ᠲᠦᠷᠦᠭᠦᠬᠡᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠰᠣᠨᠢᠨ ᠮᠡᠳᠡᠭᠡᠨ᠎ᠤ ᠠᠯᠪᠠᠨ ᠭᠡᠷ ᠰᠣᠨᠢᠨ ᠮᠡᠳᠡᠭᠡ ᠨᠡᠢ᠌ᠲᠡᠯᠡᠬᠦ ᠬᠤᠷᠠᠯ ᠬᠤᠷᠠᠯᠳᠤᠭᠤᠯᠵᠤ᠂ ᠥᠪᠡᠷᠲᠡᠭᠡᠨ ᠵᠠᠰᠠᠬᠤ ᠣᠷᠣᠨ᠎ᠤ ᠨᠡᠢ᠌ᠭᠡᠮ᠎ᠤᠨ ᠰᠢᠨᠵᠢᠯᠡᠬᠦ ᠤᠬᠠᠭ᠋ᠠᠨ᠎ᠤ ᠬᠦᠷᠢᠶᠡᠯᠡᠩ᠎ᠤᠨ ᠬᠠᠮᠢᠶ᠎ᠠ ᠪᠦᠬᠦᠢ ᠬᠠᠷᠢᠭᠤᠴᠠᠯᠭ᠋ᠠᠲᠠᠨ ᠪᠣᠯᠣᠨ ᠬᠠᠮᠢᠶ᠎ᠠ ᠪᠦᠬᠦᠢ ᠬᠦᠷᠢᠶᠡᠨ᠎ᠤ ᠲᠤᠰᠬᠠᠢ ᠮᠡᠷᠭᠡᠵᠢᠯᠲᠡᠨ ᠡᠷᠳᠡᠮᠲᠡᠳ ᠰᠢᠷᠢᠰ ᠬᠥᠬᠡ ᠭᠠᠳᠠᠷᠲᠤ ᠪᠢᠴᠢᠭ᠎ᠢ ᠲᠠᠨᠢᠯᠴᠠᠭᠤᠯᠵᠤ᠂ ᠰᠤᠷᠪᠤᠯᠵᠢᠯᠠᠬ᠍ᠴᠢ ᠵᠢᠨ ᠠᠰᠠᠭᠤᠯᠲᠠ ᠵᠢ ᠬᠠᠷᠢᠭᠤᠯᠪᠠ᠃
《ᠥᠪᠥᠷ ᠮᠣᠩᠭᠣᠯ᠎ᠤᠨ ᠰᠢᠷᠢᠰ ᠬᠥᠬᠡ ᠭᠠᠳᠠᠷᠲᠤ ᠪᠢᠴᠢᠭ》 ᠪᠣᠯ ᠥᠪᠡᠷᠲᠡᠭᠡᠨ ᠵᠠᠰᠠᠬᠤ ᠣᠷᠣᠨ᠎ᠤ ᠨᠡᠢ᠌ᠭᠡᠮ᠎ᠤᠨ ᠰᠢᠨᠵᠢᠯᠡᠬᠦ ᠤᠬᠠᠭ᠋ᠠᠨ᠎ᠤ ᠬᠦᠷᠢᠶᠡᠯᠡᠩ᠎ᠠᠴᠠ ᠬᠦᠷᠢᠶᠡᠯᠡᠩ᠎ᠤᠨ ᠳᠣᠲᠣᠨ᠎ᠠ ᠭᠠᠳᠠᠨᠠᠬᠢ ᠲᠤᠰᠬᠠᠢ ᠮᠡᠷᠭᠡᠵᠢᠯᠲᠡᠨ ᠡᠷᠳᠡᠮᠲᠡᠨ᠎ᠢ ᠵᠣᠬᠢᠶᠠᠨ ᠪᠠᠢ᠌ᠭᠤᠯᠵᠤ ᠨᠠᠢ᠌ᠷᠠᠭᠤᠯᠤᠨ ᠪᠢᠴᠢᠭᠰᠡᠨ ᠣᠨ᠎ᠤ ᠰᠢᠷᠢᠰ ᠤᠶᠤᠨ᠎ᠤ ᠬᠥᠮᠥᠷᠭᠡ ᠵᠢᠨ ᠦᠷ᠎ᠡ ᠪᠦᠲᠦᠭᠡᠯ ᠪᠣᠯᠣᠨ᠎ᠠ᠂ ᠭᠣᠣᠯᠳᠠᠭᠤ ᠨᠠᠮ᠎ᠤᠨ ᠲᠥᠪ ᠬᠣᠷᠢᠶᠠᠨ᠎ᠤ ᠴᠢᠬᠤᠯᠠ ᠶᠡᠬᠡ ᠰᠢᠢ᠍ᠳᠪᠦᠷᠢᠲᠦ ᠪᠣᠳᠣᠯᠭ᠎ᠠ ᠪᠠᠢ᠌ᠷᠢᠯᠠᠭᠤᠯᠤᠯᠲᠠ ᠵᠢ ᠪᠣᠳᠠᠲᠠᠢ᠎ᠳᠤ ᠨᠠᠢ᠌ᠳᠠᠪᠤᠷᠢᠵᠢᠭᠤᠯᠬᠤ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠥᠪᠥᠷ ᠮᠣᠩᠭᠣᠯ᠎ᠤᠨ ᠴᠢᠨᠠᠷ ᠰᠠᠢ᠌ᠲᠠᠢ ᠬᠥᠭᠵᠢᠯᠲᠡ ᠳᠤᠮᠳᠠᠬᠢ ᠴᠢᠬᠤᠯᠠ ᠶᠡᠬᠡ ᠪᠣᠳᠠᠲᠤ ᠠᠰᠠᠭᠤᠳᠠᠯ᠎ᠢ ᠰᠢᠢ᠍ᠳᠪᠦᠷᠢᠯᠡᠬᠦ ᠵᠢᠨ ᠲᠣᠭᠣᠷᠢᠨ᠎ᠳᠤ ᠭᠠᠷᠭ᠋ᠠᠭᠰᠠᠨ ᠤᠤᠭ᠋ᠠᠯ ᠪᠦᠲᠦᠭᠡᠯᠴᠢ ᠴᠢᠨᠠᠷᠲᠠᠢ᠂ ᠪᠠᠷᠠᠯᠠᠯᠳᠤ ᠴᠢᠨᠠᠷᠲᠠᠢ᠂ ᠡᠭᠦᠳᠦᠯᠲᠡ ᠵᠢᠨ ᠴᠢᠨᠠᠷᠲᠠᠢ᠂ ᠪᠣᠳᠠᠲᠤ ᠦᠷ᠎ᠡ ᠪᠦᠲᠦᠮᠵᠢᠲᠦ ᠴᠢᠨᠠᠷᠲᠠᠢ ᠤᠨᠤᠯ᠎ᠤᠨ ᠰᠤᠳᠤᠯᠭ᠋ᠠᠨ᠎ᠤ ᠦᠷ᠎ᠡ ᠪᠦᠲᠦᠭᠡᠯ ᠪᠣᠯᠣᠨ᠎ᠠ᠃
2024 ᠣᠨ᠎ᠳᠤ᠂ ᠥᠪᠡᠷᠲᠡᠭᠡᠨ ᠵᠠᠰᠠᠬᠤ ᠣᠷᠣᠨ᠎ᠤ ᠨᠡᠢ᠌ᠭᠡᠮ᠎ᠤᠨ ᠰᠢᠨᠵᠢᠯᠡᠬᠦ ᠤᠬᠠᠭ᠋ᠠᠨ᠎ᠤ ᠬᠦᠷᠢᠶᠡᠯᠡᠩ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ ᠬᠥᠬᠡ ᠭᠠᠳᠠᠷᠲᠤ ᠪᠢᠴᠢᠭ 2023》 ᠲᠦᠷᠦᠯ ᠵᠦᠢ᠍ᠯ᠎ᠢ ᠵᠣᠬᠢᠶᠠᠨ ᠪᠠᠢ᠌ᠭᠤᠯᠤᠨ ᠨᠠᠢ᠌ᠷᠠᠭᠤᠯᠵᠤ᠂ 《ᠥᠪᠥᠷ ᠮᠣᠩᠭᠣᠯ᠎ᠤᠨ ᠬᠥᠬᠡ ᠭᠠᠳᠠᠷᠲᠤ ᠪᠢᠴᠢᠭ》᠎ᠤᠨ ᠲᠤᠰᠬᠠᠢ ᠲᠦᠷᠦᠯ ᠵᠦᠢ᠍ᠯ᠎ᠤᠨ 5 ᠰᠡᠳᠦᠪ᠎ᠢ ᠬᠡᠷᠡᠭᠵᠢᠭᠦᠯᠬᠦ᠎ᠪᠠᠷ ᠲᠣᠭᠲᠠᠵᠤ᠂ ᠤᠷᠢᠳ ᠬᠣᠵᠢᠳ 6 ᠬᠥᠬᠡ ᠭᠠᠳᠠᠷᠲᠤ ᠪᠢᠴᠢᠭ᠎ᠢ ᠨᠡᠢ᠌ᠲᠡᠯᠡᠪᠡ᠃ ᠡᠭᠦᠨ᠎ᠳᠤ᠂ 《ᠬᠠᠲᠤᠨ ᠭᠣᠣᠯ᠎ᠤᠨ ᠰᠠᠪᠠ ᠭᠠᠵᠠᠷ᠎ᠤᠨ ᠠᠮᠢ ᠠᠬᠤᠢ ᠵᠢᠨ ᠬᠠᠮᠠᠭ᠋ᠠᠯᠠᠯᠲᠠ ᠪᠠ ᠴᠢᠨᠠᠷ ᠰᠠᠢ᠌ᠲᠠᠢ ᠬᠥᠭᠵᠢᠯᠲᠡ ᠵᠢᠨ ᠮᠡᠳᠡᠭᠦᠯᠦᠯᠲᠡ 2024》 ᠵᠢ 2024 ᠣᠨ᠎ᠤ 9 ᠰᠠᠷ᠎ᠠ ᠵᠢᠨ 20᠎ᠤ ᠡᠳᠦᠷ ᠨᠡᠢ᠌ᠲᠡᠯᠡᠪᠡ᠃ ᠲᠣᠰ ᠤᠳᠠᠭ᠎ᠠ ᠨᠡᠢ᠌ᠲᠡᠯᠡᠭᠰᠡᠨ 《ᠥᠪᠥᠷ ᠮᠣᠩᠭᠣᠯ᠎ᠤᠨ ᠰᠢᠷᠢᠰ ᠬᠥᠬᠡ ᠭᠠᠳᠠᠷᠲᠤ ᠪᠢᠴᠢᠭ》᠎ᠨᠢ 5 ᠪᠣᠳᠢ᠎ᠪᠠᠷ ᠪᠦᠷᠢᠯᠳᠦᠵᠦ᠂ ᠲᠣᠰ ᠲᠣᠰ᠄ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ ᠬᠥᠬᠡ ᠭᠠᠳᠠᠷᠲᠤ ᠪᠢᠴᠢᠭ
2023》᠂ 《ᠥᠪᠥᠷ ᠮᠣᠩᠭᠣᠯ᠎ᠤᠨ ᠠᠵᠤ ᠠᠬᠤᠢ ᠨᠡᠢ᠌ᠭᠡᠮ᠎ᠤᠨ ᠬᠥᠭᠵᠢᠯᠲᠡ ᠵᠢᠨ ᠮᠡᠳᠡᠭᠦᠯᠦᠯᠲᠡ 2024—2025》᠂ 《ᠥᠪᠥᠷ ᠮᠣᠩᠭᠣᠯ᠎ᠤᠨ ᠠᠮᠢ ᠠᠬᠤᠢ ᠵᠢᠨ ᠪᠣᠯᠪᠠᠰᠤᠨ᠎ᠤ ᠪᠠᠢ᠌ᠭᠤᠯᠤᠯᠲᠠ ᠵᠢᠨ ᠮᠡᠳᠡᠭᠦᠯᠦᠯᠲᠡ 2024》᠂ 《ᠥᠪᠥᠷ ᠮᠣᠩᠭᠣᠯ᠎ᠤᠨ ᠤᠯᠤᠰ᠎ᠤᠨ ᠴᠢᠬᠤᠯᠠ ᠮᠠᠯ᠎ᠤᠨ ᠠᠰᠢᠭ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠤ ᠦᠢ᠍ᠯᠡᠳᠪᠦᠷᠢᠯᠡᠯ᠎ᠤᠨ ᠰᠠᠭᠤᠷᠢᠨ᠎ᠢ ᠪᠦᠲᠦᠭᠡᠨ ᠪᠠᠢ᠌ᠭᠤᠯᠬᠤ ᠰᠤᠳᠤᠯᠭ᠋ᠠᠨ᠎ᠤ ᠮᠡᠳᠡᠭᠦᠯᠦᠯᠲᠡ 2024》᠂ 《ᠥᠪᠥᠷ ᠮᠣᠩᠭᠣᠯ᠎ᠤᠨ ᠣᠯᠠᠨ ᠨᠡᠢ᠌ᠲᠡ ᠵᠢᠨ ᠦᠨᠳᠦᠰᠦᠨ ᠦᠢ᠍ᠯᠡᠴᠢᠯᠡᠭᠡᠨ᠎ᠤ ᠬᠥᠭᠵᠢᠯᠲᠡ ᠵᠢᠨ ᠮᠡᠳᠡᠭᠦᠯᠦᠯᠲᠡ 2024》 ᠵᠡᠷᠭᠡ ᠪᠣᠯᠣᠨ᠎ᠠ᠃ ᠡᠭᠦᠨ᠎ᠳᠤ᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ ᠬᠥᠬᠡ ᠭᠠᠳᠠᠷᠲᠤ ᠪᠢᠴᠢᠭ 2023》᠎ᠢ ᠥᠪᠥᠷ ᠮᠣᠩᠭᠣᠯ᠎ᠤᠨ ᠠᠷᠠᠳ᠎ᠤᠨ ᠬᠡᠪᠯᠡᠯ᠎ᠤᠨ ᠬᠣᠷᠢᠶ᠎ᠠ᠎ᠠᠴᠠ ᠬᠡᠪᠯᠡᠭᠦᠯᠵᠦ᠂ ᠪᠤᠰᠤᠳ 4 ᠬᠥᠬᠡ ᠭᠠᠳᠠᠷᠲᠤ ᠪᠢᠴᠢᠭ᠎ᠢ ᠨᠡᠢ᠌ᠭᠡᠮ᠎ᠤᠨ ᠰᠢᠨᠵᠢᠯᠡᠬᠦ ᠤᠬᠠᠭ᠋ᠠᠨ᠎ᠤ ᠲᠤᠯᠭᠤᠷ ᠪᠢᠴᠢᠭ᠎ᠤᠨ ᠬᠡᠪᠯᠡᠯ᠎ᠤᠨ ᠬᠣᠷᠢᠶ᠎ᠠ᠎ᠠᠴᠠ ᠬᠡᠪᠯᠡᠭᠦᠯᠪᠡ᠃