ᠠᠰᠠᠭᠤᠯᠲᠠ᠄ 《ᠳᠦᠷᠢᠮ》᠎ᠳᠤ ᠡᠷᠲᠡᠨ᠎ᠤ ᠮᠣᠳᠣ ᠨᠠᠷᠠᠲᠤ ᠮᠣᠳᠣᠨ᠎ᠤ ᠡᠳᠦᠷ ᠲᠤᠲᠤᠮ᠎ᠤᠨ ᠠᠷᠠᠴᠢᠯᠠᠨ ᠬᠠᠮᠠᠭ᠋ᠠᠯᠠᠬᠤ ᠬᠠᠮᠢᠶᠠᠷᠤᠯᠲᠠ ᠵᠢᠨ ᠲᠤᠬᠠᠢ ᠬᠡᠷᠬᠢᠨ ᠲᠣᠭᠲᠠᠭ᠋ᠠᠭᠰᠠᠨ ᠪᠣᠶ?
《ᠳᠦᠷᠢᠮ》᠎ᠳᠤ ᠲᠣᠭᠲᠠᠭ᠋ᠠᠭᠰᠠᠨ᠎ᠨᠢ᠂ ᠰᠢᠶᠠᠨ᠎ᠤ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠡᠷᠲᠡᠨ᠎ᠤ ᠮᠣᠳᠣ ᠨᠠᠷᠠᠲᠤ ᠮᠣᠳᠣᠨ᠎ᠤ ᠡᠷᠭᠢᠯᠡᠨ ᠬᠠᠮᠢᠶᠠᠷᠬᠤ ᠰᠠᠯᠠᠭ᠎ᠠ ᠮᠥᠴᠢᠷ᠎ᠨᠢ ᠡᠷᠲᠡᠨ᠎ᠤ ᠮᠣᠳᠣ ᠨᠠᠷᠠᠲᠤ ᠮᠣᠳᠣᠨ᠎ᠤ ᠡᠳᠦᠷ ᠲᠤᠲᠤᠮ᠎ᠤᠨ ᠠᠷᠠᠴᠢᠯᠠᠯᠲᠠ ᠵᠢ ᠴᠢᠩᠭ᠋ᠠᠳᠬᠠᠬᠤ᠎ᠳᠤ ᠠᠰᠢᠭᠲᠠᠢ ᠪᠠᠢ᠌ᠯᠭ᠋ᠠᠬᠤ ᠵᠠᠷᠴᠢᠮ ᠶᠣᠰᠣᠭ᠋ᠠᠷ᠂ ᠬᠣᠯᠪᠣᠭᠳᠠᠯ ᠪᠦᠬᠦᠢ ᠨᠢᠭᠡᠴᠢ᠂ ᠬᠤᠪᠢ ᠬᠥᠮᠥᠨ᠎ᠢ ᠡᠷᠲᠡᠨ᠎ᠤ ᠮᠣᠳᠣ ᠨᠠᠷᠠᠲᠤ ᠮᠣᠳᠣᠨ᠎ᠤ ᠡᠳᠦᠷ ᠲᠤᠲᠤᠮ᠎ᠤᠨ ᠠᠷᠠᠴᠢᠯᠠᠯᠲᠠ ᠵᠢᠨ ᠬᠠᠷᠢᠭᠤᠴᠠᠯᠭ᠋ᠠᠲᠠᠨ ᠪᠣᠯᠭ᠋ᠠᠬᠤ᠎ᠪᠠᠷ ᠲᠣᠳᠣᠷᠬᠠᠢ ᠲᠣᠭᠲᠠᠭ᠋ᠠᠬᠤ ᠬᠡᠷᠡᠭᠲᠡᠢ; ᠡᠳᠦᠷ ᠲᠤᠲᠤᠮ᠎ᠤᠨ ᠠᠷᠠᠴᠢᠯᠠᠨ ᠬᠠᠮᠠᠭ᠋ᠠᠯᠠᠬᠤ ᠬᠠᠷᠢᠭᠤᠴᠠᠯᠭ᠋ᠠᠲᠠᠨᠯᠤᠭᠠ ᠡᠳᠦᠷ ᠲᠤᠲᠤᠮ᠎ᠤᠨ ᠠᠷᠠᠴᠢᠯᠠᠨ ᠬᠠᠮᠠᠭ᠋ᠠᠯᠠᠬᠤ ᠵᠥᠪᠯᠡᠯᠴᠡᠭᠡᠷ ᠲᠣᠭᠲᠠᠵᠤ᠂ ᠡᠷᠲᠡᠨ᠎ᠤ ᠮᠣᠳᠣ ᠨᠠᠷᠠᠲᠤ ᠮᠣᠳᠣ ᠵᠢᠨ ᠡᠷᠬᠡ ᠵᠢᠨ ᠬᠠᠷᠢᠶᠠᠯᠠᠯ᠎ᠤᠨ ᠪᠠᠢ᠌ᠳᠠᠯ᠂ ᠬᠠᠮᠠᠭ᠋ᠠᠯᠠᠯᠲᠠ ᠵᠢᠨ ᠲᠠᠰ᠂ ᠠᠷᠠᠴᠢᠯᠠᠨ ᠬᠠᠮᠠᠭ᠋ᠠᠯᠠᠯᠲᠠ ᠵᠢᠨ ᠪᠠᠢ᠌ᠳᠠᠯ᠂ ᠠᠷᠠᠴᠢᠯᠠᠨ ᠬᠠᠮᠠᠭ᠋ᠠᠯᠠᠯᠲᠠ ᠵᠢᠨ ᠵᠠᠷᠤᠳᠠᠯ ᠵᠡᠷᠭᠡ ᠵᠢ ᠦᠨᠳᠦᠰᠦᠯᠡᠨ᠂ ᠬᠣᠶᠠᠷ ᠲᠠᠯ᠎ᠠ ᠵᠢᠨ ᠡᠷᠬᠡ ᠡᠭᠦᠷᠭᠡ ᠵᠢ ᠲᠣᠳᠣᠷᠬᠠᠢ᠌ᠯᠠᠬᠤ ᠬᠡᠷᠡᠭᠲᠡᠢ᠃ ᠡᠳᠦᠷ ᠲᠤᠳᠤᠮ᠎ᠤᠨ ᠠᠷᠠᠴᠢᠯᠠᠨ ᠬᠠᠮᠠᠭ᠋ᠠᠯᠠᠬᠤ ᠬᠠᠷᠢᠭᠤᠴᠠᠯᠭ᠎ᠠ᠎ᠲᠠᠢ ᠬᠥᠮᠥᠨ ᠠᠷᠠᠴᠢᠯᠠᠨ ᠬᠠᠮᠠᠭ᠋ᠠᠯᠠᠬᠤ ᠡᠭᠦᠷᠭᠡ᠎ᠪᠠᠨ ᠴᠢᠩᠭ᠎ᠠ ᠭᠦᠢ᠍ᠴᠡᠳᠬᠡᠵᠦ᠂ ᠡᠷᠲᠡᠨ᠎ᠤ ᠮᠣᠳᠣ ᠨᠡᠷᠡᠳᠦ ᠮᠣᠳᠣ ᠵᠢᠴᠢ ᠲᠡᠭᠦᠨ᠎ᠤ ᠤᠷᠭᠤᠯᠲᠠ ᠵᠢᠨ ᠣᠷᠴᠢᠨ ᠲᠣᠭᠣᠷᠢᠨ᠎ᠢ ᠬᠣᠬᠢᠷᠠᠭᠤᠯᠬᠤ ᠠᠵᠢᠯᠯᠠᠭ᠎ᠠ ᠵᠢ ᠬᠣᠷᠢᠭᠯᠠᠨ ᠵᠣᠭᠰᠣᠭ᠋ᠠᠵᠤ᠂ ᠡᠷᠲᠡᠨ᠎ᠤ ᠮᠣᠳᠣ ᠨᠡᠷᠡᠳᠦ ᠮᠣᠳᠣ ᠬᠣᠬᠢᠷᠠᠯ᠎ᠳᠤ ᠤᠴᠠᠷᠠᠭᠰᠠᠨ ᠪᠤᠶᠤ ᠬᠡᠪ᠎ᠤᠨ ᠪᠤᠰᠤ ᠤᠷᠭᠤᠯᠲᠠ᠎ᠲᠠᠢ ᠪᠠᠢ᠌ᠬᠤ ᠵᠢ ᠣᠯᠵᠤ ᠮᠡᠳᠡᠪᠡᠯ᠂ ᠴᠠᠭ ᠲᠤᠬᠠᠢᠳᠤᠨᠢ ᠮᠡᠳᠡᠭᠦᠯᠬᠦ ᠬᠡᠷᠡᠭᠲᠡᠢ᠂ ᠰᠢᠶᠠᠨ᠎ᠤ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠡᠷᠲᠡᠨ᠎ᠤ ᠮᠣᠳᠣ ᠨᠡᠷᠡᠳᠦ ᠮᠣᠳᠣ ᠵᠢ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠴᠠᠭ ᠲᠤᠬᠠᠢᠳᠤᠨᠢ ᠪᠠᠢ᠌ᠴᠠᠭ᠋ᠠᠬᠤ ᠵᠢᠨ ᠬᠠᠮᠲᠤ ᠠᠪᠤᠷᠠᠨ ᠵᠠᠰᠠᠬᠤ᠂ ᠢᠳᠡᠷᠵᠢᠭᠦᠯᠬᠦ ᠵᠡᠷᠭᠡ ᠠᠷᠭ᠎ᠠ ᠬᠡᠮᠵᠢᠶ᠎ᠡ ᠠᠪᠬᠤ ᠬᠡᠷᠡᠭᠲᠡᠢ᠃ ᠡᠳᠦᠷ ᠲᠤᠲᠤᠮ᠎ᠤᠨ ᠠᠷᠠᠴᠢᠯᠠᠨ ᠬᠠᠮᠠᠭ᠋ᠠᠯᠠᠬᠤ ᠬᠠᠷᠢᠭᠤᠴᠠᠯᠭ᠋ᠠᠲᠠᠨ᠎ᠤ ᠢᠳᠡᠪᠬᠢᠵᠢᠯ᠎ᠢ ᠳᠠᠢ᠌ᠴᠢᠯᠠᠬᠤ ᠵᠢᠨ ᠲᠥᠯᠥᠭᠡ᠂ 《ᠳᠦᠷᠢᠮ》᠎ᠳᠤ᠂ ᠡᠷᠲᠡᠨ᠎ᠤ ᠮᠣᠳᠣ ᠨᠠᠷᠠᠲᠤ ᠮᠣᠳᠣ ᠵᠢ ᠬᠠᠮᠠᠭ᠋ᠠᠯᠠᠨ ᠬᠠᠮᠢᠶᠠᠷᠬᠤ ᠠᠵᠢᠯ᠎ᠳᠤ ᠲᠣᠪᠣᠢ᠌ᠮ᠎ᠠ ᠬᠤᠪᠢ ᠨᠡᠮᠡᠷᠢ ᠦᠵᠡᠭᠦᠯᠦᠭᠰᠡᠨ ᠨᠢᠭᠡᠴᠡ᠂ ᠬᠤᠪᠢ ᠬᠥᠮᠥᠨ᠎ᠢ ᠤᠯᠤᠰ᠎ᠤᠨ ᠬᠣᠯᠪᠣᠭᠳᠠᠯ ᠪᠦᠬᠦᠢ ᠲᠣᠭᠲᠠᠭ᠋ᠠᠯ ᠶᠣᠰᠣᠭ᠋ᠠᠷ ᠬᠥᠬᠢᠭᠦᠯᠦᠨ ᠱᠠᠩᠨᠠᠨ᠎ᠠ ᠭᠡᠵᠦ ᠲᠣᠭᠲᠠᠭ᠋ᠠᠵᠠᠢ᠃
ᠠᠰᠠᠭᠤᠯᠲᠠ᠄ 《ᠳᠦᠷᠢᠮ》᠎ᠳᠤ ᠡᠷᠲᠡᠨ᠎ᠤ ᠮᠣᠳᠣ ᠨᠡᠷᠡᠳᠦ ᠮᠣᠳᠣ ᠵᠢ ᠣᠭᠲᠣᠯᠬᠤ ᠪᠠ ᠰᠢᠯᠵᠢᠭᠦᠯᠦᠨ ᠵᠠᠢ᠌ᠯᠠᠬᠤ ᠲᠤᠬᠠᠢ ᠶᠠᠮᠠᠷ ᠶᠠᠮᠠᠷ ᠲᠣᠭᠲᠠᠭ᠋ᠠᠯ ᠭᠠᠷᠭ᠋ᠠᠭᠰᠠᠨ ᠪᠤᠢ?
