ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠬᠠᠣᠯᠢ᠎ᠪᠠᠷ ᠵᠠᠰᠠᠬᠤ
ᠦᠢᠯᠡᠴᠢᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠦᠢᠯᠡᠴᠢᠯᠡᠭᠡ   -   ᠰᠣᠷᠪᠣᠯᠵᠢᠯᠠᠭ᠎ᠠ
ᠬᠠᠤᠯᠢ ᠴᠠᠭ᠋ᠠᠵᠠ ᠵᠢᠨ ᠶᠠᠮᠤᠨ᠂ ᠵᠠᠮ ᠲᠡᠭᠡᠭᠡᠪᠦᠷᠢ ᠵᠢᠨ ᠶᠠᠮᠤᠨ᠂ ᠤᠯᠤᠰ᠎ᠤᠨ ᠰᠢᠤᠳᠠᠨ᠎ᠤ ᠲᠣᠪᠴᠢᠶ᠎ᠠ ᠵᠢᠨ ᠬᠠᠷᠢᠭᠤᠴᠠᠯᠭ᠋ᠠᠲᠠᠨ 《ᠲᠥᠷᠥ ᠵᠢᠨ ᠶᠠᠪᠤᠳᠠᠯ᠎ᠤᠨ ᠬᠣᠷᠢᠶᠠᠨ᠎ᠤ 〈ᠲᠦᠷᠭᠡᠨ ᠬᠦᠷᠭᠡᠯᠲᠡ ᠵᠢᠨ ᠲᠦᠷ ᠬᠡᠷᠡᠭᠵᠢᠭᠦᠯᠬᠦ ᠳᠦᠷᠢᠮ〉᠎ᠳᠤ ᠵᠠᠰᠠᠪᠤᠷᠢ ᠣᠷᠣᠭᠤᠯᠬᠤ ᠲᠤᠬᠠᠢ ᠲᠣᠭᠲᠠᠭ᠋ᠠᠯ》᠎ᠤᠨ ᠲᠤᠬᠠᠢ ᠰᠤᠷᠪᠤᠯᠵᠢᠯᠠᠭᠴᠢ ᠵᠢᠨ ᠠᠰᠠᠭᠤᠯᠲᠠ ᠵᠢ ᠬᠠᠷᠢᠭᠤᠯᠤᠭᠰᠠᠨ᠎ᠨᠢ (ᠨᠢᠭᠡ)
ᠨᠡᠶ᠋ᠢᠲᠡᠯᠡᠭᠰᠡᠨ ᠴᠠᠭ᠄ 2025-05-18

      2025 ᠣᠨ᠎ᠤ 4 ᠰᠠᠷ᠎ᠠ ᠵᠢᠨ 13᠎ᠤ ᠡᠳᠦᠷ᠂  ᠲᠥᠷᠥ ᠵᠢᠨ ᠶᠠᠪᠤᠳᠠᠯ᠎ᠤᠨ ᠬᠣᠷᠢᠶᠠᠨ᠎ᠤ ᠶᠡᠷᠦᠩᠬᠡᠢ ᠰᠠᠢ᠌ᠳ ᠯᠢ ᠴᠢᠶᠠᠩ 806 ᠳ᠋ᠤᠭ᠋ᠠᠷ ᠲᠣᠭ᠋ᠠᠲᠤ ᠲᠥᠷᠥ ᠵᠢᠨ ᠶᠠᠪᠤᠳᠠᠯ᠎ᠤᠨ ᠬᠣᠷᠢᠶᠠᠨ᠎ᠤ ᠵᠠᠷᠯᠢᠭ᠎ᠲᠤ ᠭᠠᠷ᠎ᠤᠨ ᠥᠰᠥᠭ ᠵᠢᠷᠤᠵᠤ᠂ 《ᠲᠥᠷᠥ ᠵᠢᠨ ᠶᠠᠪᠤᠳᠠᠯ᠎ᠤᠨ ᠬᠣᠷᠢᠶᠠᠨ᠎ᠤ 〈ᠲᠦᠷᠭᠡᠨ ᠬᠦᠷᠭᠡᠯᠲᠡ ᠵᠢᠨ ᠲᠦᠷ ᠬᠡᠷᠡᠭᠵᠢᠭᠦᠯᠬᠦ ᠳᠦᠷᠢᠮ〉᠎ᠳᠤ ᠵᠠᠰᠠᠪᠤᠷᠢ ᠣᠷᠣᠭᠤᠯᠬᠤ ᠲᠤᠬᠠᠢ ᠲᠣᠭᠲᠠᠭ᠋ᠠᠯ》 (ᠳᠣᠷᠣᠭᠰᠢ 《ᠲᠣᠭᠲᠠᠭ᠋ᠠᠯ》  ᠭᠡᠵᠦ ᠲᠣᠪᠴᠢᠯᠠᠨ᠎ᠠ)᠎ᠢ ᠨᠡᠢ᠌ᠲᠡᠯᠡᠵᠦ᠂ 2025 ᠣᠨ᠎ᠤ 6 ᠰᠠᠷ᠎ᠠ ᠵᠢᠨ 1᠎ᠤ ᠡᠳᠦᠷ᠎ᠠᠴᠠ ᠡᠬᠢᠯᠡᠵᠦ ᠬᠡᠷᠡᠭᠵᠢᠭᠦᠯᠦᠨ᠎ᠡ᠃  ᠣᠢ᠌ᠷ᠎ᠠ᠎ᠳᠤ᠂  ᠬᠠᠤᠯᠢ  ᠴᠠᠭ᠋ᠠᠵᠠ ᠵᠢᠨ ᠶᠠᠮᠤᠨ᠂  ᠵᠠᠮ ᠲᠡᠭᠡᠭᠡᠪᠦᠷᠢ ᠵᠢᠨ ᠶᠠᠮᠤᠨ᠂  ᠤᠯᠤᠰ᠎ᠤᠨ ᠰᠢᠤᠳᠠᠨ᠎ᠤ ᠲᠣᠪᠴᠢᠶ᠎ᠠ ᠵᠢᠨ ᠬᠠᠷᠢᠭᠤᠴᠠᠯᠭ᠋ᠠᠲᠠᠨ 《ᠲᠣᠭᠲᠠᠭ᠋ᠠᠯ》᠎ᠤᠨ ᠬᠣᠯᠪᠣᠭᠳᠠᠯ ᠪᠦᠬᠦᠢ ᠠᠰᠠᠭᠤᠳᠠᠯ᠎ᠤᠨ ᠲᠤᠬᠠᠢ ᠰᠤᠷᠪᠤᠯᠵᠢᠯᠠᠭᠴᠢ ᠵᠢᠨ ᠠᠰᠠᠭᠤᠯᠲᠠ ᠵᠢ ᠬᠠᠷᠢᠭᠤᠯᠪᠠ᠃ 

      ᠠᠰᠠᠭᠤᠯᠲᠠ᠄  ᠲᠣᠰ ᠤᠳᠠᠭ᠎ᠠ 《ᠲᠦᠷᠭᠡᠨ ᠬᠦᠷᠭᠡᠯᠲᠡ ᠵᠢᠨ ᠲᠦᠷ ᠬᠡᠷᠡᠭᠵᠢᠭᠦᠯᠬᠦ ᠳᠦᠷᠢᠮ》᠎ᠳᠤ ᠵᠠᠰᠠᠪᠤᠷᠢ ᠣᠷᠣᠭᠤᠯᠤᠭᠰᠠᠨ ᠠᠬᠤᠢ ᠪᠠᠢ᠌ᠳᠠᠯ᠎ᠢ ᠲᠠᠨᠢᠯᠴᠠᠭᠤᠯᠤᠭ᠋ᠠᠳ ᠥᠭᠭᠦᠨ᠎ᠡ ᠦᠦ? 

