ᠠᠰᠠᠭᠤᠯᠲᠠ᠄ 《ᠳᠦᠷᠢᠮ》᠎ᠳᠤ ᠲᠣᠭ᠋ᠠᠴᠠᠭ᠎ᠠ ᠬᠢᠬᠦ ᠦᠢᠯᠡ ᠠᠵᠢᠯᠯᠠᠭ᠎ᠠ ᠵᠢ ᠵᠢᠷᠤᠮᠵᠢᠭᠤᠯᠬᠤ᠂ ᠲᠣᠭ᠋ᠠᠴᠠᠭ᠎ᠠ ᠬᠢᠬᠦ ᠬᠠᠷᠢᠭᠤᠴᠠᠯᠭ᠎ᠠ ᠵᠢ ᠴᠢᠩᠭ᠋ᠠᠳᠬᠠᠬᠤ ᠲᠠᠯ᠎ᠠ᠎ᠪᠠᠷ ᠶᠠᠮᠠᠷ ᠶᠠᠮᠠᠷ ᠰᠢᠨ᠎ᠡ ᠲᠣᠭᠲᠠᠭ᠋ᠠᠯ᠎ᠲᠠᠢ ᠪᠣᠶ?
ᠬᠠᠷᠢᠭᠤᠯᠲᠠ᠄ 《ᠳᠦᠷᠢᠮ》᠎ᠳᠤ 《ᠵᠣᠭᠣᠰ ᠲᠥᠯᠥᠬᠦ ᠲᠣᠭᠲᠠᠭ᠋ᠠᠯ》 ᠭᠡᠬᠦ ᠲᠤᠰᠬᠠᠢ ᠪᠦᠯᠦᠭ ᠭᠠᠷᠭ᠋ᠠᠵᠤ᠂ ᠭᠣᠣᠯᠳᠠᠭᠤ ᠭᠤᠷᠪᠠᠨ ᠲᠠᠯ᠎ᠠ᠎ᠪᠠᠷ ᠵᠠᠰᠠᠪᠤᠷᠢ ᠣᠷᠣᠭᠤᠯᠪᠠ᠄ ᠨᠢᠭᠡ᠎ᠳᠤ ᠵᠣᠭᠣᠰ ᠲᠥᠯᠥᠬᠦ ᠬᠤᠭᠤᠴᠠᠭ᠎ᠠ ᠵᠢ ᠤᠯᠠᠮ ᠨᠢᠭᠡ ᠠᠯᠬᠤᠮ ᠲᠣᠳᠣᠷᠬᠠᠢ ᠪᠣᠯᠭ᠋ᠠᠵᠠᠢ᠃ ᠠᠯᠪᠠᠨ ᠪᠠᠢ᠌ᠭᠤᠯᠭ᠎ᠠ᠂ ᠠᠵᠢᠯ ᠦᠢ᠍ᠯᠡᠰ᠎ᠤᠨ ᠨᠢᠭᠡᠴᠢ ᠪᠠ ᠲᠣᠮᠣ ᠬᠡᠯᠪᠡᠷᠢ ᠵᠢᠨ ᠠᠵᠤ ᠠᠬᠤᠢ᠌ᠯᠠᠯ᠎ᠤᠨ ᠵᠣᠭᠣᠰ ᠥᠭᠬᠦ ᠬᠤᠭᠤᠴᠠᠭ᠎ᠠ ᠵᠢᠨ ᠱᠠᠭ᠋ᠠᠷᠳᠠᠯᠭ᠎ᠠ ᠵᠢ ᠲᠣᠳᠣᠷᠬᠠᠢ ᠲᠣᠭᠲᠠᠭ᠋ᠠᠵᠤ᠂ ᠣᠨᠴᠠᠭ᠋ᠠᠢ᠌ᠯᠠᠨ ᠲᠣᠮᠣ ᠬᠡᠯᠪᠡᠷᠢ ᠵᠢᠨ ᠠᠵᠤ ᠠᠬᠤᠢ᠌ᠯᠠᠯ ᠡᠳ᠋ ᠪᠠᠷᠠᠭ᠎ᠠ᠂ ᠪᠠᠷᠢᠯᠭ᠎ᠠ᠂ ᠦᠢ᠍ᠯᠡᠴᠢᠯᠡᠭᠡ ᠵᠢ ᠲᠤᠰᠢᠶᠠᠭᠰᠠᠨ ᠡᠳᠦᠷ᠎ᠠᠴᠠ ᠡᠬᠢᠯᠡᠨ 60 ᠡᠳᠦᠷ᠎ᠤᠨ ᠳᠣᠲᠣᠷ᠎ᠠ ᠵᠣᠭᠣᠰ ᠥᠭᠬᠦ ᠬᠡᠷᠡᠭᠲᠡᠢ ᠭᠡᠵᠦ ᠲᠣᠭᠲᠠᠭ᠋ᠠᠪᠠ; ᠭᠡᠷ᠎ᠡ᠎ᠳᠤ ᠠᠰᠲᠠᠭ᠋ᠠᠨ ᠪᠣᠯᠵᠣᠯ᠎ᠲᠠᠢ ᠪᠠᠢ᠌ᠪᠠᠯ᠂ ᠲᠡᠷᠡ ᠪᠣᠯᠵᠣᠯ᠎ᠢ ᠵᠢᠷᠤᠮᠯᠠᠨ᠎ᠠ᠂ ᠭᠡᠬᠦ᠎ᠳᠡᠭᠡᠨ ᠠᠵᠢᠯ ᠲᠦᠷᠦᠯ᠎ᠤᠨ ᠵᠢᠷᠤᠮᠵᠢᠯ᠂ ᠠᠷᠠᠯᠵᠢᠶᠠᠨ᠎ᠤ ᠵᠤᠷᠰᠢᠯ᠎ᠤᠨ ᠶᠣᠰᠣᠭ᠋ᠠᠷ ᠵᠣᠭᠣᠰ ᠥᠭᠬᠦ ᠬᠤᠭᠤᠴᠠᠭ᠎ᠠ ᠵᠢ ᠵᠦᠢ ᠵᠣᠬᠢᠰᠲᠠᠢ᠎ᠪᠠᠷ ᠪᠣᠯᠵᠣᠨ ᠲᠣᠭᠲᠠᠭ᠋ᠠᠬᠤ ᠵᠢᠨ ᠬᠠᠮᠲᠤ ᠵᠣᠭᠣᠰ᠎ᠢ ᠴᠠᠭ ᠲᠤᠬᠠᠢᠳᠤᠨᠢ ᠥᠭᠬᠦ ᠬᠡᠷᠡᠭᠲᠡᠢ᠂ ᠭᠤᠷᠪᠠᠳᠠᠭᠢ ᠡᠲᠡᠭᠡᠳ᠎ᠤᠨ ᠵᠣᠭᠣᠰ ᠥᠭᠬᠦ ᠵᠢ ᠬᠦᠯᠢᠶᠡᠵᠦ ᠠᠪᠬᠤ᠎ᠪᠠᠷ ᠳᠤᠮᠳᠠ ᠵᠢᠵᠢᠭ ᠠᠵᠤ ᠠᠬᠤᠢ᠌ᠯᠠᠯ᠎ᠳᠤ ᠵᠣᠭᠣᠰ ᠥᠭᠬᠦ ᠨᠥᠬᠥᠴᠡᠯ ᠪᠣᠯᠭ᠋ᠠᠬᠤ ᠪᠤᠶᠤ ᠭᠤᠷᠪᠠᠳᠠᠭᠢ ᠡᠲᠡᠭᠡᠳ᠎ᠤᠨ ᠵᠣᠭᠣᠰ ᠥᠭᠬᠦ ᠠᠬᠢᠴᠠ ᠵᠢᠨ ᠬᠠᠷᠢᠴᠠᠯ ᠶᠣᠰᠣᠭ᠋ᠠᠷ ᠳᠤᠮᠳᠠ ᠵᠢᠵᠢᠭ ᠠᠵᠤ ᠠᠬᠤᠢ᠌ᠯᠠᠯ᠎ᠳᠤ ᠵᠣᠭᠣᠰ ᠥᠭᠬᠦ᠎ᠪᠠᠷ ᠪᠣᠯᠵᠣᠨ ᠲᠣᠭᠲᠠᠵᠤ ᠪᠣᠯᠬᠤ ᠦᠭᠡᠢ᠃ ᠬᠣᠶᠠᠷ᠎ᠲᠤ ᠪᠡᠯᠡᠨ ᠵᠣᠭᠣᠰᠤᠨ᠎ᠤ ᠪᠤᠰᠤ ᠲᠥᠯᠥᠪᠦᠷᠢ ᠵᠢᠨ ᠠᠷᠭ᠎ᠠ ᠮᠠᠶᠢᠭ᠎ᠢ ᠤᠯᠠᠮ ᠨᠢᠭᠡ ᠠᠯᠬᠤᠮ ᠲᠡᠭᠦᠯᠳᠡᠷᠵᠢᠭᠦᠯᠵᠡᠢ᠃ ᠳᠤᠮᠳᠠ ᠵᠢᠵᠢᠭ ᠠᠵᠤ ᠠᠬᠤᠢ᠌ᠯᠠᠯ᠎ᠢ ᠠᠯᠪᠠᠳᠠᠵᠤ ᠪᠠᠢ᠌ᠭ᠋ᠠᠳ ᠬᠤᠳᠠᠯᠳᠤᠭ᠋ᠠᠨ᠎ᠤ ᠭᠤᠪᠢᠭᠤᠯᠭ᠎ᠠ ᠵᠢᠨ ᠫᠢᠶᠣᠣ᠂ ᠬᠤᠷᠢᠶᠠᠬᠤ ᠶᠣᠰᠣᠲᠠᠢ ᠳᠠᠩᠰᠠᠨ ᠵᠣᠭᠣᠰᠤᠨ᠎ᠤ ᠡᠯᠧᠺᠲᠷᠣᠨ ᠭᠡᠷᠡᠴᠢ ᠪᠠᠷᠢᠮᠲᠠ ᠵᠡᠷᠭᠡ ᠪᠡᠯᠡᠨ ᠵᠣᠭᠣᠰᠤᠨ᠎ᠤ ᠪᠤᠰᠤ ᠲᠥᠯᠥᠪᠦᠷᠢ ᠵᠢᠨ ᠠᠷᠭ᠎ᠠ ᠮᠠᠶᠢᠭ᠎ᠢ ᠬᠦᠯᠢᠶᠡᠨ ᠠᠪᠤᠭᠤᠯᠵᠤ ᠪᠣᠯᠬᠤ ᠦᠭᠡᠢ᠂ ᠬᠤᠳᠠᠯᠳᠤᠭ᠋ᠠᠨ᠎ᠤ ᠭᠤᠪᠢᠭᠤᠯᠭ᠎ᠠ ᠵᠢᠨ ᠫᠢᠶᠣᠣ᠂ ᠬᠤᠷᠢᠶᠠᠬᠤ ᠶᠣᠰᠣᠲᠠᠢ ᠳᠠᠩᠰᠠᠨ ᠵᠣᠭᠣᠰᠤᠨ᠎ᠤ ᠡᠯᠧᠺᠲᠷᠣᠨ ᠭᠡᠷᠡᠴᠢ ᠪᠠᠷᠢᠮᠲᠠ ᠵᠡᠷᠭᠡ ᠪᠡᠯᠡᠨ ᠵᠣᠭᠣᠰᠤᠨ᠎ᠤ ᠪᠤᠰᠤ ᠲᠥᠯᠥᠪᠦᠷᠢ ᠵᠢᠨ ᠠᠷᠭ᠎ᠠ ᠮᠠᠶᠢᠭ᠎ᠢ ᠠᠰᠢᠭᠯᠠᠨ ᠵᠣᠭᠣᠰ ᠥᠭᠬᠦ ᠬᠤᠭᠤᠴᠠᠭ᠎ᠠ ᠵᠢ ᠬᠡᠯᠪᠡᠷᠢ ᠵᠢ᠎ᠨᠢ ᠥᠭᠡᠷᠡᠲᠦᠭᠦᠯᠦᠨ ᠤᠷᠲᠤᠳᠬᠠᠵᠤ ᠪᠣᠯᠬᠤ ᠦᠭᠡᠢ ᠭᠡᠵᠦ ᠲᠣᠳᠣᠷᠬᠠᠢ ᠲᠣᠭᠲᠠᠭ᠋ᠠᠵᠠᠢ᠃ ᠭᠤᠷᠪᠠ᠎ᠳᠤ ᠮᠠᠷᠭᠤᠯᠳᠤᠭ᠋ᠠᠨ ᠦᠭᠡᠢ ᠵᠣᠭᠣᠰᠤᠨ᠎ᠤ ᠵᠣᠭᠣᠰ ᠥᠭᠬᠦ ᠡᠭᠦᠷᠭᠡ ᠵᠢ ᠲᠣᠳᠣᠷᠬᠠᠢ ᠪᠣᠯᠭ᠋ᠠᠬᠤ ᠬᠡᠷᠡᠭᠲᠡᠢ᠃ ᠪᠠᠢ᠌ᠭᠤᠯᠭ᠎ᠠ᠂ ᠠᠵᠢᠯ ᠦᠢ᠍ᠯᠡᠰ᠎ᠤᠨ ᠨᠢᠭᠡᠴᠢ ᠪᠠ ᠲᠣᠮᠣ ᠬᠡᠯᠪᠡᠷᠢ ᠵᠢᠨ ᠠᠵᠤ ᠠᠬᠤᠢ᠌ᠯᠠᠯ᠎ᠤᠨ ᠳᠤᠮᠳᠠ ᠵᠢᠵᠢᠭ ᠠᠵᠤ ᠠᠬᠤᠢ᠌ᠯᠠᠯ᠎ᠯᠤᠭ᠎ᠠ ᠵᠢᠨ ᠠᠷᠠᠯᠵᠢᠶᠠᠨ᠎ᠤ ᠬᠡᠰᠡᠭ ᠲᠠᠯ᠎ᠠ᠎ᠪᠠᠷ ᠮᠠᠷᠭᠤᠯᠳᠤᠭ᠋ᠠᠨ᠎ᠲᠠᠢ ᠪᠣᠯᠪᠠᠴᠤ ᠪᠤᠰᠤᠳ ᠬᠡᠰᠡᠭ᠎ᠤᠨ ᠭᠦᠢ᠍ᠴᠡᠳᠬᠡᠬᠦ ᠵᠢ ᠨᠥᠯᠥᠭᠡᠯᠡᠬᠦ ᠦᠭᠡᠢ ᠪᠠᠢ᠌ᠪᠠᠯ᠂ ᠮᠠᠷᠭᠤᠯᠳᠤᠭ᠋ᠠᠨ ᠦᠭᠡᠢ ᠬᠡᠰᠡᠭ᠎ᠲᠤ ᠴᠠᠭ ᠲᠤᠬᠠᠢᠳᠤᠨᠢ ᠵᠣᠭᠣᠰ ᠥᠭᠬᠦ ᠡᠭᠦᠷᠭᠡ ᠵᠢ ᠭᠦᠢ᠍ᠴᠡᠳᠬᠡᠬᠦ ᠬᠡᠷᠡᠭᠲᠡᠢ ᠭᠡᠵᠦ ᠨᠡᠮᠡᠵᠦ ᠲᠣᠭᠲᠠᠭ᠋ᠠᠪᠠ᠃
ᠠᠰᠠᠭᠤᠯᠲᠠ᠄ 《ᠳᠦᠷᠢᠮ》᠎ᠳᠤ ᠡᠯ᠎ᠡ ᠱᠠᠲᠤᠨ᠎ᠤ ᠵᠠᠰᠠᠭ᠎ᠤᠨ ᠣᠷᠳᠣᠨ᠎ᠤ ᠰᠠᠯᠠᠭ᠎ᠠ ᠮᠥᠴᠢᠷ᠎ᠤᠨ ᠬᠢᠨᠠᠯᠲᠠ ᠬᠠᠮᠢᠶᠠᠷᠤᠯᠲᠠ ᠵᠢᠨ ᠠᠷᠭ᠎ᠠ ᠬᠡᠮᠵᠢᠶ᠎ᠡ ᠵᠢ ᠴᠢᠩᠭ᠋ᠠᠳᠬᠠᠬᠤ ᠲᠠᠯ᠎ᠠ᠎ᠪᠠᠷ ᠬᠡᠷᠬᠢᠨ ᠲᠣᠭᠲᠠᠭ᠋ᠠᠭᠰᠠᠨ ᠪᠣᠶ?
ᠬᠠᠷᠢᠭᠤᠯᠲᠠ᠄ 《ᠳᠦᠷᠢᠮ》᠎ᠳᠤ 《ᠬᠢᠨᠠᠯᠲᠠ ᠬᠠᠮᠢᠶᠠᠷᠤᠯᠲᠠ》 ᠵᠢᠨ ᠲᠤᠰᠬᠠᠢ ᠪᠦᠯᠦᠭ ᠭᠠᠷᠭ᠋ᠠᠵᠤ᠂ ᠬᠠᠮᠢᠶ᠎ᠠ ᠪᠦᠬᠦᠢ ᠳᠦᠷᠢᠮ᠎ᠤᠨ ᠪᠠᠢ᠌ᠭᠤᠯᠤᠯᠳᠠ ᠵᠢ ᠲᠦᠯᠬᠢᠨ ᠠᠬᠢᠭᠤᠯᠵᠤ᠂ ᠭᠣᠣᠯᠳᠠᠭᠤ ᠳᠣᠣᠷᠠᠬᠢ ᠮᠡᠲᠦ ᠵᠠᠰᠠᠪᠤᠷᠢ ᠣᠷᠣᠭᠤᠯᠪᠠ᠄ ᠨᠢᠭᠡ᠎ᠳᠤ ᠲᠣᠭᠲᠠᠮᠠᠯ ᠬᠤᠭᠤᠴᠠᠭ᠎ᠠ᠎ᠲᠠᠢ ᠠᠵᠢᠯ᠎ᠤᠨ ᠬᠠᠷᠢᠭᠤ ᠮᠡᠳᠡᠭᠦᠯᠦᠯᠲᠡ ᠵᠢᠨ ᠳᠦᠷᠢᠮ᠎ᠢ ᠲᠣᠳᠣᠷᠬᠠᠢ ᠲᠣᠭᠲᠠᠭ᠋ᠠᠪᠠ᠃ ᠰᠢᠶᠠᠨ᠎ᠤ ᠱᠠᠲᠤᠨ᠎ᠠᠴᠠ ᠳᠡᠭᠡᠭᠰᠢᠬᠢ ᠣᠷᠣᠨ ᠨᠤᠲᠤᠭ᠎ᠤᠨ ᠠᠷᠠᠳ᠎ᠤᠨ ᠵᠠᠰᠠᠭ᠎ᠤᠨ ᠣᠷᠳᠣᠨ᠎ᠤ ᠰᠠᠯᠠᠭ᠎ᠠ ᠮᠥᠴᠢᠷ ᠵᠢᠯ ᠪᠦᠷᠢ ᠲᠣᠭᠲᠠᠮᠠᠯ ᠬᠤᠭᠤᠴᠠᠭ᠎ᠠ᠎ᠲᠠᠢ᠎ᠪᠠᠷ ᠲᠤᠰ ᠱᠠᠲᠤᠨ᠎ᠤ ᠠᠷᠠᠳ᠎ᠤᠨ ᠵᠠᠰᠠᠭ᠎ᠤᠨ ᠠᠵᠢᠯ ᠦᠢ᠍ᠯᠡᠰ᠎ᠤᠨ ᠨᠢᠭᠡᠴᠢ᠂ ᠤᠯᠤᠰ᠎ᠤᠨ ᠥᠮᠴᠢᠯᠡᠯ᠎ᠤᠨ ᠲᠣᠮᠣ ᠬᠡᠯᠪᠡᠷᠢ ᠵᠢᠨ ᠠᠵᠤ ᠠᠬᠤᠢ᠌ᠯᠠᠯ᠎ᠤᠳ ᠲᠡᠭᠦᠨ᠎ᠤ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠪᠤᠶᠤ ᠬᠢᠨᠠᠨ ᠬᠠᠮᠢᠶᠠᠷᠬᠤ ᠰᠠᠯᠠᠭ᠎ᠠ ᠮᠥᠴᠢᠷ᠎ᠲᠤ ᠳᠤᠮᠳᠠ ᠵᠢᠵᠢᠭ ᠠᠵᠤ ᠠᠬᠤᠢ᠌ᠯᠠᠯ᠎ᠤᠨ ᠵᠣᠭᠣᠰ᠎ᠢ ᠬᠤᠭᠤᠴᠠᠭ᠎ᠠ ᠬᠡᠲᠦᠷᠡᠲᠡᠯ᠎ᠡ ᠥᠭᠭᠦᠭᠡᠳᠦᠢ ᠪᠠᠢ᠌ᠳᠠᠯ ᠵᠶ᠋ᠠᠨ ᠮᠡᠳᠡᠭᠦᠯᠬᠦ ᠬᠡᠷᠡᠭᠲᠡᠢ᠂ ᠰᠢᠶᠠᠨ᠎ᠤ ᠱᠠᠲᠤᠨ᠎ᠠᠴᠠ ᠳᠡᠭᠡᠭᠰᠢᠬᠢ ᠣᠷᠣᠨ ᠨᠤᠲᠤᠭ᠎ᠤᠨ ᠠᠷᠠᠳ᠎ᠤᠨ ᠵᠠᠰᠠᠭ᠎ᠤᠨ ᠣᠷᠳᠣᠨ ᠲᠤᠰ ᠵᠠᠰᠠᠭ ᠵᠠᠬᠢᠷᠭ᠋ᠠᠨ᠎ᠤ ᠣᠷᠣᠨ᠎ᠤ᠎ᠪᠠᠨ ᠳᠣᠲᠣᠷᠠᠬᠢ ᠳᠤᠮᠳᠠ ᠵᠢᠵᠢᠭ ᠠᠵᠤ ᠠᠬᠤᠢ᠌ᠯᠠᠯ᠎ᠤᠨ ᠵᠣᠭᠣᠰ ᠮᠥᠩᠭᠥ ᠥᠭᠬᠦ ᠠᠵᠢᠯ᠎ᠤᠨ ᠮᠡᠳᠡᠭᠦᠯᠦᠯᠲᠡ ᠵᠢ ᠰᠣᠨᠣᠰᠬᠤ ᠬᠡᠷᠡᠭᠲᠡᠢ ᠭᠡᠵᠦ ᠨᠡᠮᠡᠵᠦ ᠲᠣᠭᠲᠠᠭ᠋ᠠᠪᠠ᠃ ᠬᠣᠶᠠᠷ᠎ᠲᠤ ᠪᠣᠯᠵᠣᠨ ᠶᠠᠷᠢᠯᠴᠠᠵᠤ ᠵᠠᠷᠯᠠᠨ ᠮᠡᠳᠡᠭᠳᠡᠬᠦ ᠳᠦᠷᠢᠮ᠎ᠢ ᠪᠠᠢ᠌ᠭᠤᠯᠵᠠᠢ᠃ ᠳᠤᠮᠳᠠ ᠵᠢᠵᠢᠭ ᠠᠵᠤ ᠠᠬᠤᠢ᠌ᠯᠠᠯ᠎ᠤᠨ ᠵᠣᠭᠣᠰ ᠥᠭᠬᠦ ᠠᠵᠢᠯ᠎ᠤᠨ ᠲᠥᠷᠥ ᠵᠢᠨ ᠪᠣᠳᠣᠯᠭ᠎ᠠ ᠵᠢ ᠨᠠᠢ᠌ᠳᠠᠪᠤᠷᠢᠵᠢᠭᠤᠯᠤᠭᠰᠠᠨ ᠵᠶ᠋ᠠᠷ ᠬᠦᠷᠦᠯᠴᠡᠬᠦ ᠦᠭᠡᠢ᠂ ᠠᠵᠢᠯ᠎ᠢ ᠠᠬᠢᠭᠤᠯᠤᠭᠰᠠᠨ ᠵᠶ᠋ᠠᠷ ᠬᠦᠴᠦᠨ ᠦᠭᠡᠢ᠂ ᠳᠤᠮᠳᠠ ᠵᠢᠵᠢᠭ ᠠᠵᠤ ᠠᠬᠤᠢ᠌ᠯᠠᠯ᠎ᠤᠨ ᠵᠣᠭᠣᠰ ᠮᠥᠩᠭᠥ ᠵᠢ ᠬᠦᠨᠳᠦ ᠨᠣᠴᠢᠲᠠᠢ ᠥᠷᠢᠲᠦᠵᠦ ᠤᠳᠠᠭ᠋ᠠᠰᠢᠷᠠᠭᠤᠯᠤᠭᠰᠠᠨ ᠵᠡᠷᠭᠡ ᠪᠠᠢ᠌ᠳᠠᠯ᠎ᠳᠤ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠳ ᠵᠠᠬᠢᠳᠠᠯ ᠵᠶ᠋ᠠᠷ ᠠᠰᠠᠭᠤᠵᠤ ᠪᠣᠯᠵᠣᠨ ᠶᠠᠷᠢᠯᠴᠠᠬᠤ᠂ ᠰᠢᠮᠳᠠᠭᠤᠯᠤᠨ ᠰᠢᠢ᠍ᠳᠪᠦᠷᠢᠯᠡᠭᠦᠯᠬᠦ᠎ᠪᠠᠷ ᠮᠡᠳᠡᠭᠡᠯᠡᠬᠦ ᠵᠡᠷᠭᠡ ᠠᠷᠭ᠎ᠠ ᠬᠡᠮᠵᠢᠶ᠎ᠡ ᠵᠢ ᠠᠪᠴᠤ ᠪᠣᠯᠣᠨ᠎ᠠ ᠭᠡᠵᠦ ᠲᠣᠳᠣᠷᠬᠠᠢ ᠲᠣᠭᠲᠠᠭ᠋ᠠᠪᠠ᠃ ᠭᠤᠷᠪᠠ᠎ᠳᠤ ᠬᠢᠵᠠᠭ᠋ᠠᠷᠯᠠᠬᠤ ᠠᠷᠭ᠎ᠠ ᠬᠡᠮᠵᠢᠶ᠎ᠡ ᠵᠢ ᠤᠯᠠᠮ ᠨᠢᠭᠡ ᠠᠯᠬᠤᠮ ᠨᠠᠷᠢᠯᠢᠭᠵᠢᠭᠤᠯᠵᠠᠢ᠃ ᠳᠤᠮᠳᠠ ᠵᠢᠵᠢᠭ ᠠᠵᠤ ᠠᠬᠤᠢ᠌ᠯᠠᠯ᠎ᠤᠨ ᠵᠣᠭᠣᠰ᠎ᠢ ᠥᠷᠢᠲᠦᠵᠦ ᠤᠳᠠᠭ᠋ᠠᠰᠢᠷᠠᠭᠤᠯᠤᠭᠰᠠᠨ ᠦᠢ᠍ᠯᠡ ᠪᠠᠢ᠌ᠳᠠᠯ᠎ᠨᠢ ᠬᠦᠨᠳᠦ ᠨᠣᠴᠢᠲᠠᠢ ᠪᠤᠶᠤ ᠬᠦᠨᠳᠦ ᠨᠣᠴᠢᠲᠠᠢ ᠮᠠᠭᠤ ᠨᠡᠢ᠌ᠭᠡᠮ᠎ᠤᠨ ᠨᠥᠯᠥᠭᠡ ᠭᠠᠷᠭ᠋ᠠᠭᠰᠠᠨ ᠪᠣᠯ ᠠᠯᠪᠠᠨ ᠶᠠᠪᠤᠳᠠᠯ᠎ᠤᠨ ᠬᠡᠷᠡᠭᠯᠡᠭᠡ᠂ ᠠᠯᠪᠠᠨ ᠬᠡᠷᠡᠭᠯᠡᠭᠡᠨ᠎ᠤ ᠭᠡᠷ ᠪᠠᠢ᠌ᠰᠢᠩ᠂ ᠵᠠᠷᠤᠳᠠᠯ᠎ᠤᠨ ᠲᠣᠬᠢᠷᠠᠭᠤᠯᠤᠯᠲᠠ ᠵᠡᠷᠭᠡ ᠲᠠᠯ᠎ᠠ᠎ᠪᠠᠷ ᠪᠠᠢ᠌ᠭᠤᠯᠭ᠎ᠠ᠂ ᠠᠵᠢᠯ ᠦᠢ᠍ᠯᠡᠰ᠎ᠤᠨ ᠨᠢᠭᠡᠴᠡ᠎ᠳᠤ ᠴᠢᠬᠤᠯᠠ ᠪᠦᠬᠦᠢ ᠬᠢᠵᠠᠭ᠋ᠠᠷᠯᠠᠬᠤ ᠠᠷᠭ᠎ᠠ ᠬᠡᠮᠵᠢᠶ᠎ᠡ ᠠᠪᠴᠤ᠂ ᠲᠣᠮᠣ ᠬᠡᠯᠪᠡᠷᠢ ᠵᠢᠨ ᠠᠵᠤ ᠠᠬᠤᠢ᠌ᠯᠠᠯ᠎ᠤᠨ ᠡᠳ᠋᠎ᠤᠨ ᠵᠠᠰᠠᠭ᠎ᠤᠨ ᠪᠡᠯᠡ ᠮᠥᠩᠭᠥ ᠵᠢᠨ ᠳᠡᠮᠵᠢᠯᠭᠡ᠂ ᠪᠡᠯᠡ ᠣᠷᠣᠭᠤᠯᠤᠯᠲᠠ ᠵᠢᠨ ᠲᠥᠷᠥᠯ ᠵᠦᠢ᠍ᠯ᠎ᠢ ᠬᠢᠨᠠᠨ ᠵᠥᠪᠰᠢᠶᠡᠷᠡᠬᠦ᠂ ᠪᠡᠯᠡ ᠲᠣᠬᠢᠷᠠᠭᠤᠯᠭ᠎ᠠ ᠣᠯᠬᠤ᠂ ᠵᠠᠬ᠎ᠠ ᠳᠡᠯᠭᠡᠭᠦᠷ᠎ᠲᠤ ᠣᠷᠣᠬᠤ ᠵᠢ ᠵᠥᠪᠰᠢᠶᠡᠷᠡᠬᠦ᠂ ᠬᠢᠷᠢ ᠬᠡᠮ᠎ᠢ ᠦᠨᠡᠯᠡᠨ ᠲᠣᠭᠲᠠᠭ᠋ᠠᠬᠤ᠂ ᠰᠢᠯᠢᠳᠡᠭ᠎ᠢ ᠰᠢᠯᠭ᠋ᠠᠷᠠᠭᠤᠯᠵᠤ ᠲᠡᠷᠢᠭᠦᠨ᠎ᠢ ᠰᠢᠯᠭ᠋ᠠᠷᠠᠭᠤᠯᠬᠤ ᠵᠡᠷᠭᠡ ᠲᠠᠯ᠎ᠠ᠎ᠪᠠᠷ ᠬᠠᠤᠯᠢ ᠲᠣᠭᠲᠠᠭ᠋ᠠᠯ ᠶᠣᠰᠣᠭ᠋ᠠᠷ ᠬᠢᠵᠠᠭ᠋ᠠᠷᠯᠠᠬᠤ ᠬᠡᠷᠡᠭᠲᠡᠢ ᠭᠡᠵᠦ ᠲᠣᠳᠣᠷᠬᠠᠢ ᠲᠣᠭᠲᠠᠭ᠋ᠠᠵᠠᠢ᠃
ᠠᠰᠠᠭᠤᠯᠲᠠ᠄ 《ᠳᠦᠷᠢᠮ》᠎ᠳᠤ ᠵᠠᠭ᠋ᠠᠯᠳᠤᠯᠭ᠎ᠠ ᠵᠢ ᠰᠢᠢ᠍ᠳᠪᠦᠷᠢᠯᠡᠬᠦ ᠲᠣᠭᠲᠠᠴᠠ᠎ᠳᠤ ᠶᠠᠮᠠᠷ ᠶᠠᠮᠠᠷ ᠵᠠᠰᠠᠪᠤᠷᠢ ᠣᠷᠣᠭᠤᠯᠵᠤ ᠲᠡᠭᠦᠯᠳᠡᠷᠵᠢᠭᠦᠯᠦᠭᠰᠡᠨ ᠪᠣᠶ?
ᠬᠠᠷᠢᠭᠤᠯᠲᠠ᠄ ᠵᠠᠭ᠋ᠠᠯᠳᠤᠯᠭ᠎ᠠ ᠵᠢ ᠰᠢᠢ᠍ᠳᠪᠦᠷᠢᠯᠡᠬᠦ ᠲᠣᠭᠲᠠᠴᠠ ᠪᠣᠯ ᠳᠤᠮᠳᠠ ᠵᠢᠵᠢᠭ ᠠᠵᠤ ᠠᠬᠤᠢ᠌ᠯᠠᠯ᠎ᠤᠨ ᠵᠣᠭᠣᠰ ᠥᠭᠬᠦ ᠵᠢ ᠪᠠᠲᠤᠯᠠᠬᠤ ᠨᠢᠭᠡᠨ ᠴᠢᠬᠤᠯᠠ ᠠᠷᠭ᠎ᠠ ᠬᠡᠮᠵᠢᠶ᠎ᠡ ᠮᠥᠨ᠂ 《ᠳᠦᠷᠢᠮ》᠎ᠳᠤ ᠭᠣᠣᠯᠳᠠᠭᠤ ᠭᠤᠷᠪᠠᠨ ᠲᠠᠯ᠎ᠠ᠎ᠠᠴᠠ ᠵᠠᠰᠠᠪᠤᠷᠢ ᠣᠷᠣᠭᠤᠯᠤᠨ ᠲᠡᠭᠦᠯᠳᠡᠷᠵᠢᠭᠦᠯᠵᠡᠢ᠄ ᠨᠢᠭᠡ᠎ᠳᠤ ᠲᠥᠷᠥ ᠵᠢᠨ ᠶᠠᠪᠤᠳᠠᠯ᠎ᠤᠨ ᠬᠣᠷᠢᠶᠠᠨ᠎ᠤ ᠳᠤᠮᠳᠠ ᠵᠢᠵᠢᠭ ᠠᠵᠤ ᠠᠬᠤᠢ᠌ᠯᠠᠯ᠎ᠢ ᠠᠬᠢᠭᠤᠯᠬᠤ ᠠᠵᠢᠯ᠎ᠤᠨ ᠶᠡᠷᠦᠩᠬᠡᠢ᠌ᠯᠡᠭᠰᠡᠨ ᠬᠠᠮᠢᠶᠠᠷᠤᠯᠲᠠ ᠵᠢ ᠬᠠᠷᠢᠭᠤᠴᠠᠵᠤ ᠪᠠᠢ᠌ᠭ᠎ᠠ ᠰᠠᠯᠠᠭ᠎ᠠ ᠮᠥᠴᠢᠷ᠎ᠲᠤ ᠳᠤᠮᠳᠠ ᠵᠢᠵᠢᠭ ᠠᠵᠤ ᠠᠬᠤᠢ᠌ᠯᠠᠯ᠎ᠳᠤ ᠥᠷᠢᠲᠦᠵᠦ ᠪᠠᠢ᠌ᠭ᠎ᠠ ᠵᠣᠭᠣᠰ᠎ᠢ ᠵᠠᠭ᠋ᠠᠯᠳᠤᠬᠤ ᠤᠯᠤᠰ᠎ᠤᠨ ᠨᠢᠭᠡᠳᠦᠯᠲᠡᠢ ᠲᠠᠪᠴᠠᠩ᠎ᠢ ᠪᠠᠢ᠌ᠭᠤᠯᠤᠨ᠎ᠠ ᠭᠡᠵᠦ ᠲᠣᠳᠣᠷᠬᠠᠢ ᠲᠣᠭᠲᠠᠭ᠋ᠠᠵᠠᠢ᠃ ᠬᠣᠶᠠᠷ᠎ᠲᠤ᠂ ᠬᠣᠯᠪᠣᠭᠳᠠᠯ ᠪᠦᠬᠦᠢ ᠴᠠᠭ᠎ᠤᠨ ᠬᠢᠵᠠᠭ᠋ᠠᠷ᠎ᠢ ᠲᠣᠳᠣᠷᠬᠠᠢ᠌ᠯᠠᠵᠤ᠂ ᠵᠠᠭ᠋ᠠᠯᠳᠤᠯᠭ᠎ᠠ ᠵᠢ ᠬᠦᠯᠢᠶᠡᠨ ᠠᠪᠴᠤ ᠰᠢᠢ᠍ᠳᠪᠦᠷᠢᠯᠡᠬᠦ ᠰᠠᠯᠠᠭ᠎ᠠ ᠮᠥᠴᠢᠷ ᠠᠯᠪᠠᠨ ᠶᠣᠰᠣᠭ᠋ᠠᠷ ᠬᠦᠯᠢᠶᠡᠨ ᠠᠪᠴᠤ ᠰᠢᠢ᠍ᠳᠪᠦᠷᠢᠯᠡᠭᠰᠡᠨ ᠡᠳᠦᠷ᠎ᠠᠴᠠ ᠡᠬᠢᠯᠡᠨ 10 ᠠᠵᠢᠯᠯᠠᠬᠤ ᠡᠳᠦᠷ᠎ᠤᠨ ᠳᠣᠲᠣᠷ᠎ᠠ ᠳᠡᠰ ᠳᠠᠷᠠᠭ᠋ᠠᠯᠠᠯ ᠶᠣᠰᠣᠭ᠋ᠠᠷ ᠵᠠᠭ᠋ᠠᠯᠳᠤᠯᠭ᠎ᠠ ᠵᠢ ᠰᠢᠢ᠍ᠳᠪᠦᠷᠢᠯᠡᠬᠦ ᠰᠠᠯᠠᠭ᠎ᠠ ᠮᠥᠴᠢᠷ᠎ᠲᠤ ᠰᠢᠯᠵᠢᠭᠦᠯᠦᠨ ᠲᠤᠰᠢᠶᠠᠬᠤ ᠬᠡᠷᠡᠭᠲᠡᠢ; ᠵᠠᠭ᠋ᠠᠯᠳᠤᠯᠭ᠎ᠠ ᠵᠢ ᠰᠢᠢ᠍ᠳᠪᠦᠷᠢᠯᠡᠬᠦ ᠰᠠᠯᠠᠭ᠎ᠠ ᠮᠥᠴᠢᠷ 30 ᠡᠳᠦᠷ᠎ᠤᠨ ᠳᠣᠲᠣᠷ᠎ᠠ ᠰᠢᠢ᠍ᠳᠪᠦᠷᠢᠯᠡᠭᠰᠡᠨ ᠦᠷ᠎ᠡ ᠳ᠋ᠦᠩ ᠵᠶ᠋ᠡᠨ ᠵᠠᠭ᠋ᠠᠯᠳᠤᠭᠴᠢ᠎ᠳᠤ ᠪᠢᠴᠢᠭ ᠵᠶ᠋ᠡᠷ ᠬᠠᠷᠢᠭᠤ ᠮᠡᠳᠡᠭᠳᠡᠬᠦ ᠬᠡᠷᠡᠭᠲᠡᠢ᠂ ᠪᠠᠢ᠌ᠳᠠᠯ᠎ᠨᠢ ᠪᠤᠳᠤᠯᠢᠶᠠᠨᠲᠠᠢ ᠪᠤᠶᠤ ᠪᠤᠰᠤᠳ ᠣᠨᠴᠠᠭ᠋ᠠᠶ ᠰᠢᠯᠲᠠᠭ᠋ᠠᠨ᠎ᠲᠠᠢ ᠪᠠᠢ᠌ᠪᠠᠯ᠂ ᠰᠢᠢ᠍ᠳᠪᠦᠷᠢᠯᠡᠬᠦ ᠬᠤᠭᠤᠴᠠᠭ᠎ᠠ ᠵᠢ ᠬᠠᠮᠤᠭ ᠤᠷᠳᠤ᠎ᠳᠠᠭᠠᠨ 90 ᠡᠳᠦᠷ᠎ᠠᠴᠠ ᠬᠡᠲᠦᠷᠡᠭᠦᠯᠵᠦ ᠪᠣᠯᠬᠤ ᠦᠭᠡᠢ᠃ ᠭᠤᠷᠪᠠ᠎ᠳᠤ ᠵᠠᠭ᠋ᠠᠯᠳᠤᠯᠭ᠎ᠠ ᠵᠢ ᠬᠦᠯᠢᠶᠡᠨ ᠠᠪᠴᠤ ᠰᠢᠢ᠍ᠳᠪᠦᠷᠢᠯᠡᠬᠦ ᠰᠠᠯᠠᠭ᠎ᠠ ᠮᠥᠴᠢᠷ᠂ ᠵᠠᠭ᠋ᠠᠯᠳᠤᠯᠭ᠎ᠠ ᠵᠢ ᠰᠢᠢ᠍ᠳᠪᠦᠷᠢᠯᠡᠬᠦ ᠰᠠᠯᠠᠭ᠎ᠠ ᠮᠥᠴᠢᠷ᠂ ᠵᠠᠭ᠋ᠠᠯᠳᠤᠭᠴᠢ᠂ ᠵᠠᠭ᠋ᠠᠯᠳᠤᠭᠳᠠᠭᠴᠢ ᠵᠡᠷᠭᠡ ᠡᠯ᠎ᠡ ᠪᠡᠶᠡᠴᠢ ᠴᠣᠭᠴᠠ ᠵᠢᠨ ᠡᠷᠬᠡ ᠡᠭᠦᠷᠭᠡ ᠵᠢ ᠲᠣᠳᠣᠷᠬᠠᠢ᠌ᠯᠠᠬᠤ ᠬᠡᠷᠡᠭᠲᠡᠢ ᠭᠡᠵᠡᠢ᠃
ᠠᠰᠠᠭᠤᠯᠲᠠ᠄ 《ᠳᠦᠷᠢᠮ》᠎ᠳᠤ ᠪᠠᠲᠤᠯᠠᠭ᠎ᠠ ᠵᠢ ᠬᠡᠷᠡᠭᠵᠢᠭᠦᠯᠬᠦ ᠵᠢ ᠴᠢᠩᠭ᠋ᠠᠳᠬᠠᠬᠤ ᠲᠠᠯ᠎ᠠ᠎ᠪᠠᠷ ᠪᠠᠰᠠ ᠶᠠᠮᠠᠷ ᠶᠠᠮᠠᠷ ᠰᠢᠨ᠎ᠡ ᠲᠣᠭᠲᠠᠭ᠋ᠠᠯ ᠪᠠᠢ᠌ᠬᠤ ᠪᠣᠶ?
