ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠬᠠᠣᠯᠢ᠎ᠪᠠᠷ ᠵᠠᠰᠠᠬᠤ
ᠦᠢᠯᠡᠴᠢᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠦᠢᠯᠡᠴᠢᠯᠡᠭᠡ   -   ᠰᠣᠷᠪᠣᠯᠵᠢᠯᠠᠭ᠎ᠠ
ᠬᠠᠤᠯᠢ ᠴᠠᠭ᠋ᠠᠵᠠ ᠵᠢᠨ ᠶᠠᠮᠤᠨ᠂ ᠵᠠᠮ ᠲᠡᠭᠡᠭᠡᠪᠦᠷᠢ ᠵᠢᠨ ᠶᠠᠮᠤᠨ᠂ ᠤᠯᠤᠰ᠎ᠤᠨ ᠰᠢᠤᠳᠠᠨ᠎ᠤ ᠲᠣᠪᠴᠢᠶ᠎ᠠ ᠵᠢᠨ ᠬᠠᠷᠢᠭᠤᠴᠠᠯᠭ᠋ᠠᠲᠠᠨ 《ᠲᠥᠷᠥ ᠵᠢᠨ ᠶᠠᠪᠤᠳᠠᠯ᠎ᠤᠨ ᠬᠣᠷᠢᠶᠠᠨ᠎ᠤ 〈ᠲᠦᠷᠭᠡᠨ ᠬᠦᠷᠭᠡᠯᠲᠡ ᠵᠢᠨ ᠲᠦᠷ ᠬᠡᠷᠡᠭᠵᠢᠭᠦᠯᠬᠦ ᠳᠦᠷᠢᠮ〉᠎ᠳᠤ ᠵᠠᠰᠠᠪᠤᠷᠢ ᠣᠷᠣᠭᠤᠯᠬᠤ ᠲᠤᠬᠠᠢ ᠲᠣᠭᠲᠠᠭ᠋ᠠᠯ》᠎ᠤᠨ ᠲᠤᠬᠠᠢ ᠰᠤᠷᠪᠤᠯᠵᠢᠯᠠᠭᠴᠢ ᠵᠢᠨ ᠠᠰᠠᠭᠤᠯᠲᠠ ᠵᠢ ᠬᠠᠷᠢᠭᠤᠯᠤᠭᠰᠠᠨ᠎ᠨᠢ (ᠬᠣᠶᠠᠷ)
ᠨᠡᠶ᠋ᠢᠲᠡᠯᠡᠭᠰᠡᠨ ᠴᠠᠭ᠄ 2025-05-29

      ᠠᠰᠠᠭᠤᠯᠲᠠ᠄ 《ᠲᠣᠭᠲᠠᠭ᠋ᠠᠯ》᠎ᠳᠤ ᠲᠦᠷᠭᠡᠨ ᠬᠦᠷᠭᠡᠯᠲᠡ ᠵᠢᠨ ᠪᠣᠭᠣᠳᠠᠯ᠎ᠤᠨ ᠪᠥᠬᠥ ᠬᠡᠯᠬᠢᠶᠡᠨ᠎ᠤ ᠰᠢᠰᠲ᠋ᠧᠮ᠎ᠤᠨ ᠵᠠᠰᠠᠯᠲᠠ ᠵᠢ ᠬᠡᠷᠬᠢᠨ ᠠᠬᠢᠭᠤᠯᠬᠤ ᠪᠣᠶ? 

      ᠬᠠᠷᠢᠭᠤᠯᠲᠠ᠄  ᠲᠦᠷᠭᠡᠨ ᠬᠦᠷᠭᠡᠯᠲᠡ ᠵᠢᠨ ᠪᠣᠭᠣᠳᠠᠯ᠎ᠤᠨ ᠵᠠᠰᠠᠯᠲᠠ ᠵᠢᠨ ᠬᠣᠯᠪᠣᠭᠳᠠᠬᠤ ᠬᠡᠪᠴᠢᠶ᠎ᠡ᠎ᠨᠢ ᠥᠷᠭᠡᠨ᠂  ᠭᠣᠣᠯ ᠴᠣᠭᠴᠠ᠎ᠨᠢ ᠣᠯᠠᠨ᠂  ᠬᠡᠯᠬᠢᠶ᠎ᠡ᠎ᠨᠢ ᠣᠷᠳᠣ ᠪᠣᠯᠬᠣᠷ ᠡᠷᠬᠡᠪᠰᠢ ᠬᠠᠮᠢᠶ᠎ᠠ ᠪᠦᠬᠦᠢ ᠲᠠᠯ᠎ᠠ ᠵᠢᠨ ᠦᠢ᠍ᠯᠡᠳᠦᠯ᠎ᠢ ᠭᠦᠢ᠍ᠴᠡᠳ ᠪᠠᠳᠠᠷᠠᠭᠤᠯᠵᠤ᠂  ᠪᠥᠬᠥ ᠬᠡᠯᠬᠢᠶ᠎ᠡ ᠵᠢᠨ ᠬᠠᠮᠵᠢᠯᠴᠠᠭ᠎ᠠ ᠵᠢ ᠪᠡᠶᠡᠯᠡᠭᠦᠯᠦᠨ᠂  ᠵᠠᠰᠠᠯᠲᠠ ᠵᠢᠨ ᠦᠷ᠎ᠡ ᠪᠦᠲᠦᠮᠵᠢ ᠵᠢ ᠭᠦᠨᠵᠡᠭᠡᠢ᠌ᠷᠡᠭᠦᠯᠬᠦ ᠬᠡᠷᠡᠭᠲᠡᠢ᠃ 《ᠲᠣᠭᠲᠠᠭ᠋ᠠᠯ》᠎ᠳᠤ ᠤᠯᠤᠰ᠎ᠠᠴᠠ ᠶᠡᠷᠦᠩᠬᠡᠢ᠌ᠯᠡᠭᠰᠡᠨ ᠴᠢᠨᠠᠷᠲᠠᠢ ᠳᠡᠮᠵᠢᠯᠭᠡ ᠵᠢᠨ ᠲᠥᠷᠥ ᠵᠢᠨ ᠪᠣᠳᠣᠯᠭ᠎ᠠ ᠵᠢ  ᠲᠡᠭᠦᠯᠳᠡᠷᠵᠢᠭᠦᠯᠦᠨ᠎ᠡ ᠭᠡᠵᠦ ᠲᠣᠭᠲᠠᠭ᠋ᠠᠵᠠᠢ᠃  ᠲᠦᠷᠭᠡᠨ ᠬᠦᠷᠭᠡᠯᠲᠡ ᠵᠢᠨ ᠪᠣᠭᠣᠳᠠᠯ᠎ᠢ  ᠪᠣᠬᠢᠷᠲᠤᠯ ᠦᠭᠡᠢ ᠪᠣᠯᠭ᠋ᠠᠬᠤ᠂  ᠬᠡᠮᠵᠢᠶ᠎ᠡ ᠵᠢ ᠪᠠᠭ᠋ᠠᠰᠬᠠᠬᠤ᠂  ᠡᠷᠭᠢᠯᠳᠦᠭᠦᠯᠵᠦ ᠪᠣᠯᠬᠤ ᠵᠢ ᠠᠬᠢᠭᠤᠯᠵᠤ᠂  ᠲᠦᠷᠭᠡᠨ ᠬᠦᠷᠭᠡᠯᠲᠡ ᠵᠢᠨ ᠠᠵᠤ ᠠᠬᠤᠢ᠌ᠯᠠᠯ ᠪᠠ ᠢᠯᠡᠭᠡᠭᠴᠢ ᠵᠢᠨ ᠵᠠᠳᠠᠷᠠᠭᠤᠯᠵᠤ ᠪᠣᠯᠬᠤ᠂  ᠳᠠᠬᠢᠨ ᠳᠠᠪᠲᠠᠨ ᠠᠰᠢᠭᠯᠠᠵᠤ ᠪᠣᠯᠬᠤ ᠣᠷᠴᠢᠨ ᠠᠬᠤᠢ ᠵᠢᠨ ᠬᠠᠮᠠᠭ᠋ᠠᠯᠠᠯᠲᠠ ᠵᠢᠨ ᠪᠣᠭᠣᠳᠠᠯ᠎ᠤᠨ ᠮᠠᠲ᠋ᠧᠷᠢᠶᠠᠯ᠎ᠢ ᠬᠡᠷᠡᠭᠯᠡᠬᠦ ᠵᠢ ᠵᠣᠷᠢᠭᠵᠢᠭᠤᠯᠬᠤ ᠵᠢᠨ ᠬᠠᠮᠲᠤ᠂  ᠪᠣᠬᠢᠷᠲᠤᠯ ᠦᠭᠡᠢ ᠪᠣᠭᠣᠳᠠᠯ᠎ᠤᠨ ᠥᠪᠡᠷ᠎ᠤᠨ ᠥᠷᠲᠡᠭ ᠥᠨᠳᠥᠷ ᠪᠠᠢ᠌ᠬᠤ ᠠᠰᠠᠭᠤᠳᠠᠯ᠎ᠳᠤ ᠴᠢᠭᠯᠡᠭᠦᠯᠦᠨ᠂  ᠤᠯᠤᠰ ᠎ᠠᠴᠠ ᠰᠢᠨᠵᠢᠯᠡᠬᠦ ᠤᠬᠠᠭ᠋ᠠᠨ  ᠲᠸᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠵᠢ ᠵᠣᠷᠢᠭᠵᠢᠭᠤᠯᠵᠤ᠂  ᠰᠢᠨ᠎ᠡ ᠮᠡᠷᠭᠡᠵᠢᠯ᠂  ᠰᠢᠨ᠎ᠡ ᠮᠠᠲ᠋ᠧᠷᠢᠶᠠᠯ᠂  ᠰᠢᠨ᠎ᠡ ᠤᠷᠠᠯᠠᠯ᠎ᠢ ᠬᠡᠷᠡᠭᠯᠡᠨ ᠪᠣᠬᠢᠷᠲᠤᠯ ᠦᠭᠡᠢ ᠣᠷᠴᠢᠨ ᠠᠬᠤᠢ ᠵᠢᠨ ᠬᠠᠮᠠᠭ᠋ᠠᠯᠠᠯᠲᠠ ᠵᠢᠨ ᠱᠠᠭ᠋ᠠᠷᠳᠠᠯᠭ᠎ᠠ᠎ᠳᠤ ᠨᠡᠢ᠌ᠴᠡᠭᠰᠡᠨ ᠲᠦᠷᠭᠡᠨ ᠬᠦᠷᠭᠡᠯᠲᠡ ᠵᠢᠨ ᠪᠣᠭᠣᠳᠠᠯ᠎ᠢ ᠰᠤᠳᠤᠯᠤᠨ ᠨᠡᠭᠡᠭᠡᠵᠦ ᠦᠢ᠍ᠯᠡᠳᠪᠦᠷᠢᠯᠡᠬᠦ ᠵᠢ  ᠳᠡᠮᠵᠢᠨ᠎ᠡ;  ᠲᠠᠸᠠᠷ᠎ᠤᠨ ᠦᠢ᠍ᠯᠡᠳᠪᠦᠷᠢᠯᠡᠯ᠎ᠤᠨ ᠦᠵᠦᠭᠦᠷ᠂  ᠪᠣᠷᠤᠯᠠᠭᠤᠯᠭ᠎ᠠ ᠵᠢᠨ ᠦᠵᠦᠭᠦᠷ᠎ᠤᠨ ᠡᠬᠢ ᠡᠭᠦᠰᠦᠯ᠎ᠤᠨ ᠵᠠᠰᠠᠯᠲᠠ ᠬᠦᠷᠦᠯᠴᠡᠬᠦ ᠦᠭᠡᠢ ᠪᠠᠢ᠌ᠬᠤ ᠠᠰᠠᠭᠤᠳᠠᠯ᠎ᠳᠤ ᠴᠢᠭᠯᠡᠭᠦᠯᠦᠨ᠂ 

ᠤᠯᠤᠰ᠎ᠠᠴᠠ ᠲᠦᠷᠭᠡᠨ ᠬᠦᠷᠭᠡᠯᠲᠡ ᠵᠢᠨ  ᠠᠵᠤ ᠠᠬᠤᠢ᠌ᠯᠠᠯ ᠬᠢᠭᠡᠳ ᠲᠠᠸᠠᠷ᠎ᠤᠨ ᠦᠢ᠍ᠯᠡᠳᠪᠦᠷᠢᠯᠡᠯ᠎ᠤᠨ ᠠᠵᠤ ᠠᠬᠤᠢ᠌ᠯᠠᠯ᠂  ᠡᠯᠧᠺᠲᠷᠣᠨ ᠬᠤᠳᠠᠯᠳᠤᠭ᠋ᠠᠨ᠎ᠤ ᠶᠠᠪᠤᠳᠠᠯ᠎ᠤᠨ ᠠᠵᠤ ᠠᠬᠤᠢ᠌ᠯᠠᠯ᠎ᠤᠨ ᠬᠠᠮᠵᠢᠯᠴᠠᠨ ᠬᠥᠭᠵᠢᠬᠦ ᠵᠢ ᠲᠦᠯᠬᠢᠨ ᠠᠬᠢᠭᠤᠯᠵᠤ᠂  ᠲᠠᠸᠠᠷ᠎ᠤᠨ ᠦᠦᠯ᠎ᠤᠨ ᠪᠣᠭᠣᠳᠠᠯ᠎ᠤᠨ ᠰᠢᠭᠤᠳ ᠲᠠᠷᠬᠠᠭ᠋ᠠᠯᠲᠠ ᠵᠢ ᠳᠡᠯᠭᠡᠷᠡᠭᠦᠯᠦᠨ᠂  ᠢᠯᠡᠭᠡᠯᠲᠡ ᠵᠢᠨ ᠵᠠᠩᠭᠢᠯᠠᠭ᠎ᠠ ᠵᠢᠨ ᠬᠣᠶᠠᠳᠠᠭᠢ ᠪᠣᠭᠣᠳᠠᠯ ᠪᠠᠭᠯᠠᠭ᠎ᠠ ᠵᠢ ᠪᠠᠭ᠋ᠠᠰᠬᠠᠨ᠎ᠠ;  ᠲᠦᠷᠭᠡᠨ ᠬᠦᠷᠭᠡᠯᠲᠡ ᠵᠢᠨ ᠪᠣᠭᠣᠳᠠᠯ ᠪᠠᠭᠯᠠᠭ᠎ᠠ ᠵᠢᠨ ᠡᠳ᠋᠎ᠢ ᠬᠣᠷᠢᠶᠠᠨ ᠠᠪᠴᠤ ᠠᠰᠢᠭᠯᠠᠬᠤ ᠨᠣᠷᠮ᠎ᠠ ᠨᠡᠯᠢᠶᠡᠳ ᠳᠣᠣᠷ᠎ᠠ ᠪᠠᠢ᠌ᠬᠤ ᠠᠰᠠᠭᠤᠳᠠᠯ᠎ᠳᠤ ᠴᠢᠭᠯᠡᠭᠦᠯᠦᠨ᠂  ᠲᠦᠷᠭᠡᠨ ᠬᠦᠷᠭᠡᠯᠲᠡ ᠵᠢᠨ ᠡᠵᠡᠩᠨᠡᠯᠲᠡ ᠵᠢᠨ ᠲᠠᠯᠠᠪᠤᠷ ᠭᠠᠵᠠᠷ ᠪᠠ ᠠᠵᠤ ᠠᠬᠤᠢ᠌ᠯᠠᠯ ᠠᠵᠢᠯ ᠦᠢ᠍ᠯᠡᠰ᠎ᠤᠨ ᠨᠢᠭᠡᠴᠢ᠂  ᠣᠷᠣᠨ ᠰᠠᠭᠤᠴᠠ ᠵᠢᠨ ᠵᠢᠵᠢᠭ ᠲᠣᠭᠣᠷᠢᠭ ᠵᠡᠷᠭᠡ ᠪᠤᠰᠤᠳ ᠲᠣᠬᠢᠷᠠᠮᠵᠢᠲᠠᠢ ᠲᠠᠯᠠᠪᠤᠷ᠎ᠲᠤ ᠪᠣᠭᠣᠳᠠᠯ ᠪᠠᠭᠯᠠᠭ᠎ᠠ ᠵᠢᠨ ᠡᠳ᠋᠎ᠢ ᠬᠣᠷᠢᠶᠠᠨ ᠠᠪᠬᠤ  ᠲᠣᠨᠣᠭ ᠲᠥᠬᠦᠭᠡᠷᠦᠮᠵᠢ ᠲᠣᠬᠢᠷᠠᠭᠤᠯᠬᠤ ᠵᠢ ᠵᠣᠷᠢᠭᠵᠢᠭᠤᠯᠵᠤ᠂  ᠲᠦᠷᠭᠡᠨ ᠬᠦᠷᠭᠡᠯᠲᠡ ᠵᠢᠨ ᠠᠵᠤ ᠠᠬᠤᠢ᠌ᠯᠠᠯ᠎ᠤᠨ ᠬᠤᠪᠢ ᠬᠤᠷᠠᠮᠳᠤᠭᠤᠯᠵᠤ ᠱᠠᠩᠨᠠᠬᠤ᠂  ᠢᠯᠡᠭᠡᠯᠲᠡ ᠵᠢᠨ ᠬᠠᠷᠠᠭ᠋ᠠᠯᠵᠠᠯ ᠦᠵᠡᠭᠦᠯᠬᠦ ᠵᠡᠷᠭᠡ ᠠᠷᠭ᠎ᠠ ᠮᠠᠶᠢᠭ ᠵᠶ᠋ᠠᠷ ᠳᠠᠮᠵᠢᠭᠤᠯᠤᠨ ᠬᠡᠷᠡᠭᠯᠡᠭᠴᠢᠳ᠎ᠢ ᠬᠥᠲᠥᠯᠥᠨ ᠵᠢᠯᠤᠭᠣᠳᠴᠤ ᠪᠠᠢ᠌ᠭ᠋ᠠᠳ ᠪᠣᠭᠣᠳᠠᠯ ᠪᠠᠭᠯᠠᠭ᠎ᠠ ᠵᠢᠨ ᠡᠳ᠋᠎ᠢ ᠳᠠᠬᠢᠨ ᠬᠡᠷᠡᠭᠯᠡᠭᠦᠯᠬᠦ ᠵᠢ ᠵᠣᠷᠢᠭᠵᠢᠭᠤᠯᠤᠨ᠎ᠠ ᠭᠡᠵᠦ ᠲᠣᠭᠲᠠᠭ᠋ᠠᠵᠠᠢ᠃ 

      ᠠᠰᠠᠭᠤᠯᠲᠠ᠄  ᠲᠣᠰ ᠤᠳᠠᠭ᠎ᠠ 《ᠳᠦᠷᠢᠮ》᠎ᠳᠤ ᠵᠠᠰᠠᠪᠤᠷᠢ ᠣᠷᠣᠭᠤᠯᠬᠤ᠎ᠳᠠᠭᠠᠨ 《ᠲᠦᠷᠭᠡᠨ ᠬᠦᠷᠭᠡᠯᠲᠡ ᠵᠢᠨ ᠪᠣᠭᠣᠳᠠᠯ᠎ᠤᠨ ᠬᠡᠮᠵᠢᠶ᠎ᠡ ᠵᠢ ᠪᠠᠭ᠋ᠠᠰᠬᠠᠬᠤ》 《ᠪᠣᠭᠣᠳᠠᠯ ᠪᠠᠭᠯᠠᠭ᠎ᠠ ᠵᠢ ᠠᠷᠪᠢᠯᠠᠨ ᠬᠡᠷᠡᠭᠯᠡᠬᠦ》  ᠬᠡᠷᠡᠭᠲᠡᠢ ᠭᠡᠵᠦ ᠱᠠᠭ᠋ᠠᠷᠳᠠᠭᠰᠠᠨ᠎ᠨᠢ ᠲᠦᠷᠭᠡᠨ ᠬᠦᠷᠭᠡᠯᠲᠡ ᠵᠢᠨ ᠡᠪᠳᠡᠷᠡᠯ ᠰᠦᠢ᠍ᠳᠦᠯ᠎ᠢ ᠨᠡᠮᠡᠭᠳᠡᠭᠦᠯᠵᠦ ᠮᠡᠳᠡᠨ᠎ᠡ  ᠦᠦ ᠦᠭᠡᠢ ᠦᠦ? 

      ᠬᠠᠷᠢᠭᠤᠯᠲᠠ᠄  ᠪᠣᠭᠣᠳᠠᠯ ᠪᠠᠭᠯᠠᠭ᠎ᠠ ᠵᠢ ᠠᠷᠪᠢᠯᠠᠵᠤ ᠬᠡᠷᠡᠭᠯᠡᠬᠦ᠎ᠳᠡᠭᠡᠨ ᠲᠦᠷᠭᠡᠨ ᠬᠦᠷᠭᠡᠯᠲᠡ ᠵᠢᠨ ᠠᠮᠤᠷ ᠲᠦᠪᠰᠢᠨ᠎ᠢ ᠪᠠᠲᠤᠯᠠᠬᠤ᠎ᠪᠠᠷ ᠤᠷᠢᠲᠠᠯ ᠪᠣᠯᠭ᠋ᠠᠬᠤ ᠬᠡᠷᠡᠭᠲᠡᠢ᠃  ᠵᠠᠰᠠᠪᠤᠷᠢ ᠣᠷᠣᠭᠤᠯᠤᠭᠰᠠᠨ᠎ᠤ ᠳᠠᠷᠠᠭ᠋ᠠᠬᠢ

《ᠳᠦᠷᠢᠮ》᠎ᠳᠤ᠄  ᠲᠦᠷᠭᠡᠨ ᠬᠦᠷᠭᠡᠯᠲᠡ ᠵᠢᠨ  ᠲᠤᠬᠠᠢ᠌ᠯᠠᠭᠰᠠᠨ ᠠᠵᠢᠯ᠎ᠢ ᠡᠵᠡᠩᠨᠡᠵᠦ ᠪᠠᠢ᠌ᠭ᠎ᠠ ᠠᠵᠤ ᠠᠬᠤᠢ᠌ᠯᠠᠯ  ᠲᠦᠷᠭᠡᠨ ᠬᠦᠷᠭᠡᠯᠲᠡ ᠵᠢᠨ  ᠠᠮᠤᠷ ᠲᠦᠪᠰᠢᠨ᠎ᠢ ᠪᠠᠲᠤᠯᠠᠭᠰᠠᠨ ᠤᠷᠢᠲᠠᠯ ᠳᠣᠣᠷ᠎ᠠ᠂  ᠲᠦᠷᠭᠡᠨ ᠬᠦᠷᠭᠡᠯᠲᠡ ᠵᠢᠨ  ᠪᠣᠭᠣᠳᠠᠯ᠎ᠤᠨ ᠠᠷᠭ᠎ᠠ ᠮᠠᠶᠢᠭ ᠪᠠ ᠪᠣᠭᠣᠳᠠᠯ᠎ᠤᠨ ᠪᠦᠲᠦᠴᠡ ᠵᠢᠨ ᠵᠢᠷᠤᠭ ᠲᠥᠯᠥᠪᠯᠡᠭᠡ ᠵᠢ ᠰᠢᠯᠢᠳᠡᠭᠵᠢᠭᠦᠯᠵᠦ᠂  