      ᠬᠠᠷᠢᠭᠤᠯᠲᠠ᠄  ᠲᠦᠷᠭᠡᠨ ᠬᠦᠷᠭᠡᠯᠲᠡ ᠵᠢᠨ  ᠦᠢ᠍ᠯᠡᠰ ᠪᠣᠯ ᠣᠲᠣ ᠦᠶ᠎ᠡ ᠵᠢᠨ ᠦᠢ᠍ᠯᠡᠴᠢᠯᠡᠭᠡᠨ᠎ᠤ ᠦᠢ᠍ᠯᠡᠰ᠎ᠤᠨ ᠴᠢᠬᠤᠯᠠ ᠪᠦᠷᠢᠯᠳᠦᠭᠦᠨ ᠬᠡᠰᠡᠭ ᠮᠥᠨ᠂  ᠭᠦᠢ᠍ᠯᠭᠡᠭᠡᠨ᠎ᠤ ᠠᠷᠭ᠎ᠠ ᠮᠠᠶᠢᠭ᠎ᠤᠨ ᠬᠡᠯᠪᠡᠷᠢ ᠵᠢᠨ ᠬᠤᠪᠢᠷᠠᠭᠤᠯᠤᠯᠲᠠ ᠵᠢ ᠠᠬᠢᠭᠤᠯᠬᠤ᠂  ᠬᠡᠷᠡᠭᠯᠡᠭᠡ ᠵᠢᠨ ᠲᠠᠰ ᠳᠡᠪᠰᠢᠬᠦ ᠵᠢ ᠠᠬᠢᠭᠤᠯᠬᠤ ᠣᠳᠣᠬᠢᠴᠢᠯᠠᠭᠰᠠᠨ ᠤᠳᠤᠷᠢᠳᠤᠮᠵᠢ ᠵᠢᠨ ᠴᠢᠨᠠᠷᠲᠠᠢ ᠠᠵᠤ ᠦᠢ᠍ᠯᠡᠰ ᠮᠥᠨ᠂  ᠭᠦᠢ᠍ᠯᠭᠡᠭᠡᠨ᠎ᠤ ᠥᠪᠡᠷ᠎ᠤᠨ ᠥᠷᠲᠡᠭ᠎ᠢ ᠪᠠᠭᠤᠷᠠᠭᠤᠯᠬᠤ᠂  ᠡᠯᠧᠺᠲᠷᠣᠨ ᠬᠤᠳᠠᠯᠳᠤᠭ᠋ᠠᠨ᠎ᠤ ᠶᠠᠪᠤᠳᠠᠯ᠎ᠢ ᠲᠤᠯᠭ᠋ᠠᠭᠤᠷᠢᠯᠠᠬᠤ᠂  ᠦᠢ᠍ᠯᠡᠳᠪᠦᠷᠢᠯᠡᠯ ᠠᠮᠢᠳᠤᠷᠠᠯ᠎ᠳᠤ ᠦᠢ᠍ᠯᠡᠴᠢᠯᠡᠬᠦ᠂  ᠠᠵᠢᠯ ᠣᠯᠭᠣᠬᠤ ᠠᠷᠭ᠎ᠠ ᠵᠠᠮ᠎ᠢ ᠥᠷᠭᠡᠳᠬᠡᠬᠦ ᠵᠡᠷᠭᠡ ᠲᠠᠯ᠎ᠠ᠎ᠪᠠᠷ ᠴᠢᠬᠤᠯᠠ ᠦᠢ᠍ᠯᠡᠳᠦᠯ ᠪᠠᠳᠠᠷᠠᠭᠤᠯᠵᠤ ᠪᠠᠢ᠌ᠳᠠᠭ᠃  ᠣᠢ᠌ᠷ᠎ᠠ ᠵᠢᠨ ᠵᠢᠯ᠎ᠤᠳ᠎ᠲᠤ᠂  ᠮᠠᠨ᠎ᠤ ᠤᠯᠤᠰ᠎ᠤᠨ ᠲᠦᠷᠭᠡᠨ ᠬᠦᠷᠭᠡᠯᠲᠡ ᠵᠢᠨ ᠦᠢ᠍ᠯᠡᠰ ᠦᠳᠲᠡᠷ ᠲᠦᠷᠭᠡᠨ ᠬᠥᠭᠵᠢᠵᠦ᠂ 2024 ᠣᠨ᠎ᠤ ᠲᠤᠬᠠᠢ᠌ᠯᠠᠭᠰᠠᠨ ᠠᠵᠢᠯ᠎ᠤᠨ ᠬᠡᠮᠵᠢᠶ᠎ᠡ 1750 ᠳ᠋ᠦᠩᠰᠢᠭᠤᠷ᠎ᠲᠤ ᠬᠦᠷᠴᠦ᠂ 11 ᠵᠢᠯ ᠳᠠᠷᠠᠭ᠋ᠠᠯᠠᠨ ᠳᠡᠯᠡᠬᠡᠢ ᠵᠢᠨ ᠨᠢᠭᠡᠳᠦᠭᠡᠷ᠎ᠲᠤ ᠣᠷᠣᠵᠤ᠂  ᠬᠥᠮᠥᠨ ᠳᠤᠮᠳᠠᠴᠢ ᠵᠢᠨ ᠭᠥᠯᠢᠶᠡᠨ ᠠᠪᠤᠭᠰᠠᠨ ᠲᠦᠷᠭᠡᠨ ᠬᠦᠷᠭᠡᠯᠲᠡ 120 ᠵᠢ ᠳᠠᠪᠠᠵᠠᠢ᠂ ᠭᠡᠪᠡᠴᠦ ᠡᠭᠦᠨ᠎ᠤ ᠵᠡᠷᠭᠡ᠎ᠳᠤ ᠪᠠᠰᠠ ᠪᠣᠭᠣᠳᠠᠯ ᠪᠠᠭᠯᠠᠭ᠎ᠠ ᠵᠢᠨ ᠡᠬᠢ ᠪᠠᠶᠠᠯᠢᠭ᠎ᠢ ᠶᠡᠬᠡ ᠬᠡᠮᠵᠢᠶ᠎ᠡ᠎ᠪᠠᠷ ᠬᠣᠷᠣᠭᠳᠠᠭᠤᠯᠬᠤ ᠪᠠ ᠣᠷᠴᠢᠨ ᠠᠬᠤᠢ ᠵᠢ ᠪᠣᠬᠢᠷᠲᠤᠭᠤᠯᠬᠤ ᠵᠡᠷᠭᠡ ᠲᠣᠪᠣᠢ᠌ᠮ᠎ᠠ ᠠᠰᠠᠭᠤᠳᠠᠯ᠎ᠢ ᠪᠣᠶ ᠪᠣᠯᠭ᠋ᠠᠵᠤ᠂  ᠳᠦᠷᠢᠮ᠎ᠢ ᠲᠡᠭᠦᠯᠳᠡᠷᠵᠢᠭᠦᠯᠬᠦ ᠵᠡᠷᠭᠡ ᠣᠯᠠᠨ ᠲᠠᠯ᠎ᠠ ᠵᠢᠨ ᠠᠷᠭ᠎ᠠ ᠬᠡᠮᠵᠢᠶ᠎ᠡ᠎ᠪᠠᠷ ᠳᠠᠮᠵᠢᠭᠤᠯᠤᠨ ᠶᠡᠷᠦᠩᠬᠡᠢ᠌ᠯᠡᠭᠰᠡᠨ ᠠᠷᠭ᠎ᠠ ᠪᠣᠳᠣᠯᠭ᠎ᠠ ᠬᠡᠷᠡᠭᠵᠢᠭᠦᠯᠵᠦ᠂  ᠰᠢᠰᠲ᠋ᠧᠮ᠎ᠲᠠᠢ ᠵᠠᠰᠠᠬᠤ ᠴᠢᠬᠤᠯᠠᠲᠠᠢ ᠪᠠᠢ᠌ᠨ᠎ᠠ᠃  ᠨᠠᠮ᠎ᠤᠨ ᠬᠣᠷᠢᠳᠤᠭ᠋ᠠᠷ ᠬᠤᠭᠤᠴᠠᠭ᠋ᠠᠨ᠎ᠤ ᠲᠥᠪ ᠬᠣᠷᠢᠶᠠᠨ᠎ᠤ ᠭᠤᠷᠪᠠᠳᠤᠭ᠋ᠠᠷ ᠪᠦᠬᠦᠳᠡ ᠬᠤᠷᠠᠯ᠎ᠠᠴᠠ᠄  ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠠᠵᠤ ᠦᠢ᠍ᠯᠡᠰ᠎ᠢ ᠬᠥᠭᠵᠢᠭᠦᠯᠵᠦ᠂  ᠪᠣᠬᠢᠷᠲᠤᠯ ᠦᠭᠡᠢ ᠬᠡᠷᠡᠭᠯᠡᠭᠡ ᠵᠢ ᠤᠷᠮᠠᠰᠢᠭᠤᠯᠬᠤ ᠲᠣᠭᠲᠠᠴᠠ ᠵᠢ ᠪᠦᠷᠢᠨᠰᠢᠭᠦᠯᠵᠦ᠂  ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠡᠷᠭᠢᠯᠲᠡᠲᠦ ᠬᠥᠭᠵᠢᠯᠲᠡ ᠵᠢᠨ ᠠᠵᠤ ᠠᠬᠤᠢ ᠵᠢᠨ ᠰᠢᠰᠲ᠋ᠧᠮ᠎ᠤᠨ ᠪᠠᠢ᠌ᠭᠤᠯᠤᠯᠲᠠ ᠵᠢ ᠠᠬᠢᠭᠤᠯᠬᠤ ᠬᠡᠷᠡᠭᠲᠡᠢ; ᠡᠬᠢ ᠪᠠᠶᠠᠯᠢᠭ᠎ᠤᠨ ᠶᠡᠷᠦᠩᠬᠡᠢ ᠬᠡᠮᠵᠢᠶ᠎ᠡ ᠵᠢ ᠬᠠᠮᠢᠶᠠᠷᠬᠤ ᠪᠠ ᠪᠦᠬᠦ ᠲᠠᠯ᠎ᠠ᠎ᠪᠠᠷ ᠠᠷᠪᠢᠯᠠᠬᠤ ᠳᠦᠷᠢᠮ᠎ᠢ ᠲᠡᠭᠦᠯᠳᠡᠷᠵᠢᠭᠦᠯᠵᠦ᠂  ᠬᠠᠶᠠᠭᠳᠠᠮᠠᠯ ᠪᠣᠳᠠᠰ᠎ᠢ ᠣᠷᠴᠢᠯᠳᠤᠭᠤᠯᠤᠨ ᠠᠰᠢᠭᠯᠠᠬᠤ ᠰᠢᠰᠲ᠋ᠧᠮ᠎ᠢ  ᠲᠡᠭᠦᠯᠳᠡᠷᠵᠢᠭᠦᠯᠬᠦ ᠬᠡᠷᠡᠭᠲᠡᠢ᠃ 2018 ᠣᠨ᠎ᠳᠤ ᠬᠡᠷᠡᠭᠵᠢᠭᠦᠯᠵᠦ᠂ 2019 ᠣᠨ᠎ᠳᠤ ᠣᠨᠴᠠ ᠵᠠᠷᠢᠮ ᠵᠦᠢ᠍ᠯ ᠵᠤᠷᠪᠤᠰ᠎ᠲᠤ ᠵᠠᠰᠠᠪᠤᠷᠢ ᠣᠷᠣᠭᠤᠯᠤᠭᠰᠠᠨ 《ᠲᠦᠷᠭᠡᠨ ᠬᠦᠷᠭᠡᠯᠲᠡ ᠵᠢᠨ ᠲᠦᠷ ᠬᠡᠷᠡᠭᠵᠢᠭᠦᠯᠬᠦ ᠳᠦᠷᠢᠮ》 (ᠳᠣᠷᠣᠭᠰᠢ 《ᠳᠦᠷᠢᠮ》  ᠭᠡᠵᠦ ᠲᠣᠪᠴᠢᠯᠠᠨ᠎ᠠ)᠎ᠳᠤ ᠭᠣᠣᠯᠳᠠᠭᠤ ᠲᠦᠷᠭᠡᠨ ᠬᠦᠷᠭᠡᠯᠲᠡ ᠵᠢᠨ ᠦᠢ᠍ᠯᠡᠰ᠎ᠤᠨ ᠬᠥᠭᠵᠢᠯᠲᠡ ᠵᠢᠨ ᠪᠠᠲᠤᠯᠠᠭ᠎ᠠ᠂  ᠦᠢ᠍ᠯᠡᠴᠢᠯᠡᠭᠡᠨ᠎ᠤ ᠵᠢᠷᠤᠮᠵᠢᠯ ᠪᠠ ᠲᠦᠷᠭᠡᠨ ᠬᠦᠷᠭᠡᠯᠲᠡ ᠵᠢᠨ ᠠᠮᠤᠷ ᠲᠦᠪᠰᠢᠨ ᠵᠡᠷᠭᠡ ᠵᠦᠢ᠍ᠯᠡᠰ᠎ᠤᠨ ᠲᠤᠬᠠᠢ ᠲᠣᠭᠲᠠᠭ᠋ᠠᠯ ᠭᠠᠷᠭ᠋ᠠᠵᠠᠢ᠂  ᠲᠦᠷᠭᠡᠨ ᠬᠦᠷᠭᠡᠯᠲᠡ ᠵᠢᠨ ᠪᠣᠭᠣᠳᠠᠯ᠎ᠤᠨ ᠠᠰᠠᠭᠤᠳᠠᠯ᠎ᠳᠤ ᠵᠥᠪᠬᠡᠨ ᠨᠢᠭᠡ ᠯᠡ ᠵᠠᠷᠴᠢᠮ᠎ᠤᠨ ᠴᠢᠨᠠᠷᠲᠠᠢ ᠲᠣᠭᠲᠠᠭ᠋ᠠᠯ᠎ᠲᠠᠢ ᠪᠣᠯᠬᠣᠷ ᠲᠦᠷᠭᠡᠨ ᠬᠦᠷᠭᠡᠯᠲᠡ ᠵᠢᠨ ᠪᠣᠭᠣᠳᠠᠯ᠎ᠢ ᠵᠠᠰᠠᠬᠤ ᠠᠵᠢᠯ᠎ᠤᠨ ᠪᠣᠳᠠᠲᠠᠢ ᠬᠡᠷᠡᠭᠴᠡᠭᠡ᠎ᠳᠤ ᠵᠣᠬᠢᠴᠠᠬᠤ᠎ᠳᠤ ᠪᠡᠷᠬᠡ ᠶᠤᠮ᠃  ᠦᠢ᠍ᠯᠡᠳᠦᠯᠭᠡ ᠵᠢᠨ ᠲᠤᠷᠰᠢᠯᠭ᠎ᠠ ᠵᠢ ᠳ᠋ᠦᠩᠨᠡᠭᠰᠡᠨ ᠰᠠᠭᠤᠷᠢᠨ ᠳᠡᠭᠡᠷ᠎ᠡ 《ᠳᠦᠷᠢᠮ》 ᠎ᠳᠤ ᠵᠠᠰᠠᠪᠤᠷᠢ ᠣᠷᠣᠭᠤᠯᠤᠨ ᠲᠡᠭᠦᠯᠳᠡᠷᠵᠢᠭᠦᠯᠵᠦ᠂  ᠳᠦᠷᠢᠮ᠎ᠤᠨ ᠬᠣᠭᠣᠰᠤᠨ᠎ᠢ ᠨᠥᠬᠥᠪᠦᠷᠢᠯᠡᠵᠦ᠂  ᠲᠦᠷᠭᠡᠨ ᠬᠦᠷᠭᠡᠯᠲᠡ ᠵᠢᠨ ᠪᠣᠭᠣᠳᠠᠯ ᠪᠠᠭᠯᠠᠭ᠎ᠠ ᠵᠢ ᠵᠠᠰᠠᠬᠤ ᠠᠵᠢᠯ᠎ᠳᠤ ᠨᠡᠩ ᠬᠦᠴᠦᠲᠡᠢ ᠬᠠᠤᠯᠢᠵᠢᠯ᠎ᠤᠨ ᠪᠠᠲᠤᠯᠠᠭ᠎ᠠ ᠬᠠᠩᠭ᠋ᠠᠬᠤ᠎ᠨᠢ ᠲᠦᠷᠭᠡᠨ ᠬᠦᠷᠭᠡᠯᠲᠡ ᠵᠢᠨ ᠦᠢ᠍ᠯᠡᠰ᠎ᠤᠨ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠬᠤ᠂  ᠠᠵᠤ ᠠᠬᠤᠢ ᠨᠡᠢ᠌ᠭᠡᠮ᠎ᠤᠨ ᠬᠥᠭᠵᠢᠯᠲᠡ ᠵᠢᠨ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠬᠡᠯᠪᠡᠷᠢ ᠵᠢ ᠬᠤᠪᠢᠷᠠᠭᠤᠯᠬᠤ ᠵᠢ ᠠᠬᠢᠭᠤᠯᠬᠤ᠎ᠳᠤ ᠴᠢᠬᠤᠯᠠ ᠠᠴᠢ ᠬᠣᠯᠪᠣᠭᠳᠠᠯ᠎ᠲᠠᠢ ᠶᠤᠮ  ᠭᠡᠵᠡᠢ᠃ 

      ᠠᠰᠠᠭᠤᠯᠲᠠ᠄ 《ᠳᠦᠷᠢᠮ》᠎ᠳᠤ ᠵᠠᠰᠠᠪᠤᠷᠢ ᠣᠷᠣᠭᠤᠯᠬᠤ ᠵᠢᠨ ᠶᠡᠷᠦᠩᠬᠡᠢ ᠰᠡᠳᠬᠢᠮᠵᠢ᠎ᠨᠢ ᠶᠠᠭᠤ ᠪᠣᠶ? 

      ᠬᠠᠷᠢᠭᠤᠯᠲᠠ᠄  ᠲᠤᠰ ᠤᠳᠠᠭ᠎ᠠ ᠵᠠᠰᠠᠪᠤᠷᠢ ᠣᠷᠣᠭᠤᠯᠬᠤ᠎ᠳᠠᠭᠠᠨ ᠪᠠᠴᠢᠮ ᠬᠡᠷᠡᠭᠯᠡᠬᠦ ᠵᠢ ᠤᠷᠢᠳ ᠵᠶ᠋ᠠᠷ ᠬᠡᠷᠡᠭᠵᠢᠭᠦᠯᠬᠦ ᠵᠠᠷᠴᠢᠮ᠎ᠢ ᠪᠠᠷᠢᠮᠲᠠᠯᠠᠵᠤ᠂  ᠭᠣᠣᠯᠳᠠᠭᠤ ᠲᠦᠷᠭᠡᠨ ᠬᠦᠷᠭᠡᠯᠲᠡ ᠵᠢᠨ ᠪᠣᠭᠣᠳᠠᠯ᠎ᠤᠨ ᠠᠰᠠᠭᠤᠳᠠᠯ᠎ᠳᠤ ᠴᠢᠭᠯᠡᠭᠦᠯᠦᠨ ᠲᠤᠰᠬᠠᠢ ᠵᠠᠰᠠᠪᠤᠷᠢ ᠣᠷᠣᠭᠤᠯᠵᠤ᠂ 《ᠳᠦᠷᠢᠮ》᠎ᠤᠨ ᠪᠤᠰᠤᠳ ᠠᠭᠤᠯᠭ᠎ᠠ᠎ᠳᠤ ᠬᠣᠯᠪᠣᠭᠳᠠᠭᠰᠠᠨ ᠦᠭᠡᠢ᠂ ᠶᠡᠷᠦᠩᠬᠡᠢ ᠰᠡᠳᠬᠢᠮᠵᠢ ᠵᠢᠨ ᠲᠠᠯ᠎ᠠ᠎ᠪᠠᠷ ᠭᠣᠣᠯᠳᠠᠭᠤ ᠳᠣᠣᠷᠠᠬᠢ ᠭᠤᠷᠪᠠᠨ ᠲᠠᠯ᠎ᠠ ᠵᠢ ᠡᠵᠡᠮᠰᠢᠪᠡ᠄  ᠨᠢᠭᠡ᠎ᠳᠤ ᠠᠰᠠᠭᠤᠳᠠᠯ ᠵᠶ᠋ᠠᠷ ᠤᠳᠤᠷᠢᠳᠤᠮᠵᠢ ᠪᠣᠯᠭ᠋ᠠᠬᠤ ᠵᠢ ᠪᠠᠷᠢᠮᠲᠠᠯᠠᠵᠤ᠂  ᠲᠦᠷᠭᠡᠨ ᠬᠦᠷᠭᠡᠯᠲᠡ ᠵᠢᠨ ᠪᠣᠭᠣᠳᠠᠯ ᠪᠠᠭᠯᠠᠭ᠎ᠠ ᠵᠢᠨ ᠡᠬᠢ ᠪᠠᠶᠠᠯᠢᠭ᠎ᠢ ᠶᠡᠬᠡ ᠬᠡᠮᠵᠢᠶ᠎ᠡ᠎ᠪᠠᠷ ᠬᠣᠷᠣᠭᠳᠠᠭᠤᠯᠬᠤ ᠪᠠ ᠣᠷᠴᠢᠨ ᠲᠣᠭᠣᠷᠢᠨ᠎ᠢ ᠪᠣᠬᠢᠷᠲᠤᠭᠤᠯᠬᠤ ᠵᠡᠷᠭᠡ ᠠᠰᠠᠭᠤᠳᠠᠯ᠎ᠳᠤ ᠴᠢᠭᠯᠡᠭᠦᠯᠦᠨ᠂  ᠪᠣᠭᠣᠳᠠᠯ ᠪᠠᠭᠯᠠᠭ᠎ᠠ ᠵᠢᠨ ᠬᠠᠮᠢᠶᠠᠷᠤᠯᠲᠠ ᠵᠢᠨ ᠬᠠᠮᠢᠶ᠎ᠠ ᠪᠦᠬᠦᠢ ᠳᠦᠷᠢᠮ ᠲᠣᠭᠲᠠᠴᠠ ᠵᠢ ᠪᠦᠷᠢᠨᠰᠢᠭᠦᠯᠦᠨ ᠲᠡᠭᠦᠯᠳᠡᠷᠵᠢᠭᠦᠯᠵᠦ᠂  ᠲᠦᠷᠭᠡᠨ ᠬᠦᠷᠭᠡᠯᠲᠡ ᠵᠢᠨ ᠠᠵᠢᠯ ᠲᠥᠷᠥᠯ᠎ᠤᠨ ᠪᠣᠬᠢᠷᠲᠤᠯ ᠦᠭᠡᠢ ᠬᠥᠭᠵᠢᠯᠲᠡ ᠵᠢ ᠠᠬᠢᠭᠤᠯᠬᠤ᠎ᠳᠤ ᠬᠠᠤᠯᠢ᠎ᠪᠠᠷ ᠵᠠᠰᠠᠬᠤ ᠪᠠᠲᠤᠯᠠᠭ᠎ᠠ ᠬᠠᠩᠭ᠋ᠠᠨ᠎ᠠ᠃  ᠬᠣᠶᠠᠷ᠎ᠲᠤ᠂  ᠰᠢᠰᠲ᠋ᠧᠮ᠎ᠤᠨ ᠦᠵᠡᠯᠲᠡ ᠵᠢ ᠪᠠᠷᠢᠮᠲᠠᠯᠠᠵᠤ᠂  ᠲᠦᠷᠭᠡᠨ ᠬᠦᠷᠭᠡᠯᠲᠡ ᠵᠢᠨ ᠪᠣᠭᠣᠳᠠᠯ ᠪᠠᠭᠯᠠᠭ᠎ᠠ ᠵᠢ ᠵᠢᠷᠤᠵᠤ ᠲᠥᠯᠥᠪᠯᠡᠬᠦ᠂  ᠦᠢ᠍ᠯᠡᠳᠪᠦᠷᠢᠯᠡᠬᠦ᠂  ᠬᠡᠷᠡᠭᠯᠡᠬᠦ᠂  ᠬᠣᠷᠢᠶᠠᠨ ᠠᠪᠴᠢᠷᠠᠬᠤ᠂  ᠰᠢᠢ᠍ᠳᠪᠦᠷᠢᠯᠡᠬᠦ ᠵᠡᠷᠭᠡ ᠵᠠᠩᠭᠢᠯᠠᠭ᠎ᠠ ᠵᠢᠨ ᠲᠣᠭᠣᠷᠢᠨ᠎ᠳᠤ ᠳᠦᠷᠢᠮ ᠠᠷᠭ᠎ᠠ ᠬᠡᠮᠵᠢᠶ᠎ᠡ ᠵᠢ ᠲᠡᠭᠦᠯᠳᠡᠷᠵᠢᠭᠦᠯᠵᠦ᠂  ᠠᠵᠤ ᠠᠬᠤᠢ᠌ᠯᠠᠯ ᠵᠢᠴᠢ ᠵᠠᠰᠠᠭ᠎ᠤᠨ ᠣᠷᠳᠣᠨ᠂  ᠠᠵᠢᠯ ᠲᠥᠷᠥᠯ᠎ᠤᠨ ᠵᠣᠬᠢᠶᠠᠨ ᠪᠠᠢ᠌ᠭᠤᠯᠤᠯᠲᠠ᠂  ᠲᠦᠷᠭᠡᠨ ᠬᠦᠷᠭᠡᠯᠲᠡ ᠵᠢᠨ ᠬᠡᠷᠡᠭᠯᠡᠭᠴᠢ ᠵᠡᠷᠭᠡ ᠡᠯ᠎ᠡ ᠲᠥᠷᠥᠯ᠎ᠤᠨ ᠭᠣᠣᠯ ᠴᠣᠭᠴᠠ ᠵᠢᠨ ᠬᠠᠷᠢᠭᠤᠴᠠᠯᠭ᠎ᠠ ᠵᠢ ᠲᠣᠳᠣᠷᠬᠠᠢ᠌ᠯᠠᠵᠤ᠂  ᠪᠥᠬᠥ ᠬᠡᠯᠬᠢᠶᠡᠰᠦ ᠵᠢᠨ ᠵᠠᠰᠠᠯᠲᠠ ᠵᠢᠨ ᠨᠡᠢ᠌ᠯᠡᠮᠡᠯ ᠬᠦᠴᠦᠨ᠎ᠢ ᠪᠦᠷᠢᠯᠳᠦᠭᠦᠯᠬᠦ᠎ᠪᠠᠷ ᠴᠢᠷᠮᠠᠢ᠌ᠨ᠎ᠠ᠃  ᠭᠤᠷᠪᠠ᠎ᠳᠤ ᠵᠢᠷᠤᠮᠵᠢᠭᠤᠯᠤᠨ ᠬᠥᠲᠥᠯᠥᠨ ᠵᠢᠯᠤᠭᠣᠳᠬᠤ ᠵᠢ ᠵᠡᠷᠭᠡᠪᠡᠷ ᠴᠢᠬᠤᠯᠠᠴᠢᠯᠠᠬᠤ ᠵᠢ ᠪᠠᠷᠢᠮᠲᠠᠯᠠᠵᠤ᠂  