ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠬᠠᠣᠯᠢ᠎ᠪᠠᠷ ᠵᠠᠰᠠᠬᠤ
ᠦᠢᠯᠡᠴᠢᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠦᠢᠯᠡᠴᠢᠯᠡᠭᠡ   -   ᠰᠣᠷᠪᠣᠯᠵᠢᠯᠠᠭ᠎ᠠ
2000 ᠣᠨ᠎ᠠᠴᠠ ᠡᠮᠦᠨ᠎ᠡ ᠪᠠᠢ᠌ᠭᠤᠯᠤᠭᠰᠠᠨ ᠰᠠᠭᠤᠭ᠋ᠠᠯᠢ ᠲᠣᠭᠣᠷᠢᠭ᠎ᠢ ᠰᠢᠨᠡᠳᠬᠡᠬᠦ ᠬᠡᠪᠴᠢᠶᠡᠨ᠎ᠳᠤ ᠣᠷᠣᠭᠤᠯᠤᠨ᠎ᠠ
ᠨᠡᠶ᠋ᠢᠲᠡᠯᠡᠭᠰᠡᠨ ᠴᠠᠭ᠄ 2025-03-23

      ᠠᠷᠪᠠᠨ ᠳᠥᠷᠪᠡᠳᠦᠭᠡᠷ ᠬᠤᠭᠤᠴᠠᠭ᠋ᠠᠨ᠎ᠤ ᠪᠦᠭᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠭᠤᠷᠪᠠᠳᠤᠭ᠋ᠠᠷ ᠬᠤᠷᠠᠯ 9᠎ᠤ ᠡᠳᠦᠷ᠎ᠤᠨ ᠦᠳᠡ ᠵᠢᠨ ᠬᠣᠢ᠌ᠨ᠎ᠠ ᠰᠣᠷᠪᠤᠯᠵᠢᠯᠠᠬ᠍ᠴᠢᠳ᠎ᠤᠨ ᠬᠤᠷᠠᠯ ᠬᠢᠵᠦ᠂ ᠠᠷᠠᠳ᠎ᠤᠨ ᠶᠠᠪᠤᠳᠠᠯ᠎ᠤᠨ ᠶᠠᠮᠤᠨ᠂ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠶᠠᠮᠤᠨ᠂ ᠣᠷᠣᠨ ᠰᠠᠭᠤᠴᠠ ᠪᠠ ᠬᠣᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠶᠠᠮᠤᠨ᠂ ᠤᠯᠤᠰ᠎ᠤᠨ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠥᠪᠯᠡᠯ᠎ᠤᠨ ᠳᠥᠷᠪᠡᠨ ᠬᠠᠷᠢᠭᠤᠴᠠᠯᠭ᠋ᠠᠲᠠᠨ᠎ᠠᠴᠠ ᠬᠣᠯᠪᠣᠭᠳᠠᠯ ᠪᠦᠬᠦᠢ

ᠠᠰᠠᠭᠤᠳᠠᠯ᠎ᠤᠨ ᠲᠤᠬᠠᠢ ᠳᠤᠮᠳᠠᠳᠤ ᠭᠠᠳᠠᠭ᠋ᠠᠳᠤ ᠵᠢᠨ ᠰᠣᠷᠪᠤᠯᠵᠢᠯᠠᠬ᠍ᠴᠢᠳ᠎ᠤᠨ ᠠᠰᠠᠭᠤᠯᠲᠠ ᠵᠢ ᠬᠠᠷᠢᠭᠤᠯᠪᠠ᠃ ᠣᠷᠣᠨ ᠰᠠᠭᠤᠴᠠ ᠪᠠ ᠬᠤᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠶᠠᠮᠤᠨ᠎ᠤ ᠰᠠᠢ᠌ᠳ᠎ᠨᠢ ᠬᠣᠩ᠂ ᠳᠣᠣᠷᠠᠬᠢ ᠭᠤᠷᠪᠠᠨ ᠶᠠᠪᠤᠳᠠᠯ᠎ᠢ ᠬᠦᠴᠦᠯᠡᠨ ᠠᠳᠬᠤᠨ᠎ᠠ ᠭᠡᠵᠡᠢ᠄

      ᠨᠢᠭᠡ᠎ᠳᠤ᠂ 2000 ᠣᠨ᠎ᠠᠴᠠ ᠡᠮᠦᠨ᠎ᠡ ᠪᠠᠢ᠌ᠭᠤᠯᠤᠭᠰᠠᠨ ᠬᠤᠲᠠ ᠵᠢᠨ ᠬᠠᠭᠤᠴᠢᠨ ᠰᠠᠭᠤᠭ᠋ᠠᠯᠢ ᠲᠣᠭᠣᠷᠢᠭ᠎ᠢ ᠪᠦᠷ ᠬᠤᠲᠠ ᠵᠢᠨ ᠰᠢᠨᠡᠳᠬᠡᠨ ᠵᠠᠰᠠᠬᠤ ᠬᠡᠪᠴᠢᠶᠡᠨ᠎ᠳᠤ ᠣᠷᠣᠭᠤᠯᠵᠤ᠂ ᠭᠠᠵᠠᠷ ᠣᠷᠣᠨ᠎ᠤ

ᠪᠠᠢ᠌ᠳᠠᠯ᠎ᠳᠤᠨᠢ ᠲᠣᠬᠢᠷᠠᠭᠤᠯᠤᠨ ᠰᠢᠨᠡᠳᠬᠡᠨ ᠵᠠᠰᠠᠬᠤ ᠪᠥᠭᠡᠳ ᠣᠷᠣᠨ ᠨᠤᠲᠤᠭ᠎ᠤᠨ᠎ᠬᠢᠨ ᠰᠠᠭᠤᠭ᠋ᠠᠯᠢ ᠠᠷᠠᠳ᠎ᠤᠨ  ᠪᠡᠶ᠎ᠡ᠎ᠪᠠᠨ ᠳᠠᠭ᠋ᠠᠭ᠋ᠠᠵᠤ ᠬᠠᠭᠤᠴᠢᠨ ᠣᠷᠣᠨ ᠰᠠᠭᠤᠴᠠ᠎ᠪᠠᠨ ᠰᠢᠨᠡᠳᠬᠡᠨ ᠥᠭᠡᠷᠡᠴᠢᠯᠡᠬᠦ ᠲᠤᠬᠠᠢ ᠬᠠᠢ᠌ᠨ ᠰᠦᠪᠡᠭᠴᠢᠯᠡᠬᠦ ᠵᠢ ᠵᠣᠷᠢᠭᠵᠢᠭᠤᠯᠤᠨ᠎ᠠ᠃

      ᠬᠣᠶᠠᠷ᠎ᠲᠤ᠂ ᠬᠣᠲᠠ ᠵᠢᠨ ᠳᠣᠲᠣᠷᠠᠬᠢ ᠲᠣᠰᠬᠣᠨ᠎ᠢ ᠥᠭᠡᠷᠡᠴᠢᠯᠡᠨ᠎ᠡ᠂ ᠣᠳᠤ ᠥᠭᠡᠷᠡᠴᠢᠯᠡᠬᠦ ᠬᠡᠪᠴᠢᠶ᠎ᠡ ᠵᠢ ᠨᠢᠭᠡᠨᠲᠡ ᠪᠦᠭᠦ ᠤᠯᠤᠰ᠎ᠤᠨ ᠲᠤᠰᠬᠠᠢ ᠣᠷᠣᠨ᠎ᠤ ᠳᠡᠰ ᠵᠢᠴᠢ ᠲᠡᠭᠦᠨ᠎ᠠᠴᠠ ᠳᠡᠭᠡᠭᠰᠢᠬᠢ ᠬᠣᠲᠠ᠎ᠳᠤ ᠭᠦᠷᠲᠡᠯ᠎ᠡ ᠥᠷᠭᠡᠳᠬᠡᠵᠦ᠂ ᠨᠢᠳᠤᠨᠤᠨ᠎ᠤ 100 ᠲᠦᠮᠡᠨ ᠢᠵᠢ ᠰᠢᠨ᠎ᠡ᠎ᠪᠠᠷ ᠨᠡᠮᠡᠭᠳᠡᠭᠦᠯᠦᠭᠰᠡᠨ ᠰᠠᠭᠤᠷᠢᠨ ᠳᠡᠭᠡᠷ᠎ᠡ ᠥᠭᠡᠷᠡᠴᠢᠯᠡᠬᠦ ᠬᠡᠪᠴᠢᠶ᠎ᠡ ᠵᠢ ᠦᠷᠭᠦᠯᠵᠢᠯᠡᠨ ᠥᠷᠭᠡᠳᠬᠡᠨ᠎ᠡ᠃

      ᠭᠤᠷᠪᠠ᠎ᠳᠤ᠂ ᠪᠦᠷᠢᠨ ᠲᠥᠬᠥᠷ ᠨᠡᠢ᠌ᠭᠡᠮ ᠲᠣᠭᠣᠷᠢᠭ᠎ᠤᠨ ᠪᠦᠲᠦᠭᠡᠨ ᠪᠠᠢ᠌ᠭᠤᠯᠤᠯᠲᠠ ᠵᠢ ᠶᠡᠬᠡ᠎ᠪᠠᠷ ᠠᠬᠢᠭᠤᠯᠤᠨ᠎ᠠ᠂ ᠭᠣᠣᠯᠳᠠᠭᠤ 《ᠥᠲᠡᠭᠦᠰ ᠨᠢᠯᠬᠠᠰ》᠎ᠲᠤ ᠠᠩᠬᠠᠷᠤᠯ ᠵᠢᠡᠨ ᠲᠥᠪᠯᠡᠷᠡᠭᠦᠯᠵᠦ᠂ ᠨᠠᠰᠤᠲᠠᠢ᠌ᠴᠤᠳ᠎ᠲᠤ ᠲᠣᠬᠢᠷᠠᠬᠤ ᠢᠵᠢ ᠪᠦᠷᠢᠳᠦᠭᠰᠡᠨ ᠲᠥᠬᠦᠭᠡᠷᠦᠮᠵᠢ᠂ ᠵᠠᠰᠠᠭ᠎ᠤᠨ ᠣᠷᠳᠣᠨ᠎ᠤ ᠬᠡᠦᠬᠡᠳ ᠰᠠᠭ᠋ᠠᠲᠠᠭᠤᠯᠬᠤ ᠦᠢ᠍ᠯᠡᠴᠢᠯᠡᠭᠡᠨ᠎ᠤ ᠲᠥᠬᠦᠭᠡᠷᠦᠮᠵᠢ᠂ ᠬᠡᠦᠬᠡᠳ᠎ᠤᠨ ᠠᠵᠢᠯᠯᠠᠭ᠋ᠠᠨ᠎ᠤ ᠲᠠᠯᠠᠪᠤᠷ᠎ᠢ ᠲᠡᠭᠦᠯᠳᠡᠷᠵᠢᠭᠦᠯᠦᠨ᠎ᠡ᠃

ᠢᠷᠡᠯᠲᠡ᠄ᠳᠤᠮᠳᠠᠳᠤ ᠤᠯᠤᠰ᠎ᠤᠨ ᠮᠣᠩᠭᠤᠯ ᠬᠡᠯᠡᠨ᠎ᠤ ᠰᠣᠨᠢᠨ ᠮᠡᠳᠡᠭᠡ ᠵᠢᠨ ᠰᠦᠯᠵᠢᠶ᠎ᠡ
          
ᠬᠠᠮᠢᠶ᠎ᠡ ᠪᠦᠬᠦᠢ ᠰᠣᠨᠢᠨ
 
            