2025 ᠣᠨ᠎ᠤ 3 ᠰᠠᠷ᠎ᠠ ᠵᠢᠨ 17᠎ᠤ ᠡᠳᠦᠷ᠂ ᠲᠥᠷᠥ ᠵᠢᠨ ᠶᠠᠪᠤᠳᠠᠯ᠎ᠤᠨ ᠬᠣᠷᠢᠶᠠᠨ᠎ᠤ ᠶᠡᠷᠦᠩᠬᠡᠢ ᠰᠠᠢ᠌ᠳ ᠯᠢ ᠴᠢᠶᠠᠩ ᠲᠥᠷᠥ ᠵᠢᠨ ᠶᠠᠪᠤᠳᠠᠯ᠎ᠤᠨ ᠬᠣᠷᠢᠶᠠᠨ᠎ᠤ 802 ᠳ᠋ᠤᠭ᠋ᠠᠷ ᠲᠣᠭ᠋ᠠᠲᠤ ᠵᠠᠷᠯᠢᠭ᠎ᠲᠤ ᠭᠠᠷᠤᠨ ᠥᠰᠥᠭ ᠵᠢᠷᠤᠵᠤ᠂ ᠵᠠᠰᠠᠪᠤᠷᠢ ᠣᠷᠣᠭᠤᠯᠤᠭᠰᠠᠨ᠎ᠤ ᠳᠠᠷᠠᠭ᠋ᠠᠬᠢ 《ᠳᠤᠮᠳᠠ ᠵᠢᠵᠢᠭ ᠠᠵᠤ ᠠᠬᠤᠢ᠌ᠯᠠᠯ᠎ᠤᠨ ᠵᠠᠷᠤᠳᠠᠯ ᠮᠥᠩᠭᠥ ᠥᠭᠬᠦ ᠵᠢ ᠪᠠᠲᠤᠯᠠᠬᠤ ᠳᠦᠷᠢᠮ》 (ᠳᠣᠷᠣᠭᠰᠢ 《ᠳᠦᠷᠢᠮ》 ᠭᠡᠵᠦ ᠲᠣᠪᠴᠢᠯᠠᠨ᠎ᠠ)᠎ᠢ ᠨᠡᠢ᠌ᠲᠡᠯᠡᠵᠦ᠂ 2025 ᠣᠨ᠎ᠤ 6 ᠰᠠᠷ᠎ᠠ ᠵᠢᠨ 1᠎ᠤ ᠡᠳᠦᠷ᠎ᠠᠴᠠ ᠡᠬᠢᠯᠡᠵᠦ ᠬᠡᠷᠡᠭᠵᠢᠭᠦᠯᠦᠨ᠎ᠡ᠃ ᠲᠦᠷᠦᠭᠦᠬᠡᠨ᠂ ᠬᠠᠤᠯᠢ ᠴᠠᠭ᠋ᠠᠵᠠ ᠵᠢᠨ ᠶᠠᠮᠤᠨ᠂ ᠠᠵᠤ ᠦᠢ᠍ᠯᠡᠳᠪᠦᠷᠢ ᠪᠠ ᠮᠡᠳᠡᠭᠡ ᠵᠠᠩᠭᠢᠵᠢᠯᠲᠠ ᠵᠢᠨ ᠶᠠᠮᠤᠨ᠎ᠤ ᠬᠠᠷᠢᠭᠤᠴᠠᠯᠭ᠋ᠠᠲᠠᠨ 《ᠳᠦᠷᠢᠮ》᠎ᠤᠨ ᠬᠣᠯᠪᠣᠭᠳᠠᠯ ᠪᠦᠬᠦᠢ ᠠᠰᠠᠭᠤᠳᠠᠯ᠎ᠤᠨ ᠲᠤᠬᠠᠢ ᠰᠤᠷᠪᠤᠯᠵᠢᠯᠠᠭᠴᠢ ᠵᠢᠨ ᠠᠰᠠᠭᠤᠯᠲᠠ ᠵᠢ ᠬᠠᠷᠢᠭᠤᠯᠪᠠ᠃
ᠠᠰᠠᠭᠤᠯᠲᠠ᠄ 《ᠳᠦᠷᠢᠮ》᠎ᠳᠤ ᠵᠠᠰᠠᠪᠤᠷᠢ ᠣᠷᠣᠭᠤᠯᠤᠭᠰᠠᠨ ᠠᠬᠤᠢ ᠪᠠᠢ᠌ᠳᠠᠯ᠎ᠢ ᠲᠥᠬᠥᠮ ᠲᠠᠨᠢᠯᠴᠠᠭᠤᠯᠬᠤ ᠪᠣᠯᠪᠠᠤ?
ᠬᠠᠷᠢᠭᠤᠯᠲᠠ᠄ ᠨᠠᠮ᠎ᠤᠨ ᠲᠥᠪ ᠬᠣᠷᠢᠶ᠎ᠠ᠂ ᠲᠥᠷᠥ ᠵᠢᠨ ᠶᠠᠪᠤᠳᠠᠯ᠎ᠤᠨ ᠬᠣᠷᠢᠶ᠎ᠠ ᠠᠵᠤ ᠠᠬᠤᠢ᠌ᠯᠠᠯ᠎ᠤᠨ ᠲᠠᠩᠰᠠᠨ ᠵᠣᠭᠣᠰ᠎ᠢ ᠥᠷᠢᠲᠦᠵᠦ ᠤᠳᠠᠭ᠋ᠠᠰᠢᠷᠠᠭᠤᠯᠤᠭᠰᠠᠨ ᠠᠰᠠᠭᠤᠳᠠᠯ᠎ᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠨ ᠦᠵᠡᠵᠦ ᠪᠠᠢ᠌ᠨ᠎ᠠ᠃ ᠶᠡᠷᠦᠩᠬᠡᠢ ᠱᠦᠵᠢ ᠰᠢ ᠵᠢᠨ ᠫᠢᠩ ᠲᠦᠷᠦᠭᠦᠬᠡᠨ ᠬᠤᠷᠠᠯᠳᠤᠭᠰᠠᠨ ᠠᠷᠠᠳ᠎ᠤᠨ ᠡᠵᠡᠩᠨᠡᠯᠲᠡ ᠵᠢᠨ ᠠᠵᠤ ᠠᠬᠤᠢ᠌ᠯᠠᠯ᠎ᠤᠨ ᠶᠠᠷᠢᠯᠴᠠᠬᠤ ᠬᠤᠷᠠᠯ ᠳᠡᠭᠡᠷ᠎ᠡ᠂ ᠠᠷᠠᠳ᠎ᠤᠨ ᠡᠵᠡᠩᠨᠡᠯᠲᠡ ᠵᠢᠨ ᠠᠵᠤ ᠠᠬᠤᠢ᠌ᠯᠠᠯ᠎ᠤᠨ
ᠳᠠᠩᠰᠠᠨ᠎ᠤ ᠵᠣᠭᠣᠰ᠎ᠢ ᠥᠷᠢᠲᠦᠬᠦ ᠠᠰᠠᠭᠤᠳᠠᠯ᠎ᠢ ᠬᠦᠴᠦᠯᠡᠨ ᠰᠢᠢ᠍ᠳᠪᠦᠷᠢᠯᠡᠬᠦ ᠬᠡᠷᠡᠭᠲᠡᠢ ᠭᠡᠵᠦ ᠴᠢᠬᠤᠯᠠᠴᠢᠯᠠᠪᠠ᠃ ᠨᠠᠮ᠎ᠤᠨ ᠬᠣᠷᠢᠳᠤᠭ᠋ᠠᠷ ᠬᠤᠭᠤᠴᠠᠭ᠋ᠠᠨ᠎ᠤ ᠲᠥᠪ ᠬᠣᠷᠢᠶᠠᠨ᠎ᠤ ᠭᠤᠷᠪᠠᠳᠤᠭ᠋ᠠᠷ ᠪᠥᠬᠥᠳᠡ ᠬᠤᠷᠠᠯ᠎ᠠᠴᠠ ᠠᠵᠤ ᠠᠬᠤᠢ᠌ᠯᠠᠯ᠎ᠳᠤ ᠦᠷᠢᠳᠦᠵᠦ ᠪᠠᠢ᠌ᠭ᠎ᠠ ᠵᠣᠭᠣᠰ᠎ᠢ ᠲᠥᠯᠥᠵᠦ ᠳᠠᠭᠤᠰᠬᠠᠬᠤ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠤᠨ ᠰᠢᠰᠲ᠋ᠧᠮ᠎ᠢ ᠲᠡᠭᠦᠯᠳᠡᠷᠵᠢᠭᠦᠯᠬᠦ ᠬᠡᠷᠡᠭᠲᠡᠢ ᠭᠡᠵᠦ ᠲᠣᠳᠣᠷᠬᠠᠢ ᠵᠢᠭ᠋ᠠᠵᠤ ᠭᠠᠷᠭ᠋ᠠᠵᠠᠢ᠃ ᠣᠲᠣ ᠵᠢᠨ ᠬᠡᠷᠡᠭᠵᠢᠭᠦᠯᠵᠦ ᠪᠠᠢ᠌ᠭ᠎ᠠ 《ᠳᠦᠷᠢᠮ》᠎ᠢ 2020 ᠣᠨ᠎ᠤ 9 ᠰᠠᠷ᠎ᠠ ᠵᠢᠨ 1᠎ᠤ ᠡᠳᠦᠷ᠎ᠠᠴᠠ ᠡᠬᠢᠯᠡᠨ ᠬᠡᠷᠡᠭᠵᠢᠭᠦᠯᠦᠭᠰᠡᠨ᠎ᠠᠴᠠ ᠨᠠᠭ᠋ᠠᠰᠢ᠂ ᠳᠤᠮᠳᠠ ᠵᠢᠵᠢᠭ ᠠᠵᠤ ᠠᠬᠤᠢ᠌ᠯᠠᠯ ᠤᠨ ᠵᠠᠷᠤᠳᠠᠯ ᠮᠥᠩᠭᠥ ᠥᠭᠬᠦ ᠵᠢ ᠬᠠᠤᠯᠢ ᠶᠣᠰᠣᠭ᠋ᠠᠷ ᠪᠠᠲᠤᠯᠠᠬᠤ᠂ ᠳᠤᠮᠳᠠ ᠵᠢᠵᠢᠭ ᠠᠵᠤ ᠠᠬᠤᠢ᠌ᠯᠠᠯ᠎ᠤᠨ ᠬᠠᠤᠯᠢ ᠶᠣᠰᠣᠨ᠎ᠤ ᠡᠷᠬᠡ ᠠᠰᠢᠭ᠎ᠢ ᠦᠨᠡᠨ ᠬᠦ᠌ ᠬᠠᠮᠠᠭ᠋ᠠᠯᠠᠬᠤ᠎ᠳᠤ ᠴᠢᠬᠤᠯᠠ ᠦᠢ᠍ᠯᠡᠳᠦᠯ ᠦᠵᠡᠭᠦᠯᠪᠡ᠃ ᠣᠢ᠌ᠷ᠎ᠠ ᠵᠢᠨ ᠵᠢᠯ᠎ᠤᠳ᠎ᠲᠤ᠂ ᠤᠯᠤᠰ᠎ᠤᠨ ᠳᠣᠲᠣᠭ᠋ᠠᠳᠤ ᠭᠠᠳᠠᠭ᠋ᠠᠳᠤ ᠵᠢᠨ ᠪᠤᠳᠤᠯᠢᠶᠠᠨᠲᠠᠢ ᠪᠠᠢ᠌ᠳᠠᠯ᠎ᠤᠨ ᠨᠥᠯᠥᠭᠡ᠎ᠠᠴᠠ ᠪᠣᠯᠵᠤ᠂ ᠳᠤᠮᠳᠠ ᠵᠢᠵᠢᠭ ᠠᠵᠤ ᠠᠬᠤᠢ᠌ᠯᠠᠯ᠎ᠤᠨ ᠬᠤᠷᠢᠶᠠᠬᠤ ᠶᠣᠰᠣᠲᠠᠢ ᠲᠠᠩᠰᠠᠨ᠎ᠤ ᠵᠣᠭᠣᠰ᠎ᠤᠨ ᠬᠡᠪᠴᠢᠶ᠎ᠡ ᠨᠡᠮᠡᠭᠳᠡᠵᠦ᠂ ᠲᠠᠩᠰᠠᠨ᠎ᠤ ᠬᠤᠭᠤᠴᠠᠭ᠎ᠠ ᠤᠷᠲᠤᠳᠴᠤ᠂ 《ᠵᠠᠯᠭ᠋ᠠᠯᠳᠤᠨ ᠥᠷᠢᠲᠦᠬᠦ》 ᠦᠵᠡᠭᠳᠡᠯ ᠨᠡᠯᠢᠶᠡᠳ ᠲᠣᠪᠣᠢ᠌ᠮ᠎ᠠ ᠪᠣᠯᠵᠤ᠂ 《ᠳᠦᠷᠢᠮ》᠎ᠢ ᠬᠡᠷᠡᠭᠵᠢᠭᠦᠯᠬᠦ᠎ᠳᠤ ᠪᠠᠰᠠ ᠡᠳᠦᠢ ᠲᠡᠳᠦᠢ ᠠᠰᠠᠭᠤᠳᠠᠯ᠎ᠢ ᠰᠢᠢ᠍ᠳᠪᠦᠷᠢᠯᠡᠬᠦ ᠴᠢᠬᠤᠯᠠᠲᠠᠢ ᠪᠠᠢ᠌ᠨ᠎ᠠ᠄ ᠨᠢᠭᠡ᠎ᠳᠤ ᠠᠵᠢᠯ᠎ᠤᠨ ᠲᠣᠭᠲᠠᠴᠠ ᠲᠡᠭᠦᠯᠳᠡᠷ ᠪᠤᠰᠤ᠂ ᠰᠠᠯᠠᠭ᠎ᠠ ᠮᠥᠴᠢᠷ᠎ᠤᠨ ᠡᠭᠦᠷᠭᠡ ᠬᠠᠷᠢᠭᠤᠴᠠᠯᠭ᠎ᠠ ᠲᠣᠳᠣᠷᠬᠠᠢ ᠪᠤᠰᠤ᠂ ᠬᠢᠨᠠᠯᠲᠠ ᠬᠠᠮᠢᠶᠠᠷᠤᠯᠲᠠ ᠵᠢᠨ ᠠᠷᠭ᠎ᠠ ᠬᠡᠮᠵᠢᠶ᠎ᠡ ᠲᠡᠭᠦᠯᠳᠡᠷ ᠪᠤᠰᠤ; ᠬᠣᠶᠠᠷ᠎ᠲᠤ ᠬᠣᠯᠪᠣᠭᠳᠠᠯ ᠪᠦᠬᠦᠢ ᠪᠡᠶᠡᠴᠢ ᠴᠣᠭᠴᠠ ᠵᠢᠨ ᠲᠥᠯᠥᠬᠦ ᠬᠠᠷᠢᠭᠤᠴᠠᠯᠭ᠎ᠠ᠎ᠨᠢ ᠲᠡᠶ᠋ᠢᠮᠦ ᠪᠣᠳᠠᠲᠠᠢ ᠪᠢᠰᠢ᠂ ᠪᠠᠲᠤᠯᠠᠭ᠎ᠠ ᠵᠢᠨ ᠠᠷᠭ᠎ᠠ ᠬᠡᠮᠵᠢᠶ᠎ᠡ᠎ᠨᠢ ᠲᠡᠶ᠋ᠢᠮᠦ ᠬᠦᠴᠦᠲᠡᠢ ᠪᠢᠰᠢ; ᠭᠤᠷᠪᠠ᠎ᠳᠤ ᠵᠠᠷᠢᠮ ᠳᠦᠷᠢᠮ ᠪᠠ ᠠᠷᠭ᠎ᠠ ᠬᠡᠮᠵᠢᠶ᠎ᠡ᠎ᠨᠢ ᠨᠡᠯᠢᠶᠡᠳ ᠪᠠᠯᠠᠷᠬᠠᠢ ᠳᠤᠲᠠᠮᠠᠭ ᠪᠠᠢ᠌ᠵᠤ᠂ ᠬᠠᠤᠯᠢ ᠵᠢᠨ ᠬᠠᠷᠢᠭᠤᠴᠠᠯᠭ᠎ᠠ᠎ᠨᠢ ᠲᠡᠶ᠋ᠢᠮᠦ ᠪᠦᠷᠢᠨ ᠲᠡᠭᠦᠯᠳᠡᠷ ᠪᠢᠰᠢ ᠪᠠᠢ᠌ᠨ᠎ᠠ᠃ ᠡᠢ᠌ᠮᠦ᠎ᠠᠴᠠ ᠤᠳᠤ ᠵᠢᠨ ᠬᠡᠷᠡᠭᠵᠢᠭᠦᠯᠵᠦ ᠪᠠᠢ᠌ᠭ᠎ᠠ 《ᠳᠦᠷᠢᠮ》᠎ᠳᠤ ᠵᠠᠰᠠᠪᠤᠷᠢ ᠣᠷᠣᠭᠤᠯᠬᠤ ᠴᠢᠬᠤᠯᠠᠲᠠᠢ ᠪᠠᠢ᠌ᠨ᠎ᠠ᠃
ᠠᠰᠠᠭᠤᠯᠲᠠ᠄ 《ᠳᠦᠷᠢᠮ》᠎ᠳᠤ ᠵᠠᠰᠠᠪᠤᠷᠢ ᠣᠷᠣᠭᠤᠯᠬᠤ ᠵᠢᠨ ᠶᠡᠷᠦᠩᠬᠡᠢ ᠰᠡᠳᠬᠢᠮᠵᠢ᠎ᠨᠢ ᠶᠠᠭᠤ ᠪᠣᠶ?
ᠬᠠᠷᠢᠭᠤᠯᠲᠠ᠄ ᠲᠤᠰ ᠤᠳᠠᠭ᠎ᠠ ᠵᠢᠨ 《ᠳᠦᠷᠢᠮ》 ᠳᠤ ᠵᠠᠰᠠᠪᠤᠷᠢ ᠣᠷᠣᠭᠤᠯᠬᠤ᠎ᠳᠤ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠣᠳᠤᠯᠭ᠎ᠠ ᠪᠣᠯᠭ᠋ᠠᠬᠤ ᠵᠢ ᠪᠠᠷᠢᠮᠲᠠᠯᠠᠵᠤ᠂ ᠶᠡᠷᠦᠩᠬᠡᠢ ᠰᠡᠳᠬᠢᠴᠡ ᠵᠢᠨ ᠲᠠᠯ᠎ᠠ᠎ᠪᠠᠷ ᠭᠣᠣᠯᠳᠠᠭᠤ ᠳᠣᠣᠷᠠᠬᠢ ᠬᠡᠳᠦᠨ ᠲᠠᠯ᠎ᠠ ᠵᠢ ᠵᠢᠷᠤᠮᠯᠠᠪᠠ᠄ ᠨᠢᠭᠡ᠎ᠳᠤ᠂ ᠨᠠᠮ᠎ᠤᠨ ᠤᠳᠤᠷᠢᠳᠤᠯᠭ᠎ᠠ ᠵᠢ ᠪᠠᠷᠢᠮᠲᠠᠯᠠᠵᠤ᠂ 《ᠬᠣᠶᠠᠷ ᠥᠴᠥᠬᠡᠨ ᠴᠦ᠍ ᠭᠤᠢ᠌ᠪᠢᠰᠢ ᠦᠭᠡᠢ》 ᠪᠠᠢ᠌ᠬᠤ ᠵᠢ ᠪᠠᠷᠢᠮᠲᠠᠯᠠᠨ ᠨᠠᠢ᠌ᠳᠠᠪᠤᠷᠢᠵᠢᠭᠤᠯᠤᠨ᠎ᠠ᠃ ᠬᠣᠶᠠᠷ᠎ᠲᠤ᠂ ᠠᠰᠠᠭᠤᠳᠠᠯ ᠵᠶ᠋ᠠᠷ ᠤᠳᠤᠷᠢᠳᠤᠮᠵᠢ ᠪᠣᠯᠭ᠋ᠠᠬᠤ ᠵᠢ ᠪᠠᠷᠢᠮᠲᠠᠯᠠᠵᠤ᠂ ᠠᠵᠤ ᠠᠬᠤᠢ᠌ᠯᠠᠯ᠎ᠤᠨ ᠳᠠᠩᠰᠠᠨ᠎ᠤ ᠵᠣᠭᠣᠰ᠎ᠢ ᠥᠷᠢᠲᠦᠵᠦ ᠤᠳᠠᠭ᠋ᠠᠰᠢᠷᠠᠭᠤᠯᠬᠤ᠎ᠳᠤ ᠲᠤᠯᠭ᠋ᠠᠷᠠᠵᠤ ᠪᠠᠢ᠌ᠭ᠎ᠠ ᠲᠦᠭᠵᠢᠮᠡᠯ ᠠᠰᠠᠭᠤᠳᠠᠯ ᠪᠠ ᠬᠦᠴᠢᠷ ᠠᠰᠠᠭᠤᠳᠠᠯ᠎ᠢ ᠰᠢᠢ᠍ᠳᠪᠦᠷᠢᠯᠡᠬᠦ᠎ᠳᠤ ᠠᠩᠬᠠᠷᠤᠯ ᠵᠶ᠋ᠠᠨ ᠲᠥᠪᠯᠡᠷᠡᠭᠦᠯᠬᠦ ᠵᠢᠨ ᠬᠠᠮᠲᠤ ᠪᠦᠲᠦᠮᠵᠢᠲᠡᠢ ᠲᠤᠷᠰᠢᠯᠭ᠎ᠠ ᠪᠠ ᠠᠷᠭ᠎ᠠ ᠬᠢᠳᠡᠯ᠎ᠢ ᠬᠠᠤᠯᠢ ᠲᠣᠭᠲᠠᠭ᠋ᠠᠯ᠎ᠤᠨ ᠳᠦᠷᠢᠮ ᠪᠣᠯᠭ᠋ᠠᠨ ᠳᠡᠭᠡᠭᠰᠢᠯᠡᠭᠦᠯᠦᠨ᠎ᠡ᠃ ᠭᠤᠷᠪᠠ᠎ᠳᠤ ᠰᠡᠷᠭᠡᠢ᠌ᠯᠡᠨ ᠵᠠᠰᠠᠬᠤ ᠵᠢ ᠤᠶᠠᠯᠳᠤᠭᠤᠯᠬᠤ ᠵᠢ ᠪᠠᠷᠢᠮᠲᠠᠯᠠᠵᠤ᠂ ᠪᠠᠢ᠌ᠭᠤᠯᠭ᠎ᠠ᠂ ᠠᠵᠢᠯ ᠦᠢ᠍ᠯᠡᠰ᠎ᠤᠨ ᠨᠢᠭᠡᠴᠢ ᠪᠠ ᠲᠣᠮᠣ ᠬᠡᠯᠪᠡᠷᠢ ᠵᠢᠨ ᠠᠵᠤ ᠠᠬᠤᠢ᠌ᠯᠠᠯ᠎ᠤᠨ ᠵᠣᠭᠣᠰ ᠥᠭᠬᠦ ᠬᠠᠷᠢᠭᠤᠴᠠᠯᠭ᠎ᠠ ᠵᠢ ᠴᠢᠩᠭ᠋ᠠᠳᠬᠠᠵᠤ᠂ ᠵᠣᠭᠣᠰ ᠥᠭᠬᠦ ᠵᠢ ᠪᠠᠲᠤᠯᠠᠬᠤ ᠡᠯ᠎ᠡ ᠵᠦᠢ᠍ᠯ᠎ᠤᠨ ᠠᠷᠭ᠎ᠠ ᠬᠡᠮᠵᠢᠶ᠎ᠡ ᠵᠢ ᠲᠡᠭᠦᠯᠳᠡᠷᠵᠢᠭᠦᠯᠵᠦ᠂ ᠥᠷᠢᠲᠦᠵᠦ ᠤᠳᠠᠭ᠋ᠠᠰᠢᠷᠠᠭᠤᠯᠬᠤ ᠵᠢ ᠤᠷᠢᠳᠴᠢᠯᠠᠨ ᠰᠡᠷᠭᠡᠢ᠌ᠯᠡᠬᠦ ᠪᠠ ᠵᠠᠰᠠᠬᠤ ᠡᠷᠴᠢᠮ᠎ᠢ ᠴᠢᠩᠭ᠋ᠠᠷᠠᠭᠤᠯᠤᠨ᠎ᠠ᠃ ᠳᠥᠷᠪᠡ᠎ᠳᠤ᠂ ᠰᠢᠰᠲᠸᠮᠳᠦ ᠤᠢ᠌ᠯᠠᠭ᠋ᠠᠭᠳᠠᠬᠤᠨ᠎ᠢ ᠪᠠᠷᠢᠮᠲᠠᠯᠠᠵᠤ᠂ ᠵᠠᠰᠠᠭ᠎ᠤᠨ ᠣᠷᠳᠣᠨ ᠪᠣᠯᠣᠨ ᠵᠠᠬ᠎ᠠ ᠳᠡᠯᠭᠡᠭᠦᠷ᠂ ᠠᠮᠢᠵᠢᠷᠠᠯ᠎ᠤᠨ ᠬᠦᠴᠦᠨ ᠪᠣᠯᠣᠨ ᠡᠮᠬᠢ ᠳᠢᠭᠯᠢᠮ᠎ᠤᠨ ᠬᠠᠷᠢᠴᠠᠭ᠎ᠠ ᠵᠢ ᠨᠢᠭᠡᠳᠦᠯᠲᠡᠢ ᠲᠥᠯᠥᠪᠵᠢᠭᠦᠯᠵᠦ᠂ ᠠᠷᠠᠯᠵᠢᠶᠠᠨ᠎ᠤ ᠭᠣᠣᠯ ᠴᠣᠭᠴᠠ ᠵᠢᠨ ᠰᠠᠨᠠᠭ᠎ᠠ᠎ᠪᠠᠨ ᠥᠪᠡᠷᠲᠡᠭᠡᠨ ᠵᠠᠰᠠᠬᠤ ᠵᠢ ᠬᠦᠨᠳᠦᠳᠬᠡᠵᠦ᠂ ᠬᠠᠤᠯᠢ ᠲᠣᠭᠲᠠᠭ᠋ᠠᠯ ᠶᠣᠰᠣᠭ᠋ᠠᠷ ᠵᠠᠰᠠᠭ᠎ᠤᠨ ᠣᠷᠳᠣᠨ᠎ᠤ ᠬᠢᠨᠠᠯᠲᠠ ᠬᠠᠮᠢᠶᠠᠷᠤᠯᠲᠠ ᠵᠢᠨ ᠡᠷᠴᠢᠮ᠎ᠢ ᠴᠢᠩᠭ᠋ᠠᠷᠠᠭᠤᠯᠬᠤ ᠵᠢᠨ ᠬᠠᠮᠲᠤ ᠬᠣᠯᠪᠣᠭᠳᠠᠯ ᠪᠦᠬᠦᠢ ᠬᠠᠤᠯᠢ ᠴᠠᠭ᠋ᠠᠵᠠ᠂ ᠵᠠᠰᠠᠭ ᠵᠠᠬᠢᠷᠭ᠋ᠠᠨ᠎ᠤ ᠬᠠᠤᠯᠢ ᠲᠣᠭᠲᠠᠭ᠋ᠠᠯ᠎ᠲᠠᠢ ᠰᠠᠢ᠌ᠲᠤᠷ ᠵᠣᠯᠭ᠋ᠠᠭᠤᠯᠵᠤ᠂ ᠳᠦᠷᠢᠮ᠎ᠤᠨ ᠬᠠᠮᠲᠤᠷᠠᠯ᠎ᠤᠨ ᠬᠦᠴᠦᠨ᠎ᠢ ᠪᠦᠷᠢᠯᠳᠦᠭᠦᠯᠦᠨ᠎ᠡ᠃
ᠠᠰᠠᠭᠤᠯᠲᠠ᠄ ᠳᠤᠮᠳᠠ ᠵᠢᠵᠢᠭ ᠠᠵᠤ ᠠᠬᠤᠢ᠌ᠯᠠᠯ ᠤᠨ ᠵᠠᠷᠤᠳᠠᠯ ᠮᠦᠩᠬᠦ ᠥᠭᠬᠦ ᠪᠠᠲᠤᠯᠠᠭ᠎ᠠ ᠵᠢ ᠴᠢᠩᠭ᠋ᠠᠳᠬᠠᠬᠤ ᠵᠢᠨ ᠲᠥᠯᠥᠭᠡ᠂ 《ᠳᠦᠷᠢᠮ》᠎ᠳᠤ ᠶᠠᠮᠠᠷ ᠶᠠᠮᠠᠷ ᠠᠵᠢᠯ᠎ᠤᠨ ᠵᠠᠷᠴᠢᠮ ᠪᠠ ᠪᠠᠢ᠌ᠭᠤᠯᠤᠯ ᠲᠣᠭᠲᠠᠴᠠ ᠵᠢ ᠲᠣᠭᠲᠠᠭ᠋ᠠᠭᠰᠠᠨ ᠪᠣᠶ?
ᠬᠠᠷᠢᠭᠤᠯᠲᠠ᠄ ᠨᠢᠭᠡ᠎ᠳᠤ ᠳᠤᠮᠳᠠ ᠵᠢᠵᠢᠭ ᠠᠵᠤ ᠠᠬᠤᠢ᠌ᠯᠠᠯ᠎ᠤᠨ ᠵᠠᠷᠤᠳᠠᠯ ᠮᠥᠩᠭᠥ ᠵᠢ ᠲᠥᠯᠥᠬᠦ ᠠᠵᠢᠯ᠎ᠢ ᠪᠠᠲᠤᠯᠠᠬᠤ᠎ᠳᠤ ᠨᠠᠮ ᠪᠠ ᠤᠯᠤᠰ᠎ᠤᠨ ᠱᠤᠭᠤᠮ ᠴᠢᠭᠯᠡᠯᠲᠡ ᠲᠥᠷᠥ ᠵᠢᠨ ᠪᠣᠳᠣᠯᠭ᠎ᠠ᠂ ᠰᠢᠢ᠍ᠳᠪᠦᠷᠢᠲᠦ ᠪᠣᠳᠣᠯᠭ᠎ᠠ ᠵᠢᠨ ᠪᠠᠢ᠌ᠷᠢᠯᠠᠭᠤᠯᠤᠯᠲᠠ ᠵᠢ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ ᠲᠥᠯᠥᠬᠦ ᠪᠡᠶᠡᠴᠢ ᠴᠣᠭᠴᠠ ᠬᠠᠷᠢᠭᠤᠴᠠᠬᠤ᠂ ᠠᠵᠢᠯ ᠲᠥᠷᠥᠯ ᠵᠢᠷᠤᠮᠵᠢᠯ᠎ᠲᠠᠢ᠎ᠪᠠᠷ ᠥᠪᠡᠷ᠎ᠢ᠎ᠪᠠᠨ ᠱᠠᠭ᠋ᠠᠷᠳᠠᠬᠤ᠂ ᠵᠠᠰᠠᠭ᠎ᠤᠨ ᠣᠷᠳᠣᠨ ᠬᠠᠤᠯᠢ ᠶᠣᠰᠣᠭ᠋ᠠᠷ ᠬᠢᠨᠠᠨ ᠬᠠᠮᠢᠶᠠᠷᠬᠤ᠂ ᠨᠡᠢ᠌ᠭᠡᠮ ᠵᠶ᠋ᠡᠷ ᠵᠶ᠋ᠡᠨ ᠬᠠᠮᠵᠢᠯᠴᠠᠨ ᠬᠢᠨᠠᠯᠲᠠ ᠲᠠᠯᠪᠢᠬᠤ ᠵᠠᠷᠴᠢᠮ᠎ᠢ ᠪᠠᠷᠢᠮᠲᠠᠯᠠᠬᠤ ᠬᠡᠷᠡᠭᠲᠡᠢ ᠭᠡᠰᠡᠨ ᠲᠣᠭᠲᠠᠭ᠋ᠠᠯ᠎ᠢ ᠨᠡᠮᠡᠪᠡ᠃ ᠬᠣᠶᠠᠷ᠎ᠲᠤ ᠤᠯᠤᠰ ᠪᠠ ᠣᠷᠣᠨ ᠨᠤᠲᠤᠭ᠎ᠤᠨ ᠳᠠᠪᠬᠤᠷᠭ᠎ᠠ ᠵᠢᠨ ᠳᠤᠮᠳᠠ ᠵᠢᠵᠢᠭ ᠠᠵᠤ ᠠᠬᠤᠢ᠌ᠯᠠᠯ᠎ᠢ ᠠᠬᠢᠭᠤᠯᠬᠤ ᠠᠵᠢᠯ᠎ᠤᠨ ᠶᠡᠷᠦᠩᠬᠡᠢ᠌ᠯᠡᠭᠰᠡᠨ ᠬᠠᠮᠢᠶᠠᠷᠤᠯᠲᠠ ᠵᠢ ᠬᠠᠷᠢᠭᠤᠴᠠᠬᠤ ᠰᠠᠯᠠᠭ᠎ᠠ ᠮᠥᠴᠢᠷ ᠪᠠ ᠬᠥᠭᠵᠢᠭᠦᠯᠦᠯᠲᠡ ᠥᠭᠡᠷᠡᠴᠢᠯᠡᠯᠲᠡ᠂ ᠡᠳ᠋᠎ᠤᠨ ᠵᠠᠰᠠᠭ᠂ ᠣᠷᠣᠨ ᠰᠠᠭᠤᠴᠠ ᠪᠠ ᠬᠤᠳᠠ ᠬᠥᠳᠡᠭᠡ ᠵᠢᠨ ᠪᠦᠲᠦᠭᠡᠨ ᠪᠠᠢ᠌ᠭᠤᠯᠤᠯᠲᠠ᠂ ᠵᠠᠮ ᠲᠡᠭᠡᠭᠡᠪᠦᠷᠢ᠂ ᠤᠰᠤᠨ ᠠᠰᠢᠭᠯᠠᠯᠲᠠ᠂ ᠮᠥᠩᠭᠥᠨ ᠭᠦᠢ᠍ᠯᠭᠡᠭᠡᠨ᠎ᠤ ᠬᠠᠮᠢᠶᠠᠷᠤᠯᠲᠠ᠂ ᠤᠯᠤᠰ᠎ᠤᠨ ᠥᠮᠴᠢᠯᠡᠯ᠎ᠤᠨ ᠡᠳ᠋ ᠬᠥᠷᠥᠩᠭᠡ ᠵᠢᠨ ᠬᠢᠨᠠᠯᠲᠠ ᠬᠠᠮᠢᠶᠠᠷᠤᠯᠲᠠ᠂ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠡᠷᠭᠡ ᠰᠠᠯᠠᠭ᠎ᠠ ᠮᠥᠴᠢᠷ᠎ᠤᠨ ᠠᠵᠢᠯ᠎ᠤᠨ ᠲᠤᠰᠢᠶᠠᠯ ᠬᠠᠷᠢᠭᠤᠴᠠᠯᠭ᠎ᠠ ᠵᠢ ᠲᠣᠳᠣᠷᠬᠠᠢ᠌ᠯᠠᠬᠤ ᠬᠡᠷᠡᠭᠲᠡᠢ᠃ ᠭᠤᠷᠪᠠ᠎ᠳᠤ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ ᠲᠤᠰ ᠵᠠᠰᠠᠭ ᠵᠠᠬᠢᠷᠭ᠋ᠠᠨ᠎ᠤ ᠣᠷᠣᠨ᠎ᠤ᠎ᠪᠠᠨ ᠳᠣᠲᠣᠷᠠᠬᠢ ᠳᠤᠮᠳᠠ ᠵᠢᠵᠢᠭ ᠠᠵᠤ ᠠᠬᠤᠢ᠌ᠯᠠᠯ᠎ᠤᠨ ᠵᠠᠷᠤᠳᠠᠯ ᠮᠦᠩᠬᠦ ᠥᠭᠬᠦ ᠠᠵᠢᠯ᠎ᠢ ᠪᠠᠲᠤᠯᠠᠬᠤ ᠶᠡᠷᠦᠩᠬᠡᠢ ᠬᠠᠷᠢᠭᠤᠴᠠᠯᠭ᠎ᠠ ᠵᠢ ᠡᠭᠦᠷᠭᠡᠯᠡᠵᠦ᠂ ᠵᠣᠬᠢᠶᠠᠨ ᠪᠠᠢ᠌ᠭᠤᠯᠤᠯᠲᠠ ᠵᠢᠨ ᠤᠳᠤᠷᠢᠳᠤᠯᠭ᠎ᠠ᠎ᠪᠠᠨ ᠴᠢᠩᠭ᠋ᠠᠳᠬᠠᠵᠤ᠂ ᠨᠢᠭᠡᠳᠦᠯᠲᠡᠢ ᠲᠥᠯᠥᠪᠯᠡᠨ ᠵᠣᠬᠢᠴᠠᠭᠤᠯᠵᠤ᠂ ᠳᠦᠷᠢᠮ ᠲᠣᠭᠲᠠᠴᠠ᠎ᠪᠠᠨ ᠲᠡᠭᠦᠯᠳᠡᠷᠵᠢᠭᠦᠯᠬᠦ ᠵᠢ ᠴᠢᠬᠤᠯᠠᠴᠢᠯᠠᠬᠤ ᠬᠡᠷᠡᠭᠲᠡᠢ᠃ ᠳᠥᠷᠪᠡ᠎ᠳᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ ᠵᠢᠴᠢ ᠲᠡᠭᠦᠨ᠎ᠤ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠳ ᠬᠢᠨᠠᠯᠲᠠ ᠲᠠᠯᠪᠢᠵᠤ ᠪᠠᠢ᠌ᠴᠠᠭ᠋ᠠᠬᠤ᠂ ᠵᠠᠬᠢᠳᠠᠯ ᠵᠶ᠋ᠠᠷ ᠠᠰᠠᠭᠤᠵᠤ ᠪᠣᠯᠵᠣᠨ ᠶᠠᠷᠢᠯᠴᠠᠬᠤ᠂ ᠰᠢᠪᠠᠳᠠᠨ ᠰᠢᠢ᠍ᠳᠪᠦᠷᠢᠯᠡᠭᠦᠯᠵᠦ ᠵᠠᠷᠯᠠᠨ ᠮᠡᠳᠡᠭᠳᠡᠬᠦ᠂ ᠵᠠᠭ᠋ᠠᠯᠳᠤᠯᠭ᠎ᠠ ᠵᠢ ᠰᠢᠢ᠍ᠳᠪᠦᠷᠢᠯᠡᠬᠦ ᠵᠡᠷᠭᠡ ᠠᠷᠭ᠎ᠠ ᠬᠡᠮᠵᠢᠶ᠎ᠡ᠎ᠪᠠᠷ ᠳᠠᠮᠵᠢᠭᠤᠯᠤᠨ᠂ ᠳᠤᠮᠳᠠ ᠵᠢᠵᠢᠭ ᠠᠵᠤ ᠠᠬᠤᠢ᠌ᠯᠠᠯ᠎ᠳᠤ ᠥᠷᠢᠲᠦᠵᠦ ᠪᠠᠢ᠌ᠭ᠎ᠠ ᠵᠣᠭᠣᠰ᠎ᠢ ᠢᠯᠭ᠋ᠠᠷᠠᠭᠤᠯᠤᠨ ᠲᠢᠭᠯᠡᠬᠦ ᠡᠷᠴᠢᠮ ᠵᠶ᠋ᠡᠨ ᠴᠢᠩᠭ᠋ᠠᠷᠠᠭᠤᠯᠬᠤ ᠬᠡᠷᠡᠭᠲᠡᠢ ᠭᠡᠵᠦ ᠨᠡᠮᠡᠵᠦ ᠲᠣᠭᠲᠠᠭ᠋ᠠᠪᠠ᠃