ᠪᠣᠭᠣᠳᠠᠯ᠎ᠤᠨ ᠡᠳ᠋᠎ᠢ ᠠᠷᠪᠢᠯᠠᠵᠤ ᠬᠡᠷᠡᠭᠯᠡᠬᠦ ᠬᠡᠷᠡᠭᠲᠡᠢ ᠭᠡᠵᠦ ᠲᠣᠳᠣᠷᠬᠠᠢ ᠲᠣᠭᠲᠠᠭ᠋ᠠᠵᠠᠢ᠃  ᠲᠦᠷᠭᠡᠨ ᠬᠦᠷᠭᠡᠯᠲᠡ ᠵᠢᠨ ᠪᠣᠭᠣᠳᠠᠯᠯᠠᠬᠤ᠂  ᠲᠡᠭᠡᠭᠡᠪᠦᠷᠢᠯᠡᠬᠦ᠂  ᠢᠯᠭ᠋ᠠᠬᠤ᠂  ᠲᠣᠮᠢᠯᠠᠨ ᠬᠦᠷᠭᠡᠬᠦ ᠦᠢᠯᠡ ᠠᠵᠢᠯᠯᠠᠭ᠎ᠠ ᠵᠢ ᠵᠢᠷᠤᠮᠵᠢᠭᠤᠯᠬᠤ᠎ᠪᠠᠷ ᠳᠠᠮᠵᠢᠭᠤᠯᠤᠨ᠂  ᠲᠦᠷᠭᠡᠨ ᠬᠦᠷᠭᠡᠯᠲᠡ ᠵᠢᠨ ᠠᠮᠤᠷ ᠲᠦᠪᠰᠢᠨ᠎ᠢ ᠪᠠᠲᠤᠯᠠᠬᠤ ᠵᠢᠨ ᠬᠠᠮᠲᠤ ᠪᠣᠭᠣᠳᠠᠯᠯᠠᠬᠤ ᠡᠳ᠋᠎ᠤᠨ ᠬᠡᠷᠡᠭᠯᠡᠯᠲᠡ ᠵᠢ ᠪᠠᠭ᠋ᠠᠰᠬᠠᠵᠤ ᠴᠢᠳᠠᠨ᠎ᠠ ᠭᠡᠳᠡᠭ᠎ᠢ ᠦᠢ᠍ᠯᠡᠳᠦᠯᠭᠡ ᠭᠡᠷᠡᠴᠢᠯᠡᠭᠰᠡᠨ ᠪᠠᠢ᠌ᠨ᠎ᠠ᠃  ᠨᠢᠳᠤᠨᠤᠨ᠎ᠤ ᠵᠢᠯ᠎ᠤᠨ ᠡᠴᠦᠰ᠎ᠲᠤ᠂  ᠤᠯᠤᠰ᠎ᠠᠴᠠ ᠠᠯᠪᠠᠳᠠᠯᠭ᠎ᠠ ᠵᠢᠨ ᠴᠢᠨᠠᠷᠲᠠᠢ ᠤᠯᠤᠰ᠎ᠤᠨ ᠪᠠᠷᠢᠮᠵᠢᠶ᠎ᠠ ᠵᠢᠨ 《ᠲᠦᠷᠭᠡᠨ ᠬᠦᠷᠭᠡᠯᠲᠡ ᠵᠢᠨ ᠬᠡᠲᠦ ᠪᠣᠭᠣᠳᠠᠯᠯᠠᠬᠤ ᠵᠢ ᠬᠢᠵᠠᠭ᠋ᠠᠷᠯᠠᠬᠤ ᠱᠠᠭ᠋ᠠᠷᠳᠠᠯᠭ᠎ᠠ》  ᠵᠢ ᠨᠡᠢ᠌ᠲᠡᠯᠡᠵᠦ᠂  ᠲᠦᠷᠭᠡᠨ ᠬᠠᠰᠤᠭᠳᠠᠬᠤ ᠬᠡᠮᠵᠢᠶ᠎ᠡ᠎ᠪᠠᠷ ᠪᠣᠭᠣᠳᠠᠯᠯᠠᠬᠤ ᠵᠢᠨ ᠪᠣᠳᠠᠲᠠᠢ ᠮᠡᠷᠭᠡᠵᠢᠯ᠎ᠤᠨ ᠱᠠᠭ᠋ᠠᠷᠳᠠᠯᠭ᠎ᠠ ᠵᠢ ᠲᠣᠭᠲᠠᠭ᠋ᠠᠵᠤ᠂  ᠲᠦᠷᠭᠡᠨ ᠬᠦᠷᠭᠡᠯᠲᠡ ᠵᠢᠨ ᠠᠵᠤ ᠠᠬᠤᠢ᠌ᠯᠠᠯ ᠵᠢᠴᠢ ᠲᠡᠭᠦᠨ᠎ᠤ ᠠᠵᠢᠯᠯᠠᠭᠴᠢᠳ᠎ᠲᠤ ᠵᠢᠯᠣᠭᠣᠳᠤᠮᠵᠢ ᠬᠠᠩᠭ᠋ᠠᠭᠰᠠᠨ ᠪᠠᠢ᠌ᠨ᠎ᠠ᠃  ᠡᠭᠦᠨ᠎ᠤ ᠵᠡᠷᠭᠡᠴᠡᠭᠡᠪᠡᠷ᠂ ᠪᠣᠭᠣᠳᠠᠯᠯᠠᠬᠤ ᠡᠳ᠋᠎ᠢ ᠠᠷᠪᠢᠯᠠᠨ ᠬᠡᠷᠡᠭᠯᠡᠬᠦ ᠵᠢ ᠰᠢᠨ᠎ᠡ ᠮᠠᠶᠢᠭ᠎ᠤᠨ ᠪᠣᠭᠣᠳᠠᠯᠯᠠᠬᠤ ᠮᠠᠲ᠋ᠧᠷᠢᠶᠠᠯ᠎ᠢ ᠬᠡᠷᠡᠭᠯᠡᠬᠦ᠂ ᠪᠣᠭᠣᠳᠠᠯᠯᠠᠬᠤ ᠠᠷᠭ᠎ᠠ ᠮᠠᠶᠢᠭ᠎ᠢ ᠰᠢᠯᠢᠳᠡᠭᠵᠢᠭᠦᠯᠬᠦ ᠪᠠ ᠪᠣᠭᠣᠳᠠᠯᠯᠠᠬᠤ ᠪᠦᠲᠦᠴᠡ ᠵᠢ ᠵᠢᠷᠤᠵᠤ ᠲᠥᠯᠥᠪᠯᠡᠬᠦ ᠵᠡᠷᠭᠡ ᠠᠷᠭ᠎ᠠ ᠵᠠᠮ ᠵᠶ᠋ᠠᠷ ᠪᠡᠶᠡᠯᠡᠭᠦᠯᠵᠦ ᠪᠣᠯᠣᠨ᠎ᠠ᠂  ᠤᠯᠤᠰ᠎ᠤᠨ ᠰᠢᠤᠳᠠᠨ᠎ᠤ ᠲᠣᠪᠴᠢᠶ᠎ᠠ ᠶᠠᠭ ᠡᠨᠡ ᠲᠠᠯ᠎ᠠ ᠵᠢᠨ ᠲᠤᠷᠰᠢᠯᠭ᠎ᠠ ᠪᠠ ᠠᠷᠭ᠎ᠠ ᠬᠢᠳᠡᠯ᠎ᠢ ᠢᠳᠡᠪᠬᠢᠲᠡᠢ᠎ᠪᠠᠷ ᠳᠡᠯᠭᠡᠷᠡᠭᠦᠯᠵᠦ ᠪᠠᠢ᠌ᠨ᠎ᠠ᠃ 

      ᠠᠰᠠᠭᠤᠯᠲᠠ᠄ 《ᠲᠣᠭᠲᠠᠭ᠋ᠠᠯ》᠎ᠤᠨ ᠤᠷᠤᠭᠰᠢᠲᠠᠢ ᠬᠡᠷᠡᠭᠵᠢᠭᠦᠯᠦᠭᠳᠡᠬᠦ ᠵᠢ ᠦᠨᠡᠨ ᠬᠦ᠌ ᠪᠠᠲᠤᠯᠠᠬᠤ ᠵᠢᠨ ᠲᠥᠯᠥᠭᠡ᠂  ᠬᠣᠯᠪᠣᠭᠳᠠᠯ ᠪᠦᠬᠦᠢ ᠲᠠᠯ᠎ᠠ ᠵᠢᠨ᠎ᠬᠢᠨ ᠪᠠᠰᠠ ᠶᠠᠮᠠᠷ ᠶᠠᠮᠠᠷ ᠠᠵᠢᠯ᠎ᠤᠳ᠎ᠢ ᠥᠷᠨᠢᠭᠦᠯᠬᠦ ᠪᠤᠢ? 

      ᠬᠠᠷᠢᠭᠤᠯᠲᠠ᠄ 《ᠲᠣᠭᠲᠠᠭ᠋ᠠᠯ》᠎ᠤᠨ ᠤᠷᠤᠭᠰᠢᠲᠠᠢ ᠬᠡᠷᠡᠭᠵᠢᠭᠦᠯᠦᠭᠳᠡᠬᠦ ᠵᠢ ᠦᠨᠡᠨ ᠬᠦ᠌ ᠪᠠᠲᠤᠯᠠᠬᠤ ᠵᠢᠨ ᠲᠥᠯᠥᠭᠡ᠂  ᠬᠣᠯᠪᠣᠭᠳᠠᠯ ᠪᠦᠬᠦᠢ ᠲᠠᠯ᠎ᠠ ᠵᠢᠨ᠎ᠬᠢᠨ ᠭᠤᠷᠪᠠᠨ ᠲᠠᠯ᠎ᠠ ᠵᠢᠨ ᠠᠵᠢᠯ᠎ᠢ ᠭᠣᠣᠯᠳᠠᠯᠭ᠎ᠠ᠎ᠲᠠᠢ ᠥᠷᠨᠢᠭᠦᠯᠬᠦ ᠬᠡᠷᠡᠭᠲᠡᠢ᠄  ᠨᠢᠭᠡ᠎ᠳᠤ ᠤᠬᠠᠭᠤᠯᠤᠨ  ᠲᠤᠭᠤᠰᠢᠯᠠᠭᠤᠯᠬᠤ ᠠᠵᠢᠯ᠎ᠢ ᠦᠷᠭᠦᠯᠵᠢᠯᠡᠨ ᠰᠠᠢ᠌ᠲᠤᠷ  ᠠᠳᠬᠤᠬᠤ ᠬᠡᠷᠡᠭᠲᠡᠢ᠃  ᠤᠯᠠᠨ ᠵᠦᠢ᠍ᠯ᠎ᠤᠨ ᠬᠡᠯᠪᠡᠷᠢ ᠵᠢᠨ ᠤᠬᠠᠭᠤᠯᠭ᠎ᠠ ᠪᠠ  ᠪᠣᠯᠪᠠᠰᠤᠷᠠᠯ᠎ᠢ ᠵᠣᠬᠢᠶᠠᠨ ᠪᠠᠢ᠌ᠭᠤᠯᠤᠨ ᠥᠷᠨᠢᠭᠦᠯᠵᠦ᠂  ᠵᠠᠰᠠᠭ᠎ᠤᠨ ᠣᠷᠳᠣᠨ᠎ᠤ ᠰᠠᠯᠠᠭ᠎ᠠ ᠮᠥᠴᠢᠷ᠎ᠤᠨ ᠬᠣᠯᠪᠣᠭᠳᠠᠯ ᠪᠦᠬᠦᠢ ᠠᠵᠢᠯᠲᠠᠨ᠂  ᠠᠵᠤ ᠠᠬᠤᠢ᠌ᠯᠠᠯ ᠵᠡᠷᠭᠡ ᠲᠠᠯ᠎ᠠ ᠵᠢᠨ᠎ᠬᠢᠨ᠎ᠢ ᠬᠠᠪᠰᠤᠷᠤᠨ 《ᠲᠣᠭᠲᠠᠭ᠋ᠠᠯ》᠎ᠤᠨ ᠠᠭᠤᠯᠭ᠎ᠠ ᠵᠢ ᠨᠡᠩ ᠰᠠᠢ᠌ᠲᠤᠷ ᠡᠵᠡᠮᠰᠢᠭᠦᠯᠵᠦ᠂  ᠬᠠᠤᠯᠢ ᠵᠢ ᠮᠡᠳᠡᠵᠦ ᠬᠠᠤᠯᠢ ᠵᠢ ᠰᠠᠬᠢᠬᠤ ᠵᠢ ᠪᠡᠶᠡᠯᠡᠭᠦᠯᠦᠨ᠎ᠡ᠃  ᠲᠦᠷᠭᠡᠨ ᠬᠦᠷᠭᠡᠯᠲᠡ ᠵᠢᠨ ᠪᠣᠬᠢᠷᠲᠤᠯ ᠦᠭᠡᠢ ᠪᠣᠭᠣᠳᠠᠯ᠎ᠢ ᠪᠠᠢ᠌ᠭᠤᠯᠭ᠎ᠠ᠎ᠳᠤ ᠣᠷᠣᠭᠤᠯᠬᠤ᠂  ᠠᠵᠤ ᠠᠬᠤᠢ᠌ᠯᠠᠯ᠎ᠳᠤ ᠣᠷᠣᠭᠤᠯᠬᠤ᠂  ᠨᠡᠢ᠌ᠭᠡᠮ ᠲᠣᠭᠣᠷᠢᠭ᠎ᠲᠤ ᠣᠷᠣᠭᠤᠯᠬᠤ᠂  ᠰᠤᠷᠭ᠋ᠠᠭᠤᠯᠢ ᠵᠢᠨ ᠬᠦᠷᠢᠶᠡᠨ᠎ᠳᠤ ᠣᠷᠣᠭᠤᠯᠬᠤ᠂  ᠭᠡᠷ ᠪᠦᠯᠢ᠎ᠳᠤ ᠣᠷᠣᠭᠤᠯᠬᠤ ᠵᠡᠷᠭᠡ 《ᠲᠠᠪᠤ ᠵᠢ ᠣᠷᠣᠭᠤᠯᠬᠤ》  ᠠᠵᠢᠯ᠎ᠢ ᠭᠦᠨᠵᠡᠭᠡᠢ ᠥᠷᠨᠢᠭᠦᠯᠵᠦ᠂  ᠨᠡᠢ᠌ᠭᠡᠮ ᠨᠡᠶ᠋ᠢᠲᠡ ᠵᠢᠨ ᠪᠣᠬᠢᠷᠲᠤᠯ ᠦᠭᠡᠢ ᠪᠣᠭᠣᠳᠠᠯ ᠬᠡᠷᠡᠭᠯᠡᠬᠦ ᠵᠢ ᠬᠥᠲᠥᠯᠥᠨ ᠵᠢᠯᠤᠭᠣᠳᠴᠤ᠂  ᠪᠣᠬᠢᠷᠲᠤᠯ ᠦᠭᠡᠢ ᠬᠡᠷᠡᠭᠯᠡᠭᠡᠨ᠎ᠤ ᠣᠨᠣᠯᠵᠢᠬᠤᠨ᠎ᠢ ᠬᠥᠮᠥᠵᠢᠭᠦᠯᠦᠨ᠎ᠡ᠃  ᠬᠣᠶᠠᠷ᠎ᠲᠤ ᠢᠵᠢ ᠪᠦᠷᠢᠳᠦᠭᠦᠯᠬᠦ ᠳᠦᠷᠢᠮ᠎ᠢ ᠴᠠᠭ ᠲᠤᠬᠠᠢ᠎ᠳᠤᠨᠢ  ᠲᠡᠭᠦᠯᠳᠡᠷᠵᠢᠭᠦᠯᠬᠦ ᠬᠡᠷᠡᠭᠲᠡᠢ᠃ 《ᠲᠣᠭᠲᠠᠭ᠋ᠠᠯ》᠎ᠢ ᠦᠨᠡᠨ ᠬᠦ᠌ ᠨᠠᠢ᠌ᠳᠠᠪᠤᠷᠢᠵᠢᠭᠤᠯᠬᠤ᠎ᠳᠤ ᠲᠥᠬᠥᠷᠴᠢᠯᠡᠭᠰᠡᠨ ᠳᠦᠷᠢᠮ ᠲᠣᠭᠲᠠᠭ᠋ᠠᠯ᠂  ᠪᠢᠴᠢᠭ ᠮᠠᠲ᠋ᠧᠷᠢᠶᠠᠯ᠂  ᠪᠠᠷᠢᠮᠵᠢᠶ᠎ᠠ ᠵᠡᠷᠭᠡ ᠵᠢ ᠪᠣᠳᠠᠲᠠᠢ᠌ᠵᠢᠭᠤᠯᠤᠨ ᠬᠡᠷᠡᠭᠵᠢᠭᠦᠯᠬᠦ ᠴᠢᠨᠠᠷᠲᠠᠢ ᠲᠣᠭᠲᠠᠭ᠋ᠠᠯ᠎ᠠᠴᠠ ᠰᠠᠯᠵᠤ ᠴᠢᠳᠠᠬᠤ ᠦᠭᠡᠢ ᠶᠤᠮ᠃  ᠵᠠᠮ ᠲᠡᠭᠡᠭᠡᠪᠦᠷᠢ ᠵᠢᠨ ᠶᠠᠮᠤᠨ᠂  ᠤᠯᠤᠰ᠎ᠤᠨ ᠰᠢᠤᠳᠠᠨ᠎ᠤ ᠲᠣᠪᠴᠢᠶ᠎ᠠ ᠪᠣᠳᠠᠲᠠᠢ ᠪᠠᠢ᠌ᠳᠠᠯ ᠪᠠ ᠬᠡᠷᠡᠭᠴᠡᠭᠡ᠎ᠪᠠᠨ ᠦᠨᠳᠦᠰᠦᠯᠡᠨ᠂  ᠬᠣᠯᠪᠣᠭᠳᠠᠯ ᠪᠦᠬᠦᠢ ᠢᠵᠢ ᠪᠦᠷᠢᠳᠦᠭᠦᠯᠬᠦ ᠳᠦᠷᠢᠮ ᠲᠣᠭᠲᠠᠭ᠋ᠠᠯ᠂  ᠪᠢᠴᠢᠭ ᠮᠠᠲ᠋ᠧᠷᠢᠶᠠᠯ ᠵᠡᠷᠭᠡ ᠵᠢ ᠲᠣᠭᠲᠠᠭ᠋ᠠᠬᠤ ᠪᠠ ᠵᠠᠰᠠᠪᠤᠷᠢ ᠣᠷᠣᠭᠤᠯᠬᠤ ᠠᠵᠢᠯ᠎ᠢ ᠢᠳᠡᠪᠬᠢᠲᠡᠢ᠎ᠪᠠᠷ ᠲᠦᠯᠬᠢᠨ ᠠᠬᠢᠭᠤᠯᠵᠤ᠂  ᠬᠣᠯᠪᠣᠭᠳᠠᠯ ᠪᠦᠬᠦᠢ ᠪᠠᠷᠢᠮᠵᠢᠶ᠎ᠠ ᠵᠢ ᠲᠡᠭᠦᠯᠳᠡᠷᠵᠢᠭᠦᠯᠦᠨ᠂ 《ᠲᠣᠭᠲᠠᠭ᠋ᠠᠯ》᠎ᠢ ᠤᠷᠤᠭᠰᠢᠲᠠᠢ ᠬᠡᠷᠡᠭᠵᠢᠭᠦᠯᠬᠦ᠎ᠳᠤ ᠬᠦᠴᠦᠲᠡᠢ ᠲᠤᠯᠭ᠋ᠠᠭᠤᠷᠢᠯᠠᠯ ᠬᠠᠩᠭ᠋ᠠᠨ᠎ᠠ᠃  ᠭᠤᠷᠪᠠ᠎ᠳᠤ ᠬᠢᠨᠠᠯᠲᠠ ᠲᠠᠯᠪᠢᠵᠤ ᠪᠠᠢ᠌ᠴᠠᠭ᠋ᠠᠬᠤ ᠵᠢ  ᠴᠢᠩᠭ᠋ᠠᠳᠬᠠᠬᠤ ᠬᠡᠷᠡᠭᠲᠡᠢ᠃  ᠰᠢᠤᠳᠠᠨ᠎ᠤ ᠬᠠᠮᠢᠶᠠᠷᠤᠯᠲᠠ ᠵᠢᠨ ᠰᠠᠯᠠᠭ᠎ᠠ ᠮᠥᠴᠢᠷ 《ᠲᠣᠭᠲᠠᠭ᠋ᠠᠯ》᠎ᠢ ᠬᠡᠷᠡᠭᠵᠢᠭᠦᠯᠬᠦ᠎ᠪᠠᠷ ᠠᠵᠠ ᠲᠣᠬᠢᠶᠠᠯ ᠪᠣᠯᠭ᠋ᠠᠵᠤ᠂  ᠪᠥᠬᠥ ᠤᠯᠤᠰ᠎ᠤᠨ ᠴᠢᠨᠠᠷᠲᠠᠢ ᠰᠤᠭᠤᠴᠢᠨ ᠪᠠᠢ᠌ᠴᠠᠭ᠋ᠠᠬᠤ ᠵᠢ ᠵᠣᠬᠢᠶᠠᠨ ᠪᠠᠶ᠋ᠢᠭᠤᠯᠬᠤ᠂  ᠲᠦᠷᠭᠡᠨ ᠬᠦᠷᠭᠡᠯᠲᠡ ᠵᠢᠨ ᠪᠣᠭᠣᠳᠠᠯ ᠪᠠᠭᠯᠠᠭ᠎ᠠ ᠵᠢᠨ ᠥᠯᠢᠭᠡᠷ ᠠᠪᠴᠤ ᠪᠠᠢ᠌ᠴᠠᠭ᠋ᠠᠨ ᠰᠢᠯᠭ᠋ᠠᠬᠤ ᠵᠡᠷᠭᠡ ᠠᠷᠭ᠎ᠠ ᠮᠠᠶᠢᠭ ᠵᠶ᠋ᠠᠷ ᠳᠠᠮᠵᠢᠭᠤᠯᠤᠨ᠂  ᠬᠠᠤᠯᠢ ᠬᠡᠷᠡᠭᠵᠢᠭᠦᠯᠵᠦ ᠬᠢᠨᠠᠯᠲᠠ ᠲᠠᠯᠪᠢᠬᠤ ᠡᠷᠴᠢᠮ ᠵᠶ᠋ᠡᠨ ᠴᠢᠩᠭ᠋ᠠᠷᠠᠭᠤᠯᠵᠤ᠂  ᠬᠠᠤᠯᠢ᠎ᠠᠴᠠ ᠵᠥᠷᠢᠴᠡᠭᠰᠡᠨ ᠦᠢᠯᠡ ᠠᠵᠢᠯᠯᠠᠭ᠎ᠠ ᠵᠢ ᠬᠠᠤᠯᠢ ᠶᠣᠰᠣᠭ᠋ᠠᠷ ᠪᠠᠢ᠌ᠴᠠᠭ᠋ᠠᠨ ᠰᠢᠢ᠍ᠳᠪᠦᠷᠢᠯᠡᠵᠦ᠂  ᠲᠦᠷᠭᠡᠨ ᠬᠦᠷᠭᠡᠯᠲᠡ ᠵᠢᠨ ᠪᠣᠭᠣᠳᠠᠯ ᠪᠠᠭᠯᠠᠭ᠎ᠠ ᠵᠢ ᠵᠠᠰᠠᠬᠤ ᠠᠵᠢᠯ᠎ᠢ ᠭᠦᠨᠵᠡᠭᠡᠢ ᠥᠷᠨᠢᠭᠦᠯᠬᠦ ᠵᠢ ᠲᠦᠯᠬᠢᠨ ᠠᠬᠢᠭᠤᠯᠵᠤ᠂  ᠵᠠᠰᠠᠬᠤ ᠦᠷ᠎ᠡ ᠪᠦᠲᠦᠮᠵᠢ ᠵᠢ ᠲᠠᠰᠤᠷᠠᠯᠲᠠ ᠦᠭᠡᠢ  ᠳᠡᠭᠡᠭᠰᠢᠯᠡᠭᠦᠯᠬᠦ ᠬᠡᠷᠡᠭᠲᠡᠢ᠃

ᠢᠷᠡᠯᠲᠡ᠄ᠬᠠᠤᠯᠢ ᠴᠠᠭ᠋ᠠᠵᠠ ᠵᠢᠨ ᠶᠠᠮᠤᠨ
          
ᠬᠠᠮᠢᠶ᠎ᠡ ᠪᠦᠬᠦᠢ ᠰᠣᠨᠢᠨ
 
            