ᠡᠨᠡ ᠵᠢᠯ᠎ᠤᠨ ᠲᠦᠷᠦᠭᠦᠦ 2 ᠰᠠᠷ᠎ᠠ᠎ᠳᠤ ᠮᠠᠨ᠎ᠤ ᠤᠯᠤᠰ᠎ᠤᠨ ᠭᠣᠣᠯ ᠪᠤᠯᠬᠤ ᠠᠵᠤ ᠠᠬᠤᠢ ᠵᠢᠨ ᠭᠦᠢ᠍ᠴᠡᠳᠬᠡᠯ ᠲᠣᠭ᠎ᠠ ᠵᠢᠨ ᠢᠯᠡᠷᠡᠯ ᠶᠠᠮᠠᠷ ᠪᠤᠶ? ᠲᠦᠷᠦᠭᠦᠦ ᠤᠯᠠᠷᠢᠯ᠎ᠤᠨ ᠠᠵᠤ ᠠᠬᠤᠢ ᠵᠢᠨ ᠰᠠᠢ᠌ᠨ ᠡᠭᠢᠯᠡᠯᠲᠡ ᠵᠢ ᠪᠡᠶᠡᠯᠡᠭᠦᠯᠬᠦ᠂ ᠪᠦᠭᠦ ᠵᠢᠯ᠎ᠤᠨ ᠵᠢᠱ᠌ᠢᠭᠰᠡᠨ ᠬᠠᠷᠠᠯᠲᠠ ᠵᠢ ᠪᠡᠶᠡᠯᠡᠭᠦᠯᠬᠦ᠎ᠳᠤ ᠶᠠᠮᠠᠷ ᠶᠠᠮᠠᠷ ᠠᠰᠢᠭᠲᠠᠢ ᠨᠥᠬᠥᠴᠡᠯ ᠪᠦᠷᠢᠯᠳᠦᠭᠰᠡᠨ ᠪᠤᠢ?
ᠲᠥᠷᠥ ᠵᠢᠨ ᠶᠠᠪᠤᠳᠠᠯ᠎ᠤᠨ ᠬᠣᠷᠢᠶ᠎ᠠ ᠵᠢᠨ ᠰᠣᠨᠢᠨ ᠮᠡᠳᠡᠭᠡᠨ᠎ᠤ ᠠᠯᠪᠠᠨ ᠭᠡᠷ᠎ᠤᠨ 17᠎ᠤ ᠡᠳᠦᠷ ᠬᠢᠭᠰᠡᠨ ᠰᠣᠨᠢᠨ ᠮᠡᠳᠡᠭᠡ ᠨᠡᠢ᠌ᠲᠡᠯᠡᠬᠦ ᠬᠤᠷᠠᠯ ᠳᠡᠭᠡᠷ᠎ᠡ᠂ ᠤᠯᠤᠰ᠎ᠤᠨ ᠲᠣᠭ᠎ᠠ ᠪᠦᠷᠢᠳᠬᠡᠯ᠎ᠤᠨ ᠲᠣᠪᠴᠢᠶ᠎ᠠ ᠵᠢᠨ ᠰᠣᠨᠢᠨ ᠮᠡᠳᠡᠭᠡᠨ᠎ᠤ ᠥᠭᠦᠯᠡᠭᠴᠢ᠂ ᠤᠯᠤᠰ ᠠᠷᠠᠳ᠎ᠤᠨ ᠠᠵᠤ ᠠᠬᠤᠢ ᠵᠢᠨ ᠶᠡᠷᠦᠩᠬᠡᠢ᠌ᠯᠡᠭᠰᠡᠨ ᠲᠣᠭ᠎ᠠ ᠪᠦᠷᠢᠳᠬᠡᠯ᠎ᠤᠨ ᠵᠤᠷᠭ᠋ᠠᠨ᠎ᠤ ᠳᠠᠷᠤᠭ᠎ᠠ ᠹᠦ᠋ ᠯᠢᠩ ᠬᠣᠶ 1—2 ᠰᠠᠷ᠎ᠠ ᠵᠢᠨ ᠤᠯᠤᠰ ᠠᠷᠠᠳ᠎ᠤᠨ ᠠᠵᠤ ᠠᠬᠤᠢ ᠵᠢᠨ ᠡᠷᠭᠢᠯᠲᠡ ᠵᠢᠨ ᠪᠠᠢ᠌ᠳᠠᠯ᠎ᠢ ᠲᠠᠨᠢᠯᠴᠠᠭᠤᠯᠤᠭᠰᠠᠨ ᠪᠥᠭᠡᠳ ᠰᠤᠷᠪᠤᠯᠵᠢᠯᠠᠬ᠍ᠴᠢ ᠵᠢᠨ ᠠᠰᠠᠭᠤᠯᠲᠠ ᠵᠢ ᠬᠠᠷᠢᠭᠤᠯᠪᠠ᠃
ᠠᠵᠤ ᠠᠬᠤᠢ ᠵᠢᠨ ᠡᠷᠭᠢᠯᠲᠡ ᠲᠣᠭᠲᠠᠭᠤᠨ ᠡᠭᠢᠯᠡᠯᠳᠡ ᠵᠢ ᠪᠡᠶᠡᠯᠡᠭᠦᠯᠪᠡ
ᠡᠨᠡ ᠵᠢᠯ᠎ᠠᠴᠠ ᠨᠠᠭ᠋ᠠᠰᠢ᠂ ᠡᠯ᠎ᠡ ᠵᠦᠢ᠍ᠯ᠎ᠤᠨ ᠬᠣᠷᠸ᠎ᠠ ᠲᠥᠷᠥ ᠵᠢᠨ ᠪᠣᠳᠣᠯᠭ᠎ᠠ ᠵᠢᠨ ᠦᠷᠭᠦᠯᠵᠢᠯᠡᠨ ᠬᠦᠴᠦᠯᠡᠬᠦ ᠪᠠ ᠢᠯᠡᠳᠲᠡ ᠦᠷ᠎ᠡ ᠪᠦᠲᠦᠮᠵᠢ ᠣᠯᠬᠤ ᠵᠢ ᠳᠠᠭ᠋ᠠᠯᠳᠤᠨ᠂ ᠮᠠᠨ᠎ᠤ ᠤᠯᠤᠰ᠎ᠤᠨ ᠠᠵᠤ ᠠᠬᠤᠢ ᠵᠢᠨ ᠡᠷᠭᠢᠯᠲᠡ ᠲᠦᠷᠦᠭᠦᠦ ᠵᠢᠯ᠎ᠤᠨ ᠳᠥᠷᠪᠡᠳᠦᠭᠡᠷ ᠤᠯᠠᠷᠢᠯ᠎ᠠᠴᠠ ᠨᠠᠭ᠋ᠠᠰᠢᠬᠢ ᠰᠡᠷᠭᠦᠬᠦ ᠬᠠᠨᠳᠤᠰᠢ᠎ᠪᠠᠨ ᠪᠠᠲᠤᠯᠠᠵᠤ᠂ ᠲᠣᠭᠲᠠᠭᠤᠨ ᠡᠭᠢᠯᠡᠯᠳᠡ ᠵᠢ ᠪᠡᠶᠡᠯᠡᠭᠦᠯᠦᠭᠰᠡᠨ ᠪᠠᠢ᠌ᠨ᠎ᠠ᠃
ᠦᠢ᠍ᠯᠡᠳᠪᠦᠷᠢᠯᠡᠯ᠎ᠤᠨ ᠲᠠᠯ᠎ᠠ᠎ᠠᠴᠠ ᠦᠵᠡᠪᠡᠯ᠂ 1—2 ᠰᠠᠷ᠎ᠠ ᠪᠤᠯᠲᠠᠯ᠎ᠠ᠂ ᠪᠦᠭᠦ ᠤᠯᠤᠰ᠎ᠤᠨ ᠬᠡᠪᠴᠢᠶᠡᠵᠢᠯ᠎ᠠᠴᠠ ᠳᠡᠭᠡᠭᠰᠢᠬᠢ ᠠᠵᠤ ᠦᠢ᠍ᠯᠡᠳᠪᠦᠷᠢ ᠵᠢᠨ ᠨᠡᠮᠡᠭᠳᠡᠯ ᠦᠷᠳᠡᠭ ᠠᠳᠠᠯᠢ ᠬᠤᠭᠤᠴᠠᠭ᠋ᠠᠨ᠎ᠤ᠎ᠬᠢ᠎ᠠᠴᠠ 5.9%᠎ᠪᠠᠷ ᠨᠡᠮᠡᠭᠳᠡᠵᠦ᠂ ᠳᠡᠭᠡᠷ᠎ᠡ ᠵᠢᠯ᠎ᠤᠨ᠎ᠬᠢ᠎ᠠᠴᠠ ᠵᠠᠭᠤᠨ᠎ᠤ ᠬᠠᠷᠢᠴᠠᠯ ᠵᠶ᠋ᠠᠷ 0.1 ᠬᠤᠪᠢ ᠲᠦᠷᠭᠡᠨ ᠪᠣᠯᠪᠠ᠃
ᠦᠢ᠍ᠯᠡᠴᠢᠯᠡᠭᠡᠨ᠎ᠤ ᠦᠢ᠍ᠯᠡᠰ᠎ᠤᠨ ᠨᠡᠮᠡᠭᠳᠡᠯ᠎ᠤᠨ ᠬᠠᠨᠳᠤᠰᠢ ᠨᠡᠯᠢᠶᠡᠳ ᠰᠠᠢ᠌ᠨ ᠪᠠᠢ᠌ᠵᠤ᠂ ᠣᠳᠣ ᠦᠶ᠎ᠡ ᠵᠢᠨ ᠦᠢ᠍ᠯᠡᠴᠢᠯᠡᠭᠡᠨ᠎ᠤ ᠦᠢ᠍ᠯᠡᠰ ᠨᠡᠯᠢᠶᠡᠳ ᠲᠦᠷᠭᠡᠨ ᠨᠡᠮᠡᠭᠳᠡᠪᠡ᠃ 1— 2 ᠰᠠᠷ᠎ᠠ᠎ᠳᠤ᠂ ᠪᠦᠭᠦ ᠤᠯᠤᠰ᠎ᠤᠨ ᠦᠢ᠍ᠯᠡᠴᠢᠯᠡᠭᠡᠨ᠎ᠤ ᠦᠢ᠍ᠯᠡᠰ᠎ᠤᠨ ᠦᠢ᠍ᠯᠡᠳᠪᠦᠷᠢᠯᠡᠯ᠎ᠤᠨ ᠵᠢᠭ᠋ᠠᠯᠲᠠ ᠲᠣᠭ᠎ᠠ ᠳᠡᠭᠡᠷ᠎ᠡ ᠵᠢᠯ᠎ᠤᠨ ᠠᠳᠠᠯᠢ
ᠬᠤᠭᠤᠴᠠᠭ᠋ᠠᠨ᠎ᠤ᠎ᠬᠢ᠎ᠠᠴᠠ 5.6%᠎ᠪᠠᠷ ᠨᠡᠮᠡᠭᠳᠡᠵᠦ᠂ ᠳᠡᠭᠡᠷ᠎ᠡ ᠵᠢᠯ᠎ᠤᠨ ᠪᠦᠭᠦ ᠵᠢᠯ᠎ᠤᠨ᠎ᠬᠢ᠎ᠠᠴᠠ ᠵᠠᠭᠤᠨ᠎ᠤ ᠬᠠᠷᠢᠴᠠᠯ ᠵᠶ᠋ᠠᠷ 0.4 ᠬᠤᠪᠢ ᠲᠦᠷᠭᠡᠨ ᠪᠣᠯᠪᠠ᠃
ᠬᠡᠷᠡᠭᠴᠡᠭᠡ ᠵᠢᠨ ᠲᠠᠯ᠎ᠠ᠎ᠠᠴᠠ ᠦᠵᠡᠪᠡᠯ᠂ ᠵᠠᠬ᠎ᠠ ᠳᠡᠯᠭᠡᠭᠦᠷ᠎ᠤᠨ ᠪᠣᠷᠤᠯᠠᠭᠤᠯᠭ᠎ᠠ ᠵᠢᠨ ᠨᠡᠮᠡᠭᠳᠡᠯ ᠲᠦᠷᠭᠡᠳᠴᠦ᠂ ᠬᠠᠭᠤᠴᠢᠨ ᠵᠶ᠋ᠠᠷ ᠰᠢᠨ᠎ᠡ ᠵᠢ ᠰᠣᠯᠢᠬᠤ ᠬᠣᠯᠪᠣᠭᠳᠠᠯ ᠪᠦᠬᠦᠢ ᠲᠠᠸᠠᠷ᠎ᠤᠨ ᠪᠣᠷᠤᠯᠠᠭᠤᠯᠭ᠎ᠠ ᠨᠡᠯᠢᠶᠡᠳ ᠰᠠᠢ᠌ᠨ ᠪᠠᠢ᠌ᠨ᠎ᠠ᠃ 1—2 ᠰᠠᠷ᠎ᠠ᠎ᠳᠤ᠂ ᠨᠡᠢ᠌ᠭᠡᠮ᠎ᠤᠨ ᠬᠡᠷᠡᠭᠯᠡᠭᠡ ᠵᠢᠨ ᠵᠦᠢ᠍ᠯ᠎ᠢ ᠵᠢᠵᠢᠭᠯᠡᠨ ᠬᠤᠳᠠᠯᠳᠤᠭᠰᠠᠨ ᠶᠡᠷᠦᠩᠬᠡᠢ ᠬᠡᠮᠵᠢᠶ᠎ᠡ 83731 ᠳ᠋ᠦᠩᠰᠢᠭᠤᠷ ᠲᠥᠭᠥᠷᠢᠭ᠎ᠲᠤ ᠬᠦᠷᠴᠦ᠂ ᠠᠳᠠᠯᠢ ᠬᠤᠭᠤᠴᠠᠭ᠋ᠠᠨ᠎ᠤ᠎ᠬᠢ᠎ᠠᠴᠠ 4%᠎ᠪᠠᠷ ᠨᠡᠮᠡᠭᠳᠡᠵᠦ᠂ ᠳᠡᠭᠡᠷ᠎ᠡ ᠵᠢᠯ᠎ᠤᠨ ᠪᠦᠭᠦ ᠵᠢᠯ᠎ᠤᠨ᠎ᠬᠢ᠎ᠠᠴᠠ ᠵᠠᠭᠤᠨ᠎ᠤ ᠬᠠᠷᠢᠴᠠᠯ ᠵᠶ᠋ᠠᠷ 0.5 ᠬᠤᠪᠢ ᠲᠦᠷᠭᠡᠨ ᠪᠣᠯᠪᠠ᠃