ᠠᠵᠢᠯ ᠲᠥᠷᠥᠯ᠎ᠤᠨ ᠪᠣᠳᠠᠲᠤ ᠪᠠᠢ᠌ᠳᠠᠯ ᠪᠠ ᠠᠵᠤ ᠠᠬᠤᠢ᠌ᠯᠠᠯ᠎ᠤᠨ ᠳᠠᠭ᠋ᠠᠭ᠋ᠠᠬᠤ ᠴᠢᠳᠠᠪᠤᠷᠢ ᠵᠡᠷᠭᠡ ᠬᠦᠴᠦᠨ ᠵᠦᠢ᠍ᠯ᠎ᠢ ᠨᠢᠭᠡᠳᠦᠯᠲᠡᠢ ᠲᠥᠯᠥᠪᠯᠡᠨ ᠪᠣᠳᠣᠯᠬᠢᠯᠠᠵᠤ᠂  ᠬᠠᠲᠠᠭᠤ ᠬᠢᠵᠠᠭ᠋ᠠᠷᠯᠠᠯ᠎ᠢ ᠴᠢᠩᠭ᠋ᠠᠳᠬᠠᠬᠤ ᠵᠢᠨ ᠬᠠᠮᠲᠤ ᠬᠠᠤᠯᠢ ᠴᠠᠭ᠋ᠠᠵᠠ ᠵᠢᠨ ᠳᠦᠷᠢᠮ᠎ᠤᠨ ᠬᠥᠲᠥᠯᠥᠨ ᠵᠢᠯᠤᠭᠣᠳᠬᠤ ᠴᠢᠳᠠᠮᠵᠢ ᠵᠢ ᠰᠠᠢ᠌ᠲᠤᠷ ᠪᠠᠳᠠᠷᠠᠭᠤᠯᠵᠤ᠂  ᠪᠣᠬᠢᠷᠲᠤᠯ ᠦᠭᠡᠢ ᠬᠥᠭᠵᠢᠯᠲᠡ ᠵᠢ ᠲᠦᠯᠬᠢᠨ ᠠᠬᠢᠭᠤᠯᠬᠤ ᠰᠠᠢ᠌ᠨ ᠰᠠᠢ᠌ᠬᠠᠨ ᠨᠡᠢ᠌ᠭᠡᠮ᠎ᠤᠨ ᠠᠭᠤᠷ ᠠᠮᠢᠰᠬᠤᠯ᠎ᠢ ᠪᠣᠶ ᠪᠣᠯᠭ᠋ᠠᠨ᠎ᠠ᠃ 

      ᠠᠰᠠᠭᠤᠯᠲᠠ᠄ 《ᠲᠣᠭᠲᠠᠭ᠋ᠠᠯ》᠎ᠳᠤ ᠲᠦᠷᠭᠡᠨ ᠬᠦᠷᠭᠡᠯᠲᠡ ᠵᠢᠨ  ᠠᠵᠤ ᠠᠬᠤᠢ᠌ᠯᠠᠯ᠎ᠤᠨ ᠵᠠᠰᠠᠬᠤ ᠬᠠᠷᠢᠭᠤᠴᠠᠯᠭ᠎ᠠ ᠵᠢ ᠨᠠᠢ᠌ᠳᠠᠪᠤᠷᠢᠵᠢᠭᠤᠯᠬᠤ ᠲᠠᠯ᠎ᠠ᠎ᠪᠠᠷ ᠶᠠᠮᠠᠷ ᠶᠠᠮᠠᠷ ᠲᠣᠭᠲᠠᠭ᠋ᠠᠯ ᠭᠠᠷᠭ᠋ᠠᠭᠰᠠᠨ ᠪᠣᠶ? 

      ᠬᠠᠷᠢᠭᠤᠯᠲᠠ᠄  ᠲᠦᠷᠭᠡᠨ ᠬᠦᠷᠭᠡᠯᠲᠡ ᠵᠢᠨ  ᠠᠵᠤ ᠠᠬᠤᠢ᠌ᠯᠠᠯ᠎ᠨᠢ  ᠲᠦᠷᠭᠡᠨ ᠬᠦᠷᠭᠡᠯᠲᠡ ᠵᠢᠨ  ᠪᠣᠭᠣᠳᠠᠯ ᠪᠠᠭᠯᠠᠭ᠎ᠠ ᠵᠢ ᠵᠠᠰᠠᠬᠤ ᠠᠵᠢᠯ᠎ᠤᠨ ᠳᠤᠮᠳᠠ ᠴᠢᠬᠤᠯᠠ ᠬᠠᠷᠢᠭᠤᠴᠠᠯᠭ᠎ᠠ  ᠡᠭᠦᠷᠭᠡᠯᠡᠬᠦ ᠬᠡᠷᠡᠭᠲᠡᠢ᠃ 《ᠲᠣᠭᠲᠠᠭ᠋ᠠᠯ》᠎ᠳᠤ ᠡᠯ᠎ᠡ ᠲᠠᠯ᠎ᠠ ᠵᠢᠨ᠎ᠬᠢᠨ᠎ᠤ ᠰᠠᠨᠠᠯ᠎ᠢ ᠭᠦᠢ᠍ᠴᠡᠳ ᠰᠣᠨᠣᠰᠤᠭᠰᠠᠨ ᠰᠠᠭᠤᠷᠢᠨ ᠳᠡᠭᠡᠷ᠎ᠡ᠂ 《ᠬᠠᠲᠠᠭᠤ ᠪᠡᠶᠡᠲᠦ ᠬᠠᠶᠠᠭᠳᠠᠮᠠᠯ ᠪᠣᠳᠠᠰ᠎ᠤᠨ ᠣᠷᠴᠢᠨ ᠠᠬᠤᠢ ᠵᠢ ᠪᠣᠬᠢᠷᠲᠤᠭᠤᠯᠬᠤ ᠵᠢ ᠰᠡᠷᠭᠡᠢ᠌ᠯᠡᠨ ᠵᠠᠰᠠᠬᠤ ᠬᠠᠤᠯᠢ》 ᠵᠢᠨ ᠬᠣᠯᠪᠣᠭᠳᠠᠯ ᠪᠦᠬᠦᠢ ᠲᠣᠭᠲᠠᠭ᠋ᠠᠯ ᠪᠠ ᠲᠦᠷᠦ ᠵᠢᠨ ᠶᠠᠪᠤᠳᠠᠯ᠎ᠤᠨ ᠬᠣᠷᠢᠶᠠᠨ᠎ᠤ  ᠲᠦᠷᠭᠡᠨ ᠬᠦᠷᠭᠡᠯᠲᠡ ᠵᠢᠨ ᠪᠣᠭᠣᠳᠠᠯ᠎ᠤᠨ ᠪᠣᠬᠢᠷᠲᠤᠯ ᠦᠭᠡᠢ᠎ᠪᠠᠷ ᠬᠡᠯᠪᠡᠷᠢ᠎ᠪᠠᠨ ᠬᠤᠪᠢᠷᠠᠭᠤᠯᠬᠤ ᠵᠢ ᠲᠦᠯᠬᠢᠨ ᠠᠬᠢᠭᠤᠯᠬᠤ᠂  ᠲᠠᠸᠠᠷ᠎ᠢ ᠬᠡᠳᠦ ᠪᠣᠭᠣᠳᠠᠯᠯᠠᠬᠤ ᠵᠢ ᠵᠠᠰᠠᠬᠤ ᠠᠵᠢᠯ᠎ᠢ ᠴᠢᠩᠭ᠋ᠠᠳᠬᠠᠬᠤ ᠲᠤᠬᠠᠢ  ᠪᠢᠴᠢᠭ ᠮᠠᠲ᠋ᠧᠷᠢᠶᠠᠯ᠎ᠤᠨ ᠱᠠᠭ᠋ᠠᠷᠳᠠᠯᠭ᠎ᠠ ᠵᠢ ᠦᠨᠳᠦᠰᠦᠯᠡᠨ᠂  ᠲᠦᠷᠭᠡᠨ ᠬᠦᠷᠭᠡᠯᠲᠡ ᠵᠢᠨ ᠠᠵᠤ ᠠᠬᠤᠢ᠌ᠯᠠᠯ᠎ᠤᠨ ᠲᠦᠷᠭᠡᠨ ᠬᠦᠷᠭᠡᠯᠲᠡ ᠵᠢᠨ ᠪᠣᠭᠣᠳᠠᠯᠯᠠᠬᠤ ᠵᠢ ᠵᠠᠰᠠᠬᠤ ᠠᠵᠢᠯ᠎ᠳᠠᠬᠢ ᠪᠡᠶᠡᠴᠢ ᠴᠣᠭᠴᠠ ᠵᠢᠨ ᠬᠠᠷᠢᠭᠤᠴᠠᠯᠭ᠎ᠠ ᠵᠢ ᠴᠢᠩᠭ᠋ᠠᠳᠬᠠᠪᠠ᠃  ᠲᠦᠷᠭᠡᠨ ᠬᠦᠷᠭᠡᠯᠲᠡ ᠵᠢᠨ ᠪᠣᠭᠣᠳᠠᠯ᠎ᠤᠨ ᠱᠠᠭ᠋ᠠᠷᠳᠠᠯᠭ᠎ᠠ ᠲᠣᠳᠣᠷᠬᠠᠢ ᠦᠭᠡᠢ ᠠᠰᠠᠭᠤᠳᠠᠯ᠎ᠳᠤ ᠴᠢᠭᠯᠡᠭᠦᠯᠦᠨ᠂  ᠲᠦᠷᠭᠡᠨ ᠬᠦᠷᠭᠡᠯᠲᠡ ᠵᠢᠨ ᠪᠣᠭᠣᠳᠠᠯ᠎ᠨᠢ ᠢᠯᠡᠭᠡᠯᠲᠡ ᠵᠢᠨ ᠦᠢ᠍ᠯᠡᠳᠪᠦᠷᠢᠯᠡᠯ᠎ᠤᠨ ᠠᠵᠢᠯ᠎ᠤᠨ ᠱᠠᠭ᠋ᠠᠷᠳᠠᠯᠭ᠎ᠠ᠎ᠳᠤ ᠨᠡᠢ᠌ᠴᠡᠵᠦ᠂  ᠡᠬᠢ ᠪᠠᠶᠠᠯᠢᠭ᠎ᠢ ᠠᠷᠪᠢᠯᠠᠨ ᠬᠡᠷᠡᠭᠯᠡᠵᠦ᠂  ᠬᠡᠲᠦ ᠪᠣᠭᠣᠳᠠᠯᠯᠠᠬᠤ᠎ᠠᠴᠠ ᠵᠠᠢ᠌ᠯᠠᠰᠬᠢᠵᠦ᠂  ᠣᠷᠴᠢᠨ ᠲᠣᠭᠣᠷᠢᠨ᠎ᠢ ᠪᠣᠬᠢᠷᠲᠤᠭᠤᠯᠬᠤ᠎ᠠᠴᠠ ᠰᠡᠷᠭᠡᠢ᠌ᠯᠡᠬᠦ ᠬᠡᠷᠡᠭᠲᠡᠢ ᠭᠡᠵᠦ ᠲᠣᠭᠲᠠᠭ᠋ᠠᠪᠠ; ᠲᠦᠷᠭᠡᠨ ᠬᠦᠷᠭᠡᠯᠲᠡ ᠵᠢᠨ  ᠪᠣᠭᠣᠳᠠᠯ᠎ᠨᠢ ᠠᠯᠪᠠᠳᠠᠯᠭ᠎ᠠ ᠵᠢᠨ ᠴᠢᠨᠠᠷᠲᠠᠢ ᠤᠯᠤᠰ᠎ᠤᠨ ᠪᠠᠷᠢᠮᠵᠢᠶ᠎ᠠ᠎ᠳᠤ ᠨᠡᠢ᠌ᠴᠡᠭᠰᠡᠨ  ᠪᠠᠢ᠌ᠬᠤ ᠬᠡᠷᠡᠭᠲᠡᠢ᠃ ᠲᠦᠷᠭᠡᠨ ᠬᠦᠷᠭᠡᠯᠲᠡ ᠵᠢᠨ  ᠠᠵᠤ ᠠᠬᠤᠢ᠌ᠯᠠᠯ᠎ᠤᠨ ᠪᠣᠭᠣᠳᠠᠯᠯᠠᠬᠤ ᠡᠭᠦᠷᠭᠡ᠎ᠨᠢ ᠬᠠᠤᠯᠢ ᠴᠠᠭ᠋ᠠᠵᠠ ᠵᠢᠨ ᠦᠨᠳᠦᠰᠦ ᠪᠠᠷᠢᠮᠲᠠ᠎ᠪᠠᠷ ᠳᠤᠲᠠᠮᠠᠭ ᠪᠠᠢ᠌ᠬᠤ ᠠᠰᠠᠭᠤᠳᠠᠯ᠎ᠳᠤ ᠴᠢᠭᠯᠡᠭᠦᠯᠦᠨ᠂  ᠲᠦᠷᠭᠡᠨ ᠬᠦᠷᠭᠡᠯᠲᠡ ᠵᠢᠨ  ᠠᠵᠤ ᠠᠬᠤᠢ᠌ᠯᠠᠯ ᠲᠦᠷᠭᠡᠨ ᠬᠦᠷᠭᠡᠯᠲᠡ ᠵᠢᠨ  ᠪᠣᠭᠣᠳᠠᠯᠯᠠᠬᠤ ᠠᠷᠭ᠎ᠠ ᠮᠠᠶᠢᠭ ᠪᠠ ᠪᠣᠭᠣᠳᠠᠯ᠎ᠤᠨ ᠪᠦᠲᠦᠴᠡ ᠵᠢᠨ ᠵᠢᠷᠤᠭ ᠲᠥᠯᠥᠪᠯᠡᠭᠡ᠎ᠪᠠᠨ ᠰᠢᠯᠢᠳᠡᠭᠵᠢᠭᠦᠯᠵᠦ᠂  ᠪᠣᠭᠣᠳᠠᠯᠯᠠᠬᠤ ᠡᠳ᠋᠎ᠢ ᠠᠷᠪᠢᠯᠠᠨ ᠬᠡᠷᠡᠭᠯᠡᠵᠦ᠂  ᠲᠦᠷᠭᠡᠨ ᠬᠦᠷᠭᠡᠯᠲᠡ ᠵᠢᠨ  ᠪᠣᠭᠣᠳᠠᠯ᠎ᠤᠨ ᠠᠵᠢᠯᠯᠠᠭ᠋ᠠᠨ᠎ᠤ ᠵᠢᠷᠤᠮᠵᠢᠯ ᠪᠠ ᠬᠣᠷᠢᠶᠠᠨ ᠠᠪᠴᠤ ᠠᠰᠢᠭᠯᠠᠬᠤ ᠬᠠᠮᠢᠶᠠᠷᠤᠯᠲᠠ ᠵᠢᠨ ᠳᠦᠷᠢᠮ᠎ᠢ ᠲᠣᠭᠲᠠᠭ᠋ᠠᠨ ᠬᠡᠷᠡᠭᠵᠢᠭᠦᠯᠵᠦ᠂  ᠠᠵᠢᠯ ᠡᠷᠬᠢᠯᠡᠭᠰᠡᠳ᠎ᠤᠨ  ᠪᠣᠯᠪᠠᠰᠤᠷᠠᠯ᠎ᠢ ᠴᠢᠩᠭ᠋ᠠᠳᠬᠠᠨ᠂ ᠨᠢᠭᠡ ᠯᠡ ᠤᠳᠠᠭ᠎ᠠ ᠵᠢᠨ ᠴᠢᠨᠠᠷᠲᠠᠢ ᠰᠦᠯᠢᠶᠥᠦ ᠪᠦᠲᠦᠭᠡᠭᠳᠡᠬᠦᠨ᠎ᠢ ᠬᠡᠷᠡᠭᠯᠡᠭᠰᠡᠨ᠂  ᠬᠣᠷᠢᠶᠠᠨ ᠠᠪᠤᠭᠰᠠᠨ ᠪᠠᠢ᠌ᠳᠠᠯ ᠵᠡᠷᠭᠡ ᠵᠢ ᠮᠡᠳᠡᠭᠦᠯᠬᠦ ᠬᠡᠷᠡᠭᠲᠡᠢ ᠭᠡᠵᠦ ᠲᠣᠭᠲᠠᠭ᠋ᠠᠵᠠᠢ᠃  ᠲᠦᠷᠭᠡᠨ ᠬᠦᠷᠭᠡᠯᠲᠡ ᠵᠢᠨ  ᠪᠣᠭᠣᠳᠠᠯ᠎ᠤᠨ ᠠᠵᠢᠯᠯᠠᠭ᠎ᠠ᠎ᠳᠤ ᠭᠠᠳᠠᠨᠠᠬᠢ ᠬᠢᠨᠠᠯᠲᠠ ᠲᠠᠯᠪᠢᠯᠲᠠ ᠬᠦᠷᠦᠯᠴᠡᠬᠦ ᠦᠭᠡᠢ ᠪᠠᠢ᠌ᠬᠤ ᠠᠰᠠᠭᠤᠳᠠᠯ᠎ᠳᠤ ᠴᠢᠭᠯᠡᠭᠦᠯᠦᠨ᠂  ᠲᠦᠷᠭᠡᠨ ᠬᠦᠷᠭᠡᠯᠲᠡ ᠵᠢᠨ  ᠠᠵᠤ ᠠᠬᠤᠢ᠌ᠯᠠᠯ᠎ᠤᠨ  ᠲᠦᠷᠭᠡᠨ ᠬᠦᠷᠭᠡᠯᠲᠡ ᠵᠢᠨ  ᠪᠣᠭᠣᠳᠠᠯ᠎ᠤᠨ ᠬᠣᠯᠪᠣᠭᠳᠠᠯ ᠪᠦᠬᠦᠢ ᠬᠠᠮᠢᠶᠠᠷᠤᠯᠲᠠ ᠵᠢᠨ ᠳᠦᠷᠢᠮ ᠪᠠ ᠠᠯᠪᠠᠳᠠᠯᠭ᠎ᠠ ᠵᠢᠨ ᠴᠢᠨᠠᠷᠲᠠᠢ ᠤᠯᠤᠰ᠎ᠤᠨ ᠪᠠᠷᠢᠮᠵᠢᠶ᠎ᠠ ᠵᠢ ᠨᠠᠢ᠌ᠳᠠᠪᠤᠷᠢᠵᠢᠭᠤᠯᠤᠭᠰᠠᠨ ᠪᠠᠢ᠌ᠳᠠᠯ᠎ᠢ ᠵᠠᠰᠠᠭ᠎ᠤᠨ ᠣᠷᠳᠣᠨ᠎ᠤ ᠰᠠᠯᠠᠭ᠎ᠠ ᠮᠥᠴᠢᠷ᠎ᠤᠨ ᠬᠢᠨᠠᠯᠲᠠ ᠲᠠᠯᠪᠢᠵᠤ ᠪᠠᠢ᠌ᠴᠠᠭ᠋ᠠᠬᠤ ᠵᠦᠢ᠍ᠯᠡᠰ᠎ᠲᠤ ᠣᠷᠣᠭᠤᠯᠵᠤ᠂  ᠲᠦᠷᠭᠡᠨ ᠬᠦᠷᠭᠡᠯᠲᠡ ᠵᠢᠨ  ᠠᠵᠤ ᠠᠬᠤᠢ᠌ᠯᠠᠯ᠎ᠤᠨ ᠪᠣᠭᠣᠳᠠᠯ ᠪᠠᠭᠯᠠᠭ᠎ᠠ ᠵᠢᠨ ᠡᠳ᠋᠎ᠢ ᠬᠡᠷᠡᠭᠯᠡᠭᠰᠡᠨ᠂  ᠬᠣᠷᠢᠶᠠᠨ ᠠᠪᠤᠭᠰᠠᠨ ᠵᠡᠷᠭᠡ ᠪᠠᠢ᠌ᠳᠠᠯ᠎ᠢ ᠠᠵᠢᠯ ᠲᠥᠷᠥᠯ᠎ᠤᠨ ᠥᠪᠡᠷ᠎ᠢ᠎ᠪᠠᠨ ᠱᠠᠭ᠋ᠠᠷᠳᠠᠬᠤ ᠬᠡᠪᠴᠢᠶᠡᠨ᠎ᠳᠤ ᠣᠷᠣᠭᠤᠯᠬᠤ᠎ᠪᠠᠷ ᠲᠣᠭᠲᠠᠭ᠋ᠠᠭᠰᠠᠨ ᠪᠥᠭᠡᠳ ᠬᠠᠤᠯᠢ ᠵᠢ ᠵᠥᠷᠢᠴᠡᠭᠰᠡᠨ ᠦᠢᠯᠡ ᠠᠵᠢᠯᠯᠠᠭ᠎ᠠ᠎ᠳᠤ ᠵᠣᠬᠢᠴᠠᠩᠭᠤᠢ ᠬᠠᠤᠯᠢ ᠵᠢᠨ ᠬᠠᠷᠢᠭᠤᠴᠠᠯᠭ᠎ᠠ ᠲᠣᠭᠲᠠᠭ᠋ᠠᠵᠠᠢ᠃

ᠢᠷᠡᠯᠲᠡ᠄ᠬᠠᠤᠯᠢ ᠴᠠᠭ᠋ᠠᠵᠠ ᠵᠢᠨ ᠶᠠᠮᠤᠨ
          
ᠬᠠᠮᠢᠶ᠎ᠡ ᠪᠦᠬᠦᠢ ᠰᠣᠨᠢᠨ
 
            