ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠲᠡᠷᠢᠭᠦᠨ ᠬᠠᠭᠤᠳᠠᠰᠤ   -   ᠲᠡᠷᠢᠭᠦᠨ ᠵᠣᠷᠪᠣᠰ
《ᠰᠢ ᠵᠢᠨ ᠫᠢᠩ᠎ᠦᠨ ᠡᠮᠡᠭ᠌ᠲᠡᠢᠴᠦᠳ ᠬᠡᠦᠬᠡᠳ ᠪᠠ ᠡᠮᠡᠭ᠌ᠲᠡᠢᠴᠦᠳ᠎ᠦᠨ ᠬᠣᠯᠪᠣᠭ᠎ᠠ᠎ᠶ᠋ᠢᠨ ᠠᠵᠢᠯ᠎ᠤᠨ ᠲᠤᠬᠠᠢ ᠴᠢᠬᠤᠯᠠ ᠥᠭᠦᠯᠡᠯᠲᠡ᠎ᠶ᠋ᠢ ᠭᠦᠨᠵᠡᠭᠡᠢ ᠰᠤᠷᠤᠯᠴᠠᠨ ᠲᠤᠭᠤᠱᠢᠯᠠᠭᠤᠯᠤᠶ᠎ᠠ》 《ᠰᠢ ᠵᠢᠨ ᠫᠢᠩ᠎ᠦᠨ ᠭᠡᠷ ᠪᠦᠯᠢ ᠭᠡᠷ᠎ᠤᠨ ᠰᠤᠷᠭᠠᠯ ᠭᠡᠷ᠎ᠦᠨ ᠰᠤᠷᠲᠠᠯ᠎ᠤᠨ ᠪᠠᠢᠭᠤᠯᠤᠯᠲᠠ᠎ᠶ᠋ᠢ ᠴᠢᠬᠤᠯᠠᠴᠢᠯᠠᠬᠤ ᠲᠤᠬᠠᠢ ᠴᠢᠬᠤᠯᠠ ᠥᠭᠦᠯᠡᠯᠲᠡ᠎ᠶ᠋ᠢ ᠭᠦᠨᠵᠡᠭᠡᠢ ᠰᠤᠷᠤᠯᠴᠠᠨ ᠲᠤᠭᠤᠱᠢᠯᠠᠭᠤᠯᠤᠶ᠎ᠠ》 ᠭᠡᠬᠦ᠌ ᠨᠣᠮ᠎ᠢ ᠬᠡᠪᠯᠡᠭᠦᠯᠦᠨ ᠲᠠᠷᠬᠠᠭᠠᠪᠠ
ᠨᠡᠶ᠋ᠢᠲᠡᠯᠡᠭᠰᠡᠨ ᠴᠠᠭ᠄ 2025-10-13

ᠪᠥᠬᠥ᠌ ᠤᠯᠤᠰ᠎ᠤᠨ ᠡᠮᠡᠭ᠌ᠲᠡᠢᠴᠦᠳ᠎ᠦᠨ ᠬᠣᠯᠪᠣᠭ᠎ᠠ᠎ᠡᠴᠡ ᠵᠣᠬᠢᠶᠠᠨ ᠪᠠᠢᠭᠤᠯᠵᠤ ᠨᠠᠢᠷᠠᠭᠤᠯᠤᠭ᠍ᠰᠠᠨ 《ᠰᠢ ᠵᠢᠨ ᠫᠢᠩ᠎ᠦᠨ ᠡᠮᠡᠭ᠌ᠲᠡᠢᠴᠦᠳ ᠬᠡᠦᠬᠡᠳ ᠪᠠ ᠡᠮᠡᠭ᠌ᠲᠡᠢᠴᠦᠳ᠎ᠦᠨ ᠬᠣᠯᠪᠣᠭ᠎ᠠ᠎ᠶ᠋ᠢᠨ ᠠᠵᠢᠯ᠎ᠤᠨ ᠲᠤᠬᠠᠶ ᠴᠢᠬᠤᠯᠠ ᠥᠭᠦᠯᠡᠯᠲᠡ᠎ᠶ᠋ᠢ ᠭᠦᠨᠵᠡᠭᠡᠶ ᠰᠤᠷᠤᠯᠴᠠᠨ ᠲᠤᠭᠤᠱᠢᠯᠠᠭᠤᠯᠤᠶ᠎ᠠ》᠂ 《ᠰᠢ ᠵᠢᠨ ᠫᠢᠩ᠎ᠦᠨ ᠬᠡᠷ ᠪᠦᠯᠢ ᠭᠡᠷ᠎ᠤᠨ ᠰᠤᠷᠭᠠᠯ ᠬᠡᠷ᠎ᠦᠨ ᠰᠤᠷᠲᠠᠯ᠎ᠤᠨ ᠪᠠᠢᠭᠤᠯᠤᠯᠲᠠ᠎ᠶ᠋ᠢ ᠴᠢᠬᠤᠯᠠᠴᠢᠯᠠᠬᠤ ᠲᠤᠬᠠᠶ ᠴᠢᠬᠤᠯᠠ ᠥᠭᠦᠯᠡᠯᠲᠡ᠎ᠶ᠋ᠢ ᠭᠦᠨᠵᠡᠭᠡᠶ ᠰᠤᠷᠤᠯᠴᠠᠨ ᠲᠤᠭᠤᠱᠢᠯᠠᠭᠤᠯᠤᠶ᠎ᠠ》 ᠭᠡᠬᠦ᠌ ᠬᠣᠶᠠᠷ ᠨᠣᠮ᠎ᠢ ᠣᠢᠷ᠎ᠠ᠎ᠳᠤ ᠠᠷᠠᠳ᠎ᠤᠨ ᠬᠡᠪᠯᠡᠯ᠎ᠦᠨ ᠬᠣᠷᠢᠶ᠎ᠠ᠎ᠡᠴᠡ ᠬᠡᠪᠯᠡᠭᠦᠯᠵᠦ᠍᠂ ᠪᠥᠬᠥ᠌ ᠤᠯᠤᠰ᠎ᠲᠤ ᠲᠠᠷᠬᠠᠭᠠᠪᠠ᠃

ᠨᠠᠮ᠎ᠤᠨ ᠠᠷᠪᠠᠨ ᠨᠠᠶ᠋ᠮᠠᠳᠤᠭᠠᠷ ᠶᠡᠬᠡ ᠬᠤᠷᠠᠯ᠎ᠡᠴᠡ ᠨᠠᠭᠠᠰᠢ᠂ ᠶᠡᠷᠦᠩᠬᠡᠢ ᠱᠦᠵᠢ ᠰᠢ ᠵᠢᠨ ᠫᠢᠩ ᠡᠮᠡᠭ᠌ᠲᠡᠢᠴᠦᠳ ᠬᠡᠦᠬᠡᠳ ᠪᠠ ᠡᠮᠡᠭ᠌ᠲᠡᠢᠴᠦᠳ᠎ᠦᠨ ᠬᠣᠯᠪᠣᠭ᠎ᠠ᠎ᠶ᠋ᠢᠨ ᠠᠵᠢᠯ᠎ᠢ ᠳᠡᠭᠡᠳᠦ ᠬᠡᠮᠵᠢᠶ᠎ᠡ᠎ᠪᠡᠷ ᠴᠢᠬᠤᠯᠠᠴᠢᠯᠠᠨ ᠦᠵᠡᠵᠦ᠂ ᠭᠡᠷ ᠪᠦᠯᠢ ᠭᠡᠷ᠎ᠦᠨ ᠰᠤᠷᠭᠠᠯ ᠭᠡᠷ᠎ᠦᠨ ᠰᠤᠷᠲᠠᠯ᠎ᠤᠨ ᠪᠠᠢᠭᠤᠯᠤᠯᠲᠠ᠎ᠶ᠋ᠢ ᠴᠢᠬᠤᠯᠠᠴᠢᠯᠠᠵᠤ᠂ ᠨᠠᠮ ᠪᠣᠯᠤᠨ ᠤᠯᠤᠰ᠎ᠤᠨ ᠠᠵᠢᠯ ᠦᠢᠯᠡᠰ᠎ᠦᠨ ᠬᠥᠭ᠌ᠵᠢᠯᠲᠡ᠎ᠶ᠋ᠢᠨ ᠪᠦᠬᠦ᠌ ᠲᠠᠯ᠎ᠠ᠎ᠡᠴᠡ ᠡᠭᠦᠰᠴᠦ᠍ ᠠᠯᠢ ᠤᠯᠠᠨ ᠴᠢᠬᠤᠯᠠ ᠥᠭᠦᠯᠡᠯᠲᠡ ᠬᠢᠵᠦ᠂ ᠮᠠᠨ᠎ᠤ ᠨᠠᠮ᠎ᠤᠨ ᠡᠮᠡᠭ᠌ᠲᠡᠢᠴᠦᠳ ᠬᠡᠦᠬᠡᠳ ᠪᠠ ᠭᠡᠷ ᠪᠦᠯᠢ᠎ᠶ᠋ᠢᠨ ᠠᠵᠢᠯ᠎ᠤᠨ ᠵᠢᠮ᠎ᠡ ᠶᠣᠰᠣᠴᠢ ᠴᠢᠨᠠᠷ᠎ᠤᠨ ᠲᠤᠬᠠᠢ ᠲᠠᠨᠢᠯᠲᠠ᠎ᠶ᠋ᠢ ᠱᠢᠨ᠎ᠡ ᠦᠨᠳᠦᠷᠴᠡ᠎ᠳᠦ ᠬᠦᠷᠲᠡᠯ᠎ᠡ ᠳᠡᠭᠡᠭ᠌ᠰᠢᠯᠡᠭᠦᠯᠵᠦ᠂ ᠨᠠᠮ᠎ᠡᠴᠡ ᠡᠮᠡᠭ᠌ᠲᠡᠢᠴᠦᠳ ᠬᠡᠦᠬᠡᠳ᠎ᠦᠨ ᠦᠶ᠋ᠯᠡᠰ᠎ᠦᠨ ᠬᠥᠭ᠌ᠵᠢᠯᠲᠡ᠎ᠶ᠋ᠢ ᠤᠳᠤᠷᠢᠳᠤᠨ᠂ ᠭᠡᠷ ᠪᠦᠯᠢ ᠭᠡᠷ᠎ᠤᠨ ᠰᠤᠷᠭᠠᠯ ᠭᠡᠷ᠎ᠦᠨ ᠰᠤᠷᠲᠠᠯ᠎ᠤᠨ ᠪᠠᠢᠭᠤᠯᠤᠯᠲᠠ᠎ᠶ᠋ᠢ ᠴᠢᠩᠭᠠᠳᠭᠠᠬᠤ ᠦᠨᠳᠦᠰᠦᠨ ᠵᠣᠷᠢᠯᠲᠠ᠎ᠶᠢ ᠲᠦᠪᠯᠡᠷᠡᠭᠦᠯᠦᠨ ᠲᠤᠰᠬᠠᠵᠤ᠂ ᠰᠢ ᠵᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠪᠦᠬᠦᠢ ᠨᠡᠢᠭᠡᠮ ᠵᠢᠷᠤᠮ᠎ᠤᠨ ᠦᠵᠡᠯ ᠰᠠᠨᠠᠭᠠᠨ᠎ᠤ ᠴᠢᠬᠤᠯᠠ ᠪᠦᠷᠢᠯᠳᠦᠬᠦᠨ ᠬᠡᠰᠡᠭ ᠮᠦᠨ ᠪᠠᠢᠵᠤ᠂ ᠱᠢᠨ᠎ᠡ ᠴᠠᠭ ᠦᠶ᠎ᠡ᠎ᠶ᠋ᠢᠨ ᠡᠮᠡᠭ᠌ᠲᠡᠢᠴᠦᠳ ᠬᠡᠦᠬᠡᠳ ᠪᠠ ᠭᠡᠷ ᠪᠦᠯᠢ᠎ᠶ᠋ᠢᠨ ᠠᠵᠢᠯ᠎ᠳᠤ ᠱᠢᠨᠵᠢᠯᠡᠬᠦ᠌ ᠤᠬᠠᠭᠠᠨᠴᠢ ᠵᠦᠭᠯᠡᠭᠦᠷ ᠪᠠ ᠦᠨᠳᠦᠰᠦᠨ ᠵᠢᠷᠤᠮᠯᠠᠯ ᠬᠠᠩᠭᠠᠪᠠ᠃ 《ᠰᠢ ᠵᠢᠨ ᠫᠢᠩ᠎ᠦᠨ ᠡᠮᠡᠭ᠌ᠲᠡᠢᠴᠦᠳ ᠬᠡᠦᠬᠡᠳ ᠪᠠ ᠡᠮᠡᠭ᠌ᠲᠡᠢᠴᠦᠳ᠎ᠦᠨ ᠬᠣᠯᠪᠣᠭ᠎ᠠ᠎ᠵᠢᠨ ᠠᠵᠢᠯ᠎ᠤᠨ ᠲᠤᠬᠠᠶ ᠴᠢᠬᠤᠯᠠ ᠥᠭᠦᠯᠡᠯᠲᠡ᠎ᠶ᠋ᠢ ᠭᠦᠨᠵᠡᠭᠡᠶ ᠰᠤᠷᠤᠯᠴᠠᠨ ᠲᠤᠭᠤᠱᠢᠯᠠᠭᠤᠯᠤᠶ᠎ᠠ》᠂ 《ᠰᠢ ᠵᠢᠨ ᠫᠢᠩ᠎ᠦᠨ ᠬᠡᠷ ᠪᠦᠯᠢ ᠭᠡᠷ᠎ᠤᠨ ᠰᠤᠷᠭᠠᠯ ᠬᠡᠷ᠎ᠦᠨ ᠰᠤᠷᠲᠠᠯ᠎ᠤᠨ ᠪᠠᠢᠭᠤᠯᠤᠯᠲᠠ᠎ᠶ᠋ᠢ ᠴᠢᠬᠤᠯᠠᠴᠢᠯᠠᠬᠤ ᠲᠤᠬᠠᠶ ᠴᠢᠬᠤᠯᠠ ᠥᠭᠦᠯᠡᠯᠲᠡ᠎ᠶ᠋ᠢ ᠭᠦᠨᠵᠡᠭᠡᠶ ᠰᠤᠷᠤᠯᠴᠠᠨ ᠲᠤᠭᠤᠱᠢᠯᠠᠭᠤᠯᠤᠶ᠎ᠠ》 ᠭᠡᠬᠦ᠌ ᠬᠣᠶᠠᠷ ᠨᠤᠮ᠎ᠳᠤ᠂ ᠲᠣᠰ ᠲᠣᠰ ᠶᠡᠷᠦᠩᠬᠡᠶ ᠱᠦᠵᠢ ᠰᠢ ᠵᠢᠨ ᠫᠢᠩ᠎ᠦᠨ ᠡᠮᠡᠭ᠌ᠲᠡᠢᠴᠦᠳ ᠬᠡᠦᠬᠡᠳ ᠪᠠ ᠬᠡᠷ ᠪᠦᠯᠢ᠎ᠶ᠋ᠢᠨ ᠠᠵᠢᠯ᠎ᠤᠨ ᠲᠤᠬᠠᠶ ᠴᠢᠬᠤᠯᠠ ᠥᠭᠦᠯᠡᠯᠲᠡ᠎ᠶ᠋ᠢᠨ ᠭᠤᠤᠯ ᠴᠢᠬᠤᠯᠠ ᠠᠭᠤᠯᠭ᠎ᠠ᠂ ᠤᠶᠦᠠ ᠰᠠᠨᠠᠭᠠᠨ᠎ᠤ ᠮᠥᠨ ᠴᠢᠨᠠᠷ᠂ ᠪᠠᠶᠠᠯᠢᠭ ᠠᠭᠤᠯᠤᠭ᠍ᠳᠠᠬᠤᠨ᠂ ᠦᠢᠯᠡᠳᠦᠯᠭᠡ᠎ᠶ᠋ᠢᠨ ᠱᠠᠭᠠᠷᠳᠠᠯᠭ᠎ᠠ᠎ᠶᠢ ᠱᠢᠰᠲ᠋ᠧᠮ᠎ᠲᠡᠶ ᠲᠣᠳᠣᠷᠬᠠᠢᠯᠠᠨ ᠥᠭᠦᠯᠡᠵᠦ᠂ ᠶᠡᠷᠦᠩᠬᠡᠢ ᠱᠦᠵᠢ ᠰᠢ ᠵᠢᠨ ᠫᠢᠩ᠎ᠦᠨ ᠡᠮᠡᠭ᠌ᠲᠡᠢᠴᠦᠳ ᠬᠡᠦᠬᠡᠳ ᠪᠠ ᠭᠡᠷ ᠪᠦᠯᠢ᠎ᠶ᠋ᠢᠨ ᠠᠵᠢᠯ᠎ᠤᠨ ᠲᠤᠬᠠᠢ ᠴᠢᠬᠤᠯᠠ ᠥᠭᠦᠯᠡᠯᠲᠡ᠎ᠶ᠋ᠢ ᠭᠦᠨᠵᠡᠭᠡᠢ ᠰᠤᠷᠤᠯᠴᠠᠨ ᠲᠤᠭᠤᠱᠢᠯᠠᠭᠤᠯᠬᠤ ᠡᠷᠬᠡ ᠰᠦᠷᠲᠦ ᠬᠠᠪᠰᠤᠷᠤᠮᠵᠢ ᠤᠩᠱᠢᠬᠤ ᠪᠢᠴᠢᠭ ᠪᠠᠢᠵᠤ᠂ ᠱᠢᠨ᠎ᠡ ᠴᠠᠭ ᠦᠶ᠎ᠡ᠎ᠶ᠋ᠢᠨ ᠡᠮᠡᠭ᠌ᠲᠡᠢᠴᠦᠳ ᠬᠡᠦᠬᠡᠳ ᠪᠠ ᠬᠡᠷ ᠪᠦᠯᠢ᠎ᠶ᠋ᠢᠨ ᠠᠵᠢᠯ᠎ᠤᠨ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠬᠤ᠎ᠳᠤ ᠠᠱᠢᠭ᠍ᠲᠠᠶ ᠶᠤᠮ᠃

ᠱᠢᠨᠬᠤᠸᠠ ᠬᠤᠷᠢᠶ᠎ᠠ᠎ᠵᠢᠨ ᠪᠡᠭᠡᠵᠢᠩ᠎ᠦᠨ 10 ᠰᠠᠷ᠎ᠠ᠎ᠶ᠋ᠢᠨ 11 ᠎ᠤ᠋ ᠴᠠᠬᠢᠯᠭᠠᠨ ᠮᠡᠳᠡᠭᠡ

ᠢᠷᠡᠯᠲᠡ᠄ ᠦᠪᠦᠷ ᠮᠤᠩᠭᠤᠯ᠎ᠤᠨ ᠡᠳᠦᠷ᠎ᠤᠨ ᠰᠤᠨᠢᠨ
          
ᠬᠠᠮᠢᠶ᠎ᠡ ᠪᠦᠬᠦᠢ ᠰᠣᠨᠢᠨ
 
            