《ᠳᠦᠷᠢᠮ》᠎ᠳᠤ ᠲᠣᠭᠲᠠᠭ᠋ᠠᠭᠰᠠᠨ᠎ᠨᠢ᠂ ᠣᠨᠴᠠᠭ᠋ᠠᠶ ᠪᠠᠴᠢᠮ ᠪᠠᠢ᠌ᠳᠠᠯ᠎ᠢ ᠭᠠᠷᠭ᠋ᠠᠪᠠᠯ᠂ ᠡᠷᠲᠡᠨ᠎ᠤ ᠮᠣᠳᠣ ᠨᠠᠷᠠᠲᠤ ᠮᠣᠳᠣ ᠵᠢ ᠣᠭᠲᠣᠯᠬᠤ ᠵᠢ ᠴᠠᠭ᠋ᠠᠵᠠᠯᠠᠨ᠎ᠠ ; ᠬᠠᠤᠯᠢ ᠶᠣᠰᠣᠭ᠋ᠠᠷ ᠪᠠᠴᠢᠮ ᠪᠠᠢ᠌ᠳᠠᠯ᠎ᠢ ᠠᠷᠭ᠋ᠠᠴᠠᠨ ᠰᠢᠢ᠍ᠳᠪᠦᠷᠢᠯᠡᠬᠦ ᠠᠷᠭ᠎ᠠ ᠬᠡᠮᠵᠢᠶ᠎ᠡ ᠠᠪᠴᠤ ᠡᠷᠲᠡᠨ᠎ᠤ ᠮᠣᠳᠣ ᠨᠡᠷᠡᠳᠦ ᠮᠣᠳᠣ ᠵᠢ ᠣᠭᠲᠣᠯᠣᠭᠰᠠᠨ ᠪᠠᠢ᠌ᠪᠠᠯ᠂ ᠰᠢᠶᠠᠨ᠎ᠤ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠡᠷᠲᠡᠨ᠎ᠤ ᠮᠣᠳᠣ ᠨᠡᠷᠡᠳᠦ ᠮᠣᠳᠣ ᠵᠢ ᠡᠷᠬᠢᠯᠡᠠ ᠬᠠᠮᠢᠶᠠᠷᠬᠤ ᠰᠠᠯᠠᠭ᠎ᠠ ᠮᠥᠴᠢᠷ᠎ᠠᠴᠠ ᠬᠣᠯᠪᠣᠭᠳᠠᠯ ᠪᠦᠬᠦᠢ ᠪᠠᠢ᠌ᠳᠠᠯ᠎ᠢ ᠱᠠᠲᠤ ᠳᠠᠷᠠᠭ᠋ᠠᠯᠠᠨ ᠮᠤᠵᠢ ᠵᠢᠨ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠡᠷᠲᠡᠨ᠎ᠤ ᠮᠣᠳᠣ ᠨᠡᠷᠡᠳᠦ ᠮᠣᠳᠣ ᠵᠢ ᠡᠷᠬᠢᠯᠡᠠ ᠬᠠᠮᠢᠶᠠᠷᠬᠤ ᠰᠠᠯᠠᠭ᠎ᠠ ᠮᠥᠴᠢᠷ᠎ᠲᠤ ᠮᠡᠳᠡᠭᠦᠯᠬᠦ ᠬᠡᠷᠡᠭᠲᠡᠢ; ᠨᠢᠭᠡᠳᠦᠭᠡᠷ ᠳᠡᠰ᠎ᠤᠨ ᠬᠠᠮᠠᠭ᠋ᠠᠯᠠᠯᠲᠠ ᠵᠢ ᠬᠡᠷᠡᠭᠵᠢᠭᠦᠯᠵᠦ ᠪᠠᠢ᠌ᠭ᠎ᠠ ᠡᠷᠲᠡᠨ᠎ᠤ ᠮᠣᠳᠣ ᠪᠠ ᠨᠡᠷᠡᠳᠦ ᠮᠣᠳᠣ ᠵᠢ ᠣᠭᠲᠣᠯᠬᠤ᠎ᠳᠤ ᠬᠣᠯᠪᠣᠭᠳᠠᠪᠠᠯ᠂ ᠪᠠᠰᠠ ᠲᠥᠷᠥ ᠵᠢᠨ ᠶᠠᠪᠤᠳᠠᠯ᠎ᠤᠨ ᠬᠣᠷᠢᠶᠠᠨ᠎ᠤ ᠡᠷᠲᠡᠨ᠎ᠤ ᠮᠣᠳᠣ ᠨᠡᠷᠡᠳᠦ ᠮᠣᠳᠣᠨ᠎ᠤ ᠡᠷᠬᠢᠯᠡᠠ ᠬᠠᠮᠢᠶᠠᠷᠬᠤ ᠰᠠᠯᠠᠭ᠎ᠠ ᠮᠥᠴᠢᠷ᠎ᠲᠤ ᠮᠡᠳᠡᠭᠦᠯᠵᠦ᠂ ᠬᠡᠷᠡᠭ᠎ᠤᠨ ᠳᠠᠷᠠᠭ᠋ᠠᠬᠢ ᠬᠢᠨᠠᠯᠲᠠ ᠵᠢ ᠬᠦᠯᠢᠶᠡᠬᠦ ᠬᠡᠷᠡᠭᠲᠡᠢ᠃ ᠡᠷᠲᠡᠨ᠎ᠤ ᠮᠣᠳᠣ ᠨᠠᠷᠠᠲᠤ ᠮᠣᠳᠣ ᠵᠢ ᠰᠢᠯᠵᠢᠭᠦᠯᠦᠨ ᠤᠷᠭᠤᠭᠤᠯᠬᠤ ᠵᠢ ᠵᠢᠷᠤᠮᠵᠢᠭᠤᠯᠬᠤ ᠵᠢᠨ ᠲᠥᠯᠥᠭᠡ᠂ 《ᠳᠦᠷᠢᠮ》᠎ᠳᠤ᠂ ᠡᠷᠲᠡᠨ᠎ᠤ ᠮᠣᠳᠣ ᠨᠠᠷᠠᠲᠤ ᠮᠣᠳᠣ ᠵᠢ ᠵᠠᠷᠴᠢᠮ ᠳᠡᠭᠡᠷ᠎ᠡ᠎ᠪᠠᠨ ᠤᠤᠯ ᠭᠠᠵᠠᠷ᠎ᠲᠤᠨᠢ ᠬᠠᠮᠠᠭ᠋ᠠᠯᠠᠬᠤ ᠵᠢ ᠬᠡᠷᠡᠭᠵᠢᠭᠦᠯᠦᠨ᠎ᠡ᠂ ᠰᠢᠯᠵᠢᠭᠦᠯᠦᠨ ᠤᠷᠭᠤᠭᠤᠯᠵᠤ ᠪᠣᠯᠬᠤ ᠦᠭᠡᠢ; ᠤᠯᠤᠰ᠎ᠤᠨ ᠲᠠᠰ᠎ᠤᠨ᠂ ᠮᠤᠵᠢ ᠵᠢᠨ ᠱᠠᠲᠤᠨ᠎ᠤ ᠡᠨᠧᠷᠭᠢ ᠵᠢᠨ ᠰᠤᠷᠪᠤᠯᠵᠢ᠂ ᠵᠠᠮ ᠬᠠᠷᠢᠯᠴᠠᠭ᠎ᠠ᠂ ᠤᠰᠤᠨ ᠠᠰᠢᠭᠯᠠᠯᠲᠠ ᠵᠡᠷᠭᠡ ᠭᠣᠣᠯᠳᠠᠯᠭ᠎ᠠ᠎ᠲᠠᠢ ᠪᠦᠲᠦᠭᠡᠨ ᠪᠠᠢ᠌ᠭᠤᠯᠤᠯᠲᠠ ᠵᠢᠨ ᠵᠦᠢ᠍ᠯᠡᠰ ᠵᠢᠴᠢ ᠪᠤᠰᠤᠳ ᠰᠠᠭᠤᠷᠢ ᠲᠥᠬᠦᠭᠡᠷᠦᠮᠵᠢ ᠵᠢᠨ ᠪᠦᠲᠦᠭᠡᠨ ᠪᠠᠢ᠌ᠭᠤᠯᠤᠯᠲᠠ ᠵᠢᠨ ᠵᠦᠢ᠍ᠯᠡᠰ᠎ᠤᠨ ᠰᠣᠩᠭᠣᠭᠰᠠᠨ ᠭᠠᠵᠠᠷ᠎ᠨᠢ ᠡᠷᠲᠡᠨ᠎ᠤ ᠮᠣᠳᠣ ᠨᠠᠷᠠᠲᠤ ᠮᠣᠳᠣ᠎ᠠᠴᠠ ᠵᠠᠢ᠌ᠯᠠᠬᠤ ᠵᠢᠨ ᠠᠷᠭ᠎ᠠ ᠦᠭᠡᠢ᠂ ᠡᠷᠲᠡᠨ᠎ᠤ ᠮᠣᠳᠣ ᠨᠠᠷᠠᠲᠤ ᠮᠣᠳᠣᠨ᠎ᠤ ᠤᠷᠭᠤᠯᠲᠠ ᠵᠢᠨ ᠪᠠᠢ᠌ᠳᠠᠯ᠎ᠨᠢ ᠣᠯᠠᠨ ᠨᠡᠶ᠋ᠢᠲᠡ ᠵᠢᠨ ᠠᠮᠢ ᠨᠠᠰᠤᠨ᠎ᠤ ᠠᠮᠤᠷ ᠲᠦᠪᠰᠢᠨ᠎ᠳᠤ ᠬᠣᠣᠷ ᠬᠥᠨᠥᠭᠡᠯ ᠤᠴᠠᠷᠠᠭᠤᠯᠵᠤ ᠮᠡᠳᠡᠬᠦ ᠪᠥᠭᠡᠳ ᠠᠷᠭ᠎ᠠ ᠬᠡᠮᠵᠢᠶ᠎ᠡ ᠠᠪᠬᠤ᠎ᠳᠠᠭᠠᠨ ᠮᠥᠨ ᠬᠦ᠌ ᠳᠠᠯᠳᠠ ᠬᠡᠮ᠎ᠢ ᠠᠷᠢᠯᠭ᠋ᠠᠬᠤ ᠵᠢᠨ ᠠᠷᠭ᠎ᠠ ᠦᠭᠡᠢ ᠪᠠᠢ᠌ᠵᠤ᠂ ᠦᠨᠡᠬᠡᠷ ᠰᠢᠯᠵᠢᠭᠦᠯᠦᠨ ᠵᠠᠢ᠌ᠯᠠᠬᠤ ᠴᠢᠬᠤᠯᠠᠲᠠᠢ ᠵᠦᠢ᠍ᠯᠡᠰ᠎ᠲᠤ ᠴᠢᠩᠭ᠎ᠠ ᠨᠢᠮᠪᠠᠢ ᠬᠢᠨᠠᠨ ᠵᠥᠪᠰᠢᠶᠡᠷᠡᠬᠦ ᠲᠠᠰ ᠳᠠᠷᠠᠭ᠋ᠠᠯᠠᠯ᠎ᠢ ᠲᠣᠭᠲᠠᠭ᠋ᠠᠵᠠᠢ᠃ ᠬᠠᠮᠠᠭ᠋ᠠᠯᠠᠯᠲᠠ ᠵᠢᠨ ᠲᠣᠭᠲᠠᠭ᠋ᠠᠯ᠎ᠢ ᠵᠥᠷᠢᠴᠡᠭᠰᠡᠨ ᠦᠢ᠍ᠯᠡ ᠠᠵᠢᠯᠯᠠᠭ᠋ᠠᠳᠠᠨ᠎ᠳᠤ 《ᠳᠦᠷᠢᠮ》᠎ᠳᠤ ᠬᠠᠤᠯᠢ ᠵᠢᠨ ᠴᠢᠩᠭ᠎ᠠ ᠬᠠᠷᠢᠭᠤᠴᠠᠯᠭ᠎ᠠ ᠵᠢ ᠲᠣᠭᠲᠠᠭ᠋ᠠᠵᠠᠢ᠃
ᠠᠰᠠᠭᠤᠯᠲᠠ᠄ 《ᠳᠦᠷᠢᠮ》᠎ᠳᠤ ᠡᠷᠲᠡᠨ᠎ᠤ ᠮᠣᠳᠣ ᠨᠠᠷᠠᠲᠤ ᠮᠣᠳᠣᠨ᠎ᠤ ᠰᠣᠶᠣᠯ᠎ᠢ ᠤᠯᠠᠮᠵᠢᠯᠠᠨ ᠵᠠᠯᠭ᠋ᠠᠮᠵᠢᠯᠠᠬᠤ ᠲᠤᠬᠠᠢ ᠬᠡᠷᠬᠢᠨ ᠲᠣᠭᠲᠠᠭ᠋ᠠᠭᠰᠠᠨ ᠪᠣᠶ?
ᠡᠷᠲᠡᠨ᠎ᠤ ᠮᠣᠳᠣ ᠨᠡᠷᠡᠳᠦ ᠮᠣᠳᠣ᠎ᠳᠤ ᠭᠦᠨ ᠵᠤᠵᠠᠭ᠋ᠠᠨ ᠲᠡᠦᠬᠡ ᠰᠣᠶᠣᠯ᠎ᠤᠨ ᠠᠭᠤᠯᠤᠭᠳᠠᠬᠤᠨ᠎ᠲᠠᠢ ᠶᠤᠮ᠂ ᠡᠷᠲᠡᠨ᠎ᠤ ᠮᠣᠳᠣ ᠨᠡᠷᠡᠳᠦ ᠮᠣᠳᠣ ᠵᠢ ᠬᠠᠮᠠᠭ᠋ᠠᠯᠠᠬᠤ ᠪᠣᠯ ᠳᠤᠮᠳᠠᠳᠤ ᠵᠢᠨ ᠰᠢᠯᠢᠳᠡᠭ ᠤᠯᠠᠮᠵᠢᠯᠠᠯᠲᠤ ᠰᠣᠶᠣᠯ᠎ᠢ ᠤᠯᠠᠮᠵᠢᠯᠠᠨ ᠵᠠᠯᠭ᠋ᠠᠮᠵᠢᠯᠠᠬᠤ ᠴᠢᠬᠤᠯᠠ ᠠᠷᠭ᠎ᠠ ᠵᠠᠮ ᠮᠥᠨ᠃ ᠡᠷᠲᠡᠨ᠎ᠤ ᠮᠣᠳᠣ ᠨᠡᠷᠡᠳᠦ ᠮᠣᠳᠣᠨ᠎ᠤ ᠰᠣᠶᠣᠯ᠎ᠤᠨ ᠲᠠᠰᠤᠷᠠᠯᠳᠠ ᠦᠭᠡᠢ ᠦᠷᠭᠦᠯᠵᠢᠯᠡᠬᠦ ᠵᠢ ᠪᠠᠲᠤᠯᠠᠬᠤ ᠵᠢᠨ ᠲᠥᠯᠥᠭᠡ᠂ 《ᠳᠦᠷᠢᠮ》᠎ᠳᠤ᠂ ᠲᠦᠷᠦ ᠵᠢᠨ ᠶᠠᠪᠤᠳᠠᠯ᠎ᠤᠨ ᠬᠣᠷᠢᠶᠠᠨ᠎ᠤ ᠬᠣᠯᠪᠣᠭᠳᠠᠯ ᠪᠦᠬᠦᠢ ᠰᠠᠯᠠᠭ᠎ᠠ ᠮᠥᠴᠢᠷ᠂ ᠰᠢᠶᠠᠨ᠎ᠤ ᠱᠠᠲᠤᠨ᠎ᠠᠴᠠ ᠳᠡᠭᠡᠭᠰᠢᠬᠢ ᠣᠷᠣᠨ ᠨᠤᠲᠤᠭ᠎ᠤᠨ ᠠᠷᠠᠳ᠎ᠤᠨ ᠵᠠᠰᠠᠭ᠎ᠤᠨ ᠣᠷᠳᠣᠨ ᠵᠢᠴᠢ ᠲᠡᠭᠦᠨ᠎ᠤ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠳ ᠤᠯᠠᠨ ᠵᠦᠢ᠍ᠯ᠎ᠤᠨ ᠬᠡᠯᠪᠡᠷᠢ ᠵᠢ ᠠᠪᠴᠤ ᠪᠠᠢ᠌ᠭ᠋ᠠᠳ ᠡᠷᠲᠡᠨ᠎ᠤ ᠮᠣᠳᠣ ᠨᠡᠷᠡᠳᠦ ᠮᠣᠳᠣ ᠵᠢ ᠬᠠᠮᠠᠭ᠋ᠠᠯᠠᠬᠤ ᠤᠬᠠᠭᠤᠯᠭ᠎ᠠ ᠬᠥᠮᠦᠵᠢᠯ᠎ᠢ ᠵᠣᠬᠢᠶᠠᠨ ᠪᠠᠢ᠌ᠭᠤᠯᠤᠨ ᠥᠷᠨᠢᠭᠦᠯᠵᠦ᠂ ᠡᠷᠲᠡᠨ᠎ᠤ ᠮᠣᠳᠣ ᠨᠡᠷᠡᠳᠦ ᠮᠣᠳᠣᠨ᠎ᠤ ᠰᠣᠶᠣᠯ᠎ᠢ ᠤᠯᠠᠮᠵᠢᠯᠠᠨ ᠵᠠᠯᠭ᠋ᠠᠮᠵᠢᠯᠠᠵᠤ᠂ ᠪᠦᠬᠦ ᠨᠡᠢ᠌ᠭᠡᠮ᠎ᠤᠨ ᠡᠷᠲᠡᠨ᠎ᠤ ᠮᠣᠳᠣ ᠨᠡᠷᠡᠳᠦ ᠮᠣᠳᠣ ᠵᠢ ᠬᠠᠮᠠᠭ᠋ᠠᠯᠠᠬᠤ ᠤᠬᠠᠮᠰᠠᠷ᠎ᠢ ᠴᠢᠩᠭ᠋ᠠᠳᠬᠠᠬᠤ ᠬᠡᠷᠡᠭᠲᠡᠢ ᠭᠡᠵᠦ ᠲᠣᠭᠲᠠᠭ᠋ᠠᠵᠠᠢ᠃ ᠡᠷᠲᠡᠨ᠎ᠤ ᠮᠣᠳᠣ ᠨᠡᠷᠡᠳᠦ ᠮᠣᠳᠣ ᠵᠢ ᠬᠠᠮᠠᠭ᠋ᠠᠯᠠᠬᠤ ᠪᠠ ᠠᠵᠤ ᠠᠬᠤᠢ ᠨᠡᠢ᠌ᠭᠡᠮ᠎ᠤᠨ ᠬᠥᠭᠵᠢᠯᠲᠡ ᠵᠢ ᠨᠢᠭᠡᠳᠦᠯᠲᠡᠢ ᠲᠥᠯᠥᠪᠵᠢᠭᠦᠯᠬᠦ ᠵᠢᠨ ᠲᠥᠯᠥᠭᠡ᠂ 《ᠳᠦᠷᠢᠮ》 ᠳᠤ᠂ ᠲᠡᠦᠬᠡ ᠰᠣᠶᠣᠯ᠎ᠤᠨ ᠨᠡᠷᠡᠳᠦ ᠪᠠᠯᠭ᠋ᠠᠰᠤ ᠨᠡᠷᠡᠳᠦ ᠲᠣᠰᠬᠣᠨ᠂ ᠲᠡᠦᠬᠡ ᠰᠣᠶᠣᠯ᠎ᠤᠨ ᠵᠡᠭᠡᠯᠢ ᠲᠣᠭᠣᠷᠢᠭ᠂ ᠤᠯᠠᠮᠵᠢᠯᠠᠯᠲᠤ ᠠᠢ᠌ᠯ ᠲᠣᠰᠬᠣᠨ ᠵᠢᠴᠢ ᠤᠯᠠᠮᠵᠢᠯᠠᠯᠲᠤ ᠪᠠᠶᠠᠷ ᠳᠤᠷᠠᠰᠬᠠᠯ᠂ ᠵᠠᠩ ᠦᠢ᠍ᠯᠡ᠎ᠲᠠᠢ ᠤᠶᠠᠯᠳᠤᠭᠤᠯᠵᠤ᠂ ᠡᠷᠲᠡᠨ᠎ᠤ ᠮᠣᠳᠣ ᠨᠡᠷᠡᠳᠦ ᠮᠣᠳᠣᠨ᠎ᠤ ᠲᠡᠦᠬᠡ ᠪᠠ ᠰᠣᠶᠣᠯ᠎ᠤᠨ ᠦᠨ᠎ᠡ ᠦᠷᠳᠡᠭ᠎ᠢ ᠠᠭᠤᠳᠠᠯᠵᠤ᠂ ᠡᠷᠲᠡᠨ᠎ᠤ ᠮᠣᠳᠣ ᠨᠡᠷᠡᠳᠦ ᠮᠣᠳᠣᠨ᠎ᠤ ᠡᠬᠢ ᠪᠠᠶᠠᠯᠢᠭ ᠪᠣᠯᠣᠨ ᠠᠮᠢ ᠠᠬᠤᠢ ᠵᠢᠨ ᠵᠤᠭ᠋ᠠᠴᠠᠯ᠎ᠤᠨ ᠠᠭᠤᠰᠤᠯᠴᠠᠨ ᠬᠥᠭᠵᠢᠬᠦ ᠵᠢ ᠠᠬᠢᠭᠤᠯᠤᠨ᠎ᠠ ᠭᠡᠵᠦ ᠲᠣᠭᠲᠠᠭ᠋ᠠᠵᠠᠢ᠃
ᠠᠰᠠᠭᠤᠯᠲᠠ᠄ ᠪᠠᠲᠤᠯᠠᠭ᠎ᠠ ᠪᠠ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠬᠤ ᠲᠠᠯ᠎ᠠ᠎ᠪᠠᠷ᠂ 《ᠳᠦᠷᠢᠮ》᠎ᠳᠤ ᠶᠠᠮᠠᠷ ᠶᠠᠮᠠᠷ ᠲᠣᠭᠲᠠᠭ᠋ᠠᠯ ᠭᠠᠷᠭ᠋ᠠᠭᠰᠠᠨ ᠪᠣᠶ?
ᠡᠷᠲᠡᠨ᠎ᠤ ᠮᠣᠳᠣ ᠨᠡᠷᠡᠳᠦ ᠮᠣᠳᠣ ᠵᠢ ᠬᠠᠮᠠᠭ᠋ᠠᠯᠠᠬᠤ᠎ᠳᠤ ᠤᠷᠳᠤ ᠬᠤᠭᠤᠴᠠᠭ᠋ᠠᠨ᠎ᠤ ᠲᠣᠭᠲᠠᠪᠤᠷᠢᠲᠠᠢ ᠪᠡᠯᠡ ᠮᠥᠩᠭᠥ ᠵᠢᠨ ᠳᠡᠮᠵᠢᠯᠭᠡ ᠬᠡᠷᠡᠭᠰᠡᠨ᠎ᠡ᠂ ᠡᠷᠲᠡᠨ᠎ᠤ ᠮᠣᠳᠣ ᠨᠡᠷᠡᠳᠦ ᠮᠣᠳᠣ ᠵᠢ ᠬᠠᠮᠠᠭ᠋ᠠᠯᠠᠬᠤ ᠣᠷᠣᠭᠤᠯᠤᠯᠲᠠ ᠵᠢᠨ ᠪᠠᠲᠤᠯᠠᠭ᠎ᠠ ᠵᠢ ᠴᠢᠩᠭ᠋ᠠᠳᠬᠠᠬᠤ ᠵᠢᠨ ᠲᠥᠯᠥᠭᠡ᠂ 《ᠳᠦᠷᠢᠮ》᠎ᠳᠤ᠂ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠠᠴᠠ ᠡᠷᠲᠡᠨ᠎ᠤ ᠮᠣᠳᠣ ᠨᠡᠷᠡᠳᠦ ᠮᠣᠳᠣ ᠵᠢ ᠬᠠᠮᠠᠭ᠋ᠠᠯᠠᠬᠤ ᠬᠠᠮᠢᠶᠠᠷᠤᠯᠲᠠ ᠵᠢᠨ ᠠᠵᠢᠯ᠎ᠢ ᠥᠷᠨᠢᠭᠦᠯᠬᠦ᠎ᠳᠤ ᠬᠡᠷᠡᠭᠰᠡᠬᠦ ᠵᠠᠷᠤᠳᠠᠯ᠎ᠢ ᠲᠤᠰ ᠱᠠᠲᠤᠨ᠎ᠤ ᠲᠥᠰᠥᠪ᠎ᠲᠤ ᠣᠷᠣᠭᠤᠯᠬᠤ ᠬᠡᠷᠡᠭᠲᠡᠢ; ᠬᠠᠨᠳᠢᠪ ᠥᠭᠬᠦ᠂ ᠡᠷᠭᠦᠨ ᠲᠡᠵᠢᠭᠡᠬᠦ ᠵᠡᠷᠭᠡ ᠤᠯᠠᠨ ᠵᠦᠢ᠍ᠯ᠎ᠤᠨ ᠬᠡᠯᠪᠡᠷᠢ᠎ᠪᠠᠷ ᠳᠠᠮᠵᠢᠭᠤᠯᠤᠨ ᠡᠷᠲᠡᠨ᠎ᠤ ᠮᠣᠳᠣ ᠨᠡᠷᠡᠳᠦ ᠮᠣᠳᠣ ᠵᠢ ᠬᠠᠮᠠᠭ᠋ᠠᠯᠠᠬᠤ ᠦᠢ᠍ᠯᠡᠰ᠎ᠢ ᠵᠣᠭᠣᠰ ᠮᠥᠩᠭᠥ᠎ᠪᠠᠷ ᠲᠤᠰᠠᠯᠠᠬᠤ ᠵᠢ ᠤᠯᠤᠰ᠎ᠠᠴᠠ ᠵᠣᠷᠢᠭᠵᠢᠭᠤᠯᠤᠨ᠎ᠠ᠃ ᠡᠷᠲᠡᠨ᠎ᠤ ᠮᠣᠳᠣ ᠨᠡᠷᠡᠳᠦ ᠮᠣᠳᠣᠨ᠎ᠤ ᠬᠠᠮᠠᠭ᠋ᠠᠯᠠᠯᠲᠠ ᠵᠢᠨ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠬᠤ ᠵᠢᠨ ᠲᠥᠯᠥᠭᠡ᠂ ᠡᠷᠲᠡᠨ᠎ᠤ ᠮᠣᠳᠣ ᠨᠡᠷᠡᠳᠦ ᠮᠣᠳᠣᠨ᠎ᠤ ᠬᠠᠮᠠᠭ᠋ᠠᠯᠠᠯᠲᠠ ᠬᠠᠮᠢᠶᠠᠷᠤᠯᠲᠠ ᠵᠢᠨ ᠪᠠᠢ᠌ᠳᠠᠯ᠎ᠢ ᠤᠳᠤᠷᠢᠳᠬᠤ ᠺᠠᠳ᠋ᠷ᠎ᠤᠨ ᠲᠤᠰᠢᠶᠠᠯ᠎ᠠᠴᠠ᠎ᠪᠠᠨ ᠰᠠᠯᠬᠤ ᠦᠶ᠎ᠡ ᠵᠢᠨ ᠪᠠᠢ᠌ᠭ᠋ᠠᠯᠢ ᠵᠢᠨ ᠡᠬᠢ ᠪᠠᠶᠠᠯᠢᠭ ᠡᠳ᠋ ᠬᠥᠷᠥᠩᠭᠡ ᠵᠢᠨ ᠬᠢᠨᠠᠨ ᠪᠣᠳᠣᠯᠲᠠ᠎ᠳᠤ ᠣᠷᠣᠭᠤᠯᠵᠤ᠂ ᠡᠷᠲᠡᠨ᠎ᠤ ᠮᠣᠳᠣ ᠨᠡᠷᠡᠳᠦ ᠮᠣᠳᠣᠨ᠎ᠤ ᠬᠠᠮᠠᠭ᠋ᠠᠯᠠᠯᠲᠠ ᠬᠠᠮᠢᠶᠠᠷᠤᠯᠲᠠ ᠵᠢᠨ ᠠᠵᠢᠯ᠎ᠢ ᠤᠷᠮᠠᠰᠢᠭᠤᠯᠤᠨ ᠬᠢᠵᠠᠭ᠋ᠠᠷᠯᠠᠬᠤ ᠵᠢ ᠴᠢᠩᠭ᠋ᠠᠳᠬᠠᠪᠠ; ᠡᠷᠲᠡᠨ᠎ᠤ ᠮᠣᠳᠣ ᠨᠡᠷᠡᠳᠦ ᠮᠣᠳᠣ ᠵᠢ ᠬᠠᠮᠠᠭ᠋ᠠᠯᠠᠨ ᠬᠠᠮᠢᠶᠠᠷᠬᠤ ᠠᠵᠢᠯ᠎ᠨᠢ ᠬᠦᠴᠦᠨ ᠦᠭᠡᠢ᠂ ᠠᠰᠠᠭᠤᠳᠠᠯ᠎ᠨᠢ ᠲᠣᠪᠣᠢ᠌ᠮ᠎ᠠ ᠪᠠᠢ᠌ᠭ᠎ᠠ ᠭᠠᠵᠠᠷ ᠣᠷᠣᠨ᠎ᠳᠤ ᠪᠣᠯ ᠬᠣᠯᠪᠣᠭᠳᠠᠯ ᠪᠦᠬᠦᠢ ᠣᠷᠣᠨ ᠨᠤᠲᠤᠭ᠎ᠤᠨ ᠠᠷᠠᠳ᠎ᠤᠨ ᠵᠠᠰᠠᠭ᠎ᠤᠨ ᠣᠷᠳᠣᠨ ᠵᠢᠴᠢ ᠲᠡᠭᠦᠨ᠎ᠤ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠨ ᠭᠣᠣᠯ ᠬᠠᠷᠢᠭᠤᠴᠠᠯᠭ᠋ᠠᠲᠠᠨ᠎ᠲᠠᠢ ᠪᠣᠯᠵᠣᠨ ᠶᠠᠷᠢᠯᠴᠠᠵᠤ᠂ ᠠᠷᠭ᠎ᠠ ᠬᠡᠮᠵᠢᠶ᠎ᠡ ᠠᠪᠴᠤ ᠪᠠᠢ᠌ᠭ᠋ᠠᠳ ᠴᠠᠭ ᠲᠤᠬᠠᠢᠳᠤᠨᠢ ᠴᠡᠭᠴᠡᠯᠡᠨ ᠰᠠᠢ᠌ᠵᠢᠷᠠᠭᠤᠯᠬᠤ᠎ᠪᠠᠷ ᠲᠡᠳᠡᠨ᠎ᠢ ᠱᠠᠭ᠋ᠠᠷᠳᠠᠵᠤ ᠪᠣᠯᠣᠨ᠎ᠠ᠃
ᠠᠰᠠᠭᠤᠯᠲᠠ᠄ 《ᠳᠦᠷᠢᠮ》᠎ᠤᠨ ᠤᠷᠤᠭᠰᠢᠲᠠᠢ ᠬᠡᠷᠡᠭᠵᠢᠭᠦᠯᠦᠭᠳᠡᠬᠦ ᠵᠢ ᠦᠨᠡᠨ ᠬᠦ᠌ ᠪᠠᠲᠤᠯᠠᠬᠤ ᠵᠢᠨ ᠲᠥᠯᠥᠭᠡ᠂ ᠶᠠᠮᠠᠷ ᠶᠠᠮᠠᠷ ᠠᠵᠢᠯ᠎ᠢ ᠰᠠᠢ᠌ᠲᠤᠷ ᠬᠢᠬᠦ ᠴᠢᠬᠤᠯᠠᠲᠠᠢ ᠪᠣᠶ?
