ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠬᠠᠣᠯᠢ᠎ᠪᠠᠷ ᠵᠠᠰᠠᠬᠤ
ᠦᠢᠯᠡᠴᠢᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠦᠢᠯᠡᠴᠢᠯᠡᠭᠡ   -   ᠰᠣᠷᠪᠣᠯᠵᠢᠯᠠᠭ᠎ᠠ
ᠥᠪᠡᠷᠲᠡᠭᠡᠨ ᠵᠠᠰᠠᠬᠤ ᠣᠷᠣᠨ᠎ᠤ ᠳᠣᠲᠣᠭ᠋ᠠᠳᠤ ᠵᠢ ᠬᠠᠮᠠᠭ᠋ᠠᠯᠠᠬᠤ ᠲᠢᠩᠬᠢᠮ 《ᠠᠮᠢ ᠠᠬᠤᠶ ᠵᠢᠨ ᠠᠮᠤᠷ ᠲᠦᠪᠰᠢᠨ ᠵᠶ᠋ᠠᠷ ᠤᠮᠠᠷᠠᠲᠤ ᠬᠢᠯᠢ ᠵᠢ ᠬᠠᠮᠠᠭ᠋ᠠᠯᠠᠬᠤ》 ᠨᠡᠶ᠋ᠢᠲᠡᠯᠢᠭ ᠬᠡᠷᠡᠭ᠎ᠤᠨ ᠵᠢᠱ᠌ᠢᠶ᠎ᠡ ᠵᠢᠨ ᠰᠣᠨᠢᠨ ᠮᠡᠳᠡᠭᠡ ᠨᠡᠶ᠋ᠢᠲᠡᠯᠡᠬᠦ ᠬᠤᠷᠠᠯ ᠬᠤᠷᠠᠯᠳᠤᠭᠤᠯᠪᠠ
ᠨᠡᠶ᠋ᠢᠲᠡᠯᠡᠭᠰᠡᠨ ᠴᠠᠭ᠄ 2025-05-06

      3 ᠳ᠋ᠤᠭ᠋ᠠᠷ ᠰᠠᠷ᠎ᠠ ᠵᠢᠨ 12᠎ᠤᠨ ᠡᠳᠦᠷ᠂  ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠳᠣᠲᠣᠭ᠋ᠠᠳᠤ ᠵᠢ ᠬᠠᠮᠠᠭ᠋ᠠᠯᠠᠬᠤ ᠲᠢᠩᠬᠢᠮ ᠰᠣᠨᠢᠨ ᠮᠡᠳᠡᠭᠡ  ᠨᠡᠶ᠋ᠢᠲᠡᠯᠡᠬᠦ ᠬᠤᠷᠠᠯ ᠬᠤᠷᠠᠯᠳᠤᠭᠤᠯᠵᠤ᠂  ᠨᠢᠳᠤᠨᠤᠨ᠎ᠠᠴᠠ ᠨᠠᠭ᠋ᠠᠰᠢᠬᠢ ᠪᠥᠬᠥ ᠣᠷᠣᠨ᠎ᠤ ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ ᠵᠢᠨ ᠬᠠᠲᠤᠨ ᠭᠤᠤᠯ᠎ᠤᠨ ᠰᠠᠪᠠ  ᠭᠠᠵᠠᠷ᠎ᠤᠨ ᠬᠠᠤᠯᠢ ᠪᠤᠰᠤ᠎ᠪᠠᠷ ᠠᠩᠨᠠᠵᠤ ᠱᠦᠭᠦᠭᠰᠡᠨ ᠶᠠᠯᠠᠲᠤ ᠠᠵᠢᠯᠯᠠᠭ᠎ᠠ ᠪᠣᠯᠤᠨ ᠣᠶ ᠰᠢᠭᠤᠶ ᠨᠤᠲᠤᠭ ᠪᠡᠯᠴᠢᠭᠡᠷ᠎ᠤᠨ ᠭᠠᠯ᠎ᠤᠨ ᠲᠦᠢ᠍ᠮᠡᠷ᠎ᠲᠤ ᠬᠣᠯᠪᠣᠭᠳᠠᠭᠰᠠᠨ  ᠬᠠᠤᠯᠢ᠎ᠠᠴᠠ  ᠵᠥᠷᠢᠴᠡᠭᠰᠡᠨ ᠶᠠᠯᠠᠲᠤ ᠠᠵᠢᠯᠯᠠᠭ᠎ᠠ᠎ᠳᠤ ᠴᠣᠬᠢᠯᠲᠠ ᠥᠭᠭᠦᠭᠰᠡᠨ ᠠᠵᠢᠯ᠎ᠤᠨ ᠪᠠᠶ᠋ᠢᠳᠠᠯ᠎ᠢ ᠵᠠᠷᠯᠠᠨ ᠮᠡᠳᠡᠭᠳᠡᠪᠡ᠃  ᠳᠣᠲᠣᠭ᠋ᠠᠳᠤ ᠵᠢ ᠬᠠᠮᠠᠭ᠋ᠠᠯᠠᠬᠤ  ᠲᠢᠩᠬᠢᠮ᠎ᠤᠨ ᠠᠮᠢ ᠠᠬᠤᠢ ᠣᠷᠴᠢᠨ ᠲᠣᠭᠣᠷᠢᠨ᠎ᠤ ᠢᠳᠡᠭᠡᠨ ᠪᠠ ᠡᠮ᠎ᠤᠨ ᠵᠦᠢ᠍ᠯ᠎ᠤᠨ ᠶᠠᠯᠠᠲᠤ ᠠᠵᠢᠯᠯᠠᠭ᠎ᠠ ᠵᠢ ᠲᠤᠷᠰᠢᠨ ᠪᠠᠶ᠋ᠢᠴᠠᠭ᠋ᠠᠬᠤ ᠶᠡᠷᠦᠩᠬᠡᠶ ᠠᠩᠭᠢ ᠵᠢᠨ  ᠬᠣᠶᠠᠳᠤᠭ᠋ᠠᠷ ᠳᠡᠰ᠎ᠤᠨ ᠳᠡᠭᠡᠳᠦ ᠵᠡᠷᠭᠡ ᠵᠢᠨ ᠴᠠᠭᠳᠠᠭ᠋ᠠᠨ ᠳᠠᠷᠤᠭ᠎ᠠ ᠵᠠᠩ ᠴᠢᠤᠸᠠᠨ ᠸᠧᠶ᠂  ᠣᠶ ᠰᠢᠭᠤᠶ ᠨᠤᠲᠤᠭ ᠪᠡᠯᠴᠢᠭᠡᠷ᠎ᠤᠨ ᠡᠬᠢ ᠪᠠᠶᠠᠯᠢᠭ᠎ᠢ ᠬᠠᠮᠠᠭ᠋ᠠᠯᠠᠬᠤ  ᠰᠠᠯᠪᠤᠷᠢ ᠠᠩᠭᠢ ᠵᠢᠨ ᠳᠠᠷᠤᠭ᠎ᠠ ᠪᠥᠬᠡ᠂  ᠠᠮᠢ ᠠᠬᠤᠶ ᠣᠷᠴᠢᠨ ᠲᠣᠭᠣᠷᠢᠨ ᠪᠠ ᠠᠮᠢᠳᠤ ᠪᠣᠳᠠᠰ᠎ᠤᠨ ᠠᠮᠤᠷ ᠲᠦᠪᠰᠢᠨ᠎ᠤ ᠶᠠᠯᠠᠲᠤ ᠠᠵᠢᠯᠯᠠᠭ᠎ᠠ ᠵᠢ ᠲᠤᠷᠰᠢᠨ ᠪᠠᠶ᠋ᠢᠴᠠᠭ᠋ᠠᠬᠤ  ᠰᠠᠯᠪᠤᠷᠢ  ᠠᠩᠭᠢ ᠵᠢᠨ ᠳᠠᠷᠤᠭ᠎ᠠ ᠲᠤᠩ ᠹᠸᠢ ᠰᠣᠨᠢᠨ ᠮᠡᠳᠡᠭᠡ ᠨᠡᠶ᠋ᠢᠲᠡᠯᠡᠬᠦ ᠬᠤᠷᠠᠯ᠎ᠳᠤ ᠣᠷᠣᠯᠴᠠᠭᠰᠠᠨ ᠪᠥᠭᠡᠳ ᠰᠤᠷᠪᠤᠯᠵᠢᠯᠠᠭᠴᠢ ᠵᠢᠨ  ᠠᠰᠠᠭᠤᠯᠲᠠ ᠵᠢ ᠬᠠᠷᠢᠭᠤᠯᠪᠠ᠃

      ᠬᠠᠲᠤᠨ ᠭᠤᠤᠯ᠎ᠤᠨ ᠰᠠᠪᠠ ᠭᠠᠵᠠᠷ᠎ᠤᠨ ᠬᠠᠤᠯᠢ ᠪᠤᠰᠤ᠎ᠪᠠᠷ ᠠᠩᠨᠠᠵᠤ ᠱᠦᠭᠦᠬᠦ ᠶᠠᠯᠠᠲᠤ ᠠᠵᠢᠯᠯᠠᠭ᠎ᠠ᠎ᠳᠤ ᠬᠦᠴᠦᠲᠡᠶ ᠴᠣᠬᠢᠯᠲᠠ ᠥᠭᠪᠡ 

      《ᠬᠠᠲᠤᠨ ᠭᠤᠤᠯ᠎ᠳᠤ ᠵᠢᠭ᠋ᠠᠰᠤ ᠠᠩᠨᠠᠬᠤ ᠵᠢ ᠴᠠᠭ᠋ᠠᠵᠠᠯᠠᠬᠤ》  ᠪᠣᠯ ᠪᠥᠬᠥ ᠲᠠᠯ᠎ᠠ ᠵᠢ ᠪᠣᠳᠣᠯᠬᠢᠯᠠᠬᠤ᠂  ᠦᠷ᠎ᠡ ᠬᠣᠶ᠋ᠢᠴᠢᠰ᠎ᠲᠠᠭᠠᠨ ᠠᠷᠭ᠎ᠠ ᠤᠬᠠᠭ᠋ᠠᠨ ᠰᠦᠪᠡᠭᠴᠢᠯᠡᠬᠦ  ᠪᠠᠶ᠋ᠢᠯᠳᠤᠬᠤ  ᠪᠣᠳᠣᠯᠭ᠎ᠠ ᠵᠢᠨ ᠠᠷᠭ᠎ᠠ ᠬᠡᠮᠵᠢᠶ᠎ᠡ ᠮᠥᠨ᠂ ᠤᠰᠤᠨ᠎ᠤ ᠠᠮᠢ ᠠᠬᠤᠶ ᠵᠢ ᠰᠡᠷᠭᠦᠭᠡᠬᠦ᠂ ᠤᠰᠤᠨ᠎ᠤ ᠠᠮᠢᠳᠤ ᠪᠣᠳᠠᠰ᠎ᠤᠨ ᠣᠯᠠᠨ ᠶᠠᠩᠵᠤᠲᠤ  ᠴᠢᠨᠠᠷ᠎ᠢ ᠪᠠᠲᠤᠯᠠᠬᠤ ᠪᠦᠲᠦᠮᠵᠢᠲᠡᠶ ᠠᠷᠭ᠎ᠠ ᠪᠠᠷᠢᠯ ᠮᠥᠨ᠃ ᠶᠡᠷᠦᠩᠬᠡᠶ ᠱᠦᠵᠢ ᠰᠢ ᠵᠢᠨ ᠫᠢᠩ ᠬᠠᠲᠤᠨ ᠭᠤᠤᠯ᠎ᠤᠨ ᠰᠠᠪᠠ ᠭᠠᠵᠠᠷ᠎ᠤᠨ ᠠᠮᠢ ᠠᠬᠤᠶ ᠵᠢᠨ ᠬᠠᠮᠠᠭ᠋ᠠᠯᠠᠯᠲᠠ ᠪᠣᠯᠤᠨ ᠴᠢᠨᠠᠷ ᠰᠠᠶ᠋ᠢᠲᠠᠶ ᠬᠥᠭᠵᠢᠯᠲᠡ ᠵᠢᠨ ᠲᠤᠬᠠᠶ ᠳᠡᠭᠡᠳᠦ ᠬᠡᠮᠵᠢᠶ᠎ᠡ᠎ᠪᠠᠷ ᠰᠠᠨᠠᠭ᠋ᠠᠰᠢᠷᠠᠵᠤ᠂ ᠠᠯᠢ ᠣᠯᠠᠨ ᠴᠢᠬᠤᠯᠠ ᠶᠠᠷᠢᠶ᠎ᠠ ᠴᠢᠬᠤᠯᠠ ᠵᠢᠭ᠋ᠠᠪᠤᠷᠢ ᠥᠭᠴᠦ᠂ ᠪᠢᠳᠡᠨ᠎ᠤ ᠡᠯ᠎ᠡ ᠵᠦᠢ᠍ᠯ᠎ᠤᠨ ᠠᠵᠢᠯ ᠵᠶ᠋ᠠᠨ ᠰᠠᠶ᠋ᠢᠲᠤᠷ ᠬᠢᠬᠦ᠎ᠳᠤ ᠦᠨᠳᠦᠰᠦᠨ ᠵᠢᠷᠤᠮᠯᠠᠯ ᠬᠠᠩᠭ᠋ᠠᠪᠠ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ ᠬᠠᠲᠤᠨ ᠭᠣᠣᠯ᠎ᠤᠨ ᠰᠠᠪᠠ ᠭᠠᠵᠠᠷ᠎ᠤᠨ ᠠᠮᠢ ᠠᠬᠤᠶ ᠵᠢᠨ ᠬᠠᠮᠠᠭ᠋ᠠᠯᠠᠯᠲᠠ ᠵᠢᠨ ᠠᠵᠢᠯ᠎ᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠵᠤ᠂ 《ᠬᠠᠲᠤᠨ  ᠭᠣᠣᠯ᠎ᠤᠨ ᠬᠠᠮᠠᠭ᠋ᠠᠯᠠᠯᠲᠠ ᠵᠢᠨ ᠬᠠᠤᠯᠢ》 ᠵᠢ ᠬᠢᠨᠠᠮᠠᠭ᠋ᠠᠶ ᠲᠤᠭᠤᠰᠢᠯᠠᠭᠤᠯᠤᠨ ᠬᠡᠷᠡᠭᠵᠢᠭᠦᠯᠵᠦ᠂ 《ᠬᠠᠲᠤᠨ ᠭᠣᠣᠯ᠎ᠤᠨ ᠵᠢᠭ᠋ᠠᠰᠤ ᠠᠩᠨᠠᠬᠤ ᠵᠢ ᠴᠠᠭ᠋ᠠᠵᠠᠯᠠᠬᠤ》 ᠠᠵᠢᠯ᠎ᠢ ᠦᠷᠭᠦᠯᠵᠢᠯᠡᠨ ᠰᠠᠶ᠋ᠢᠲᠤᠷ ᠠᠳᠬᠤᠵᠤ᠂  ᠬᠠᠲᠤᠨ ᠭᠣᠣᠯ᠎ᠤᠨ ᠰᠠᠪᠠ ᠭᠠᠵᠠᠷ᠎ᠤᠨ ᠠᠮᠢ ᠠᠬᠤᠶ ᠵᠢᠨ ᠣᠷᠴᠢᠨ ᠲᠣᠭᠣᠷᠢᠨ᠎ᠢ ᠬᠠᠤᠯᠢ ᠶᠣᠰᠣᠭ᠋ᠠᠷ ᠡᠷᠡᠰ  ᠬᠠᠮᠠᠭ᠋ᠠᠯᠠᠪᠠ᠃  ᠪᠦᠬᠦ ᠣᠷᠣᠨ᠎ᠤ ᠳᠣᠲᠣᠭ᠋ᠠᠳᠤ ᠵᠢ ᠬᠠᠮᠠᠭ᠋ᠠᠯᠠᠬᠤ ᠪᠠᠢ᠌ᠭᠤᠯᠭ᠎ᠠ᠎ᠨᠤᠭᠤᠳ 《ᠬᠠᠲᠤᠨ ᠭᠣᠣᠯ᠎ᠢ ᠬᠠᠮᠠᠭ᠋ᠠᠯᠠᠬᠤ》  ᠲᠤᠰᠬᠠᠶ ᠠᠵᠢᠯᠯᠠᠭ᠎ᠠ ᠵᠢ  ᠦᠷᠭᠦᠯᠵᠢᠯᠡᠨ ᠭᠦᠨᠵᠡᠭᠡᠶ ᠥᠷᠨᠢᠭᠦᠯᠵᠦ᠂  ᠵᠢᠭ᠋ᠠᠰᠤ ᠠᠩᠨᠠᠬᠤ ᠬᠣᠷᠢᠭ᠋ᠠᠲᠠᠶ ᠣᠷᠣᠨ᠂  ᠵᠢᠭ᠋ᠠᠰᠤ ᠠᠩᠨᠠᠬᠤ ᠬᠣᠷᠢᠭ᠋ᠠᠲᠠᠶ ᠬᠤᠭᠤᠴᠠᠭ᠋ᠠᠨ᠎ᠳᠤ ᠪᠤᠶᠤ ᠬᠡᠷᠡᠭᠯᠡᠬᠦ ᠵᠢ  