ᠠᠵᠢᠯ ᠣᠯᠭᠣᠯᠲᠠ ᠵᠢᠨ ᠪᠠᠢ᠌ᠳᠠᠯ᠎ᠠᠴᠠ ᠦᠵᠡᠪᠡᠯ᠂ ᠬᠡᠳᠦᠢ᠌ᠪᠡᠷ ᠴᠠᠭ᠋ᠠᠨ ᠰᠠᠷ᠎ᠠ ᠵᠢᠨ ᠬᠡᠷᠡᠭᠯᠡᠭᠡ
ᠬᠥᠭᠵᠢᠶᠡᠨ᠎ᠲᠠᠢ ᠪᠠᠢ᠌ᠬᠤ ᠵᠡᠷᠭᠡ ᠨᠥᠯᠥᠭᠡ ᠪᠠᠢ᠌ᠪᠠᠴᠤ᠂ ᠬᠣᠲᠠ ᠪᠠᠯᠭ᠋ᠠᠰᠤᠨ᠎ᠤ ᠪᠠᠢ᠌ᠴᠠᠭ᠋ᠠᠭᠰᠠᠨ ᠠᠵᠢᠯ ᠠᠯᠳᠠᠯᠲᠠ ᠵᠢᠨ ᠨᠣᠷᠮ᠎ᠠ ᠬᠡᠯᠪᠡᠯᠵᠡᠯᠲᠡ᠎ᠲᠠᠢ ᠪᠤᠯᠪᠠᠴᠤ ᠠᠵᠢᠯ ᠣᠯᠭᠣᠯᠲᠠ ᠵᠢᠨ ᠦᠨᠳᠦᠰᠦᠨ ᠪᠠᠢ᠌ᠳᠠᠯ ᠶᠡᠷᠦᠩᠬᠡᠢ᠎ᠳᠡᠭᠡᠨ ᠲᠣᠭᠲᠠᠭᠤᠨ ᠪᠠᠢ᠌ᠨ᠎ᠠ᠃
ᠹᠦ᠋ ᠯᠢᠩ ᠬᠤᠢ᠂ ᠲᠦᠷᠦᠭᠦᠦ ᠬᠣᠶᠠᠷ ᠰᠠᠷ᠎ᠠ ᠵᠢᠨ ᠠᠵᠤ ᠠᠬᠤᠢ ᠵᠢᠨ ᠡᠷᠭᠢᠯᠲᠡ ᠶᠡᠷᠦᠩᠬᠡᠢ᠎ᠳᠡᠭᠡᠨ ᠲᠣᠭᠲᠠᠭᠤᠨ ᠪᠠᠢ᠌ᠵᠤ᠂ ᠭᠠᠳᠠᠨᠠᠬᠢ ᠠᠰᠢᠭ ᠦᠭᠡᠢ ᠨᠥᠯᠥᠭᠡ ᠭᠦᠨᠵᠡᠭᠡᠢ᠌ᠷᠡᠵᠦ᠂ ᠳᠡᠭᠡᠷ᠎ᠡ ᠵᠢᠯ᠎ᠤᠨ ᠠᠳᠠᠯᠢ ᠬᠤᠭᠤᠴᠠᠭ᠋ᠠᠨ᠎ᠤ ᠰᠠᠭᠤᠷᠢ ᠲᠣᠭ᠎ᠠ ᠨᠡᠯᠢᠶᠡᠳ ᠥᠨᠳᠥᠷ ᠨᠥᠬᠥᠴᠡᠯ ᠳᠣᠣᠷ᠎ᠠ ᠪᠡᠶᠡᠯᠡᠭᠳᠡᠭᠰᠡᠨ᠎ᠨᠢ ᠮᠠᠰᠢ ᠭᠢᠯᠪᠠᠷ ᠪᠤᠰᠤ ᠶᠤᠮ᠂ ᠮᠠᠨ᠎ᠤ ᠤᠯᠤᠰ᠎ᠤᠨ ᠠᠵᠤ ᠠᠬᠤᠢ ᠵᠢᠨ ᠬᠦᠴᠦᠷᠬᠡᠭ ᠶᠡᠬᠡ ᠤᠶᠠᠨ ᠬᠠᠳᠠᠨ ᠴᠢᠨᠠᠷ᠎ᠢ ᠢᠯᠡᠷᠡᠭᠦᠯᠪᠡ ᠭᠡᠵᠡᠢ᠃
ᠬᠥᠭᠵᠢᠯᠲᠡ ᠵᠢᠨ ᠪᠠᠢ᠌ᠳᠠᠯ ᠰᠢᠨᠡᠳᠦᠨ ᠰᠠᠢ᠌ᠵᠢᠷᠠᠪᠠ
ᠹᠦ᠋ ᠯᠢᠩ ᠬᠤᠢ᠂ ᠲᠦᠷᠦᠭᠦᠦ ᠬᠣᠶᠠᠷ ᠰᠠᠷ᠎ᠠ ᠵᠢᠨ ᠪᠠᠢ᠌ᠳᠠᠯ᠎ᠠᠴᠠ ᠦᠵᠡᠪᠡᠯ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠲᠠᠰᠤᠷᠠᠯᠲᠠ ᠦᠭᠡᠢ ᠰᠢᠪᠲᠤᠯᠤᠯᠲᠠ᠎ᠲᠠᠢ ᠪᠣᠯᠵᠤ᠂ ᠰᠢᠨ᠎ᠡ ᠠᠵᠤ ᠦᠢ᠍ᠯᠡᠰ᠎ᠤᠨ ᠬᠥᠭᠵᠢᠯᠲᠡ ᠰᠠᠢ᠌ᠵᠢᠷᠠᠵᠤ᠂ ᠲᠣᠭ᠋ᠠᠴᠢᠯᠠᠭᠰᠠᠨ ᠠᠵᠤ ᠠᠬᠤᠢ᠂ ᠪᠣᠬᠢᠷᠳᠤᠯ ᠦᠭᠡᠢ ᠠᠵᠤ ᠠᠬᠤᠢ ᠦᠷᠭᠦᠯᠵᠢᠯᠡᠨ ᠪᠤᠵᠠᠭ᠋ᠠᠢ᠌ᠷᠠᠵᠤ᠂ ᠤᠯᠠᠮᠵᠢᠯᠠᠯᠲᠤ ᠠᠵᠤ ᠦᠢ᠍ᠯᠡᠰ᠎ᠤᠨ ᠭᠡᠯᠪᠡᠷᠢ᠎ᠪᠠᠨ ᠬᠤᠪᠢᠷᠠᠭᠤᠯᠤᠨ ᠲᠡᠰ ᠳᠡᠪᠰᠢᠭᠦᠯᠬᠦ ᠠᠵᠢᠯ ᠲᠣᠭᠲᠠᠭᠤᠨ ᠵᠶ᠋ᠠᠷ ᠠᠬᠢᠵᠤ᠂ ᠰᠢᠨ᠎ᠡ ᠴᠢᠨᠠᠷ᠎ᠤᠨ ᠦᠢ᠍ᠯᠡᠳᠪᠦᠷᠢᠯᠡᠯ᠎ᠤᠨ ᠬᠦᠴᠦᠨ᠎ᠤ ᠬᠥᠭᠵᠢᠯᠲᠡ ᠰᠢᠨ᠎ᠡ ᠠᠬᠢᠴᠠ᠎ᠲᠠᠢ ᠪᠣᠯᠵᠠᠢ᠃