ᠬᠠᠷᠢᠭᠤᠯᠲᠠ᠄ ᠨᠢᠭᠡ᠎ᠳᠤ ᠬᠠᠤᠯᠢ ᠴᠠᠭ᠋ᠠᠵᠠ ᠵᠢᠨ ᠬᠠᠷᠢᠭᠤᠴᠠᠯᠭ᠎ᠠ ᠵᠢ ᠴᠢᠩᠭ᠋ᠠᠳᠬᠠᠬᠤ ᠬᠡᠷᠡᠭᠲᠡᠢ᠃
《ᠳᠦᠷᠢᠮ》᠎ᠳᠤ 《ᠬᠠᠤᠯᠢ ᠵᠢᠨ ᠬᠠᠷᠢᠭᠤᠴᠠᠯᠭ᠎ᠠ》 ᠭᠡᠬᠦ ᠲᠤᠰᠬᠠᠢ ᠪᠦᠯᠦᠭ ᠭᠠᠷᠭ᠋ᠠᠵᠤ᠂ ᠤᠯᠤᠰ᠎ᠤᠨ ᠥᠮᠴᠢᠯᠡᠯ᠎ᠤᠨ ᠲᠣᠮᠣ ᠬᠡᠯᠪᠡᠷᠢ ᠵᠢᠨ ᠠᠵᠤ ᠠᠬᠤᠢ᠌ᠯᠠᠯ᠎ᠤᠨ ᠳᠤᠮᠳᠠ ᠵᠢᠵᠢᠭ ᠠᠵᠤ ᠠᠬᠤᠢ᠌ᠯᠠᠯ᠎ᠤᠨ ᠵᠣᠭᠣᠰ᠎ᠢ ᠥᠷᠢᠲᠦᠵᠦ ᠤᠳᠠᠭ᠋ᠠᠰᠢᠷᠠᠭᠤᠯᠤᠭ᠋ᠠᠳ ᠮᠠᠭᠤ ᠦᠷ᠎ᠡ ᠳ᠋ᠦᠩ ᠭᠠᠷᠭ᠋ᠠᠭᠰᠠᠨ ᠪᠤᠶᠤ ᠨᠥᠯᠥᠭᠡ ᠭᠠᠷᠭ᠋ᠠᠭᠰᠠᠨ ᠪᠠᠢ᠌ᠪᠠᠯ᠂ ᠬᠠᠷᠢᠭᠤᠴᠠᠯᠭ᠎ᠠ᠎ᠲᠠᠢ ᠤᠯᠤᠰ᠎ᠤᠨ ᠥᠮᠴᠢᠯᠡᠯ᠎ᠤᠨ ᠠᠵᠤ ᠠᠬᠤᠢ᠌ᠯᠠᠯ᠎ᠤᠨ ᠬᠠᠮᠢᠶᠠᠷᠤᠯᠲᠠ ᠵᠢᠨ ᠠᠵᠢᠯᠲᠠᠨ᠎ᠳᠤ ᠬᠠᠤᠯᠢ ᠶᠣᠰᠣᠭ᠋ᠠᠷ ᠰᠢᠢ᠍ᠳᠬᠡᠯ ᠥᠭᠭᠦᠨ᠎ᠡ; ᠠᠯᠪᠠᠨ ᠪᠠᠢ᠌ᠭᠤᠯᠭ᠎ᠠ᠂ ᠠᠵᠢᠯ ᠦᠢ᠍ᠯᠡᠰ᠎ᠤᠨ ᠨᠢᠭᠡᠴᠢ ᠪᠠ ᠲᠣᠮᠣ ᠬᠡᠯᠪᠡᠷᠢ ᠵᠢᠨ ᠠᠵᠤ ᠠᠬᠤᠢ᠌ᠯᠠᠯ ᠵᠢᠴᠢ ᠲᠡᠭᠦᠨ᠎ᠤ ᠠᠵᠢᠯᠲᠠᠨ᠎ᠢ ᠠᠶᠤᠯᠭ᠋ᠠᠨ ᠰᠦᠷᠳᠡᠭᠦᠯᠬᠦ᠂ ᠴᠣᠬᠢᠯᠲᠠ ᠥᠭᠴᠦ ᠥᠰᠢᠶ᠎ᠡ ᠠᠪᠬᠤ ᠪᠠ ᠬᠠᠤᠯᠢ ᠵᠢ ᠵᠥᠷᠢᠴᠡᠭᠰᠡᠨ ᠪᠤᠰᠤᠳ ᠠᠵᠢᠯᠯᠠᠭ᠎ᠠ᠎ᠳᠤ ᠬᠣᠯᠪᠣᠭᠳᠠᠯ ᠪᠦᠬᠦᠢ ᠬᠠᠤᠯᠢ ᠵᠢᠨ ᠬᠠᠷᠢᠭᠤᠴᠠᠯᠭ᠎ᠠ ᠵᠢ ᠨᠥᠬᠥᠪᠦᠷᠢᠯᠡᠨ ᠲᠡᠭᠦᠯᠳᠡᠷᠵᠢᠭᠦᠯᠪᠡ᠃ ᠬᠣᠶᠠᠷ᠎ᠲᠤ ᠠᠵᠢᠯ ᠲᠦᠷᠦᠯ᠎ᠤᠨ ᠥᠪᠡᠷ᠎ᠢ᠎ᠪᠠᠨ ᠱᠠᠭ᠋ᠠᠷᠳᠠᠬᠤ ᠵᠢ ᠴᠢᠩᠭ᠋ᠠᠳᠬᠠᠬᠤ ᠬᠡᠷᠡᠭᠲᠡᠢ᠃ ᠬᠣᠯᠪᠣᠭᠳᠠᠯ ᠪᠦᠬᠦᠢ ᠠᠵᠢᠯ ᠲᠦᠷᠦᠯ᠎ᠤᠨ ᠨᠡᠢ᠌ᠭᠡᠮᠯᠢᠭ ᠬᠤᠳᠠᠯᠳᠤᠭ᠋ᠠᠴᠢᠳ᠎ᠤᠨ ᠡᠪᠯᠡᠯ᠎ᠢ ᠠᠵᠢᠯ ᠲᠦᠷᠦᠯ᠎ᠤᠨ ᠥᠪᠡᠷ᠎ᠢ᠎ᠪᠠᠨ ᠱᠠᠭ᠋ᠠᠷᠳᠠᠬᠤ ᠬᠠᠮᠢᠶᠠᠷᠤᠯᠲᠠ᠎ᠪᠠᠨ ᠴᠢᠩᠭ᠋ᠠᠳᠬᠠᠵᠤ᠂ ᠳᠤᠮᠳᠠ ᠵᠢᠵᠢᠭ ᠠᠵᠤ ᠠᠬᠤᠢ᠌ᠯᠠᠯ᠎ᠳᠤ ᠮᠡᠳᠡᠭᠡ ᠵᠠᠩᠭᠢ ᠵᠢᠨ ᠵᠥᠪᠯᠡᠯᠭᠡ ᠥᠭᠬᠦ᠂ ᠡᠷᠬᠡ ᠠᠰᠢᠭ᠎ᠢ ᠬᠠᠮᠠᠭ᠋ᠠᠯᠠᠬᠤ᠂ ᠵᠢᠭᠤᠷᠠᠯᠳᠤᠭ᠋ᠠᠨ᠎ᠢ ᠰᠢᠢ᠍ᠳᠪᠦᠷᠢᠯᠡᠬᠦ ᠵᠡᠷᠭᠡ ᠲᠠᠯ᠎ᠠ ᠵᠢᠨ ᠦᠢ᠍ᠯᠡᠴᠢᠯᠡᠭᠡ ᠬᠠᠩᠭ᠋ᠠᠬᠤ ᠬᠡᠷᠡᠭᠲᠡᠢ; ᠲᠣᠮᠣ ᠬᠡᠯᠪᠡᠷᠢ ᠵᠢᠨ ᠠᠵᠤ ᠠᠬᠤᠢ᠌ᠯᠠᠯ᠎ᠤᠨ ᠳᠤᠮᠳᠠ ᠵᠢᠵᠢᠭ ᠠᠵᠤ ᠠᠬᠤᠢ᠌ᠯᠠᠯ ᠠᠴᠠ ᠪᠠᠷᠠᠭ᠎ᠠ᠂ ᠪᠠᠷᠢᠯᠭ᠎ᠠ᠂ ᠦᠢ᠍ᠯᠡᠴᠢᠯᠡᠭᠡ ᠬᠤᠳᠠᠯᠳᠤᠨ ᠠᠪᠬᠤ ᠵᠢᠨ ᠵᠣᠭᠣᠰ ᠥᠭᠬᠦ ᠬᠤᠭᠤᠴᠠᠭ᠎ᠠ ᠬᠢᠵᠠᠭ᠋ᠠᠷ ᠪᠠ ᠠᠷᠭ᠎ᠠ ᠮᠠᠶᠢᠭ᠎ᠢ ᠢᠯᠡ᠎ᠪᠠᠷ ᠠᠮᠠᠯᠠᠬᠤ ᠵᠢ ᠵᠣᠷᠢᠭᠵᠢᠭᠤᠯᠤᠨ᠎ᠠ᠃ ᠭᠤᠷᠪᠠ᠎ᠳᠤ ᠮᠥᠩᠭᠥᠨ ᠭᠦᠢ᠍ᠯᠭᠡᠭᠡᠨ᠎ᠤ ᠳᠡᠮᠵᠢᠯᠭᠡ ᠵᠢᠨ ᠡᠷᠴᠢᠮ᠎ᠢ ᠴᠢᠩᠭ᠋ᠠᠷᠠᠭᠤᠯᠬᠤ ᠬᠡᠷᠡᠭᠲᠡᠢ᠃ ᠬᠤᠳᠠᠯᠳᠤᠭ᠋ᠠᠨ᠎ᠤ ᠪᠠᠩᠬᠢ ᠵᠡᠷᠭᠡ ᠮᠥᠩᠭᠥᠨ ᠭᠦᠢ᠍ᠯᠭᠡᠭᠡᠨ᠎ᠤ ᠪᠠᠢ᠌ᠭᠤᠯᠤᠮᠵᠢ ᠵᠢᠨ ᠳᠤᠮᠳᠠ ᠵᠢᠵᠢᠭ ᠠᠵᠤ ᠠᠬᠤᠢ᠌ᠯᠠᠯ᠎ᠳᠤ ᠢᠲᠡᠭᠡᠮᠵᠢᠲᠦ ᠵᠢᠭᠡᠯᠡᠯᠭᠡ ᠲᠠᠯᠪᠢᠬᠤ᠎ᠪᠠᠨ ᠨᠡᠮᠡᠭᠳᠡᠭᠦᠯᠬᠦ ᠵᠢ ᠵᠣᠷᠢᠭᠵᠢᠭᠤᠯᠤᠨ ᠬᠥᠲᠥᠯᠥᠨ ᠵᠢᠯᠤᠭᠣᠳᠴᠤ᠂ ᠳᠡᠮᠵᠢᠵᠦ᠂ ᠳᠤᠮᠳᠠ ᠵᠢᠵᠢᠭ ᠠᠵᠤ ᠠᠬᠤᠢ᠌ᠯᠠᠯ᠎ᠤᠨ ᠶᠡᠷᠦᠩᠬᠡᠢ᠌ᠯᠡᠭᠰᠡᠨ ᠪᠡᠯᠡ ᠲᠣᠬᠢᠷᠠᠭᠤᠯᠭ᠎ᠠ ᠵᠢᠨ ᠥᠪᠡᠷ᠎ᠤᠨ ᠥᠷᠲᠡᠭ᠎ᠢ ᠪᠠᠭᠤᠷᠠᠭᠤᠯᠤᠨ᠂ ᠳᠤᠮᠳᠠ ᠵᠢᠵᠢᠭ ᠠᠵᠤ ᠠᠬᠤᠢ᠌ᠯᠠᠯ᠎ᠤᠨ ᠬᠤᠷᠢᠶᠠᠪᠠᠰᠤ ᠵᠣᠬᠢᠬᠤ ᠲᠠᠩᠰᠠᠨ᠎ᠤ ᠵᠣᠭᠣᠰ᠂ ᠮᠡᠳᠡᠯᠭᠡ ᠵᠢᠨ ᠪᠦᠲᠦᠭᠡᠭᠳᠡᠬᠦᠨ᠎ᠤ ᠥᠮᠴᠢᠯᠡᠬᠦ ᠡᠷᠬᠡ᠂ ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠭᠡᠷ᠎ᠡ᠂ ᠬᠠᠳᠠᠭ᠋ᠠᠯᠠᠮᠵᠢ ᠪᠠᠷᠠᠭ᠎ᠠ᠂ ᠮᠠᠰᠢᠨ ᠲᠥᠬᠦᠭᠡᠷᠦᠮᠵᠢ ᠵᠡᠷᠭᠡ᠎ᠪᠠᠷ ᠵᠶ᠋ᠡᠨ ᠪᠠᠷᠢᠴᠠᠭ᠋ᠠᠯᠠᠨ ᠪᠡᠯᠡ ᠴᠤᠭᠯᠠᠭᠤᠯᠬᠤ᠎ᠳᠤ ᠲᠥᠬᠥᠮ ᠦᠵᠡᠭᠦᠯᠬᠦ ᠬᠡᠷᠡᠭᠲᠡᠢ ᠭᠡᠵᠦ ᠲᠣᠭᠲᠠᠭ᠋ᠠᠵᠠᠢ᠃