ᠴᠠᠭ᠋ᠠᠵᠠᠯᠠᠭᠰᠠᠨ ᠪᠠᠭ᠋ᠠᠵᠢ ᠬᠡᠷᠡᠭᠰᠡᠯ᠂  ᠠᠷᠭ᠎ᠠ᠎ᠪᠠᠷ ᠤᠰᠤᠨ ᠭᠠᠷᠤᠯᠲᠠ ᠵᠢ ᠠᠩᠨᠠᠵᠤ ᠱᠦᠭᠦᠬᠦ ᠶᠠᠯᠠᠲᠤ ᠠᠵᠢᠯᠯᠠᠭ᠎ᠠ᠎ᠳᠤ ᠬᠠᠤᠯᠢ ᠶᠣᠰᠣᠭ᠋ᠠᠷ ᠴᠢᠩᠭ᠎ᠠ ᠴᠣᠬᠢᠯᠲᠠ ᠥᠭᠬᠦ  ᠬᠡᠷᠡᠭᠲᠡᠶ᠃ 2024 ᠣᠨ᠎ᠳᠤ᠂  ᠥᠪᠡᠷᠲᠡᠭᠡᠨ ᠵᠠᠰᠠᠬᠤ ᠣᠷᠣᠨ᠎ᠤ ᠳᠣᠲᠣᠭ᠋ᠠᠳᠤ ᠵᠢ ᠬᠠᠮᠠᠭ᠋ᠠᠯᠠᠬᠤ ᠲᠢᠩᠬᠢᠮ ᠬᠥᠳᠡᠭᠡ ᠠᠵᠤ ᠠᠬᠤᠶ ᠬᠥᠳᠡᠭᠡ ᠲᠣᠰᠬᠣᠨ᠎ᠤ ᠶᠠᠮᠤᠨ᠂  ᠳᠣᠲᠣᠭ᠋ᠠᠳᠤ ᠵᠢ ᠬᠠᠮᠠᠭ᠋ᠠᠯᠠᠬᠤ ᠶᠠᠮᠤᠨ᠎ᠤ ᠬᠠᠮᠲᠤᠷᠠᠭᠰᠠᠨ ᠪᠠᠶ᠋ᠢᠷᠢᠯᠠᠭᠤᠯᠤᠯᠲᠠ ᠵᠢᠨ ᠱᠠᠭ᠋ᠠᠷᠳᠠᠯᠭ᠎ᠠ ᠵᠢ ᠦᠨᠳᠦᠰᠦᠯᠡᠨ᠂ 《ᠬᠠᠲᠤᠨ ᠭᠤᠤᠯ᠎ᠤᠨ ᠵᠢᠭ᠋ᠠᠰᠤ ᠠᠩᠨᠠᠬᠤ  ᠬᠣᠷᠢᠭ᠋ᠠᠲᠠᠶ ᠬᠤᠭᠤᠴᠠᠭ᠎ᠠ》 (4 ᠳ᠋ᠦ᠍ᠭᠡᠷ ᠰᠠᠷ᠎ᠠ ᠵᠢᠨ 1᠎ᠤ ᠡᠳᠦᠷ᠎ᠠᠴᠠ 7 ᠳ᠋ᠤᠭ᠋ᠠᠷ ᠰᠠᠷ᠎ᠠ ᠵᠢᠨ 31᠎ᠤ ᠡᠳᠦᠷ ᠪᠣᠯᠲᠠᠯ᠎ᠠ) ᠵᠢᠨ ᠲᠣᠭᠣᠷᠢᠨ᠎ᠳᠤ ᠠᠵᠢᠯ ᠵᠶ᠋ᠠᠨ  ᠥᠷᠨᠢᠭᠦᠯᠵᠦ᠂  ᠬᠠᠲᠤᠨ ᠭᠤᠤᠯ᠎ᠤᠨ ᠰᠠᠪᠠ ᠭᠠᠵᠠᠷ᠎ᠤᠨ ᠭᠤᠤᠯᠳᠠᠯᠭ᠎ᠠ᠎ᠲᠠᠢ ᠭᠤᠤᠯ᠎ᠤᠨ ᠬᠡᠰᠡᠭ᠂  ᠭᠤᠤᠯᠳᠠᠯᠭ᠎ᠠ᠎ᠲᠠᠢ ᠬᠡᠰᠡᠭ᠂  ᠴᠢᠬᠤᠯᠠ ᠭᠣᠭᠴᠣᠭ᠎ᠠ ᠵᠢ ᠴᠢᠩᠭ᠎ᠠ  ᠠᠩᠬᠠᠷᠴᠤ᠂  ᠤᠰᠤᠨ ᠭᠠᠷᠤᠯᠲᠠ ᠵᠢ ᠬᠠᠤᠯᠢ ᠪᠤᠰᠤ᠎ᠪᠠᠷ ᠠᠩᠨᠠᠵᠤ ᠱᠦᠭᠦᠬᠦ ᠶᠠᠯᠠᠲᠤ ᠠᠵᠢᠯᠯᠠᠭ᠎ᠠ᠎ᠳᠤ ᠴᠢᠩᠭ᠎ᠠ ᠴᠣᠬᠢᠯᠲᠠ ᠥᠭᠴᠦ᠂  ᠣᠯᠠᠨ ᠡᠷᠡᠭᠦᠦ ᠵᠢᠨ ᠬᠡᠷᠡᠭ᠎ᠢ  ᠢᠯᠡᠷᠡᠭᠦᠯᠵᠦ᠂ 《ᠪᠥᠬᠥ ᠭᠣᠭᠴᠣᠭ᠎ᠠ᠂  ᠪᠥᠬᠥ ᠬᠦᠴᠦᠨ ᠵᠦᠢᠯ᠂  ᠪᠥᠬᠥ ᠬᠡᠯᠬᠢᠶ᠎ᠡ》 ᠵᠢᠨ ᠴᠣᠬᠢᠯᠲᠠ ᠥᠭᠬᠦ ᠵᠢ ᠪᠡᠶᠡᠯᠡᠭᠦᠯᠵᠦ᠂  ᠬᠠᠤᠯᠢ ᠪᠤᠰᠤ᠎ᠪᠠᠷ ᠠᠩᠨᠠᠵᠤ ᠱᠦᠭᠦᠬᠦ᠂  ᠬᠠᠲᠤᠨ ᠭᠤᠤᠯ᠎ᠤᠨ ᠬᠡᠭᠡᠷ᠎ᠡ ᠵᠢᠨ ᠵᠢᠭ᠋ᠠᠰᠤᠨ᠎ᠤ ᠲᠥᠷᠥᠯ᠎ᠢ ᠳᠤᠷ᠎ᠠ᠎ᠪᠠᠷ ᠵᠶ᠋ᠠᠨ ᠠᠩᠨᠠᠵᠤ ᠬᠤᠳᠠᠯᠳᠤᠬᠤ ᠵᠡᠷᠭᠡ ᠬᠠᠤᠯᠢ ᠪᠤᠰᠤ ᠦᠢᠯᠡ ᠠᠵᠢᠯᠯᠠᠭ᠎ᠠ ᠵᠢ  ᠪᠦᠲᠦᠮᠵᠢᠲᠡᠶ ᠬᠣᠷᠢᠭᠯᠠᠵᠤ᠂  ᠬᠠᠲᠤᠨ ᠭᠤᠤᠯ᠎ᠤᠨ ᠰᠠᠪᠠ ᠭᠠᠵᠠᠷ᠎ᠤᠨ ᠤᠰᠤᠨ᠎ᠤ ᠠᠮᠢᠳᠤ ᠪᠣᠳᠠᠰ᠎ᠤᠨ ᠠᠮᠤᠷ ᠲᠦᠪᠰᠢᠨ᠎ᠢ ᠪᠦᠲᠦᠮᠵᠢᠲᠡᠢ ᠬᠠᠮᠠᠭ᠋ᠠᠯᠠᠪᠠ᠃ 

      ᠴᠢᠩᠭ᠎ᠠ ᠰᠡᠷᠭᠡᠶ᠋ᠢᠯᠡᠬᠦ ᠵᠢ ᠴᠢᠩᠭ᠎ᠠ ᠨᠢᠭᠲᠠ᠎ᠪᠠᠷ ᠠᠬᠢᠭᠤᠯᠬᠤ ᠵᠢ ᠪᠠᠷᠢᠮᠲᠠᠯᠠᠵᠤ᠂  ᠲᠤᠰᠬᠠᠢ ᠠᠵᠢᠯᠯᠠᠭ᠎ᠠ ᠵᠢ ᠨᠠᠷᠢᠨ ᠨᠢᠭᠲᠠ ᠲᠤᠬᠢᠷᠠᠭᠤᠯᠤᠨ ᠪᠠᠶ᠋ᠢᠷᠢᠯᠠᠭᠤᠯᠪᠠ᠃  ᠥᠪᠡᠷᠲᠡᠭᠡᠨ ᠵᠠᠰᠠᠬᠤ ᠣᠷᠣᠨ᠎ᠤ ᠳᠣᠲᠣᠭ᠋ᠠᠳᠤ ᠵᠢ ᠬᠠᠮᠠᠭ᠋ᠠᠯᠠᠬᠤ ᠲᠢᠩᠬᠢᠮ᠂  ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠣᠨ ᠮᠠᠯᠵᠢᠬᠤ ᠣᠷᠣᠨ᠎ᠤ ᠲᠢᠩᠬᠢᠮ 《ᠬᠠᠲᠤᠨ ᠭᠤᠤᠯ᠎ᠤᠨ ᠵᠢᠭ᠋ᠠᠰᠤ ᠠᠩᠨᠠᠬᠤ ᠬᠣᠷᠢᠭ᠋ᠠᠲᠠᠢ ᠬᠤᠭᠤᠴᠠᠭ᠋ᠠᠨ᠎ᠤ ᠵᠠᠷᠯᠠᠯ》  ᠪᠠ 《ᠬᠠᠤᠯᠢ ᠬᠡᠷᠡᠭᠵᠢᠭᠦᠯᠬᠦ ᠲᠤᠰᠬᠠᠶ ᠠᠵᠢᠯᠯᠠᠭ᠎ᠠ ᠵᠢᠨ ᠲᠥᠰᠦᠯ》᠎ᠢ  ᠳᠠᠷᠤᠮᠠᠯᠯᠠᠨ ᠲᠠᠷᠬᠠᠭ᠋ᠠᠵᠤ᠂  ᠬᠠᠲᠤᠨ ᠭᠤᠤᠯ ᠳᠠᠭ᠋ᠠᠤ ᠵᠢᠨ ᠲᠤᠯᠤᠭ᠋ᠠᠨ ᠠᠶ᠋ᠢᠮᠠᠭ ᠬᠣᠲᠠ ᠵᠢᠨ ᠴᠠᠭᠳᠠᠭ᠋ᠠᠨ᠎ᠤ ᠡᠭᠴᠡ ᠨᠢᠰᠬᠡᠯ ᠵᠶ᠋ᠠᠷ ᠲᠣᠭᠣᠷᠢᠨ ᠪᠠᠶ᠋ᠢᠴᠠᠭ᠋ᠠᠬᠤ᠂  ᠵᠢᠯᠣᠭᠣᠴᠢ ᠥᠬᠡᠶ ᠨᠢᠰᠬᠡᠯ᠎ᠢ ᠬᠢᠨᠠᠨ ᠬᠡᠮᠵᠢᠵᠦ ᠲᠤᠷᠰᠢᠨ ᠪᠠᠶ᠋ᠢᠴᠠᠭ᠋ᠠᠬᠤ᠂  ᠳᠠᠭ᠋ᠠᠭᠤᠯᠢ ᠣᠳᠣᠨ᠎ᠤ ᠠᠯᠤᠰ ᠰᠡᠷᠡᠯ ᠵᠶ᠋ᠠᠷ ᠳᠦᠷᠰᠦ ᠵᠢ ᠵᠢᠭᠰᠠᠭ᠋ᠠᠨ ᠪᠠᠶ᠋ᠢᠴᠠᠭ᠋ᠠᠬᠤ᠂  ᠲᠣᠮᠣ ᠳ᠋ᠠᠶ᠋ᠢᠲ᠋ᠠ ᠵᠢ ᠰᠢᠭᠰᠢᠨ ᠪᠠᠶ᠋ᠢᠴᠠᠭ᠋ᠠᠬᠤ᠂  ᠬᠠᠮᠲᠤᠷᠠᠨ ᠪᠠᠶ᠋ᠢᠴᠠᠭ᠋ᠠᠬᠤ ᠵᠡᠷᠭᠡ 《ᠲᠠᠪᠤ ᠵᠢ ᠪᠠᠶ᠋ᠢᠴᠠᠭ᠋ᠠᠬᠤ》  ᠠᠷᠭ᠎ᠠ ᠬᠡᠯᠪᠡᠷᠢ ᠵᠢ ᠶᠡᠷᠦᠩᠬᠡᠶ᠋ᠢᠯᠡᠨ ᠬᠡᠷᠡᠭᠯᠡᠵᠦ᠂  ᠬᠠᠲᠤᠨ ᠭᠤᠤᠯ᠎ᠤᠨ ᠰᠠᠪᠠ ᠭᠠᠵᠠᠷ᠎ᠤᠨ ᠥᠪᠥᠷ ᠮᠣᠩᠭᠣᠯ᠎ᠤᠨ ᠬᠡᠰᠡᠭ᠎ᠲᠤ ᠲᠣᠭᠣᠷᠢᠨ ᠪᠠᠶ᠋ᠢᠴᠠᠭ᠋ᠠᠵᠤ ᠬᠠᠮᠢᠶᠠᠷᠤᠨ ᠡᠵᠡᠮᠳᠡᠬᠦ ᠵᠢ ᠪᠥᠬᠥ ᠲᠠᠯ᠎ᠠ᠎ᠪᠠᠷ ᠴᠢᠩᠭ᠋ᠠᠳᠬᠠᠬᠤ  ᠠᠵᠢᠯ᠎ᠢ ᠨᠢᠭᠡᠳᠦᠯᠲᠡᠶ ᠪᠠᠶ᠋ᠢᠷᠢᠯᠠᠭᠤᠯᠪᠠ᠃  ᠡᠨᠡ ᠬᠤᠭᠤᠴᠠᠭ᠋ᠠᠨ᠎ᠳᠤ᠂ 125 ᠤᠳᠠᠭ᠎ᠠ ᠬᠠᠮᠲᠤᠷᠠᠨ ᠬᠠᠤᠯᠢ ᠬᠡᠷᠡᠭᠵᠢᠭᠦᠯᠵᠦ᠂  ᠭᠤᠤᠯᠳᠠᠯᠭ᠎ᠠ᠎ᠲᠠᠢ ᠣᠷᠣᠨ ᠪᠦᠰᠡ ᠵᠢ 182  ᠴᠠᠭᠳᠠᠨ  ᠪᠠᠶ᠋ᠢᠴᠠᠭ᠋ᠠᠵᠤ᠂ 98 ᠵᠢᠭ᠋ᠠᠰᠤᠨ ᠣᠩᠭᠣᠴᠠ ᠵᠢ ᠴᠠᠭᠳᠠᠨ ᠪᠠᠶ᠋ᠢᠴᠠᠭ᠋ᠠᠵᠤ᠂  ᠰᠡᠷᠭᠡᠶ᠋ᠢᠯᠡᠨ ᠡᠵᠡᠮᠳᠡᠬᠦ ᠲᠤᠤᠷ᠎ᠢ ᠦᠨᠡᠨ ᠬᠦ᠌ ᠴᠢᠩᠭ᠎ᠠ ᠨᠢᠭᠲᠠ ᠰᠦᠯᠵᠢᠪᠡ᠃ 

      ᠲᠤᠰᠬᠠᠶ ᠮᠡᠷᠭᠡᠵᠢᠯ ᠵᠶ᠋ᠠᠷ ᠲᠤᠰᠬᠠᠢ᠌ᠵᠢᠭᠰᠠᠨ ᠶᠠᠯᠠᠲᠤ ᠠᠵᠢᠯᠯᠠᠭ᠎ᠠ᠎ᠳᠤ ᠴᠣᠬᠢᠯᠲᠠ ᠥᠭᠴᠦ᠂  ᠬᠠᠤᠯᠢ ᠪᠤᠰᠤ᠎ᠪᠠᠷ ᠠᠩᠨᠠᠬᠤ ᠳᠤᠷ᠎ᠠ᠎ᠪᠠᠷ ᠵᠶ᠋ᠠᠨ ᠬᠤᠳᠠᠯᠳᠤᠬᠤ ᠦᠢ᠍ᠯᠡ  ᠠᠵᠢᠯᠯᠠᠭ᠎ᠠ᠎ᠳᠤ ᠴᠢᠩᠭ᠎ᠠ ᠴᠣᠬᠢᠯᠲᠠ ᠥᠭᠬᠦ ᠵᠢ ᠪᠠᠷᠢᠮᠲᠠᠯᠠᠪᠠ᠃  ᠬᠠᠲᠤᠨ ᠭᠤᠤᠯ ᠳᠠᠭ᠋ᠠᠤ ᠵᠢᠨ ᠲᠤᠯᠤᠭ᠋ᠠᠨ ᠠᠶ᠋ᠢᠮᠠᠭ ᠬᠣᠲᠠ ᠵᠢᠨ ᠳᠣᠲᠣᠭ᠋ᠠᠳᠤ ᠵᠢ  ᠬᠠᠮᠠᠭ᠋ᠠᠯᠠᠬᠤ ᠪᠠᠶ᠋ᠢᠭᠤᠯᠭ᠎ᠠ 《ᠭᠤᠤᠯ ᠮᠥᠷᠡᠨ ᠨᠠᠭᠤᠷ ᠴᠥᠭᠥᠷᠥᠮ᠎ᠤᠨ ᠳᠠᠷᠤᠭ᠎ᠠ》᠂ 《ᠣᠶ ᠵᠢᠨ ᠳᠠᠷᠤᠭ᠎ᠠ》  ᠵᠡᠷᠭᠡ ᠠᠵᠢᠯ᠎ᠢ ᠳᠠᠭ᠋ᠠᠵᠤ᠂  ᠠᠮᠢ ᠠᠬᠤᠶ ᠵᠢᠨ  ᠴᠠᠭᠳᠠᠭ᠋ᠠᠨ᠎ᠤ ᠳᠠᠷᠤᠭ᠎ᠠ ᠵᠢᠨ ᠲᠦᠷᠢᠮ᠎ᠢ ᠶᠡᠬᠡ᠎ᠪᠠᠷ ᠬᠡᠷᠡᠭᠵᠢᠭᠦᠯᠦᠨ᠂  ᠠᠮᠢ ᠠᠬᠤᠶ ᠵᠢᠨ ᠴᠠᠭᠳᠠᠭ᠋ᠠᠨ᠎ᠤ ᠶᠠᠪᠤᠳᠠᠯ᠎ᠤᠨ ᠲᠠᠰᠤᠭ᠎ᠤᠨ ᠪᠠᠶ᠋ᠢᠷᠢᠰᠢᠭᠤᠯᠤᠯᠲᠠ ᠵᠢ  ᠰᠢᠯᠢᠳᠡᠭᠵᠢᠭᠦᠯᠵᠦ᠂  ᠰᠡᠷᠭᠡᠶ᠋ᠢᠯᠡᠨ ᠡᠵᠡᠮᠳᠡᠬᠦ 《ᠡᠮᠦᠨ᠎ᠡ ᠵᠠᠬ᠎ᠠ ᠵᠢᠨ ᠬᠠᠷᠠᠭᠤᠯ᠎ᠤᠨ ᠭᠠᠵᠠᠷ》᠎ᠢ ᠬᠦᠴᠦᠯᠡᠨ ᠪᠠᠢ᠌ᠭᠤᠯᠪᠠ᠃  ᠣᠷᠳᠣᠰ ᠬᠣᠲᠠ ᠵᠢᠨ ᠳᠣᠲᠣᠭ᠋ᠠᠳᠤ ᠵᠢ  ᠬᠠᠮᠠᠭ᠋ᠠᠯᠠᠬᠤ ᠪᠠᠶ᠋ᠢᠭᠤᠯᠭ᠎ᠠ 《ᠤᠶᠤᠨᠲᠤ ᠬᠠᠲᠤᠨ ᠭᠤᠤᠯ》  ᠬᠠᠷᠠᠭ᠋ᠠᠨ ᠳᠠᠪᠲᠠᠮᠵᠢ᠎ᠪᠠᠷ ᠬᠢᠨᠠᠨ ᠡᠵᠡᠮᠳᠡᠬᠦ ᠲᠥᠬᠥᠭᠡᠷᠦᠮᠵᠢ ᠵᠢ ᠠᠰᠢᠭᠯᠠᠨ᠂  ᠡᠮᠦᠨ᠎ᠡ ᠬᠡᠰᠡᠭ᠎ᠤᠨ ᠰᠡᠷᠡᠯ᠎ᠤᠨ ᠮᠡᠳᠡᠭᠡ ᠵᠠᠩᠭᠢ ᠵᠢᠨ ᠲᠤᠤᠷ᠎ᠢ ᠨᠢᠭᠲᠠ ᠰᠦᠯᠵᠢᠪᠡ; ᠪᠠᠶᠠᠨᠨᠠᠭᠤᠷ ᠬᠣᠲᠠ ᠵᠢᠨ ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ 《ᠭᠤᠤᠯ᠎ᠤᠨ  ᠤᠰᠤᠯᠠᠯᠲᠠ ᠵᠢᠨ ᠠᠮᠢ ᠠᠬᠤᠶ ᠵᠢᠨ ᠵᠢᠷᠤᠮ᠎ᠤᠨ ᠴᠠᠭᠳᠠᠭ᠎ᠠ》᠎ᠪᠠᠷ ᠳᠠᠮᠵᠢᠭᠤᠯᠤᠨ ᠬᠠᠤᠯᠢ ᠪᠤᠰᠤ᠎ᠪᠠᠷ ᠠᠩᠨᠠᠵᠤ ᠱᠦᠭᠦᠬᠦ ᠰᠦᠪᠡᠭᠴᠢ ᠵᠢ ᠴᠤᠭᠯᠠᠭᠤᠯᠵᠤ᠂  ᠰᠦᠪᠡᠭᠴᠢ ᠵᠢᠨ  ᠢᠷᠡᠯᠲᠡ ᠵᠢ ᠥᠷᠭᠡᠳᠬᠡᠨ᠂  ᠴᠣᠬᠢᠯᠲᠠ ᠥᠭᠬᠦ ᠶᠠᠰᠤ ᠴᠢᠨᠠᠷ ᠦᠷ᠎ᠡ ᠪᠦᠲᠦᠮᠵᠢ ᠵᠢ ᠳᠡᠭᠡᠭᠰᠢᠯᠡᠭᠦᠯᠵᠦ᠂  ᠬᠠᠲᠤᠨ ᠭᠤᠤᠯ᠎ᠤᠨ ᠰᠠᠪᠠ ᠭᠠᠵᠠᠷ᠎ᠤᠨ  ᠠᠮᠢ  ᠠᠬᠤᠶ ᠵᠢᠨ  ᠬᠠᠮᠠᠭ᠋ᠠᠯᠠᠯᠲᠠ ᠵᠢᠨ  ᠠᠵᠢᠯ᠎ᠳᠤ ᠪᠠᠲᠤ ᠪᠠᠬᠢ ᠰᠠᠭᠤᠷᠢ ᠵᠢ ᠲᠠᠯᠪᠢᠵᠤ ᠥᠭᠴᠡᠶ᠃

      ᠣᠶ ᠰᠢᠭᠤᠶ ᠨᠤᠲᠤᠭ ᠪᠡᠯᠴᠢᠭᠡᠷ᠎ᠤᠨ ᠭᠠᠯ᠎ᠤᠨ ᠲᠦᠢ᠍ᠮᠡᠷ᠎ᠲᠤ ᠬᠣᠯᠪᠣᠭᠳᠠᠭᠰᠠᠨ ᠬᠠᠤᠯᠢ᠎ᠠᠴᠠ ᠵᠥᠷᠢᠴᠡᠭᠰᠡᠨ ᠶᠠᠯᠠᠲᠠᠨ᠎ᠳᠤ ᠬᠠᠤᠯᠢ ᠶᠣᠰᠣᠭ᠋ᠠᠷ ᠴᠣᠬᠢᠯᠲᠠ  ᠥᠭᠪᠡ

      2024 ᠣᠨ᠎ᠳᠤ᠂ ᠪᠥᠬᠥ ᠣᠷᠣᠨ᠎ᠤ ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ ᠭᠠᠯ ᠰᠡᠷᠭᠡᠶ᠋ᠢᠯᠡᠬᠦ ᠠᠶᠤᠯ ᠶᠡᠬᠡᠲᠡᠶ ᠭᠤᠤᠯᠳᠠᠯᠭ᠎ᠠ᠎ᠲᠠᠢ ᠴᠠᠭ ᠬᠤᠭᠤᠴᠠᠭ᠎ᠠ᠂  ᠭᠤᠤᠯᠳᠠᠯᠭ᠎ᠠ᠎ᠲᠠᠢ ᠭᠠᠵᠠᠷ ᠣᠷᠣᠨ᠂  ᠭᠤᠤᠯᠳᠠᠯᠭ᠎ᠠ᠎ᠲᠠᠢ ᠣᠷᠣᠨ ᠪᠠᠶ᠋ᠢᠷᠢ ᠵᠢ ᠴᠢᠩᠭ᠎ᠠ ᠠᠩᠬᠠᠷᠴᠤ᠂  ᠬᠠᠪᠤᠷ ᠨᠠᠮᠤᠷ᠎ᠤᠨ ᠬᠣᠶᠠᠷ ᠤᠯᠠᠷᠢᠯ᠎ᠤᠨ ᠠᠶᠤᠯ ᠲᠦᠭᠰᠢᠭᠦᠷᠢ  ᠶᠡᠬᠡᠲᠡᠶ ᠭᠠᠯ ᠰᠡᠷᠭᠡᠶ᠋ᠢᠯᠡᠬᠦ ᠬᠤᠭᠤᠴᠠᠭ᠎ᠠ᠂  ᠴᠢᠬᠤᠯᠠ ᠪᠠᠶᠠᠷ᠎ᠤᠨ ᠡᠳᠦᠷ᠂  ᠴᠢᠬᠤᠯᠠ ᠶᠡᠬᠡ ᠠᠵᠢᠯᠯᠠᠭ᠎ᠠ ᠵᠢᠨ ᠬᠤᠭᠤᠴᠠᠭ᠋ᠠᠨ᠎ᠳᠠᠬᠢ ᠣᠶ ᠰᠢᠭᠤᠶ ᠨᠤᠲᠤᠭ  ᠪᠡᠯᠴᠢᠭᠡᠷ᠎ᠤᠨ ᠭᠠᠯ ᠰᠡᠷᠭᠡᠶ᠋ᠢᠯᠡᠵᠦ ᠤᠨᠲᠠᠷᠠᠭ᠋ᠠᠬᠤ ᠠᠵᠢᠯ᠎ᠤᠨ ᠡᠭᠦᠷᠭᠡ ᠵᠢ ᠲᠡᠭᠦᠰ ᠠᠮᠵᠢᠯᠲᠠ᠎ᠲᠠᠢ ᠪᠡᠶᠡᠯᠡᠭᠦᠯᠪᠡ᠃  ᠪᠥᠬᠥ ᠵᠢᠯ᠎ᠳᠤ 1.8 ᠲᠦᠮᠡᠨ  ᠭᠤᠤᠯᠳᠠᠯᠭ᠎ᠠ᠎ᠲᠠᠢ ᠭᠠᠵᠠᠷ ᠣᠷᠣᠨ᠎ᠢ ᠴᠠᠭᠳᠠᠨ ᠪᠠᠶ᠋ᠢᠴᠠᠭ᠋ᠠᠵᠤ᠂  ᠭᠠᠯ᠎ᠤᠨ ᠲᠦᠢ᠍ᠮᠡᠷ᠎ᠤᠨ ᠳᠠᠯᠳᠠ ᠬᠡᠮ᠎ᠢ 