ᠡᠨᠡ ᠵᠢᠯ᠎ᠤᠨ ᠲᠦᠷᠦᠭᠦᠦ ᠬᠣᠶᠠᠷ ᠰᠠᠷ᠎ᠠ᠎ᠳᠤ᠂ ᠬᠡᠪᠴᠢᠶᠡᠵᠢᠯ᠎ᠠᠴᠠ ᠳᠡᠭᠡᠭᠰᠢᠬᠢ ᠳᠡᠭᠡᠳᠦ ᠮᠡᠷᠭᠡᠵᠢᠯ᠎ᠤᠨ ᠦᠢ᠍ᠯᠡᠳᠬᠦ ᠦᠢ᠍ᠯᠡᠰ᠎ᠤᠨ ᠨᠡᠮᠡᠭᠳᠡᠯ ᠥᠷᠲᠡᠭ ᠠᠳᠠᠯᠢ ᠬᠤᠭᠤᠴᠠᠭ᠋ᠠᠨ᠎ᠤ᠎ᠬᠢ᠎ᠠᠴᠠ 9.1%᠎ᠪᠠᠷ ᠨᠡᠮᠡᠭᠳᠡᠵᠦ᠂ ᠲᠦᠷᠦᠭᠦᠦ ᠵᠢᠯ᠎ᠤᠨ ᠪᠦᠭᠦ ᠵᠢᠯ᠎ᠤᠨ᠎ᠬᠢ᠎ᠠᠴᠠ ᠵᠠᠭᠤᠨ᠎ᠤ ᠬᠠᠷᠢᠴᠠᠯ ᠵᠢᠡᠷ 0.2 ᠬᠤᠪᠢ ᠲᠦᠷᠭᠡᠨ ᠪᠣᠯᠪᠠ᠃ ᠤᠯᠤᠰ᠎ᠲᠠᠭᠠᠨ ᠦᠢ᠍ᠯᠡᠳᠪᠦᠷᠢᠯᠡᠭᠰᠡᠨ ᠵᠣᠬᠢᠶᠠᠮᠠᠯ ᠤᠶᠤᠨ ᠴᠢᠳᠠᠪᠤᠷᠢ ᠵᠢᠨ ᠲᠣᠮᠣ ᠵᠠᠭᠪᠤᠷ ᠲᠦᠷᠭᠡᠨ ᠬᠥᠭᠵᠢᠵᠦ᠂ 《ᠵᠣᠬᠢᠶᠠᠮᠠᠯ ᠤᠶᠤᠨ ᠴᠢᠳᠠᠪᠤᠷᠢ +》 ᠵᠡᠷᠭᠡ ᠰᠢᠨ᠎ᠡ ᠵᠢ ᠡᠭᠦᠳᠦᠭᠰᠡᠨ ᠦᠢ᠍ᠯᠡᠳᠬᠦᠨ ᠲᠦᠷᠭᠡᠨ ᠪᠤᠢ ᠪᠣᠯᠵᠤ᠂ ᠳᠡᠭᠡᠳᠦ ᠲᠡᠰ᠎ᠤᠨ ᠦᠢ᠍ᠯᠡᠳᠬᠦ ᠦᠢ᠍ᠯᠡᠰ᠎ᠤᠨ ᠲᠦᠷᠭᠡᠨ ᠬᠥᠭᠵᠢᠯᠲᠡ ᠵᠢ ᠲᠠᠢ᠌ᠴᠢᠯᠠᠪᠠ᠃
ᠲᠣᠭ᠋ᠠᠴᠢᠯᠠᠭᠰᠠᠨ ᠠᠵᠤ ᠠᠬᠤᠢ ᠵᠢᠨ ᠬᠥᠭᠵᠢᠯᠲᠡ ᠵᠢᠨ ᠬᠠᠨᠳᠤᠰᠢ ᠰᠠᠢ᠌ᠵᠢᠷᠠᠪᠠ᠃ ᠠᠵᠢᠯ ᠲᠥᠷᠥᠯ᠎ᠠᠴᠠ ᠦᠵᠡᠪᠡᠯ᠂ ᠲᠦᠷᠦᠭᠦᠦ ᠬᠣᠶᠠᠷ ᠰᠠᠷ᠎ᠠ᠎ᠳᠤ᠂ ᠬᠡᠪᠴᠢᠶᠡᠵᠢᠯ᠎ᠠᠴᠠ ᠳᠡᠭᠡᠭᠰᠢᠬᠢ ᠲᠣᠭ᠋ᠠᠴᠢᠯᠠᠭᠰᠠᠨ ᠦᠢ᠍ᠯᠡᠳᠬᠦᠨ ᠦᠢ᠍ᠯᠡᠳᠬᠦ ᠦᠢ᠍ᠯᠡᠰ᠎ᠤᠨ ᠨᠡᠮᠡᠭᠳᠡᠯ ᠥᠷᠲᠡᠭ ᠠᠳᠠᠯᠢ ᠬᠤᠭᠤᠴᠠᠭ᠋ᠠᠨ᠎ᠤ᠎ᠬᠢ᠎ᠠᠴᠠ 9.1%᠎ᠪᠠᠷ ᠨᠡᠮᠡᠭᠳᠡᠵᠦ᠂ ᠮᠡᠳᠡᠭᠡ ᠵᠠᠩᠭᠢ ᠵᠢᠨ ᠳᠠᠮᠵᠢᠭᠤᠯᠭ᠎ᠠ ᠵᠢᠨ ᠵᠥᠭᠡᠯᠡᠨ ᠲᠣᠨᠣᠭ ᠪᠠ ᠮᠡᠳᠡᠭᠡ ᠵᠠᠩᠭᠢ ᠵᠢᠨ ᠮᠡᠷᠭᠡᠵᠢᠯ᠎ᠤᠨ ᠦᠢ᠍ᠯᠡᠴᠢᠯᠡᠭᠡᠨ᠎ᠤ ᠦᠢ᠍ᠯᠡᠰ᠎ᠤᠨ ᠦᠢ᠍ᠯᠡᠳᠪᠦᠷᠢᠯᠡᠯ᠎ᠤᠨ ᠵᠢᠭ᠋ᠠᠯᠲᠠ ᠲᠣᠭ᠎ᠠ 9.3%᠎ᠪᠠᠷ ᠨᠡᠮᠡᠭᠳᠡᠪᠡ᠃ ᠦᠢ᠍ᠯᠡᠳᠬᠦᠨ᠎ᠠᠴᠠ ᠦᠵᠡᠪᠡᠯ᠂ 3D ᠳᠠᠷᠤᠮᠠᠯᠯᠠᠬᠤ ᠲᠤᠨᠤᠭ ᠲᠥᠬᠦᠭᠡᠷᠦᠮᠵᠢ᠂ ᠳᠠᠭᠤᠷᠢᠶᠠᠮᠠᠯ ᠪᠣᠳᠠᠲᠤ ᠠᠬᠤᠢ ᠵᠢᠨ ᠲᠤᠨᠤᠭ ᠲᠥᠬᠦᠭᠡᠷᠦᠮᠵᠢ ᠵᠡᠷᠭᠡ ᠣᠶᠤᠨᠴᠢ ᠦᠢ᠍ᠯᠡᠳᠬᠦᠨ᠎ᠤ ᠦᠢ᠍ᠯᠡᠳᠪᠦᠷᠢᠯᠡᠯ ᠲᠣᠰ ᠲᠣᠰ 30.2%᠂ 37.7%᠎ᠪᠠᠷ ᠨᠡᠮᠡᠭᠳᠡᠪᠡ᠃