ᠲᠠᠷᠠᠭ᠋ᠠᠴᠢ ᠵᠢᠨ ᠠᠯᠬᠤᠮ᠎ᠳᠤ᠂ ᠬᠠᠤᠯᠢ ᠴᠠᠭ᠋ᠠᠵᠠ ᠵᠢᠨ ᠶᠠᠮᠤᠨ᠂ ᠪᠠᠢ᠌ᠭ᠋ᠠᠯᠢ ᠵᠢᠨ ᠡᠬᠢ ᠪᠠᠶᠠᠯᠢᠭ᠎ᠤᠨ ᠶᠠᠮᠤᠨ᠂ ᠣᠷᠣᠨ ᠰᠠᠭᠤᠴᠠ ᠪᠠ ᠬᠣᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠶᠠᠮᠤᠨ᠂ ᠤᠯᠤᠰ᠎ᠤᠨ ᠣᠶ ᠰᠢᠭᠤᠢ ᠡᠪᠡᠰᠦ ᠪᠡᠯᠴᠢᠭᠡᠷ᠎ᠤᠨ ᠲᠣᠪᠴᠢᠶ᠎ᠠ᠎ᠨᠢ ᠬᠣᠯᠪᠣᠭᠳᠠᠯ ᠪᠦᠬᠦᠢ ᠰᠠᠯᠠᠭ᠎ᠠ ᠮᠥᠴᠢᠷ᠎ᠲᠠᠢ ᠬᠠᠮᠲᠤ᠎ᠪᠠᠷ 《ᠳᠦᠷᠢᠮ》᠎ᠢ ᠲᠤᠭᠤᠰᠢᠯᠠᠭᠤᠯᠤᠨ ᠬᠡᠷᠡᠭᠵᠢᠭᠦᠯᠬᠦ ᠠᠵᠢᠯ᠎ᠢ ᠰᠠᠢ᠌ᠲᠤᠷ ᠠᠳᠬᠤᠬᠤ ᠪᠣᠯᠣᠨ᠎ᠠ᠃ ᠨᠢᠭᠡ᠎ᠳᠤ᠂ ᠰᠤᠷᠤᠯᠴᠠᠯᠭ᠎ᠠ ᠤᠬᠠᠭᠤᠯᠭ᠎ᠠ ᠵᠢ ᠴᠢᠩᠭ᠋ᠠᠳᠬᠠᠨ᠎ᠠ᠃ ᠪᠣᠯᠪᠠᠰᠤᠷᠠᠯ᠎ᠤᠨ ᠠᠩᠭᠢ ᠡᠷᠭᠢᠯᠡᠬᠦ᠂ ᠲᠤᠰᠬᠠᠢ ᠮᠡᠷᠭᠡᠵᠢᠯᠲᠡᠨ᠎ᠤ ᠲᠠᠢ᠌ᠯᠤᠮᠵᠢ ᠬᠢᠬᠦ᠂ ᠰᠢᠨᠵᠢᠯᠡᠬᠦ ᠤᠬᠠᠭ᠋ᠠᠨ᠎ᠢ ᠲᠦᠭᠡᠮᠡᠯᠵᠢᠭᠦᠯᠬᠦ ᠤᠬᠠᠭᠤᠯᠭ᠎ᠠ ᠵᠢᠨ ᠭᠠᠷᠠᠭ᠎ᠢ ᠵᠣᠬᠢᠶᠠᠨ ᠪᠠᠢ᠌ᠭᠤᠯᠤᠨ ᠥᠷᠨᠢᠭᠦᠯᠬᠦ ᠵᠡᠷᠭᠡ ᠠᠷᠭ᠎ᠠ ᠮᠠᠶᠢᠭ ᠵᠶ᠋ᠠᠷ ᠳᠠᠮᠵᠢᠭᠤᠯᠤᠨ᠂ 《ᠳᠦᠷᠢᠮ》᠎ᠢ ᠤᠬᠠᠭᠤᠯᠤᠨ ᠲᠠᠢ᠌ᠯᠪᠤᠷᠢᠯᠠᠬᠤ ᠵᠢ ᠴᠢᠩᠭ᠋ᠠᠳᠬᠠᠵᠤ᠂ ᠠᠵᠢᠯ ᠲᠥᠷᠥᠯ᠎ᠤᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠵᠢᠴᠢ ᠪᠤᠰᠤᠳ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠨ ᠠᠵᠢᠯᠲᠠᠨ᠂ ᠡᠳᠦᠷ ᠲᠤᠲᠤᠮ᠎ᠤᠨ ᠠᠷᠠᠴᠢᠯᠠᠨ ᠬᠠᠮᠠᠭ᠋ᠠᠯᠠᠬᠤ ᠬᠠᠷᠢᠭᠤᠴᠠᠯᠭ᠎ᠠ ᠵᠢᠨ ᠭᠣᠣᠯ ᠴᠣᠭᠴᠠ ᠵᠢᠴᠢ ᠨᠡᠢ᠌ᠭᠡᠮ᠎ᠤᠨ ᠣᠯᠠᠨ ᠨᠡᠶ᠋ᠢᠲᠡ ᠵᠡᠷᠭᠡ ᠵᠢ ᠬᠠᠪᠰᠤᠷᠤᠨ 《ᠳᠦᠷᠢᠮ》᠎ᠤᠨ ᠠᠭᠤᠯᠭ᠎ᠠ ᠵᠢ ᠨᠠᠩ ᠰᠠᠢ᠌ᠲᠤᠷ ᠡᠵᠡᠮᠰᠢᠭᠦᠯᠵᠦ᠂ 《ᠳᠦᠷᠢᠮ》᠎ᠢ ᠣᠨᠣᠪᠴᠢᠲᠠᠶ ᠣᠢ᠌ᠯᠠᠭ᠋ᠠᠬᠤ ᠪᠠ ᠴᠢᠩᠭ᠎ᠠ ᠬᠡᠷᠡᠭᠵᠢᠭᠦᠯᠬᠦ ᠵᠢ ᠦᠨᠡᠨᠬᠦ ᠪᠠᠲᠤᠯᠠᠬᠤ ᠬᠡᠷᠡᠭᠲᠡᠢ᠃ ᠬᠣᠶᠠᠷ᠎ᠲᠤ ᠢᠵᠢ ᠪᠦᠷᠢᠳᠦᠭᠰᠡᠨ ᠳᠦᠷᠢᠮ᠎ᠢ ᠲᠡᠭᠦᠯᠳᠡᠷᠵᠢᠭᠦᠯᠦᠨ᠎ᠡ᠃ ᠡᠷᠲᠡᠨ᠎ᠤ ᠮᠣᠳᠣ ᠨᠠᠷᠠᠲᠤ ᠮᠣᠳᠣ ᠵᠢ ᠮᠠᠭ᠋ᠠᠳᠯᠠᠨ ᠲᠣᠭᠲᠠᠭ᠋ᠠᠬᠤ ᠪᠠ ᠱᠠᠲᠤ ᠬᠤᠪᠢᠶᠠᠨ ᠬᠠᠮᠠᠭ᠋ᠠᠯᠠᠵᠤ ᠬᠠᠮᠢᠶᠠᠷᠬᠤ ᠪᠣᠳᠠᠲᠠᠢ ᠠᠷᠭ᠎ᠠ ᠵᠢ ᠴᠠᠭ ᠲᠤᠬᠠᠢᠳᠤᠨᠢ ᠲᠣᠭᠲᠠᠭ᠋ᠠᠵᠤ᠂ ᠡᠷᠲᠡᠨ᠎ᠤ ᠮᠣᠳᠣ ᠨᠠᠷᠠᠲᠤ ᠮᠣᠳᠣ ᠵᠢ ᠨᠡᠢ᠌ᠳᠡᠮ ᠪᠠᠢ᠌ᠴᠠᠭ᠋ᠠᠬᠤ ᠪᠠ ᠬᠢᠨᠠᠨ ᠲᠣᠭᠲᠠᠭ᠋ᠠᠬᠤ᠂ ᠬᠠᠮᠢᠶᠠᠷᠴᠤ ᠬᠠᠮᠠᠭ᠋ᠠᠯᠠᠬᠤ ᠮᠡᠷᠭᠡᠵᠢᠯ᠎ᠤᠨ ᠵᠢᠷᠤᠮᠵᠢᠯ᠎ᠢ ᠲᠡᠭᠦᠯᠳᠡᠷᠵᠢᠭᠦᠯᠦᠨ᠂ ᠣᠷᠣᠨ ᠨᠤᠲᠤᠭ᠎ᠢ ᠵᠢᠯᠤᠭᠣᠳᠴᠤ ᠪᠠᠢ᠌ᠭ᠋ᠠᠳ ᠲᠣᠰ ᠭᠠᠵᠠᠷ᠎ᠤᠨ ᠪᠣᠳᠠᠲᠠᠢ᠎ᠲᠠᠢ᠎ᠪᠠᠨ ᠤᠶᠠᠯᠳᠤᠭᠤᠯᠤᠨ ᠣᠷᠣᠨ ᠨᠤᠲᠤᠭ᠎ᠤᠨ ᠴᠢᠨᠠᠷᠲᠠᠢ ᠬᠠᠤᠯᠢ ᠲᠣᠭᠲᠠᠭ᠋ᠠᠯ᠂ ᠳᠦᠷᠢᠮ ᠲᠣᠭᠲᠠᠭ᠋ᠠᠯ᠎ᠢ ᠲᠣᠭᠲᠠᠭ᠋ᠠᠨ ᠵᠠᠰᠠᠪᠤᠷᠢ ᠣᠷᠣᠭᠤᠯᠵᠤ᠂ ᠵᠣᠬᠢᠴᠠᠩᠭᠤᠢ ᠨᠢᠭᠡᠳᠦᠯᠲᠡᠢ ᠡᠷᠲᠡᠨ᠎ᠤ ᠮᠣᠳᠣ ᠨᠠᠷᠠᠲᠤ ᠮᠣᠳᠣ ᠵᠢ ᠬᠠᠮᠠᠭ᠋ᠠᠯᠠᠨ ᠬᠠᠮᠢᠶᠠᠷᠬᠤ ᠳᠦᠷᠢᠮ᠎ᠤᠨ ᠰᠢᠰᠲ᠋ᠧᠮᠵᠢ ᠵᠢ ᠪᠣᠶ ᠪᠣᠯᠭ᠋ᠠᠨ᠎ᠠ᠃ ᠭᠤᠷᠪᠠ᠎ᠳᠤ ᠬᠢᠨᠠᠯᠲᠠ ᠲᠠᠯᠪᠢᠵᠤ ᠪᠠᠢ᠌ᠴᠠᠭ᠋ᠠᠬᠤ ᠵᠢ ᠴᠢᠩᠭ᠋ᠠᠳᠬᠠᠨ᠎ᠠ᠃ ᠪᠠᠢ᠌ᠭ᠋ᠠᠯᠢ ᠵᠢᠨ ᠡᠬᠢ ᠪᠠᠶᠠᠯᠢᠭ᠎ᠤᠨ ᠶᠠᠮᠤᠨ᠂ ᠣᠷᠣᠨ ᠰᠠᠭᠤᠴᠠ ᠪᠠ ᠬᠣᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠶᠠᠮᠤᠨ᠂ ᠤᠯᠤᠰ᠎ᠤᠨ ᠣᠶ ᠰᠢᠭᠤᠢ ᠡᠪᠡᠰᠦ ᠪᠡᠯᠴᠢᠭᠡᠷ᠎ᠤᠨ ᠲᠣᠪᠴᠢᠶ᠎ᠠ᠎ᠠᠴᠠ ᠳᠣᠲᠣᠭ᠋ᠠᠳᠤ ᠵᠢ ᠬᠠᠮᠠᠭ᠋ᠠᠯᠠᠬᠤ ᠶᠠᠮᠤᠨ ᠵᠡᠷᠭᠡ ᠰᠠᠯᠠᠭ᠎ᠠ ᠮᠥᠴᠢᠷ᠎ᠲᠠᠢ ᠨᠢᠭᠳᠠ ᠬᠠᠮᠵᠢᠯᠴᠠᠨ ᠬᠠᠮᠲᠤᠷᠠᠨ ᠬᠦᠳᠡᠯᠦᠯᠴᠡᠵᠦ᠂ ᠡᠷᠲᠡᠨ᠎ᠤ ᠮᠣᠳᠣ ᠨᠠᠷᠠᠲᠤ ᠮᠣᠳᠣ ᠵᠢ ᠬᠠᠮᠠᠭ᠋ᠠᠯᠠᠵᠤ ᠬᠢᠨᠠᠯᠲᠠ ᠲᠠᠯᠪᠢᠬᠤ ᠬᠠᠤᠯᠢ ᠬᠡᠷᠡᠭᠵᠢᠭᠦᠯᠬᠦ ᠵᠢ ᠴᠢᠩᠭ᠋ᠠᠳᠬᠠᠨ᠂ ᠡᠷᠡᠭᠦᠦ ᠰᠢᠢ᠍ᠳᠬᠡᠯ᠎ᠢ ᠵᠣᠯᠭ᠋ᠠᠭᠤᠯᠬᠤ ᠵᠢ ᠴᠢᠩᠭ᠋ᠠᠳᠬᠠᠵᠤ᠂ ᠬᠢᠨᠠᠨ ᠬᠠᠮᠢᠶᠠᠷᠬᠤ ᠨᠡᠢ᠌ᠯᠡᠮᠡᠯ ᠬᠦᠴᠦᠨ᠎ᠢ ᠪᠣᠶ ᠪᠣᠯᠭ᠋ᠠᠵᠤ᠂ ᠬᠠᠤᠯᠢ᠎ᠠᠴᠠ ᠵᠥᠷᠢᠴᠡᠭᠰᠡᠨ ᠦᠢᠯᠡ ᠠᠵᠢᠯᠯᠠᠭ᠎ᠠ ᠵᠢ ᠴᠢᠩᠭ᠎ᠠ ᠪᠠᠢ᠌ᠴᠠᠭ᠋ᠠᠨ ᠰᠢᠢ᠍ᠳᠪᠦᠷᠢᠯᠡᠵᠦ᠂ 《ᠳᠦᠷᠢᠮ》᠎ᠤᠨ ᠲᠣᠭᠲᠠᠭ᠋ᠠᠯ᠎ᠢ ᠦᠨᠡᠨ ᠬᠦ᠌ ᠪᠣᠳᠠᠲᠠᠢ᠎ᠳᠤ ᠨᠠᠢ᠌ᠳᠠᠪᠤᠷᠢᠵᠢᠭᠤᠯᠤᠨ᠎ᠠ᠃