6917 ᠪᠠᠶ᠋ᠢᠴᠠᠭ᠋ᠠᠵᠤ᠂  ᠣᠶ ᠰᠢᠭᠤᠶ ᠨᠤᠲᠤᠭ ᠪᠡᠯᠴᠢᠭᠡᠷ᠎ᠤᠨ ᠲᠦᠢ᠍ᠮᠡᠷ᠎ᠤᠨ ᠬᠡᠷᠡᠭ᠎ᠢ 1375 ᠪᠠᠶ᠋ᠢᠴᠠᠭ᠋ᠠᠨ ᠰᠢᠢ᠍ᠳᠪᠦᠷᠢᠯᠡᠵᠦ᠂  ᠬᠥᠮᠦᠨ᠎ᠠᠴᠠ ᠪᠣᠯᠵᠤ ᠡᠭᠦᠰᠦᠭᠰᠡᠨ ᠭᠠᠯ ᠲᠦᠢ᠍ᠮᠡᠷ᠎ᠤᠨ ᠬᠡᠷᠡᠭ᠎ᠤᠨ ᠲᠣᠭ᠎ᠠ  ᠲᠡᠦᠬᠡ ᠵᠢᠨ ᠬᠠᠮᠤᠭ᠎ᠤᠨ ᠳᠤᠤᠷ᠎ᠠ ᠬᠡᠮᠵᠢᠶᠡᠨ᠎ᠳᠤ ᠬᠦᠷᠴᠡᠶ᠃  ᠠᠮᠤᠷ᠎ᠢ ᠬᠠᠮᠠᠭ᠋ᠠᠯᠠᠬᠤ᠂  ᠡᠷᠡᠭᠦᠦ ᠵᠢᠨ ᠬᠡᠷᠡᠭ᠎ᠢ ᠪᠠᠶ᠋ᠢᠴᠠᠭ᠋ᠠᠨ ᠰᠢᠢ᠍ᠳᠪᠦᠷᠢᠯᠡᠵᠦ ᠬᠡᠷᠡᠭ ᠢᠯᠡᠷᠡᠭᠦᠯᠦᠭᠰᠡᠨ  ᠨᠤᠷᠮ᠎ᠠ ᠲᠤᠰ ᠲᠤᠰ 8% ᠪᠠ 10%᠎ᠪᠠᠷ ᠳᠡᠭᠡᠭᠰᠢᠯᠡᠪᠡ᠃

      ᠰᠠᠯᠠᠭ᠎ᠠ ᠮᠥᠴᠢᠷ᠎ᠤᠨ ᠬᠠᠮᠲᠤᠷᠠᠨ ᠬᠥᠳᠡᠯᠦᠯᠴᠡᠬᠦ ᠵᠢ ᠴᠢᠩᠭ᠋ᠠᠷᠠᠭᠤᠯᠪᠠ᠃  ᠪᠦᠬᠦ ᠣᠷᠣᠨ᠎ᠤ ᠡᠯ᠎ᠡ ᠱᠠᠲᠤᠨ᠎ᠤ ᠳᠣᠲᠣᠭ᠋ᠠᠳᠤ ᠵᠢ ᠬᠠᠮᠠᠭ᠋ᠠᠯᠠᠬᠤ ᠪᠠᠢ᠌ᠭᠤᠯᠭ᠎ᠠ ᠎ᠨᠤᠭᠤᠳ ᠪᠠᠴᠢᠮ ᠪᠠᠶ᠋ᠢᠳᠠᠯ᠎ᠢ ᠠᠷᠭ᠋ᠠᠴᠠᠬᠤ᠂  ᠣᠶ ᠰᠢᠭᠤᠶ ᠨᠤᠲᠤᠭ ᠪᠡᠯᠴᠢᠭᠡᠷ᠂  ᠴᠠᠭ ᠠᠭᠤᠷ᠂  ᠭᠠᠯ ᠤᠨᠲᠠᠷᠠᠭ᠋ᠠᠬᠤ ᠵᠡᠷᠭᠡ ᠰᠠᠯᠠᠭ᠎ᠠ ᠮᠥᠴᠢᠷ᠎ᠯᠦᠭᠡ ᠲᠣᠭᠲᠠᠮᠠᠯ  ᠬᠤᠭᠤᠴᠠᠭ᠎ᠠ᠎ᠲᠠᠢ᠎ᠪᠠᠷ ᠵᠥᠪᠳᠡᠯᠴᠡᠬᠦ᠂  ᠮᠡᠳᠡᠭᠡ ᠵᠠᠩᠭᠢ ᠵᠢ ᠬᠠᠮᠲᠤ᠎ᠳᠤ᠎ᠪᠠᠨ ᠬᠤᠪᠢᠶᠠᠯᠴᠠᠬᠤ᠂  ᠵᠠᠰᠠᠬᠤ ᠵᠠᠬᠢᠷᠭ᠋ᠠᠨ ᠡᠷᠡᠭᠦᠦ ᠰᠢᠢ᠍ᠳᠬᠡᠯ᠎ᠢ ᠵᠣᠯᠭ᠋ᠠᠭᠤᠯᠬᠤ ᠵᠡᠷᠭᠡ  ᠬᠠᠮᠲᠤᠷᠠᠨ ᠬᠠᠮᠵᠢᠯᠴᠠᠬᠤ ᠲᠣᠭᠲᠠᠴᠠ ᠵᠢ ᠪᠠᠶ᠋ᠢᠭᠤᠯᠤᠨ ᠪᠦᠷᠢᠨᠰᠢᠭᠦᠯᠵᠦ᠂  ᠭᠠᠯ᠎ᠤᠨ ᠠᠶᠤᠯ᠎ᠢ ᠰᠡᠷᠡᠮᠵᠢᠯᠡᠭᠦᠯᠬᠦ᠂  ᠪᠠᠴᠢᠮ ᠪᠠᠶ᠋ᠢᠳᠠᠯ᠎ᠢ ᠠᠷᠭ᠋ᠠᠴᠠᠬᠤ ᠪᠡᠯᠡᠳᠬᠡᠯ  ᠲᠥᠰᠦᠯ᠎ᠢ ᠲᠣᠭᠲᠠᠮᠠᠯ ᠬᠤᠭᠤᠴᠠᠭ᠎ᠠ᠎ᠲᠠᠢ᠎ᠪᠠᠷ ᠰᠤᠳᠤᠯᠤᠨ ᠮᠠᠭ᠋ᠠᠳᠯᠠᠵᠤ᠂  ᠪᠣᠳᠠᠲᠤ ᠳᠠᠶ᠋ᠢᠨ᠎ᠤ ᠰᠣᠷᠢᠯᠲᠠ ᠵᠢ ᠴᠢᠩᠭ᠋ᠠᠷᠠᠭᠤᠯᠤᠨ᠂  ᠣᠶ ᠰᠢᠭᠤᠶ ᠨᠤᠲᠤᠭ  ᠪᠡᠯᠴᠢᠭᠡᠷ᠎ᠤᠨ ᠭᠠᠯ᠎ᠤᠨ ᠠᠶᠤᠯ᠎ᠢ ᠶᠡᠷᠦᠩᠬᠡᠶ᠋ᠢᠯᠡᠨ ᠰᠡᠷᠭᠡᠶ᠋ᠢᠯᠡᠨ ᠡᠵᠡᠮᠳᠡᠬᠦ ᠬᠢᠷᠢ ᠬᠡᠮᠵᠢᠶ᠎ᠡ ᠵᠢ ᠪᠦᠬᠦ ᠲᠠᠯ᠎ᠠ᠎ᠪᠠᠷ ᠳᠡᠭᠡᠭᠰᠢᠯᠡᠭᠦᠯᠪᠡ᠃ 4 ᠵᠢᠯ ᠳᠠᠷᠠᠭ᠋ᠠᠯᠠᠨ ᠪᠦᠬᠦ  ᠣᠷᠣᠨ᠎ᠤ ᠬᠡᠪᠴᠢᠶᠡᠨ᠎ᠳᠤ 《ᠣᠶ ᠰᠢᠭᠤᠶ ᠨᠤᠲᠤᠭ ᠪᠡᠯᠴᠢᠭᠡᠷ᠎ᠤᠨ ᠭᠠᠯ᠎ᠤᠨ ᠠᠶᠤᠯ᠎ᠤᠨ ᠬᠦᠨᠳᠦ ᠶᠡᠬᠡ ᠳᠠᠯᠳᠠ ᠭᠡᠮ᠎ᠢ ᠬᠥᠳᠡᠯᠦᠩᠭᠦᠶ᠎ᠪᠠᠷ ᠦᠭᠡᠶ ᠪᠣᠯᠭ᠋ᠠᠬᠤ ᠪᠠ  ᠲᠣᠭᠲᠠᠭ᠋ᠠᠯ᠎ᠠᠴᠠ ᠵᠥᠷᠢᠴᠡᠨ ᠭᠠᠯ ᠬᠡᠷᠡᠭᠯᠡᠭᠰᠡᠨ ᠦᠢ᠍ᠯᠡ ᠠᠵᠢᠯᠯᠠᠭ᠎ᠠ ᠵᠢ ᠪᠠᠶ᠋ᠢᠴᠠᠭ᠋ᠠᠨ ᠰᠢᠢ᠍ᠳᠪᠦᠷᠢᠯᠡᠬᠦ ᠲᠤᠰᠬᠠᠶ ᠵᠦᠢ᠍ᠯ᠎ᠤᠨ ᠠᠵᠢᠯᠯᠠᠭ᠎ᠠ》 ᠵᠢ ᠥᠷᠨᠢᠭᠦᠯᠵᠦ᠂  ᠭᠠᠯ ᠭᠠᠷᠤᠭᠰᠠᠨ  ᠭᠠᠵᠠᠷ᠎ᠢ ᠰᠡᠷᠡᠮᠵᠢᠯᠡᠬᠦ᠂  ᠵᠠᠮ ᠬᠠᠷᠢᠯᠴᠠᠭ᠎ᠠ ᠵᠢ ᠨᠡᠪᠲᠡᠷᠡᠭᠦᠯᠬᠦ᠂  ᠠᠮᠤᠷ᠎ᠢ ᠬᠠᠮᠠᠭ᠋ᠠᠯᠠᠬᠤ᠂  ᠭᠠᠯ ᠲᠦᠢ᠍ᠮᠡᠷ᠎ᠤᠨ ᠬᠡᠷᠡᠭ᠎ᠢ ᠲᠠᠩᠨᠠᠨ ᠢᠯᠡᠷᠡᠭᠦᠯᠬᠦ ᠵᠢᠴᠢ ᠭᠠᠯ  ᠰᠡᠷᠭᠡᠶ᠋ᠢᠯᠡᠬᠦ ᠤᠬᠠᠭᠤᠯᠭ᠎ᠠ᠂  ᠭᠠᠯ᠎ᠤᠨ ᠠᠶᠤᠯ᠎ᠤᠨ ᠳᠠᠯᠳᠠ ᠭᠡᠮ᠎ᠢ ᠵᠢᠭᠰᠠᠭ᠋ᠠᠨ ᠪᠠᠶ᠋ᠢᠴᠠᠭ᠋ᠠᠬᠤ᠂  ᠭᠣᠣᠯᠳᠠᠯᠭ᠎ᠠ᠎ᠲᠠᠢ ᠣᠷᠣᠨ ᠪᠦᠰᠡ ᠵᠢ ᠲᠣᠭᠣᠷᠢᠨ ᠬᠠᠮᠠᠭ᠋ᠠᠯᠠᠬᠤ᠂  ᠲᠣᠭᠲᠠᠭ᠋ᠠᠯ᠎ᠠᠴᠠ ᠵᠥᠷᠢᠴᠡᠨ ᠭᠠᠯ ᠬᠡᠷᠡᠭᠯᠡᠭᠰᠡᠨ᠎ᠢ ᠲᠣᠷᠭ᠋ᠠᠬᠤ ᠵᠡᠷᠭᠡ ᠠᠵᠢᠯ᠎ᠢ ᠪᠦᠬᠦ ᠬᠦᠴᠦᠨ ᠵᠶ᠋ᠠᠷ ᠵᠶ᠋ᠠᠨ ᠰᠠᠶ᠋ᠢᠲᠤᠷ ᠬᠢᠵᠦ᠂  ᠣᠶ ᠰᠢᠭᠤᠶ ᠨᠤᠲᠤᠭ ᠪᠡᠯᠴᠢᠭᠡᠷ᠎ᠤᠨ  ᠭᠠᠯ᠎ᠳᠤ ᠬᠣᠯᠪᠣᠭᠳᠠᠭᠰᠠᠨ ᠬᠠᠤᠯᠢ᠎ᠠᠴᠠ ᠵᠥᠷᠢᠴᠡᠭᠰᠡᠨ ᠶᠠᠯᠠᠲᠤ ᠠᠵᠢᠯᠯᠠᠭ᠎ᠠ᠎ᠳᠤ ᠰᠠᠨᠠᠭ᠋ᠠᠴᠢᠯᠠᠭ᠎ᠠ᠎ᠠᠴᠠ᠎ᠪᠠᠨ ᠳᠠᠭ᠋ᠠᠷᠢᠯᠲᠠ ᠬᠢᠬᠦ ᠪᠠ ᠴᠢᠩᠭ᠎ᠠ ᠴᠣᠬᠢᠯᠲᠠ ᠥᠭᠴᠦ  ᠬᠦᠴᠦᠲᠡᠶ ᠳᠠᠷᠤᠯᠲᠠ ᠦᠵᠡᠭᠦᠯᠬᠦ ᠪᠠᠶ᠋ᠢᠳᠠᠯ᠎ᠢ ᠪᠠᠷᠢᠮᠲᠠᠯᠠᠪᠠ᠃

      ᠳᠣᠲᠣᠭ᠋ᠠᠳᠤ ᠵᠢᠨ ᠬᠠᠮᠵᠢᠯᠴᠠᠭ᠎ᠠ᠎ᠪᠠᠨ ᠴᠢᠩᠭ᠋ᠠᠳᠬᠠᠪᠠ᠃  ᠥᠪᠡᠷᠲᠡᠭᠡᠨ ᠵᠠᠰᠠᠬᠤ ᠣᠷᠣᠨ᠎ᠤ ᠳᠣᠲᠣᠭ᠋ᠠᠳᠤ ᠵᠢ ᠬᠠᠮᠠᠭ᠋ᠠᠯᠠᠬᠤ ᠲᠢᠩᠬᠢᠮ 《ᠣᠶ ᠰᠢᠭᠤᠶ ᠨᠤᠲᠤᠭ ᠪᠡᠯᠴᠢᠭᠡᠷ᠎ᠤᠨ  ᠭᠠᠯ ᠰᠡᠷᠭᠡᠶ᠋ᠢᠯᠡᠵᠦ ᠤᠨᠲᠠᠷᠠᠭ᠋ᠠᠬᠤ ᠠᠵᠢᠯ᠎ᠤᠨ ᠵᠣᠬᠢᠴᠠᠭᠤᠯᠬᠤ ᠲᠣᠭᠲᠠᠴᠠ》 ᠵᠢ ᠳᠠᠷᠤᠮᠠᠯᠯᠠᠨ ᠲᠠᠷᠬᠠᠭ᠋ᠠᠵᠤ᠂  ᠠᠮᠢ ᠠᠬᠤᠢ ᠣᠷᠴᠢᠨ ᠲᠣᠭᠣᠷᠢᠨ  ᠢᠳᠡᠭᠡᠨ ᠪᠠ ᠡᠮ᠎ᠤᠨ ᠵᠦᠢ᠍ᠯ᠎ᠤᠨ ᠶᠠᠯᠠᠲᠤ ᠠᠵᠢᠯᠯᠠᠭ᠎ᠠ ᠵᠢ ᠲᠤᠷᠰᠢᠨ ᠪᠠᠶ᠋ᠢᠴᠠᠭ᠋ᠠᠬᠤ ᠰᠠᠯᠠᠭ᠎ᠠ ᠮᠥᠴᠢᠷ ᠵᠶ᠋ᠠᠷ ᠲᠦᠷᠦᠭᠦᠯᠡᠭᠦᠯᠦᠨ᠂  ᠬᠠᠮᠢᠶ᠎ᠠ ᠪᠥᠬᠥᠶ ᠴᠠᠭᠳᠠᠭ᠋ᠠᠨ᠎ᠤ ᠲᠥᠷᠥᠯ᠎ᠤᠨ᠎ᠬᠢᠨ  ᠴᠡᠷᠢᠭ  ᠬᠤᠪᠢᠶᠠᠨ  ᠪᠣᠭᠣᠮᠲᠠ ᠰᠠᠬᠢᠬᠤ ᠬᠠᠮᠵᠢᠯᠴᠠᠨ ᠪᠠᠶ᠋ᠢᠯᠳᠤᠬᠤ ᠰᠢᠰᠲ᠋ᠧᠮᠵᠢ ᠵᠢ ᠪᠠᠢ᠌ᠭᠤᠯᠵᠠᠢ᠃  ᠡᠯ᠎ᠡ ᠠᠶ᠋ᠢᠮᠠᠭ ᠬᠣᠲᠠ᠂  ᠣᠶ ᠰᠢᠭᠤᠶ ᠵᠢᠨ  ᠳᠣᠲᠣᠭ᠋ᠠᠳᠤ ᠵᠢ ᠬᠠᠮᠠᠭ᠋ᠠᠯᠠᠬᠤ ᠪᠠᠢ᠌ᠭᠤᠯᠭ᠎ᠠ᠎ᠨᠤᠭᠤᠳ ᠳᠡᠭᠡᠷ᠎ᠡ᠎ᠠᠴᠠ ᠳᠣᠷᠣᠭᠰᠢ᠎ᠪᠠᠨ ᠲᠤᠰᠬᠠᠶ ᠬᠥᠮᠦᠨ ᠵᠶ᠋ᠠᠷ ᠬᠠᠷᠢᠭᠤᠴᠠᠭᠤᠯᠬᠤ᠂  ᠲᠥᠪᠯᠡᠷᠡᠭᠦᠯᠦᠨ  ᠲᠣᠬᠢᠷᠠᠭᠤᠯᠬᠤ ᠠᠵᠢᠯ᠎ᠤᠨ ᠵᠠᠭᠪᠤᠷ᠎ᠢ ᠠᠪᠴᠤ᠂  ᠬᠠᠷᠠᠯᠲᠠ ᠵᠢᠨ ᠡᠭᠦᠷᠭᠡ᠎ᠪᠠᠨ ᠲᠣᠳᠣᠷᠬᠠᠶ᠋ᠢᠯᠠᠵᠤ᠂  ᠠᠵᠢᠯ᠎ᠤᠨ ᠭᠣᠣᠯᠳᠠᠯᠭ᠎ᠠ᠎ᠪᠠᠨ ᠲᠣᠪᠣᠶ᠋ᠢᠯᠭ᠋ᠠᠨ᠂  ᠳᠡᠭᠡᠷ᠎ᠡ  ᠳᠣᠣᠷ᠎ᠠ ᠱᠠᠲᠤ ᠬᠠᠮᠲᠤᠷᠠᠨ ᠬᠥᠳᠡᠯᠦᠯᠴᠡᠵᠦ᠂  ᠨᠢᠭᠡ ᠴᠣᠭᠴᠠ᠎ᠪᠠᠷ ᠲᠦᠯᠬᠢᠨ ᠠᠬᠢᠭᠤᠯᠪᠠ᠃