ᠪᠣᠬᠢᠷᠳᠤᠯ ᠦᠭᠡᠢ ᠠᠵᠤ ᠦᠢ᠍ᠯᠡᠰ ᠥᠷᠨᠢᠨ ᠬᠥᠭᠵᠢᠵᠦ᠂ ᠠᠵᠤ ᠦᠢ᠍ᠯᠡᠰ᠎ᠤᠨ ᠭᠡᠯᠪᠡᠷᠢ᠎ᠪᠠᠨ ᠬᠤᠪᠢᠷᠠᠭᠤᠯᠤᠨ ᠳᠡᠰ ᠳᠡᠪᠰᠢᠬᠦ ᠠᠯᠬᠤᠮ ᠯᠠᠪᠳᠠᠭᠤᠨ ᠪᠠᠲᠤᠲᠠᠢ ᠠᠬᠢᠪᠠ᠃ ᠲᠦᠷᠦᠭᠦᠦ ᠬᠣᠶᠠᠷ ᠰᠠᠷ᠎ᠠ᠎ᠳᠤ᠂ ᠬᠡᠪᠴᠢᠶᠡᠵᠢᠯ᠎ᠠᠴᠠ ᠳᠡᠭᠡᠭᠰᠢᠬᠢ ᠠᠵᠤ ᠦᠢ᠍ᠯᠡᠳᠪᠦᠷᠢ ᠵᠢᠨ ᠰᠠᠯᠬᠢᠨ ᠬᠦᠴᠦᠨ᠂ ᠨᠡᠷᠡᠨ᠎ᠤ ᠡᠨᠧᠷᠭᠢ ᠵᠢᠨ ᠴᠠᠭᠢᠯᠭ᠋ᠠᠨ ᠭᠠᠷᠭ᠋ᠠᠬᠤ ᠬᠡᠮᠵᠢᠶ᠎ᠡ ᠠᠳᠠᠯᠢ ᠬᠤᠭᠤᠴᠠᠭ᠋ᠠᠨ᠎ᠤ᠎ᠬᠢ᠎ᠠᠴᠠ ᠲᠣᠰ ᠲᠣᠰ 10.4% ᠪᠠ 27.4%᠎ᠪᠠᠷ ᠨᠡᠮᠡᠭᠳᠡᠵᠦ᠂ ᠰᠢᠨ᠎ᠡ ᠡᠨᠧᠷᠭᠢ ᠵᠢᠨ ᠮᠠᠰᠢᠨ ᠲᠡᠷᠭᠡ᠂ ᠮᠠᠰᠢᠨ ᠲᠡᠷᠭᠡᠨ᠎ᠤ ᠯᠢᠲ᠋ᠢ ᠢᠶᠤᠨ᠎ᠤ ᠬᠥᠳᠡᠯᠭᠡᠬᠦ ᠬᠦᠴᠦᠨ᠎ᠤ ᠳ᠋ᠢᠶᠠᠨ ᡂᠢ᠂ ᠨᠡᠭᠦᠷᠡᠰᠦᠲᠥ᠋ᠷᠥᠭᠴᠢ ᠵᠢᠨ ᠰᠢᠷᠬᠡᠭᠯᠢᠭ ᠵᠢᠴᠢ ᠲᠡᠭᠦᠨ᠎ᠤ ᠨᠡᠢ᠌ᠯᠡᠮᠡᠯ ᠮᠠᠲ᠋ᠧᠷᠢᠶᠠᠯ ᠵᠡᠷᠭᠡ ᠪᠣᠬᠢᠷᠳᠤᠯ ᠦᠭᠡᠢ ᠦᠢ᠍ᠯᠡᠳᠬᠦᠨ᠎ᠢ ᠬᠡᠷᠡᠭᠯᠡᠭᠰᠡᠨ ᠪᠠᠢ᠌ᠳᠠᠯ ᠲᠣᠰ ᠲᠣᠰ 47.7%᠂ 35.4%᠂ 51.5%᠎ᠪᠠᠷ ᠨᠡᠮᠡᠭᠳᠡᠪᠡ᠃
ᠵᠢᠱ᠌ᠢᠯᠲᠡ᠎ᠪᠠᠷ ᠲᠦᠷᠦᠭᠦᠦ ᠤᠯᠠᠷᠢᠯ᠎ᠳᠤ ᠠᠵᠤ ᠠᠬᠤᠢ ᠵᠢᠨ ᠡᠷᠭᠢᠯᠲᠡ ᠶᠡᠷᠦᠩᠬᠡᠢ᠎ᠳᠡᠭᠡᠨ ᠲᠣᠭᠲᠠᠭᠤᠨ ᠪᠠᠢ᠌ᠵᠤ᠂ ᠲᠣᠭᠲᠠᠭᠤᠨ᠎ᠤ ᠳᠤᠮᠳᠠ ᠠᠬᠢᠯᠲᠠ᠎ᠲᠠᠢ ᠪᠣᠯᠣᠨ᠎ᠠ
ᠲᠦᠷᠦᠭᠦᠦ ᠤᠯᠠᠷᠢᠯ᠎ᠤᠨ ᠠᠵᠤ ᠠᠬᠤᠢ ᠵᠢᠨ ᠡᠷᠭᠢᠯᠲᠡ ᠵᠢᠨ ᠪᠠᠢ᠌ᠳᠠᠯ᠎ᠤᠨ ᠲᠤᠬᠠᠢ ᠹᠦ᠋ ᠯᠢᠩ ᠬᠤᠢ᠂ ᠬᠡᠳᠦᠢ᠌ᠪᠡᠷ ᠭᠠᠳᠠᠭ᠋ᠠᠳᠤ ᠣᠷᠴᠢᠨ ᠨᠡᠩ ᠨᠠᠷᠢᠨ ᠪᠤᠳᠤᠯᠢᠶᠠᠨᠲᠠᠢ ᠠᠰᠢᠭ ᠦᠭᠡᠢ ᠪᠣᠯᠵᠤ᠂ ᠭᠠᠭᠴᠠ ᠲᠠᠯᠠᠲᠤ ᠦᠵᠡᠯ᠂ ᠬᠠᠮᠠᠭ᠋ᠠᠯᠠᠬᠤ ᠦᠵᠡᠯ ᠬᠡᠴᠡᠭᠦᠳᠡᠵᠦ᠂ ᠤᠯᠤᠰ᠎ᠤᠨ ᠳᠣᠲᠣᠭ᠋ᠠᠳᠤ ᠵᠢᠨ ᠬᠡᠷᠡᠭᠴᠡᠭᠡ ᠪᠠᠭᠤᠷᠠᠢ ᠪᠣᠯᠵᠤ᠂ ᠬᠡᠰᠡᠭ ᠠᠵᠤ ᠠᠬᠤᠢ᠌ᠯᠠᠯ᠎ᠤᠨ ᠦᠢ᠍ᠯᠡᠳᠪᠦᠷᠢᠯᠡᠯ ᠡᠵᠡᠩᠨᠡᠯᠲᠡ ᠬᠦᠴᠢᠷᠳᠡᠯᠲᠡᠢ ᠪᠣᠯᠤᠭᠰᠠᠨ ᠪᠤᠯᠪᠠᠴᠤ ᠮᠠᠨ᠎ᠤ ᠤᠯᠤᠰ᠎ᠤᠨ ᠠᠵᠤ ᠠᠬᠤᠢ ᠵᠢᠨ ᠤᠷᠳᠤ ᠬᠤᠭᠤᠴᠠᠭ᠎ᠠ᠎ᠪᠠᠷ ᠰᠠᠢ᠌ᠵᠢᠷᠠᠬᠤ ᠦᠨᠳᠦᠰᠦᠨ ᠬᠠᠨᠳᠤᠰᠢ ᠬᠤᠪᠢᠷᠠᠬᠤ ᠦᠭᠡᠢ ᠶᠤᠮ ᠭᠡᠪᠡ᠃
ᠡᠨᠡ ᠵᠢᠯ᠎ᠤᠨ ᠲᠦᠷᠦᠭᠦᠦ ᠬᠣᠶᠠᠷ ᠰᠠᠷ᠎ᠠ᠎ᠳᠤ᠂ ᠦᠢ᠍ᠯᠡᠳᠪᠦᠷᠢᠯᠡᠯ ᠬᠠᠩᠭ᠋ᠠᠯᠭ᠎ᠠ ᠲᠣᠭᠲᠠᠭᠤᠨ ᠵᠶ᠋ᠠᠷ ᠨᠡᠮᠡᠭᠳᠡᠵᠦ᠂ ᠬᠡᠷᠡᠭᠯᠡᠭᠡ ᠵᠢᠨ ᠪᠡᠯᠡ ᠣᠷᠣᠭᠤᠯᠤᠯᠲᠠ ᠲᠣᠭᠲᠠᠭᠤᠨ᠎ᠤ ᠳᠤᠮᠳᠠ ᠳᠡᠭᠡᠭᠰᠢᠯᠡᠵᠦ᠂ ᠭᠣᠣᠯ ᠪᠤᠯᠬᠤ ᠭᠦᠢ᠍ᠴᠡᠳᠬᠡᠯ ᠲᠣᠭ᠎ᠠ ᠵᠢᠨ ᠨᠡᠮᠡᠭᠳᠡᠯ᠎ᠤᠨ ᠬᠤᠷᠳᠤᠴᠠ ᠵᠢᠨ ᠣᠯᠠᠩᠬᠢ᠎ᠨᠢ ᠲᠦᠷᠦᠭᠦᠦ ᠵᠢᠯ᠎ᠤᠨ ᠪᠦᠭᠦ ᠵᠢᠯ᠎ᠠᠴᠠ ᠲᠦᠷᠭᠡᠨ ᠪᠣᠯᠵᠤ᠂ ᠲᠦᠷᠦᠭᠦᠦ ᠤᠯᠠᠷᠢᠯ᠎ᠤᠨ ᠠᠵᠤ ᠠᠬᠤᠢ ᠵᠢᠨ ᠲᠣᠭᠲᠠᠭᠤᠨ ᠡᠭᠢᠯᠡᠯᠲᠡ᠎ᠳᠤ ᠨᠡᠯᠢᠶᠡᠳ ᠰᠠᠢ᠌ᠨ ᠰᠠᠭᠤᠷᠢ ᠵᠢ ᠲᠠᠯᠪᠢᠵᠤ ᠥᠭᠴᠡᠢ᠃ 《ᠬᠣᠶᠠᠷ ᠴᠢᠬᠤᠯᠠ》᠂ 《ᠬᠣᠶᠠᠷ ᠰᠢᠨᠡᠳᠬᠡᠬᠦ》 ᠲᠥᠷᠥ ᠵᠢᠨ ᠪᠣᠳᠣᠯᠭ᠎ᠠ ᠵᠢᠨ ᠡᠷᠴᠢᠮ ᠴᠢᠩᠭ᠋ᠠᠷᠠᠵᠤ᠂ ᠲᠥᠷᠥ ᠵᠢᠨ ᠪᠣᠳᠣᠯᠭ᠎ᠠ ᠵᠢᠨ ᠦᠷ᠎ᠡ ᠪᠦᠲᠦᠮᠵᠢ ᠦᠷᠭᠦᠯᠵᠢᠯᠡᠨ ᠢᠯᠡᠷᠡᠪᠡ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ᠎ᠤᠨ᠎ᠬᠢᠨ ᠬᠡᠷᠡᠭᠯᠡᠭᠡ ᠵᠢ ᠠᠬᠢᠭᠤᠯᠬᠤ᠂ ᠠᠷᠠᠳ᠎ᠤᠨ ᠠᠮᠢᠳᠤᠷᠠᠯ᠎ᠳᠤ ᠠᠰᠢᠭ ᠬᠦᠷᠲᠡᠭᠡᠬᠦ 《ᠬᠠᠮ ᠠᠷᠭ᠎ᠠ》 ᠵᠢ ᠬᠣᠢ᠌ᠨ᠎ᠠ ᠬᠣᠢ᠌ᠨ᠎ᠠ᠎ᠠᠴᠠ᠎ᠨᠢ ᠨᠡᠢ᠌ᠲᠡᠯᠡᠵᠦ᠂ ᠪᠡᠯᠡ ᠣᠷᠣᠭᠤᠯᠤᠯᠲᠠ ᠵᠢ ᠲᠣᠭᠲᠠᠪᠤᠷᠢᠵᠢᠭᠤᠯᠬᠤ ᠠᠵᠢᠯ᠎ᠤᠨ ᠡᠷᠴᠢᠮ ᠵᠶ᠋ᠡᠨ ᠴᠢᠩᠭ᠋ᠠᠷᠠᠭᠤᠯᠤᠨ᠂ ᠲᠥᠷᠥᠯ ᠵᠦᠢ᠍ᠯ᠂ ᠪᠡᠯᠡ ᠮᠥᠩᠭᠥ ᠵᠡᠷᠭᠡ ᠡᠯᠧᠮᠧᠨ᠋ᠲ᠎ᠤᠨ ᠪᠠᠲᠤᠯᠠᠭ᠎ᠠ ᠵᠢ ᠴᠢᠩᠭ᠋ᠠᠳᠬᠠᠵᠤ᠂ ᠤᠯᠤᠰ᠎ᠤᠨ ᠳᠣᠲᠣᠭ᠋ᠠᠳᠤ ᠵᠢᠨ ᠬᠡᠷᠡᠭᠴᠡᠭᠡ ᠠᠯᠬᠤᠮ ᠠᠯᠬᠤᠮ ᠵᠶ᠋ᠠᠷ ᠥᠷᠭᠡᠳᠬᠦ ᠪᠣᠯᠣᠮᠵᠢ᠎ᠲᠠᠢ ᠪᠠᠢ᠌ᠨ᠎ᠠ᠃
