫᠠᠨᠢ᠎ᠨᠢ ᠪᠥᠬᠥᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠬᠢᠯᠢ ᠵᠢᠨ ᠳᠣᠲᠣᠷ᠎ᠠ ᠢᠯᠡ᠎ᠪᠠᠷ ᠰᠲ᠋ᠣᠺ ᠲᠠᠷᠬᠠᠭ᠋ᠠᠬᠤ᠎ᠳᠤ ᠦᠢ᠍ᠯᠡᠴᠢᠯᠡᠭᠡ ᠬᠠᠩᠭ᠋ᠠᠬᠤ᠎ᠳᠤ ᠰᠦᠢ᠍ᠳᠬᠡᠯ ᠬᠤᠷᠢᠶᠠᠬᠤ ᠵᠡᠷᠭᠡ ᠬᠣᠯᠪᠣᠭᠳᠠᠯ ᠪᠦᠬᠦᠢ ᠠᠵᠢᠯᠯᠠᠭ᠎ᠠ᠎ᠳᠤ ᠳᠤᠬᠢᠷᠠᠨ᠎ᠠ᠃ 《ᠲᠣᠭᠲᠠᠭ᠋ᠠᠯ》᠎ᠢ ᠲᠣᠭᠲᠠᠭ᠋ᠠᠬᠤ᠎ᠳᠤ ᠭᠣᠣᠯᠳᠠᠭᠤ ᠳᠣᠣᠷᠠᠬᠢ ᠰᠡᠳᠬᠢᠮᠵᠢ ᠵᠢ ᠵᠢᠷᠤᠮᠯᠠᠪᠠ᠄ ᠨᠢᠭᠡ᠎ᠳᠤ ᠠᠰᠠᠭᠤᠳᠠᠯ ᠵᠶ᠋ᠠᠷ ᠤᠳᠤᠷᠢᠳᠤᠮᠵᠢ ᠪᠣᠯᠭ᠋ᠠᠬᠤ ᠵᠢ ᠪᠠᠷᠢᠮᠲᠠᠯᠠᠨ᠎ᠠ᠃ ᠦᠢ᠍ᠯᠡᠴᠢᠯᠡᠭᠡᠨ᠎ᠤ ᠺᠣᠮᠫᠠᠨᠢ ᠵᠢᠨ ᠢᠯᠡ᠎ᠪᠠᠷ ᠰᠲ᠋ᠣᠺ ᠲᠠᠷᠬᠠᠭ᠋ᠠᠬᠤ ᠶᠠᠪᠤᠴᠠ᠎ᠳᠠᠬᠢ ᠵᠠᠭᠤᠴᠢ ᠪᠠᠢ᠌ᠭᠤᠯᠤᠮᠵᠢ ᠵᠢᠨ ᠰᠦᠢ᠍ᠳᠬᠡᠯ ᠬᠤᠷᠢᠶᠠᠬᠤ ᠠᠵᠢᠯᠯᠠᠭ᠎ᠠ ᠵᠢ ᠵᠢᠷᠤᠮᠵᠢᠭᠤᠯᠬᠤ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠵᠠᠭᠤᠴᠢ ᠪᠠᠢ᠌ᠭᠤᠯᠤᠮᠵᠢ ᠵᠢᠨ ᠪᠡᠶ᠎ᠡ᠎ᠪᠠᠨ ᠳᠠᠭ᠋ᠠᠭ᠋ᠠᠬᠤ ᠴᠢᠨᠠᠷ᠎ᠢ ᠴᠢᠩᠭ᠋ᠠᠷᠠᠭᠤᠯᠤᠨ᠎ᠠ᠃ ᠬᠣᠶᠠᠷ᠎ᠲᠤ ᠳᠦᠷᠦᠯ ᠬᠤᠪᠢᠶᠠᠨ ᠳᠦᠷᠦ ᠵᠢᠨ ᠪᠣᠳᠣᠯᠭ᠎ᠠ ᠬᠡᠷᠡᠭᠵᠢᠭᠦᠯᠬᠦ ᠵᠢ ᠪᠠᠷᠢᠮᠲᠠᠯᠠᠨ᠎ᠠ᠃ ᠵᠠᠭᠤᠴᠢ ᠪᠠᠢ᠌ᠭᠤᠯᠤᠮᠵᠢ ᠵᠢ ᠨᠢᠭᠡᠳᠦᠯᠲᠡᠢ ᠵᠢᠷᠤᠮᠵᠢᠭᠤᠯᠤᠭᠰᠠᠨ ᠤᠷᠢᠲᠠᠯ ᠳᠣᠣᠷ᠎ᠠ᠂ ᠠᠵᠢᠯ ᠲᠦᠷᠦᠯ᠎ᠤᠨ ᠣᠨᠴᠠᠯᠢᠭᠲᠤ ᠴᠢᠭᠯᠡᠭᠦᠯᠦᠨ᠂ ᠠᠳᠠᠯᠢ ᠪᠤᠰᠤ ᠵᠠᠭᠤᠴᠢ ᠪᠠᠢ᠌ᠭᠤᠯᠤᠮᠵᠢ᠎ᠳᠤ ᠬᠢᠨᠠᠯᠲᠠ ᠬᠠᠮᠢᠶᠠᠷᠤᠯᠲᠠ ᠵᠢᠨ ᠲᠤᠰᠬᠠᠢ ᠱᠠᠭ᠋ᠠᠷᠳᠠᠯᠭ᠎ᠠ ᠵᠢ ᠳᠤᠷᠠᠳᠤᠨ ᠭᠠᠷᠭ᠋ᠠᠵᠠᠢ᠃ ᠭᠤᠷᠪᠠ᠎ᠳᠤ ᠴᠢᠩᠭ᠎ᠠ ᠬᠢᠨᠠᠨ ᠬᠠᠮᠢᠶᠠᠷᠬᠤ ᠵᠢ ᠪᠠᠷᠢᠮᠲᠠᠯᠠᠨ᠎ᠠ᠃ ᠵᠠᠭᠤᠴᠢ ᠪᠠᠢ᠌ᠭᠤᠯᠤᠮᠵᠢ ᠵᠢᠨ ᠰᠦᠢ᠍ᠳᠬᠡᠯ ᠬᠤᠷᠢᠶᠠᠬᠤ ᠠᠰᠠᠭᠤᠳᠠᠯ᠎ᠢ ᠵᠢᠷᠤᠮᠵᠢᠭᠤᠯᠵᠤ᠂ ᠬᠠᠤᠯᠢ ᠵᠢ ᠵᠥᠷᠢᠴᠡᠭᠰᠡᠨ ᠬᠣᠯᠪᠣᠭᠳᠠᠯ ᠪᠦᠬᠦᠢ ᠦᠢ᠍ᠯᠡ ᠠᠵᠢᠯᠯᠠᠭ᠎ᠠ ᠵᠢ ᠵᠠᠯᠬᠠᠭ᠋ᠠᠨ ᠰᠢᠢ᠍ᠳᠬᠡᠬᠦ ᠡᠷᠴᠢᠮ ᠵᠶ᠋ᠡᠨ ᠴᠢᠩᠭ᠋ᠠᠷᠠᠭᠤᠯᠵᠤ᠂ ᠬᠥᠷᠥᠩᠭᠡ ᠵᠢᠨ ᠵᠠᠬ᠎ᠠ ᠳᠡᠯᠭᠡᠭᠦᠷ᠎ᠤᠨ ᠡᠷᠡᠭᠦᠯ ᠪᠥᠭᠡᠳ ᠲᠣᠭᠲᠠᠭᠤᠨ ᠵᠶ᠋ᠠᠷ ᠬᠥᠭᠵᠢᠬᠦ ᠵᠢ ᠠᠬᠢᠭᠤᠯᠤᠨ᠎ᠠ᠃