      ᠠᠵᠢᠯᠯᠠᠭ᠋ᠠᠨ᠎ᠤ ᠲᠣᠭᠲᠠᠴᠠ ᠵᠢ ᠲᠡᠭᠦᠯᠳᠡᠷᠵᠢᠭᠦᠯᠪᠡ᠃  ᠤᠯᠤᠰ᠎ᠤᠨ ᠥᠮᠴᠢᠯᠡᠯᠲᠦ ᠣᠶ ᠰᠢᠭᠤᠶ ᠵᠢᠨ ᠲᠠᠯᠠᠪᠠᠶ᠂  ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠣᠷᠣᠨ᠂  ᠣᠶ ᠰᠢᠭᠤᠶ ᠵᠢᠨ ᠴᠡᠴᠡᠷᠯᠢᠭ᠎ᠲᠤ ᠣᠶ ᠰᠢᠭᠤᠶ ᠵᠢᠨ ᠳᠣᠲᠣᠭ᠋ᠠᠳᠤ ᠵᠢ ᠬᠠᠮᠠᠭ᠋ᠠᠯᠠᠬᠤ ᠲᠣᠮᠢᠯᠠᠭᠰᠠᠨ ᠰᠠᠯᠪᠤᠷᠢ ᠵᠢ ᠦᠯᠡᠳᠡᠭᠡᠵᠦ᠂  ᠪᠤᠰᠤᠳ ᠰᠤᠮᠤ᠂  ᠰᠢᠶᠠᠩ  ᠪᠠᠯᠭ᠋ᠠᠰᠤ᠎ᠳᠤ 《ᠣᠷᠣᠨ ᠨᠤᠲᠤᠭ᠎ᠤᠨ ᠭᠠᠵᠠᠷ》  ᠬᠢᠭᠡᠳ 《ᠣᠶ ᠰᠢᠭᠤᠶ ᠵᠢᠨ ᠭᠠᠵᠠᠷ》  ᠭᠡᠬᠦ ᠬᠣᠶᠠᠷ ᠭᠠᠵᠠᠷ᠎ᠢ ᠨᠢᠭᠡᠳᠬᠡᠬᠦ ᠵᠢ ᠬᠡᠷᠡᠭᠵᠢᠭᠦᠯᠵᠦ᠂  ᠬᠢᠯᠢ ᠬᠢᠵᠠᠭ᠋ᠠᠷ  ᠣᠷᠣᠨ᠎ᠳᠤ ᠣᠶ ᠰᠢᠭᠤᠶ ᠪᠠ ᠬᠢᠯᠢ ᠵᠢᠨ ᠬᠠᠮᠠᠭ᠋ᠠᠯᠠᠯᠲᠠ ᠵᠢᠨ ᠲᠣᠮᠢᠯᠠᠭᠰᠠᠨ ᠰᠠᠯᠪᠤᠷᠢ᠎ᠪᠠᠷ ᠲᠦᠰᠢᠭ ᠪᠣᠯᠭ᠋ᠠᠨ ᠣᠶ ᠰᠢᠭᠤᠶ ᠨᠤᠲᠤᠭ ᠪᠡᠯᠴᠢᠭᠡᠷ᠎ᠤᠨ ᠡᠬᠢ ᠪᠠᠶᠠᠯᠢᠭ᠎ᠢ  ᠬᠠᠮᠠᠭ᠋ᠠᠯᠠᠵᠤ ᠬᠠᠮᠵᠢᠯᠴᠠᠬᠤ ᠲᠣᠭᠲᠠᠴᠠ ᠵᠢ ᠪᠠᠢ᠌ᠭᠤᠯᠵᠠᠢ᠃  ᠥᠪᠡᠷᠲᠡᠭᠡᠨ ᠵᠠᠰᠠᠬᠤ ᠣᠷᠣᠨ᠎ᠤ ᠳᠣᠲᠣᠭ᠋ᠠᠳᠤ ᠵᠢ ᠬᠠᠮᠠᠭ᠋ᠠᠯᠠᠬᠤ ᠲᠢᠩᠬᠢᠮ ᠣᠷᠳᠣᠰ ᠬᠣᠲᠠ᠎ᠳᠤ ᠠᠮᠢ  ᠠᠬᠤᠢ ᠣᠷᠴᠢᠨ ᠲᠣᠭᠣᠷᠢᠨ ᠢᠳᠡᠭᠡᠨ ᠪᠠ ᠡᠮ᠎ᠤᠨ ᠵᠦᠢ᠍ᠯ᠎ᠤᠨ ᠶᠠᠯᠠᠲᠤ ᠠᠵᠢᠯᠯᠠᠭ᠎ᠠ ᠵᠢ ᠣᠶᠤᠨᠴᠢ ᠲᠤᠷᠰᠢᠨ ᠪᠠᠶ᠋ᠢᠴᠠᠭ᠋ᠠᠬᠤ ᠲᠥᠪ ᠪᠠ ᠠᠮᠢ ᠠᠬᠤᠶ ᠵᠢᠨ  ᠴᠠᠭᠳᠠᠭ᠋ᠠᠨ᠎ᠤ ᠶᠠᠪᠤᠳᠠᠯ᠎ᠤᠨ ᠬᠠᠮᠲᠤᠷᠠᠨ ᠬᠥᠳᠡᠯᠦᠯᠴᠡᠬᠦ ᠲᠥᠪ᠎ᠢ ᠲᠤᠷᠰᠢᠨ ᠪᠠᠢ᠌ᠭᠤᠯᠪᠠ᠃  ᠣᠳᠣᠬᠠᠨ᠎ᠳᠤ ᠪᠥᠬᠥ ᠣᠷᠣᠨ᠎ᠳᠤ ᠨᠢᠭᠡᠨᠲᠡ 8 ᠠᠶ᠋ᠢᠮᠠᠭ ᠬᠣᠲᠠ ᠠᠮᠢ  ᠠᠬᠤᠶ ᠵᠢᠨ ᠴᠠᠭᠳᠠᠭ᠋ᠠᠨ᠎ᠤ ᠳᠠᠷᠤᠭ᠎ᠠ ᠵᠢᠨ ᠲᠦᠷᠢᠮ᠎ᠢ ᠪᠠᠶ᠋ᠢᠭᠤᠯᠵᠤ᠂ 38 ᠬᠣᠰᠢᠭᠤ ᠰᠢᠶᠠᠨ ᠪᠣᠳᠠᠲᠤ ᠴᠣᠭᠴᠠ ᠵᠢᠨ ᠠᠵᠢᠯᠯᠠᠭ᠋ᠠᠨ᠎ᠤ ᠠᠮᠢ ᠠᠬᠤᠶ ᠵᠢᠨ  ᠴᠠᠭᠳᠠᠭ᠋ᠠᠨ᠎ᠤ ᠶᠠᠪᠤᠳᠠᠯ᠎ᠤᠨ ᠲᠠᠰᠤᠭ᠎ᠢ 111 ᠠᠵᠢᠯᠯᠠᠭᠤᠯᠵᠤ᠂  ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ ᠵᠢᠨ ᠣᠶ ᠰᠢᠭᠤᠶ ᠨᠤᠲᠤᠭ ᠪᠡᠯᠴᠢᠭᠡᠷ᠎ᠤᠨ ᠭᠠᠯ᠎ᠤᠨ  ᠲᠦᠢ᠍ᠮᠡᠷ᠎ᠢ ᠰᠡᠷᠭᠡᠶ᠋ᠢᠯᠡᠬᠦ ᠠᠵᠢᠯ᠎ᠤᠨ ᠬᠠᠮᠤᠭ ᠥᠷᠭᠡᠨ ᠬᠡᠪᠴᠢᠶ᠎ᠡ᠎ᠪᠠᠷ ᠬᠠᠮᠤᠷᠬᠤ ᠵᠢ ᠪᠡᠶᠡᠯᠡᠭᠦᠯᠵᠦ᠂  ᠣᠶ ᠰᠢᠭᠤᠶ ᠨᠤᠲᠤᠭ ᠪᠡᠯᠴᠢᠭᠡᠷ᠎ᠤᠨ ᠭᠠᠯ᠎ᠤᠨ ᠲᠦᠢ᠍ᠮᠡᠷ᠎ᠤᠨ ᠬᠡᠷᠡᠭ᠎ᠢ ᠲᠠᠩᠨᠠᠨ ᠢᠯᠡᠷᠡᠭᠦᠯᠬᠦ ᠴᠢᠳᠠᠪᠤᠷᠢ ᠵᠢ ᠤᠯᠠᠮ ᠨᠢᠭᠡ ᠠᠯᠬᠤᠮ ᠳᠡᠭᠡᠭᠰᠢᠯᠡᠭᠦᠯᠪᠡ᠃

ᠢᠷᠡᠯᠲᠡ᠄ᠦᠪᠦᠷ ᠮᠤᠩᠭᠤᠯ᠎ᠤᠨ ᠲᠤᠳᠤᠭ᠋ᠠᠳᠦ ᠵᠢ ᠬᠠᠮᠠᠭ᠋ᠠᠯᠠᠬᠤ ᠲᠢᠩᠬᠢᠮ
          
ᠬᠠᠮᠢᠶ᠎ᠡ ᠪᠦᠬᠦᠢ ᠰᠣᠨᠢᠨ
 
            