ᠡᠨᠡ ᠵᠢᠯ᠎ᠤᠨ ᠵᠠᠰᠠᠭ᠎ᠤᠨ ᠣᠷᠳᠣᠨ᠎ᠤ ᠠᠵᠢᠯ᠎ᠤᠨ ᠢᠯᠡᠳᠬᠡᠯ᠎ᠳᠤ 5% ᠣᠷᠴᠢᠮ᠎ᠤᠨ ᠠᠵᠤ ᠠᠬᠤᠢ ᠵᠢᠨ ᠨᠡᠮᠡᠭᠳᠡᠯ᠎ᠤᠨ ᠵᠢᠱ᠌ᠢᠭᠰᠡᠨ ᠬᠠᠷᠠᠯᠲᠠ ᠵᠢ ᠲᠣᠭᠲᠠᠭ᠋ᠠᠪᠠ᠃ 《ᠪᠦᠭᠦ ᠵᠢᠯ᠎ᠤᠨ ᠪᠠᠢ᠌ᠳᠠᠯ᠎ᠠᠴᠠ ᠦᠵᠡᠪᠡᠯ᠂ ᠮᠠᠨ᠎ᠤ ᠤᠯᠤᠰ᠎ᠤᠨ ᠠᠵᠤ ᠠᠬᠤᠢ ᠲᠣᠭᠲᠠᠭᠤᠨ ᠪᠥᠭᠡᠳ ᠡᠷᠡᠭᠦᠯ ᠵᠶ᠋ᠡᠷ ᠬᠥᠭᠵᠢᠬᠦ ᠵᠢ ᠪᠠᠲᠤᠯᠠᠬᠤ᠎ᠳᠤ ᠨᠡᠯᠢᠶᠡᠳ ᠣᠯᠠᠨ ᠠᠰᠢᠭᠲᠠᠢ ᠨᠥᠬᠥᠴᠡᠯ᠎ᠲᠠᠢ ᠶᠤᠮ》᠂ ᠹᠦ᠋ ᠯᠢᠩ ᠬᠤᠢ᠂ ᠮᠠᠨ᠎ᠤ ᠤᠯᠤᠰ᠎ᠤᠨ ᠠᠵᠤ ᠦᠢ᠍ᠯᠡᠰ᠎ᠤᠨ ᠰᠠᠭᠤᠷᠢ ᠪᠠᠲᠤ ᠪᠡᠬᠢ᠂ ᠰᠢᠨ᠎ᠡ ᠬᠥᠳᠡᠯᠭᠡᠬᠦ ᠬᠦᠴᠦᠨ᠎ᠤ ᠲᠤᠯᠭ᠋ᠠᠭᠤᠷᠢᠯᠠᠬᠤ ᠦᠢ᠍ᠯᠡᠳᠦᠯ ᠴᠢᠩᠭ᠋ᠠᠷᠠᠪᠠ; ᠵᠠᠬ᠎ᠠ ᠳᠡᠯᠭᠡᠭᠦᠷ᠎ᠤᠨ ᠬᠡᠷᠡᠭᠴᠡᠭᠡ ᠵᠢᠨ ᠣᠷᠣᠨ ᠵᠠᠢ ᠥᠷᠭᠡᠨ ᠠᠭᠤᠳᠠᠮ᠂ ᠬᠡᠷᠡᠭᠯᠡᠭᠡ ᠵᠢᠨ ᠪᠡᠯᠡ ᠣᠷᠣᠭᠤᠯᠤᠯᠲᠠ ᠵᠢᠨ ᠨᠥᠭᠡᠴᠡ ᠬᠦᠴᠦᠨ᠎ᠢ ᠪᠠᠳᠠᠷᠠᠭᠤᠯᠬᠤ᠎ᠳᠤ ᠰᠠᠭᠤᠷᠢ᠎ᠲᠠᠢ; ᠥᠭᠡᠷᠡᠴᠢᠯᠡᠯᠲᠡ ᠨᠡᠭᠡᠭᠡᠯᠲᠡ ᠵᠢ ᠪᠦᠭᠦ ᠲᠠᠯ᠎ᠠ᠎ᠪᠠᠷ ᠭᠦᠨᠵᠡᠭᠡᠢ᠌ᠷᠡᠭᠦᠯᠬᠦ᠎ᠨᠢ ᠬᠥᠭᠵᠢᠯᠲᠡ ᠵᠢᠨ ᠠᠮᠢᠵᠢᠷᠠᠯ᠎ᠤᠨ ᠬᠦᠴᠦᠨ ᠪᠠ ᠬᠥᠳᠡᠯᠭᠡᠬᠦ ᠬᠦᠴᠦᠨ᠎ᠢ ᠤᠯᠠᠮ ᠨᠢᠭᠡ ᠠᠯᠬᠤᠮ ᠭᠦᠭᠵᠢᠭᠡᠨᠠ; ᠬᠣᠷᠸ᠎ᠠ ᠲᠥᠷᠥ ᠵᠢᠨ ᠪᠣᠳᠣᠯᠭ᠎ᠠ ᠵᠢᠨ ᠦᠢ᠍ᠯᠡᠳᠦᠯ᠎ᠨᠢ ᠠᠵᠤ ᠠᠬᠤᠢ ᠵᠢᠨ ᠦᠷᠭᠦᠯᠵᠢᠯᠡᠨ ᠰᠡᠷᠭᠦᠨ ᠰᠠᠢ᠌ᠵᠢᠷᠠᠬᠤ᠎ᠳᠤ ᠬᠦᠴᠦᠨ ᠨᠡᠮᠡᠷᠢᠯᠡᠬᠦ ᠪᠣᠯᠣᠨ᠎ᠠ᠃ ᠡᠭᠦᠨ᠎ᠠᠴᠠ ᠭᠠᠳᠠᠨ᠎ᠠ᠂ ᠡᠨᠡ ᠵᠢᠯ ᠪᠣᠯ 《ᠠᠷᠪᠠᠨ ᠳᠥᠷᠪᠡᠳᠦᠭᠡᠷ ᠲᠠᠪᠤᠨ ᠵᠢᠯ》᠎ᠤᠨ ᠲᠥᠯᠦᠪᠵᠢᠭᠦᠯᠭᠡ ᠵᠢᠨ ᠰᠡᠭᠦᠯ ᠬᠤᠷᠢᠶᠠᠬᠤ ᠵᠢᠯ ᠪᠣᠯᠣᠨ᠎ᠠ᠂ ᠡᠯ᠎ᠡ ᠲᠠᠯ᠎ᠠ ᠵᠢᠨ᠎ᠬᠢᠨ ᠭᠣᠣᠯᠳᠠᠯᠭ᠎ᠠ᠎ᠲᠠᠢ ᠡᠭᠦᠷᠭᠡ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠠᠵᠢᠯ᠎ᠤᠨ ᠡᠷᠴᠢᠮ ᠵᠶ᠋ᠡᠨ ᠴᠢᠩᠭ᠋ᠠᠷᠠᠭᠤᠯᠤᠨ᠂ ᠠᠵᠤ ᠠᠬᠤᠢ ᠵᠢᠨ ᠲᠣᠭᠲᠠᠭᠤᠨ ᠨᠡᠮᠡᠭᠳᠡᠯ᠎ᠳᠤ ᠨᠠᠩ ᠣᠯᠠᠨ ᠲᠤᠯᠭ᠋ᠠᠭᠤᠷᠢᠯᠠᠯ ᠬᠠᠩᠭ᠋ᠠᠬᠤ ᠪᠣᠯᠣᠨ᠎ᠠ ᠭᠡᠪᠡ᠃
ᠹᠦ᠋ ᠯᠢᠩ ᠬᠤᠢ᠂ 5% ᠣᠷᠴᠢᠮ᠎ᠤᠨ ᠵᠢᠱ᠌ᠢᠭᠰᠡᠨ ᠠᠵᠤ ᠠᠬᠤᠢ ᠵᠢᠨ ᠨᠡᠮᠡᠭᠳᠡᠯ᠎ᠢ ᠪᠡᠶᠡᠯᠡᠭᠦᠯᠬᠦ᠎ᠨᠢ ᠲᠡᠢ᠌ᠮᠦ ᠠᠮᠠᠷᠬᠠᠨ ᠶᠠᠪᠤᠳᠠᠯ ᠪᠢᠰᠢ᠂ ᠰᠢᠷᠭ᠋ᠠᠭᠤ ᠬᠠᠲᠠᠭᠤᠵᠢᠯᠲᠠᠢ ᠴᠢᠷᠮᠠᠢ᠌ᠯᠭ᠎ᠠ ᠭᠠᠷᠭ᠋ᠠᠬᠤ ᠴᠢᠬᠤᠯᠠᠲᠠᠢ᠃ ᠲᠠᠷᠠᠭ᠋ᠠᠴᠢ ᠵᠢᠨ ᠱᠠᠲᠤᠨ᠎ᠳᠤ᠂ ᠨᠠᠮ᠎ᠤᠨ ᠲᠥᠪ ᠬᠣᠷᠢᠶ᠎ᠠ ᠵᠢᠨ ᠰᠢᠢ᠍ᠳᠪᠦᠷᠢᠲᠦ ᠪᠣᠳᠣᠯᠭ᠎ᠠ ᠪᠠᠢ᠌ᠷᠢᠯᠠᠭᠤᠯᠤᠯᠲᠠ ᠵᠢ ᠨᠠᠷᠢᠨ ᠬᠢᠨᠠᠮᠠᠭ᠋ᠠᠢ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ ᠣᠳᠣᠬᠠᠨ᠎ᠤ ᠠᠵᠤ ᠠᠬᠤᠢ ᠳᠡᠭᠡᠭᠰᠢᠯᠡᠬᠦ ᠠᠵᠠ ᠲᠣᠭᠢᠶᠠᠯ᠎ᠢ ᠠᠮᠵᠢᠵᠤ᠂ ᠡᠯ᠎ᠡ ᠵᠦᠢ᠍ᠯ᠎ᠤᠨ ᠬᠣᠷᠸ᠎ᠠ ᠲᠥᠷᠥ ᠵᠢᠨ ᠪᠣᠳᠣᠯᠭ᠎ᠠ ᠵᠢ ᠬᠦᠴᠦᠯᠡᠨ ᠰᠠᠢ᠌ᠲᠤᠷ ᠨᠠᠢ᠌ᠳᠠᠪᠤᠷᠢᠵᠢᠭᠤᠯᠵᠤ᠂ ᠥᠭᠡᠷᠡᠴᠢᠯᠡᠯᠲᠡ ᠵᠢ ᠤᠯᠠᠮ ᠴᠢᠨᠠᠭᠰᠢᠳᠠ ᠭᠦᠨᠵᠡᠭᠡᠢ᠌ᠷᠡᠭᠦᠯᠵᠦ᠂ ᠥᠨᠳᠥᠷ ᠲᠦᠪᠰᠢᠨ ᠪᠦᠬᠦᠢ ᠨᠡᠭᠡᠭᠡᠯᠲᠡ ᠵᠢ ᠥᠷᠭᠡᠳᠬᠡᠵᠦ᠂ ᠰᠢᠨ᠎ᠡ ᠴᠢᠨᠠᠷ᠎ᠤᠨ ᠦᠢ᠍ᠯᠡᠳᠪᠦᠷᠢᠯᠡᠯ᠎ᠤᠨ ᠬᠦᠴᠦᠨ᠎ᠢ ᠶᠡᠬᠡ᠎ᠪᠠᠷ ᠪᠣᠢ᠌ᠵᠢᠭᠤᠯᠤᠨ ᠪᠤᠵᠠᠭ᠋ᠠᠢ᠌ᠷᠠᠭᠤᠯᠵᠤ᠂ ᠴᠢᠨᠠᠷ ᠰᠠᠢ᠌ᠲᠠᠢ ᠬᠥᠭᠵᠢᠯᠲᠡ ᠵᠢ ᠯᠠᠪᠳᠠᠭᠤᠨ ᠪᠠᠲᠤᠲᠠᠢ ᠠᠬᠢᠭᠤᠯᠵᠤ᠂ ᠪᠦᠭᠦ ᠵᠢᠯ᠎ᠤᠨ ᠠᠵᠤ ᠠᠬᠤᠢ ᠨᠡᠢ᠌ᠭᠡᠮ᠎ᠤᠨ ᠬᠥᠭᠵᠢᠯᠲᠡ ᠵᠢᠨ ᠵᠢᠱ᠌ᠢᠭᠰᠡᠨ ᠬᠠᠷᠠᠯᠲᠠ ᠵᠢ ᠴᠢᠷᠮᠠᠢ᠌ᠨ ᠪᠡᠶᠡᠯᠡᠭᠦᠯᠦᠨ᠎ᠡ ᠭᠡᠪᠡ᠃
(ᠰᠢᠨᠬᠤᠸᠠ ᠬᠣᠷᠢᠶ᠎ᠠ ᠵᠢᠨ ᠪᠡᠭᠡᠵᠢᠩ᠎ᠤᠨ 3 ᠰᠠᠷ᠎ᠠ ᠵᠢᠨ 17᠎ᠤ ᠴᠠᠭᠢᠯᠭ᠋ᠠᠨ ᠮᠡᠳᠡᠭᠡ᠎ᠠᠴᠠ)